ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠮᠠᠨ᠎ᠤ ᠤᠷᠤᠨ᠎ᠤ ᠡᠯ᠎ᠡ ᠭᠠᠵᠠᠷ ᠰᠠᠶ᠋ᠢᠨ ᠲᠤᠷᠠᠴᠤᠤᠯ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ · ᠨᠠᠮ᠎ᠤᠨ ᠭᠡᠰᠢᠭᠦᠨ᠎ᠤ ᠬᠣᠰᠢᠭᠤᠴᠢ ᠵᠢ ᠪᠣᠶ ᠪᠣᠯᠭ᠋ᠠᠬᠤ》 ᠦᠢ᠍ᠯᠡᠳᠤᠯᠬᠡ ᠵᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2021-11-22


    
    ᠨᠠᠮᠤᠷ᠂ ᠡᠪᠦᠯ᠎ᠤᠨ ᠤᠯᠠᠷᠢᠯ ᠪᠣᠯ ᠠᠮᠢᠰᠬᠤᠯ᠎ᠤᠨ ᠵᠠᠮ᠎ᠤᠨ ᠬᠠᠯᠳᠠᠪᠤᠷᠢᠯᠠᠯ᠎ᠤᠨ ᠣᠷᠭᠢᠯ ᠦᠶ᠎ᠡ ᠮᠥᠨ᠂ ᠡᠨᠡ ᠤᠳᠠᠭ᠋ᠠᠨ᠎ᠤ ᠬᠢᠵᠢᠭ᠎ᠤᠨ ᠪᠠᠶ᠋ᠢᠳᠠᠯ ᠴᠤ᠌ ᠡᠭᠦᠳᠡᠨ᠎ᠳᠤ ᠢᠷᠡᠵᠡᠶ᠃ ᠬᠢᠵᠢᠭ ᠳᠡᠯᠭᠡᠷᠡᠬᠦ ᠵᠢ ᠴᠠᠭ ᠲᠤᠬᠠᠶ᠎ᠳᠤ᠎ᠨᠢ ᠬᠢᠵᠠᠭ᠋ᠠᠷᠯᠠᠬᠤ ᠵᠢᠨ ᠲᠥᠯᠥᠭᠡ᠂ ᠨᠢᠭᠡ ᠪᠦᠯᠦᠭ ᠨᠠᠮ᠎ᠤᠨ ᠭᠡᠰᠢᠭᠦᠨ ᠰᠠᠶ᠋ᠢᠨ  ᠲᠤᠷᠠᠴᠤᠤᠯ ᠰᠠᠨᠠᠭ᠋ᠠᠴᠢᠯᠠᠭ᠎ᠠ᠎ᠠᠴᠠ᠎ᠪᠠᠨ ᠭᠤᠶᠤᠴᠢᠯᠠᠯ ᠭᠠᠷᠭ᠋ᠠᠵᠤ᠂ ᠵᠢᠱ᠌ᠢᠶᠡᠴᠢ ᠳᠠᠭ᠋ᠠᠭᠤᠯᠬᠤ ᠦᠢ᠍ᠯᠡᠳᠤᠯ ᠵᠶ᠋ᠠᠨ ᠪᠠᠳᠠᠷᠠᠭᠤᠯᠵᠤ ᠪᠠᠶ᠋ᠢᠭ᠋ᠠᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠳᠤ ᠢᠳᠡᠪᠬᠢᠲᠡᠶ ᠣᠷᠣᠯᠴᠠᠵᠤ ᠪᠠᠶ᠋ᠢᠨ᠎ᠠ᠃ ᠴᠠᠰᠤ ᠰᠢᠭᠤᠷᠭ᠋ᠠᠨ᠎ᠳᠤ ᠴᠤ᠌ ᠲᠡᠷᠡ᠂ ᠬᠠᠬᠢᠷ ᠬᠦᠢ᠍ᠳᠡᠨ᠎ᠳᠤ ᠴᠦ᠍ ᠲᠡᠷᠡ᠂ ᠳᠡᠳᠡ ᠬᠡᠪ ᠳᠠᠭᠤᠷᠢᠶᠠᠯ ᠦᠵᠡᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ 《ᠪᠠᠶ᠋ᠢᠯᠳᠤᠭᠴᠢ》᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ 《ᠤᠬᠠᠭᠤᠯᠤᠭᠴᠢ》᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ 《ᠦᠢ᠍ᠯᠡᠴᠢᠯᠡᠭᠴᠢ》᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ 《ᠬᠢᠨᠠᠯᠲᠠ ᠲᠠᠯᠪᠢᠭᠴᠢ》 ᠪᠤᠯᠵᠠᠭ᠋ᠠᠵᠤ ᠪᠠᠢ᠌ᠨ᠎ᠠ᠃
    

W020211124398011364104.png


    ᠵᠢᠷᠤᠭ 1᠄ ᠠᠯᠠᠱ᠌ᠠ ᠵᠡᠭᠦᠨ ᠬᠣᠰᠢᠭᠤᠨ᠎ᠤ ᠨᠠᠮ᠎ᠤᠨ ᠭᠡᠰᠢᠭᠦᠨ ᠰᠠᠶ᠋ᠢᠨ  ᠲᠤᠷᠠᠴᠤᠤᠯ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠡᠮᠦᠨ᠎ᠡ ᠹᠷᠣᠨᠲ᠎ᠲᠤ ᠬᠦᠷᠴᠦ ᠪᠠᠶ᠋ᠢᠭ᠎ᠠ᠎ᠨᠢ
    ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ ᠡᠬᠢᠯᠡᠮᠡᠭᠴᠡ ᠠᠯᠠᠱ᠌ᠠ ᠵᠡᠭᠦᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠡᠷᠬᠢᠯᠡᠭᠴᠢ ᠡᠷᠳᠡᠨᠢ ᠨᠠᠮ᠎ᠤᠨ ᠭᠡᠰᠢᠭᠦᠨ᠎ᠤ ᠬᠣᠰᠢᠭᠤᠴᠢ ᠪᠣᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠪᠠ ᠬᠥᠲᠥᠯᠥᠨ ᠵᠢᠯᠣᠭᠣᠳᠬᠤ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠦᠢ᠍ᠯᠡᠳᠦᠯᠴᠡᠬᠦ ᠰᠢᠤᠸᠠᠢ ᠶᠤᠸᠠᠨ ᠳ᠋ᠦᠩ ᠨᠡᠶ᠋ᠢᠭᠡᠮ ᠲᠣᠭᠣᠷᠢᠭ᠎ᠲᠠᠢ ᠴᠠᠭ ᠲᠤᠬᠠᠶ᠎ᠳᠤ᠎ᠨᠢ ᠨᠡᠪᠲᠡᠷᠡᠯᠴᠡᠵᠦ᠂ 2383 ᠡᠷᠤᠬᠡ 5958 ᠰᠠᠭᠤᠭ᠋ᠠᠯᠢ ᠠᠷᠠᠳ᠎ᠲᠠᠢ᠂ ᠣᠷᠣᠰᠢᠨ ᠰᠠᠭᠤᠬᠰᠠᠳ᠎ᠨᠢ ᠨᠠᠷᠢᠨ ᠪᠤᠳᠤᠯᠢᠶᠠᠨᠲᠠᠢ ᠪᠠᠢ᠌ᠳᠠᠯ ᠲᠤᠤᠷ᠎ᠠ ᠡᠷᠳᠡᠨᠢ ᠵᠡᠭᠦᠨ ᠬᠣᠰᠢᠭᠤᠨ᠎ᠤ ᠠᠷᠠᠳ᠎ᠤᠨ ᠶᠠᠪᠤᠳᠠᠯ᠎ᠤᠨ  ᠰᠢᠰᠲᠸᠮ᠎ᠤᠨ 30 ᠭᠠᠷᠤᠢ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠵᠤ᠂ ᠪᠥᠭᠡᠮ ᠬᠦᠴᠢᠯ᠎ᠤᠨ ᠪᠠᠢ᠌ᠴᠠᠭ᠋ᠠᠯᠳᠠ ᠬᠢᠬᠦ ᠳᠤᠭᠤᠶ᠋ᠢᠯᠠᠩ 3᠂ ᠬᠢᠵᠢᠭ᠎ᠤᠨ ᠪᠠᠶ᠋ᠢᠳᠠᠯ᠎ᠢ ᠬᠠᠮᠢᠶᠠᠷᠤᠨ ᠡᠵᠡᠮᠳᠡᠬᠦ ᠳᠤᠭᠤᠶ᠋ᠢᠯᠠᠩ 8 ᠵᠢ ᠪᠠᠶ᠋ᠢᠭᠤᠯᠵᠤ᠂ ᠨᠡᠶ᠋ᠢᠭᠡᠮ ᠲᠣᠭᠣᠷᠢᠭ᠎ᠤᠨ ᠠᠵᠢᠯᠳᠠᠨ ᠪᠠ ᠡᠮᠨᠡᠯᠭᠡ ᠵᠢᠨ ᠠᠵᠢᠯᠳᠠᠨ᠎ᠢ ᠢᠳᠡᠪᠬᠢᠲᠡᠢ ᠬᠠᠪᠰᠤᠷᠤᠨ ᠡᠯ᠎ᠡ ᠵᠦᠢ᠍ᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠷᠨᠢᠭᠦᠯᠵᠡᠢ᠃


W020211124398011381163.png


    ᠵᠢᠷᠤᠭ 2᠄ ᠪᠠᠶᠠᠨᠨᠠᠭᠤᠷ ᠬᠤᠳᠠ ᠵᠢᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠠᠮ᠎ᠤᠨ ᠭᠡᠰᠢᠭᠦᠨ ᠰᠠᠭᠤᠭ᠋ᠠᠯᠢ ᠲᠣᠭᠣᠷᠢᠭ᠎ᠲᠤ ᠣᠷᠣᠵᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
    ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤᠨ᠎ᠤ ᠬᠠᠶ᠋ᠢᠯᠠᠰᠤᠲᠤ ᠪᠠᠯᠭ᠋ᠠᠰᠤᠨ᠎ᠤ ᠬᠤᠸᠠ ᠶᠤᠸᠠᠨ ᠵᠡᠭᠦᠨ ᠵᠠᠮ᠎ᠤᠨ ᠨᠡᠶ᠋ᠢᠭᠡᠮ ᠲᠣᠭᠣᠷᠢᠭ᠎ᠤᠨ 《ᠵᠢᠷᠭ᠋ᠠᠬᠤ ᠨᠡᠷᠡᠨ ᠤᠯᠠᠭ᠋ᠠᠨ》 ᠨᠠᠮ᠎ᠤᠨ ᠭᠡᠰᠢᠭᠦᠨ ᠰᠠᠶ᠋ᠢᠨ  ᠲᠤᠷᠠᠴᠤᠤᠯ᠎ᠤᠨ ᠦᠢ᠍ᠯᠡᠴᠢᠯᠡᠭᠡᠨ᠎ᠤ ᠠᠩᠭᠢ᠎ᠨᠢ ᠨᠠᠮ᠎ᠳᠤ ᠤᠷᠤᠭ᠋ᠠᠳ 30 ᠵᠢᠯ᠎ᠢ ᠬᠡᠳᠤᠷᠡᠵᠤ ᠪᠠᠢ᠌ᠭ᠎ᠠ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠠᠮ᠎ᠤᠨ ᠭᠡᠰᠢᠭᠦᠨ ᠵᠶ᠋ᠠᠷ ᠪᠦᠷᠢᠯᠳᠦᠭᠰᠡᠨ ᠶᠤᠮ᠂ 《ᠬᠢᠵᠢᠭ》᠎ᠢ ᠡᠰᠡᠷᠭᠦᠴᠡᠬᠦ᠎ᠳᠤ ᠲᠡᠳᠡ ᠬᠠᠷᠢᠶ᠎ᠠ ᠣᠷᠣᠨ᠎ᠤ᠎ᠪᠠᠨ ᠡᠯ᠎ᠡ ᠲᠣᠭᠣᠷᠢᠭ᠂ ᠴᠡᠴᠡᠷᠯᠢᠭ ᠵᠡᠷᠭᠡ ᠤᠯᠠᠨ ᠨᠡᠶ᠋ᠢᠲᠡ ᠵᠢᠨ ᠠᠵᠢᠯᠯᠠᠭ᠋ᠠᠨ᠎ᠤ ᠲᠠᠯᠠᠪᠤᠷ ᠵᠶ᠋ᠠᠷ ᠰᠦᠯᠵᠢᠯᠳᠦᠵᠦ᠂ ᠵᠠᠷᠢᠮ᠎ᠨᠢ ᠰᠠᠭᠤᠭ᠋ᠠᠯᠢ ᠠᠷᠠᠳ᠎ᠲᠤ ᠠᠮᠠᠪᠴᠢ ᠲᠦᠭᠡᠭᠡᠵᠦ᠂ ᠪᠡᠶ᠎ᠡ ᠵᠢᠨ ᠳᠤᠯᠠᠭ᠋ᠠᠨ᠎ᠢ ᠬᠡᠮᠵᠢᠬᠦ᠎ᠪᠠᠷ ᠶᠠᠭ᠋ᠠᠷᠠᠵᠤ᠂ ᠵᠠᠷᠢᠮ᠎ᠨᠢ ᠰᠠᠭᠤᠭ᠋ᠠᠯᠢ ᠠᠷᠠᠳ᠎ᠲᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠮᠡᠳᠡᠯᠭᠡ ᠵᠢ ᠲᠠᠶ᠋ᠢᠯᠪᠤᠷᠢᠯᠠᠨ ᠥᠭᠴᠦ᠂ 《ᠵᠢᠷᠭ᠋ᠠᠬᠤ ᠨᠡᠷᠡᠨ ᠤᠯᠠᠭ᠋ᠠᠨ》 ᠨᠠᠮ᠎ᠤᠨ ᠭᠡᠰᠢᠭᠦᠨ ᠲᠤᠷᠠᠴᠤᠤᠯ ᠬᠢᠵᠢᠭ᠎ᠤᠨ ᠪᠠᠶ᠋ᠢᠳᠠᠯ᠎ᠢ ᠬᠣᠷᠢᠭᠯᠠᠬᠤ ᠪᠤᠯᠤᠳ ᠬᠡᠷᠡᠮ ᠵᠢ ᠦᠳᠲᠡᠷ ᠪᠠᠶ᠋ᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠡᠪ ᠬᠠᠮᠲᠤ ᠨᠠᠮ᠎ᠤᠨ ᠭᠡᠰᠢᠭᠦᠨ᠎ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠵᠢ ᠬᠠᠷᠠᠭᠤᠯᠵᠠᠢ᠃

W020211124398011406558.png


    ᠵᠢᠷᠤᠭ 3᠄ ᠪᠤᠭᠤᠲᠤ ᠬᠤᠳᠠ ᠵᠢᠨ ᠠᠬᠠᠮᠠᠳ ᠨᠠᠮ᠎ᠤᠨ ᠭᠡᠰᠢᠭᠦᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠢᠳᠡᠪᠬᠢᠲᠡᠢ᠎ᠪᠠᠷ ᠬᠦᠴᠤᠨ ᠨᠡᠮᠡᠷᠢᠯᠡᠪᠡ
    ᠪᠤᠭᠤᠲᠤ ᠬᠤᠳᠠ ᠵᠢᠨ ᠳ᠋ᠦᠩ ᠾᠧ ᠲᠣᠭᠣᠷᠢᠭ᠎ᠤᠨ ᠨᠠᠨ ᠵᠢᠶᠠ ᠶᠤᠸᠠᠨ ᠨᠡᠶ᠋ᠢᠭᠡᠮ ᠲᠣᠭᠣᠷᠢᠭ᠎ᠤᠨ ᠶᠠᠩ ᠶᠧ ᠪᠣᠯ 32 ᠵᠢᠯ᠎ᠤᠨ ᠨᠠᠮ᠎ᠳᠤ ᠤᠷᠤᠭᠰᠠᠨ ᠠᠬᠠᠮᠠᠳ ᠨᠠᠮ᠎ᠤᠨ ᠭᠡᠰᠢᠭᠦᠨ ᠪᠣᠯᠤᠨ᠎ᠠ᠃ 《ᠬᠢᠵᠢᠭ》᠎ᠢ ᠡᠰᠡᠷᠭᠦᠴᠡᠬᠦ ᠶᠠᠪᠤᠴᠠ᠎ᠳᠤ ᠲᠡᠷᠡ ᠰᠠᠨᠠᠭ᠋ᠠᠴᠢᠯᠠᠭ᠎ᠠ᠎ᠠᠴᠠ᠎ᠪᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠨᠠᠮ᠎ᠤᠨ ᠭᠡᠰᠢᠭᠦᠨ᠎ᠤ ᠬᠣᠰᠢᠭᠤᠴᠢ ᠠᠩᠬᠢ᠎ᠳᠤ ᠣᠷᠣᠯᠴᠠᠬᠤ᠎ᠪᠠᠷ ᠭᠤᠶᠤᠴᠢᠯᠠᠵᠤ᠂ ᠥᠷᠯᠥᠭᠡ ᠵᠢᠨ ᠨᠠᠢ᠍ᠮᠠᠨ ᠴᠠᠭ᠎ᠠᠴᠠ ᠤᠷᠤᠢ ᠵᠢᠨ ᠵᠢᠷᠭᠤᠭ᠋ᠠᠨ ᠴᠠᠭ ᠪᠣᠯᠲᠠᠯ᠎ᠠ ᠡᠳᠦᠷ ᠪᠦᠷᠢ ᠰᠠᠭᠤᠭ᠋ᠠᠯᠢ ᠠᠷᠠᠳ᠎ᠤᠨ ᠲᠣᠭᠣᠷᠢᠭ᠎ᠤᠨ ᠡᠭᠦᠳᠡᠨ᠎ᠳᠤ ᠤᠯᠠᠨ ᠲᠦᠮᠡᠨ᠎ᠢ ᠬᠠᠪᠰᠤᠷᠤᠨ ᠡᠷᠡᠭᠦᠯ ᠮᠡᠨᠳᠦ ᠵᠢᠨ ᠨᠣᠮᠧᠷ᠎ᠢ ᠰᠢᠷᠪᠢᠨ ᠥᠭᠴᠦ᠂ ᠮᠡᠳᠡᠭᠡ ᠵᠠᠩᠭᠢ ᠵᠢ ᠲᠡᠮᠳᠡᠭᠯᠡᠵᠦ᠂ ᠲᠤᠬᠠᠢ ᠵᠢᠨ ᠲᠠᠯᠠᠪᠠᠢ ᠵᠢᠨ ᠡᠮᠬᠢ ᠳᠢᠭᠯᠢᠮ᠎ᠢ ᠬᠠᠮᠠᠭ᠋ᠠᠯᠠᠬᠤ᠎ᠠᠴᠠ ᠭᠠᠳᠠᠨ᠎ᠠ᠂ ᠪᠠᠰᠠ ᠠᠳᠠᠯ ᠠᠬᠤᠢ ᠵᠢᠨ ᠳᠠᠩᠰᠠᠯᠠᠯᠲᠠ ᠵᠢᠨ ᠮᠠᠰᠢᠨ ᠲᠡᠷᠭᠡᠨ᠎ᠤ ᠮᠡᠳᠡᠭᠡ ᠵᠠᠩᠭᠢ᠂ ᠭᠠᠳᠠᠨ᠎ᠠ᠎ᠠᠴᠠ ᠢᠷᠡᠭᠰᠡᠨ ᠬᠥᠮᠦᠰ᠎ᠤᠨ ᠮᠡᠳᠡᠭᠡ ᠵᠠᠩᠭᠢ᠂ ᠪᠡᠶ᠎ᠡ ᠵᠢᠨ ᠳᠤᠯᠠᠭ᠋ᠠᠨ᠎ᠢ ᠬᠡᠮᠵᠢᠬᠦ᠂ ᠤᠯᠠᠨ ᠨᠡᠶ᠋ᠢᠲᠡ ᠵᠢᠨ ᠣᠷᠣᠨ ᠲᠣᠭᠣᠷᠢᠭ᠎ᠤᠨ  ᠠᠷᠢᠭᠤᠳᠬᠠᠬᠤ ᠠᠵᠢᠯ᠎ᠳᠤ  ᠬᠠᠪᠰᠤᠷᠪᠠ᠃ ᠡᠭᠦᠨ᠎ᠤ ᠬᠠᠮᠲᠤ᠂ ᠡᠳᠦᠷ ᠲᠤᠲᠤᠮ᠎ᠤᠨ ᠲᠣᠭᠣᠷᠢᠨ ᠴᠠᠭᠳᠠᠬᠤ ᠶᠠᠪᠤᠴᠠ᠎ᠳᠤ᠂ ᠲᠡᠷᠡ ᠪᠠᠶ᠋ᠢᠨ ᠪᠠᠶ᠋ᠢᠨ ᠶᠦᠮᠦᠷᠯᠢᠭ ᠦᠭᠡ ᠶᠠᠷᠢᠶ᠎ᠠ᠎ᠪᠠᠷ ᠠᠮᠠᠪᠴᠢ ᠵᠡᠭᠦᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠵᠢ ᠠᠩᠬᠠᠷᠬᠤ ᠵᠢ ᠬᠦᠷᠰᠢ ᠵᠢᠨ᠎ᠬᠢᠨ᠎ᠳᠤ᠎ᠪᠠᠨ ᠰᠠᠨᠠᠭᠤᠯᠵᠤ ᠪᠠᠶ᠋ᠢᠯ᠎ᠠ᠃


W020211124398011424775.png


    ᠵᠢᠷᠤᠭ 4᠄ ᠤᠯᠠᠭ᠋ᠠᠨᠴᠠᠪ ᠬᠣᠲᠠ ᠵᠢᠨ ᠨᠠᠮ᠎ᠤᠨ ᠭᠡᠰᠢᠭᠦᠨ ᠲᠤᠷᠠᠴᠤᠤᠯ ᠣᠯᠠᠨ᠎ᠤ ᠲᠥᠯᠥᠭᠡ ᠭᠡᠷ ᠪᠦᠯᠢ᠎ᠪᠠᠷ ᠵᠶ᠋ᠠᠨ ᠵᠢᠳᠬᠦᠵᠦ ᠪᠠᠶ᠋ᠢᠨ᠎ᠠ
   
    ᠤᠯᠠᠭ᠋ᠠᠨᠴᠠᠪ ᠬᠣᠲᠠ ᠵᠢᠨ ᠯᠢᠶᠠᠩ ᠯᠢ ᠰᠢᠶᠠ ᠪᠣᠯ ᠡᠪ ᠬᠠᠮᠲᠤ ᠨᠠᠮ᠎ᠤᠨ ᠭᠡᠰᠢᠭᠦᠨ᠂ ᠬᠤᠷᠳᠤᠨ᠎ᠤ ᠵᠠᠮ᠎ᠤᠨ ᠺᠣᠮᠫᠠᠨᠢ ᠵᠢᠨ ᠠᠵᠢᠯᠲᠠᠨ ᠶᠤᠮ ᠪᠦᠬᠡᠳ ᠨᠡᠷ᠎ᠡ ᠨᠢᠳᠡᠷ᠎ᠲᠤ᠎ᠪᠠᠨ ᠲᠡᠡᠭᠴᠡᠭᠰᠡᠨ ᠰᠠᠢ᠌ᠨ ᠲᠤᠷᠠᠴᠤᠤᠯ᠂ ᠰᠠᠢ᠌ᠨ ᠡᠵᠢ ᠲᠡᠳᠤᠢ ᠦᠬᠡᠢ ᠵᠢᠡᠭᠭᠢᠨᠢ 《ᠪᠠᠶ᠋ᠢᠯᠳᠤᠭᠴᠢ》 ᠪᠢᠯᠨ᠃ ᠡᠨᠡ ᠤᠳᠠᠭ᠋ᠠᠨ᠎ᠤ ᠬᠢᠵᠢᠭ᠎ᠤᠨ ᠪᠠᠶ᠋ᠢᠳᠠᠯ᠎ᠢ ᠬᠣᠷᠢᠭᠯᠠᠨ ᠴᠣᠬᠢᠬᠤ ᠲᠠᠢ᠌ᠯᠠᠯᠳᠤᠭ᠋ᠠᠨ᠎ᠳᠤ ᠲᠡᠷᠡ ᠬᠤᠢ᠌ᠰᠢ ᠤᠬᠤᠷᠢᠭᠰᠠᠨ ᠥᠬᠡᠶ᠂ ᠬᠡᠷ ᠵᠶ᠋ᠠᠨ ᠬᠠᠶᠠᠵᠤ ᠣᠯᠠᠨ᠎ᠢ ᠬᠠᠷᠠᠭ᠋ᠠᠯᠵᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ  ᠡᠮᠦᠨ᠎ᠡ ᠹᠷᠣᠨᠲ᠎ᠲᠤ ᠡᠷᠡᠰ ᠰᠢᠭᠤᠷᠬᠠᠶ ᠭᠠᠪᠰᠢᠭ᠋ᠠᠢ᠌ᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠶ᠋ᠢᠨ ᠲᠤᠷᠠᠴᠤᠤᠯ᠎ᠤᠨ ᠶᠡᠬᠡ ᠬᠡᠷ ᠪᠦᠯᠢ᠎ᠳᠤ ᠤᠷᠤᠭᠰᠠᠨ ᠪᠠᠶ᠋ᠢᠨ᠎ᠠ᠃ ᠲᠡᠷᠡ ᠴᠢᠤᠸᠠᠨᠱ᠌ᠠᠨ ᠵᠡᠭᠡᠯᠢ ᠵᠢᠨ ᠮᠠᠨᠳᠠ ᠨᠡᠶ᠋ᠢᠭᠡᠮ ᠲᠣᠭᠣᠷᠢᠭ᠎ᠤᠨ ᠲᠢᠶᠠᠨ ᠶᠤᠸᠠᠨ  ᠬᠤᠷᠢᠶᠠᠯᠠᠯ᠎ᠤᠨ ᠡᠭᠦᠳᠡᠨ᠎ᠳᠤ ᠰᠠᠢ᠍ᠢ᠍ᠨ ᠲᠤᠷᠠᠴᠤᠤᠯ᠎ᠤᠨ ᠤᠯᠠᠭ᠋ᠠᠨ 《ᠪᠠᠶ᠋ᠢᠯᠳᠤᠭ᠋ᠠᠨ᠎ᠤ ᠬᠤᠪᠴᠠᠰᠤ》 ᠵᠢ ᠡᠮᠦᠰᠴᠦ᠂ ᠡᠳᠦᠷ ᠪᠦᠷᠢ 8 ᠴᠠᠭ ᠠᠵᠢᠯᠯᠠᠵᠤ᠂ ᠠᠵᠢᠯᠲᠠᠳ᠎ᠢ ᠬᠠᠪᠰᠤᠷᠤᠨ ᠮᠡᠳᠡᠭᠡ ᠵᠠᠩᠭᠢ ᠣᠷᠣᠭᠤᠯᠬᠤ᠂ ᠴᠤᠭᠯᠠᠭᠤᠯᠵᠤ ᠳᠡᠭᠡᠭᠰᠢ ᠮᠡᠳᠡᠭᠦᠯᠬᠦ᠂ ᠡᠮᠬᠢ ᠳᠢᠭᠯᠢᠮ᠎ᠢ ᠬᠠᠮᠠᠭ᠋ᠠᠯᠠᠬᠤ᠂  ᠠᠷᠢᠭᠤᠳᠬᠠᠬᠤ ᠪᠠ ᠨᠣᠮᠧᠷ ᠰᠢᠷᠪᠢᠬᠦ᠂ ᠳᠤᠯᠠᠭ᠋ᠠᠨ᠎ᠢ ᠬᠡᠮᠵᠢᠬᠦ ᠵᠡᠷᠭᠡ ᠠᠵᠢᠯ᠎ᠢ ᠬᠢᠵᠦ᠂  ᠦᠨᠳᠦᠰᠦᠨ ᠱᠠᠲᠤᠨ᠎ᠤ ᠨᠡᠶ᠋ᠢᠭᠡᠮ ᠲᠣᠭᠣᠷᠢᠭ᠎ᠤᠨ ᠬᠢᠵᠢᠭ᠎ᠢ ᠰᠡᠷᠭᠡᠶ᠋ᠢᠯᠡᠬᠦ ᠠᠵᠢᠯᠳᠠᠨ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠵᠦ ᠥᠭᠴᠡᠢ᠃ 
    
    
    
    
    
    
    
    
    
    
    
 

ᠢᠷᠡᠯᠲᠡ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠬᠠᠬᠢᠷ ᠡᠪᠦᠯ᠎ᠤᠨ ᠬᠦᠢ᠍ᠳᠡᠨ᠎ᠳᠤ ᠬᠠᠯᠠᠭᠤᠨ ᠲᠤᠯᠠᠭ᠋ᠠᠨ᠎ᠢ ᠬᠦᠷᠬᠡᠬᠦ》 ᠠᠵᠢᠯᠯᠠᠭ᠎ᠠ ᠦᠷᠬᠦᠯᠵᠢᠯᠡᠭᠰᠡᠬᠡᠷ
《ᠨᠡᠢ᠌ᠬᠡᠮ》 ᠰᠡᠳᠬᠦᠯ᠎ᠤᠨ ᠬᠤᠷᠢᠶ᠎ᠠ ᠵᠢᠨ᠎ᠬᠢᠨ ᠠᠬᠠᠮᠠᠳ ᠤᠳᠤᠷᠢᠳᠤᠯᠭ᠎ᠠ᠎ᠪᠠᠨ ᠪᠤᠯᠭᠤᠭ᠋ᠠᠨ ᠲᠤᠭᠤᠨᠢᠭᠤᠯᠪᠠ
ᠡᠬᠢ ᠪᠠᠶᠠᠯᠢᠭ᠎ᠢ ᠬᠣᠯᠪᠣᠵᠤ᠂ ᠬᠢᠵᠢᠭ᠎ᠢ ᠡᠰᠡᠷᠭᠦᠴᠡᠬᠦ᠎ᠳᠤ ᠬᠦᠴᠦᠨ ᠨᠡᠮᠡᠷᠢᠯᠡᠪᠡ — ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠲᠠᠢ ᠬᠠᠮᠲᠤᠷᠠᠨ ᠬᠤᠯᠪᠤᠭ᠎ᠠ ᠠᠪᠴᠤ ᠬᠠᠮᠲᠤ᠎ᠪᠠᠷ ᠪᠠᠢ᠌ᠭᠤᠯᠵᠤ ᠪᠠᠢ᠌ᠭ᠎ᠠ ᠨᠡᠢ᠌ᠬᠡᠮ ᠲᠤᠭᠤᠷᠢᠭ᠎ᠲᠤ ᠬᠢᠵᠢᠭ᠎ᠢ ᠡᠰᠡᠷᠭᠦᠴᠡᠬᠦ ᠡᠳ᠋ ᠪᠣᠳᠠᠰ ᠬᠠᠨᠳᠢᠪᠯᠡᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ ᠬᠢᠨᠠᠨ ᠪᠤᠳᠤᠬᠤ ᠳᠤᠭᠤᠢ᠌ᠯᠠᠩ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠤᠬᠠᠢ ᠶᠠᠷᠢᠯᠴᠠᠬᠤ ᠬᠤᠷᠠᠯ ᠬᠢᠵᠦ ᠪᠠᠢ᠌ᠴᠠᠭ᠋ᠠᠨ ᠰᠤᠳᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠢᠭᠡᠳ ᠥᠪᠥᠷ ᠮᠣᠩᠭᠣᠯ᠎ᠤᠨ ᠪᠠᠩᠬᠢ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
 
            