ᠵᠠᠰᠠᠭ ᠵᠠᠬᠢᠷᠭ᠋ᠠᠨ᠎ᠤ ᠣᠷᠣᠨ ᠨᠤᠲᠤᠭ᠎ᠤᠨ ᠬᠤᠪᠢᠶᠠᠷᠢᠯᠠᠯ᠎ᠢ ᠬᠤᠪᠢᠷᠠᠭᠤᠯᠬᠤ ᠳᠤᠬᠠᠢ ᠬᠣᠯᠪᠣᠭᠳᠠᠯ ᠪᠦᠬᠦᠢ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠴᠣᠬᠣᠯᠠᠪᠤᠷᠢᠯᠠᠯ ᠤᠨ ᠱᠠᠭ᠋ᠠᠷᠳᠠᠯᠭ᠎ᠠ᠎ᠪᠠᠷ ᠠᠷᠠᠳ ᠤᠨ ᠶᠠᠪᠤᠳᠠᠯ ᠤᠨ ᠲᠢᠩᠬᠢᠮ ᠤᠨ ᠬᠣᠶᠠᠳᠤᠭ᠋ᠠᠷ ᠳᠡᠰ ᠤᠨ ᠲᠣᠭᠣᠷᠢᠨ ᠪᠠᠢ᠌ᠴᠠᠭ᠋ᠠᠭᠴᠢ ᠴᠡᠩᠭᠡᠯᠳᠦ ᠪᠠᠢ᠌ᠴᠠᠭ᠋ᠠᠨ ᠰᠤᠳᠤᠯᠬᠤ ᠳᠣᠭᠤᠢ᠌ᠯᠠᠩ ᠳᠠᠭ᠋ᠠᠭᠤᠯᠤᠨ᠂ ᠤᠯᠠᠭ᠋ᠠᠨᠬᠠᠳᠠ ᠵᠢᠨ 2 ᠬᠠᠷᠢᠶ᠎ᠠ ᠲᠣᠭᠣᠷᠢᠭ ᠪᠣᠯᠤᠨ ᠨᠢᠭᠡ ᠬᠣᠰᠢᠭᠤ᠂ ᠲᠦᠩᠯᠢᠶᠣᠤ ᠵᠢᠨ 1 ᠬᠠᠷᠢᠶ᠎ᠠ ᠲᠣᠭᠣᠷᠢᠭ᠎ᠲᠤ ᠭᠦᠨᠵᠡᠭᠡᠢ᠌ᠷᠡᠨ᠂ ᠬᠣᠶᠠᠷ ᠬᠣᠲᠠ ᠵᠢᠨ ᠮᠡᠳᠡᠭᠦᠯᠵᠤ ᠢᠷᠡᠭᠰᠡᠨ ᠬᠣᠯᠪᠣᠭᠳᠠᠯ ᠪᠥᠬᠥᠶ ᠵᠠᠰᠠᠭ ᠵᠠᠬᠢᠷᠭ᠋ᠠᠨ᠎ᠤ ᠣᠷᠣᠨ ᠨᠤᠲᠤᠭ᠎ᠤᠨ ᠬᠤᠪᠢᠶᠠᠷᠢᠯᠠᠯ᠎ᠢ ᠬᠤᠪᠢᠷᠠᠭᠤᠯᠬᠤ ᠠᠵᠢᠯ᠎ᠤᠨ ᠲᠤᠬᠠᠶ ᠪᠠᠢ᠌ᠴᠠᠭ᠋ᠠᠨ ᠰᠤᠳᠤᠯᠤᠯᠲᠠ ᠬᠢᠵᠠᠢ᠃
24᠎ᠤ ᠡᠳᠦᠷ ᠪᠠᠢ᠌ᠴᠠᠭ᠋ᠠᠨ ᠰᠤᠳᠤᠯᠬᠤ ᠳᠤᠭᠤᠢ᠌ᠯᠠᠩ ᠤᠯᠠᠭ᠋ᠠᠨᠬᠠᠳᠠ ᠬᠣᠲᠠ ᠵᠢᠨ ᠰᠦᠩᠱ᠌ᠠᠨ ᠲᠣᠭᠣᠷᠢᠭ ᠤᠨ ᠬᠢᠩᠭ᠋ᠠᠨ ᠭᠤᠳᠤᠮᠵᠢ ᠵᠢᠨ ᠯᠢᠨ ᠬᠤᠸᠠᠩ ᠨᠡᠢ᠌ᠭᠡᠮ ᠲᠣᠭᠣᠷᠢᠭ ᠪᠣᠯᠤᠨ ᠴᠢᠤᠸᠠᠨ ᠨᠢᠩ᠂ ᠢᠣᠢ ᠯᠦᠩ ᠭᠣᠲᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠬᠦᠷᠴᠦ᠂ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠰᠠᠭᠤᠷᠢᠨ ᠳᠡᠭᠡᠷ᠎ᠡ ᠨᠡᠢ᠌ᠭᠡᠮ ᠲᠣᠭᠣᠷᠢᠭ᠎ᠤᠨ ᠰᠠᠭᠤᠷᠢ ᠦᠢᠯᠡᠴᠢᠯᠡᠭᠡᠨ᠎ᠤ ᠳᠦᠬᠦᠭᠡᠷᠤᠮᠵᠢ ᠵᠢ ᠪᠠᠢ᠌ᠴᠠᠭ᠋ᠠᠨ ᠦᠵᠡᠭᠰᠡᠨ ᠪᠦᠭᠡᠳ ᠰᠠᠭᠤᠭ᠋ᠠᠯᠢ ᠠᠷᠠᠳ ᠨᠡᠢ᠌ᠭᠡᠮ ᠲᠣᠭᠣᠷᠢᠭ᠎ᠤᠨ ᠠᠵᠢᠯᠯᠠᠭ᠎ᠠ ᠳᠤ ᠣᠷᠣᠯᠴᠠᠵᠤ ᠪᠠᠢ᠌ᠭ᠎ᠠ ᠪᠠᠢ᠌ᠳᠠᠯ ᠪᠣᠯᠤᠨ ᠨᠡᠢ᠌ᠭᠡᠮ ᠲᠣᠭᠣᠷᠢᠭ ᠤᠨ ᠨᠢᠭᠡ ᠥᠷᠲᠡᠭᠡ ᠮᠠᠶᠢᠭ ᠤᠨ ᠦᠢᠯᠡᠴᠢᠯᠡᠭᠡᠨ᠎ᠤ ᠪᠠᠢ᠌ᠳᠠᠯ᠎ᠢ ᠦᠢ᠍ᠯᠠᠭ᠋ᠠᠭᠰᠠᠨ ᠪᠠᠢ᠌ᠨ᠎ᠠ᠃
25᠎ᠤ ᠡᠳᠤᠷ ᠪᠠᠢ᠌ᠴᠠᠭ᠋ᠠᠨ ᠰᠤᠳᠤᠯᠬᠤ ᠳᠤᠭᠤᠢ᠌ᠯᠠᠩ ᠬᠤᠩᠱ᠌ᠠᠨ ᠲᠣᠭᠣᠷᠢᠭ᠎ᠤᠨ ᠰᠢ ᠴᠧᠩ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠬᠦᠷᠴᠦ᠂ ᠲᠣᠭᠣᠷᠢᠭ᠎ᠤᠨ ᠤᠳᠤᠷᠢᠳᠤᠯᠭ᠎ᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠴᠡᠩᠭᠡᠯᠳᠦ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠠᠢ᠌ᠳᠠᠯ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠭᠠᠷᠭ᠋ᠠᠭᠰᠠᠨ ᠵᠡᠭᠡᠯᠢ ᠭᠣᠲᠤᠮᠵᠢ ᠪᠠᠢ᠌ᠭᠤᠯᠬᠤ ᠪᠠᠷᠢᠮᠵᠢᠶ᠎ᠠ ᠪᠣᠯᠤᠨ ᠵᠡᠭᠡᠯᠢ ᠭᠤᠳᠤᠮᠵᠢ ᠵᠢ ᠵᠦᠶ ᠵᠣᠬᠢᠰᠲᠠᠶ ᠳᠣᠬᠢᠷᠠᠭᠤᠯᠬᠤ ᠲᠤᠬᠠᠶ ᠱᠠᠭ᠋ᠠᠷᠳᠠᠯᠭ᠎ᠠ ᠳᠤᠷᠠᠳᠴᠠᠢ᠃
ᠳᠠᠷᠠᠭ᠎ᠠ᠎ᠨᠢ ᠲᠡᠳᠡ ᠣᠩᠨᠢᠭᠤᠳ ᠬᠣᠰᠢᠭᠤᠨ ᠤ ᠰᠢᠨ᠎ᠡ ᠰᠦᠮ᠎ᠡ ᠰᠤᠮᠤ ᠵᠢᠨ ᠳ᠋ᠠ ᠰᠢᠩ ᠲᠠᠷᠢᠶᠠᠯᠠᠩ ᠤᠨ ᠲᠠᠯᠠᠪᠠᠶ ᠳᠤ ᠬᠦᠷᠴᠦ᠂ ᠣᠩᠨᠢᠭᠤᠳ ᠬᠣᠰᠢᠭᠤᠨ᠎ᠤ ᠨᠠᠮ ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠳ᠋ᠠ ᠰᠢᠩ ᠲᠠᠷᠢᠶᠠᠯᠠᠩ᠎ᠤᠨ ᠲᠠᠯᠠᠪᠠᠶ ᠵᠢᠨ ᠲᠠᠷᠢᠶᠠᠴᠢᠳ ᠤᠨ ᠲᠥᠯᠥᠭᠡᠯᠡᠭᠴᠢᠳ᠎ᠲᠠᠢ ᠶᠠᠷᠢᠯᠴᠠᠬᠤ ᠬᠤᠷᠠᠯ ᠬᠢᠵᠤ ᠂ ᠳ᠋ᠠ ᠰᠢᠩ ᠲᠠᠷᠢᠶᠠᠯᠠᠩ᠎ᠤᠨ ᠲᠠᠯᠠᠪᠠᠢ ᠵᠢᠨ ᠣᠷᠣᠨ ᠨᠤᠲᠤᠭ᠎ᠤᠨ ᠬᠤᠪᠢᠶᠠᠷᠢᠯᠠᠯ᠎ᠢ ᠬᠤᠪᠢᠷᠠᠭᠤᠯᠬᠤ ᠪᠠ ᠪᠣᠯᠤᠮᠵᠢᠲᠤ ᠴᠢᠨᠠᠷ᠎ᠢ ᠨᠠᠷᠢᠨ ᠣᠢ᠌ᠯᠠᠭ᠋ᠠᠵᠤ᠂ ᠣᠯᠠᠨ ᠲᠦᠮᠡᠨ᠎ᠤ ᠠᠵᠢᠯ᠎ᠢ ᠬᠡᠷᠬᠢᠨ ᠰᠠᠢ᠌ᠲᠤᠷ ᠬᠢᠬᠦ᠂ ᠠᠶᠤᠯ ᠲᠦᠭᠰᠢᠭᠦᠷᠢ ᠵᠢ ᠡᠵᠡᠮᠳᠡᠬᠦ᠂ ᠣᠷᠣᠨ ᠨᠤᠲᠤᠭ᠎ᠤᠨ ᠬᠤᠪᠢᠶᠠᠷᠢᠯᠠᠯ᠎ᠢ ᠬᠤᠪᠢᠷᠠᠭᠤᠯᠬᠤ ᠠᠵᠢᠯ᠎ᠢ ᠯᠠᠪᠳᠠᠭᠤᠨ ᠵᠶ᠋ᠠᠷ ᠠᠬᠢᠭᠤᠯᠬᠤ ᠳᠤᠬᠠᠢ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃
26᠎ᠤ ᠡᠳᠦᠷ ᠪᠠᠢ᠌ᠴᠠᠭ᠋ᠠᠨ ᠰᠤᠳᠤᠯᠬᠤ ᠳᠤᠭᠤᠢ᠌ᠯᠠᠩ ᠲᠦᠩᠯᠢᠶᠣᠤ ᠬᠤᠳᠠ᠎ᠳᠤ ᠬᠦᠷᠴᠤ᠂ ᠬᠤᠳᠠ ᠵᠢᠨ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠤᠳᠤᠷᠢᠳᠤᠯᠭ᠎ᠠ᠎ᠲᠠᠢ ᠶᠠᠷᠢᠯᠴᠠᠬᠤ ᠬᠤᠷᠠᠯ ᠬᠢᠵᠤ᠂ ᠲᠦᠩᠯᠢᠶᠣᠤ ᠬᠤᠳᠠ ᠵᠢᠨ ᠵᠢᠷᠢᠮ ᠲᠣᠭᠣᠷᠢᠭ ᠪᠠᠢ᠌ᠭᠤᠯᠬᠤ ᠲᠤᠬᠠᠢ ᠶᠠᠷᠢᠯᠴᠠᠭᠰᠠᠨ ᠪᠦᠭᠡᠳ ᠵᠦᠢ ᠵᠣᠬᠢᠰᠲᠠᠢ ᠰᠠᠨᠠᠭᠤᠯᠭ᠎ᠠ ᠳᠤᠷᠠᠳᠤᠭᠰᠠᠨ ᠪᠠᠢ᠌ᠨ᠎ᠠ᠃

ᠳ᠋ᠠ ᠰᠢᠩ ᠰᠢᠶᠠᠩ᠎ᠳᠤ ᠬᠠᠷᠢᠭᠤ ᠮᠡᠳᠡᠭᠦᠯᠦᠯᠲᠡ ᠰᠣᠨᠣᠰᠤᠨ᠎ᠠ

ᠬᠤᠩᠱ᠌ᠠᠨ ᠲᠣᠭᠣᠷᠢᠭ᠎ᠲᠤ ᠠᠵᠢᠯ ᠪᠠᠢ᠌ᠴᠠᠭ᠋ᠠᠪᠠ

ᠰᠦᠩᠱ᠌ᠠᠨ ᠲᠣᠭᠣᠷᠢᠭ᠎ᠤᠨ ᠯᠢᠨ ᠬᠤᠸᠠᠩ ᠨᠡᠢ᠌ᠬᠡᠮ ᠲᠣᠭᠣᠷᠢᠭ᠎ᠲᠤ ᠪᠠᠢ᠌ᠴᠠᠭ᠋ᠠᠨ ᠦᠵᠡᠪᠡ