ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ 10 ᠳ᠋ᠤᠭ᠋ᠠᠷ ᠰᠠᠷ᠎ᠠ ᠵᠢᠨ 16᠎ᠤ ᠡᠳᠤᠷ᠎ᠤᠨ ᠦᠳᠡ ᠵᠢᠨ ᠡᠮᠦᠨᠡᠬᠢ 10 ᠴᠠᠭ᠎ᠲᠤ ᠪᠡᠭᠡᠵᠢᠩ᠎ᠳᠤ ᠦᠪᠡᠳᠡᠭᠰᠢ ᠶᠡᠬᠡ᠎ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠪᠦᠬᠦ ᠺᠠᠳ᠋ᠷ ᠠᠵᠢᠯᠲᠠᠳ᠎ᠢ ᠲᠡᠷᠡ ᠳᠠᠷᠤᠢ᠎ᠳᠤ᠎ᠨᠢ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ᠎ᠪᠠᠷ ᠶᠡᠬᠡ ᠬᠤᠷᠠᠯ᠎ᠤᠨ ᠦᠪᠡᠳᠡᠭᠰᠢ ᠪᠠᠢ᠌ᠳᠠᠯ᠎ᠢ ᠭᠥᠯᠢᠶᠡᠨ ᠠᠪᠴᠤ ᠦᠵᠡᠵᠤ ᠰᠤᠨᠤᠰᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢ ᠲᠥᠯᠥᠭᠡᠯᠡᠨ ᠶᠡᠬᠡ ᠬᠤᠷᠠᠯ᠎ᠳᠤ ᠬᠢᠭᠰᠡᠨ ᠮᠡᠳᠡᠭᠦᠯᠦᠯᠲᠡ ᠵᠢ ᠨᠠᠷᠢᠨ ᠬᠢᠨᠠᠮᠠᠭ᠋ᠠᠢ ᠰᠣᠨᠣᠰᠪᠠ᠃
ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠢ᠌ᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ ᠮᠣᠷᠳᠠᠵᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠵᠢᠨ ᠴᠠᠭ ᠦᠶ᠎ᠡ᠎ᠳᠤ ᠬᠤᠷᠠᠯᠳᠤᠭᠰᠠᠨ ᠲᠤᠢ᠌ᠯ᠎ᠤᠨ ᠴᠢᠬᠤᠯᠠ ᠶᠡᠬᠡ ᠬᠤᠷᠠᠯ ᠪᠣᠯᠣᠨ᠎ᠠ ᠭᠡᠵᠦ ᠰᠠᠨᠠᠯ ᠨᠢᠭᠡᠲᠡᠢ ᠦᠵᠡᠵᠡᠬᠡᠪᠡ᠃ ᠰᠢ ᠵᠢᠨ ᠫᠢᠩ ᠶᠡᠷᠦᠩᠬᠡᠢ ᠱᠦᠵᠢ ᠵᠢᠨ ᠬᠢᠭᠰᠡᠨ ᠢᠯᠡᠳᠬᠡᠯ᠎ᠳᠤ᠂ ᠥᠩᠭᠡᠷᠡᠭᠰᠡᠨ ᠲᠠᠪᠤᠨ ᠵᠢᠯ᠎ᠤᠨ ᠠᠵᠢᠯ ᠪᠣᠯᠣᠨ ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠠᠭᠤᠤ ᠶᠡᠬᠡ ᠬᠤᠪᠢᠰᠤᠯᠲᠠ ᠵᠢ ᠪᠦᠬᠦ ᠲᠠᠯ᠎ᠠ ᠪᠠᠷ ᠳ᠋ᠦᠩᠨᠡᠵᠦ᠂ ᠮᠠᠨ᠎ᠤ ᠨᠠᠮ᠎ᠤᠨ ᠡᠷᠬᠢᠮ ᠨᠠᠨᠳᠢᠨ ᠲᠤᠷᠰᠢᠯᠭ᠎ᠠ ᠵᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠢᠷᠡᠭᠡᠳᠦᠢ ᠵᠢᠨ 5 ᠵᠢᠯ᠂ ᠴᠢᠨᠠᠭᠰᠢᠯᠠᠪᠠᠯ ᠨᠡᠩ ᠤᠷᠲᠤ ᠬᠤᠭᠤᠴᠠᠭ᠋ᠠᠨ᠎ᠤ ᠨᠠᠮ ᠪᠣᠯᠣᠨ ᠤᠯᠤᠰ᠎ᠤᠨ ᠦᠢ᠍ᠯᠡᠰ᠎ᠤᠨ ᠬᠥᠭᠵᠢᠯᠲᠡ ᠵᠢᠨ ᠬᠠᠷᠠᠯᠲᠠ ᠡᠭᠦᠷᠭᠡ ᠪᠣᠯᠣᠨ ᠦᠨᠳᠦᠰᠦᠨ ᠪᠣᠳᠣᠯᠭ᠎ᠠ ᠴᠢᠭᠯᠡᠯᠲᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ᠂ ᠠᠯᠤᠰ ᠬᠡᠳᠦ ᠵᠢᠨ ᠤᠳᠬ᠎ᠠ ᠰᠠᠨᠠᠭ᠎ᠠ᠎ᠲᠠᠢ ᠂ ᠭᠦᠨ ᠭᠦᠨᠵᠡᠭᠡᠢ᠂ ᠦᠵᠡᠯ ᠰᠠᠨᠠᠭ᠎ᠠ ᠲᠣᠳᠣᠷᠬᠠᠢ᠂ ᠠᠷᠭ᠎ᠠ ᠬᠡᠮᠵᠢᠶ᠎ᠡ ᠬᠦᠴᠦᠨ ᠲᠡᠭᠦᠯᠳᠡᠷ ᠪᠠᠢ᠌ᠵᠤ᠂ ᠪᠦᠬᠦ ᠨᠠᠮ᠎ᠤᠨ ᠤᠶᠤᠨ ᠤᠬᠠᠭ᠋ᠠᠨ᠎ᠢ ᠨᠢᠭᠲᠠᠷᠠᠭᠤᠯᠵᠤ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠨᠡᠢ᠌ᠴᠡᠭᠦᠯᠵᠦ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠵᠣᠷᠢᠭᠵᠢᠭᠤᠯᠤᠨ ᠳᠠᠢ᠍ᠢ᠍ᠴᠢᠯᠠᠵᠤ ᠪᠠᠢ᠌ᠭ᠋ᠠᠳ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠂ ᠨᠡᠢ᠌ᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ᠂ ᠠᠯᠤᠰ ᠬᠡᠳᠦ ᠵᠢᠨ ᠠᠴᠢ ᠬᠣᠯᠪᠣᠭᠳᠠᠯ᠎ᠲᠠᠢ ᠶᠤᠮ᠃
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠭᠦᠢ᠍ᠴᠡᠳᠬᠡᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠰᠢᠨ᠎ᠡ ᠡᠭᠦᠷᠭᠡᠯᠡᠯ᠎ᠢ ᠢᠯᠡᠷᠡᠭᠦᠯᠵᠦ᠂ ᠰᠢᠨ᠎ᠡ ᠬᠤᠪᠢ ᠨᠡᠮᠡᠷᠢ ᠦᠵᠡᠭᠦᠯᠦᠨ᠎ᠡ ᠬᠡᠵᠡᠬᠡᠪᠡ᠃
ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠱᠠᠭ᠋ᠠᠷᠳᠠᠭᠰᠠᠨ᠎ᠨᠢ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠦᠵᠡᠯ ᠰᠠᠨᠠᠭ᠎ᠠ ᠦᠢ᠍ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠨ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠴᠦ᠂ ᠨᠡᠢ᠌ᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠠᠷᠠᠳ᠎ᠤᠨ ᠶᠠᠪᠤᠳᠠᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃