ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠢᠯᠢ ᠵᠢᠨ ᠬᠣᠲᠠ᠎ᠪᠠᠨ ᠬᠠᠶ᠋ᠢᠷ᠎ᠠ᠎ᠪᠠᠷ ᠲᠤᠯᠠᠭ᠋ᠠᠯᠠᠶ᠎ᠠ — ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠣᠳᠠᠲᠤ ᠲᠡᠮᠳᠡᠭᠯᠡᠯ (ᠬᠣᠶᠠᠷ)
ᠨᠡᠶᠢᠲᠡᠯᠡᠭᠰᠡᠨ ᠴᠠᠭ᠄ 2021-12-27

    
    
     ᠣᠶ᠋ᠢᠷ᠎ᠠ᠎ᠳᠤ᠂ ᠬᠥᠯᠥᠨ ᠪᠣᠶ᠋ᠢᠷ ᠬᠣᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ ᠮᠥᠨ ᠬᠦ᠌ ᠬᠦᠨᠳᠦ ᠬᠡᠴᠡᠭᠦᠤ ᠪᠠᠶ᠋ᠢᠵᠤ᠂ ᠢᠯᠠᠩᠭᠤᠶ᠎ᠠ ᠮᠠᠨᠵᠤᠤᠷ ᠬᠣᠲᠠ ᠵᠢᠨ ᠵᠠᠯᠠᠶ᠋ᠢᠨᠠᠭᠤᠷ ᠲᠣᠭᠣᠷᠢᠭ᠎ᠤᠨ ᠬᠢᠵᠢᠭ᠎ᠤᠨ ᠪᠠᠶ᠋ᠢᠳᠠᠯ ᠬᠦᠮᠦᠨ ᠵᠤᠨ᠎ᠤ ᠰᠡᠳᠬᠢᠯ᠎ᠢ ᠲᠠᠲᠠᠭᠰᠠᠭ᠋ᠠᠷ ᠢᠷᠡᠵᠡᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠤᠨ ᠡᠮᠦᠨ᠎ᠡ᠂ ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠯᠥᠨ ᠪᠣᠶ᠋ᠢᠷ ᠬᠣᠲᠠ ᠵᠢᠨ ᠨᠢᠭᠦᠯᠡᠰᠦᠩᠭᠦᠶ ᠵᠢᠨ ᠦᠢ᠍ᠯᠡᠰ᠎ᠤᠨ ᠶᠡᠷᠦᠩᠬᠡᠶ ᠡᠪᠯᠡᠯ᠎ᠨᠢ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠬᠦ᠂ ᠲᠣᠭᠲᠠᠭᠤᠨ ᠪᠠᠶ᠋ᠢᠳᠠᠯ᠎ᠢ ᠪᠠᠲᠤᠯᠠᠬᠤ᠂ ᠬᠥᠭᠵᠢᠯᠲᠡ ᠵᠢ ᠠᠬᠢᠭᠤᠯᠬᠤ》᠎ᠪᠠᠷ ᠡᠭᠦᠷᠭᠡ᠎ᠪᠠᠨ ᠪᠣᠯᠭ᠋ᠠᠵᠤ᠂ ᠰᠠᠨᠠᠭ᠋ᠠᠴᠢᠯᠠᠭ᠎ᠠ ᠵᠢᠨ ᠪᠢᠴᠢᠭ ᠨᠡᠶ᠋ᠢᠲᠡᠯᠡᠵᠦ᠂ ᠲᠤᠰ ᠬᠣᠲᠠ ᠵᠢᠨ ᠡᠯ᠎ᠡ ᠠᠵᠤ ᠠᠬᠤᠶ᠋ᠢᠯᠠᠯ᠂ ᠪᠠᠢ᠌ᠭᠤᠯᠭ᠎ᠠ ᠨᠢᠬᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠬᠠᠮᠲᠤ᠎ᠪᠠᠷ ᠬᠢᠵᠢᠭ᠎ᠤᠨ ᠪᠠᠶ᠋ᠢᠳᠠᠯ᠎ᠢ ᠡᠰᠡᠷᠭᠦᠴᠡᠨ ᠬᠣᠷᠢᠭᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ᠎ᠳᠤ ᠵᠣᠭᠣᠰ ᠮᠥᠩᠭᠥ ᠡᠳ᠋ ᠪᠣᠳᠠᠰ ᠬᠠᠨᠳᠢᠪᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠨᠡᠶ᠋ᠢᠭᠡᠮ᠎ᠤᠨ ᠬᠠᠷᠢᠭᠤᠴᠠᠯᠭ᠎ᠠ ᠵᠢ ᠵᠣᠷᠢᠭᠲᠠᠶ᠎ᠪᠠᠷ ᠡᠭᠦᠷᠭᠡᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠣᠷᠢᠭᠯᠠᠨ ᠴᠣᠬᠢᠬᠤ ᠳᠠᠶ᠋ᠢᠨ᠎ᠤ ᠢᠯᠠᠯᠲᠠ ᠵᠢ ᠤᠯᠬᠤ᠎ᠳᠤ ᠲᠣᠪᠣᠶ᠋ᠢᠮ᠎ᠠ ᠦᠢ᠍ᠯᠡᠳᠦᠯ ᠦᠵᠡᠭᠦᠯᠬᠦ ᠵᠢ ᠰᠠᠨᠠᠭ᠋ᠠᠴᠢᠯᠠᠵᠠᠶ᠃
 
  W020211221349924532012.png 


    12 ᠰᠠᠷ᠎ᠠ ᠵᠢᠨ 14᠎ᠤ ᠡᠳᠦᠷ᠂ ᠬᠥᠯᠥᠨ ᠪᠣᠶ᠋ᠢᠷ ᠬᠣᠲᠠ ᠵᠢᠨ ᠨᠢᠭᠦᠯᠡᠰᠦᠩᠭᠦᠶ ᠵᠢᠨ  ᠦᠢ᠍ᠯᠡᠰ᠎ᠤᠨ ᠶᠡᠷᠦᠩᠬᠡᠶ ᠡᠪᠯᠡᠯ᠎ᠨᠢ ᠠᠵᠤ ᠠᠬᠤᠶ᠋ᠢᠯᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠤᠯᠤᠨ ᠬᠠᠯᠠᠭᠤᠨ ᠰᠡᠳᠬᠢᠯᠳᠤ ᠬᠥᠮᠦᠰ᠎ᠤᠨ ᠬᠠᠨᠳᠢᠪᠯᠠᠭᠰᠠᠨ 10 ᠲᠦᠮᠡᠨ ᠲᠥᠭᠥᠷᠢᠭ᠎ᠤᠨ ᠬᠠᠨᠳᠢᠪ᠎ᠤᠨ ᠮᠥᠩᠭᠥ ᠵᠢ ᠵᠠᠯᠠᠶ᠋ᠢᠨᠠᠭᠤᠷ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠲᠤ ᠲᠤᠰᠢᠶᠠᠵᠤ᠂ ᠵᠠᠯᠠᠶ᠋ᠢᠨᠠᠭᠤᠷ ᠲᠣᠭᠣᠷᠢᠭ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠣᠷᠣᠯᠠᠨ ᠬᠤᠷᠢᠶᠠᠵᠤ ᠠᠪᠤᠭᠰᠠᠨ ᠪᠠᠶ᠋ᠢᠨ᠎ᠠ᠃ 15᠎ᠤ ᠡᠳᠦᠷ᠎ᠤᠨ ᠦᠳᠡ ᠵᠢᠨ ᠡᠮᠦᠨᠡᠬᠢ 9 ᠴᠠᠭ᠎ᠲᠤ᠂ 44318.6 ᠲᠥᠭᠥᠷᠢᠭ᠎ᠤᠨ ᠡᠮᠨᠡᠯᠭᠡ᠎ᠳᠤ ᠬᠡᠷᠡᠭᠯᠡᠬᠦ ᠭᠠᠳᠠᠷ ᠰᠠᠯᠠᠭ᠋ᠠᠨ᠎ᠤ ᠠᠮᠠᠪᠴᠢ᠂ ᠡᠮᠨᠡᠯᠭᠡ᠎ᠳᠤ ᠬᠡᠷᠡᠭᠯᠡᠬᠦ N95 ᠠᠮᠠᠪᠴᠢ᠂ ᠬᠠᠮᠠᠭ᠋ᠠᠯᠠᠯᠲᠠ ᠵᠢᠨ ᠬᠤᠪᠴᠠᠰᠤ᠂ ᠭᠤᠲᠤᠯ᠎ᠤᠨ ᠳᠤᠭᠲᠤᠢ᠂ ᠰᠫᠢᠷᠲ᠂ ᠰᠦᠷᠴᠢᠬᠦ ᠡᠮ ᠵᠡᠷᠭᠡ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ  ᠬᠠᠨᠳᠢᠪ᠎ᠤᠨ ᠡᠳ᠋ ᠪᠣᠳᠠᠰ᠎ᠢ ᠳᠦᠭᠦᠷᠲᠡᠯ᠎ᠡ ᠲᠡᠭᠡᠭᠡᠭᠰᠡᠨ ᠠᠴᠢᠶᠠᠨ᠎ᠤ ᠮᠠᠰᠢᠨ ᠲᠡᠷᠭᠡ ᠬᠥᠯᠥᠨ ᠪᠣᠶ᠋ᠢᠷ ᠬᠣᠲᠠ ᠵᠢᠨ ᠬᠠᠨᠳᠢᠪᠯᠠᠨ ᠲᠤᠰᠠᠯᠠᠬᠤ ᠥᠷᠲᠡᠭᠡ᠎ᠠᠴᠠ ᠲᠣᠭᠲᠠᠭᠰᠠᠨ ᠴᠠᠭ᠎ᠲᠤ᠎ᠪᠠᠨ ᠮᠤᠷᠳᠠᠵᠤ᠂ ᠵᠠᠯᠠᠶ᠋ᠢᠨᠠᠭᠤᠷ ᠲᠣᠭᠣᠷᠢᠭ᠎ᠲᠤ ᠬᠦᠷᠭᠡᠭᠰᠡᠨ᠎ᠢ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠢ ᠨᠢᠭᠡᠨᠲᠡ ᠪᠦᠬᠦᠨ᠎ᠢ ᠬᠤᠷᠢᠶᠠᠵᠤ ᠠᠪᠤᠭᠰᠠᠨ ᠪᠠᠶ᠋ᠢᠨ᠎ᠠ᠃ ᠵᠠᠯᠠᠶ᠋ᠢᠨᠠᠭᠤᠷ ᠲᠣᠭᠣᠷᠢᠭ᠎ᠤᠨ ᠬᠢᠵᠢᠭ᠎ᠤᠨ ᠪᠠᠶ᠋ᠢᠳᠠᠯ᠎ᠤᠨ ᠵᠢᠯᠣᠭᠣᠳᠬᠤ ᠭᠠᠵᠠᠷ᠎ᠤᠨ᠎ᠬᠢᠨ ᠢᠯᠡᠷᠬᠡᠶ᠋ᠢᠯᠡᠬᠦ᠎ᠳᠤ᠎ᠪᠠᠨ᠄ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠶ᠋ᠢᠷ᠎ᠠ ᠬᠠᠯᠠᠮᠵᠢ᠎ᠳᠤ ᠲᠠᠯᠠᠷᠬᠠᠵᠤ᠂ ᠡᠳᠡᠬᠡᠷ ᠬᠠᠨᠳᠢᠪ᠎ᠤᠨ ᠮᠥᠩᠭᠥ ᠪᠠ ᠡᠳ᠋ ᠪᠣᠳᠠᠰ᠎ᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠬᠡᠷᠡᠭᠯᠡᠬᠦ ᠵᠢ ᠪᠠᠲᠤᠯᠠᠨ᠎ᠠ᠃ 
 

W020211221349924556866.png

   
     ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠯᠥᠨ ᠪᠣᠶ᠋ᠢᠷ ᠬᠣᠲᠠ ᠵᠢᠨ ᠨᠢᠭᠦᠯᠡᠰᠦᠩᠭᠦᠶ ᠵᠢᠨ  ᠦᠢ᠍ᠯᠡᠰ᠎ᠤᠨ ᠶᠡᠷᠦᠩᠬᠡᠶ ᠡᠪᠯᠡᠯ᠎ᠨᠢ ᠠᠷᠠᠳ ᠲᠦᠮᠡᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠬᠤ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠢᠵᠢᠭ᠎ᠤᠨ ᠪᠠᠶ᠋ᠢᠳᠠᠯ᠎ᠢ ᠵᠠᠷᠯᠢᠭ ᠵᠶ᠋ᠠᠷ ᠦᠵᠡᠵᠦ᠂ ᠠᠶᠤᠯ ᠲᠦᠭᠰᠢᠭᠦᠷᠢ᠎ᠠᠴᠠ ᠠᠶᠤᠬᠤ ᠥᠬᠡᠶ᠎ᠪᠠᠷ ᠲᠤᠰᠢᠶᠠᠯ ᠬᠠᠷᠢᠭᠤᠴᠠᠯᠭ᠎ᠠ᠎ᠪᠠᠨ  ᠬᠦᠢ᠍ᠴᠡᠳᠬᠡᠨ᠂ ᠨᠢᠭᠦᠯᠡᠰᠦᠩᠭᠦᠶ ᠵᠢᠨ  ᠦᠢ᠍ᠯᠡᠰ᠎ᠤᠨ ᠭᠤᠷᠪᠠᠳᠤᠭ᠋ᠠᠷ ᠤᠳᠠᠭ᠋ᠠᠨ᠎ᠤ ᠬᠤᠪᠢᠶᠠᠷᠢᠯᠠᠯᠲᠠ ᠵᠢᠨ ᠦᠢ᠍ᠯᠡᠳᠤᠯ᠎ᠢ ᠬᠦᠢ᠍ᠴᠡᠳ ᠪᠠᠳᠠᠷᠠᠭᠤᠯᠪᠠ᠃ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠲᠠᠢ ᠦᠷᠭᠦᠯᠵᠢᠯᠡᠨ ᠰᠡᠳᠬᠢᠯ ᠵᠢᠷᠦᠬᠡ᠎ᠪᠠᠨ ᠬᠣᠯᠪᠣᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ 《ᠰᠡᠳᠬᠢᠯ᠎ᠢ ᠳᠤᠯᠠᠭ᠋ᠠᠴᠠᠭᠤᠯᠬᠤ》 ᠬᠦᠴᠦᠨ᠎ᠢ ᠨᠢᠬᠳᠠᠷᠠᠭᠤᠯᠵᠤ ᠪᠠᠢ᠌ᠨ᠎ᠠ᠃ 
    
    
 
        
    
   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 208 ᠠᠯᠪᠠᠨ ᠬᠡᠷ᠎ᠲᠤ ᠬᠦᠷᠴᠦ ᠭᠣᠤᠯ ᠰᠡᠳᠦᠪᠲᠦ ᠨᠠᠮ᠎ᠤᠨ ᠡᠳᠤᠷ᠎ᠤᠨ ᠠᠵᠢᠯᠯᠠᠭ᠎ᠠ ᠦᠷᠨᠢᠬᠦᠯᠪᠡ
ᠮᠠᠨ᠎ᠤ ᠤᠷᠤᠨ᠎ᠤ ᠡᠯ᠎ᠡ ᠭᠠᠵᠠᠷ ᠰᠠᠶ᠋ᠢᠨ ᠲᠤᠷᠠᠴᠤᠤᠯ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ · ᠨᠠᠮ᠎ᠤᠨ ᠭᠡᠰᠢᠭᠦᠨ᠎ᠤ ᠬᠣᠰᠢᠭᠤᠴᠢ ᠵᠢ ᠪᠣᠶ ᠪᠣᠯᠭ᠋ᠠᠬᠤ》 ᠦᠢ᠍ᠯᠡᠳᠤᠯᠬᠡ ᠵᠢᠨ ᠠᠵᠢᠯᠯᠠᠭ᠎ᠠ ᠥᠷᠨᠢᠭᠦᠯᠪᠡ
《ᠬᠠᠬᠢᠷ ᠡᠪᠦᠯ᠎ᠤᠨ ᠬᠦᠢ᠍ᠳᠡᠨ᠎ᠳᠤ ᠬᠠᠯᠠᠭᠤᠨ ᠲᠤᠯᠠᠭ᠋ᠠᠨ᠎ᠢ ᠬᠦᠷᠬᠡᠬᠦ》 ᠠᠵᠢᠯᠯᠠᠭ᠎ᠠ ᠦᠷᠬᠦᠯᠵᠢᠯᠡᠭᠰᠡᠬᠡᠷ
《ᠨᠡᠢ᠌ᠬᠡᠮ》 ᠰᠡᠳᠬᠦᠯ᠎ᠤᠨ ᠬᠤᠷᠢᠶ᠎ᠠ ᠵᠢᠨ᠎ᠬᠢᠨ ᠠᠬᠠᠮᠠᠳ ᠤᠳᠤᠷᠢᠳᠤᠯᠭ᠎ᠠ᠎ᠪᠠᠨ ᠪᠤᠯᠭᠤᠭ᠋ᠠᠨ ᠲᠤᠭᠤᠨᠢᠭᠤᠯᠪᠠ
ᠡᠬᠢ ᠪᠠᠶᠠᠯᠢᠭ᠎ᠢ ᠬᠣᠯᠪᠣᠵᠤ᠂ ᠬᠢᠵᠢᠭ᠎ᠢ ᠡᠰᠡᠷᠭᠦᠴᠡᠬᠦ᠎ᠳᠤ ᠬᠦᠴᠦᠨ ᠨᠡᠮᠡᠷᠢᠯᠡᠪᠡ — ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠲᠠᠢ ᠬᠠᠮᠲᠤᠷᠠᠨ ᠬᠤᠯᠪᠤᠭ᠎ᠠ ᠠᠪᠴᠤ ᠬᠠᠮᠲᠤ᠎ᠪᠠᠷ ᠪᠠᠢ᠌ᠭᠤᠯᠵᠤ ᠪᠠᠢ᠌ᠭ᠎ᠠ ᠨᠡᠢ᠌ᠬᠡᠮ ᠲᠤᠭᠤᠷᠢᠭ᠎ᠲᠤ ᠬᠢᠵᠢᠭ᠎ᠢ ᠡᠰᠡᠷᠭᠦᠴᠡᠬᠦ ᠡᠳ᠋ ᠪᠣᠳᠠᠰ ᠬᠠᠨᠳᠢᠪᠯᠡᠪᠠ
 
            