7 ᠳ᠋ᠤᠭ᠋ᠠᠷ ᠰᠠᠷ᠎ᠠ ᠵᠢᠨ 6᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠧᠨ ᠵᠢᠶᠧ ᠨᠡᠷ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠲᠦᠯᠢᠶᠡᠨᠮᠤᠳᠤ ᠪᠠᠯᠭ᠋ᠠᠰᠤᠨ᠎ᠤ ᠲᠠᠢ᠌ᠳᠠᠭ ᠭᠠᠴᠠᠭ᠋ᠠᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠬᠠᠪᠰᠤᠷᠤᠨ ᠲᠡᠳᠬᠦᠬᠦ ᠠᠵᠢᠯ᠎ᠢ ᠵᠢᠭ᠋ᠠᠨ ᠵᠢᠯᠣᠭᠣᠳᠪᠠ᠃ ᠲᠡᠷᠡ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠬᠠᠮᠲᠤ ᠵᠢᠨ ᠠᠵᠤ ᠠᠬᠤᠶ ᠵᠢ ᠠᠯᠬᠤᠮ ᠠᠯᠬᠤᠮ ᠵᠶ᠋ᠠᠷ ᠬᠥᠭᠵᠢᠭᠦᠯᠦᠨ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠡᠭᠦᠷᠭᠡ᠎ᠪᠠᠨ ᠬᠤᠭᠤᠴᠠᠭ᠎ᠠ ᠶᠣᠰᠣᠭ᠋ᠠᠷ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠠᠢ ᠭᠡᠵᠤ ᠱᠠᠭ᠋ᠠᠷᠳᠠᠵᠠᠢ᠃

ᠴᠧᠨ ᠵᠢᠶᠧ ᠨᠡᠷ ᠬᠣᠰᠢᠭᠤ᠂ ᠪᠠᠯᠭ᠋ᠠᠰᠤ᠂ ᠭᠠᠴᠠᠭ᠎ᠠ ᠭᠤᠷᠪᠠᠨ ᠱᠠᠲᠤᠨ᠎ᠤ ᠬᠠᠷᠢᠭᠤᠴᠠᠯᠭ᠋ᠠᠲᠠᠨ᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠵᠢᠨ ᠭᠡᠰᠢᠭᠦᠳ᠎ᠲᠠᠢ ᠶᠠᠷᠢᠯᠴᠠᠭ᠎ᠠ ᠦᠷᠨᠢᠭᠦᠯᠵᠤ᠂ ᠬᠠᠪᠰᠤᠷᠤᠨ ᠲᠡᠳᠬᠦᠬᠦ ᠠᠵᠢᠯ᠎ᠤᠨ ᠪᠠᠢ᠌ᠳᠠᠯ᠂ ᠰᠠᠨᠠᠯ ᠰᠠᠨᠠᠭᠤᠯᠭ᠎ᠠ ᠪᠣᠯᠤᠨ ᠳᠠᠷᠠᠭ᠎ᠠ ᠠᠯᠬᠤᠮ᠎ᠤᠨ ᠠᠵᠢᠯ᠎ᠤᠨ ᠲᠥᠯᠥᠪᠯᠡᠭᠡ ᠵᠢ ᠰᠣᠨᠣᠰᠤᠭᠰᠠᠨ᠎ᠤ ᠳᠠᠷᠠᠭ᠎ᠠ᠂ ᠲᠡᠷᠡ ᠪᠠᠯᠭ᠋ᠠᠰᠤ᠂ ᠭᠠᠴᠠᠭ᠎ᠠ ᠬᠣᠶᠠᠷ ᠱᠠᠲᠤᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ᠎ᠤᠨ ᠣᠯᠤᠭᠰᠠᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠪᠣᠯ ᠨᠢᠭᠡ ᠵᠦᠢ᠍ᠯ᠎ᠤᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ᠂ ᠤᠯᠤᠰ ᠲᠥᠷᠥ ᠵᠢᠨ ᠬᠠᠷᠢᠭᠤᠴᠠᠯᠭ᠎ᠠ ᠮᠥᠨ ᠭᠡᠵᠦ ᠴᠢᠬᠤᠯᠠᠴᠢᠯᠠᠭᠰᠠᠨ ᠪᠠᠢ᠌ᠨ᠎ᠠ᠃
ᠪᠠᠶ᠋ᠢᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂ ᠴᠧᠨ ᠵᠢᠶᠸ ᠨᠠᠷ ᠭᠠᠴᠠᠭ᠋ᠠᠨ᠎ᠤ ᠬᠡᠤᠬᠡᠳ ᠤᠨ ᠴᠡᠴᠡᠷᠯᠢᠭ ᠪᠣᠯᠤᠨ ᠶᠠᠳᠠᠭᠤ ᠬᠦᠴᠢᠷᠳᠡᠯᠲᠡᠢ ᠡᠷᠦᠬᠡ ᠵᠢᠨ ᠭᠡᠷ᠎ᠲᠤ ᠬᠦᠷᠴᠤ ᠲᠣᠬᠣᠨᠢᠭᠤᠯᠵᠠᠢ᠃

ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠴᠡᠩᠬᠡᠯᠲᠤ᠂ ᠬᠢᠩᠭ᠋ᠠᠨ ᠠᠢ᠌ᠮᠠᠭ ᠤᠨ ᠵᠠᠬᠢᠷᠭ᠎ᠠ ᠵᠢᠨ ᠳᠡᠳ᠋ ᠠᠶ᠋ᠢᠮᠠᠭ᠎ᠤᠨ ᠳᠠᠷᠤᠭ᠎ᠠ ᠬᠤᠩ ᠭᠤᠸᠠᠨ᠂ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠪᠠ᠃