ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠣᠷᠳᠣᠰ ᠬᠣᠲᠠ ᠵᠢᠨ 2020 ᠣᠨ᠎ᠤ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠤᠬᠠᠭᠤᠯᠭ᠎ᠠ ᠵᠢᠨ ᠭᠠᠷᠠᠭ ᠣᠨᠴᠠ ᠠᠮᠵᠢᠯᠲᠠ᠎ᠲᠠᠢ ᠶᠠᠪᠤᠭᠳᠠᠪᠠ
ᠨᠡᠶᠢᠲᠡᠯᠡᠭᠰᠡᠨ ᠴᠠᠭ᠄ 2020-06-30


   
   6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 7᠎ᠤ ᠡᠳᠦᠷ ᠪᠣᠯᠲᠠᠯ᠎ᠠ ᠣᠷᠳᠣᠰ ᠬᠣᠲᠠ ᠵᠢᠨ ᠳᠡᠭᠡᠳᠤ ᠳᠣᠣᠷᠠᠳᠤ ᠱᠠᠲᠤ ᠬᠣᠯᠪᠣᠭ᠋ᠠᠯᠠᠨ ᠬᠥᠳᠡᠯᠦᠯᠴᠡᠵᠦ᠂ 2020 ᠣᠨ᠎ᠤ ᠨᠡᠶ᠋ᠢᠭᠡᠮ᠎ᠤᠨ ᠠᠵᠢᠯ᠎ᠤᠨ ᠪᠠᠶᠠᠯᠢᠭ ᠰᠠᠶ᠋ᠢᠬᠠᠨ ᠭᠣᠤᠯ ᠰᠡᠳᠦᠪᠲᠦ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠡᠷᠬᠢᠯᠡᠪᠡ᠃


    ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ ᠬᠣᠲᠠ ᠵᠢᠨ ᠨᠡᠶ᠋ᠢᠭᠡᠮ᠎ᠤᠨ ᠠᠵᠢᠯ᠎ᠤᠨ ᠴᠢᠳᠠᠪᠤᠷᠢᠲᠠᠨ᠎ᠤ ᠬᠣᠯᠪᠣᠭ᠋ᠠᠲᠤ ᠬᠤᠷᠠᠯ᠎ᠲᠠᠢ ᠬᠠᠮᠲᠤᠷᠠᠨ 〈〈ᠬᠠᠮᠤᠭ᠎ᠤᠨ ᠭᠣᠶᠣ ᠨᠡᠶ᠋ᠢᠭᠡᠮ᠎ᠤᠨ ᠠᠵᠢᠯᠲᠠᠨ〉〉᠎ᠢ ᠠᠳᠠᠯᠢᠳᠬᠠᠨ ᠰᠢᠯᠭ᠋ᠠᠷᠠᠭᠤᠯᠬᠤ᠂ ᠨᠡᠶ᠋ᠢᠭᠡᠮ᠎ᠤᠨ ᠠᠵᠢᠯᠲᠠᠨ᠎ᠢ ᠬᠢᠨᠠᠨ ᠵᠢᠯᠣᠭᠣᠳᠴᠤ ᠪᠣᠯᠪᠠᠰᠤᠷᠠᠭᠤᠯᠬᠤ᠂ ᠰᠢᠯᠢᠳᠡᠭ ᠬᠡᠷᠡᠭ᠎ᠤᠨ ᠵᠢᠱ᠌ᠢᠶ᠎ᠡ ᠵᠢ ᠬᠤᠪᠢᠶᠠᠯᠴᠠᠨ ᠡᠳ᠋ᠯᠡᠬᠦ᠂ ᠲᠤᠰᠬᠠᠶ ᠰᠡᠳᠤᠪᠲᠤ ᠸᠢᠳᠢᠣ᠋ ᠵᠢᠨ ᠤᠬᠠᠭᠤᠯᠭ᠎ᠠ ᠵᠡᠷᠭᠡ ᠠᠵᠢᠯᠯᠠᠭ᠎ᠠ ᠦᠷᠨᠢᠭᠦᠯᠤᠭ᠌ᠰᠡᠨ ᠪᠠᠢ᠌ᠨ᠎ᠠ᠃ 10 《ᠬᠠᠮᠤᠭ᠎ᠤᠨ ᠭᠣᠶᠣ ᠨᠡᠶ᠋ᠢᠭᠡᠮ᠎ᠤᠨ ᠠᠵᠢᠯᠲᠠᠨ》᠎ᠢ ᠰᠢᠯᠭ᠋ᠠᠷᠠᠭᠤᠯᠤᠨ ᠭᠠᠷᠭ᠋ᠠᠪᠠ; ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠴᠢᠯᠡᠭᠡᠨ᠎ᠤ ᠲᠥᠪ᠎ᠲᠠᠢ ᠬᠠᠮᠲᠤᠷᠠᠨ 20 ᠨᠡᠷᠡᠰ ᠨᠡᠢ᠌ᠬᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯᠲᠠᠨ᠎ᠢ ᠵᠣᠬᠢᠶᠠᠨ ᠪᠠᠶ᠋ᠢᠭᠤᠯᠤᠨ ᠵᠠᠩᠬᠢᠯᠠᠭ᠎ᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠴᠢᠳᠠᠪᠤᠷᠢ᠎ᠪᠠᠨ ᠨᠡᠮᠡᠭᠳᠡᠭᠦᠯᠬᠦ ᠪᠣᠯᠪᠠᠰᠤᠷᠠᠯ ᠬᠢᠪᠡ  ᠃


  ᠡᠯ᠎ᠡ ᠬᠣᠰᠢᠭᠤ ᠲᠣᠭᠣᠷᠢᠭ᠎ᠨᠢ ᠠᠭᠤᠯᠭ᠎ᠠ᠎ᠪᠠᠷ ᠪᠠᠶᠠᠯᠢᠭ᠂ ᠣᠯᠠᠨ ᠶᠠᠩᠵᠤ ᠬᠡᠯᠪᠡᠷᠢ ᠵᠢᠨ ᠭᠣᠤᠯ ᠰᠡᠳᠤᠪᠲᠤ   ᠤᠬᠠᠭᠤᠯᠭ᠎ᠠ ᠵᠢᠨ ᠠᠵᠢᠯᠯᠠᠭ᠎ᠠ ᠵᠢ ᠦᠷᠨᠢᠭᠦᠯᠵᠠᠢ  ᠃


    ᠳ᠋ᠦᠩᠱ᠌ᠧᠩ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠳ᠋ᠦᠩᠱ᠌ᠧᠩ ᠲᠣᠭᠣᠷᠢᠭ᠎ᠤᠨ ᠰᠢᠨ ᠶᠤᠸᠠᠢ ᠰᠡᠳᠬᠢᠴᠡ   ᠵᠢᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠥᠪ᠎ᠢ ᠳᠠᠢ᠌ᠴᠢᠯᠠᠨ ᠬᠡᠤᠬᠡᠳ᠎ᠤᠨ ᠨᠡᠶ᠋ᠢᠭᠡᠮ᠎ᠤᠨ ᠪᠢᠴᠢᠬᠠᠨ ᠠᠵᠢᠯᠲᠠᠨ᠎ᠤ ᠤᠬᠠᠭᠤᠯᠬᠤ ᠡᠩᠨᠡᠭᠡ ᠵᠢ ᠪᠠᠶ᠋ᠢᠭᠤᠯᠤᠭ᠋ᠠᠳ᠂ ᠠᠭᠤᠳᠠᠮ ᠲᠠᠯᠠᠪᠠᠢ ᠵᠢᠨ ᠣᠯᠠᠨ ᠬᠦᠮᠤᠰ᠎ᠲᠤ ᠤᠬᠠᠭᠤᠯᠬᠤ ᠮᠠᠲ᠋ᠧᠷᠢᠶᠠᠯ ᠲᠠᠷᠬᠠᠭ᠋ᠠᠭᠰᠠᠨ   ᠪᠢᠴᠢᠬᠠᠨ ᠠᠵᠢᠯᠲᠠᠨ᠎ᠤ ᠤᠬᠠᠭᠤᠯᠭ᠎ᠠ ᠵᠢᠨ ᠡᠩᠨᠡᠭᠡ ᠣᠯᠠᠨ ᠰᠠᠭᠤᠭ᠋ᠠᠯᠢ ᠠᠷᠠᠳ᠎ᠤᠨ ᠠᠩᠬᠠᠷᠤᠯ᠎ᠢ ᠲᠠᠲᠠᠭᠰᠠᠨ ᠪᠠᠢ᠌ᠨ᠎ᠠ᠃


      ᠳᠠᠯᠠᠳ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠶ᠋ᠢᠭᠡᠮ᠎ᠤᠨ ᠠᠵᠢᠯᠲᠠᠨ᠎ᠤ ᠶᠠᠷᠢᠯᠴᠠᠭ᠋ᠠᠨ᠎ᠤ ᠲᠠᠪᠴᠠᠩ᠎ᠢ ᠪᠠᠶ᠋ᠢᠭᠤᠯᠵᠤ᠂ ᠵᠠᠯᠠᠭᠤᠴᠤᠳ ᠪᠠᠭ᠋ᠠᠴᠤᠳ᠎ᠤᠨ ᠵᠢᠷᠤᠭ ᠳᠠᠲᠠᠯᠭ᠎ᠠ ᠵᠡᠷᠭᠡ ᠵᠢᠨ ᠡᠯᠪᠡᠭ ᠠᠭᠤᠯᠭ᠎ᠠ᠎ᠲᠠᠢ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠤᠭ᠌ᠰᠡᠨ ᠵᠶ᠋ᠠᠷ ᠬᠥᠮᠦᠰ᠎ᠤᠨ ᠨᠡᠶ᠋ᠢᠭᠡᠮ᠎ᠤᠨ ᠠᠵᠢᠯᠲᠠᠨ᠎ᠤ ᠲᠤᠬᠠᠶ ᠲᠠᠨᠢᠯᠲᠠ ᠴᠤ᠌ ᠶᠡᠬᠡᠪᠡᠷ ᠳᠡᠭᠡᠭᠰᠢᠯᠡᠵᠡᠶ᠃


    ᠵᠡᠭᠦᠨᠭ᠋ᠠᠷ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠮᠢᠶᠣᠣ ᠵᠢᠶᠠ ᠲᠠᠨ ᠨᠡᠶ᠋ᠢᠭᠡᠮ ᠲᠣᠭᠣᠷᠢᠭ᠎ᠲᠤ ᠭᠦᠨᠵᠡᠭᠡᠢ᠌ᠷᠡᠵᠤ᠂   ᠭᠡᠷ᠎ᠲᠡᠭᠡᠨ ᠬᠣᠴᠣᠷᠤᠭᠰᠠᠨ ᠬᠡᠤᠬᠡᠳ᠎ᠤᠨ ᠭᠡᠷ᠎ᠤᠨ ᠪᠠᠶ᠋ᠢᠳᠠᠯ᠎ᠢ ᠣᠶ᠋ᠢᠯᠠᠭ᠋ᠠᠨ᠂ ᠲᠡᠳᠡᠨ᠎ᠢ ᠲᠣᠬᠣᠨᠢᠭᠤᠯᠤᠨ   ᠵᠣᠭᠣᠰ ᠮᠥᠩᠭᠥ ᠬᠦᠷᠭᠡᠵᠠᠢ᠃


  ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠷᠭᠤᠳᠤᠭ᠋ᠠᠷ ᠤᠳᠠᠭ᠋ᠠᠨ᠎ᠤ ᠨᠡᠶ᠋ᠢᠲᠡ ᠵᠢᠨ ᠠᠰᠠᠷᠠᠮᠵᠢ ᠵᠢᠨ ᠪᠢᠴᠢᠯ ᠬᠢᠴᠢᠶᠡᠯ᠎ᠤᠨ ᠲᠠᠩᠬᠢᠮ᠎ᠢ ᠪᠠᠶ᠋ᠢᠭᠤᠯᠪᠠ᠃


    ᠦᠤᠰᠢᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠬᠣᠰᠢᠭᠤᠨ᠎ᠤ᠎ᠪᠠᠨ ᠭᠤᠷᠪᠠᠳᠤᠭ᠋ᠠᠷ ᠲᠤᠷᠰᠢᠯᠲᠠ ᠵᠢᠨ   ᠪᠠᠭ᠎ᠠ ᠰᠤᠷᠭ᠋ᠠᠭᠤᠯᠢ᠎ᠲᠠᠢ ᠬᠠᠮᠲᠤᠷᠠᠨ 《ᠪᠠᠶᠠᠷ ᠪᠠᠬᠠᠳᠤᠯᠲᠤ ᠬᠢᠴᠢᠶᠡᠯ᠎ᠤᠨ ᠲᠠᠩᠬᠢᠮ》 ᠭᠣᠣᠯ ᠰᠡᠳᠤᠪᠲᠤ 《ᠵᠢᠷᠭᠤᠭ᠋ᠠᠨ ᠰᠠᠷ᠎ᠠ ᠵᠢᠨ ᠨᠢᠭᠡᠨ》᠎ᠤ ᠳᠡᠯᠡᠬᠡᠢ ᠵᠢᠨ ᠬᠡᠦᠬᠡᠳ᠎ᠤᠨ ᠪᠠᠶᠠᠷ᠎ᠤᠨ ᠨᠡᠶ᠋ᠢᠭᠡᠮ᠎ᠤᠨ ᠠᠵᠢᠯᠲᠠᠨ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ ᠠᠵᠢᠯᠯᠠᠭ᠎ᠠ ᠦᠷᠨᠢᠭᠦᠯᠵᠤ᠂ ᠮᠠᠰᠢ ᠣᠯᠠᠨ ᠰᠤᠷᠤᠭᠴᠢ ᠵᠢ ᠣᠷᠣᠯᠴᠠᠭᠤᠯᠵᠠᠶ᠃


    ᠬᠠᠩᠭᠢᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠮ᠎ᠤᠨ ᠭᠡᠰᠢᠭᠦᠨ ᠵᠶ᠋ᠠᠨ ᠵᠣᠬᠢᠶᠠᠨ ᠪᠠᠢ᠌ᠭᠤᠯᠵᠤ᠂   ᠨᠡᠶ᠋ᠢᠭᠡᠮ ᠲᠣᠭᠣᠷᠢᠭ᠎ᠲᠤ ᠣᠴᠢᠭᠤᠯᠤᠨ᠂ ᠪᠣᠯᠪᠠᠰᠤᠨ ᠬᠣᠲᠠ ᠪᠠᠶ᠋ᠢᠭᠤᠯᠬᠤ ᠠᠵᠢᠯᠯᠠᠭ᠎ᠠ᠎ᠳᠤ ᠣᠷᠣᠯᠴᠠᠭᠤᠯᠵᠠᠢ᠃   ᠨᠡᠶ᠋ᠢᠭᠡᠮ᠎ᠤᠨ ᠠᠵᠢᠯᠲᠠᠨ ᠡᠷᠦᠬᠡ᠎ᠳᠤ ᠣᠷᠣᠵᠤ ᠰᠠᠭᠤᠭ᠋ᠠᠯᠢ ᠠᠷᠠᠳ᠎ᠲᠤ ᠨᠡᠶ᠋ᠢᠭᠡᠮ᠎ᠤᠨ ᠠᠵᠢᠯ᠎ᠤᠨ ᠮᠡᠳᠡᠯᠭᠡ ᠵᠢᠨ ᠭᠠᠷ ᠳᠡᠪᠲᠡᠷ ᠲᠠᠷᠬᠠᠭ᠋ᠠᠵᠤ᠂ ᠬᠡᠤᠬᠡᠳ᠎ᠤᠨ ᠠᠰᠠᠷᠠᠮᠵᠢ ᠵᠢᠨ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠭᠰᠠᠨ ᠪᠠᠢ᠌ᠨ᠎ᠠ  ᠃
    ᠤᠲᠤᠭ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠬᠤᠰᠢᠭᠤᠨ᠎ᠤ᠎ᠪᠠᠨ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠪᠦᠦ ᠯᠢᠶᠠᠨ ᠨᠡᠶ᠋ᠢᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ  ᠎ᠤ ᠲᠥᠪ᠎ᠲᠠᠢ ᠬᠠᠮᠲᠤᠷᠠᠨ ᠬᠡᠤᠬᠡᠳ᠎ᠤᠨ ᠵᠢᠷᠤᠭ᠂ ᠭᠠᠷ ᠤᠷᠠᠯᠠᠯ᠎ᠤᠨ ᠤᠷᠤᠯᠳᠤᠭ᠋ᠠᠨ ᠵᠡᠷᠭᠡ ᠠᠯᠢ ᠣᠯᠠᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠠᠢ᠃
    ᠤᠲᠤᠭ᠎ᠤᠨ ᠡᠮᠦᠨᠡᠲᠦ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠪᠠᠶᠠᠨ ᠨᠡᠶ᠋ᠢᠭᠡᠮ ᠲᠣᠭᠣᠷᠢᠭ᠎ᠲᠤ ᠤᠬᠠᠭᠤᠯᠭ᠎ᠠ ᠵᠢᠨ ᠭᠣᠤᠯ ᠰᠡᠳᠦᠪ᠎ᠲᠠᠢ ᠤᠶᠠᠯᠳᠤᠭᠤᠯᠤᠨ᠂ ᠵᠢᠷᠭᠤᠭ᠋ᠠᠨ ᠰᠠᠷ᠎ᠠ ᠵᠢᠨ ᠨᠢᠭᠡᠨ᠎ᠤ ᠬᠡᠤᠬᠡᠳ᠎ᠤᠨ ᠪᠠᠶᠠᠷ᠎ᠤᠨ ᠭᠣᠤᠯ ᠰᠡᠳᠦᠪᠲᠦ ᠠᠵᠢᠯᠯᠠᠭ᠎ᠠ ᠥᠷᠨᠢᠭᠦᠯᠪᠠ  ᠃
    ᠬᠢᠶ᠎ᠠ ᠪᠠᠭᠰᠢ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠢᠶ᠎ᠠ ᠪᠠᠭᠰᠢ ᠲᠣᠭᠣᠷᠢᠭ᠎ᠤᠨ ᠨᠡᠶ᠋ᠢᠭᠡᠮ᠎ᠤᠨ ᠠᠵᠢᠯᠲᠠᠨ᠎ᠤ ᠨᠡᠶ᠋ᠢᠭᠡᠮᠯᠢᠭ ᠵᠢᠴᠢ ᠬᠡᠰᠡᠭ ᠨᠡᠶ᠋ᠢᠭᠡᠮ᠎ᠤᠨ ᠠᠵᠢᠯ᠎ᠤᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠂ ᠨᠡᠶ᠋ᠢᠭᠡᠮ᠎ᠤᠨ ᠠᠵᠢᠯᠲᠠᠨ᠎ᠢ ᠵᠣᠬᠢᠶᠠᠨ ᠪᠠᠶ᠋ᠢᠭᠤᠯᠤᠨ ᠰᠠᠭᠤᠳᠠᠯ᠎ᠤᠨ ᠬᠤᠷᠠᠯ ᠡᠷᠬᠢᠯᠡᠵᠡᠶ᠃ ᠲᠡᠳᠡ ᠪᠠᠰᠠ ᠨᠡᠶ᠋ᠢᠭᠡᠮ ᠲᠣᠭᠣᠷᠢᠭ᠎ᠲᠤ ᠭᠦᠨᠵᠡᠭᠡᠶ᠋ᠢᠷᠡᠨ ᠨᠡᠶ᠋ᠢᠭᠡᠮ᠎ᠤᠨ ᠠᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠦᠷᠨᠢᠭᠦᠯᠤᠭ᠌ᠰᠡᠨ ᠪᠠᠢ᠌ᠨ᠎ᠠ᠃
     

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨᠵᠤᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠬᠥᠬᠡᠬᠣᠲᠠ ᠵᠢᠨ ᠵᠠᠰᠠᠭ᠎ᠤᠨ ᠣᠷᠳᠣᠨ ᠬᠣᠲᠠ ᠵᠢᠨ ᠳᠥᠷᠪᠡᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠢ ᠵᠣᠬᠢᠶᠠᠨ ᠪᠠᠶ᠋ᠢᠭᠤᠯᠵᠤ ᠨᠠᠰᠤᠵᠢᠯ᠎ᠤᠨ ᠦᠢ᠍ᠯᠡᠴᠢᠯᠡᠭᠡᠨ᠎ᠤ ᠳᠤᠷᠰᠢᠯᠲᠠ ᠵᠢᠨ ᠠᠵᠢᠯ᠎ᠢ ᠲᠣᠭᠣᠷᠢᠨ ᠪᠠᠢ᠌ᠴᠠᠭ᠋ᠠᠵᠠᠢ
ᠬᠢᠩᠭ᠋ᠠᠨ ᠠᠶ᠋ᠢᠮᠠᠭ᠎ᠤᠨ ᠳᠤᠰᠠᠯᠠᠮᠵᠢ ᠵᠢᠨ ᠬᠠᠮᠢᠶᠠᠷᠤᠯᠲᠠ ᠵᠢᠨ ᠥᠷᠲᠡᠭᠡ 2020 ᠣᠨ᠎ᠤ ᠳᠤᠰᠠᠯᠠᠮᠵᠢ ᠵᠢᠨ ᠪᠠᠢ᠌ᠭᠤᠯᠤᠮᠵᠢ ᠵᠢᠨ 《ᠨᠡᠭᠡᠭᠡᠯᠲᠡ ᠵᠢᠨ ᠡᠳᠦᠷ》᠎ᠤᠨ ᠠᠵᠢᠯᠯᠠᠭ᠎ᠠ ᠡᠷᠭᠢᠯᠡᠪᠡ
ᠮᠠᠨᠵᠤᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠮ᠎ᠤᠨ ᠡᠳᠦᠷ᠎ᠤᠨ ᠭᠣᠤᠯ ᠰᠡᠳᠦᠪᠲᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ ᠎ᠤ ᠠᠵᠢᠯᠯᠠᠭ᠎ᠠ ᠦᠷᠨᠢᠭᠦᠯᠪᠡ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠬᠠᠷᠠᠭ᠎ᠠ ᠣᠷᠣᠭᠤᠯᠬᠤ ᠠᠶᠠᠯᠠᠯ》᠎ᠤᠨ ᠨᠡᠶ᠋ᠢᠭᠡᠮ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠡᠷᠭᠢᠯᠡᠪᠡ
 
            