11 ᠳ᠋ᠤᠬᠡᠷ ᠰᠠᠷ᠎ᠠ ᠵᠢᠨ 10ᠤ ᠡᠳᠤᠷ ᠤᠨ ᠦᠳᠡ ᠵᠢᠨ ᠡᠮᠦᠨ᠎ᠡ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠠᠷᠠᠳᠤᠨ ᠵᠠᠰᠠᠭᠤᠨ ᠤᠷᠳᠤᠨᠤ ᠲᠡᠷᠢᠬᠦᠯᠡᠭᠴᠢ ᠪᠦ᠋ ᠰᠢᠶᠤᠤ ᠯᠢᠨ ᠦᠪᠤᠷ
ᠮᠤᠡᠭᠭᠤᠯ ᠳᠤᠬᠢ ᠹᠦᠵᠢᠶᠠᠨ ᠤ ᠬᠤᠳᠠᠯᠳᠤᠭ᠋ᠠᠴᠢᠳᠤᠨ ᠡᠪᠯᠡᠯ ᠢ ᠲᠤᠭᠤᠷᠢᠨ ᠦᠵᠡᠬᠦ ᠳᠤ ᠪᠠᠨ ᠠᠷᠠᠳ ᠠᠴᠠ ᠡᠵᠡᠡᠭᠨᠡᠭᠰᠡᠨ ᠠᠵᠤ ᠠᠬᠤᠢ ᠵᠢ ᠬᠦᠭᠵᠢᠬᠦᠯᠬᠦ ᠲᠦᠷᠤ ᠵᠢᠨ ᠪᠤᠳᠤᠯᠭ᠎ᠠ ᠵᠢ ᠬᠡᠷᠡᠭᠵᠢᠬᠦᠯᠵᠤ ᠪᠠᠢ᠌ᠭ᠎ᠠ ᠪᠠᠢ᠌ᠳᠠᠯᠢ ᠤᠢ᠌ᠯᠠᠭ᠋ᠠᠬᠰᠠᠨ ᠪᠦᠬᠡᠳ ᠦᠪᠡᠷᠳᠡᠬᠡᠨ ᠵᠠᠰᠠᠬᠤ ᠤᠷᠤᠨ ᠤ 《ᠠᠷᠪᠠᠨ ᠲᠦᠷᠪᠡᠳᠤᠬᠡᠷ ᠲᠠᠪᠤᠨ ᠵᠢᠯ》 ᠤᠨ ᠬᠦᠭᠵᠢᠬᠦᠯᠦᠯᠳᠡ ᠵᠢᠨ ᠲᠦᠯᠦᠪᠵᠢᠬᠦᠯᠬᠡ ᠵᠢᠨ ᠲᠤᠬᠠᠢ ᠰᠠᠨᠠᠭᠤᠯᠭ᠎ᠠ ᠵᠢ ᠰᠣᠨᠤᠰᠪᠠ᠃

ᠪᠦ᠋ ᠰᠢᠶᠤᠤ ᠯᠢᠨ ᠲᠡᠷᠢᠬᠦᠯᠡᠭᠴᠢ ᠹᠦᠵᠢᠶᠠᠨ ᠤ ᠬᠤᠳᠠᠯᠳᠤᠭ᠋ᠠᠴᠢᠳ ᠤᠨ ᠡᠪᠯᠡᠯ ᠤᠨ ᠬᠡᠰᠡᠭ ᠬᠡᠰᠢᠬᠦᠨ ᠠᠵᠤ ᠠᠬᠤᠢ᠌ᠯᠠᠯ ᠳᠤ ᠬᠦᠷᠴᠤ ᠠᠵᠤ ᠠᠬᠤᠢ᠌ᠯᠠᠯ ᠤᠨ ᠬᠦᠭᠵᠢᠯᠳᠡ ᠵᠢᠨ ᠪᠠᠢ᠌ᠳᠠᠯ ᠢ ᠤᠢ᠌ᠯᠠᠭ᠋ᠠᠬᠤ ᠵᠢᠨ ᠬᠠᠮᠳᠤ ᠹᠦᠵᠢᠶᠠᠨ ᠤ ᠬᠤᠳᠠᠯᠳᠤᠭ᠋ᠠᠴᠢᠨ ᠤ ᠡᠪᠯᠡᠯ ᠤᠨ ᠬᠡᠷᠡᠭ ᠡᠷᠬᠢᠯᠡᠭᠴᠢᠳᠲᠠᠢ ᠬᠤᠷᠠᠯᠳᠤᠨ ᠶᠠᠷᠢᠯᠴᠠᠵᠤ᠂ ᠤᠯᠤᠰ ᠤᠨ ᠰᠢᠨ᠎ᠡ ᠨᠢᠬᠡ ᠡᠬᠡᠯᠵᠢ ᠵᠢᠨ ᠬᠦᠭᠵᠢᠬᠦᠯᠤᠯᠳᠠ ᠵᠢᠨ ᠲᠤᠬᠢᠶᠠᠯ ᠢ ᠠᠰᠢᠬᠯᠠᠨ ᠨᠠᠮ ᠤᠨ ᠲᠦᠪ ᠬᠤᠷᠢᠶᠠᠨ ᠤ 《ᠠᠷᠪᠠᠨ ᠲᠦᠷᠪᠡᠳᠤᠬᠡᠷ ᠲᠠᠪᠤᠨ ᠵᠢᠯ》 ᠤᠨ ᠬᠦᠭᠵᠢᠬᠦᠯᠦᠯᠳᠡ ᠵᠢᠨ ᠲᠦᠯᠦᠪᠵᠢᠬᠦᠯᠬᠡ ᠵᠢ ᠢᠳᠡᠪᠬᠢᠳᠡᠢ ᠲᠤᠭᠤᠰᠢᠯᠠᠭᠤᠯᠤᠨ᠂ ᠹᠦᠵᠢᠶᠠᠨ ᠤ ᠬᠤᠳᠠᠯᠳᠤᠭ᠋ᠠᠴᠢᠳ ᠤᠨ ᠵᠤᠷᠢᠭ ᠰᠠᠨᠠᠭ᠎ᠠ ᠵᠢ ᠪᠠᠳᠠᠷᠠᠭᠤᠯᠤᠨ᠂ ᠤᠷᠢᠳᠤᠬᠢ ᠵᠢ ᠵᠠᠯᠭ᠋ᠠᠮᠵᠢᠯᠠᠨ ᠢᠷᠡᠬᠡᠳᠤᠢ ᠵᠢ ᠨᠡᠬᠡᠬᠡᠵᠤ᠂ ᠡᠷᠡᠯᠭᠡᠭᠯᠡᠨ ᠤᠷᠤᠬᠰᠢᠯᠠᠵᠤ᠂ ᠰᠢᠨ᠎ᠡ ᠬᠢᠷᠢ ᠪᠦᠳᠦᠮᠵᠢ ᠵᠢ ᠲᠠᠬᠢᠨᠳᠠ ᠡᠬᠦᠳᠤᠬᠡᠷᠡᠢ ᠭᠡᠵᠤ ᠵᠤᠷᠢᠬ᠍ᠵᠢᠭᠤᠯᠤᠬᠰᠠᠨ ᠪᠠᠢ᠌ᠨ᠎ᠠ᠃


