11 ᠳ᠋ᠤᠬᠡᠷ ᠰᠠᠷ᠎ᠠ ᠵᠢᠨ 7᠎ᠤ ᠡᠳᠦᠷ᠎ᠠᠴᠠ 9᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠪᠤᠯᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠡᠷᠭᠢᠯᠡᠪᠡ᠃
ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠨ᠎ᠬᠢᠨ᠎ᠤ ᠬᠢᠴᠢᠶᠡᠯ᠎ᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠳᠠᠭ᠋ᠠᠭᠤᠯᠤᠨ ᠰᠤᠷᠤᠯᠴᠠᠬᠤ᠂ ᠲᠤᠰᠬᠠᠢ ᠮᠡᠷᠭᠡᠵᠢᠯᠲᠡᠨ ᠬᠠᠪᠰᠤᠷᠤᠨ ᠵᠢᠯᠤᠭᠣᠳᠬᠤ᠂ ᠥᠪᠡᠰᠦᠪᠡᠨ ᠰᠤᠷᠤᠯᠴᠠᠬᠤ ᠪᠠ ᠶᠠᠷᠢᠯᠴᠠᠬᠤ ᠵᠡᠷᠬᠡ ᠪᠠᠶᠠᠯᠢᠭ ᠠᠭᠤᠯᠭᠠᠢ ᠣᠯᠠᠨ ᠶᠠᠩᠵᠤ᠎ᠪᠠᠷ ᠶᠠᠪᠤᠬᠳᠠᠭᠤᠯᠪᠠ᠃ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠳᠡᠭᠡᠷ᠎ᠡ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠠᠷ ᠰᠢ ᠵᠢᠨ ᠫᠢᠩ ᠶᠡᠷᠦᠩᠬᠡᠢ ᠱᠦᠵᠢ ᠵᠢᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠡᠮᠦᠨ᠎ᠡ᠎ᠠᠴᠠ ᠬᠢᠭᠰᠡᠨ ᠢᠯᠡᠳᠬᠡᠯ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 (ᠵᠠᠰᠠᠪᠤᠷᠢ ᠣᠷᠣᠭᠤᠯᠬᠤ ᠲᠥᠰᠥᠯ)᠎ᠤᠨ ᠲᠤᠬᠠᠢ ᠰᠢᠢ᠍ᠳᠪᠦᠷᠢ ᠪᠠ ᠨᠠᠮ᠎ᠤᠨ ᠳᠦᠷᠢᠮ᠎ᠳᠤ ᠵᠠᠰᠠᠪᠤᠷᠢ ᠣᠷᠣᠭᠤᠯᠤᠭᠰᠠᠨ ᠬᠡᠰᠡᠭ᠎ᠤᠨ ᠠᠭᠤᠯᠭ᠎ᠠ ᠵᠢ ᠳᠠᠭ᠋ᠠᠭᠤᠯᠤᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠭ᠋ᠠᠭᠤᠯᠢ ᠵᠢᠨ ᠰᠦᠨ ᠵᠢᠶᠸ ᠫᠷᠤᠹᠥᠰᠰᠤᠷ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠠᠬᠢᠭᠤᠯᠬᠤ ᠤᠯᠤᠰ ᠲᠦᠷᠦ ᠵᠢᠨ ᠤᠬᠠᠭᠤᠯᠭ᠎ᠠ ᠪᠠ ᠠᠵᠢᠯᠯᠠᠭ᠋ᠠᠨ᠎ᠤ ᠬᠥᠲᠥᠯᠪᠦᠷᠢ》 ᠭᠡᠬᠦ ᠰᠡᠳᠦᠪ ᠵᠶ᠋ᠡᠷ ᠲᠠᠢ᠌ᠯᠤᠮᠵᠢ ᠬᠢᠪᠡ᠃ ᠬᠤᠷᠠᠯ᠎ᠠᠴᠠ ᠡᠮᠦᠨ᠎ᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠮᠠᠲ᠋ᠧᠷᠢᠶᠠᠯ᠎ᠤᠨ ᠡᠮᠬᠢᠳᠬᠡᠯ᠎ᠢ ᠨᠠᠢ᠌ᠷᠠᠭᠤᠯᠤᠨ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ ᠲᠡᠬᠡᠷ᠎ᠡ ᠭᠤᠸᠠᠩᠰᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠶᠠᠷᠢᠯᠴᠠᠭ᠎ᠠ᠎ᠳᠤ ᠣᠷᠤᠯᠴᠠᠬᠤ᠎ᠳᠤ᠎ᠪᠠᠨ ᠲᠠᠯᠪᠢᠭᠰᠠᠨ ᠴᠢᠬᠤᠯᠠ ᠶᠠᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠩᠬᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠵᠡᠷᠭᠡ ᠵᠢ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠬᠢᠨᠠᠮᠠᠭ᠋ᠠᠢ ᠰᠤᠷᠤᠯᠴᠠᠭᠤᠯᠪᠠ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠪᠤᠰᠤᠳ ᠤᠳᠤᠷᠢᠳᠤᠯᠭ᠎ᠠ᠂ ᠡᠯ᠎ᠡ ᠭᠠᠵᠠᠷ ᠲᠠᠰᠤᠭ ᠪᠣᠯᠣᠨ ᠰᠢᠭᠤᠳ ᠬᠠᠷᠢᠶ᠎ᠠ ᠨᠢᠬᠡᠴᠢ ᠵᠢᠨ ᠬᠠᠷᠢᠭᠤᠴᠠᠯᠭ᠋ᠠᠲᠠᠳ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠪᠠᠢ᠌ᠳᠠᠯ᠎ᠢ ᠴᠢᠷᠮᠠᠢ᠌ᠨ ᠪᠤᠶ ᠪᠣᠯᠭ᠋ᠠᠬᠤ》 ᠵᠢᠨ ᠲᠣᠭᠣᠷᠢᠨ᠎ᠳᠤ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠵᠤ᠂ ᠲᠤᠰ ᠪᠡᠶ᠎ᠡ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠠᠨᠢᠯᠲᠠ ᠣᠢ᠌ᠯᠠᠭ᠋ᠠᠯᠲᠠ᠎ᠪᠠᠨ ᠶᠠᠷᠢᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠤᠨ ᠢᠷᠡᠬᠦ ᠵᠢᠯ᠎ᠤᠨ ᠠᠷᠠᠳ᠎ᠤᠨ ᠶᠠᠪᠤᠳᠠᠯ᠎ᠤᠨ ᠠᠵᠢᠯ᠎ᠤᠨ ᠡᠭᠦᠷᠭᠡ ᠵᠢ ᠨᠠᠷᠢᠨ ᠬᠢᠨᠠᠮᠠᠭ᠋ᠠᠢ ᠲᠥᠯᠥᠪᠵᠢᠭᠦᠯᠵᠦ᠂ 2023 ᠣᠨ᠎ᠤ ᠠᠵᠢᠯ᠎ᠢ ᠰᠠᠢ᠌ᠲᠤᠷ ᠡᠬᠢᠯᠡᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠬᠰᠠᠨ ᠪᠠᠢ᠌ᠨ᠎ᠠ᠃
ᠰᠤᠷᠤᠯᠴᠠᠯᠭ᠎ᠠ᠎ᠪᠠᠷ ᠳᠡᠮᠵᠢᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ᠂ ᠺᠠᠳ᠋ᠷᠴᠤᠳ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠋ᠠᠨ᠎ᠤ ᠭᠣᠣᠯ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢᠨ ᠲᠤᠬᠠᠢ ᠣᠢ᠌ᠯᠠᠭ᠋ᠠᠯᠲᠠ ᠲᠦᠷᠦᠭᠳᠡᠯ ᠵᠶ᠋ᠡᠨ ᠤᠯᠠᠮ ᠭᠦᠨᠵᠡᠭᠡᠢ᠌ᠷᠡᠭᠦᠯᠵᠦ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠵᠢᠨᠨ ᠴᠢᠩᠭ᠋ᠠᠳᠬᠠᠵᠤ᠂ 《ᠲᠦᠷᠪᠡᠨ ᠢᠲᠡᠭᠡᠯ》 ᠵᠢᠨᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠲᠣᠭᠲᠠᠭ᠋ᠠᠭᠰᠠᠨ ᠡᠯ᠎ᠡ ᠵᠦᠢ᠍ᠯ᠎ᠤᠨ ᠡᠭᠦᠷᠭᠡ ᠬᠠᠷᠠᠯᠲᠠ ᠳᠡᠭᠡᠷ᠎ᠡ ᠤᠬᠠᠮᠰᠠᠷ᠎ᠠᠴᠠ᠎ᠪᠠᠨ ᠨᠢᠭᠡᠳᠬᠡᠵᠦ᠂ ᠡᠷᠴᠢ ᠵᠣᠷᠢᠭ ᠵᠶ᠋ᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠵᠠᠮ ᠳᠠᠭ᠋ᠠᠭᠤᠯᠤᠨ ᠠᠶᠠᠯᠠᠯ᠎ᠢ ᠵᠢᠯᠤᠭᠤᠳᠬᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠭᠦ ᠬᠦᠴᠦᠨ ᠪᠤᠯᠭ᠋ᠠᠬᠤ ᠢᠳᠡᠬᠡᠯ ᠵᠤᠷᠢᠭ᠎ᠨᠢ ᠬᠦᠪᠴᠢᠯᠡᠭᠳᠡᠪᠡ᠃
ᠬᠤᠷᠠᠯ ᠲᠡᠬᠡᠷ᠎ᠡ ᠪᠠᠰᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢᠨ ᠲᠤᠬᠠᠢ ᠲᠤᠰᠬᠠᠢ ᠰᠡᠳᠦᠪᠲᠦ ᠨᠣᠮ ᠤᠩᠰᠢᠬᠤ ᠠᠩᠭᠢ ᠪᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠨᠠᠢ᠌ᠳᠠᠪᠤᠷᠢᠵᠢᠭᠤᠯᠬᠤ ᠠᠵᠢᠯ᠎ᠢ ᠪᠠᠢ᠌ᠷᠢᠯᠠᠭᠤᠯᠵᠠᠢ᠃ ᠳᠠᠷᠠᠭ᠋ᠠᠴᠢ᠎ᠪᠠᠷ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠᠴᠢᠯᠠᠭᠰᠠᠨ 《ᠲᠠᠪᠤ ᠵᠢ ᠪᠠᠲᠤ ᠡᠵᠡᠮᠳᠡᠬᠦ》 ᠲᠤᠬᠠᠢ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠢ ᠣᠨᠣᠪᠴᠢᠲᠠᠢ ᠬᠠᠷᠭᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠳᠤ ᠨᠠᠢ᠌ᠳᠠᠪᠤᠷᠢᠵᠢᠭᠤᠯᠬᠤ ᠵᠢ ᠴᠢᠷᠮᠠᠢ᠌ᠨ ᠠᠬᠢᠭᠤᠯᠬᠤ ᠪᠤᠯᠤᠨ᠎ᠠ᠃ ᠨᠢᠭᠡ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠬᠤ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠤ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠦᠳᠳᠤᠷ ᠪᠤᠢ ᠪᠣᠯᠭ᠋ᠠᠬᠤ ᠬᠡᠷᠡᠭᠲᠡᠢ᠃ ᠬᠣᠶᠠᠷ᠎ᠲᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠᠯᠤᠭᠠ ᠬᠠᠷᠭᠤᠭᠤᠯᠵᠤ᠂ ᠪᠦᠬᠦ ᠲᠠᠯ᠎ᠠ ᠵᠢᠨ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠢᠷᠡᠬᠡᠳᠤᠢ᠌ᠴᠢ ᠰᠤᠳᠤᠯᠭ᠋ᠠᠨ᠎ᠢ ᠴᠢᠩᠭ᠋ᠠᠳᠬᠠᠵᠤ᠂ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠠᠷᠢᠭᠤᠴᠠᠯᠭ᠎ᠠ᠂ ᠬᠠᠷᠠᠯᠲᠠ᠂ ᠰᠡᠳᠬᠢᠮᠵᠢ᠂ ᠭᠣᠣᠯ ᠠᠷᠭ᠎ᠠ ᠵᠢ ᠲᠣᠳᠣᠷᠬᠠᠢ᠌ᠯᠠᠬᠤ ᠬᠡᠷᠡᠭᠲᠡᠢ᠃ ᠭᠤᠷᠪᠠ᠎ᠳᠤ᠂ ᠲᠦᠷᠦᠭᠦᠯᠡᠨ ᠪᠠᠢ᠌ᠴᠠᠭ᠋ᠠᠨ ᠰᠤᠳᠤᠯᠵᠤ ᠤᠬᠠᠭᠤᠯᠤᠨ ᠲᠠᠢ᠌ᠯᠪᠤᠷᠢᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠠᠢ᠌ᠭᠤᠯᠤᠮᠵᠢ᠂ ᠨᠡᠢ᠌ᠭᠡᠮ ᠲᠣᠭᠣᠷᠢᠭ᠂ ᠭᠡᠷ ᠪᠦᠯᠢ᠎ᠳᠤ ᠣᠷᠣᠭᠤᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠳᠥᠷᠪᠡ᠎ᠳᠤ᠂ ᠵᠥᠪ ᠤᠳᠤᠷᠢᠳᠤᠮᠵᠢ ᠵᠢ ᠪᠠᠲᠤ ᠡᠵᠡᠮᠳᠡᠵᠦ᠂ ᠲᠢᠩᠬᠢᠮ᠎ᠤᠨ ᠰᠦᠯᠵᠢᠶ᠎ᠡ᠂ ᠸᠢᠴᠠᠲ ᠲᠠᠪᠴᠠᠡᠭ᠂ 《ᠥᠪᠥᠷ ᠮᠣᠩᠭᠣᠯ᠎ᠤᠨ ᠠᠷᠠᠳ᠎ᠤᠨ ᠶᠠᠪᠤᠳᠠᠯ》 ᠵᠡᠷᠭᠡ ᠵᠠᠭᠤᠴᠢᠯᠠᠭᠤᠷ᠎ᠲᠤ ᠲᠤᠰᠬᠠᠢ ᠪᠤᠯᠤᠩ ᠭᠠᠷᠭ᠋ᠠᠵᠤ᠂ ᠬᠠᠮᠢᠶ᠎ᠠ ᠪᠦᠬᠦᠢ ᠠᠵᠢᠯ᠎ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠵᠢ ᠴᠠᠭ ᠲᠤᠬᠠᠢᠳᠤᠨᠢ ᠮᠡᠳᠡᠭᠡᠯᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠳᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃
ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ᠂ ᠰᠢᠭᠤᠳ ᠬᠠᠷᠢᠶ᠎ᠠ ᠨᠢᠬᠡᠴᠢ ᠵᠢᠨ ᠤᠳᠤᠷᠢᠳᠬᠤ ᠪᠠᠭ᠎ᠤᠨ ᠪᠦᠷᠢᠯᠳᠦᠭᠦᠨ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢ᠌ᠯᠠᠩ᠎ᠤᠨ ᠪᠦᠷᠢᠯᠳᠦᠭᠦᠨ᠂ ᠠᠬᠠᠮᠠᠳ ᠺᠠᠳ᠋ᠷ 180 ᠭᠠᠷᠤᠢ ᠬᠥᠮᠥᠨ ᠰᠤᠷᠤᠯᠴᠠᠯᠭ᠎ᠠ᠎ᠳᠤ ᠣᠷᠣᠯᠴᠠᠪᠠ᠃