《 ᠴᠢᠬᠤᠯᠨ ᠲᠤᠮᠤ ᠵᠠᠰᠠᠭ ᠵᠠᠬᠢᠷᠭ᠋ᠠᠨ᠎ᠤ ᠰᠢᠢ᠍ᠳᠪᠤᠷᠢ ᠵᠢᠨ ᠠᠯᠬᠤᠮ ᠲᠠᠷᠠᠭ᠎ᠠ ᠵᠢ ᠲᠦᠷ ᠬᠡᠷᠡᠭᠵᠢᠬᠦᠯᠬᠦ ᠲᠤᠬᠳᠠᠭ᠋ᠠᠯ》 ᠪᠠ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠤᠬᠠᠢ 《ᠠᠷᠪᠠᠨ ᠲᠦᠷᠪᠡᠳᠤᠬᠡᠷ ᠲᠠᠪᠤᠨ ᠵᠢᠯ》᠎ᠤᠨ ᠲᠦᠯᠦᠪᠵᠢᠬᠦᠯᠬᠡ᠎ᠳᠤ ᠲᠤᠷᠠᠳᠤᠬᠰᠠᠨ ᠱᠠᠭ᠋ᠠᠷᠳᠠᠯᠭ᠎ᠠ ᠵᠢ ᠵᠢᠷᠤᠮᠯᠠᠨ᠂ 6 ᠳ᠋ᠤᠭ᠋ᠠᠷ ᠰᠠᠷ᠎ᠠ ᠵᠢᠨ 3᠎ᠤ ᠡᠳᠤᠷ᠎ᠤᠨ ᠦᠳᠡ ᠵᠢᠨ ᠡᠮᠦᠨ᠎ᠡ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ 《 ᠦᠪᠤᠷ ᠮᠤᠡᠭᠭᠤᠯ ᠤᠨ ᠦᠪᠡᠷᠳᠡᠬᠡᠨ ᠵᠠᠰᠠᠬᠤ ᠤᠷᠤᠨ᠎ᠤ 〈ᠠᠷᠪᠠᠨ ᠲᠦᠷᠪᠡᠳᠤᠬᠡᠷ ᠲᠠᠪᠤᠨ ᠵᠢᠯ〉᠎ᠤᠨ ᠬᠤᠭᠤᠴᠠᠭ᠋ᠠᠨ᠎ᠳᠤ᠎ᠬᠢ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠳᠡ ᠵᠢᠨ ᠲᠦᠯᠤᠪᠵᠢᠬᠦᠯᠬᠡ》 ᠪᠤᠯᠤᠨ ᠡᠯ᠎ᠡ ᠲᠤᠰᠬᠠᠢ ᠲᠦᠷᠤᠯ᠎ᠤᠨ ᠲᠦᠯᠦᠪᠵᠢᠬᠦᠯᠬᠡ ᠵᠢ ᠲᠤᠰᠬᠠᠢ ᠮᠡᠷᠬᠡᠵᠢᠯᠳᠡᠨ ᠵᠶ᠋ᠡᠷ ᠨᠤᠳᠠᠯᠠᠭᠤᠯᠬᠤ ᠬᠤᠷᠠᠯ᠎ᠢ ᠵᠤᠬᠢᠶᠠᠨ ᠪᠠᠢ᠌ᠭᠤᠯᠤᠨ ᠬᠤᠷᠠᠯᠳᠤᠭᠤᠯᠪᠠ᠃
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠮ᠎ᠤᠨ ᠤᠳᠤᠷᠢᠳᠬᠤ ᠲᠤᠭᠤᠢ᠌ᠯᠠᠡᠭ᠎ᠤᠨ ᠪᠦᠷᠢᠯᠳᠤᠬᠦᠨ᠂ ᠲᠢᠡᠭᠭᠢᠮ᠎ᠤᠨ ᠲᠡᠳ᠋ ᠲᠠᠷᠤᠭ᠎ᠠ ᠭᠤᠤ ᠵᠢᠶᠠᠨ ᠬᠤᠸᠨ ᠬᠤᠷᠠᠯ ᠡᠷᠬᠢᠯᠡᠵᠤ᠂ ᠦᠪᠡᠷᠳᠡᠬᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠡᠭᠭᠢᠮ᠂ ᠦᠪᠡᠷᠳᠡᠬᠡᠨ ᠵᠠᠰᠠᠬᠤ ᠤᠷᠤᠨ᠎ᠤ ᠦᠬᠡᠷᠡᠴᠢᠯᠡᠯᠳᠡ ᠬᠦᠭᠵᠢᠬᠦᠯᠤᠯᠳᠠ ᠵᠢᠨ ᠵᠦᠪᠯᠡᠯ᠂ ᠦᠪᠤᠷ ᠮᠤᠡᠭᠭᠤᠯ᠎ᠤᠨ ᠨᠡᠢ᠌ᠬᠡᠮ᠎ᠤᠨ ᠰᠢᠨᠵᠢᠯᠡᠬᠦ ᠤᠬᠠᠭ᠋ᠠᠨ᠎ᠤ ᠬᠤᠯᠪᠤᠭ᠎ᠠ᠂ ᠦᠪᠤᠷ ᠮᠤᠡᠭᠭᠤᠯ᠎ᠤᠨ ᠲᠠᠷᠢᠶᠠᠯᠠᠡᠭ᠎ᠤᠨ ᠶᠡᠬᠡ ᠰᠤᠷᠭ᠋ᠠᠭᠤᠯᠢ ᠵᠡᠷᠬᠡ ᠪᠠᠢ᠌ᠭᠤᠯᠭ᠎ᠠ ᠨᠢᠬᠡᠴᠢ ᠵᠢᠨ ᠲᠤᠮᠢᠯᠠᠬᠰᠠᠨ ᠲᠤᠰᠬᠠᠢ ᠮᠡᠷᠬᠡᠵᠢᠯᠳᠡᠳ ᠲᠦᠯᠦᠪᠵᠢᠬᠦᠯᠬᠡ ᠵᠢ ᠨᠤᠳᠠᠯᠠᠬᠤ ᠬᠤᠷᠠᠯ᠎ᠳᠤ ᠤᠷᠤᠯᠴᠠᠯ᠎ᠠ᠃
ᠲᠤᠰᠬᠠᠢ ᠮᠡᠷᠬᠡᠵᠢᠯᠳᠡᠳ 《 ᠦᠪᠤᠷ ᠮᠤᠡᠭᠭᠤᠯ ᠤᠨ ᠦᠪᠡᠷᠳᠡᠬᠡᠨ ᠵᠠᠰᠠᠬᠤ ᠤᠷᠤᠨ᠎ᠤ 〈ᠠᠷᠪᠠᠨ ᠲᠦᠷᠪᠡᠳᠤᠬᠡᠷ ᠲᠠᠪᠤᠨ ᠵᠢᠯ〉᠎ᠤᠨ ᠬᠤᠭᠤᠴᠠᠭ᠋ᠠᠨ᠎ᠳᠤ᠎ᠬᠢ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠳᠡ ᠵᠢᠨ ᠲᠦᠯᠤᠪᠵᠢᠬᠦᠯᠬᠡ》 ᠪᠤᠯᠤᠨ ᠡᠯ᠎ᠡ ᠲᠤᠰᠬᠠᠢ ᠲᠦᠷᠤᠯ᠎ᠤᠨ ᠲᠦᠯᠦᠪᠵᠢᠬᠦᠯᠬᠡ ᠵᠢᠨ ᠦᠨᠳᠤᠰᠤᠨ ᠪᠦᠳᠤᠴᠨ᠂ ᠪᠠᠢ᠌ᠷᠢᠰᠢᠭᠤᠯᠤᠯ ᠵᠡᠷᠬᠡ ᠠᠭᠤᠯᠭ᠎ᠠ ᠵᠢ ᠨᠢᠮᠪᠠᠢ ᠰᠤᠨᠤᠰᠤᠬᠰᠠᠨ᠎ᠤ ᠲᠠᠷᠠᠭ᠎ᠠ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠲᠦᠯᠤᠪᠵᠢᠬᠦᠯᠬᠡ ᠨᠠᠢ᠌ᠷᠠᠭᠤᠯᠤᠨ ᠲᠤᠬᠳᠠᠭ᠋ᠠᠭᠰᠠᠨ ᠠᠵᠢᠯ᠎ᠢ ᠨᠤᠳᠠᠯᠠᠵᠤ ᠪᠠᠢ᠌ᠭ᠎ᠠ᠎ᠪᠠᠨ ᠢᠯᠡᠳᠭᠡᠭᠰᠡᠨ ᠪᠦᠬᠡᠳ ᠲᠦᠯᠤᠪᠵᠢᠬᠦᠯᠬᠡ᠎ᠳᠤ ᠤᠷᠤᠰᠢᠵᠤ ᠪᠠᠢ᠌ᠭ᠎ᠠ ᠠᠰᠠᠭᠤᠳᠠᠯ᠎ᠳᠤ ᠪᠦᠳᠦᠬᠡᠯᠴᠢ ᠴᠢᠨᠠᠷᠲᠠᠢ ᠰᠠᠨᠠᠭᠤᠯᠭ᠎ᠠ ᠦᠭᠭᠦ ᠵᠢᠨ ᠬᠠᠮᠳᠤ ᠨᠤᠳᠠᠯᠠᠯᠳᠠ ᠵᠢ ᠦᠡᠭᠭᠡᠷᠡᠬᠦᠯᠦᠭᠰᠨᠨᠢ ᠰᠠᠨᠠᠯ ᠨᠢᠬᠡᠳᠡᠢ ᠪᠠᠳᠤᠯᠠᠵᠠᠢ᠃

ᠲᠠᠷᠠᠭ᠋ᠠᠴᠢ ᠵᠢᠨ ᠠᠯᠬᠤᠮ᠎ᠳᠤ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠵᠢᠯᠴᠠᠵᠤ ᠪᠠᠢ᠌ᠭ᠋ᠠᠳ ᠠᠷᠠᠳ᠎ᠤᠨ ᠶᠠᠪᠤᠳᠠᠯ᠎ᠤᠨ ᠦᠢ᠍ᠯᠡᠰ᠎ᠤᠨ 《ᠠᠷᠪᠠᠨ ᠲᠦᠷᠪᠡᠳᠤᠬᠡᠷ ᠲᠠᠪᠤᠨ ᠵᠢᠯ》᠎ᠤᠨ ᠲᠦᠯᠦᠪᠵᠢᠬᠦᠯᠬᠡ ᠵᠢ ᠵᠠᠰᠠᠨ ᠲᠡᠬᠦᠯᠳᠡᠷᠵᠢᠬᠦᠯᠵᠤ᠂ ᠲᠦᠯᠦᠪᠵᠢᠬᠦᠯᠬᠡ ᠨᠠᠢ᠌ᠷᠠᠭᠤᠯᠬᠤ ᠲᠤᠮᠳᠠᠬᠢ ᠲᠡᠬᠡᠷ᠎ᠠ ᠲᠤᠤᠷᠠᠳᠤ ᠱᠠᠳᠤᠨ᠎ᠤ ᠠᠵᠢᠯ᠎ᠢ ᠠᠮᠨ ᠰᠡᠬᠡᠷ᠎ᠢ᠎ᠨᠢ ᠵᠤᠯᠭ᠋ᠠᠭᠤᠯᠬᠤ᠂ ᠰᠠᠯᠠᠭ᠎ᠠ ᠮᠦᠴᠢᠷ ᠬᠠᠮᠵᠢᠯᠴᠠᠬᠤ ᠵᠢ ᠪᠡᠶᠡᠯᠡᠬᠦᠯᠵᠤ᠂ ᠲᠦᠯᠤᠪᠵᠢᠬᠦᠯᠬᠡ ᠵᠢ ᠮᠠᠨ᠎ᠤ ᠤᠷᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠪᠤᠳᠠᠳᠠᠢ᠎ᠲᠠᠢ ᠨᠡᠡᠭ ᠤᠶᠠᠯᠳᠤᠭᠤᠯᠵᠤ᠂ 《ᠠᠷᠪᠠᠨ ᠲᠦᠷᠪᠡᠳᠤᠬᠡᠷ ᠲᠠᠪᠤᠨ ᠵᠢᠯ》᠎ᠤᠨ ᠬᠤᠭᠤᠴᠠᠭ᠋ᠠᠨ᠎ᠳᠤ᠎ᠬᠢ ᠮᠠᠨ᠎ᠤ ᠤᠷᠤᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠯᠳᠡ ᠵᠢᠨ ᠵᠦᠭᠯᠡᠬᠦᠷ ᠪᠤᠯᠭ᠋ᠠᠬᠤ ᠪᠤᠯᠤᠨ᠎ᠠ᠃