6 ᠳ᠋ᠤᠭ᠋ᠠᠷ ᠰᠠᠷ᠎ᠠ ᠵᠢᠨ 3᠎ᠤ ᠡᠳᠦᠷ᠂ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠣᠪᠴᠢᠶᠠᠨ᠎ᠤ ᠳᠠᠷᠤᠭ᠎ᠠ ᠯᠢᠦ ᠯᠢ ᠫᠢᠩ ᠨᠠᠷ ᠬᠦᠨᠳᠡᠯᠡᠨ ᠲᠣᠭᠣᠷᠢᠭ᠂ ᠴᠢᠩᠱ᠌ᠠᠨ ᠲᠣᠭᠣᠷᠢᠭ᠎ᠲᠤ ᠬᠦᠷᠴᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠤ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃

ᠬᠥᠨᠳᠡᠯᠡᠨ ᠲᠣᠭᠣᠷᠢᠭ᠎ᠤᠨ ᠤᠯᠠᠭ᠋ᠠᠨ ᠨᠡᠶ᠋ᠢᠭᠡᠮ ᠲᠣᠭᠣᠷᠢᠭ᠎ᠤᠨ ᠨᠠᠰᠤᠲᠠᠳ ᠬᠡᠤᠬᠡᠳ᠎ᠤᠨ ᠬᠦᠷᠢᠶᠡᠯᠡᠩ᠂ ᠪᠤᠷᠬᠠᠨᠲᠤ ᠵᠢᠨ ᠨᠠᠰᠤᠲᠠᠢ᠌ᠴᠤᠳ᠎ᠤᠨ ᠠᠮᠢ ᠠᠬᠤᠶ ᠵᠢᠨ ᠰᠤᠪᠢᠯᠠᠯᠲᠠ ᠵᠢᠨ ᠬᠦᠷᠢᠶᠡᠯᠡᠩ᠎ᠳᠤ ᠯᠢᠦ ᠯᠢ ᠫᠢᠩ ᠨᠡᠷ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠪᠠ᠃

ᠳᠠᠷᠠᠭ᠎ᠠ᠎ᠨᠢ᠂ 12349 ᠠᠷᠠᠳ᠎ᠲᠤ ᠲᠦᠬᠦᠮ ᠦᠵᠡᠭᠦᠯᠬᠦ ᠨᠠᠰᠤᠲᠠᠶ᠋ᠢᠴᠤᠳ᠎ᠤᠨ ᠳᠠᠭᠤᠳᠠᠯᠲᠠ ᠵᠢᠨ ᠦᠢ᠍ᠯᠡᠴᠢᠯᠡᠭᠡᠨ᠎ᠤ ᠲᠥᠪ᠎ᠲᠤ ᠲᠣᠭᠣᠷᠢᠨ ᠦᠵᠡᠵᠦ᠂ ᠡᠯᠧᠺᠲᠷᠣᠨ ᠠᠰᠠᠷᠠᠭᠴᠢ᠂ ᠤᠶᠤᠨᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠤ ᠴᠢᠳᠠᠮᠵᠢ ᠵᠢᠨ ᠲᠠᠨᠢᠯᠴᠠᠭᠤᠯᠭ᠎ᠠ ᠵᠢ ᠰᠣᠨᠣᠰᠴᠤ᠂ ᠪᠠᠴᠢᠮ ᠠᠪᠤᠷᠠᠯᠲᠠ ᠬᠢᠭᠰᠡᠨ ᠪᠠᠶ᠋ᠢᠳᠠᠯ᠎ᠢ ᠣᠶ᠋ᠢᠯᠠᠭ᠋ᠠᠪᠠ᠃

ᠲᠡᠳᠡ ᠵᠠᠯᠭ᠋ᠠᠭ᠋ᠠᠳ ᠴᠢᠩᠱ᠌ᠠᠨ ᠲᠣᠭᠣᠷᠢᠭ᠎ᠤᠨ ᠶᠠᠩ ᠭᠤᠸᠠᠩ ᠨᠡᠶ᠋ᠢᠭᠡᠮ ᠲᠣᠭᠣᠷᠢᠭ᠂ ᠳᠤᠯᠠᠭ᠋ᠠᠨ ᠨᠡᠢ᠌ᠬᠡᠮ ᠲᠣᠭᠣᠷᠢᠭ᠎ᠤᠨ 〈〈ᠨᠠᠰᠤᠲᠠᠳ ᠬᠡᠤᠬᠡᠳ᠎ᠤᠨ ᠴᠡᠩᠬᠡᠯ᠎ᠤᠨ ᠬᠦᠷᠢᠶᠡᠯᠡᠩ〉〉 ᠂ ᠨᠠᠰᠤᠲᠠᠳ᠎ᠤᠨ ᠪᠠᠢ᠌ᠷᠢ ᠪᠣᠯᠤᠨ ᠴᠢᠩ ᠶᠤᠸᠠᠨ ᠨᠡᠶ᠋ᠢᠭᠡᠮ ᠲᠣᠭᠣᠷᠢᠭ᠎ᠲᠤ ᠪᠠᠢ᠌ᠴᠠᠭ᠋ᠠᠨ ᠰᠤᠳᠤᠯᠤᠯᠲᠠ ᠬᠢᠪᠡ᠃

ᠯᠢᠦ ᠯᠢ ᠫᠢᠩ ᠴᠢᠬᠤᠯᠠᠴᠢᠯᠠᠭᠰᠠᠨ᠎ᠨᠢ᠂ 〈〈ᠨᠠᠰᠤᠲᠠᠳ ᠬᠡᠤᠬᠡᠳ᠎ᠤᠨ ᠴᠡᠩᠭᠡᠯ᠎ᠤᠨ ᠬᠦᠷᠢᠶᠡᠯᠡᠩ〉〉 ᠨᠢ ᠠᠷᠠᠳ᠎ᠲᠤ ᠦᠢ᠍ᠯᠡᠴᠢᠯᠡᠬᠦ ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡᠨ ᠤ ᠰᠢᠨ᠎ᠡ ᠵᠠᠭᠪᠤᠷ ᠪᠣᠯᠤᠭᠰᠠᠨ᠎ᠤ ᠬᠤᠪᠢ᠎ᠳᠤ ᠯᠤᠲᠤ ᠶᠡᠬᠡ ᠬᠡᠷᠡᠭᠴᠡᠭᠡ᠎ᠲᠠᠢ ᠪᠠ ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠢᠷᠡᠭᠡᠳᠦᠶ᠎ᠲᠠᠢ ᠶᠤᠮ᠃ ᠠᠯᠢ ᠣᠯᠠᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠨᠡᠶ᠋ᠢᠭᠡᠮ᠎ᠤᠨ ᠬᠦᠴᠦᠨ᠎ᠢ ᠨᠡᠩ ᠢᠯᠡᠭᠦᠤ ᠲᠡᠳᠡᠨ ᠣᠷᠣᠭᠤᠯᠵᠤ ᠵᠣᠷᠢᠭᠵᠢᠭᠤᠯᠳ᠂ ᠡᠨᠡ ᠦᠢ᠍ᠯᠡᠰ᠎ᠲᠤ ᠪᠡᠯᠡ ᠣᠷᠣᠭᠤᠯᠬᠤ ᠬᠡᠷᠡᠭᠲᠠᠢ᠃ ᠨᠠᠰᠤᠵᠢᠯ᠎ᠤᠨ ᠪᠠᠶ᠋ᠢᠭᠤᠯᠤᠮᠵᠢ᠎ᠨᠤᠭᠤᠳ ᠲᠡᠷᠢᠭᠦᠨ᠎ᠤ ᠭᠠᠵᠠᠷ ᠣᠷᠣᠨ᠎ᠤ ᠨᠡᠶ᠋ᠢᠲᠡᠯᠢᠭ ᠲᠤᠷᠰᠢᠯᠭ᠎ᠠ ᠵᠢ ᠰᠤᠷᠤᠯᠴᠠᠵᠤ᠂ ᠰᠠᠭᠤᠷᠢ ᠲᠥᠬᠥᠭᠡᠷᠦᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠤᠨ᠂ ᠠᠷᠠᠳ ᠲᠦᠮᠡᠨ᠎ᠳᠤ ᠦᠢ᠍ᠯᠡᠴᠢᠯᠡᠬᠦ ᠠᠵᠢᠯ ᠵᠶ᠋ᠠᠨ ᠳᠠᠬᠢᠨ ᠨᠢᠭᠡ ᠰᠢᠨ᠎ᠡ ᠳᠡᠭᠲᠡᠷ᠎ᠲᠤ ᠭᠠᠷᠭ᠋ᠠᠬᠤ᠎ᠪᠠᠷ ᠴᠢᠷᠮᠠᠢ᠌ᠬᠤ ᠬᠡᠷᠡᠭᠲᠠᠢ ᠭᠡᠵᠠᠢ᠃