ᠳᠥᠷᠪᠡᠳᠦᠭᠡᠷ ᠤᠳᠠᠭ᠋ᠠᠨ᠎ᠤ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠤᠨ ᠤᠳᠤᠷᠢᠳᠬᠤ ᠬᠥᠮᠦᠰ᠎ᠤᠨ ᠬᠤᠷᠠᠯ 11 ᠳ᠋ᠦ᠍ᠭᠡᠷ ᠰᠠᠷ᠎ᠠ ᠵᠢᠨ 15᠎ᠤ ᠡᠳᠦᠷ ᠬᠤᠷᠠᠯᠳᠤᠵᠤ᠂ ᠵᠡᠭᠦᠨ ᠡᠮᠦᠨᠡᠲᠦ ᠠᠽᠢᠶ᠎ᠠ ᠵᠢᠨ ᠬᠣᠯᠪᠣᠭ᠋ᠠᠨ᠎ᠤ ᠠᠷᠪᠠᠨ ᠤᠯᠤᠰ ᠵᠢᠴᠢ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 15 ᠤᠯᠤᠰ᠂ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ (RCEP)᠎ᠲᠤ ᠵᠢᠩᠬᠢᠨᠢ᠎ᠪᠠᠷ ᠭᠠᠷᠤᠨ ᠦᠰᠦᠭ ᠵᠢᠷᠤᠭᠰᠠᠨ᠎ᠨᠢ ᠪᠦᠬᠦ ᠪᠥᠮᠪᠥᠷᠴᠡᠭ᠎ᠤᠨ ᠬᠡᠪᠴᠢᠶ᠎ᠡ᠎ᠪᠠᠷ ᠬᠠᠮᠤᠭ᠎ᠤᠨ ᠶᠡᠬᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠭᠰᠠᠨ᠎ᠢ ᠬᠠᠷᠠᠭᠤᠯᠵᠤ ᠪᠠᠶ᠋ᠢᠨ᠎ᠠ᠃ RCEP᠎ᠲᠤ ᠭᠠᠷᠤᠨ ᠦᠰᠦᠭ ᠵᠢᠷᠤᠭᠰᠠᠨ᠎ᠨᠢ ᠭᠠᠵᠠᠷ ᠣᠷᠣᠨ᠎ᠤ ᠤᠯᠤᠰ᠎ᠤᠳ ᠪᠣᠳᠠᠲᠤ ᠠᠵᠢᠯᠯᠠᠭ᠎ᠠ᠎ᠪᠠᠷ ᠵᠶ᠋ᠠᠨ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠯ᠎ᠢ ᠬᠠᠮᠠᠭ᠋ᠠᠯᠠᠵᠤ᠂ ᠨᠡᠭᠡᠭᠡᠯᠲᠡᠲᠦ ᠬᠡᠯᠪᠡᠷᠢ ᠵᠢᠨ ᠳᠡᠯᠡᠬᠡᠶ ᠵᠢᠨ ᠠᠵᠤ ᠠᠬᠤᠶ ᠵᠢ ᠪᠦᠳᠦᠭᠡᠨ ᠪᠠᠶ᠋ᠢᠭᠤᠯᠬᠤ ᠴᠢᠬᠤᠯᠠ ᠨᠢᠭᠡ ᠠᠯᠬᠤᠮ ᠮᠥᠨ᠂ ᠲᠡᠷᠡ᠎ᠨᠢ ᠣᠷᠣᠨ ᠪᠦᠰᠡ ᠵᠢᠨ ᠠᠵᠤ ᠠᠬᠤᠶ ᠵᠢᠨ ᠨᠢᠭᠡ ᠴᠤᠭᠴᠠᠵᠢᠯᠲᠠ ᠵᠢ ᠭᠦᠨᠵᠡᠭᠡᠶ᠋ᠢᠷᠡᠭᠦᠯᠬᠦ᠂ ᠪᠦᠬᠦ ᠪᠥᠮᠪᠥᠷᠴᠡᠭ᠎ᠤᠨ ᠠᠵᠤ ᠠᠬᠤᠶ ᠵᠢ ᠲᠣᠭᠲᠠᠪᠤᠷᠢᠵᠢᠭᠤᠯᠬᠤ᠎ᠳᠤ ᠪᠡᠯᠭᠡ ᠲᠡᠮᠳᠡᠭ᠎ᠤᠨ ᠴᠢᠨᠠᠷᠲᠠᠶ ᠠᠴᠢ ᠬᠣᠯᠪᠣᠭᠳᠠᠯ᠎ᠲᠠᠢ ᠶᠤᠮ᠃

ᠬᠡᠯᠡᠯᠴᠡᠭᠡᠷ᠎ᠨᠢ 8 ᠵᠢᠯ ᠦᠷᠭᠦᠯᠵᠢᠯᠡᠪᠡ
ᠬᠡᠯᠡᠯᠴᠡᠭᠡᠷ᠎ᠢ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠢᠨ 10 ᠤᠯᠤᠰ᠎ᠠᠴᠠ ᠰᠠᠨᠠᠭ᠋ᠠᠴᠢᠯᠠᠵᠤ᠂ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋᠂ ᠡᠨᠡᠳᠬᠡᠭ ᠵᠡᠷᠭᠡ 6 ᠶᠠᠷᠢᠯᠴᠠᠭ᠋ᠠᠨ᠎ᠤ ᠬᠠᠨᠢᠲᠠᠨ ᠤᠯᠤᠰ᠎ᠢ ᠣᠷᠣᠯᠴᠠᠭᠤᠯᠬᠤ᠎ᠪᠠᠷ ᠤᠷᠢᠵᠤ᠂ ᠪᠣᠭᠣᠮᠲᠠ ᠵᠢᠨ ᠭᠠᠶ᠋ᠢᠯᠢ ᠵᠢᠴᠢ ᠪᠣᠭᠣᠮᠲᠠ ᠵᠢᠨ ᠭᠠᠶ᠋ᠢᠯᠢ ᠵᠢᠨ ᠪᠤᠰᠤ ᠬᠣᠷᠢᠭ᠎ᠠ ᠵᠢ ᠪᠠᠭ᠋ᠠᠰᠬᠠᠵᠦ᠂ 16 ᠤᠯᠤᠰ᠎ᠤᠨ ᠨᠢᠭᠡᠳᠦᠯᠲᠡᠶ ᠵᠠᠬ᠎ᠠ ᠳᠡᠯᠭᠡᠭᠦᠷ᠎ᠤᠨ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠎ᠢ ᠪᠠᠢ᠌ᠭᠤᠯᠬᠤ᠎ᠪᠠᠷ ᠵᠣᠷᠢᠯᠭ᠎ᠠ᠎ᠪᠠᠨ ᠪᠣᠯᠭ᠋ᠠᠪᠠ᠃
ᠬᠡᠯᠡᠯᠴᠡᠭᠡᠷ᠎ᠨᠢ 2012 ᠣᠨ᠎ᠤ 11 ᠳ᠋ᠦ᠍ᠭᠡᠷ ᠰᠠᠷ᠎ᠠ᠎ᠳᠤ ᠵᠢᠩᠬᠢᠨᠢ᠎ᠪᠠᠷ ᠡᠬᠢᠯᠡᠵᠦ᠂ ᠳᠤᠮᠳᠠ ᠵᠢᠵᠢᠭ ᠠᠵᠤ ᠠᠬᠤᠶ᠋ᠢᠯᠠᠯ᠂ ᠪᠡᠯᠡ ᠣᠷᠤᠭᠤᠯᠤᠯᠲᠠ᠂ ᠠᠵᠤ ᠠᠬᠤᠶ ᠮᠡᠷᠭᠡᠵᠢᠯ᠎ᠤᠨ ᠬᠠᠮᠲᠤᠷᠠᠯᠴᠠᠭ᠎ᠠ᠂ ᠡᠳ᠋ ᠪᠠᠷᠠᠭ᠎ᠠ ᠪᠣᠯᠣᠨ ᠦᠢ᠍ᠯᠡᠴᠢᠯᠡᠭᠡᠨ᠎ᠤ ᠠᠷᠠᠯᠵᠢᠶ᠎ᠠ ᠵᠡᠷᠭᠡ 10 ᠰᠢᠬᠠᠮ ᠬᠦᠷᠢᠶ᠎ᠡ ᠴᠠᠷᠠᠭ᠋ᠠᠨ᠎ᠳᠤ ᠬᠣᠯᠪᠣᠭᠳᠠᠵᠠᠢ᠃ 2019 ᠣᠨ᠎ᠤ 11 ᠳ᠋ᠦ᠍ᠭᠡᠷ ᠰᠠᠷ᠎ᠠ ᠵᠢᠨ 4᠎ᠤ ᠡᠳᠦᠷ᠂ ᠭᠤᠷᠪᠠᠳᠤᠭ᠋ᠠᠷ ᠤᠳᠠᠭ᠋ᠠᠨ᠎ᠤ 《ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠋ᠠᠨ᠎ᠤ ᠬᠡᠯᠡᠯᠴᠡᠭᠡᠷ》᠎ᠤᠨ ᠤᠳᠤᠷᠢᠳᠬᠤ ᠬᠥᠮᠦᠰ᠎ᠤᠨ ᠬᠤᠷᠠᠯ᠎ᠠᠴᠠ ᠬᠠᠮᠲᠤᠷᠠᠭᠰᠠᠨ ᠢᠯᠡᠷᠬᠡᠶ᠋ᠢᠯᠡᠯᠲᠡ ᠨᠡᠶ᠋ᠢᠲᠡᠯᠡᠵᠦ᠂ 15 ᠪᠦᠷᠢᠯᠳᠦᠬᠦᠨ ᠤᠯᠤᠰ ᠪᠦᠬᠦ ᠲᠣᠪᠬᠢᠮᠠᠯ᠎ᠤᠨ ᠬᠡᠯᠡᠯᠴᠡᠭᠡ ᠵᠢᠴᠢ ᠮᠥᠨ ᠴᠢᠨᠠᠷ ᠳᠡᠭᠡᠷᠡᠬᠢ ᠪᠤᠶ ᠪᠦᠬᠦᠢ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠬᠡᠯᠡᠯᠴᠡᠭᠡ᠎ᠪᠠᠨ ᠳᠠᠭᠤᠰᠬᠠᠵᠤ᠂ ᠬᠠᠤᠯᠢ ᠴᠠᠭ᠋ᠠᠵᠠ ᠵᠢᠨ ᠪᠢᠴᠢᠭ ᠮᠠᠲ᠋ᠧᠷᠢᠶᠠᠯ᠎ᠢ ᠬᠢᠨᠠᠨ ᠬᠠᠷᠭᠤᠭᠤᠯᠬᠤ ᠠᠵᠢᠯ ᠵᠶ᠋ᠡᠨ ᠡᠬᠢᠯᠡᠭᠦᠯᠪᠡ᠂ ᠡᠨᠡᠳᠬᠡᠭ 《ᠴᠢᠬᠤᠯᠠ ᠠᠰᠠᠭᠤᠳᠠᠯ ᠬᠠᠷᠠᠬᠠᠨ ᠰᠢᠢ᠍ᠳᠪᠦᠷᠢᠯᠡᠭᠳᠡᠭᠡ ᠥᠬᠡᠶ》 ᠭᠡᠳ ᠲᠦᠷ ᠴᠠᠭ ᠬᠡᠯᠡᠯᠴᠡᠭᠡᠷ᠎ᠲᠤ ᠤᠷᠤᠭᠰᠠᠨ ᠥᠬᠡᠶ᠃
ᠬᠡᠪᠴᠢᠶ᠎ᠡ᠎ᠨᠢ ᠪᠦᠬᠦ ᠳᠡᠯᠡᠬᠡᠢ᠎ᠳᠤ ᠬᠠᠮᠤᠭ ᠶᠡᠬᠡ
2018 ᠣᠨ ᠪᠣᠯᠲᠠᠯᠠᠬᠢ ᠪᠦᠷᠢᠳᠬᠡᠯ᠎ᠤᠨ ᠲᠣᠭ᠎ᠠ ᠪᠠᠷᠢᠮᠲᠠ᠎ᠠᠴᠠ ᠦᠵᠡᠪᠡᠯ᠂ ᠬᠡᠯᠡᠯᠴᠡᠭᠡᠷ᠎ᠤᠨ 15 ᠪᠦᠷᠢᠯᠳᠦᠬᠦᠨ ᠤᠯᠤᠰ᠎ᠨᠢ ᠪᠦᠬᠦ ᠪᠥᠮᠪᠥᠷᠴᠡᠭ᠎ᠤᠨ ᠪᠠᠷᠤᠭ 23 ᠳ᠋ᠦᠩᠰᠢᠭᠤᠷ ᠬᠥᠮᠦᠨ ᠠᠮᠠ ᠵᠢ ᠬᠠᠮᠤᠷᠴᠤ᠂ ᠪᠦᠬᠦ ᠪᠥᠮᠪᠥᠷᠴᠡᠭ᠎ᠤᠨ ᠬᠥᠮᠦᠨ ᠠᠮᠠ ᠵᠢᠨ 30% ᠵᠢ ᠡᠵᠡᠯᠡᠵᠡᠢ; GDP ᠵᠢᠨ ᠨᠡᠶ᠋ᠢᠯᠡᠪᠦᠷᠢ᠎ᠨᠢ 25 ᠲᠦᠮᠡᠨ ᠳ᠋ᠦᠩᠰᠢᠭᠤᠷ ᠳ᠋ᠣᠯᠯᠠᠷ᠎ᠢ ᠳᠠᠪᠠᠵᠤ᠂ ᠪᠠᠭᠲᠠᠵᠤ ᠪᠠᠢ᠌ᠭ᠎ᠠ ᠣᠷᠣᠨ ᠪᠦᠰᠡ᠎ᠨᠢ ᠳᠡᠯᠡᠬᠡᠢ ᠵᠢᠨ ᠬᠠᠮᠤᠭ᠎ᠤᠨ ᠶᠡᠬᠡ ᠴᠢᠯᠥᠭᠡᠲᠦ ᠠᠷᠠᠯᠵᠢᠶᠠᠨ᠎ᠤ ᠣᠷᠣᠨ ᠪᠣᠯᠣᠭᠰᠠᠨ ᠪᠠᠢ᠌ᠨ᠎ᠠ᠃
ᠣᠯᠠᠨ ᠵᠦᠢ᠍ᠯ᠎ᠤᠨ ᠰᠢᠨ᠎ᠡ ᠠᠷᠠᠯᠵᠢᠶᠠᠨ᠎ᠤ ᠬᠡᠯᠪᠡᠷᠢ ᠵᠢ ᠣᠷᠤᠭᠤᠯᠪᠠ
ᠬᠡᠯᠡᠯᠴᠡᠭᠡᠷ᠎ᠨᠢ ᠪᠦᠬᠦ ᠪᠥᠮᠪᠥᠷᠴᠡᠭ᠎ᠤᠨ ᠠᠷᠠᠯᠵᠢᠶᠠᠨ᠎ᠤ ᠬᠥᠭᠵᠢᠯᠲᠡ ᠵᠢᠨ ᠬᠠᠨᠳᠤᠰᠢ ᠵᠢ ᠴᠢᠩᠭ᠎ᠠ ᠮᠥᠷᠳᠡᠵᠦ᠂ ᠮᠠᠰᠢ ᠣᠯᠠᠨ ᠰᠢᠨ᠎ᠡ ᠠᠷᠠᠯᠵᠢᠶᠠᠨ᠎ᠤ ᠬᠡᠯᠪᠡᠷᠢ ᠵᠢ ᠣᠷᠤᠭᠤᠯᠵᠠᠢ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠪᠣᠯ ᠳᠠᠷᠤᠶ ᠲᠡᠭᠦᠨ᠎ᠤ ᠳᠣᠲᠣᠷᠠᠬᠢ ᠨᠢᠭᠡ᠎ᠨᠢ ᠪᠣᠯᠤᠨ᠎ᠠ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠠᠴᠠ ᠭᠠᠳᠠᠨ᠎ᠠ᠂ ᠬᠡᠯᠡᠯᠴᠡᠭᠡᠷ᠎ᠲᠤ ᠪᠠᠰᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠥᠷᠢᠰᠥᠯᠳᠦᠭᠡᠨ᠎ᠤ ᠲᠦᠷᠦ ᠵᠢᠨ ᠪᠣᠳᠣᠯᠭ᠎ᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠤᠮᠳᠠ ᠵᠢᠵᠢᠭ ᠠᠵᠤ ᠠᠬᠤᠶ᠋ᠢᠯᠠᠯ ᠵᠡᠷᠭᠡ ᠠᠭᠤᠯᠭ᠎ᠠ ᠵᠢ ᠪᠠᠭᠲᠠᠭ᠋ᠠᠵᠤ᠂ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠢᠨ ᠲᠣᠭᠲᠠᠭ᠋ᠠᠭᠰᠠᠨ ᠬᠡᠪᠴᠢᠶᠡᠨ᠎ᠠᠴᠠ ᠳᠠᠪᠠᠵᠠᠶ᠃