ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠪᠢ ᠲᠠᠨ᠎ᠢ ᠬᠠᠪᠰᠤᠷᠤᠶ᠎ᠠ》 ᠠᠵᠢᠯᠯᠠᠭ᠎ᠠ ᠨᠡᠢ᠌ᠬᠡᠮ ᠲᠤᠭᠤᠷᠢᠭ᠎ᠲᠤ
ᠨᠡᠶᠢᠲᠡᠯᠡᠭᠰᠡᠨ ᠴᠠᠭ᠄ 2021-06-07

ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠦᠨᠳᠤᠰᠤᠨ ᠵᠠᠰᠠᠭ᠎ᠤᠨ ᠶᠠᠪᠤᠳᠠᠯ᠎ᠤᠨ ᠭᠠᠵᠠᠷ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠤᠨ ᠠᠵᠢᠯ᠎ᠲᠠᠢ ᠤᠶᠠᠯᠳᠤᠭᠤᠯᠤᠨ᠂ ᠪᠦᠬᠦ ᠤᠷᠤᠨ᠎ᠤ ᠬᠡᠪᠴᠢᠶᠡᠨ᠎ᠳᠤ 《ᠦᠨᠢ ᠡᠬᠦᠷᠢᠳᠡ ᠨᠠᠮ ᠵᠶ᠋ᠡᠨ ᠲᠠᠭ᠋ᠠᠨ᠎ᠠ》 — ᠬᠤᠳᠠ ᠬᠦᠳᠡᠬᠡ ᠵᠢᠨ ᠨᠡᠢ᠌ᠬᠡᠮ ᠲᠤᠭᠤᠷᠢᠭ᠎ᠤᠨ 《ᠪᠢ ᠲᠠᠨ᠎ᠢ ᠬᠠᠪᠰᠤᠷᠤᠶ᠎ᠠ》 ᠠᠵᠢᠯᠯᠠᠭ᠋ᠠᠨ ᠦᠷᠨᠢᠬᠦᠯᠵᠤ᠂ ᠦᠨᠳᠤᠰᠤᠨ ᠱᠠᠳᠤᠨ᠎ᠤ ᠤᠯᠠᠨ ᠲᠦᠮᠡᠨ᠎ᠤ ᠦᠪᠡᠷᠳᠡᠬᠡᠨ ᠵᠠᠰᠠᠬᠤ ᠵᠤᠬᠢᠶᠠᠨ ᠪᠠᠢ᠌ᠭᠤᠯᠤᠯᠳᠠ ᠵᠢ ᠬᠦᠳᠤᠯᠤᠨ ᠲᠠᠢ᠌ᠴᠢᠯᠠᠵᠤ᠂ ᠨᠡᠢ᠌ᠬᠡᠮ ᠲᠤᠭᠤᠷᠢᠭ᠎ᠤᠨ ᠰᠠᠭᠤᠭ᠋ᠠᠯᠢ ᠠᠷᠠᠳ᠎ᠢ ᠦᠷᠬᠡᠨ ᠵᠶ᠋ᠡᠷ ᠲᠠᠢ᠌ᠴᠢᠯᠠᠬᠤ ᠪᠠ ᠨᠡᠢ᠌ᠬᠡᠮ ᠲᠤᠭᠤᠷᠢᠭ᠎ᠤᠨ ᠡᠯ᠎ᠡ ᠵᠦᠢ᠍ᠯ᠎ᠤᠨ ᠵᠤᠬᠢᠶᠠᠨ ᠪᠠᠢ᠌ᠭᠤᠯᠤᠯᠳᠠ ᠦᠪᠡᠷᠳᠡᠬᠡᠨ ᠬᠠᠪᠰᠤᠷᠬᠤ ᠬᠠᠷᠢᠯᠴᠠᠨ ᠬᠠᠪᠰᠤᠷᠬᠤ ᠦᠢ᠍ᠯᠡᠴᠢᠯᠡᠬᠡᠨ᠎ᠢ ᠦᠷᠨᠢᠬᠦᠯᠵᠤ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠲᠤᠮᠳᠠᠬᠢ ᠪᠤᠳᠠᠳᠠᠢ ᠬᠦᠴᠢᠷᠳᠡᠯ᠎ᠢ ᠦᠨᠡᠨ ᠬᠦ᠌ ᠬᠠᠪᠰᠤᠷᠤᠨ ᠰᠢᠢ᠍ᠳᠪᠤᠷᠢᠯᠡᠵᠤ ᠦᠭᠭᠦᠭᠰᠡᠨ ᠪᠠᠢ᠌ᠨ᠎ᠠ᠃
 

ᠪᠤᠭᠤᠳᠤ ᠬᠤᠳᠠ ᠵᠢᠨ ᠨᠦᠬᠦᠷᠯᠡᠯ 19# ᠲᠦᠷᠪᠡ ᠨᠡᠢ᠌ᠬᠡᠮ ᠲᠤᠭᠤᠷᠢᠭ ᠬᠦᠳᠡᠯᠤᠡᠭᠭᠦᠢ᠎ᠪᠠᠷ ᠬᠦᠳᠡᠯᠤᠯᠴᠡᠵᠤ᠂ ᠬᠠᠷᠢᠶ᠎ᠠ ᠲᠤᠭᠤᠷᠢᠭ᠎ᠤᠨ ᠲᠤᠳᠤᠷ᠎ᠠ᠎ᠪᠠᠨ 《ᠪᠢ ᠲᠠᠨ᠎ᠢ ᠬᠠᠪᠰᠤᠷᠤᠶ᠎ᠠ》 ᠪᠤᠳᠠᠳᠤ ᠶᠠᠪᠤᠳᠠᠯ ᠬᠢᠵᠤ ᠦᠭᠭᠦ ᠠᠵᠢᠯᠯᠠᠭ᠋ᠠᠨ ᠦᠷᠨᠢᠬᠦᠯᠵᠤ᠂ ᠬᠦᠷᠰᠢ ᠬᠤᠭᠤᠷᠤᠨᠳᠤ ᠵᠢᠨ ᠬᠠᠷᠢᠴᠠᠭ᠎ᠠ ᠵᠢ ᠠᠬᠢᠭᠤᠯᠤᠨ ᠨᠡᠢ᠌ᠬᠡᠮ ᠲᠤᠭᠤᠷᠢᠭ᠎ᠤᠨ ᠦᠢ᠍ᠯᠡᠴᠢᠯᠡᠬᠡᠨ᠎ᠤ ᠲᠦᠪᠰᠢᠨ᠎ᠢ ᠲᠡᠭᠡᠭᠰᠢᠯᠡᠬᠦᠯᠵᠤ᠂ ᠰᠠᠭᠤᠭ᠋ᠠᠯᠢ ᠠᠷᠠᠳ᠎ᠲᠤ ᠨᠡᠢ᠌ᠬᠡᠮ ᠲᠤᠭᠤᠷᠢᠭ᠎ᠢ ᠮᠡᠳᠡᠷᠡᠬᠦᠯᠵᠤ᠂ ᠲᠡᠳᠡᠨ᠎ᠤ ᠬᠠᠯᠠᠭᠤᠨ ᠲᠤᠯᠠᠭ᠋ᠠᠨ ᠰᠡᠳᠬᠢᠭᠳᠡᠯ᠎ᠢ᠎ᠨᠢ ᠨᠡᠮᠡᠭᠳᠡᠬᠦᠯᠵᠡᠢ᠃
  ᠦᠬᠠᠢ ᠬᠤᠳᠠ ᠵᠢᠨ ᠴᠢᠡᠭ ᠶᠤᠸᠠᠨ ᠨᠡᠢ᠌ᠬᠡᠮ ᠲᠤᠭᠤᠷᠢᠭ ᠰᠠᠭᠤᠭ᠋ᠠᠯᠢ ᠠᠷᠠᠳ ᠪᠠ ᠠᠳᠠᠯ ᠦᠢ᠍ᠯᠡᠰ᠎ᠤᠨ ᠺᠤᠮᠫᠠᠨᠢ ᠵᠢᠨ ᠬᠤᠭᠤᠷᠤᠨᠳᠤᠬᠢ ᠠᠮᠢᠳᠤᠷᠠᠯ᠎ᠤᠨ ᠬᠤᠭ ᠨᠤᠪᠰᠢ᠂ ᠪᠠᠷᠢᠯᠭ᠎ᠠ ᠵᠢᠨ ᠬᠤᠭ ᠨᠤᠪᠰᠢ ᠵᠢ ᠰᠢᠢ᠍ᠳᠪᠤᠷᠢᠯᠡᠬᠦ ᠪᠠ ᠦᠷᠤᠬᠡ ᠬᠡᠷ ᠵᠶ᠋ᠡᠨ ᠵᠠᠰᠠᠨ ᠴᠢᠮᠡᠭᠯᠡᠭᠰᠡᠨ ᠲᠡᠨᠵᠢᠨ᠎ᠤ ᠮᠦᠡᠭᠭᠦ ᠵᠡᠷᠬᠡ ᠰᠦᠢ᠍ᠳᠬᠡᠯ ᠬᠤᠷᠢᠶᠠᠬᠤ ᠪᠠᠷᠢᠮᠵᠢᠶ᠎ᠠ᠎ᠠᠴᠠ ᠡᠬᠦᠰᠦᠭᠰᠡᠨ ᠵᠦᠷᠢᠴᠡᠯ᠎ᠢ ᠰᠢᠢ᠍ᠳᠪᠤᠷᠢᠯᠡᠬᠦ ᠵᠢᠨ ᠲᠦᠯᠦᠬᠡ ᠬᠠᠮᠳᠤ᠎ᠪᠠᠷ ᠰᠠᠭᠤᠨ ᠵᠦᠪᠯᠡᠨ ᠰᠢᠢ᠍ᠳᠪᠤᠷᠢᠯᠡᠬᠡᠳ ᠡᠯ᠎ᠡ ᠡᠳᠡᠬᠡᠳ᠎ᠤᠨ ᠬᠠᠮᠳᠤ ᠵᠢᠨ ᠲᠠᠨᠢᠯᠳᠠ ᠵᠢ ᠪᠤᠢ ᠪᠤᠯᠭ᠋ᠠᠬᠰᠠᠨ ᠪᠠᠢ᠌ᠨ᠎ᠠ᠃ ᠡᠬᠦᠨ᠎ᠤ ᠬᠠᠮᠳᠤ 《ᠤᠯᠠᠭ᠋ᠠᠨ ᠹᠸᠡᠭ ᠴᠤᠤ》 ᠰᠠᠢ᠌ᠨ ᠲᠤᠷᠠᠴᠤᠤᠯ᠎ᠤᠨ ᠦᠢ᠍ᠯᠡᠳᠤᠯ᠎ᠢ ᠰᠠᠢ᠌ᠳᠤᠷ ᠪᠠᠳᠠᠷᠠᠭᠤᠯᠤᠨ᠂ ᠰᠠᠭᠤᠭ᠋ᠠᠯᠢ ᠠᠷᠠᠳ᠎ᠤᠨ ᠡᠳᠤᠷ ᠲᠤᠳᠤᠮ᠎ᠤᠨ ᠠᠮᠢᠳᠤᠷᠠᠯ᠎ᠤᠨ ᠬᠦᠴᠢᠷᠳᠡᠯ᠎ᠢ ᠴᠠᠭ ᠲᠤᠬᠠᠢ᠎ᠳᠤ᠎ᠨᠢ ᠪᠠᠢ᠌ᠴᠠᠭ᠋ᠠᠵᠤ᠂ ᠠᠳᠠᠯ ᠦᠢ᠍ᠯᠡᠰ᠎ᠤᠨ ᠺᠤᠮᠫᠠᠨᠢ᠎ᠲᠠᠢ ᠬᠠᠮᠳᠤ᠎ᠪᠠᠷ ᠠᠷᠢᠭᠤᠨ ᠴᠡᠪᠡᠷ ᠠᠮᠤᠷ ᠲᠠᠢ᠌ᠪᠤᠭᠤ ᠬᠤᠷᠢᠶᠠᠯᠠᠯ᠎ᠤᠨ ᠤᠷᠴᠢᠨ ᠲᠤᠭᠤᠷᠢᠨ᠎ᠢ ᠪᠦᠷᠢᠯᠳᠦᠬᠦᠯᠵᠤ ᠦᠭᠭᠦᠭᠰᠡᠨ ᠪᠠᠢ᠌ᠨ᠎ᠠ᠃


  ᠡᠯ᠎ᠡ   ᠭᠠᠵᠠᠷ 《ᠦᠨᠢ ᠡᠬᠦᠷᠢᠳᠡ ᠨᠠᠮ ᠵᠶ᠋ᠡᠨ ᠲᠠᠭ᠋ᠠᠨ᠎ᠠ》 — ᠬᠤᠳᠠ ᠬᠦᠳᠡᠬᠡ ᠵᠢᠨ ᠨᠡᠢ᠌ᠬᠡᠮ ᠲᠤᠭᠤᠷᠢᠭ᠎ᠤᠨ 《ᠪᠢ ᠲᠠᠨ᠎ᠢ ᠬᠠᠪᠰᠤᠷᠤᠶ᠎ᠠ》 ᠠᠵᠢᠯᠯᠠᠭ᠋ᠠᠨ ᠵᠶ᠋ᠡᠷ ᠲᠠᠮᠵᠢᠭᠤᠯᠤᠨ ᠬᠦᠷᠰᠢ ᠬᠤᠭᠤᠷᠤᠨᠳᠤ ᠵᠢᠨ ᠵᠠᠢ ᠵᠢ ᠤᠯᠠᠨ ᠤᠢ᠌ᠷᠠᠳᠤᠭᠤᠯᠵᠤ᠂ ᠠᠷᠠᠳ᠎ᠤᠨ ᠰᠡᠳᠬᠢᠯ᠎ᠢ ᠨᠢᠬᠳᠠᠷᠠᠭᠤᠯᠤᠨ᠂ ᠨᠡᠢ᠌ᠬᠡᠮ ᠲᠤᠭᠤᠷᠢᠭ᠎ᠤᠨ ᠦᠪᠡᠷᠳᠡᠬᠡᠨ ᠵᠠᠰᠠᠬᠤ ᠴᠢᠳᠠᠪᠬᠢ ᠪᠠ ᠲᠦᠪᠰᠢᠨ᠎ᠢ ᠲᠡᠭᠡᠭᠰᠢᠯᠡᠬᠦᠯᠦᠭᠰᠡᠨ ᠶᠤᠮ᠃
               


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ 《ᠦᠪᠤᠷ ᠮᠤᠡᠭᠭᠤᠯ ᠎ᠤᠨ ᠦᠪᠡᠷᠳᠡᠬᠡᠨ ᠵᠠᠰᠠᠬᠤ ᠤᠷᠤᠨ᠎ᠤ 〈ᠠᠷᠪᠠᠨ ᠲᠦᠷᠪᠡᠳᠤᠬᠡᠷ ᠲᠠᠪᠤᠨ ᠵᠢᠯ〉᠎ᠤᠨ ᠬᠤᠭᠤᠴᠠᠭ᠋ᠠᠨ᠎ᠳᠤ᠎ᠬᠢ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠳᠡ ᠵᠢᠨ ᠲᠦᠯᠤᠪᠵᠢᠬᠦᠯᠬᠡ》 ᠪᠤᠯᠤᠨ ᠡᠯ᠎ᠡ ᠲᠤᠰᠬᠠᠢ ᠲᠦᠷᠤᠯ᠎ᠤᠨ ᠲᠦᠯᠦᠪᠵᠢᠬᠦᠯᠬᠡ ᠵᠢ ᠲᠤᠰᠬᠠᠢ ᠮᠡᠷᠬᠡᠵᠢᠯᠳᠡᠨ ᠵᠶ᠋ᠡᠷ ᠨᠤᠳᠠᠯᠠᠭᠤᠯᠬᠤ ᠬᠤᠷᠠᠯ᠎ᠢ ᠬᠤᠷᠠᠯᠳᠤᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ 《ᠦᠨᠳᠦᠰᠦᠨ ᠬᠠᠤᠯᠢ ᠵᠢ ᠨᠡᠶ᠋ᠢᠭᠡᠮ ᠲᠣᠭᠣᠷᠢᠭ᠎ᠲᠤ ᠣᠷᠣᠭᠤᠯᠬᠤ》 ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠮᠠᠨ᠎ᠤ ᠤᠷᠤᠨ᠎ᠤ ᠬᠦᠴᠢᠷᠳᠡᠯᠳᠡᠢ ᠲᠦᠷᠤᠯᠬᠢ ᠵᠢᠨ ᠵᠢᠷᠤᠬᠡᠨ ᠡᠪᠡᠳᠴᠢᠨ᠎ᠲᠠᠢ ᠬᠡᠤᠬᠡᠳ᠎ᠤᠨ ᠮᠡᠰᠡ ᠵᠠᠰᠠᠯ᠎ᠳᠤ 《ᠵᠢᠬᠦᠷ ᠤᠷᠭᠤᠭᠤᠯᠬᠤ ᠲᠦᠯᠦᠪᠯᠡᠬᠡ》 ᠲᠡᠬᠡᠷ᠎ᠡ ᠭᠠᠷ᠎ᠤᠨ ᠦᠰᠦᠭ ᠵᠢᠷᠤᠬᠤ ᠶᠤᠰᠤᠯᠠᠯ ᠦᠪᠤᠷ ᠮᠤᠡᠭᠭᠤᠯ᠎ᠤᠨ ᠠᠷᠠᠳ᠎ᠤᠨ ᠡᠮᠨᠡᠯᠬᠡ ᠵᠢᠨ ᠬᠤᠷᠢᠶᠠᠨ᠎ᠳᠤ ᠶᠠᠪᠤᠬᠳᠠᠯ᠎ᠠ
《ᠨᠠᠮ᠎ᠤᠨ ᠲᠡᠤᠬᠡ ᠵᠢ ᠰᠤᠷᠤᠯᠴᠠᠵᠤ ᠪᠣᠳᠠᠲᠤ ᠶᠠᠪᠤᠳᠠᠯ ᠬᠢᠵᠦ ᠬᠡᠤᠬᠡᠳ᠎ᠤᠨ ᠡᠷᠡᠭᠦᠯ ᠮᠡᠨᠳᠦ ᠵᠢ ᠬᠠᠮᠠᠭ᠋ᠠᠯᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
 
            