ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠦᠬᠦ ᠤᠯᠤᠰ᠎ᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠭᠰᠡᠨ ᠰᠠᠢ᠌ᠴᠤᠤᠯ᠎ᠢ ᠬᠦᠬᠢᠭᠦᠯᠬᠦ ᠶᠡᠬᠡ ᠬᠤᠷᠠᠯ ᠪᠡᠭᠡᠵᠢᠩ᠎ᠳᠤ ᠦᠪᠡᠳᠡᠭᠰᠢ ᠶᠡᠬᠡ᠎ᠪᠠᠷ ᠶᠠᠪᠤᠭᠳᠠᠪᠠ
ᠨᠡᠶᠢᠲᠡᠯᠡᠭᠰᠡᠨ ᠴᠠᠭ᠄ 2020-09-16

      ᠪᠦᠬᠦ ᠤᠯᠤᠰ᠎ᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠭᠰᠡᠨ ᠬᠦᠬᠢᠭᠦᠯᠤᠨ ᠰᠠᠢ᠌ᠰᠢᠶᠠᠬᠤ ᠶᠡᠬᠡ ᠬᠤᠷᠠᠯ 9 ᠳ᠋ᠤᠭᠡᠷ ᠰᠠᠷ᠎ᠠ ᠵᠢᠨ 8᠎ᠤ ᠡᠳᠤᠷ᠎ᠤᠨ ᠦᠳᠡ ᠵᠢᠨ ᠡᠮᠤᠨ᠎ᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠨᠠᠮ᠎ᠤᠨ ᠲᠦᠪ ᠬᠣᠷᠢᠶᠠᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠤᠯᠤᠰ᠎ᠤᠨ ᠭᠠᠪᠢᠶᠠᠨ ᠲᠡᠮᠲᠡᠭ ᠪᠣᠯᠤᠨ ᠤᠯᠤᠰ᠎ᠤᠨ ᠢᠷᠠᠭᠤ ᠠᠯᠳᠠᠷ᠎ᠤᠨ ᠴᠣᠯᠠ ᠬᠦᠷᠲᠡᠭᠰᠡᠳ᠎ᠲᠤ ᠭᠠᠪᠢᠶᠠᠨ ᠲᠡᠮᠲᠡᠭ ᠱᠠᠩᠨᠠᠯ᠎ᠤᠨ ᠲᠡᠮᠲᠡᠭ ᠣᠯᠭᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠠᠢ᠃ ᠰᠢ ᠵᠢᠨ ᠫᠢᠩ᠂ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠭᠰᠡᠨ ᠲᠡᠮᠡᠴᠡᠯ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠦᠷ᠎ᠡ ᠪᠦᠲᠤᠭᠡᠯ ᠣᠯᠤᠭᠰᠠᠨ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠮᠠᠨ᠎ᠤ ᠤᠯᠤᠰ᠎ᠤᠨ ᠨᠡᠢ᠌ᠬᠡᠮ ᠵᠢᠷᠤᠮ᠎ᠤᠨ ᠪᠠᠢ᠌ᠭᠤᠯᠤᠯ᠎ᠤᠨ ᠢᠯᠡᠳᠲᠡ ᠳᠠᠪᠠᠭᠤᠯᠢᠭ᠎ᠢ ᠭᠦᠢ᠍ᠴᠡᠳ ᠬᠠᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ ᠵᠢᠨ ᠦᠨᠳᠤᠰᠤᠲᠡᠨ᠎ᠤ ᠠᠭᠤᠤ ᠶᠡᠬᠡ ᠬᠦᠴᠤᠨ ᠴᠢᠳᠠᠯ᠎ᠢ ᠭᠦᠢ᠍ᠴᠡᠳ ᠬᠠᠷᠠᠭᠤᠯᠵᠤ᠂ ᠳᠤᠮᠳᠠᠳᠤ ᠵᠢᠨ ᠪᠣᠯᠪᠠᠰᠤᠨ᠎ᠤ ᠭᠦᠨ ᠵᠤᠵᠠᠭ᠋ᠠᠨ ᠲᠣᠲᠤᠭ᠋ᠠᠳᠤ ᠠᠭᠤᠯᠬᠤᠨ᠎ᠢ ᠭᠦᠢ᠍ᠴᠡᠳ ᠬᠠᠷᠠᠭᠤᠯᠵᠤ᠂ ᠳᠤᠮᠳᠠᠳᠤ ᠤᠯᠤᠰ᠎ᠤᠨ ᠬᠠᠷᠢᠭᠤᠴᠠᠯᠭ᠎ᠠ᠎ᠲᠠᠢ ᠲᠣᠮᠣ ᠤᠯᠤᠰ᠎ᠤᠨ ᠤᠬᠠᠮᠰᠠᠷᠲᠤ ᠬᠠᠷᠢᠭᠤᠴᠠᠯᠭ᠎ᠠ ᠡᠭᠦᠷᠭᠡᠯᠡᠯ᠎ᠢ ᠭᠦᠢ᠍ᠴᠡᠳ ᠬᠠᠷᠠᠭᠤᠯᠵᠤ᠂ ᠪᠦᠬᠦ ᠨᠠᠮ ᠪᠦᠬᠦ ᠤᠯᠤᠰ᠎ᠤᠨ ᠦᠨᠳᠤᠰᠤᠲᠡᠨ᠎ᠨᠦᠭᠦᠳ᠎ᠤᠨ ᠠᠷᠠᠳ ᠲᠦᠮᠡᠨ᠎ᠤ ᠢᠲᠡᠭᠡᠯ ᠪᠠ ᠣᠮᠣᠭᠰᠢᠯᠲᠤ ᠰᠡᠳᠬᠢᠯᠭᠡ᠂ ᠨᠢᠭᠲᠠᠷᠠᠯ᠎ᠤᠨ ᠬᠦᠴᠤ ᠪᠠ ᠲᠦᠪᠯᠡᠷᠡᠯ᠎ᠤᠨ ᠬᠦᠴᠤ ᠵᠢ ᠲᠤᠢ᠌ᠯ᠎ᠤᠨ ᠶᠡᠬᠡ᠎ᠪᠠᠷ ᠨᠡᠮᠡᠭᠳᠡᠭᠦᠯᠪᠡ  ᠂ ᠡᠨᠡ᠎ᠨᠢ ᠪᠢᠳᠠᠨ᠎ᠢ ᠰᠢᠨ᠎ᠡ ᠴᠠᠭ ᠦᠶ᠎ᠡ ᠵᠢᠨ ᠰᠢᠨ᠎ᠡ ᠠᠶᠠᠨ᠎ᠳᠤ᠎ᠪᠠᠨ ᠬᠠᠷᠰᠢ ᠰᠠᠭ᠋ᠠᠳ᠎ᠢ ᠢᠯᠠᠨ ᠳᠠᠪᠠᠵᠤ᠂ ᠡᠷᠡᠮᠡᠭᠡᠢ᠌ᠯᠡᠨ ᠤᠷᠤᠭᠰᠢᠯᠠᠬᠤ ᠵᠢ ᠵᠣᠷᠢᠭᠵᠢᠭᠤᠯᠬᠤ᠎ᠨᠢ ᠯᠠᠪᠲᠠᠢ   ᠶᠤᠮ ᠭᠡᠵᠤ ᠴᠢᠬᠤᠯᠠᠴᠢᠯᠠᠪᠠ᠃
      ᠰᠢ ᠵᠢᠨ ᠫᠢᠩ᠂ ᠬᠢᠵᠢᠭ᠎ᠲᠠᠢ ᠲᠡᠮᠡᠴᠡᠭᠰᠡᠨ ᠠᠭᠤᠤ ᠶᠡᠬᠡ ᠵᠣᠷᠢᠭ ᠰᠠᠨᠠᠭ᠎ᠠ᠎ᠨᠢ ᠳᠤᠮᠳᠠᠳᠤ ᠵᠢᠨ ᠦᠨᠳᠤᠰᠤᠲᠡᠨ᠎ᠤ ᠤᠷᠲᠤ ᠬᠤᠭᠤᠴᠠᠭ᠋ᠠᠨ᠎ᠳᠤ ᠪᠦᠷᠢᠯᠳᠤᠭ᠌ᠰᠡᠨ ᠣᠨᠴᠠᠭ᠋ᠠᠢ ᠲᠦᠷᠣᠯᠬᠢ ᠠᠪᠢᠶᠠᠰ ᠪᠣᠯᠤᠨ ᠰᠤᠶᠤᠯ᠎ᠤᠨ ᠤᠳᠤᠮᠰᠢᠯ᠎ᠯᠤᠭ᠎ᠠ ᠤᠳᠤᠮ ᠤᠭᠰᠠᠭ᠎ᠠ ᠨᠢᠭᠡᠲᠠᠢ ᠪᠠᠢ᠌ᠵᠤ᠂ ᠤᠯᠤᠰ ᠵᠶ᠋ᠠᠨ ᠬᠠᠢ᠌ᠷᠠᠯᠠᠬᠤ ᠦᠵᠡᠯ᠂ ᠬᠠᠮᠲᠤᠴᠢ ᠦᠵᠡᠯ᠂ ᠨᠡᠢ᠌ᠬᠡᠮ ᠵᠢᠷᠤᠮ᠎ᠤᠨ ᠵᠣᠷᠢᠭ ᠰᠠᠨᠠᠭ᠋ᠠᠨ᠎ᠤ ᠤᠯᠠᠮᠵᠢᠯᠠᠯ ᠪᠠ ᠬᠦᠭᠵᠢᠭᠦᠯᠤᠯᠲᠠ ᠮᠦᠨ᠂ ᠳᠤᠮᠳᠠᠳᠤ ᠤᠯᠤᠰ᠎ᠤᠨ   ᠵᠣᠷᠢᠭ ᠰᠠᠨᠠᠭ᠋ᠠᠨ᠎ᠤ ᠠᠮᠢᠳᠤᠯᠢᠭ ᠲᠠᠢ᠌ᠯᠪᠤᠷᠢᠯᠠᠯ ᠮᠦᠨ᠂ ᠡᠨᠡ  ᠎ᠨᠢ ᠦᠨᠳᠤᠰᠤᠲᠡᠨ᠎ᠤ ᠵᠣᠷᠢᠭ ᠰᠠᠨᠠᠭ᠎ᠠ ᠪᠣᠯᠤᠨ ᠴᠠᠭ ᠦᠶ᠎ᠡ ᠵᠢᠨ ᠵᠣᠷᠢᠭ ᠰᠠᠨᠠᠭ᠋ᠠᠨ᠎ᠤ ᠳᠣᠲᠣᠭ᠋ᠠᠳᠤ ᠠᠭᠤᠯᠬᠤᠨ᠎ᠢ ᠡᠯᠪᠡᠭᠵᠢᠭᠦᠯᠵᠠᠢ᠃ ᠪᠢᠳᠠ ᠪᠦᠬᠦ ᠨᠡᠢ᠌ᠬᠡᠮ᠎ᠳᠤ ᠬᠢᠵᠢᠭ᠎ᠲᠠᠢ ᠲᠡᠮᠡᠴᠡᠭᠰᠡᠨ ᠠᠭᠤᠤ ᠶᠡᠬᠡ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠡᠭᠦᠨ᠎ᠢ ᠨᠡᠢ᠌ᠬᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠤᠭᠡᠨ ᠪᠠᠢ᠌ᠭᠤᠯᠬᠤ᠂ ᠳᠤᠮᠳᠠᠳᠤ ᠵᠢᠨ ᠦᠨᠳᠤᠰᠤᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠤ ᠵᠢ ᠲᠡᠷᠭᠡᠯᠰᠢᠭᠦᠯᠬᠦ ᠬᠦᠴᠤᠷᠬᠡᠭ ᠶᠡᠬᠡ ᠬᠦᠴᠤᠨ ᠴᠢᠳᠠᠯ ᠪᠣᠯᠭ᠋ᠠᠨ ᠬᠤᠪᠢᠷᠠᠭᠤᠯᠬᠤ ᠬᠡᠷᠡᠭᠲᠠᠢ ᠭᠡᠵᠤ ᠴᠢᠬᠤᠯᠠᠴᠢᠯᠠᠪᠠ᠃


     9 ᠳ᠋ᠤᠭᠡᠷ ᠰᠠᠷ᠎ᠠ ᠵᠢᠨ 8᠎ᠤ ᠡᠳᠤᠷ᠂ ᠪᠦᠬᠦ ᠤᠯᠤᠰ᠎ᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠲᠠᠢ ᠲᠡᠮᠡᠴᠡᠭᠰᠡᠨ ᠬᠦᠬᠢᠭᠦᠯᠤᠨ ᠰᠠᠢ᠌ᠰᠢᠶᠠᠬᠤ ᠶᠡᠬᠡ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠨᠠᠮ᠎ᠤᠨ ᠲᠦᠪ ᠬᠣᠷᠢᠶᠠᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃

ᠢᠷᠡᠯᠲᠡ᠄ ᠦᠪᠤᠷ ᠮᠤᠡᠭᠭᠤᠯ᠎ᠤᠨ ᠡᠳᠤᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠬᠦᠯᠦᠨ ᠪᠣᠶ᠋ᠢᠷ ᠬᠣᠲᠠ 《ᠣᠶᠤᠨᠴᠢ ᠡᠭᠦᠳᠡᠨ ᠫᠠᠶ᠋ᠢᠰᠠ》 ᠵᠢᠨ ᠤᠢ᠌ᠯᠡᠴᠢᠯᠡᠭᠡ ᠵᠢ ᠨᠡᠭᠡᠭᠡᠪᠠ
ᠴᠧᠨ ᠵᠢᠶᠧ ᠬᠢᠩᠭ᠋ᠠᠨ ᠠᠶ᠋ᠢᠮᠠᠭ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠪᠠ
ᠪᠦ᠋ ᠰᠢᠶᠤᠤ ᠯᠢᠨ ᠲᠡᠷᠢᠬᠦᠯᠡᠭᠴᠢ ᠦᠪᠤᠷ ᠮᠤᠡᠭᠭᠤᠯ᠎ᠳᠤ᠎ᠬᠢ ᠹᠦᠵᠢᠶᠠᠨ᠎ᠤ ᠬᠤᠳᠠᠯᠳᠤᠭ᠋ᠠᠴᠢᠳ᠎ᠤᠨ ᠡᠪᠯᠡᠯ ᠎ᠢ ᠲᠤᠭᠤᠷᠢᠨ ᠦᠵᠡᠪᠡ
ᠪᠦᠬᠦ ᠪᠥᠮᠪᠥᠷᠴᠡᠭ᠎ᠤᠨ ᠬᠠᠮᠤᠭ᠎ᠤᠨ ᠶᠡᠬᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠢ᠌ᠯᠤᠮᠵᠢ
 
            