ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠦᠯᠦᠨ ᠪᠣᠶ᠋ᠢᠷ ᠬᠣᠲᠠ 《ᠣᠶᠤᠨᠴᠢ ᠡᠭᠦᠳᠡᠨ ᠫᠠᠶ᠋ᠢᠰᠠ》 ᠵᠢᠨ ᠤᠢ᠌ᠯᠡᠴᠢᠯᠡᠭᠡ ᠵᠢ ᠨᠡᠭᠡᠭᠡᠪᠠ
ᠨᠡᠶᠢᠲᠡᠯᠡᠭᠰᠡᠨ ᠴᠠᠭ᠄ 2020-05-27

  (ᠬᠥᠯᠥᠨ ᠪᠣᠶ᠋ᠢᠷ ᠬᠣᠲᠠ ᠵᠢᠨ ᠵᠠᠰᠠᠭ᠎ᠤᠨ ᠣᠷᠳᠣᠨ᠎ᠤ ᠡᠭᠦᠳᠡᠨ ᠡᠮᠦᠨᠡᠬᠢ ᠤᠶᠤᠨᠴᠢ ᠡᠭᠦᠳᠡᠨ ᠫᠠᠶ᠋ᠢᠰᠠ)

    ᠡᠨᠡ ᠵᠢᠯ᠎ᠠᠴᠠ ᠬᠥᠯᠥᠨ ᠪᠣᠶ᠋ᠢᠷ ᠬᠣᠲᠠ ᠵᠢᠨ ᠴᠥᠭᠡᠨ ᠪᠤᠰᠤ ᠪᠠᠷᠢᠯᠭ᠎ᠠ ᠵᠢᠨ ᠭᠠᠳᠠᠷ ᠬᠡᠷᠡᠮ ᠳᠡᠭᠡᠷ᠎ᠡ ᠴᠦ᠋ ᠰᠢᠨ᠎ᠡ ᠡᠭᠦᠳᠡᠨ ᠫᠠᠢ᠌ᠰᠠ ᠡᠯᠭᠦᠭᠳᠡᠵᠤ᠂ ᠠᠢ᠌ᠮᠠᠭ᠎ᠢ ᠬᠣᠲᠠ ᠪᠤᠯᠭ᠋ᠠᠭᠰᠠᠨ 20 ᠵᠢᠯ᠎ᠳᠤ ᠡᠭᠦᠳᠡᠨ ᠫᠠᠶ᠋ᠢᠰᠠ ᠥᠬᠡᠶ ᠬᠠᠴᠢᠨ ᠪᠠᠶ᠋ᠢᠳᠠᠯ᠎ᠢ ᠬᠤᠪᠢᠷᠠᠭᠤᠯᠵᠠᠶ᠃   ᠬᠤᠪᠢᠷᠠᠯᠳᠠ ᠭᠡᠪᠡᠯ᠂ ᠭᠥᠭᠡ ᠦᠩᠭᠡ ᠵᠢᠨ ᠫᠠᠢ᠌ᠰᠠ ᠲᠡᠭᠡᠷ᠎ᠡ ᠴᠠᠭ᠋ᠠᠨ ᠦᠰᠦᠭ ᠪᠤᠢ ᠪᠦᠭᠡᠤᠨ ᠲᠤᠤᠷ᠎ᠠ ᠦᠡᠴᠦᠭ᠎ᠲᠤᠨᠢ ᠵᠢᠵᠢᠭᠭᠡᠨ ᠡᠷᠢᠶᠡᠨ ᠴᠣᠬᠤᠷ᠎ᠲᠠᠢ ᠪᠠᠢ᠌ᠯ᠎ᠠ᠃ ᠭᠠᠷ ᠤᠲᠠᠰᠤ᠎ᠪᠠᠷ ᠰᠢᠷᠪᠢᠳᠡᠭ ᠯᠡ ᠶᠤᠮ ᠪᠣᠯ ᠳᠠᠷᠤᠶ ᠪᠣᠳᠠᠲᠠᠶ ᠬᠠᠶᠢᠭ᠎ᠤᠨ ᠮᠡᠳᠡᠭᠡ ᠵᠠᠩᠬᠢ ᠵᠢ ᠪᠠᠶ᠋ᠢᠴᠠᠭ᠋ᠠᠨ ᠦᠵᠡᠵᠦ ᠪᠣᠯᠤᠨ᠎ᠠ᠃ ᠬᠣᠶ᠋ᠢᠰᠢᠳᠠ ᠦᠷᠭᠦᠯᠵᠢᠯᠡᠨ ᠲᠡᠬᠦᠯᠳᠡᠷᠵᠢᠬᠦᠯᠪᠡᠯ᠂   ᠠᠷᠠᠳ᠎ᠤᠨ ᠠᠮᠢᠳᠤᠷᠠᠯ᠎ᠤᠨ ᠨᠠᠩ ᠣᠯᠠᠨ ᠤᠢ᠌ᠯᠡᠴᠢᠯᠡᠭᠡᠨ᠎ᠤ ᠬᠡᠷᠡᠭᠯᠡᠭᠡᠨ᠎ᠳᠤ ᠵᠠᠯᠭ᠋ᠠᠵᠤ᠂ ᠣᠯᠠᠨ ᠵᠤᠢ᠌ᠯ᠎ᠤᠨ ᠠᠷᠠᠳ᠎ᠲᠤ ᠳᠥᠭᠥᠮ ᠦᠵᠡᠭᠦᠯᠬᠦ   ᠦᠢ᠍ᠯᠡᠴᠢᠯᠡᠭᠡ ᠵᠢ ᠬᠢᠵᠤ ᠪᠤᠯᠤᠨ᠎ᠠ᠃
   2019 ᠣᠨ᠎ᠠᠴᠠ ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠤᠯᠤᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠬᠦᠮᠦᠷᠭᠡ ᠵᠢ ᠡᠮᠬᠢᠯᠡᠨ ᠨᠡᠶ᠋ᠢᠯᠡᠭᠦᠯᠬᠦ᠎ᠪᠠᠷ ᠳᠠᠮᠵᠢᠭᠤᠯᠤᠨ᠂ 14 ᠬᠣᠰᠢᠭᠤ ᠬᠣᠲᠠ ᠲᠣᠭᠣᠷᠢᠭ᠎ᠤᠨ ᠰᠠᠭᠤᠭ᠋ᠠᠯᠢ ᠲᠣᠭᠣᠷᠢᠭ᠂ ᠠᠰᠠᠷ  ᠎ᠤᠨ ᠡᠭᠦᠳᠡᠨ ᠨᠣᠮᠧᠷ᠎ᠢ ᠬᠠᠷᠭᠤᠭᠤᠯᠵᠤ᠂ ᠪᠤᠷᠤᠭᠤ ᠵᠢ᠎ᠨᠢ ᠵᠠᠯᠠᠷᠠᠭᠤᠯᠬᠤ᠂ ᠰᠢᠨ᠎ᠡ᠎ᠪᠠᠷ ᠨᠠᠶ᠋ᠢᠷᠠᠭᠤᠯᠬᠤ᠂ ᠡᠮᠬᠢ ᠵᠢᠷᠤᠮ ᠦᠭᠡᠢ ᠵᠡᠷᠭᠡ ᠠᠰᠠᠭᠤᠳᠠᠯ᠎ᠢ ᠪᠦᠲᠦᠮᠵᠢᠲᠡᠶ ᠰᠢᠢ᠍ᠤᠡᠪᠤᠷᠢᠯᠡᠵᠤ᠂ ᠪᠦᠬᠦ ᠲᠠᠯ᠎ᠠ᠎ᠪᠠᠷ ᠨᠢᠭᠡᠤᠡᠭᠡᠨ ᠵᠢᠷᠤᠮᠵᠢᠭᠤᠯᠵᠤ᠂ ᠬᠠᠶᠢᠭ ᠮᠡᠳᠡᠭᠡ ᠵᠢ ᠪᠦᠷᠢᠨ ᠪᠦᠲᠦᠨ᠂ ᠣᠨᠣᠪᠴᠢᠲᠠᠶ   ᠪᠤᠯᠭ᠋ᠠᠵᠠᠢ᠃

 

(ᠵᠠᠯᠠᠨ ᠠᠶ᠋ᠢᠯ ᠬᠣᠲᠠ ᠵᠢᠨ ᠪᠠᠶ᠋ᠢᠴᠠᠭ᠋ᠠᠬᠤ ᠬᠣᠷᠢᠶᠠᠨ᠎ᠤ ᠡᠭᠦᠳᠡᠨ ᠡᠮᠦᠨᠡᠬᠢ ᠤᠶᠤᠨᠴᠢ ᠡᠭᠦᠳᠡᠨ ᠫᠠᠶ᠋ᠢᠰᠠ)

    ᠣᠳᠣ ᠬᠥᠯᠥᠨ ᠪᠣᠶ᠋ᠢᠷ ᠬᠣᠲᠠ ᠵᠢᠨ ᠡᠷᠢᠶᠡᠨ ᠴᠣᠬᠤᠷ ᠤᠶᠤᠨᠴᠢ ᠡᠭᠦᠳᠡᠨ ᠫᠠᠶ᠋ᠢᠰᠠ ᠵᠢ ᠨᠢᠭᠡᠨᠲᠡ 14 ᠬᠣᠰᠢᠭᠤ ᠬᠣᠲᠠ ᠲᠣᠭᠣᠷᠢᠭ᠂ 106 ᠰᠢᠶᠠᠩ ᠪᠠᠯᠭ᠋ᠠᠰᠤ᠂ 36 ᠵᠡᠭᠡᠯᠢ ᠭᠤᠳᠤᠮᠵᠢ᠂ 327 ᠨᠡᠶ᠋ᠢᠭᠡᠮ ᠲᠣᠭᠣᠷᠢᠭ᠂ 795 ᠭᠠᠴᠠᠭ᠎ᠠ (ᠲᠣᠰᠬᠣᠨ) ᠣᠭᠰᠠᠷᠠᠭᠤᠯᠤᠭᠰᠠᠨ ᠪᠠᠢ᠌ᠨ᠎ᠠ᠃ ᠵᠢᠱ᠌ᠢᠯᠲᠡ᠎ᠪᠠᠷ 2020 ᠣᠨ᠎ᠤ ᠡᠴᠦᠰ ᠪᠤᠯᠳᠠᠯ᠎ᠠ ᠪᠥᠬᠥ ᠬᠣᠲᠠ᠎ᠳᠤ 1600 ᠲᠦᠮᠡᠨ ᠲᠥᠭᠥᠷᠢᠭ᠎ᠤᠨ ᠪᠠᠯᠠ ᠮᠥᠩᠭᠥ ᠣᠷᠣᠭᠤᠯᠵᠤ᠂ 28 ᠲᠦᠮᠡᠨ ᠲᠥᠭᠥᠷᠢᠭ᠎ᠤᠨ ᠡᠷᠢᠶᠡᠨ ᠴᠣᠬᠤᠷ ᠤᠶᠤᠨᠴᠢ ᠡᠭᠦᠳᠡᠨ ᠫᠠᠶ᠋ᠢᠰᠠ ᠤᠭᠰᠠᠷᠠᠭᠤᠯᠬᠤ᠎ᠪᠠᠷ ᠪᠣᠶ᠃ ᠣᠲᠣ ᠨᠢᠭᠡᠨᠲᠡ ᠡᠷᠢᠶᠡᠨ ᠴᠣᠬᠤᠷ ᠤᠶᠤᠨᠴᠢ ᠡᠭᠦᠳᠡᠨ ᠫᠠᠶ᠋ᠢᠰᠠ ᠵᠢ 103572 ᠤᠭᠰᠠᠷᠠᠵᠤ   ᠪᠠᠷᠠᠭ᠋ᠠᠤᠨ᠂ 506 ᠲᠦᠮᠡᠨ ᠲᠥᠭᠥᠷᠢᠭ᠎ᠤᠨ ᠪᠠᠯᠠ ᠮᠥᠩᠭᠥ ᠬᠡᠷᠡᠭᠯᠡᠭᠰᠡᠨ ᠪᠠᠢ᠌ᠨ᠎ᠠ᠃

  (ᠠᠵᠢᠯᠲᠠᠳ ᠤᠶᠤᠠᠴᠢ ᠡᠭᠦᠳᠡᠨ ᠫᠠᠶ᠋ᠢᠰᠠ ᠤᠭᠰᠠᠷᠠᠵᠤ ᠪᠠᠶ᠋ᠢᠨ᠎ᠠ)

    ᠳᠠᠷᠠᠭ᠋ᠠᠴᠢ᠎ᠪᠠᠷ ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ   ᠬᠣᠲᠠ ᠵᠢᠨ ᠠᠷᠠᠳ᠎ᠲᠤ ᠨᠠᠩ ᠨᠠᠷᠢᠯᠢᠭ᠂ ᠳᠣᠲᠣᠨᠣ᠂ ᠳᠥᠭᠥᠮ ᠳᠥᠲᠡ ᠦᠢ᠍ᠯᠡᠴᠢᠯᠡᠭᠡ ᠬᠠᠩᠭ᠋ᠠᠬᠤ ᠪᠤᠯᠤᠨ᠎ᠠ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠴᠧᠨ ᠵᠢᠶᠧ ᠬᠢᠩᠭ᠋ᠠᠨ ᠠᠶ᠋ᠢᠮᠠᠭ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠪᠠ
ᠪᠦ᠋ ᠰᠢᠶᠤᠤ ᠯᠢᠨ ᠲᠡᠷᠢᠬᠦᠯᠡᠭᠴᠢ ᠦᠪᠤᠷ ᠮᠤᠡᠭᠭᠤᠯ᠎ᠳᠤ᠎ᠬᠢ ᠹᠦᠵᠢᠶᠠᠨ᠎ᠤ ᠬᠤᠳᠠᠯᠳᠤᠭ᠋ᠠᠴᠢᠳ᠎ᠤᠨ ᠡᠪᠯᠡᠯ ᠎ᠢ ᠲᠤᠭᠤᠷᠢᠨ ᠦᠵᠡᠪᠡ
ᠪᠦᠬᠦ ᠪᠥᠮᠪᠥᠷᠴᠡᠭ᠎ᠤᠨ ᠬᠠᠮᠤᠭ᠎ᠤᠨ ᠶᠡᠬᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠢ᠌ᠯᠤᠮᠵᠢ
ᠨᠠᠮ᠎ᠤᠨ ᠠᠷᠪᠠ ᠶᠢᠰᠤᠳᠤᠬᠡᠷ ᠬᠤᠭᠤᠴᠠᠭ᠋ᠠᠨ᠎ᠤ ᠲᠠᠪᠤᠳᠤᠭ᠋ᠠᠷ ᠪᠦᠬᠦᠳᠡ ᠬᠤᠷᠠᠯᠳᠤᠭ᠋ᠠᠨ᠎ᠤ ᠵᠤᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠬᠤ ᠪᠦᠯᠬᠦᠮ ᠦᠪᠤᠷ ᠮᠤᠡᠭᠭᠤᠯ᠎ᠳᠤ ᠢᠷᠡᠯ᠎ᠡ
 
            