ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄ 2022-11-06

ba9c45d98eb3b71bd0b80db03929109.jpg 


    ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠨᠢ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ  ᠴᠢᠨᠠᠷᠯᠢᠭ ᠬ᠋ᠥᠭᠵᠢᠯᠲᠡ᠎ᠳᠤ ᠤᠷᠤᠭᠰᠢᠯᠠᠯᠲᠠ ᠵᠢᠨ ᠴᠢᠭᠯᠡᠯ᠎ᠢ ᠵᠢᠭ᠋ᠠᠨ ᠦᠨᠳᠦᠰᠦᠨ ᠵᠢᠷᠤᠮᠯᠠᠯ ᠬᠠᠩᠭ᠋ᠠᠵᠤ᠂ ᠮᠠᠨ᠎ᠤ ᠣᠷᠣᠨ᠎ᠤ ᠠᠷᠠᠳ᠎ᠤᠨ ᠶᠠᠪᠤᠳᠠᠯ᠎ᠤᠨ  ᠰᠢᠰᠲᠸᠮ᠎ᠤᠨ᠎ᠬᠢᠨ᠎ᠤ ᠲᠤᠮᠳᠠ ᠴᠢᠩᠭ᠎ᠠ ᠲᠤᠰᠬᠠᠯ ᠭᠠᠷᠤᠬᠰᠠᠨ ᠪᠠᠢ᠌ᠨ᠎ᠠ᠃ ᠬᠦᠮᠦᠰ᠄ 《ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠡᠬᠢ ᠪᠤᠢ ᠪᠣᠯᠭ᠋ᠠᠵᠤ᠂ ᠡᠭᠦᠷᠢᠳᠡ ᠬᠣᠢ᠌ᠷᠭᠤᠰᠢᠬᠤ ᠦᠭᠡᠢ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠪᠣᠯᠣᠨ ᠴᠤᠴᠠᠯᠲᠠ ᠦᠭᠡᠢ ᠲᠡᠮᠡᠴᠡᠬᠦ ᠦᠡᠭᠭᠡ ᠬᠢᠯᠪᠠᠭ᠎ᠠ᠎ᠪᠠᠷ ᠨᠡᠢ᠌ᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠲᠠᠬᠢᠨ ᠰᠢᠨ᠎ᠡ ᠭᠠᠪᠢᠶ᠎ᠠ ᠪᠠᠢ᠌ᠭᠤᠯᠤᠨ᠎ᠠ》 ᠭᠡᠵᠦ ᠵᠤᠷᠢᠭ ᠵᠶ᠋ᠡᠨ ᠢᠯᠡᠳᠬᠡᠵᠡᠬᠡᠵᠤ ᠪᠠᠢ᠌ᠯ᠎ᠠ᠃
    ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ 《ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠵᠦ᠂  ᠠᠷᠠᠳ᠎ᠤᠨ ᠠᠮᠢᠳᠤᠷᠠᠯ᠎ᠤᠨ ᠴᠢᠨᠰᠠᠭ᠎ᠠ ᠵᠢ ᠳᠡᠭᠡᠭᠰᠢᠯᠡᠭᠦᠯᠬᠦ》 ᠬᠡᠷᠡᠭᠲᠡᠢ》 ᠭᠡᠵᠦ ᠵᠢᠭ᠋ᠠᠵᠤ ᠭᠠᠷᠭ᠋ᠠᠭᠰᠠᠨ᠎ᠨᠢ ᠠᠷᠠᠳ ᠤᠯᠠᠨ᠎ᠤ ᠰᠡᠳᠬᠢᠯ᠎ᠤᠨ ᠦᠭᠡ ᠵᠢ ᠬᠡᠯᠡᠭᠰᠡᠨ ᠪᠥᠭᠡᠳ ᠪᠠᠰᠠ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠲᠤ ᠨᠡᠩ ᠥᠨᠳᠥᠷ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠬᠣᠷᠢᠭ᠎ᠠ ᠱᠤᠭᠤᠮ᠎ᠢ ᠴᠢᠷᠮᠠᠢ᠌ᠨ ᠪᠠᠳᠤᠯᠠᠬᠰᠠᠭ᠋ᠠᠷ ᠢᠷᠡᠭᠰᠡᠨ ᠶᠤᠮ᠃  ᠦᠨᠤ ᠵᠢᠯ ᠬᠦᠴᠢᠷᠳᠡᠯᠲᠡᠢ ᠣᠯᠠᠨ ᠲᠦᠮᠡᠨ᠎ᠳᠤ 72.3 ᠳ᠋ᠦᠩᠰᠢᠭᠤᠷ ᠲᠥᠭᠥᠷᠢᠭ᠎ᠤᠨ ᠲᠤᠰᠠᠯᠠᠮᠵᠢ` ᠵᠢᠨ ᠨᠥᠬᠥᠪᠦᠷᠢ ᠪᠠᠭᠤᠯᠭ᠋ᠠᠵᠠᠢ᠃ ᠲᠣᠰ ᠡᠭᠡᠯᠵᠢ ᠵᠢᠨ ᠬᠢᠵᠢᠭ᠎ᠤᠨ ᠪᠠᠢ᠌ᠳᠠᠯ ᠡᠭᠦᠰᠦᠭᠰᠡᠨ᠎ᠤ ᠳᠠᠷᠠᠭ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠲᠦᠷ ᠴᠠᠭ᠎ᠤᠨ ᠲᠤᠰᠠᠯᠠᠮᠵᠢ ᠵᠢᠨ ᠪᠠᠴᠢᠮ ᠪᠠᠢ᠌ᠳᠠᠯ᠎ᠠᠴᠠ ᠠᠪᠤᠷᠠᠬᠤ ᠪᠠ ᠬᠦᠴᠢᠷᠳᠡᠯ᠎ᠢ ᠰᠢᠢ᠍ᠳᠪᠦᠷᠢᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 10 ᠳ᠋ᠤᠭ᠋ᠠᠷ ᠰᠠᠷ᠎ᠠ᠎ᠳᠤ ᠬᠢᠵᠢᠭ᠎ᠠᠴᠠ ᠪᠣᠯᠵᠤ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠳᠤ 9466 ᠬᠥᠮᠥᠨ ᠤᠳᠠᠭ᠎ᠠ ᠲᠦᠷ ᠴᠠᠭ᠎ᠤᠨ ᠲᠤᠰᠠᠯᠠᠮᠵᠢ ᠬᠦᠷᠳᠡᠬᠡᠵᠤ᠂ ᠲᠦᠷ ᠴᠠᠭ᠎ᠤᠨ ᠲᠤᠰᠠᠯᠠᠮᠵᠢ ᠵᠢᠨ ᠮᠥᠩᠭᠥ ᠵᠢ 191 ᠲᠦᠮᠡᠨ ᠲᠥᠭᠥᠷᠢᠭ᠎ᠤᠨ ᠲᠠᠷᠬᠠᠭ᠋ᠠᠪᠠ᠃
   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠤᠯᠭ᠎ᠠ᠄ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠳᠤᠮᠳᠠᠬᠢ ᠠᠷᠠᠳ᠎ᠤᠨ ᠶᠠᠪᠤᠳᠠᠯ᠎ᠤᠨ ᠡᠭᠦᠷᠭᠡ ᠴᠢᠳᠠᠪᠤᠷᠢ ᠵᠢᠨ ᠪᠠᠢ᠌ᠷᠢ ᠲᠣᠭᠲᠠᠭ᠋ᠠᠯᠲᠠ ᠵᠢ ᠣᠨᠣᠪᠴᠢᠲᠠᠶ ᠡᠷᠢᠨ ᠣᠯᠵᠤ᠂ ᠠᠷᠠᠳ ᠲᠦᠮᠡᠨ᠎ᠤ ᠵᠣᠭᠰᠣᠯᠲᠠ ᠵᠢ ᠤᠯᠠᠮ ᠪᠠᠲᠤ ᠰᠠᠬᠢᠵᠤ᠂ 〈ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ᠎ᠢ ᠠᠷᠠᠳ ᠵᠶ᠋ᠠᠨ ᠬᠠᠢ᠌ᠷᠠᠯᠠᠬᠤ〉 ᠣᠢ᠌ᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠬᠦᠴᠢᠷᠳᠡᠯᠲᠡᠢ ᠣᠯᠠᠨ ᠲᠦᠮᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠠᠷᠠᠳ᠎ᠤᠨ ᠲᠥᠯᠥᠭᠡ ᠰᠠᠭᠤᠷᠢ ᠵᠢ ᠪᠠᠲᠤᠯᠠᠵᠤ᠂ ᠠᠷᠠᠳ᠎ᠤᠨ ᠬᠦᠴᠢᠷᠳᠡᠯ᠎ᠢ ᠰᠢᠢ᠍ᠳᠪᠦᠷᠢᠯᠡᠵᠦ ᠥᠭᠬᠦ ᠬᠡᠷᠡᠭᠲᠡᠢ》 ᠭᠡᠵᠡᠢ᠃
 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠪᠤᠯᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠡᠬᠢᠯᠡᠯᠲᠡ ᠵᠢᠨ ᠦᠪᠡᠳᠡᠭᠰᠢ ᠪᠠᠢ᠌ᠳᠠᠯ᠎ᠢ ᠭᠥᠯᠢᠶᠡᠨ ᠠᠪᠴᠤ ᠦᠵᠡᠵᠤ ᠰᠤᠨᠤᠰᠬᠤ ᠠᠵᠢᠯᠯᠠᠭ᠎ᠠ ᠵᠢ ᠵᠤᠬᠢᠶᠠᠨ ᠪᠠᠢ᠌ᠭᠤᠯᠪᠠ
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠤᠷᠢᠶ᠎ᠠ ᠵᠢᠨ ᠬᠠᠷᠢᠶ᠎ᠠ ᠨᠠᠮ᠎ᠤᠨ ᠡᠬᠦᠷ᠎ᠤᠨ ᠨᠠᠮ᠎ᠤᠨ ᠬᠡᠰᠢᠬᠦᠳ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠦᠪᠡᠳᠡᠭᠰᠢ ᠪᠠᠢ᠌ᠳᠠᠯ᠎ᠢ ᠭᠥᠯᠢᠶᠡᠨ ᠠᠪᠴᠤ ᠰᠤᠨᠢᠷᠬᠠᠪᠠ
ᠪᠦᠬᠦ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠨᠠᠰᠤᠳᠠᠳ ᠪᠠ ᠬᠡᠤᠬᠡᠳ》᠎ᠢ ᠬᠠᠯᠠᠮᠵᠢᠯᠠᠬᠤ ᠰᠢᠷᠢᠰ ᠲᠤᠰᠬᠠᠢ ᠰᠡᠳᠦᠪᠲᠦ ᠮᠡᠳᠡᠭᠡᠯᠡᠯ (ᠳᠥᠷᠪᠡ)
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠬᠣᠷᠢ ᠶᠢᠰᠦ)
 
            