11 ᠳ᠋ᠤᠭᠡᠷ ᠰᠠᠷ᠎ᠠ ᠵᠢᠨ 9᠎ᠤ ᠡᠳᠦᠷ᠂ ᠪᠥᠬᠥ ᠣᠷᠣᠨ᠎ᠤ ᠰᠢᠯᠢᠳᠡᠭ ᠲᠣᠰᠬᠣᠨ᠎ᠤ ᠳᠦᠷᠢᠮ ᠠᠷᠠᠳ᠎ᠤᠨ ᠭᠡᠷ᠎ᠡ᠂ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ᠂ ᠬᠠᠮᠤᠭ᠎ᠤᠨ ᠰᠠᠢ᠌ᠨ ᠨᠡᠶ᠋ᠢᠭᠡᠮ ᠲᠣᠭᠣᠷᠢᠭ᠎ᠤᠨ ᠠᠵᠢᠯᠲᠠᠨ᠎ᠢ ᠰᠢᠯᠢᠨ ᠰᠣᠩᠭᠣᠵᠤ ᠬᠢᠨᠠᠨ ᠬᠠᠷᠭᠤᠭᠤᠯᠬᠤ ᠠᠵᠢᠯ ᠬᠦᠬᠡᠬᠣᠲᠠ᠎ᠳᠤ ᠶᠠᠪᠤᠭᠳᠠᠪᠠ᠃ ᠠᠷᠠᠳ᠎ᠤᠨ ᠶᠠᠪᠤᠳᠠᠯ᠎ᠤᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠪᠦᠲᠤᠭᠡᠨ ᠪᠠᠶ᠋ᠢᠭᠤᠯᠤᠯᠲᠠ ᠵᠢᠨ ᠲᠤᠰᠬᠠᠶ ᠮᠡᠷᠭᠡᠵᠢᠯᠲᠡᠳ᠎ᠤᠨ ᠳᠤᠭᠤᠶ᠋ᠢᠯᠠᠩ᠎ᠤᠨ ᠬᠡᠰᠡᠭ ᠪᠦᠷᠢᠯᠳᠦᠬᠦᠨ᠂ ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠠᠵᠢᠯᠲᠠᠨ ᠬᠢᠨᠠᠨ ᠳᠣᠭᠲᠠᠭ᠋ᠠᠯᠲᠠᠳᠤ ᠣᠷᠣᠯᠴᠠᠪᠠ᠃ ᠪᠢᠴᠢᠭ ᠰᠡᠯᠲᠡ ᠵᠢᠨ ᠠᠭᠤᠯᠭ᠎ᠠ ᠂ ᠲᠣᠭᠲᠠᠭ᠋ᠠᠭᠰᠠᠨ ᠶᠠᠪᠤᠴᠠ᠂ ᠬᠡᠷᠡᠭᠵᠢᠭᠦᠯᠬᠦ ᠪᠠᠲᠤᠯᠠᠭ᠎ᠠ ᠵᠢᠨ ᠠᠷᠭ᠎ᠠ ᠠᠪᠴᠠᠯ ᠵᠢᠴᠢ ᠱᠠᠩᠨᠠᠵᠤ ᠲᠣᠷᠭ᠋ᠠᠬᠤ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠬᠢᠨᠠᠨ ᠲᠣᠭᠲᠠᠭ᠋ᠠᠯᠲᠠ ᠬᠢᠵᠦ᠂ ᠪᠦᠬᠦ ᠣᠷᠣᠨ᠎ᠤ ᠮᠡᠳᠡᠭᠦᠯᠦᠨ ᠬᠦᠷᠭᠡᠭᠰᠡᠨ 335 ᠲᠣᠰᠬᠣᠨ᠎ᠤ ᠳᠦᠷᠢᠮ ᠠᠷᠠᠳ᠎ᠤᠨ ᠭᠡᠷ᠎ᠡ ᠪᠣᠯᠤᠨ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ᠎ᠠᠴᠠ 130 ᠰᠢᠯᠢᠳᠡᠭ ᠲᠣᠰᠬᠣᠨ᠎ᠤ ᠳᠦᠷᠢᠮ ᠠᠷᠠᠳ᠎ᠤᠨ ᠭᠡᠷ᠎ᠡ ᠪᠣᠯᠤᠨ ᠰᠠᠭᠤᠭ᠋ᠠᠯᠢ ᠠᠷᠠᠳ᠎ᠤᠨ ᠨᠡᠶ᠋ᠢᠲᠡ ᠵᠢᠨ ᠭᠡᠷ᠎ᠡ ᠵᠢ ᠬᠢᠨᠠᠨ ᠪᠠᠲᠤᠯᠠᠵᠠᠶ᠃ ᠪᠢᠳᠡ ᠰᠢᠯᠢᠳᠡᠭ ᠲᠣᠰᠬᠣᠨ᠎ᠤ ᠳᠦᠷᠢᠮ ᠠᠷᠠᠳ᠎ᠤᠨ ᠭᠡᠷ᠎ᠡ ᠪᠣᠯᠤᠨ ᠰᠠᠭᠤᠭ᠋ᠠᠯᠢ ᠠᠷᠠᠳ᠎ᠤᠨ ᠨᠡᠢ᠍ᠢ᠍ᠲᠡ ᠵᠢᠨ ᠭᠡᠷ᠎ᠡ ᠵᠢ ᠳᠡᠯᠭᠡᠷᠡᠭᠦᠯᠦᠨ ᠤᠬᠠᠭᠤᠯᠵᠤ᠂ ᠪᠦᠬᠦ ᠣᠷᠣᠨ᠎ᠤ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠢ ᠵᠣᠬᠢᠶᠠᠨ ᠪᠠᠶ᠋ᠢᠭᠤᠯᠤᠨ ᠰᠤᠷᠤᠯᠴᠠᠵᠤ᠂ ᠪᠦᠬᠦ ᠣᠷᠣᠨ᠎ᠤ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠳᠦᠷᠢᠮᠵᠢᠭᠦᠯᠦᠯᠲᠡ᠂ ᠪᠠᠷᠢᠮᠵᠢᠶᠠᠵᠢᠯ᠎ᠤᠨ ᠬᠢᠷᠢ ᠲᠦᠪᠰᠢᠨ᠎ᠢ ᠬᠤᠭᠤᠴᠠᠭ᠋ᠠᠨ᠎ᠳᠤ᠎ᠪᠠᠨ ᠳᠡᠭᠡᠭᠰᠢᠯᠡᠭᠦᠯᠬᠦ᠎ᠪᠠᠷ ᠴᠢᠷᠮᠠᠶ᠋ᠢᠨ᠂ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠥᠪᠡᠷ᠎ᠢ᠎ᠪᠠᠨ ᠬᠠᠮᠢᠶᠠᠷᠬᠤ᠂ ᠥᠪᠡᠷ᠎ᠢ᠎ᠪᠠᠨ ᠬᠥᠮᠦᠵᠢᠭᠦᠯᠬᠦ᠂ ᠥᠪᠡᠷ᠎ᠲᠤ᠎ᠪᠠᠨ ᠦᠢ᠍ᠯᠡᠴᠢᠯᠡᠬᠦ᠂ ᠥᠪᠡᠷ᠎ᠲᠤ᠎ᠪᠠᠨ ᠬᠢᠨᠠᠯᠲᠠ ᠲᠠᠯᠪᠢᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠪᠢᠳᠠ ᠭᠠᠴᠠᠭ᠎ᠠ ᠲᠣᠰᠬᠣᠨ᠂ ᠰᠠᠭᠤᠭ᠋ᠠᠯᠢ ᠠᠷᠠᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ ᠬᠡᠷᠡᠭ ᠶᠠᠪᠤᠳᠠᠯ᠎ᠳᠤ ᠢᠳᠡᠪᠬᠢᠲᠡᠢ ᠣᠷᠣᠯᠴᠠᠭᠤᠯᠵᠤ᠂ ᠲᠣᠰᠬᠣᠨ᠂ ᠰᠠᠭᠤᠭ᠋ᠠᠯᠢ ᠠᠷᠠᠳ᠎ᠢ ᠬᠥᠲᠥᠯᠥᠨ ᠵᠢᠯᠣᠭᠣᠳᠴᠤ ᠲᠣᠭᠲᠠᠭ᠋ᠠᠯ ᠶᠣᠰᠣᠭ᠋ᠠᠷ ᠭᠡᠷ᠎ᠡ᠎ᠪᠠᠨ ᠰᠠᠬᠢᠭᠤᠯᠬᠤ ᠬᠡᠷᠡᠭᠲᠡᠶ᠃ ᠬᠢᠨᠠᠨ ᠲᠣᠭᠲᠠᠭ᠋ᠠᠬᠤ ᠠᠵᠢᠯ᠎ᠨᠢ ᠪᠦᠬᠦ ᠣᠷᠣᠨ᠎ᠤ ᠬᠠᠮᠤᠭ᠎ᠤᠨ ᠰᠠᠢ᠌ᠨ ᠨᠡᠶ᠋ᠢᠭᠡᠮ ᠲᠣᠭᠣᠷᠢᠭ᠎ᠤᠨ ᠠᠵᠢᠯᠲᠠᠨ᠎ᠤ ᠵᠢᠱ᠌ᠢᠭ᠌ᠳᠠᠭ᠌ᠰᠡᠳᠢ ᠲᠠᠨᠢᠯᠴᠠᠭᠤᠯᠪᠠ᠃

ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠹᠦ᠋ ᠪᠢᠨ ᠨᠦᠬᠦᠷ ᠡᠴᠦᠰ᠎ᠤᠨ ᠰᠢᠭᠦᠯᠲᠡ ᠵᠢᠨ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠡᠯ᠎ᠡ ᠠᠶ᠋ᠢᠮᠠᠭ ᠬᠣᠲᠠ ᠪᠣᠯᠤᠨ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠳ᠎ᠤᠨ ᠰᠤᠩᠭᠤᠵᠤ ᠬᠢᠨᠠᠭᠰᠠᠨ ᠦᠷ᠎ᠡ ᠪᠦᠲᠦᠭᠡᠯ᠎ᠢ ᠭᠦᠢ᠍ᠴᠡᠳ ᠨᠤᠲᠠᠯᠠᠵᠤ᠂ ᠡᠯ᠎ᠡ ᠭᠠᠵᠠᠷ᠎ᠤᠨ᠎ᠬᠢᠨ᠎ᠤ ᠴᠢᠷᠮᠠᠶ᠋ᠢᠯᠭ᠎ᠠ᠎ᠳᠤ ᠲᠠᠯᠠᠷᠬᠠᠨ᠂ ᠡᠯ᠎ᠡ ᠭᠠᠵᠠᠷ᠎ᠤᠨ᠎ᠬᠢᠨ ᠡᠷᠬᠡᠪᠰᠢ ᠲᠣᠰᠬᠣᠨ᠎ᠤ ᠳᠦᠷᠢᠮ ᠠᠷᠠᠳ᠎ᠤᠨ ᠭᠡᠷ᠎ᠡ᠂ ᠰᠠᠭᠤᠭ᠋ᠠᠯᠢ ᠠᠷᠠᠳ᠎ᠤᠨ ᠭᠡᠷ᠎ᠡ ᠵᠢᠨ ᠵᠠᠰᠠᠪᠤᠷᠢ ᠣᠷᠣᠭᠤᠯᠬᠤ ᠠᠵᠢᠯ᠎ᠢ ᠰᠠᠶ᠋ᠢᠲᠤᠷ ᠠᠳᠬᠤᠵᠤ᠂ ᠲᠣᠰᠬᠣᠨ᠎ᠤ ᠰᠠᠭᠤᠭ᠋ᠠᠯᠢ ᠠᠷᠠᠳ᠎ᠤᠨ ᠳᠦᠷᠢᠮ᠎ᠢ ᠵᠢᠷᠤᠮᠯᠠᠨ ᠭᠡᠷ᠎ᠡ ᠵᠢ ᠰᠠᠬᠢᠭᠤᠯᠤᠨ ᠭᠠᠴᠠᠭ᠎ᠠ ᠲᠣᠰᠬᠣᠨ᠎ᠤ ᠨᠡᠶ᠋ᠢᠭᠡᠮ ᠲᠣᠭᠣᠷᠢᠭ᠎ᠤᠨ ᠳᠦᠷᠢᠮᠵᠢᠯᠲᠡ ᠵᠢᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠠᠢ ᠭᠡᠰᠡᠨ ᠪᠠᠢ᠌ᠨ᠎ᠠ ᠃