ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠮᠠᠨᠵᠤᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2020-07-14


 
    ᠦᠢ᠍ᠷ᠎ᠠ᠎ᠳᠤ ᠮᠠᠨᠵᠤᠤᠷ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠦᠮᠤᠵᠢᠯ᠎ᠤᠨ ᠬᠦᠷᠢᠶᠡᠯᠡᠩ᠂ ᠮᠠᠨᠵᠤᠤᠷ ᠬᠣᠲᠠ ᠵᠢᠨ ᠬᠣᠩ ᠢᠦᠶ ᠨᠡᠶ᠋ᠢᠭᠡᠮ᠎ᠤᠨ ᠠᠵᠢᠯᠲᠠᠨ᠎ᠤ ᠦᠢ᠍ᠯᠡᠴᠢᠯᠡᠭᠡᠨ᠎ᠤ ᠲᠥᠪ᠂ ᠮᠠᠨᠵᠤᠤᠷ ᠬᠣᠲᠠ ᠵᠢᠨ ᠬᠣᠩ ᠢᠦᠶ ᠰᠠᠶ᠋ᠢᠨ ᠳᠤᠷᠠᠴᠤᠳ᠎ᠤᠨ ᠨᠡᠶ᠋ᠢᠭᠡᠮᠯᠢᠭ ᠪᠣᠯᠤᠨ ᠵᠠᠯᠠᠶ᠋ᠢᠨᠠᠭᠤᠷ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠮᠲᠤᠷᠠᠨ᠂ 20 ᠣᠨᠴᠠ ᠬᠦᠴᠢᠷᠳᠡᠯᠲᠡᠶ ᠬᠡᠤᠬᠡᠳ᠎ᠲᠤ ᠤᠶᠤᠨᠲᠤ ᠮᠠᠰᠢᠨ ᠬᠥᠮᠦᠨ ᠬᠠᠨᠳᠢᠪᠯᠠᠬᠤ ᠠᠵᠢᠯᠯᠠᠭ᠎ᠠ ᠦᠷᠨᠢᠭᠦᠯᠪᠡ᠃


    ᠡᠳᠡᠭᠡᠷ ᠨᠢᠭᠡᠴᠢ᠎ᠨᠦᠭᠦᠳ ᠵᠠᠯᠠᠶ᠋ᠢᠨᠠᠭᠤᠷ ᠲᠣᠭᠣᠷᠢᠭ᠎ᠤᠨ ᠬᠦᠴᠢᠷᠳᠡᠯᠲᠡᠶ ᠬᠡᠤᠬᠡᠳ᠎ᠤᠨ ᠳᠤᠮᠳᠠ ᠬᠠᠮᠤᠭ᠎ᠤᠨ ᠶᠠᠳᠠᠭᠤ ᠬᠦᠴᠢᠷᠳᠡᠯᠲᠡᠢ 20 ᠬᠡᠦᠬᠡᠳ᠎ᠢ ᠰᠣᠩᠭᠣᠨ᠂ ᠲᠡᠳᠡᠨ᠎ᠳᠤ ᠰᠤᠷᠤᠯᠭ᠎ᠠ᠎ᠳᠤ᠎ᠨᠢ ᠳᠤᠰᠠ ᠪᠣᠯᠬᠤ ᠮᠦᠷᠳᠡᠭᠡᠨ ᠳᠠᠭᠤᠤ ᠬᠦᠭᠵᠢᠮ᠂ ᠮᠡᠳᠡᠯᠭᠡ ᠮᠡᠳᠡᠴᠡ ᠵᠢᠨ ᠲᠠᠶ᠋ᠢᠯᠤᠮᠵᠢ ᠵᠢᠴᠢ ᠵᠤᠭ᠎ᠠ ᠴᠡᠩᠭᠡᠯ᠂ ᠠᠮᠢᠳᠤᠷᠠᠯ᠎ᠤᠨ ᠶᠡᠷᠦ ᠵᠢᠨ ᠮᠡᠳᠡᠯᠭᠡ ᠵᠡᠷᠭᠡ ᠲᠠᠯ᠎ᠠ ᠵᠢᠨ ᠤᠶᠤᠨᠲᠤ ᠮᠠᠰᠢᠨ ᠬᠥᠮᠦᠨ᠎ᠢ ᠪᠡᠯᠡᠭᠯᠡᠨ ᠬᠦᠷᠭᠡᠵᠠᠢ᠃ ᠡᠳᠡᠭᠡᠷ ᠬᠡᠦᠬᠡᠳ᠎ᠲᠤ ᠨᠡᠩ ᠰᠠᠶ᠋ᠢᠨ ᠰᠠᠶ᠋ᠢᠬᠠᠨ ᠡᠷᠡᠭᠦᠯ ᠰᠠᠷᠠᠭᠤᠯ ᠰᠤᠷᠤᠯᠴᠠᠯᠭ᠎ᠠ᠂ ᠠᠮᠢᠳᠤᠷᠠᠯ᠎ᠤᠨ ᠣᠷᠴᠢᠨ ᠲᠣᠭᠣᠷᠢᠨ᠎ᠢ ᠪᠦᠷᠢᠯᠳᠦᠭᠦᠯᠵᠦ ᠥᠭᠬᠦ ᠵᠢᠨ ᠲᠥᠯᠥᠭᠡ ᠶᠤᠮ᠃ ᠮᠠᠨᠵᠤᠤᠷ ᠬᠣᠲᠠ ᠵᠢᠨ ᠬᠣᠩ ᠢᠦᠶ ᠨᠡᠶ᠋ᠢᠭᠡᠮ᠎ᠤᠨ ᠠᠵᠢᠯᠲᠠᠨ᠎ᠤ ᠦᠢ᠍ᠯᠡᠴᠢᠯᠡᠭᠡᠨ᠎ᠤ ᠲᠥᠪ᠎ᠨᠢ ᠬᠠᠯᠠᠭᠤᠨ ᠬᠠᠢ᠌ᠷ᠎ᠠ ᠵᠶ᠋ᠠᠨ ᠬᠡᠤᠬᠡᠳ᠎ᠲᠡᠭᠡᠨ ᠬᠦᠷᠭᠡᠵᠦ᠂ ᠲᠡᠳᠡᠨ ᠎ᠢ ᠬᠠᠪᠰᠤᠷᠴᠤ ᠬᠥᠮᠦᠨ᠎ᠤ ᠠᠮᠢᠳᠤᠷᠠᠯ᠎ᠤᠨ ᠬᠦᠴᠢᠷ ᠪᠡᠷᠬᠡᠰᠢᠶᠡᠯ᠎ᠲᠠᠢ ᠱᠠᠲᠤ ᠦᠶ᠎ᠡ ᠵᠢ ᠥᠩᠭᠡᠷᠡᠭᠦᠯᠦᠨ᠎ᠡ ᠭᠡᠵᠤ ᠳᠣᠭᠲᠠᠵᠠᠢ᠃ ᠮᠠᠨᠵᠤᠤᠷ ᠬᠣᠲᠠ ᠵᠢᠨ ᠬᠣᠩ ᠢᠦᠶ ᠰᠠᠶ᠋ᠢᠨ ᠳᠤᠷᠠᠴᠤᠳ᠎ᠤᠨ ᠨᠡᠶ᠋ᠢᠭᠡᠮᠯᠢᠭ᠎ᠨᠢ ᠦᠨᠣᠴᠢᠨ ᠦᠷᠣᠭᠡᠰᠤᠨ ᠬᠡᠷ ᠪᠦᠯᠢ ᠵᠢᠨ ᠬᠡᠤᠬᠡᠳ᠂ ᠬᠡᠷ᠎ᠲᠤ᠎ᠪᠠᠨ ᠬᠣᠴᠣᠷᠤᠭᠰᠠᠨ ᠬᠡᠤᠬᠡᠳ ᠵᠢᠴᠢ ᠡᠴᠢᠭᠡ ᠡᠬᠡ᠎ᠨᠢ ᠵᠡᠮᠳᠡᠭ ᠪᠤᠶᠤ ᠵᠡᠮᠳᠡᠭ ᠬᠡᠤᠬᠡᠳ᠎ᠲᠤ ᠨᠡᠶ᠋ᠢᠲᠡ 19200 ᠲᠥᠭᠥᠷᠢᠭ᠎ᠤᠨ ᠥᠷᠲᠡᠭ ᠪᠥᠬᠥᠶ 24 ᠤᠶᠤᠨᠲᠤ ᠮᠠᠰᠢᠨ ᠬᠥᠮᠦᠨ ᠬᠠᠨᠳᠢᠪᠯᠠᠪᠠ᠃


    ᠮᠠᠨᠵᠤᠤᠷ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠦᠮᠤᠵᠢᠯ᠎ᠤᠨ ᠬᠦᠷᠢᠶᠡᠯᠡᠩ᠂ ᠮᠠᠨᠵᠤᠤᠷ ᠬᠣᠲᠠ ᠵᠢᠨ ᠬᠣᠩ ᠢᠦᠶ ᠨᠡᠶ᠋ᠢᠭᠡᠮ᠎ᠤᠨ ᠠᠵᠢᠯᠲᠠᠨ᠎ᠤ ᠦᠢ᠍ᠯᠡᠴᠢᠯᠡᠭᠡᠨ᠎ᠤ ᠲᠥᠪ᠂ ᠮᠠᠨᠵᠤᠤᠷ ᠬᠣᠲᠠ ᠵᠢᠨ ᠬᠣᠩ ᠢᠦᠶ ᠰᠠᠶ᠋ᠢᠨ ᠳᠤᠷᠠᠴᠤᠳ᠎ᠤᠨ ᠨᠡᠶ᠋ᠢᠭᠡᠮᠯᠢᠭ᠂ ᠵᠠᠯᠠᠶ᠋ᠢᠨᠠᠭᠤᠷ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠵᠠᠯᠠᠶ᠋ᠢᠨᠠᠭᠤᠷ ᠲᠣᠭᠣᠷᠢᠭ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠤᠳᠤᠷᠢᠳᠤᠯᠭ᠎ᠠ ᠪᠣᠯᠤᠨ ᠰᠠᠶ᠋ᠢᠨ ᠳᠤᠷᠠᠴᠤᠳ ᠬᠠᠨᠳᠢᠪᠯᠠᠬᠤ ᠠᠵᠢᠯᠯᠠᠭ᠎ᠠ᠎ᠳᠤ ᠣᠷᠣᠯᠴᠠᠵᠠᠶ᠃


    ᠤᠯᠤᠰ᠎ᠤᠨ ᠭᠤᠷᠪᠠᠳᠤᠭ᠋ᠠᠷ ᠳᠡᠰ᠎ᠤᠨ ᠰᠡᠳᠬᠢᠴᠡ ᠵᠢᠨ ᠵᠦᠢ᠍ᠴᠢ ᠪᠣᠯᠤᠭᠰᠠᠨ᠎ᠤ ᠬᠤᠪᠢ᠎ᠳᠤ᠂ ᠮᠠᠨᠵᠤᠤᠷ ᠬᠣᠲᠠ ᠵᠢᠨ ᠬᠣᠩ ᠢᠦᠶ ᠰᠠᠶ᠋ᠢᠨ ᠳᠤᠷᠠᠴᠤᠳ᠎ᠤᠨ ᠨᠡᠶ᠋ᠢᠭᠡᠮᠯᠢᠭ᠎ᠤᠨ ᠳᠠᠷᠤᠭ᠎ᠠ ᠹᠧᠩ ᠴᠧᠩ ᠴᠧᠩ ᠲᠤᠬᠠᠶ ᠵᠢᠨ ᠲᠠᠯᠠᠪᠠᠶ᠎ᠳᠤ ᠲᠠᠢ᠌ᠯᠤᠨ ᠬᠢᠭᠰᠡᠨ ᠪᠦᠭᠡᠳ 《ᠠᠮᠢ ᠨᠠᠰᠤ ᠵᠢ ᠴᠣᠭᠴᠠᠯᠠᠨ ᠪᠠᠶ᠋ᠢᠭᠤᠯᠤᠭᠴᠢ》 《ᠵᠣᠷᠢᠭᠵᠢᠭᠤᠯᠬᠤ ᠸᠢᠳᠢᠣ᠋》 ᠦᠵᠡᠬᠦ᠎ᠪᠠᠷ ᠳᠠᠮᠵᠢᠨ ᠬᠡᠤᠬᠡᠳ᠎ᠲᠤ ᠨᠢᠭᠡ ᠤᠳᠠᠭ᠋ᠠᠨ᠎ᠤ ᠠᠮᠢᠳᠤ ᠴᠣᠪᠣᠭᠣᠯᠢᠭ ᠶᠣᠰᠣ ᠰᠤᠷᠲᠠᠬᠤᠨ᠎ᠤ ᠬᠥᠮᠦᠵᠢᠯ᠎ᠤᠨ ᠬᠢᠴᠢᠶᠡᠯ ᠣᠷᠣᠵᠠᠢ᠃ ᠬᠣᠩ ᠢᠦᠶ ᠵᠢᠨ ᠰᠠᠶ᠋ᠢᠨ   ᠳᠤᠷᠠᠴᠤᠳ ᠬᠡᠤᠬᠡᠳ ᠪᠣᠯᠤᠨ ᠬᠤᠷᠠᠯ᠎ᠳᠤ ᠣᠷᠣᠯᠴᠠᠭᠰᠠᠳ᠎ᠲᠤ ᠳᠣᠬᠢᠶᠠᠨ ᠬᠡᠯᠡᠨ᠎ᠤ ᠪᠥᠵᠢᠭ᠎ᠤᠨ ᠲᠣᠭᠯᠠᠯᠲᠠ 《ᠲᠡᠷᠢᠭᠦᠯᠡᠭᠴᠢ ᠰᠢ ᠵᠢᠨ ᠫᠢᠩ᠎ᠤᠨ ᠰᠤᠷᠭ᠋ᠠᠯ ᠦᠭᠡ》 ᠵᠢ ᠲᠣᠭᠯᠠᠵᠤ᠂ ᠳᠠᠭᠤᠤ ᠪᠠ ᠪᠥᠵᠢᠭ᠎ᠤᠨ ᠳᠤᠮᠳᠠ ᠬᠡᠤᠬᠡᠳ᠎ᠤᠳ ᠲᠠᠯᠠᠷᠬᠠᠯ᠎ᠤᠨ ᠰᠡᠳᠬᠢᠯ ᠵᠶ᠋ᠠᠨ ᠢᠯᠡᠳᠬᠡᠭᠰᠡᠨ ᠪᠠᠢ᠌ᠨ᠎ᠠ᠃
   


ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠵᠠᠰᠠᠭ᠎ᠤᠨ ᠣᠷᠳᠣᠨ ᠬᠣᠲᠠ ᠵᠢᠨ ᠳᠥᠷᠪᠡᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠢ ᠵᠣᠬᠢᠶᠠᠨ ᠪᠠᠶ᠋ᠢᠭᠤᠯᠵᠤ ᠨᠠᠰᠤᠵᠢᠯ᠎ᠤᠨ ᠦᠢ᠍ᠯᠡᠴᠢᠯᠡᠭᠡᠨ᠎ᠤ ᠳᠤᠷᠰᠢᠯᠲᠠ ᠵᠢᠨ ᠠᠵᠢᠯ᠎ᠢ ᠲᠣᠭᠣᠷᠢᠨ ᠪᠠᠢ᠌ᠴᠠᠭ᠋ᠠᠵᠠᠢ
ᠬᠢᠩᠭ᠋ᠠᠨ ᠠᠶ᠋ᠢᠮᠠᠭ᠎ᠤᠨ ᠳᠤᠰᠠᠯᠠᠮᠵᠢ ᠵᠢᠨ ᠬᠠᠮᠢᠶᠠᠷᠤᠯᠲᠠ ᠵᠢᠨ ᠥᠷᠲᠡᠭᠡ 2020 ᠣᠨ᠎ᠤ ᠳᠤᠰᠠᠯᠠᠮᠵᠢ ᠵᠢᠨ ᠪᠠᠢ᠌ᠭᠤᠯᠤᠮᠵᠢ ᠵᠢᠨ 《ᠨᠡᠭᠡᠭᠡᠯᠲᠡ ᠵᠢᠨ ᠡᠳᠦᠷ》᠎ᠤᠨ ᠠᠵᠢᠯᠯᠠᠭ᠎ᠠ ᠡᠷᠭᠢᠯᠡᠪᠡ
ᠮᠠᠨᠵᠤᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠮ᠎ᠤᠨ ᠡᠳᠦᠷ᠎ᠤᠨ ᠭᠣᠤᠯ ᠰᠡᠳᠦᠪᠲᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ ᠎ᠤ ᠠᠵᠢᠯᠯᠠᠭ᠎ᠠ ᠦᠷᠨᠢᠭᠦᠯᠪᠡ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠬᠠᠷᠠᠭ᠎ᠠ ᠣᠷᠣᠭᠤᠯᠬᠤ ᠠᠶᠠᠯᠠᠯ》᠎ᠤᠨ ᠨᠡᠶ᠋ᠢᠭᠡᠮ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠡᠷᠭᠢᠯᠡᠪᠡ
ᠨᠡᠢ᠌ᠬᠡᠮ᠎ᠤᠨ ᠠᠵᠢᠯᠲᠠᠳ᠎ᠤᠨ ᠨᠡᠢ᠌ᠬᠡᠮᠯᠢᠭ ᠨᠠᠰᠤᠲᠠᠳ ᠵᠶ᠋ᠠᠨ ᠬᠦᠨᠳᠤᠯᠡᠬᠦ ᠠᠵᠢᠯᠯᠠᠭ᠎ᠠ ᠦᠷᠨᠢᠭᠦᠯᠪᠡ
 
            