6 ᠳ᠋ᠤᠭ᠋ᠠᠷ ᠰᠠᠷ᠎ᠠ ᠵᠢᠨ 30ᠤ ᠡᠳᠦᠷ ᠤᠯᠠᠭ᠋ᠠᠨᠴᠠᠪ ᠬᠣᠲᠠ ᠵᠢᠨ ᠠᠷᠠᠳᠤᠨ ᠶᠠᠪᠤᠳᠠᠯᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮᠤᠨ ᠬᠣᠷᠢᠶ᠎ᠠ 《ᠣᠭ ᠰᠠᠨᠠᠭᠠᠪᠠᠨ ᠰᠠᠬᠢᠵᠤ᠂ ᠡᠭᠦᠷᠭᠡ ᠬᠠᠷᠢᠭᠤᠴᠠᠯᠭ᠎ᠠᠪᠠᠨ ᠡᠭᠦᠷᠭᠡᠯᠡᠨ᠂ ᠠᠷᠠᠳᠤᠨ ᠶᠠᠪᠤᠳᠠᠯᠤᠨ ᠦᠢ᠍ᠯᠡᠰᠤᠨ ᠰᠢᠨ᠎ᠡ ᠵᠢᠷᠤᠭ ᠲᠥᠯᠥᠪᠯᠡᠭᠡ ᠵᠢᠷᠤᠭᠯᠠᠬᠤ》ᠪᠠᠷ ᠭᠣᠤᠯ ᠰᠡᠳᠦᠪ ᠪᠣᠯᠭ᠋ᠠᠭᠰᠠᠨ ᠳᠤᠮᠳᠠᠳᠤ ᠤᠯᠤᠰᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 99 ᠵᠢᠯᠤᠨ ᠣᠶ ᠵᠢ ᠳᠤᠷᠠᠰᠬᠠᠬᠤ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠬᠢᠪᠠ᠃

ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯᠳᠤ ᠣᠷᠣᠯᠴᠠᠭᠰᠠᠨ ᠪᠦᠬᠦ ᠨᠠᠮᠤᠨ ᠭᠡᠰᠢᠭᠦᠨ ᠳᠤᠮᠳᠠᠳᠤ ᠤᠯᠤᠰᠤᠨ ᠡᠪ ᠬᠠᠮᠲᠤ ᠨᠠᠮᠤᠨ ᠲᠤᠭᠤᠨ ᠡᠮᠦᠨ᠎ᠡ ᠨᠠᠮᠳᠤ ᠣᠷᠣᠬᠤ ᠲᠠᠩᠭ᠋ᠠᠷᠢᠭ ᠵᠶ᠋ᠠᠨ ᠲᠠᠬᠢᠨ ᠡᠷᠭᠢᠴᠡᠭᠦᠯᠪᠡ᠃ ᠬᠤᠷᠠᠯ ᠳᠡᠭᠡᠷ᠎ᠡ᠂ ᠬᠣᠲᠠ ᠵᠢᠨ ᠠᠷᠠᠳᠤᠨ ᠶᠠᠪᠤᠳᠠᠯᠤᠨ ᠲᠣᠪᠴᠢᠶ᠎ᠠ ᠵᠢᠨ ᠨᠠᠮᠤᠨ ᠤᠳᠤᠷᠢᠳᠬᠤ ᠳᠤᠭᠤᠶ᠋ᠢᠯᠠᠩᠤᠨ ᠪᠦᠷᠢᠯᠳᠦᠬᠦᠨ᠂ ᠳᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩᠤᠨ ᠳᠠᠷᠤᠭ᠎ᠠ ᠰᠢᠶᠣᠤ ᠸᠧᠶ ᠬᠤᠸᠠᠠᠴᠠ 《2019 ᠣᠨ ᠤ ᠬᠣᠲᠠ ᠵᠢᠨ ᠰᠢᠭᠤᠳ ᠬᠠᠷᠢᠶ᠎ᠠ ᠠᠷᠠᠳᠤᠨ ᠶᠠᠪᠤᠳᠠᠯᠤᠨ ᠰᠢᠰᠲ᠋ᠧᠮᠤᠨ ᠲᠡᠷᠢᠭᠦᠨᠤ ᠦᠨᠳᠦᠰᠦᠨ ᠱᠠᠲᠤᠨᠤ ᠨᠠᠮ ᠤᠨ ᠵᠣᠬᠢᠶᠠᠨ ᠪᠠᠶ᠋ᠢᠭᠤᠯᠤᠯᠲᠠ᠂ ᠰᠢᠯᠢᠳᠡᠭ ᠡᠪ ᠬᠠᠮᠲᠤ ᠨᠠᠮᠤᠨ ᠭᠡᠰᠢᠭᠦᠨ᠂ ᠰᠢᠯᠢᠳᠡᠭ ᠨᠠᠮᠤᠨ ᠠᠵᠢᠯᠲᠠᠨ ᠢ ᠬᠥᠬᠢᠭᠦᠯᠦᠨ ᠰᠠᠶ᠋ᠢᠰᠢᠶᠠᠬᠤ ᠲᠤᠬᠠᠶ ᠲᠣᠭᠲᠠᠭ᠋ᠠᠯ》ᠢ ᠤᠩᠰᠢᠨ ᠨᠡᠶ᠋ᠢᠲᠡᠯᠡᠭᠰᠡᠨ ᠪᠥᠭᠡᠳ 2 ᠲᠡᠷᠢᠭᠦᠨᠤ ᠦᠨᠳᠦᠰᠦᠨ ᠱᠠᠲᠤᠨᠤ ᠨᠠᠮᠤᠨ ᠵᠣᠬᠢᠶᠠᠨ ᠪᠠᠶ᠋ᠢᠭᠤᠯᠤᠯᠲᠠ᠂ 8 ᠰᠢᠯᠢᠳᠡᠭ ᠨᠠᠮᠤᠨ ᠠᠵᠢᠯᠳᠠᠨ᠂ 21 ᠰᠢᠯᠢᠳᠡᠭ ᠡᠪ ᠬᠠᠮᠲᠤ ᠨᠠᠮᠤᠨ ᠭᠡᠰᠢᠭᠦᠨᠢ ᠬᠥᠬᠢᠭᠦᠯᠦᠨ ᠰᠠᠶ᠋ᠢᠰᠢᠶᠠᠵᠠᠢ᠃
ᠳᠠᠷᠠᠭᠠᠨᠢ ᠬᠣᠲᠠ ᠵᠢᠨ ᠠᠷᠠᠳᠤᠨ ᠶᠠᠪᠤᠳᠠᠯᠤᠨ ᠲᠣᠪᠴᠢᠶ᠎ᠠ ᠵᠢᠨ ᠨᠠᠮᠤᠨ ᠤᠳᠤᠷᠢᠳᠬᠤ ᠳᠤᠭᠤᠶ᠋ᠢᠯᠠᠩᠤᠨ ᠱᠦᠵᠢ᠂ ᠲᠣᠪᠴᠢᠶᠠᠨ ᠳᠠᠷᠤᠭ᠎ᠠ ᠴᠧᠩ ᠲᠢᠶᠠᠨ ᠹᠦ᠋ᠠᠴᠠ 《ᠳᠤᠮᠳᠠᠳᠤ ᠤᠯᠤᠰᠤᠨ ᠣᠨᠴᠠᠯᠢᠭᠲᠠᠢ ᠨᠡᠶ᠋ᠢᠭᠡᠮ ᠵᠢᠷᠤᠮ ᠰᠢᠨ᠎ᠡ ᠴᠠᠭ ᠦᠶᠡᠳᠤ ᠤᠷᠤᠭᠰᠠᠠ ᠭᠣᠣᠯ ᠠᠭᠤᠯᠤᠭᠳᠠᠬᠤᠨ》ᠤ ᠳᠤᠬᠠᠢ ᠪᠦᠬᠦ ᠨᠠᠮᠤᠨ ᠭᠡᠰᠢᠭᠦᠨᠳᠤ ᠲᠤᠰᠬᠠᠢ ᠰᠡᠳᠦᠪᠲᠦ ᠨᠠᠮᠤᠨ ᠬᠢᠴᠢᠶᠡᠯ ᠣᠷᠣᠪᠡ᠃