ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠢᠩᠬᠢᠮ᠎ᠤᠨ ᠳᠠᠷᠤᠭ᠎ᠠ ᠴᠧᠨ ᠵᠢᠶᠧ ᠪᠡᠭᠡᠵᠢᠩ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠶ᠋ᠢᠭᠡᠮ ᠲᠣᠭᠣᠷᠢᠭ᠎ᠤᠨ ᠵᠠᠰᠠᠯᠲᠠ ᠵᠡᠷᠭᠡ ᠠᠷᠠᠳ᠎ᠤᠨ ᠶᠠᠪᠤᠳᠠᠯ᠎ᠤᠨ ᠠᠵᠢᠯ᠎ᠢ ᠰᠢᠨᠵᠢᠯᠡᠨ ᠪᠠᠶ᠋ᠢᠴᠠᠭ᠋ᠠᠪᠠ
ᠨᠡᠶᠢᠲᠡᠯᠡᠭᠰᠡᠨ ᠴᠠᠭ᠄ 2020-12-21


      12 ᠳ᠋ᠤᠭ᠋ᠠᠷ ᠰᠠᠷ᠎ᠠ ᠵᠢᠨ 9᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠧᠨ ᠵᠢᠶᠧ ᠪᠦᠯᠬᠦᠮ ᠵᠶ᠋ᠠᠨ ᠳᠠᠭ᠋ᠠᠭᠤᠯᠤᠨ ᠪᠡᠭᠡᠵᠢᠩ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ  ᠂ ᠨᠡᠶ᠋ᠢᠭᠡᠮ ᠲᠣᠭᠣᠷᠢᠭ᠎ᠤᠨ ᠵᠠᠰᠠᠯᠲᠠ᠂ ᠨᠡᠶ᠋ᠢᠭᠡᠮ᠎ᠤᠨ ᠠᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠡᠷᠭᠡ ᠠᠷᠠᠳ᠎ᠤᠨ ᠶᠠᠪᠤᠳᠠᠯ᠎ᠤᠨ ᠠᠵᠢᠯ᠎ᠢ ᠰᠢᠨᠵᠢᠯᠡᠨ ᠪᠠᠶ᠋ᠢᠴᠠᠭ᠋ᠠᠪᠠ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠭᠣᠤ ᠵᠢᠶᠠᠨ ᠬᠤᠸᠠ᠂ ᠹᠦ᠋ ᠪᠢᠨ ᠪᠣᠯᠤᠨ ᠬᠣᠯᠪᠣᠭᠳᠠᠯ ᠪᠥᠬᠥᠶ ᠭᠠᠵᠠᠷ ᠠᠯᠪᠠᠨ ᠭᠡᠷ᠎ᠤᠨ ᠬᠠᠷᠢᠭᠤᠴᠠᠯᠭ᠋ᠠᠲᠠᠨ ᠰᠢᠨᠵᠢᠯᠡᠨ ᠪᠠᠢ᠌ᠴᠠᠭ᠋ᠠᠬᠤ ᠠᠵᠢᠯᠯᠠᠭ᠎ᠠ᠎ᠳᠤ ᠣᠷᠣᠯᠴᠠᠵᠠᠶ᠃
  ᠬᠠᠢ ᠳ᠋ᠢᠶᠠᠨ ᠲᠣᠭᠣᠷᠢᠭ᠎ᠤᠨ ᠺᠧ ᠶᠤᠸᠠᠨ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ᠎ᠳᠤ᠂ ᠴᠧᠨ ᠵᠢᠶᠧ ᠲᠢᠩᠬᠢᠮ᠎ᠤᠨ ᠳᠠᠷᠤᠭ᠎ᠠ ᠦᠷᠲᠡᠭᠡᠨ᠎ᠤ ᠨᠠᠰᠤᠲᠠᠶ᠋ᠢᠴᠤᠳ᠎ᠲᠤ ᠦᠢ᠍ᠯᠡᠴᠢᠯᠡᠬᠦ ᠲᠦᠷᠣᠯ ᠵᠦᠢ᠍ᠯ᠂   ᠬᠡᠪ ᠵᠠᠭᠪᠤᠷ᠂ ᠠᠷᠭ᠎ᠠ ᠮᠠᠶᠢᠭ᠎ᠢ ᠨᠠᠷᠢᠨ ᠣᠶ᠋ᠢᠯᠠᠭ᠋ᠠᠵᠤ᠂ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ   ᠵᠢᠨ ᠦᠢ᠍ᠯᠡᠴᠢᠯᠡᠭᠡᠨ᠎ᠤ ᠲᠠᠯᠠᠪᠤᠷ ᠵᠡᠷᠭᠡ ᠠᠰᠠᠭᠤᠳᠠᠯ᠎ᠢ ᠬᠡᠷᠬᠢᠨ ᠰᠢᠢ᠍ᠳᠪᠤᠷᠢᠯᠡᠭᠰᠡᠨ᠎ᠢ ᠲᠤᠬᠠᠶ ᠵᠢᠨ ᠲᠠᠯᠠᠪᠤᠷ᠎ᠤᠨ ᠬᠥᠮᠦᠰ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃   ᠶᠢᠤ ᠬᠤ᠌ ᠸᠠᠨ ᠵᠢᠶᠠ (ᠪᠠᠷᠠᠭᠤᠨ ᠠᠭᠤᠯᠨ)   ᠨᠠᠰᠤᠵᠢᠯ᠎ᠤᠨ ᠠᠰᠠᠷᠠᠮᠵᠢ ᠵᠢᠨ ᠠᠰᠠᠷᠠᠨ ᠬᠠᠷᠠᠭ᠋ᠠᠯᠵᠠᠬᠤ ᠲᠥᠪ᠎ᠲᠤ᠂ ᠲᠢᠩᠬᠢᠮ᠎ᠤᠨ ᠳᠠᠷᠤᠭ᠎ᠠ ᠴᠧᠨ ᠵᠢᠶᠧ ᠲᠥᠪ᠎ᠤᠨ ᠨᠡᠶ᠋ᠢᠭᠡᠮ ᠲᠣᠭᠣᠷᠢᠭ᠎ᠤᠨ ᠰᠢᠬᠢᠳᠬᠡᠬᠡᠯ ᠮᠠᠶᠢᠭ᠎ᠤᠨ ᠨᠠᠰᠤᠵᠢᠯ᠎ᠤᠨ ᠠᠰᠠᠷᠠᠮᠵᠢ᠂ ᠨᠡᠶ᠋ᠢᠭᠡᠮ ᠲᠣᠭᠣᠷᠢᠭ᠎ᠤᠨ ᠬᠡᠷ ᠪᠦᠯᠢ ᠵᠢᠨ ᠡᠮᠴᠢᠯᠡᠭᠡ ᠰᠤᠪᠢᠯᠠᠯᠲᠠ᠂ ᠡᠮᠴᠢᠯᠡᠭᠡ ᠰᠤᠪᠢᠯᠠᠯᠲᠠ ᠵᠢᠨ ᠴᠢᠳᠠᠪᠤᠷᠢᠲᠠᠨ᠎ᠤ ᠬᠥᠮᠦᠵᠢᠯ ᠪᠣᠯᠪᠠᠰᠤᠷᠠᠯ ᠵᠡᠷᠭᠡ ᠠᠵᠢᠯ᠎ᠤᠨ ᠲᠤᠷᠰᠢᠯᠭ᠎ᠠ ᠵᠢ ᠨᠠᠷᠢᠨ ᠬᠢᠨᠠᠮᠠᠭ᠋ᠠᠶ ᠰᠣᠨᠣᠰᠴᠤ᠂ ᠡᠷᠡᠭᠦᠯ ᠮᠡᠨᠳᠦ ᠵᠤᠭ᠎ᠠ ᠴᠡᠩᠭᠡᠯ᠎ᠤᠨ ᠠᠰᠠᠷᠠᠨ ᠰᠤᠪᠢᠯᠠᠯᠲᠠ ᠵᠢ ᠨᠢᠭᠡ ᠴᠣᠭᠴᠠᠵᠢᠭᠤᠯᠤᠭᠰᠠᠨ ᠰᠤᠪᠢᠯᠠᠨ   ᠬᠠᠷᠠᠭ᠋ᠠᠯᠵᠠᠬᠤ ᠦᠢ᠍ᠯᠡᠴᠢᠯᠡᠭᠡ ᠵᠢ ᠲᠣᠭᠣᠷᠢᠨ ᠦᠵᠡᠪᠡ᠃ ᠰᠧ ᠵᠢᠶ ᠴᠢᠩ ᠨᠠᠰᠤᠲᠠᠳ  ᠎ᠢ ᠠᠰᠠᠷᠠᠬᠤ ᠬᠦᠷᠢᠶᠡᠯᠡᠩ᠎ᠳᠤ ᠴᠧᠨ ᠲᠢᠩᠬᠢᠮ᠎ᠤᠨ ᠳᠠᠷᠤᠭ᠎ᠠ ᠲᠤᠰ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ᠂ ᠠᠵᠢᠯᠯᠠᠭ᠎ᠠ ᠦᠷᠨᠢᠭᠦᠯᠤᠭ᠌ᠰᠡᠨ ᠪᠠᠢ᠌ᠳᠠᠯ᠂ ᠬᠠᠮᠢᠶᠠᠷᠤᠯᠲᠠ ᠪᠣᠯᠤᠨ ᠦᠢ᠍ᠯᠡᠴᠢᠯᠡᠭᠡ ᠵᠡᠷᠭᠡ ᠵᠢ   ᠨᠠᠷᠢᠨ ᠣᠶ᠋ᠢᠯᠠᠭ᠋ᠠᠵᠤ᠂ ᠣᠷᠴᠢᠨ ᠲᠣᠭᠣᠷᠢᠨ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠪᠠᠶ᠋ᠢᠴᠠᠭ᠋ᠠᠨ ᠰᠢᠨᠵᠢᠯᠡᠵᠤ᠂ ᠬᠦᠷᠢᠶᠡᠯᠡᠩ᠎ᠤᠨ ᠨᠠᠰᠤᠲᠠᠳ᠎ᠤᠨ ᠵᠣᠬᠢᠶᠠᠯ ᠪᠦᠲᠤᠭᠡᠯ᠂ ᠤᠷᠠᠨ ᠪᠢᠴᠢᠯᠭᠡ ᠤᠷᠠᠨ ᠵᠢᠷᠤᠭ᠎ᠤᠨ ᠪᠦᠲᠦᠭᠡᠯ ᠪᠠ ᠬᠦᠷᠢᠶᠡᠯᠡᠩ᠎ᠤᠨ ᠡᠷᠬᠢᠯᠡᠭᠰᠡᠨ ᠰᠣᠨᠢᠨ ᠰᠡᠳᠬᠦᠯ ᠨᠣᠮ ᠪᠢᠴᠢᠭ᠎ᠢ ᠦᠵᠡᠵᠦ᠂ ᠰᠣᠶᠣᠯ᠎ᠤᠨ ᠨᠠᠰᠤᠵᠢᠯ᠎ᠤᠨ ᠠᠰᠠᠷᠠᠮᠵᠢ᠂ ᠣᠷᠴᠢᠨ ᠲᠣᠭᠣᠷᠢᠨ᠎ᠤ ᠨᠠᠰᠤᠵᠢᠯ᠎ᠤᠨ ᠠᠰᠠᠷᠠᠮᠵᠢ ᠵᠢᠨ ᠦᠵᠡᠯ ᠰᠠᠨᠠᠭ᠎ᠠ᠂ ᠣᠶ᠋ᠢᠯᠠᠭ᠋ᠠᠭᠳᠠᠬᠤᠨ᠎ᠢ ᠨᠠᠷᠢᠨ ᠣᠶ᠋ᠢᠯᠠᠭ᠋ᠠᠵᠠᠶ᠃ ᠳ᠋ᠦᠩ ᠴᠧᠩ ᠲᠣᠭᠣᠷᠢᠭ᠎ᠤᠨ ᠳ᠋ᠦᠩ ᠬᠤᠸᠠ ᠬᠣᠲᠠ ᠵᠢᠨ ᠵᠡᠭᠡᠯᠢ ᠭᠤᠳᠤᠮᠵᠢ ᠵᠢᠨ ᠼᠤᠤ ᠶᠤᠸᠠᠨ ᠨᠡᠶ᠋ᠢᠭᠡᠮ ᠲᠣᠭᠣᠷᠢᠭ ᠪᠣᠯᠤᠨ ᠰᠣᠯᠪᠢᠴᠠᠯ ᠵᠠᠮ᠎ᠤᠨ ᠠᠮᠠ᠎ᠳᠤ᠎ᠬᠢ   ᠹᠦ᠋ ᠵᠡᠭᠡᠯᠢ ᠭᠤᠳᠤᠮᠵᠢ ᠵᠢᠨ ᠹᠦ᠋ ᠰᠢᠶᠠᠩ ᠨᠡᠶ᠋ᠢᠭᠡᠮ ᠲᠣᠭᠣᠷᠢᠭ᠎ᠲᠤ ᠴᠧᠨ ᠲᠢᠩᠬᠢᠮ᠎ᠤᠨ ᠳᠠᠷᠤᠭ᠎ᠠ ᠠᠵᠢᠯᠲᠠᠳ᠎ᠤᠨ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠥᠪᠡᠷᠲᠡᠭᠡᠨ ᠵᠠᠰᠠᠬᠤ᠂ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠨᠡᠶ᠋ᠢᠭᠡᠮ᠎ᠤᠨ   ᠠᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠡᠷᠭᠡ ᠲᠠᠯ᠎ᠠ ᠵᠢᠨ ᠲᠤᠷᠰᠢᠯᠭ᠎ᠠ ᠵᠢ ᠰᠣᠨᠣᠰᠴᠤ᠂ ᠪᠠᠶ᠋ᠢᠨ ᠪᠠᠶ᠋ᠢᠨ ᠠᠵᠢᠯᠲᠠᠳ᠎ᠠᠴᠠ ᠠᠰᠠᠭᠤᠯᠲᠠ ᠠᠰᠠᠭᠤᠵᠤ ᠰᠠᠨᠠᠯ ᠵᠶ᠋ᠠᠨ ᠰᠣᠯᠢᠯᠴᠠᠪᠠ᠃


  ᠲᠢᠩᠬᠢᠮ᠎ᠤᠨ ᠳᠠᠷᠤᠭ᠎ᠠ ᠴᠧᠨ ᠵᠢᠶᠧ ᠪᠣᠯᠤᠨ ᠰᠢᠨᠵᠢᠯᠡᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠴᠦᠮ ᠡᠨᠡ ᠤᠳᠠᠭ᠎ᠠ ᠪᠢᠳᠠ ᠪᠡᠭᠡᠵᠢᠩ ᠬᠣᠲᠠ ᠵᠢᠨ ᠠᠷᠭ᠎ᠠ ᠳᠤᠷᠰᠢᠯᠭ᠎ᠠ ᠵᠢ ᠰᠢᠨᠵᠢᠯᠡᠨ ᠪᠠᠢ᠌ᠴᠠᠭ᠋ᠠᠵᠤ ᠰᠤᠷᠤᠯ᠎ᠠ᠂ ᠰᠤᠷᠬᠤ ᠵᠢᠨ ᠵᠣᠷᠢᠯᠭ᠎ᠠ᠎ᠨᠢ ᠬᠡᠷᠡᠭᠯᠡᠬᠦ ᠵᠢᠨ ᠲᠥᠯᠥᠭᠡ ᠶᠤᠮ᠂ ᠰᠤᠷᠤᠯᠴᠠᠵᠤ ᠣᠯᠤᠭᠰᠠᠨ ᠣᠶ᠋ᠢᠯᠠᠭ᠋ᠠᠭᠳᠠᠬᠤᠨ᠂ ᠠᠷᠭ᠎ᠠ᠂ ᠲᠤᠷᠰᠢᠯᠭ᠎ᠠ ᠵᠢ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠨᠠᠷᠢᠨ ᠬᠢᠨᠠᠮᠠᠭ᠋ᠠᠶ ᠵᠠᠳᠠᠯᠤᠨ ᠪᠣᠳᠣᠯᠬᠢᠯᠠᠵᠤ᠂ ᠪᠣᠯᠪᠠᠰᠤᠷᠠᠭᠤᠯᠤᠨ ᠬᠤᠪᠢᠷᠠᠭᠤᠯᠵᠤ᠂ ᠮᠠᠨ᠎ᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠦᠨᠳᠦᠰᠦᠨ ᠱᠠᠲᠤᠨ ᠎ᠤ ᠨᠡᠶ᠋ᠢᠭᠡᠮ᠎ᠤᠨ ᠵᠠᠰᠠᠯᠲᠠ ᠵᠢᠨ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ  ᠎ᠳᠤ᠎ᠪᠠᠨ ᠦᠨᠡᠨ ᠬᠦ᠌ ᠬᠡᠷᠡᠭᠯᠡᠵᠦ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠰᠢᠨ᠎ᠡ ᠰᠢᠪᠲᠤᠯᠤᠯᠲᠠ ᠰᠢᠨ᠎ᠡ ᠦᠷ᠎ᠡ ᠪᠦᠲᠤᠭᠡᠯ   ᠣᠯᠬᠤ ᠵᠢ ᠳᠠᠰᠤᠷᠠᠯᠲᠠ ᠦᠭᠡᠢ ᠲᠦᠯᠬᠢᠨ ᠠᠬᠢᠭᠤᠯᠬᠤ᠎ᠳᠤ ᠬᠡᠷᠡᠭᠯᠡᠨ᠎ᠡ ᠭᠡᠪᠡ᠃
   

    ᠪᠡᠭᠡᠵᠢᠩ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠠᠶ ᠳ᠋ᠢᠶᠠᠨ ᠲᠣᠭᠣᠷᠢᠭ᠂ ᠳ᠋ᠦᠩ ᠴᠧᠩ ᠲᠣᠭᠣᠷᠢᠭ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠶ ᠤᠳᠤᠷᠢᠳᠤᠯᠭ᠎ᠠ ᠪᠠᠷ᠎ᠠ ᠪᠣᠯᠵᠣ ᠬᠠᠮᠢᠶ᠎ᠠ ᠪᠥᠬᠥᠶ ᠠᠵᠢᠯᠯᠠᠭ᠎ᠠ᠎ᠳᠤ ᠣᠷᠣᠯᠴᠠᠪᠠ᠃



ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠶᠠᠮᠤᠨ᠎ᠤ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠮᠠᠨ᠎ᠤ ᠣᠷᠣᠨ᠎ᠳᠤ ᠬᠦᠷᠴᠦ ᠣᠷᠣᠭ ᠬᠤᠷᠢᠮ᠎ᠤᠨ ᠬᠡᠪ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ ᠪᠠᠢ᠌ᠭᠤᠯᠬᠤ᠎ᠪᠠᠷ ᠭᠤᠶᠤᠴᠢᠯᠠᠯᠲᠠ ᠬᠢᠭᠰᠡᠨ ᠭᠠᠵᠠᠷ ᠣᠷᠣᠨ᠎ᠳᠤ ᠰᠤᠳᠤᠯᠤᠠ ᠵᠢᠱ᠌ᠢᠬᠦ ᠠᠵᠢᠯ ᠥᠷᠨᠢᠭᠦᠯᠪᠡ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ ᠨᠡᠢ᠌ᠬᠡᠮ ᠲᠤᠭᠤᠷᠢᠭ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠪᠤᠢ᠌ᠵᠢᠭᠤᠯᠤᠨ ᠬᠦᠭᠵᠢᠬᠦᠯᠬᠦ ᠲᠤᠬᠠᠢ ᠪᠠᠢ᠌ᠴᠠᠭ᠋ᠠᠯᠳᠠ ᠵᠢ ᠵᠤᠬᠢᠶᠠᠨ ᠪᠠᠢ᠌ᠭᠤᠯᠵᠤ ᠦᠷᠨᠢᠬᠦᠯᠪᠡ
ᠠᠷᠠᠳ᠎ᠤᠨ ᠶᠠᠪᠤᠳᠠᠯ᠎ᠤᠨ ᠲᠢᠡᠭᠬᠢᠮ ᠬᠤᠪᠢ ᠬᠦᠮᠦᠨ᠎ᠤ ᠬᠠᠮᠢᠶ᠎ᠠ᠎ᠲᠠᠢ ᠵᠦᠢ᠍ᠯ ᠵᠶ᠋ᠡᠨ ᠲᠠᠬᠯᠠᠨ ᠮᠡᠳᠡᠬᠦᠯᠬᠦ ᠭᠤᠤᠯ ᠰᠡᠳᠤᠪᠳᠤ ᠨᠠᠮ᠎ᠤᠨ ᠡᠳᠤᠷ᠎ᠤᠨ ᠠᠵᠢᠯᠯᠠᠭ᠋ᠠᠨ ᠪᠤᠯᠤᠨ ᠲᠤᠰᠬᠠᠢ ᠰᠡᠳᠤᠪᠳᠤ ᠪᠤᠯᠪᠠᠰᠤᠷᠠᠯ᠎ᠤᠨ ᠬᠤᠷᠠᠯ ᠬᠢᠪᠠ
ᠶᠡᠷᠤᠡᠭᠭᠡᠢ ᠰᠠᠢ᠌ᠳ᠎ᠤᠨ ᠬᠡᠯᠡᠭᠰᠡᠨ 9 ᠵᠦᠢ᠍ᠯ ᠵᠤᠷᠢᠭ᠎ᠢ ᠬᠦᠪᠴᠢᠯᠡᠵᠤ ᠰᠡᠳᠬᠢᠯ᠎ᠢ ᠲᠤᠬᠳᠤᠯᠤᠭᠤᠯᠤᠨ᠎ᠠ
ᠶᠡᠷᠤᠡᠭᠭᠡᠢ ᠰᠠᠢ᠌ᠳ᠎ᠤᠨ ᠰᠤᠷᠪᠤᠯᠵᠢᠯᠠᠭ᠎ᠠ ᠵᠢᠨ ᠬᠤᠷᠠᠯ᠎ᠤᠨ ᠠᠬᠤᠢ ᠲᠠᠯᠠᠪᠠᠢ᠎ᠠᠴᠠ ᠡᠳᠡᠬᠡᠷ ᠴᠢᠮᠡᠬᠡ ᠢᠷᠡᠯ᠎ᠡ
 
            