ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠦᠩᠯᠢᠶᠣᠤ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠬᠣᠷᠢᠶ᠎ᠠ ᠨᠠᠮ ᠪᠠᠶ᠋ᠢᠭᠤᠯᠤᠭᠳᠠᠭᠰᠠᠨ 99 ᠵᠢᠯ᠎ᠤᠨ ᠣᠶ ᠵᠢ ᠳᠤᠷᠠᠰᠬᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2020-07-31

    6 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠦᠳᠡ ᠵᠢᠨ ᠬᠣᠶ᠋ᠢᠨ᠎ᠠ ᠲᠦᠩᠯᠢᠶᠣᠤ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠬᠣᠷᠢᠶ᠎ᠠ ᠬᠣᠷᠴᠢᠨ ᠲᠣᠭᠣᠷᠢᠭ᠎ᠤᠨ ᠵᠡᠭᠦᠨ ᠳᠡᠭᠦᠷᠭᠡ ᠵᠢᠨ ᠵᠡᠭᠡᠯᠢ ᠭᠤᠳᠤᠮᠵᠢ ᠵᠢᠨ ᠨᠠᠮ᠎ᠤᠨ ᠠᠵᠢᠯᠯᠠᠬᠤ ᠬᠣᠷᠢᠶ᠎ᠠ᠂ ᠲᠦᠩᠯᠢᠶᠣᠤ ᠵᠢᠨ ᠬᠣᠷᠴᠢᠨ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠨᠠᠮ᠎ᠤᠨ ᠡᠭᠦᠷ᠎ᠲᠠᠢ ᠬᠠᠮᠲᠤᠷᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 99 ᠵᠢᠯ᠎ᠤᠨ ᠣᠶ ᠵᠢ ᠪᠡᠯᠭᠡᠯᠡᠬᠦ ᠵᠢᠴᠢ 《7 · 1》᠎ᠤ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ᠎ᠢ ᠬᠤᠷᠠᠯᠳᠤᠭᠤᠯᠵᠠᠢ᠃ ᠪᠦᠬᠦ ᠬᠤᠳᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢᠨ ᠲᠡᠷᠢᠭᠦᠨ᠎ᠤ ᠲᠥᠯᠥᠭᠡᠯᠡᠭᠴᠢ᠂ ᠡᠯ᠎ᠡ ᠳᠠᠪᠬᠤᠷᠭ᠎ᠠ ᠵᠢᠨ ᠨᠠᠮ᠎ᠤᠨ ᠭᠡᠰᠢᠭᠦᠨ᠎ᠤ ᠲᠥᠯᠥᠭᠡᠯᠡᠭᠴᠢ᠂ ᠨᠠᠮ᠎ᠳᠤ ᠣᠷᠣᠬᠤ᠎ᠪᠠᠷ ᠡᠷᠡᠮᠡᠯᠵᠡᠯᠡᠵᠤ ᠪᠠᠢ᠌ᠭ᠎ᠠ ᠢᠳᠡᠪᠬᠢᠲᠡᠨ 40 ᠭᠠᠷᠤᠢ ᠬᠥᠮᠦᠨ ᠬᠤᠷᠠᠯ᠎ᠳᠤ ᠣᠷᠣᠯᠴᠠᠪᠠ᠃


    ᠬᠤᠷᠠᠯ᠎ᠤᠨ ᠡᠮᠦᠨ᠎ᠡ ᠬᠤᠷᠠᠯ᠎ᠳᠤ ᠣᠷᠣᠯᠴᠠᠭᠰᠠᠳ ᠬᠣᠷᠴᠢᠨ ᠲᠣᠭᠣᠷᠢᠭ᠎ᠤᠨ ᠵᠡᠭᠦᠨ ᠲᠡᠭᠦᠷᠭᠡ ᠵᠢᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ   ᠭᠠᠵᠠᠷ᠎ᠤᠨ 《ᠤᠮᠠᠷᠠᠲᠤ ᠬᠢᠯᠢ ᠵᠢᠨ ᠵᠢᠱ᠌ᠢᠶᠡᠴᠢ》 ᠷᠧᠨ ᠮᠢᠩ ᠳ᠋ᠸ ᠵᠢᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭᠠ ᠮᠵᠢᠯᠠᠬᠤ ᠠᠵᠢᠯ᠎ᠤᠨ ᠲᠠᠰᠤᠭ ᠪᠣᠯᠤᠨ ᠵᠡᠭᠦᠨ ᠲᠡᠭᠦᠷᠭᠡ ᠵᠢᠨ ᠵᠡᠭᠡᠯᠢ ᠭᠤᠳᠤᠮᠵᠢ ᠵᠢᠨ ᠨᠠᠮ᠎ᠤᠨ ᠪᠠᠶ᠋ᠢᠭᠤᠯᠤᠯᠲᠠ ᠵᠢᠨ ᠦᠵᠡᠭᠦᠯᠭᠡ ᠵᠢᠨ ᠲᠢᠩᠬᠢᠮ ᠵᠶ᠋ᠠᠷ ᠲᠣᠭᠣᠷᠢᠨ ᠦᠵᠡᠵᠦ᠂ 《ᠤᠮᠠᠷᠠᠲᠤ ᠬᠢᠯᠢ ᠵᠢᠨ ᠵᠢᠱ᠌ᠢᠶᠡᠴᠢ》 ᠷᠧᠨ ᠮᠢᠩ ᠳ᠋ᠸ ᠲᠤᠰᠬᠠᠢ ᠰᠡᠳᠦᠪᠲᠦ ᠹᠢᠯᠢᠮ᠎ᠢ ᠰᠣᠨᠢᠷᠬᠠᠪᠠ᠃ ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦ ᠬᠦᠨ᠂ ᠳᠡᠳ᠋ ᠲᠣᠪᠴᠢᠶᠠᠨ ᠳᠠᠷᠤᠭ᠎ᠠ᠂ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠬᠣᠷᠢ ᠶᠠᠨ᠎ᠤ ᠱᠦᠵᠢ ᠯᠢ ᠽᠦᠨ ᠢ᠂ ᠬᠣᠲᠠ ᠵᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠭᠤᠷᠪ ᠠᠨ ᠰᠠᠯᠠᠭ᠋ᠠᠨ ᠳᠠᠷᠤᠭ᠎ᠠ ᠴᠢᠦᠶ ᠰᠢᠶᠠᠩ ᠴᠢᠶᠠᠨ᠂ ᠬᠣᠷᠴᠢᠨ ᠲᠣᠭᠣᠷᠢᠭ᠎ᠤᠨ ᠵᠡᠭᠦᠨ ᠲᠡᠭᠦᠷᠭᠡ ᠵᠡᠭᠡᠯᠢ ᠭᠤᠳᠤᠮᠵᠢ ᠵᠢᠨ ᠨᠠᠮ᠎ᠤᠨ ᠠᠵᠢᠯᠯᠠᠬᠤ ᠬᠣᠷᠢᠶ᠎ᠠ ᠵᠢᠨ ᠱᠦ᠍ ᠵᠢ ᠸᠠᠩ ᠱᠣᠣ ᠸᠧᠶ ᠬᠠᠮᠲᠤᠪᠠᠷ ᠤᠮᠠᠷᠠᠲᠤ ᠬᠢᠯᠢ ᠵᠢᠨ ᠵᠢᠱ᠌ᠢᠶᠡᠴᠢ ᠷᠧᠨ ᠮᠢᠩ ᠳ᠋ᠧ ᠵᠢᠨ ᠬᠠᠭᠤᠴᠢᠨ ᠰᠠᠭᠤᠴᠠ᠎ᠳᠤ ᠬᠦᠷᠴᠦ᠂ ᠷᠧᠨ ᠮᠢᠩ ᠳ᠋ᠧ ᠵᠢᠨ ᠪᠡᠯᠪᠡᠰᠦᠨ ᠬᠠᠲᠤᠨ᠎ᠤ 88 ᠨᠠᠰᠤᠲᠠᠶ ᠮᠠ ᠬᠦᠶ ᠯᠠᠨ ᠨᠠᠰᠤᠲᠠᠨ᠎ᠢ ᠲᠣᠬᠣᠨᠢᠭᠤᠯᠵᠠᠶ᠃ ᠪᠠᠰᠠ ᠨᠠᠰᠤᠲᠠᠨ᠎ᠳᠤ ᠲᠣᠬᠣᠨᠢᠭᠤᠯᠬᠤ ᠮᠥᠩᠭᠥ ᠬᠦᠷᠭᠡᠨ᠎ᠡ᠃


    ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ 2019 ᠣᠨ᠎ᠤ ᠡᠯ᠎ᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠢᠯᠡᠷ ᠡᠨ ᠭᠠᠷᠤᠭᠰᠠᠨ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠠᠷᠠᠮ ᠥᠬᠡᠶ ᠵᠣᠷᠢᠭᠤᠯᠬᠤ᠂ ᠴᠢᠷᠮᠠᠶ᠋ᠢᠨ ᠲᠡ ᠷᠢᠭᠦᠨ᠎ᠤ ᠲᠡᠷᠢᠭᠦᠨ᠎ᠤ ᠬᠤᠪᠢ ᠬᠥᠮᠦᠨ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠳᠠᠶ᠋ᠢᠯᠠᠯᠳᠤᠭ᠋ᠠᠨ᠎ᠤ ᠳᠤᠮᠳᠠ᠂ ᠨᠠᠮ᠎ᠤᠨ ᠭᠡᠰᠢᠭᠦᠨ᠎ᠤ ᠰᠠᠶ᠋ᠢᠨ ᠳᠤᠷ᠎ᠠ᠎ᠠᠴᠠ᠎ᠪᠠᠨ ᠵᠣᠭᠣᠰ ᠬᠠᠨᠳᠢᠪᠯᠠᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠭᠰᠠᠨ ᠡᠪ ᠬᠠᠮᠲᠤ ᠨᠠᠮ᠎ᠤᠨ ᠭᠡᠰᠢᠭᠦᠨ᠎ᠳᠤ ᠢᠷᠠᠭᠤ ᠠᠯᠳᠠᠷ᠎ᠤᠨ ᠦᠨᠡᠮᠯᠡᠯ ᠣᠯᠭᠣᠵᠤ᠂ ᠪᠦᠬᠦ ᠨᠠᠮ᠎ᠤᠨ ᠭᠡᠰᠢᠭᠦᠳ᠎ᠢ ᠤᠷᠢᠶᠠᠯᠠᠨ ᠬᠥᠬᠢᠭᠦᠯᠦᠭᠳᠡᠨ ᠰᠠᠶ᠋ᠢᠰᠢᠶᠠᠭᠳᠠᠭᠰᠠᠨ ᠨᠥᠬᠥᠳ᠎ᠠᠴᠠ ᠰᠤᠷᠤᠯᠴᠠᠵᠦ᠂ ᠪᠣᠳᠠ᠎ᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠲᠤᠭ᠎ᠲᠤ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ ᠭᠡᠪᠡ᠃


    ᠬᠣᠲᠠ ᠵᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠭᠤᠷᠪᠠᠨ ᠰᠠᠯᠠᠭ᠋ᠠᠨ ᠳᠠᠷᠤᠭ᠎ᠠ ᠴᠢᠦᠶ ᠰᠢᠶᠠᠩ ᠴᠢᠶᠠᠨ ᠪᠦᠬᠦ ᠬᠥᠮᠦᠰ᠎ᠲᠤ ᠨᠠᠮ᠎ᠤᠨ ᠬᠢᠴᠢᠶᠡᠯ ᠵᠢᠭ᠋ᠠᠵᠠᠶ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 99 ᠵᠢᠯ᠎ᠤᠨ ᠭᠡᠷᠡᠯ ᠰᠠᠴᠤᠷᠠᠩᠭᠤᠢ ᠥᠩᠭᠡᠷᠡᠯᠲᠡ ᠵᠢ ᠬᠠᠮᠲᠤ᠎ᠪᠠᠷ ᠡᠷᠭ ᠢᠴᠡᠭᠦᠯᠵᠦ᠂ ᠨᠠᠮ᠎ᠤᠨ ᠠᠭᠤᠤ ᠭᠠᠪᠢᠶ᠎ᠠ ᠠᠤᠭ᠎ᠠ ᠵᠢᠳᠬᠦᠯ᠎ᠢ ᠳᠤᠷᠠᠰᠤᠨ ᠰᠠᠨᠠᠭ᠋ᠠᠯᠵᠠᠨ᠎ᠠ; ᠨᠠᠮ᠎ᠤᠨ ᠭᠡᠰᠢᠭᠦᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠨᠠᠮ᠎ᠤᠨ ᠳᠦᠷᠢᠮ ᠢ ᠵᠢᠷᠤᠮᠯᠠᠬᠤ 《ᠳᠦᠷᠢᠮ ᠭᠣᠷᠢᠮ᠎ᠲᠠᠢ ᠬ᠊ ᠥᠮᠦᠨ》᠂ ᠤᠯᠤᠰ ᠲᠥᠷᠥ ᠵᠢᠨ ᠲᠠᠯ᠎ᠠ᠎ᠪᠠᠷ 《ᠮᠡᠷᠭᠡᠨ ᠬᠥᠮᠦᠨ》᠂ ᠠᠵᠢᠯ᠎ᠤᠨ ᠲᠠᠯ᠎ᠠ᠎ᠪᠠᠷ 《ᠠᠵᠢᠯᠴᠢ ᠬᠥᠮᠦᠨ》᠂ ᠰᠤᠷᠤᠯᠭ᠎ᠠ ᠵᠢᠨ ᠲᠠᠯ᠎ᠠ᠎ᠪᠠᠷ᠎ᠬᠢ 《ᠳᠠᠭ᠋ᠠᠭᠤᠯᠤᠭᠴᠢ》᠂ ᠪᠦᠯᠬᠦᠮᠳᠡᠯ᠎ᠤᠨ ᠲᠠᠯ᠎ᠠ᠎ᠪᠠᠷ 《ᠨᠣᠮᠣᠬᠠᠨ ᠬᠥᠮᠦᠨ》 ᠪᠣᠯᠭ᠋ᠠᠬᠤ ᠬᠡᠷᠡᠭᠲᠡᠶ᠂ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃



ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠮ ᠪᠠᠶ᠋ᠢᠭᠤᠯᠤᠭᠳᠠᠭᠰᠠᠨ 99 ᠵᠢᠯ᠎ᠤᠨ ᠣᠶ ᠵᠢ ᠳᠤᠷᠠᠰᠬᠠᠬᠤ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠬᠢᠪᠠ
ᠪᠠᠶᠠᠨᠨᠠᠭᠤᠷ ᠬᠤᠳᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠠᠮ ᠪᠠᠶ᠋ᠢᠭᠤᠯᠤᠭᠳᠠᠭᠰᠠᠨ 99 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠦᠷᠨᠢᠭᠦᠯᠪᠡ
ᠪᠠᠶᠠᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠄ 《7 · 1》᠎ᠳᠤ ᠬᠦᠴᠢᠷᠳᠡᠯ᠎ᠲᠠᠢ ᠠᠬᠠᠮᠠᠳ ᠨᠠᠮ᠎ᠤᠨ ᠭᠡᠰᠢᠭᠦᠨ᠎ᠢ ᠲᠣᠬᠣᠨᠢᠭᠤᠯᠵᠤ ᠣᠭ ᠰᠠᠨᠠᠭ᠎ᠠ᠎ᠪᠠᠨ ᠥᠯᠥ ᠮᠠᠷᠲᠠᠵᠤ ᠬᠠᠶ᠋ᠢᠷ᠎ᠠ ᠬᠠᠯᠠᠮᠵᠢ ᠬᠦᠷᠲᠡᠭᠡᠪᠡ
ᠲᠢᠩᠬᠢᠮ᠎ᠤᠨ ᠳᠠᠷᠤᠭ᠎ᠠ ᠴᠧᠨ ᠵᠢᠶᠧ ᠬᠠᠪᠰᠤᠷᠤᠨ ᠲᠡᠳᠬᠦᠬᠦ ᠴᠡᠭ᠎ᠲᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠳ᠋ᠨ ᠬᠢᠪᠡ
ᠴᠧᠨ ᠵᠢᠶᠧ ᠬᠢᠩᠭ᠋ᠠᠨ ᠠᠶ᠋ᠢᠮᠠᠭ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠪᠠ
 
            