11 ᠳ᠋ᠤᠭᠡᠷ ᠰᠠᠷ᠎ᠠ ᠵᠢᠨ 23᠎ᠤ ᠡᠳᠦᠷ᠎ᠠᠴᠠ 24᠎ᠤ ᠡᠳᠦᠷ ᠪᠣᠯᠲᠠᠯ᠎ᠠ ᠠᠷᠠᠳ᠎ᠤᠨ ᠶᠠᠪᠤᠳᠠᠯ᠎ᠤᠨ ᠶᠠᠮᠤᠨ᠎ᠤ ᠨᠡᠶ᠋ᠢᠭᠡᠮ᠎ᠤᠨ ᠬᠡᠷᠡᠭ ᠶᠠᠪᠤᠳᠠᠯ᠎ᠤᠨ ᠵᠤᠷᠭ᠋ᠠᠨ᠎ᠤ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠶᠠᠩ ᠽᠦᠩ ᠲᠤᠤ ᠪᠦᠯᠬᠦᠮ ᠳᠠᠭ᠋ᠠᠭᠤᠯᠤᠨ ᠪᠥᠬᠥ ᠤᠯᠤᠰ᠎ᠤᠨ ᠣᠷᠣᠭ ᠬᠤᠷᠢᠮ᠎ᠤᠨ ᠶᠣᠰᠣ ᠵᠠᠩᠰᠢᠯ᠎ᠳᠤ ᠥᠭᠡᠷᠡᠴᠢᠯᠡᠯᠲᠡ ᠬᠢᠬᠦ ᠲᠤᠷᠰᠢᠯᠲᠠ ᠵᠢᠨ ᠭᠠᠵᠠᠷ ᠪᠣᠯᠬᠤ ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠂ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠲᠤ ᠪᠠᠶ᠋ᠢᠴᠠᠭ᠋ᠠᠨ ᠰᠤᠳᠤᠯᠤᠯᠲᠠ ᠬᠢᠵᠦ ᠦᠨᠡᠯᠡᠨ ᠵᠢᠱ᠌ᠢᠬᠦ ᠠᠵᠢᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠤᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠭᠦᠸᠧ ᠭᠠᠩ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠭᠰᠠᠨ ᠪᠠᠢ᠌ᠨ᠎ᠠ᠃

ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠵᠢᠨᠢᠩ ᠲᠣᠭᠣᠷᠢᠭ᠎ᠤᠨ ᠮᠠ ᠯᠢᠶᠠᠨ ᠴᠢᠦᠶ ᠰᠢᠶᠠᠩ᠎ᠤᠨ ᠳ᠋ᠠ ᠱ᠌ᠢ ᠬᠤᠤ ᠲᠣᠰᠬᠣᠨ᠎ᠳᠤ ᠣᠷᠣᠭ ᠳᠠᠩᠰᠠᠯᠠᠬᠤ ᠨᠡᠭᠦᠭᠡᠯ ᠦᠷᠲᠡᠭᠡ ᠪᠣᠯᠤᠨ ᠬᠠᠤᠯᠢ ᠴᠠᠭ᠋ᠠᠵᠠ ᠵᠢᠨ ᠬᠢᠴᠢᠶᠡᠯ᠎ᠤᠨ ᠥᠷᠨᠢᠭᠦᠯᠦᠭᠰᠡᠨ ᠪᠠᠢ᠌ᠳᠠᠯ᠎ᠢ ᠣᠢ᠍ᠯᠠᠭ᠋ᠠᠵᠤ ᠪᠠᠢ᠌ᠭ᠎ᠠ᠎ᠨᠢ

ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠵᠢᠨᠢᠩ ᠲᠣᠭᠣᠷᠢᠭ᠎ᠤᠨ ᠣᠷᠣᠭ ᠳᠠᠩᠰᠠᠯᠠᠬᠤ ᠭᠠᠵᠠᠷ᠎ᠲᠤ ᠪᠠᠶ᠋ᠢᠴᠠᠭ᠋ᠠᠨ ᠰᠤᠳᠤᠯᠤᠯᠲᠠ ᠬᠢᠪᠠ
11 ᠳ᠋ᠤᠭᠡᠷ ᠰᠠᠷ᠎ᠠ ᠵᠢᠨ 23᠎ᠤ ᠡᠳᠦᠷ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠲᠤ ᠬᠣᠲᠠ᠂ ᠲᠣᠭᠣᠷᠢᠭ ᠬᠣᠶᠠᠷ ᠱᠠᠲᠤᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ᠎ᠲᠠᠢ ᠶᠠᠷᠢᠯᠴᠠᠬᠤ ᠬᠤᠷᠠᠯ ᠬᠢᠵᠤ ᠂ ᠵᠢᠨᠢᠩ ᠲᠣᠭᠣᠷᠢᠭ᠎ᠤᠨ ᠵᠠᠰᠠᠭ᠎ᠤᠨ ᠣᠷᠳᠣᠨ᠎ᠤ ᠣᠷᠣᠭ ᠬᠤᠷᠢᠮ ᠬᠡᠷ ᠪᠦᠯᠢ ᠵᠢᠨ ᠲᠠᠯ᠎ᠠ᠎ᠳᠤ ᠬᠠᠪᠰᠤᠷᠤᠨ ᠵᠢᠯᠣᠭᠣᠳᠬᠤ ᠦᠢ᠍ᠯᠡᠴᠢᠯᠡᠭᠡ ᠦᠷᠨᠢᠭᠦᠯᠤᠭ᠌ᠰᠠᠨ᠂ ᠣᠷᠣᠭ᠎ᠤᠨ ᠶᠣᠰᠤᠯᠠᠯ᠎ᠤᠨ ᠳᠦᠭᠦᠮᠴᠢᠯᠡᠬᠦ ᠵᠢ ᠰᠠᠨᠠᠭ᠋ᠠᠴᠢᠯᠠᠭᠰᠠᠨ᠂ ᠪᠣᠯᠪᠠᠰᠤᠨ ᠣᠷᠣᠭ᠎ᠤᠨ ᠰᠣᠶᠣᠯ᠎ᠢ ᠪᠣᠢ ᠪᠣᠯᠭ᠋ᠠᠬᠤ ᠪᠣᠯᠤᠨ ᠰᠢᠯᠢᠳᠡᠭ ᠰᠠᠶ᠋ᠢᠬᠠᠨ ᠬᠡᠷ᠎ᠤᠨ ᠰᠤᠷᠲᠠᠯ ᠰᠤᠷᠭ᠋ᠠᠯ ᠵᠡᠷᠭᠡ ᠳᠥᠷᠪᠡᠨ ᠲᠠᠯ᠎ᠠ ᠵᠢᠨ ᠲᠤᠷᠰᠢᠯᠲᠠ ᠵᠢᠨ ᠡᠭᠦᠷᠭᠡ ᠵᠢ ᠦᠷᠨᠢᠭᠦᠯᠤᠭ᠌ᠰᠡᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠦᠭᠡᠳ ᠲᠤᠷᠰᠢᠯᠲᠠ ᠵᠢᠨ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠪᠠ ᠲᠠᠷᠠᠭ᠋ᠠᠴᠢ ᠵᠢᠨ ᠶᠠᠪᠤᠭᠳᠠᠭᠤᠯᠬᠤ ᠠᠷᠭ᠎ᠠ ᠪᠠᠷᠢᠯ᠎ᠤᠨ ᠲᠠᠯ᠎ᠠ᠎ᠳᠤ ᠰᠠᠨᠠᠯ ᠵᠶ᠋ᠠᠨ ᠰᠣᠯᠢᠯᠴᠠᠪᠠ᠃

ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ ᠤ ᠣᠷᠣᠭ ᠳᠠᠩᠰᠠᠯᠠᠬᠤ ᠭᠠᠵᠠᠷ᠎ᠤᠨ ᠳᠠᠩᠰᠠ ᠡᠪᠬᠡᠮᠡᠯ᠎ᠢ ᠪᠠᠶ᠋ᠢᠴᠠᠭ᠋ᠠᠨ ᠦᠵᠡᠪᠡ

11 ᠳ᠋ᠤᠭᠡᠷ ᠰᠠᠷ᠎ᠠ ᠵᠢᠨ 24᠎ᠤ ᠡᠳᠦᠷ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠲᠤ ᠬᠦᠷᠴᠦ᠂ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠣᠷᠣᠭ ᠳᠠᠩᠰᠠᠯᠠᠬᠤ ᠲᠢᠩᠬᠢᠮ᠎ᠤᠨ ᠵᠢᠷᠤᠮᠵᠢᠭᠰᠠᠨ ᠪᠠᠢ᠌ᠭᠤᠯᠤᠯᠲᠠ᠂ ᠣᠷᠣᠭ ᠭᠡᠷ ᠪᠦᠯᠢ ᠵᠢᠨ ᠬᠠᠪᠰᠤᠷᠤᠨ ᠵᠢᠯᠣᠭᠣᠳᠬᠤ ᠦᠢ᠍ᠯᠡᠴᠢᠯᠡᠭᠡ ᠥᠷᠨᠢᠭᠦᠯᠦᠭᠰᠡᠨ᠂ ᠣᠷᠣᠭ᠎ᠤᠨ ᠦᠨᠡᠮᠯᠡᠯ ᠣᠯᠭᠣᠬᠤ ᠲᠢᠩᠬᠢᠮ᠎ᠤᠨ ᠬᠡᠷᠡᠭᠯᠡᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠭᠰᠡᠨ ᠪᠦᠭᠡᠳ ᠠᠬᠤᠢ ᠲᠠᠯᠠᠪᠠᠢ᠎ᠳᠤ ᠣᠷᠣᠭ ᠪᠠᠷᠢᠯᠳᠤᠭᠰᠠᠨ ᠰᠢᠨ᠎ᠡ ᠬᠥᠮᠦᠨ᠎ᠳᠤ ᠦᠨᠡᠮᠯᠡᠯ ᠣᠯᠭᠣᠬᠤ ᠶᠣᠰᠣᠯᠠᠯ ᠬᠢᠵᠤ᠂ ᠬᠣᠣᠰ ᠰᠢᠨ᠎ᠡ ᠬᠥᠮᠦᠨ᠎ᠳᠤ ᠳᠥᠭᠥᠮ ᠠᠪᠰᠠᠷᠬᠠᠨ ᠬᠤᠷᠢᠮ᠎ᠤᠨ ᠤᠬᠠᠮᠰᠠᠷ᠎ᠢ ᠪᠤᠢ ᠪᠣᠯᠭ᠋ᠠᠬᠤ᠂ ᠠᠮᠢᠳᠤᠷᠠᠯ ᠳᠤᠮᠳᠠ ᠬᠠᠷᠢᠯᠴᠠᠨ ᠬᠦᠨᠳᠦᠳᠬᠡᠬᠦ᠂ ᠬᠠᠷᠢᠯᠴᠠᠨ ᠬᠠᠶ᠋ᠢᠷᠠᠯᠠᠬᠤ᠂ ᠬᠠᠷᠢᠯᠴᠠᠨ ᠬᠠᠪᠰᠤᠷᠴᠤ ᠳᠡᠮᠵᠢᠬᠦ ᠂ ᠵᠣᠯ ᠵᠢᠷᠭ᠋ᠠᠯ᠎ᠲᠠᠢ ᠠᠮᠢᠳᠤᠷᠠᠬᠤ ᠲᠠᠯ᠎ᠠ᠎ᠳᠤ ᠬᠦᠰᠡᠯ ᠲᠠᠯᠪᠢᠭᠰᠠᠨ ᠪᠠᠢ᠌ᠨ᠎ᠠ᠃