ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠥᠯᠥᠨ ᠪᠤᠢ᠍ᠢ᠍ᠷ ᠬᠤᠳᠠ ᠠᠩᠬᠠᠳᠤᠭ᠋ᠠᠷ ᠬᠤᠭᠤᠴᠠᠭ᠋ᠠᠨ᠎ᠤ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠨᠡᠶ᠋ᠢᠲᠡ ᠵᠢᠨ ᠠᠰᠠᠷᠠᠮᠵᠢ ᠵᠢᠨ ᠲᠦᠷᠦᠯ ᠵᠦᠢ᠍ᠯ᠎ᠤᠨ ᠰᠢᠨᠡᠴᠢᠯᠡᠯᠲᠡ ᠵᠢᠨ ᠤᠷᠤᠯᠳᠤᠭ᠋ᠠᠨ ᠬᠢᠪᠡ
ᠨᠡᠶᠢᠲᠡᠯᠡᠭᠰᠡᠨ ᠴᠠᠭ᠄ 2020-06-29

   2020 ᠣᠨ᠎ᠤ 6 ᠳ᠋ᠤᠭ᠋ᠠᠷ ᠰᠠᠷ᠎ᠠ ᠵᠢᠨ 3᠎ᠤ ᠡᠳᠦᠷ᠎ᠠᠴᠠ 4᠎ᠤ ᠡᠳᠦᠷ ᠪᠣᠯᠲᠠᠯ᠎ᠠ ᠬᠥᠯᠥᠨ ᠪᠣᠶ᠋ᠢᠷ ᠬᠣᠲᠠ ᠵᠢᠨ ᠣᠶᠤᠨ᠎ᠤ ᠪᠣᠯᠪᠠᠰᠤᠨ᠎ᠤ ᠠᠵᠢᠯ᠎ᠤᠨ ᠠᠯᠪᠠᠨ ᠬᠡᠷ᠂ ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠮᠲᠤᠷᠠᠨ ᠪᠥᠬᠥ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠤᠯᠭᠡ — ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠤᠨ ᠰᠢᠨᠡᠴᠢᠯᠡᠯᠲᠡ ᠵᠢᠨ ᠤᠷᠤᠯᠳᠤᠭ᠋ᠠᠨ᠎ᠢ ᠡᠷᠭᠢᠯᠡᠪᠡ᠃ ᠲᠤᠰ ᠤᠳᠠᠭ᠋ᠠᠨ᠎ᠤ ᠰᠢᠨᠡᠴᠢᠯᠡᠯᠲᠡ ᠵᠢᠨ ᠤᠷᠤᠯᠳᠤᠭ᠋ᠠᠨ᠎ᠤ ᠭᠣᠣᠯ ᠰᠡᠳᠦᠪ᠎ᠨᠢ 《ᠨᠦᠬᠦᠷᠯᠡᠯ ᠪᠦᠯᠬᠦᠮᠳᠡᠯ᠎ᠲᠠᠢ ᠡᠶ᠎ᠡ ᠵᠣᠬᠢᠴᠠᠯᠳᠤ ᠲᠠᠯ᠎ᠠ ᠨᠤᠲᠤᠭ》 ᠪᠣᠯᠤᠨ᠎ᠠ᠂ ᠨᠡᠶ᠋ᠢᠲᠡ 39 ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ   ᠤᠷᠤᠯᠳᠤᠭ᠋ᠠᠨ᠎ᠳᠤ ᠣᠷᠣᠯᠴᠠᠵᠤ᠂ ᠲᠥᠷᠥᠯ ᠵᠦᠢ᠍ᠯ ᠎ᠳᠤ᠎ᠨᠢ ᠨᠢᠭᠦᠯᠡᠰᠦᠩᠭᠦᠶ᠂ ᠨᠠᠰᠤᠵᠢᠯ᠎ᠤᠨ ᠠᠰᠠᠷᠠᠮᠵᠢ᠂ ᠨᠢᠯᠬᠠᠰ᠎ᠢ ᠲᠡᠳᠬᠦᠬᠦ᠂ ᠵᠡᠮᠳᠡᠭᠴᠦᠳ᠎ᠢ ᠲᠤᠰᠠᠯᠠᠬᠤ᠂ ᠶᠠᠳᠠᠭᠤ ᠵᠢ ᠲᠡᠳᠬᠦᠬᠦ᠂ ᠣᠷᠴᠢᠨ ᠠᠬᠤᠶ ᠵᠢᠨ ᠬᠠᠮᠠᠭ᠋ᠠᠯᠠᠯᠲᠠ  ᠂ ᠰᠤᠷᠭ᠋ᠠᠨ ᠬᠥᠮᠦᠵᠢᠯ᠂ ᠰᠣᠶᠣᠯ᠂ ᠬᠠᠤᠯᠢ ᠴᠠᠭ᠋ᠠᠵᠠ ᠵᠡᠷᠭᠡ ᠣᠯᠠᠨ ᠬᠦᠷᠢᠶ᠎ᠡ ᠬᠡᠪᠴᠢᠶ᠎ᠡ ᠵᠢ ᠬᠠᠮᠤᠷᠴᠠᠶ᠃

        ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠴᠧᠨ ᠯᠢ ᠶᠠᠨ᠂ ᠬᠥᠯᠥᠨ ᠪᠣᠶ᠋ᠢᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ ᠬᠤᠤ ᠬᠦᠶ ᠵᠢᠤᠸᠠᠨ᠂ ᠬᠥᠯᠥᠨ ᠪᠣᠶ᠋ᠢᠷ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠳ᠋ᠦ᠋ ᠪᠠᠢ ᠵᠢᠶᠦ᠋ᠨ ᠵᠡᠷᠭᠡ ᠬᠣᠲᠠ ᠵᠢᠨ ᠤᠳᠤᠷᠢᠳᠤᠯᠭ᠎ᠠ ᠱᠠᠩᠨᠠᠯ ᠣᠯᠭᠣᠬᠤ ᠶᠣᠰᠣᠯᠠᠯ᠎ᠳᠤ ᠤᠷᠤᠯᠴᠠᠪᠠ᠃


   

    ᠱᠠᠩᠨᠠᠯ ᠣᠯᠭᠣᠬᠤ ᠶᠣᠰᠣᠯᠠᠯ ᠳᠡᠭᠡᠷ᠎ᠡ᠂ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠠᠷᠤᠭ᠎ᠠ ᠹᠠᠨ ᠶᠤᠸᠠᠢ ᠶᠠᠷᠢᠶ᠎ᠠ ᠲᠠᠯᠪᠢᠵᠠᠢ᠃  


    ᠬᠣᠶᠠᠷ ᠡᠳᠦᠷ᠎ᠤᠨ ᠲᠡᠮᠡᠴᠡᠭᠡᠨ ᠵᠶ᠋ᠠᠷ ᠨᠢᠭᠡᠳᠦᠭᠡᠷ ᠳᠡᠰ᠎ᠤᠨ ᠱᠠᠩᠨᠠᠯ 1 ᠨᠡᠷ᠎ᠡ᠂ ᠬᠣᠶᠠᠳᠤᠭ᠋ᠠᠷ ᠳᠡᠰ᠎ᠤᠨ ᠱᠠᠩᠨᠠᠯ 2 ᠨᠡᠷ᠎ᠡ᠂ ᠭᠤᠷᠪᠠᠳᠤᠭ᠋ᠠᠷ ᠳᠡᠰ᠎ᠤᠨ ᠱᠠᠩᠨᠠᠯ 3 ᠨᠡᠷ᠎ᠡ᠂ ᠰᠢᠯᠢᠳᠡᠭ ᠱᠠᠩᠨᠠᠯ 4 ᠨᠡᠷ᠎ᠡ᠂ ᠣᠨᠴᠠᠭ᠋ᠠᠶ ᠵᠣᠷᠢᠭᠵᠢᠭᠤᠯᠤᠯ᠎ᠤᠨ ᠱᠠᠩᠨᠠᠯ 6 ᠬᠦᠮᠤᠨ᠎ᠢ ᠰᠢᠯᠭ᠋ᠠᠷᠠᠭᠤᠯᠤᠨ ᠭᠠᠷᠭ᠋ᠠᠵᠤ᠂ ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ ᠱᠠᠩᠨᠠᠯ ᠣᠯᠤᠭᠰᠠᠳ᠎ᠲᠤ ᠱᠠᠩᠨᠠᠯ᠎ᠤᠨ ᠮᠧᠳᠠᠯ ᠪᠠ ᠦᠨᠡᠮᠯᠡᠯ ᠣᠯᠭᠣᠵᠠᠶ᠃
 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢᠦ ᠯᠢ ᠫᠢᠩ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠎ᠤ ᠠᠵᠢᠯ᠎ᠢ ᠪᠠᠶ᠋ᠢᠴᠠᠭ᠋ᠠᠨ ᠰᠤᠳᠤᠯᠪᠠ
ᠪᠤᠭᠤᠲᠤ ᠬᠣᠲᠠ ᠵᠢᠨ ᠰᠢᠭᠤᠶ᠋ᠢᠲᠤ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠬᠡᠷ᠎ᠤᠨ ᠰᠤᠷᠲᠠᠯ᠎ᠢ ᠤᠯᠠᠮᠵᠢᠯᠠᠨ ᠬᠡᠤᠬᠡᠳ᠎ᠢ ᠬᠠᠯᠠᠮᠵᠢᠯᠠᠨ ᠬᠠᠶ᠋ᠢᠷᠠᠯᠠᠬᠤ》 ᠨᠡᠶ᠋ᠢᠭᠡᠮ᠎ᠤᠨ ᠠᠵᠢᠯᠲᠠᠨ᠎ᠤ ᠰᠢᠷᠢᠰ ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠣᠷᠳᠣᠰ᠎ᠤᠨ 《ᠪᠢᠴᠢᠬᠠᠨ ᠨᠡᠶ᠋ᠢᠭᠡᠮ᠎ᠤᠨ ᠠᠵᠢᠯᠲᠠᠳ 》 《ᠶᠡᠬᠡ ᠴᠢᠳᠠᠪᠤᠷᠢ》 ᠎ᠲᠠᠢ
ᠬᠢᠩᠭ᠋ᠠᠨ ᠠᠶ᠋ᠢᠮᠠᠭ᠎ᠤᠨ ᠷᠠᠰᠢᠶᠠᠨ ᠬᠣᠲᠠ ᠵᠢᠨ ᠢᠷᠱ᠌ᠢ ᠵᠡᠭᠡᠯᠢ ᠭᠤᠲᠤᠮᠵᠢ ᠵᠢᠨ᠎ᠬᠢᠨ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠣᠷᠳᠣᠰ ᠬᠣᠲᠠ ᠵᠢᠨ 2020 ᠣᠨ᠎ᠤ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠤᠬᠠᠭᠤᠯᠭ᠎ᠠ ᠵᠢᠨ ᠭᠠᠷᠠᠭ ᠣᠨᠴᠠ ᠠᠮᠵᠢᠯᠲᠠ᠎ᠲᠠᠢ ᠶᠠᠪᠤᠭᠳᠠᠪᠠ
 
            