
ᠬᠢᠩᠭ᠋ᠠᠨ ᠠᠢ᠌ᠮᠠᠭ᠎ᠤᠨ ᠷᠠᠰᠢᠶᠠᠨ ᠬᠣᠲᠠ ᠵᠢᠨ ᠢᠷᠱ᠌ᠢ ᠵᠡᠭᠡᠯᠢ ᠵᠢᠨ ᠨᠦᠮᠤᠷᠭᠡᠨ ᠨᠡᠶ᠋ᠢᠭᠡᠮ ᠲᠣᠭᠣᠷᠢᠭ ᠪᠣᠯᠤᠨ ᠷᠠᠰᠢᠶᠠᠨ ᠬᠣᠲᠠ ᠵᠢᠨ ᠬᠣᠶᠠᠳᠤᠭ᠋ᠠᠷ ᠪᠠᠭ᠎ᠠ ᠰᠤᠷᠭ᠋ᠠᠭᠤᠯᠢ ᠬᠠᠮᠲᠤᠷᠠᠨ 《ᠮᠠᠨ᠎ᠤ ᠬᠡᠷ᠎ᠤᠨ ᠵᠣᠯ ᠵᠢᠷᠭ᠋ᠠᠯ᠎ᠤᠨ᠎ᠳᠤ ᠨᠢᠭᠤᠴᠠ —— ᠬᠡᠷ᠎ᠤᠨ ᠰᠤᠷᠲᠠᠯ᠎ᠤᠨ ᠳᠤᠬᠠᠢ ᠵᠣᠭᠣᠭ》 ᠭᠡᠬᠦ ᠭᠡᠷ᠎ᠤᠨ ᠠᠬᠠᠮᠠᠳ ᠪᠣᠯᠤᠨ ᠦᠷ᠎ᠡ ᠬᠡᠤᠬᠡᠳ᠎ᠤᠨ ᠵᠢᠷᠤᠭ ᠵᠢᠷᠤᠬᠤ ᠠᠵᠢᠯᠯᠠᠭ᠎ᠠ ᠵᠢ ᠰᠦᠯᠵᠢᠶᠡᠨ ᠳᠡᠭᠡᠷ᠎ᠡ ᠥᠷᠨᠢᠭᠦᠯᠪᠡ᠃
ᠢᠷᠱ᠌ᠢ ᠵᠡᠭᠡᠯᠢ ᠭᠤᠳᠤᠮᠵᠢ ᠵᠢᠨ ᠨᠦᠮᠣᠷᠭᠡᠨ ᠨᠡᠢ᠌ᠬᠡᠮ ᠲᠣᠭᠣᠷᠢᠭ ᠪᠣᠯᠤᠨ ᠬᠠᠷᠢᠶ᠎ᠠ ᠪᠠᠢ᠌ᠭᠤᠯᠭ᠎ᠠ ᠨᠢᠭᠡᠴᠢ ᠵᠢᠨ ᠨᠠᠮ᠎ᠤᠨ ᠭᠡᠰᠢᠭᠦᠨ ᠵᠢᠴᠢ ᠨᠡᠶ᠋ᠢᠭᠡᠮ᠎ᠤᠨ ᠠᠵᠢᠯᠲᠠᠳ ᠬᠠᠷᠢᠶᠠᠨ᠎ᠤ᠎ᠪᠠᠨ ᠬᠦᠴᠢᠷᠳᠡᠯᠲᠡᠶ ᠬᠡᠤᠬᠡᠳ᠎ᠢ ᠪᠣᠯᠭᠣᠭ᠋ᠠᠨ ᠦᠵᠡᠵᠦ ᠲᠣᠬᠣᠨᠢᠭᠤᠯᠬᠤ ᠠᠵᠢᠯᠯᠠᠭ᠎ᠠ ᠥᠷᠨᠢᠭᠦᠯᠵᠤ᠂ ᠲᠡᠳᠡᠨ᠎ᠢ ᠬᠠᠯᠠᠮᠵᠢᠯᠠᠨ ᠪᠢᠴᠢᠭ᠎ᠤᠨ ᠪᠣᠭᠴᠣ᠂ ᠪᠢᠴᠢᠭ᠎ᠤᠨ ᠬᠡᠷᠡᠭᠰᠡᠯ ᠵᠡᠷᠭᠡ ᠰᠤᠷᠤᠯᠭ᠎ᠠ ᠵᠢᠨ ᠬᠡᠷᠡᠭᠰᠡᠯ ᠬᠦᠷᠭᠡᠭᠰᠡᠨ ᠪᠦᠭᠡᠳ ᠪᠠᠰᠠ ᠲᠡᠳᠡᠨᠦᠰ᠎ᠲᠠᠢ ᠳᠣᠲᠣᠨᠣᠰᠣᠭ ᠵᠶ᠋ᠠᠷ ᠶᠠᠷᠢᠯᠴᠠᠵᠤ ᠭᠡᠷ ᠪᠦᠯᠢ ᠵᠢᠨ ᠠᠵᠤ ᠠᠬᠤᠶ᠂ ᠠᠮᠢᠳᠤᠷᠠᠯ ᠪᠣᠯᠤᠨ ᠰᠤᠷᠤᠯᠭ᠎ᠠ ᠵᠢᠨ ᠪᠠᠢ᠌ᠳᠠᠯ᠎ᠢ ᠣᠶ᠋ᠢᠯᠭ᠋ᠠᠵᠤ᠂ ᠲᠡᠳᠡᠨ᠎ᠢ ᠰᠠᠶ᠋ᠢᠨ ᠰᠤᠷᠤᠯᠴᠠᠵᠤ ᠡᠷᠡᠭᠦᠯ ᠴᠢᠭᠢᠷᠠᠭ ᠪᠠᠶᠠᠷ ᠬᠥᠷ᠎ᠲᠠᠢ ᠦᠰᠦᠨ ᠪᠣᠢ᠌ᠵᠢᠬᠤ ᠵᠢ ᠵᠣᠷᠢᠭᠵᠢᠭᠤᠯᠵᠠᠶ᠃