ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ᠎ᠬᠢᠨ ᠠᠷᠪᠠᠨ ᠲᠠᠪᠤᠳᠤᠭ᠋ᠠᠷ ᠬᠤᠷᠠᠯ ᠬᠤᠷᠠᠯᠳᠤᠭᠤᠯᠤᠯ᠎ᠠ
ᠨᠡᠶᠢᠲᠡᠯᠡᠭᠰᠡᠨ ᠴᠠᠭ᠄ 2025-02-14

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠲᠠᠪᠤᠳᠤᠭ᠋ᠠᠷ ᠬᠤᠷᠠᠯ 2 ᠳ᠋ᠤᠭ᠋ᠠᠷ ᠰᠠᠷ᠎ᠠ ᠵᠢᠨ 13᠎ᠤ ᠡᠳᠦᠷ ᠬᠥᠬᠡᠬᠣᠲᠠ᠎ᠳᠤ ᠬᠤᠷᠠᠯᠳᠤᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠣᠲᠣ 70 ᠪᠦᠷᠢᠯᠳᠦᠭᠦᠨ᠎ᠲᠠᠢ᠂ ᠲᠣᠰ ᠬᠤᠷᠠᠯ᠎ᠳᠤ 51 ᠬᠥᠮᠥᠨ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠨ᠎ᠡ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠳᠡᠳ᠋ ᠡᠷᠬᠢᠯᠡᠭᠴᠢ ᠵᠠᠩ ᠱᠣᠸ᠋ ᠴᠦᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠰᠦᠨ ᠱᠣᠸ᠋ ᠴᠧᠩ᠎ᠤᠨ ᠨᠠᠶ᠋ᠢᠳᠠᠯᠭ᠎ᠠ᠎ᠪᠠᠷ ᠬᠤᠷᠠᠯ᠎ᠢ ᠡᠷᠭᠢᠯᠡᠵᠦ᠂ ᠳᠡᠳ᠋ ᠡᠷᠬᠢᠯᠡᠭᠴᠢ ᠳ᠋ᠤᠸᠠᠨ ᡁᠢ ᠴᠢᠶᠠᠩ᠂ ᠵᠧᠩ ᠬᠣᠩ ᠹᠠᠨ᠂ ᠠᠢ ᠯᠢ ᠬᠤᠸᠨ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠤᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠵᠧᠩ ᠬᠤᠡᠭ ᠳᠤᠤ᠂ ᠰᠦᠨ ᠵᠢᠶᠦ᠋ᠨ ᠴᠢᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠪᠠ᠃
    ᠬᠤᠷᠠᠯ᠎ᠤᠨ ᠵᠥᠪᠯᠡᠬᠦ ᠵᠦᠢ᠍ᠯ᠎ᠢ ᠪᠠᠲᠤᠯᠠᠭᠰᠠᠨ᠎ᠤ ᠳᠠᠷᠠᠭ᠎ᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠵᠧᠩ ᠵᠢᠨ ᠴᠦᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠳᠦᠷᠢᠮ (ᠲᠥᠰᠥᠯ᠎ᠳᠤ ᠵᠠᠰᠠᠪᠤᠷᠢ ᠣᠷᠣᠭᠤᠯᠤᠭᠰᠠᠨ ᠨᠣᠣᠷᠠᠭ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ ᠵᠢ ᠰᠣᠨᠣᠰᠴᠤ ᠲᠣᠰ ᠳᠦᠷᠢᠮ᠎ᠢ ᠪᠠᠲᠤᠯᠠᠪᠠ᠃
   ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠡᠷᠬᠢᠯᠡᠭᠴᠢ ᠭᠡᠰᠢᠭᠦᠨ ᠰᠦᠢ ᠸᠧᠢ ᠵᠢᠶᠦ᠋ᠨ᠎ᠤ ᠬᠢᠭᠰᠡᠨ 《〈ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠣᠭᠲᠠᠭ᠋ᠠᠯ〉 ᠵᠡᠷᠭᠡ 2 ᠲᠣᠭᠲᠠᠭ᠋ᠠᠯ (ᠵᠠᠰᠠᠪᠤᠷᠢ ᠣᠷᠣᠭᠤᠯᠤᠭᠰᠠᠨ ᠲᠥᠰᠥᠯ)》᠎ᠤᠨ ᠲᠤᠬᠠᠢ ᠲᠣᠳᠣᠷᠬᠠᠢ᠌ᠯᠠᠯᠲᠠ ᠵᠢ ᠰᠤᠨᠤᠰᠤᠬᠰᠠᠨ ᠪᠦᠬᠡᠳ ᠪᠠᠲᠤᠯᠠᠵᠠᠢ᠃
   ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠲᠤᠰᠢᠶᠠᠯ᠎ᠳᠤ ᠳᠡᠪᠰᠢᠭᠦᠯᠬᠦ᠎ᠪᠠᠷ ᠳᠡᠪᠰᠢᠭᠦᠯᠦᠭᠰᠡᠨ ᠬᠥᠮᠥᠰ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢ ᠬᠢᠨᠠᠨ ᠵᠥᠪᠯᠡᠵᠦ  ᠠᠵᠢᠯᠲᠠᠨ᠎ᠤ ᠶᠠᠪᠤᠳᠠᠯ᠎ᠤᠨ ᠲᠣᠮᠢᠯᠠᠵᠤ ᠪᠠᠭᠤᠯᠭ᠋ᠠᠬᠤ ᠵᠦᠢ᠍ᠯᠡᠰ᠎ᠢ ᠪᠠᠲᠤᠯᠠᠪᠠ᠃
    ᠬᠤᠷᠠᠯ ᠲᠡᠬᠡᠷ᠎ᠡ᠄ 《ᠬᠣᠯᠪᠣᠭᠳᠠᠯ ᠪᠦᠬᠦᠢ ᠲᠠᠯ᠎ᠠ ᠵᠢᠨ᠎ᠬᠢᠨ ᠬᠤᠷᠠᠯ᠎ᠠᠴᠠ ᠪᠠᠲᠤᠯᠠᠭᠰᠠᠨ ᠳᠦᠷᠢᠮ ᠪᠣᠯᠣᠨ ᠲᠣᠭᠲᠠᠭ᠋ᠠᠯ᠎ᠢ ᠰᠤᠷᠤᠯᠴᠠᠨ ᠤᠬᠠᠭᠤᠯᠬᠤ ᠪᠠ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠰᠠᠢ᠌ᠲᠤᠷ ᠠᠳᠬᠤᠵᠤ ᠬᠠᠤᠯᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠠᠵᠢᠯ᠎ᠢ ᠥᠷᠨᠢᠭᠦᠯᠬᠦ ᠬᠡᠷᠡᠭᠲᠡᠢ》 ᠭᠡᠵᠤ ᠱᠠᠭ᠋ᠠᠷᠳᠠᠯ᠎ᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃

 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠪᠠᠢ᠌ᠭ᠎ᠠ ᠨᠠᠮ᠎ᠤᠨ ᠡᠭᠦᠷ᠎ᠤᠨ ᠵᠶ᠋ᠡᠨ 2024 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠳᠤ ᠣᠷᠣᠯᠴᠠᠪᠠ
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠪᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠲᠡᠬᠡᠷ᠎ᠡ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠪᠠᠢ᠌ᠷᠢᠯᠠᠭᠤᠯᠤᠨ ᠥᠷᠨᠢᠭᠦᠯᠪᠡ
 
            