ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 208 ᠠᠯᠪᠠᠨ ᠬᠡᠷ᠎ᠲᠤ ᠬᠦᠷᠴᠦ ᠭᠣᠤᠯ ᠰᠡᠳᠦᠪᠲᠦ ᠨᠠᠮ᠎ᠤᠨ ᠡᠳᠤᠷ᠎ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2021-11-22


    
    ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠵᠢᠨ ᠱᠠᠭ᠋ᠠᠷᠳᠠᠯᠭ᠎ᠠ ᠵᠢ ᠨᠠᠷᠢᠨ ᠨᠠᠶ᠋ᠢᠳᠠᠪᠤᠷᠢᠵᠢᠭᠤᠯᠤᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠬᠡᠯᠪᠡᠷᠢ ᠵᠢᠨ ᠠᠭᠤᠯᠭ᠎ᠠ ᠵᠢ ᠪᠠᠶᠠᠯᠢᠭᠵᠢᠭᠤᠯᠵᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ  ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠴᠢᠨᠠᠭᠰᠢᠳᠠ ᠪᠠᠲᠤᠳᠬᠠᠬᠤ ᠵᠢᠨ ᠲᠥᠯᠥᠭᠡ᠂ 11 ᠰᠠᠷ᠎ᠠ ᠵᠢᠨ 19᠎ᠤ ᠦᠳᠡ ᠵᠢᠨ ᠬᠣᠶ᠋ᠢᠨ᠎ᠠ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ ᠪᠦᠬᠦ ᠪᠦᠷᠢᠯᠳᠦᠬᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 208 ᠠᠯᠪᠠᠨ ᠭᠡᠷ᠎ᠲᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠤᠯ᠎ᠡ᠃ 
   

缩小.jpg


    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 208 ᠠᠯᠪᠠᠨ ᠬᠡᠷ ᠪᠣᠯ ᠲᠤᠬᠠᠶ ᠵᠢᠨ ᠦᠶ᠎ᠡ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠠᠶ᠋ᠢᠭᠰᠠᠨ ᠤᠯᠠᠭ᠋ᠠᠨᠬᠦᠤ ᠨᠥᠬᠥᠷ᠎ᠤᠨ 1956 ᠣᠨ᠎ᠠᠴᠠ 1966 ᠣᠨ ᠪᠣᠯᠲᠠᠯᠠᠬᠢ ᠠᠵᠢᠯᠯᠠᠬᠤ ᠭᠠᠵᠠᠷ ᠪᠠᠶ᠋ᠢᠵᠤ᠂ ᠬᠠᠭᠤᠴᠢᠨ ᠬᠡᠷᠡᠯ ᠵᠢᠷᠤᠭ᠎ᠤᠳ᠂ ᠲᠡᠤᠬᠡ ᠵᠢᠨ ᠳᠤᠷᠠᠰᠬᠠᠯᠲᠤ  ᠵᠦᠢ᠍ᠯᠡᠰ᠂ ᠪᠢᠴᠢᠮᠡᠯ ᠡᠬᠡ᠎ᠨᠦᠭᠦᠳ᠎ᠨᠢ ᠤᠯᠠᠭ᠋ᠠᠨᠬᠦᠤ ᠨᠥᠬᠥᠷ᠎ᠤᠨ ᠨᠢᠭᠡ ᠨᠠᠰᠤᠨ᠎ᠤ  ᠦᠢ᠍ᠯᠨ ᠠᠵᠢᠯᠯᠠᠭ᠎ᠠ ᠪᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠥᠩᠭᠡᠷᠡᠯᠲᠡ ᠪᠠ ᠴᠠᠭ ᠦᠶ᠎ᠡ ᠵᠢᠨ ᠠᠮᠵᠢᠯᠲᠠ ᠪᠦᠲᠦᠮᠵᠢ ᠵᠢ ᠲᠣᠭ᠋ᠠᠴᠢᠨ ᠶᠠᠷᠢᠭᠰᠠᠨ ᠪᠠᠶ᠋ᠢᠳᠠᠭ᠃ ᠲᠤᠭᠤᠷᠢᠨ ᠦᠵᠡᠬᠦ ᠶᠠᠪᠤᠴᠨ᠎ᠳᠤ ᠲᠦᠯᠦᠪᠵᠢᠬᠦᠯᠬᠡ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠬᠦᠷ᠎ᠤᠨ ᠳᠡᠳ᠋ ᠱᠦᠵᠢ ᠰᠠᠷᠠᠨ᠎ᠠ 《ᠤᠯᠠᠭ᠋ᠠᠨᠬᠦᠦ 〈5 · 4〉᠎ᠤ ᠬᠥᠳᠡᠯᠭᠡᠭᠡᠨ᠎ᠤ ᠬᠤᠭᠤᠴᠠᠭ᠋ᠠᠨ᠎ᠳᠤ ᠦᠵᠡᠯ ᠰᠠᠨᠠᠭ᠋ᠠᠨ᠎ᠤ ᠰᠡᠬᠡᠭᠡᠷᠡᠯᠲᠡ ᠦᠨᠳᠦᠰᠦᠲᠡᠨ᠎ᠤ ᠴᠢᠯᠥᠭᠡᠯᠡᠯᠲᠡ ᠵᠢᠨ ᠠᠶᠠᠨ᠎ᠳᠤ᠎ᠪᠠᠨ ᠮᠣᠷᠳᠠᠯ᠎ᠠ》 ᠭᠡᠬᠦ ᠨᠣᠮ᠎ᠢ ᠬᠤᠪᠢᠶᠠᠯᠴᠠᠵᠤ᠂ ᠨᠠᠮ᠎ᠤᠨ ᠡᠭᠦᠷ᠎ᠤᠨ ᠪᠦᠷᠢᠯᠳᠦᠬᠦᠨ ᠨᠡᠷ ᠤᠯᠠᠭ᠋ᠠᠨᠬᠦᠦ ᠨᠥᠬᠥᠷ᠎ᠤᠨ ᠬᠤᠪᠢᠰᠬᠠᠯ᠂ ᠪᠦᠳᠦᠭᠡᠨ ᠪᠠᠶ᠋ᠢᠭᠤᠯᠤᠯᠲᠠ ᠪᠣᠯᠤᠨ ᠥᠭᠡᠷᠡᠴᠢᠯᠡᠯᠲᠡ᠎ᠳᠤ ᠣᠷᠣᠯᠴᠠᠬᠤ ᠡᠷᠡᠰ ᠵᠣᠷᠢᠭ ᠵᠢᠴᠢ ᠦᠨᠳᠦᠰᠦᠲᠡᠨ᠎ᠤ ᠪᠦᠯᠬᠦᠮᠳᠡᠯ ᠪᠣᠯᠤᠨ ᠡᠬᠡ ᠤᠯᠤᠰ᠎ᠤᠨ ᠬᠥᠭᠵᠢᠯ ᠴᠡᠴᠡᠭᠯᠡᠯ᠎ᠳᠤ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠵᠢ ᠨᠡᠩ ᠭᠦᠨᠵᠡᠭᠡᠢ ᠣᠶ᠋ᠢᠯᠠᠭ᠋ᠠᠪᠠ᠃ 
 

缩小-2.jpg 


    ᠲᠣᠭᠣᠷᠢᠨ ᠦᠵᠡᠬᠦ᠂  ᠬᠤᠪᠢᠶᠠᠯᠴᠠᠬᠤ ᠪᠠ ᠰᠠᠨᠠᠯ ᠵᠶ᠋ᠠᠨ ᠰᠣᠯᠢᠯᠴᠠᠬᠤ᠎ᠪᠠᠷ ᠳᠡᠮᠵᠢᠨ᠂ ᠨᠠᠮ᠎ᠤᠨ ᠡᠭᠦᠷ᠎ᠤᠨ ᠪᠦᠷᠢᠯᠳᠦᠬᠦᠨ ᠰᠠᠨᠠᠯ ᠨᠢᠭᠡᠲᠡᠶ ᠦᠵᠡᠭᠰᠡᠨ᠎ᠨᠢ᠂ ᠤᠯᠠᠭ᠋ᠠᠨᠬᠦᠦ ᠨᠥᠬᠥᠷ ᠪᠠᠲᠤ ᠴᠢᠩᠭ᠎ᠠ ᠨᠠᠮᠴᠢ ᠴᠢᠨᠠᠷ᠎ᠲᠠᠢ᠂ ᠨᠠᠮ ᠪᠠ ᠠᠷᠠᠳ ᠲᠦᠮᠡᠨ᠎ᠳᠤ᠎ᠪᠠᠨ ᠦᠨᠡᠨᠴᠢ ᠰᠢᠳᠤᠷᠭᠤ ᠪᠠᠶ᠋ᠢᠬᠤ ᠡᠷᠬᠢᠮ ᠳᠡᠭᠡᠳᠦ ᠵᠠᠩ ᠮᠣᠷᠠᠯ᠎ᠲᠠᠢ᠂ ᠪᠢᠳᠡ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠤ ᠵᠣᠷᠢᠭ ᠰᠠᠨᠠᠭ᠎ᠠ ᠵᠢ ᠵᠠᠯᠭ᠋ᠠᠮᠵᠢᠯᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ 《ᠮᠣᠩᠭᠣᠯ ᠮᠤᠷᠢᠨ᠎ᠤ ᠵᠣᠷᠢᠭ ᠰᠠᠨᠠᠭ᠎ᠠ》 ᠵᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠠᠵᠢᠯ᠎ᠤᠨ ᠪᠣᠳᠠᠲᠤ ᠠᠮᠵᠢᠯᠲᠠ᠎ᠪᠠᠷ ᠵᠶ᠋ᠠᠨ 《ᠠᠷᠠᠳ᠎ᠤᠨ ᠶᠠᠪᠤᠳᠠᠯ ᠠᠷᠠᠳ᠎ᠤᠨ ᠲᠥᠯᠥᠭᠡ ᠂ ᠠᠷᠠᠳ᠎ᠤᠨ ᠶᠠᠪᠤᠳᠠᠯ ᠠᠷᠠᠳ ᠵᠶ᠋ᠠᠨ ᠬᠠᠶ᠋ᠢᠷᠠᠯᠠᠬᠤ》 ᠠᠵᠢᠯ᠎ᠤᠨ ᠤᠢ᠍ᠢ᠍ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠪᠦᠳᠦᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃
   
    

     



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ ᠡᠯ᠎ᠡ ᠭᠠᠵᠠᠷ ᠰᠠᠶ᠋ᠢᠨ ᠲᠤᠷᠠᠴᠤᠤᠯ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ · ᠨᠠᠮ᠎ᠤᠨ ᠭᠡᠰᠢᠭᠦᠨ᠎ᠤ ᠬᠣᠰᠢᠭᠤᠴᠢ ᠵᠢ ᠪᠣᠶ ᠪᠣᠯᠭ᠋ᠠᠬᠤ》 ᠦᠢ᠍ᠯᠡᠳᠤᠯᠬᠡ ᠵᠢᠨ ᠠᠵᠢᠯᠯᠠᠭ᠎ᠠ ᠥᠷᠨᠢᠭᠦᠯᠪᠡ
《ᠬᠠᠬᠢᠷ ᠡᠪᠦᠯ᠎ᠤᠨ ᠬᠦᠢ᠍ᠳᠡᠨ᠎ᠳᠤ ᠬᠠᠯᠠᠭᠤᠨ ᠲᠤᠯᠠᠭ᠋ᠠᠨ᠎ᠢ ᠬᠦᠷᠬᠡᠬᠦ》 ᠠᠵᠢᠯᠯᠠᠭ᠎ᠠ ᠦᠷᠬᠦᠯᠵᠢᠯᠡᠭᠰᠡᠬᠡᠷ
《ᠨᠡᠢ᠌ᠬᠡᠮ》 ᠰᠡᠳᠬᠦᠯ᠎ᠤᠨ ᠬᠤᠷᠢᠶ᠎ᠠ ᠵᠢᠨ᠎ᠬᠢᠨ ᠠᠬᠠᠮᠠᠳ ᠤᠳᠤᠷᠢᠳᠤᠯᠭ᠎ᠠ᠎ᠪᠠᠨ ᠪᠤᠯᠭᠤᠭ᠋ᠠᠨ ᠲᠤᠭᠤᠨᠢᠭᠤᠯᠪᠠ
ᠡᠬᠢ ᠪᠠᠶᠠᠯᠢᠭ᠎ᠢ ᠬᠣᠯᠪᠣᠵᠤ᠂ ᠬᠢᠵᠢᠭ᠎ᠢ ᠡᠰᠡᠷᠭᠦᠴᠡᠬᠦ᠎ᠳᠤ ᠬᠦᠴᠦᠨ ᠨᠡᠮᠡᠷᠢᠯᠡᠪᠡ — ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠲᠠᠢ ᠬᠠᠮᠲᠤᠷᠠᠨ ᠬᠤᠯᠪᠤᠭ᠎ᠠ ᠠᠪᠴᠤ ᠬᠠᠮᠲᠤ᠎ᠪᠠᠷ ᠪᠠᠢ᠌ᠭᠤᠯᠵᠤ ᠪᠠᠢ᠌ᠭ᠎ᠠ ᠨᠡᠢ᠌ᠬᠡᠮ ᠲᠤᠭᠤᠷᠢᠭ᠎ᠲᠤ ᠬᠢᠵᠢᠭ᠎ᠢ ᠡᠰᠡᠷᠭᠦᠴᠡᠬᠦ ᠡᠳ᠋ ᠪᠣᠳᠠᠰ ᠬᠠᠨᠳᠢᠪᠯᠡᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ ᠬᠢᠨᠠᠨ ᠪᠤᠳᠤᠬᠤ ᠳᠤᠭᠤᠢ᠌ᠯᠠᠩ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠤᠬᠠᠢ ᠶᠠᠷᠢᠯᠴᠠᠬᠤ ᠬᠤᠷᠠᠯ ᠬᠢᠵᠦ ᠪᠠᠢ᠌ᠴᠠᠭ᠋ᠠᠨ ᠰᠤᠳᠤᠯᠪᠠ
 
            