ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠤᠷᠢᠶ᠎ᠠ ᠵᠢᠨ ᠬᠠᠷᠢᠶ᠎ᠠ ᠨᠠᠮ᠎ᠤᠨ ᠡᠬᠦᠷ᠎ᠤᠨ ᠨᠠᠮ᠎ᠤᠨ ᠬᠡᠰᠢᠬᠦᠳ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠦᠪᠡᠳᠡᠭᠰᠢ ᠪᠠᠢ᠌ᠳᠠᠯ᠎ᠢ ᠭᠥᠯᠢᠶᠡᠨ ᠠᠪᠴᠤ ᠰᠤᠨᠢᠷᠬᠠᠪᠠ
ᠨᠡᠶᠢᠲᠡᠯᠡᠭᠰᠡᠨ ᠴᠠᠭ᠄ 2022-10-25


  ba9c45d98eb3b71bd0b80db03929109.jpg  

    ᠠᠯᠲᠠᠨ ᠨᠠᠮᠤᠷ᠎ᠤᠨ ᠠᠷᠪᠠᠨ ᠰᠠᠷ᠎ᠠ᠎ᠳᠤ ᠬᠤᠪᠢᠯᠭ᠋ᠠᠨ ᠣᠷᠣᠨ᠎ᠤ ᠡᠬᠡ ᠭᠠᠵᠠᠷ᠎ᠲᠤ ᠲᠡᠭᠷᠢ ᠴᠡᠯᠮᠡᠭ ᠠᠭ᠋ᠠᠷ ᠲᠤᠩᠭ᠋ᠠᠯᠠᠭ᠂ ᠠᠭᠤᠯᠠ ᠤᠰᠤ ᠦᠵᠡᠰᠬᠦᠯᠡᠩᠲᠦ ᠲᠡᠬᠦᠯᠳᠡᠷ ᠪᠠᠢ᠌ᠯ᠎ᠠ᠃ ᠡᠯᠪᠡᠭ ᠬᠤᠷᠢᠶᠠᠯᠲᠠ ᠵᠢᠨ ᠪᠠᠶᠠᠷ ᠪᠠᠬᠠᠳᠤᠯ᠎ᠢ ᠤᠭᠲᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ 2022 ᠣᠨ᠎ᠤ 10 ᠰᠠᠷ᠎ᠠ ᠵᠢᠨ 16 ᠎ᠤ ᠦᠳᠡ ᠵᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠬᠡᠳ᠂ ᠰᠢ ᠵᠢᠨ ᠫᠢᠩ ᠶᠡᠷᠦᠩᠬᠡᠢ ᠱᠦᠵᠢ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢ ᠲᠥᠯᠥᠭᠡᠯᠡᠨ ᠶᠡᠬᠡ ᠬᠤᠷᠠᠯ᠎ᠳᠤ ᠢᠯᠡᠳᠬᠡᠯ ᠬᠢᠪᠡ᠃ ᠡᠨᠡ ᠤᠳᠠᠭ᠎ᠠ ᠵᠢᠨ ᠶᠡᠬᠡ ᠬᠤᠷᠠᠯ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ ᠮᠣᠷᠳᠠᠵᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠌ᠰᠢ ᠤᠷᠤᠭᠰᠢᠯᠠᠬᠤ ᠵᠠᠩᠭᠢᠯᠠᠭ᠎ᠠ ᠵᠢᠨ ᠴᠠᠭ ᠮᠥᠴᠡ᠎ᠳᠤ ᠬᠤᠷᠠᠯᠳᠤᠭᠰᠠᠨ ᠴᠢᠬᠤᠯᠠ ᠬᠤᠷᠠᠯ ᠪᠣᠯᠣᠨ᠎ᠠ᠃ ᠬᠢᠵᠢᠭ᠎ᠤᠨ ᠨᠦᠯᠦᠬᠡ᠎ᠠᠴᠠ ᠪᠤᠯᠤᠭ᠋ᠠᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ 54 ᠲᠤᠰᠠᠭ᠋ᠠᠷ ᠨᠠᠮ᠎ᠤᠨ ᠡᠭᠦᠷ᠂ 5 ᠬᠠᠮᠲᠤᠷᠠᠭᠰᠠᠨ ᠨᠠᠮ᠎ᠤᠨ ᠡᠭᠦᠷ᠂ 153 ᠴᠢᠳᠠᠮᠵᠢᠲᠤ ᠨᠠᠮ᠎ᠤᠨ ᠡᠭᠦᠷ᠎ᠤᠨ 479 ᠨᠠᠮ᠎ᠤᠨ ᠭᠡᠰᠢᠭᠦᠨ᠎ᠢ ᠬᠣᠷᠢᠳᠤᠭ᠋ᠠᠷ ᠶᠡᠬᠡ ᠬᠤᠷᠠᠯ᠎ᠤᠨ ᠦᠪᠡᠳᠡᠭᠰᠢ ᠪᠠᠢ᠌ᠳᠠᠯ᠎ᠢ ᠭᠥᠯᠢᠶᠡᠨ ᠠᠪᠴᠤ ᠦᠵᠡᠬᠦ᠎ᠪᠠᠷ ᠨᠢᠭᠡᠳᠦᠯᠲᠡᠢ ᠲᠣᠬᠢᠷᠠᠭᠤᠯᠵᠤ᠂  ᠡᠯ᠎ᠡ ᠨᠠᠮ᠎ᠤᠨ ᠡᠭᠦᠷ᠎ᠤᠨ ᠱᠦᠵᠢ ᠨᠠᠷ ᠲᠥᠷᠥᠭᠳᠡᠯ ᠵᠶ᠋ᠡᠨ ᠪᠢᠴᠢᠭᠰᠡᠨ ᠪᠠᠢ᠌ᠨ᠎ᠠ᠃
   ᠨᠢᠭᠡ᠂ ᠥᠩᠭᠡᠷᠡᠭᠰᠡᠨ ᠵᠶ᠋ᠡᠨ ᠡᠷᠬᠢᠴᠡᠬᠦᠯᠬᠦᠶ᠎ᠡ ᠤᠮᠤᠬᠰᠢᠯ ᠪᠠᠬᠠᠳᠤᠯ ᠲᠦᠬᠦᠷᠡᠡᠭ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠵᠠᠭᠤᠨ ᠵᠢᠯ᠎ᠤᠨ ᠲᠡᠮᠡᠴᠡᠯ᠎ᠤᠨ ᠰᠦᠷ ᠳᠠᠯᠠᠢ᠌ᠴᠠᠲᠠᠢ ᠠᠶᠠᠨ ᠵᠠᠮ᠎ᠢ ᠳᠤᠭᠤᠯᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠲᠣᠭᠲᠠᠭᠰᠠᠨ ᠬᠤᠭᠤᠴᠠᠭ᠋ᠠᠨ᠎ᠳᠤ᠎ᠪᠠᠨ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ ᠎ᠪᠠᠷ ᠪᠠᠢ᠌ᠭᠤᠯᠤᠨ ᠪᠦᠲᠦᠭᠡᠵᠦ᠂ ᠨᠠᠮ ᠪᠣᠯᠣᠨ ᠤᠯᠤᠰ᠎ᠤᠨ ᠠᠵᠢᠯ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠮᠡᠷᠭᠡᠵᠢᠯ᠎ᠤᠨ ᠪᠣᠳᠠᠲᠤ ᠬᠦᠴᠦᠨ ᠪᠠ ᠶᠡᠷᠦᠩᠬᠡᠢ᠌ᠯᠡᠭᠰᠡᠨ ᠤᠯᠤᠰ᠎ᠤᠨ ᠬᠦᠴᠦᠨ᠎ᠤ ᠲᠠᠯ᠎ᠠ᠎ᠪᠠᠷ ᠴᠥᠮ ᠰᠢᠨ᠎ᠡ ᠳᠡᠭᠲᠡᠷ᠎ᠲᠤ ᠭᠠᠷᠴᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ ᠵᠢ ᠡᠭᠦᠳᠴᠦ᠂ ᠳᠤᠮᠳᠠᠳᠤ ᠤᠯᠤᠰ᠎ᠤᠨ ᠠᠷᠠᠳ ᠲᠦᠮᠡᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠰᠢᠨ᠎ᠡ ᠲᠡᠦᠬᠡᠨ ᠭᠠᠷᠤᠭ᠎ᠠ ᠳᠡᠭᠡᠷ᠎ᠡ ᠢᠲᠡᠭᠡᠯ ᠲᠡᠭᠦᠯᠳᠡᠷ ᠵᠶ᠋ᠡᠷ ᠵᠣᠭᠰᠣᠭᠰᠠᠨ ᠪᠠᠢ᠌ᠨ᠎ᠠ᠃ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠪᠢᠳᠡ ᠨᠠᠮ ᠪᠠ ᠠᠷᠠᠳ ᠲᠦᠮᠡᠨ᠎ᠤ ᠦᠢ᠍ᠯᠡᠰ᠎ᠲᠤ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠠ ᠠᠯᠤᠰ ᠬᠡᠳᠤ ᠵᠢᠨ ᠲᠡᠦᠬᠡᠲᠦ ᠠᠴᠢ ᠬᠣᠯᠪᠣᠭᠳᠠᠯ᠎ᠲᠠᠢ 《ᠭᠤᠷᠪᠠᠨ ᠶᠡᠬᠡ ᠶᠠᠪᠤᠳᠠᠯ》᠎ᠢ ᠥᠩᠭᠡᠷᠡᠭᠡᠪᠡ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠ ᠳᠤᠮᠳᠠᠳᠤ ᠤᠯᠤᠰ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠵᠦ ᠣᠯᠣᠭᠰᠠᠨ ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡᠨ ᠬᠠᠭᠤᠳᠠᠰᠤ ᠵᠢ ᠭᠡᠢ᠌ᠭᠦᠯᠦᠭᠰᠡᠨ ᠲᠡᠦᠬᠡᠲᠦ ᠴᠢᠨᠠᠷᠲᠠᠢ ᠢᠯᠠᠯᠲᠠ ᠮᠥᠨ᠂ ᠪᠠᠰᠠ ᠴᠤ᠌ ᠳᠡᠯᠡᠬᠡᠢ ᠳ᠋ᠠᠬᠢᠨ᠎ᠳᠤ ᠠᠯᠤᠰ ᠬᠡᠳᠤ ᠵᠢᠨ ᠨᠥᠯᠥᠭᠡ᠎ᠲᠠᠢ ᠲᠡᠦᠬᠡᠲᠦ ᠴᠢᠨᠠᠷᠲᠠᠢ ᠢᠯᠠᠯᠲᠠ ᠮᠥᠨ ᠭᠡᠵᠤ ᠰᠠᠨᠠᠯ ᠨᠢᠬᠡᠳᠡᠢ ᠦᠵᠡᠵᠡᠬᠡᠪᠡ᠃
   ᠬᠣᠶᠠᠷ᠂ ᠢᠷᠡᠭᠡᠳᠦᠢ᠎ᠪᠠᠨ ᠪᠠᠷᠠᠯᠠᠬᠤᠶ᠎ᠠ ᠤᠮᠤᠭ ᠵᠤᠷᠢᠭ ᠲᠡᠬᠦᠯᠳᠡᠷ᠃ ᠡᠨᠡ ᠤᠳᠠᠭ᠎ᠠ ᠵᠢᠨ ᠶᠡᠬᠡ ᠬᠤᠷᠠᠯ᠎ᠨᠢ ᠢᠷᠡᠭᠡᠳᠦᠢ ᠵᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭ᠋ᠠᠨ᠎ᠤ ᠨᠠᠮ ᠪᠣᠯᠣᠨ ᠤᠯᠤᠰ᠎ᠤᠨ ᠦᠢ᠍ᠯᠡᠰ᠎ᠤᠨ ᠬᠥᠭᠵᠢᠯᠲᠡ ᠵᠢᠨ ᠬᠠᠷᠠᠯᠲᠠ ᠡᠭᠦᠷᠭᠡ ᠪᠣᠯᠣᠨ ᠦᠨᠳᠦᠰᠦᠨ ᠪᠣᠳᠣᠯᠭ᠎ᠠ ᠴᠢᠭᠯᠡᠯᠲᠡ ᠵᠢ ᠰᠢᠨᠵᠢᠯᠡᠬᠦ ᠤᠬᠠᠭ᠋ᠠᠨᠴᠢ᠎ᠪᠠᠷ ᠲᠦᠯᠦᠪᠵᠢᠬᠦᠯᠦᠭᠰᠡᠨ ᠵᠶ᠋ᠡᠷ  ᠤᠳᠤ᠎ᠠᠴᠠ ᠡᠬᠢᠯᠡᠬᠡᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠣᠣᠯ ᠡᠭᠦᠷᠭᠡ ᠨᠢᠭᠡᠨᠲᠡ ᠮᠠᠰᠢ ᠲᠣᠳᠣᠷᠬᠠᠢ ᠪᠣᠯᠪᠠ᠂ ᠡᠨᠡ᠎ᠨᠢ ᠨᠠᠮ ᠪᠣᠯᠣᠨ ᠤᠯᠤᠰ᠎ᠤᠨ ᠦᠢ᠍ᠯᠡᠰ᠎ᠤᠨ ᠤᠷᠢᠳᠤᠬᠢ ᠵᠢ ᠵᠠᠯᠭ᠋ᠠᠮᠵᠢᠯᠠᠨ ᠬᠣᠢ᠌ᠲᠤᠬᠢ᠎ᠳᠤ ᠵᠠᠮ ᠨᠡᠭᠡᠭᠡᠬᠦ᠎ᠲᠠᠢ ᠬᠣᠯᠪᠣᠭᠳᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠢᠷᠡᠭᠡᠳᠦᠢ ᠬᠤᠪᠢ ᠵᠠᠶᠠᠭ᠎ᠠ᠎ᠲᠠᠢ ᠬᠣᠯᠪᠣᠭᠳᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠲᠠᠢ ᠬᠣᠯᠪᠣᠭᠳᠠᠨ᠎ᠠ᠃ ᠶᠡᠬᠡ ᠬᠤᠷᠠᠯ᠎ᠤᠨ ᠭᠣᠣᠯ ᠰᠡᠳᠦᠪ᠎ᠲᠤ ᠪᠠᠰᠠ ᠬᠣᠢ᠌ᠰᠢᠳᠠ ᠶᠠᠮᠠᠷ ᠲᠤᠭ᠎ᠢ ᠮᠠᠨᠳᠤᠭᠤᠯᠬᠤ᠂ ᠶᠠᠮᠠᠷ ᠵᠠᠮ ᠵᠶ᠋ᠠᠷ ᠵᠠᠮᠨᠠᠬᠤ᠂ ᠶᠠᠮᠠᠷ ᠶᠠᠩᠵᠤ ᠵᠢᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠶᠠᠮᠠᠷ ᠶᠠᠩᠵᠤ ᠵᠢᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ ᠵᠡᠷᠭᠡ ᠠᠰᠠᠭᠤᠳᠠᠯ᠎ᠢ ᠮᠠᠰᠢ ᠲᠣᠳᠣᠷᠬᠠᠢ ᠬᠠᠷᠢᠭᠤᠯᠵᠤ᠂ ᠰᠤᠨᠤᠰᠤᠬᠰᠠᠳ᠎ᠤᠨ ᠰᠡᠳᠬᠢᠯ᠎ᠢ ᠬᠥᠭᠵᠢᠭᠡᠵᠦ᠂ ᠬᠥᠮᠥᠰ᠎ᠢ ᠵᠣᠷᠢᠭᠵᠢᠭᠤᠯᠤᠨ ᠤᠷᠤᠬᠰᠢᠯᠠᠭᠤᠯᠬᠤ ᠪᠤᠯᠤᠨ᠎ᠠ᠃ ᠥᠨᠥᠳᠥᠷ᠎ᠤᠨ ᠳᠤᠮᠳᠠᠳᠤ ᠤᠯᠤᠰ᠎ᠲᠤ ᠲᠤᠷᠤᠨ᠎ᠠ ᠵᠢᠨ ᠰᠠᠯᠬᠢ ᠰᠦᠷ ᠳᠠᠯᠠᠢ᠌ᠴᠠᠲᠠᠢ᠂ ᠦᠵᠡᠮᠵᠢ ᠪᠠᠢ᠌ᠳᠠᠯ ᠦᠡᠭᠭᠡ ᠢᠯᠭ᠋ᠠᠷᠠᠵᠤ ᠪᠠᠢ᠌ᠨ᠎ᠠ᠃ ᠦᠨᠤᠳᠤᠷ᠎ᠤᠨ ᠲᠤᠮᠳᠠᠳᠤ ᠤᠯᠤᠰ᠎ᠤᠨ᠎ᠬᠢᠨ ᠢᠷᠡᠭᠡᠳᠦᠢ ᠵᠦᠭ ᠢᠳᠡᠬᠡᠯ ᠲᠡᠬᠦᠯᠳᠡᠷ᠂ ᠴᠤᠭ ᠵᠤᠯᠢ ᠪᠠᠳᠠᠷᠠᠩᠭᠤᠢ ᠤᠷᠤᠬᠰᠢᠯᠠᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠪᠤᠴᠠᠰᠢ ᠦᠭᠡᠢ ᠲᠡᠦᠬᠡᠨ ᠠᠬᠢᠴᠠ᠎ᠳᠤ ᠤᠷᠤᠯ᠎ᠠ ᠭᠡᠵᠤ ᠰᠠᠨᠠᠯ ᠨᠢᠬᠡᠳᠡᠢ ᠦᠵᠡᠵᠡᠬᠡᠵᠤ ᠪᠠᠢ᠌ᠨ᠎ᠠ᠃
   ᠭᠤᠷᠪᠠ᠂ ᠲᠤᠬᠠᠢ᠌ᠯᠠᠭᠰᠠᠨ ᠠᠵᠢᠯ᠎ᠳᠤ᠎ᠪᠠᠨ ᠰᠠᠭᠤᠷᠢᠯᠠᠨ᠂ ᠬᠤᠪᠢ ᠲᠠᠬᠢᠨ ᠴᠢᠷᠮᠠᠢ᠌ᠨ᠎ᠠ᠃ ᠢᠷᠡᠭᠡᠳᠦᠢ ᠵᠢᠨ 5 ᠵᠢᠯ᠎ᠳᠤ ᠨᠠᠮ᠎ᠠᠴᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠪᠦᠲᠦᠭᠡᠨ ᠪᠠᠢ᠌ᠭᠤᠯᠤᠯᠲᠠ᠎ᠳᠤ ᠥᠷᠭᠡᠨ ᠠᠭᠤᠳᠠᠮ ᠬᠥᠭᠵᠢᠯᠲᠡ ᠵᠢᠨ ᠣᠷᠣᠨ ᠵᠠᠢ ᠵᠢ ᠬᠠᠡᠭᠭ᠋ᠠᠯ᠎ᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠨᠢ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ ᠮᠥᠨ ᠠᠳᠠᠯᠢᠬᠠᠨ ᠵᠶ᠋ᠠᠷ ᠤᠯᠠᠨ ᠵᠦᠢ᠍ᠯ᠎ᠤᠨ ᠰᠢᠨ᠎ᠡ ᠰᠢᠯᠭ᠋ᠠᠯᠲᠠ ᠪᠠ ᠰᠢᠯᠭ᠋ᠠᠯᠲᠠ᠎ᠳᠤ ᠲᠤᠯᠭ᠋ᠠᠷᠠᠬᠤ᠎ᠨᠢ ᠯᠠᠪᠳᠠᠢ᠃ ᠬᠡᠪᠡᠴᠤ ᠪᠢᠳᠡ ᠰᠢᠨ᠎ᠡ ᠪᠠᠢ᠌ᠳᠠᠯ᠎ᠤᠨ ᠳᠣᠣᠷᠠᠬᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠣᠨᠴᠠᠯᠢᠭ᠎ᠢ ᠨᠠᠷᠢᠨ ᠬᠢᠨᠠᠮᠠᠭ᠋ᠠᠢ ᠵᠠᠳᠠᠯᠤᠨ ᠰᠤᠳᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠪᠦᠬᠦ ᠲᠠᠯ᠎ᠠ᠎ᠪᠠᠷ ᠵᠢᠷᠤᠮᠵᠢᠭᠤᠯᠬᠤ ᠬᠡᠷᠡᠭᠲᠡᠢ᠂ ᠡᠨᠡ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠵᠢᠨ ᠲᠤᠯᠭ᠋ᠠᠮ ᠱᠠᠭ᠋ᠠᠷᠳᠠᠯᠭ᠎ᠠ ᠮᠥᠨ᠃ ᠪᠢᠳᠡ ᠨᠠᠮ᠎ᠤᠨ ᠪᠠᠢ᠌ᠭᠤᠯᠤᠯᠲᠠ ᠵᠢᠨ ᠵᠢᠯᠤᠭᠤᠳᠤᠮᠵᠢ ᠵᠢᠨ ᠦᠢ᠍ᠯᠡᠳᠤᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠷᠡᠭᠦᠯ ᠬᠦᠭᠵᠢᠯᠳᠡ ᠵᠢ ᠪᠠᠲᠤᠯᠠᠬᠤ ᠬᠡᠷᠡᠭᠲᠡᠢ᠂ ᠡᠨᠡ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢᠨ ᠵᠠᠩᠭᠢᠯᠠᠭ᠎ᠠ ᠪᠣᠯᠣᠨ᠎ᠠ᠃ ᠡᠳᠦᠷ ᠲᠤᠳᠤᠮ᠎ᠤᠨ ᠬᠥᠮᠦᠵᠢᠯ  ᠬᠠᠮᠢᠶᠠᠷᠤᠯᠲᠠ ᠵᠢ ᠴᠢᠩᠳᠠᠯᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠲᠠᠢ᠍ᠢ᠍ᠴᠢᠯᠠᠨ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠂ ᠡᠨᠡ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ  ᠲᠤᠭᠤᠰᠢᠯᠠᠭᠤᠯᠬᠤ ᠴᠢᠬᠤᠯᠠ ᠠᠷᠭ᠎ᠠ ᠶᠤᠮ᠃ ᠪᠢᠳᠡ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠨᠠᠮ᠎ᠤᠨ ᠬᠣᠷᠢᠶ᠎ᠠ ᠵᠢᠨ ᠬᠤᠪᠢ ᠨᠡᠮᠡᠷᠢ᠎ᠪᠠᠨ ᠦᠵᠡᠬᠦᠯᠵᠡᠬᠡᠶ᠎ᠡ ᠭᠡᠵᠤ ᠤᠷᠢᠶᠠᠯᠠᠪᠠ᠃

  

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠨᠠᠰᠤᠳᠠᠳ ᠪᠠ ᠬᠡᠤᠬᠡᠳ》᠎ᠢ ᠬᠠᠯᠠᠮᠵᠢᠯᠠᠬᠤ ᠰᠢᠷᠢᠰ ᠲᠤᠰᠬᠠᠢ ᠰᠡᠳᠦᠪᠲᠦ ᠮᠡᠳᠡᠭᠡᠯᠡᠯ (ᠳᠥᠷᠪᠡ)
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠬᠣᠷᠢ ᠶᠢᠰᠦ)
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠭᠤᠴᠢ)
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠵᠢᠨ ᠭᠡᠬᠦ ᠰᠢᠷᠢᠰ ᠮᠡᠳᠡᠭᠡᠯᠡᠯ (ᠬᠣᠷᠢᠨ ᠳᠣᠯᠣᠭ᠎ᠠ)
ᠦᠬᠠᠢ ᠬᠣᠲᠠ᠄ ᠵᠣᠯ ᠵᠢᠷᠭ᠋ᠠᠯᠲᠤ ᠣᠷᠣᠭ ᠭᠡᠷ ᠪᠦᠯᠢ ᠵᠢᠨ ᠲᠤᠬᠠᠢ ᠵᠢᠯᠣᠭᠣᠳᠤᠯᠭ᠎ᠠ᠎ᠪᠠᠷ ᠬᠠᠢ᠌ᠷ᠎ᠠ ᠵᠢ ᠦᠶᠦᠭᠰᠢᠬᠦᠯᠵᠤ ᠪᠠᠢ᠌ᠨ᠎ᠠ
 
            