ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠡᠬᠢ ᠪᠠᠶᠠᠯᠢᠭ᠎ᠢ ᠬᠣᠯᠪᠣᠵᠤ᠂ ᠬᠢᠵᠢᠭ᠎ᠢ ᠡᠰᠡᠷᠭᠦᠴᠡᠬᠦ᠎ᠳᠤ ᠬᠦᠴᠦᠨ ᠨᠡᠮᠡᠷᠢᠯᠡᠪᠡ — ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠲᠠᠢ ᠬᠠᠮᠲᠤᠷᠠᠨ ᠬᠤᠯᠪᠤᠭ᠎ᠠ ᠠᠪᠴᠤ ᠬᠠᠮᠲᠤ᠎ᠪᠠᠷ ᠪᠠᠢ᠌ᠭᠤᠯᠵᠤ ᠪᠠᠢ᠌ᠭ᠎ᠠ ᠨᠡᠢ᠌ᠬᠡᠮ ᠲᠤᠭᠤᠷᠢᠭ᠎ᠲᠤ ᠬᠢᠵᠢᠭ᠎ᠢ ᠡᠰᠡᠷᠭᠦᠴᠡᠬᠦ ᠡᠳ᠋ ᠪᠣᠳᠠᠰ ᠬᠠᠨᠳᠢᠪᠯᠡᠪᠠ
ᠨᠡᠶᠢᠲᠡᠯᠡᠭᠰᠡᠨ ᠴᠠᠭ᠄ 2022-02-25


   ᠣᠢ᠌ᠷ᠎ᠠ᠎ᠳᠤ᠂ ᠬᠥᠬᠡᠬᠣᠲᠠ᠎ᠳᠤ ᠭᠡᠨᠡᠳᠲᠡ ᠬᠢᠵᠢᠭ᠎ᠤᠨ ᠪᠠᠢ᠌ᠳᠠᠯ ᠡᠬᠦᠰᠦᠭᠰᠡᠨ ᠨᠦᠬᠦᠴᠡᠯ ᠲᠤᠤᠷ᠎ᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠨᠢ ᠨᠢᠭᠦᠯᠡᠰᠦᠩᠭᠦᠢ ᠵᠢᠨ ᠵᠤᠬᠢᠶᠠᠨ ᠪᠠᠢ᠌ᠭᠤᠯᠤᠯᠳᠠ ᠵᠢᠨ ᠬᠦᠴᠦᠨ᠎ᠢ ᠴᠠᠭ ᠲᠤᠬᠠᠢ᠎ᠳᠤ᠎ᠨᠢ ᠳᠠᠶ᠋ᠢᠴᠢᠯᠠᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ᠂ ᠨᠡᠢ᠌ᠭᠡᠮ ᠲᠣᠭᠣᠷᠢᠭ᠎ᠤᠨ ᠬᠠᠮᠲᠤᠷᠠᠨ ᠰᠡᠷᠭᠡᠢ᠌ᠯᠡᠵᠦ ᠬᠠᠮᠲᠤᠷᠠᠨ ᠬᠢᠵᠠᠭ᠋ᠠᠷᠯᠠᠬᠤ᠂ ᠣᠯᠠᠨ ᠵᠶ᠋ᠠᠷ ᠵᠶ᠋ᠠᠨ ᠰᠡᠷᠭᠡᠢ᠌ᠯᠡᠵᠦ ᠣᠯᠠᠨ ᠵᠶ᠋ᠠᠷ ᠵᠶ᠋ᠠᠨ ᠵᠠᠰᠠᠬᠤ ᠠᠵᠢᠯ᠎ᠳᠤ ᠢᠳᠡᠪᠬᠢᠲᠡᠢ ᠣᠷᠣᠯᠴᠠᠪᠠ᠃ 2 ᠳ᠋ᠤᠭ᠋ᠠᠷ ᠰᠠᠷ᠎ᠠ ᠵᠢᠨ 23᠎ᠤ ᠡᠳᠦᠷ᠎ᠤᠨ ᠦᠳᠡ ᠵᠢᠨ ᠬᠣᠢ᠌ᠨ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠥᠪᠥᠷ ᠮᠣᠩᠭᠣᠯ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠲᠠᠢ ᠬᠠᠮᠲᠤᠷᠠᠨ᠂ ᠲᠡᠷᠭᠡᠨ ᠥᠷᠲᠡᠭᠡᠨ᠎ᠤ ᠳ᠋ᠦᠩ ᠵᠢᠶᠧ ᠨᠡᠢ᠌ᠭᠡᠮ ᠲᠤᠭᠤᠷᠢᠭ᠎ᠲᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠡᠳ᠋ ᠪᠤᠳᠠᠰ ᠬᠦᠷᠬᠡᠵᠤ ᠤᠴᠢᠪᠠ᠃
 

W020220224408624525291.png

    ᠲᠣᠰ ᠤᠳᠠᠭ᠋ᠠᠨ᠎ᠤ ᠬᠠᠨᠳᠢᠪᠯᠡᠬᠤ ᠠᠵᠢᠯᠯᠠᠭ᠎ᠠ᠎ᠳᠤ ᠲᠡᠷᠭᠡᠨ ᠥᠷᠲᠡᠭᠡᠨ᠎ᠤ ᠨᠡᠢ᠌ᠭᠡᠮ ᠲᠣᠭᠣᠷᠢᠭ᠎ᠲᠤ ᠨᠡᠶ᠋ᠢᠲᠡ 700 N95 ᠠᠮᠠᠪᠴᠢ᠂ 140 ᠬᠠᠮᠠᠭ᠋ᠠᠯᠠᠯᠲᠠ ᠵᠢᠨ ᠬᠤᠪᠴᠠᠰᠤ᠂ 300 ᠬᠠᠮᠠᠭ᠋ᠠᠯᠠᠯᠲᠠ ᠵᠢᠨ ᠪᠠᠭ᠂ 100 ᠪᠣᠭᠣᠳᠠᠯ  ᠲᠤᠯᠠᠭ᠋ᠠᠴᠠᠭᠤᠷ᠂  ᠠᠭᠤᠷ ᠦᠯᠢᠶᠡᠬᠦ ᠮᠠᠰᠢᠨ 2᠂ 200 ᠯᠣᠩᠬᠣ ᠠᠷᠢᠭᠤᠳᠬᠠᠭᠴᠢ᠂ 224 ᠰᠠᠭᠤᠯᠠᠭ᠎ᠠ ᠰᠦ᠎ᠲᠠᠢ ᠴᠠᠢ᠂ 252 ᠤᠭᠤᠲᠠ ᠲᠠᠯᠬ᠎ᠠ ᠵᠡᠷᠭᠡ ᠡᠳ᠋ ᠪᠣᠳᠠᠰ ᠬᠠᠨᠳᠢᠪᠯᠡᠵᠤ᠂  ᠵᠤᠭᠤᠰ ᠵᠶ᠋ᠡᠷ ᠪᠤᠳᠤᠪᠠᠯ ᠪᠠᠷᠤᠭ 2 ᠲᠦᠮᠡ ᠭᠠᠷᠤᠢ ᠲᠥᠭᠥᠷᠢᠭ᠎ᠤᠨ ᠦᠷᠳᠡᠭ᠎ᠲᠠᠢ᠃ ᠦᠪᠤᠷ ᠮᠤᠡᠭᠭᠤᠯ ᠵᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠦᠬᠦᠢ ᠠᠵᠢᠯᠲᠠᠨ ᠨᠡᠢ᠌ᠭᠡᠮ ᠲᠣᠭᠣᠷᠢᠭ᠎ᠤᠨ ᠠᠵᠢᠯᠲᠠᠳ᠎ᠠᠴᠠ ᠣᠳᠣᠬᠠᠨ᠎ᠤ ᠲᠡᠷᠭᠡᠨ ᠥᠷᠲᠡᠭᠡᠨ᠎ᠤ ᠵᠡᠭᠦᠨ ᠵᠡᠭᠡᠯᠢ ᠵᠢᠨ ᠨᠡᠢ᠌ᠭᠡᠮ ᠲᠣᠭᠣᠷᠢᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠪᠠᠢ᠌ᠳᠠᠯ ᠪᠤᠯᠤᠨ ᠪᠥᠭᠡᠮ ᠬᠦᠴᠢᠯ᠎ᠤᠨ  ᠪᠠᠢ᠌ᠴᠠᠭ᠋ᠠᠯᠳᠠ ᠵᠢᠨ ᠪᠠᠢ᠌ᠷᠢᠯᠠᠭᠤᠯᠤᠯᠲᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠵᠤ᠂ ᠨᠡᠢ᠌ᠭᠡᠮ ᠲᠣᠭᠣᠷᠢᠭ᠎ᠤᠨ ᠠᠵᠢᠯᠲᠠᠳ᠎ᠲᠤ ᠬᠠᠷᠢᠶ᠎ᠠ ᠣᠷᠣᠨ᠎ᠤ᠎ᠪᠠᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠰᠠᠢ᠌ᠲᠤᠷ ᠬᠢᠬᠦ ᠵᠢᠨ ᠬᠠᠮᠲᠤ ᠪᠠᠰᠠ ᠬᠤᠪᠢ ᠬᠥᠮᠥᠨ᠎ᠤ ᠰᠡᠷᠭᠡᠢ᠌ᠯᠡᠨ ᠬᠠᠮᠠᠭ᠋ᠠᠯᠠᠯᠲᠠ ᠵᠢ ᠰᠠᠢ᠌ᠲᠤᠷ ᠬᠢᠬᠡᠷᠡᠢ ᠭᠡᠵᠤ ᠰᠠᠨᠠᠭᠤᠯᠪᠠ᠃


W020220224408624543209.png


     ᠡᠨᠡ ᠬᠦ᠌ ᠳᠠᠷᠢ ᠵᠢᠨ ᠤᠲᠤᠭ᠎ᠠ ᠦᠭᠡᠢ ᠳᠠᠢ᠍ᠢ᠍ᠨ᠎ᠤ ᠲᠠᠯᠠᠪᠤᠷ᠎ᠲᠤ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠵᠶ᠋ᠠᠷ ᠠᠬᠢᠭᠤᠯᠵᠤ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠠᠵᠢᠯᠲᠠᠨ ᠪᠤᠯᠤᠨ ᠰᠠᠢ᠌ᠨ  ᠲᠤᠷᠠᠴᠤᠤᠯ᠎ᠢ ᠳᠠᠢ᠍ᠢ᠍ᠴᠢᠯᠠᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠢᠳᠡᠪᠬᠢᠲᠡᠢ ᠣᠷᠣᠯᠴᠠᠭᠤᠯᠵᠤ᠂ ᠨᠡᠢ᠌ᠭᠡᠮ ᠲᠣᠭᠣᠷᠢᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠦᠨᠡᠨ ᠬᠦ᠌ ᠪᠡᠬᠢᠵᠢᠬᠦᠯᠵᠤ ᠪᠠᠢ᠌ᠨ᠎ᠠ᠃





   


 

ᠢᠷᠡᠯᠲᠡ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ ᠬᠢᠨᠠᠨ ᠪᠤᠳᠤᠬᠤ ᠳᠤᠭᠤᠢ᠌ᠯᠠᠩ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠤᠬᠠᠢ ᠶᠠᠷᠢᠯᠴᠠᠬᠤ ᠬᠤᠷᠠᠯ ᠬᠢᠵᠦ ᠪᠠᠢ᠌ᠴᠠᠭ᠋ᠠᠨ ᠰᠤᠳᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠢᠭᠡᠳ ᠥᠪᠥᠷ ᠮᠣᠩᠭᠣᠯ᠎ᠤᠨ ᠪᠠᠩᠬᠢ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ ᠬᠢᠨᠠᠨ ᠪᠤᠳᠤᠬᠤ ᠳᠤᠭᠤᠢ᠌ᠯᠠᠩ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠤᠬᠠᠢ ᠶᠠᠷᠢᠯᠴᠠᠬᠤ ᠬᠤᠷᠠᠯ ᠬᠢᠵᠦ ᠪᠠᠢ᠌ᠴᠠᠭ᠋ᠠᠨ ᠰᠤᠳᠤᠯᠪᠠ
《ᠦᠬᠠᠢ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠵᠢᠷᠤᠭ》 《ᠦᠬᠠᠢ ᠬᠣᠲᠠ ᠵᠢᠨ ᠬᠣᠲᠠ ᠲᠣᠭᠣᠷᠢᠭ᠎ᠤᠨ ᠵᠢᠷᠤᠭ》 《ᠦᠬᠠᠢ ᠬᠣᠲᠠ ᠵᠢᠨ ᠪᠠᠷᠢᠮᠵᠢᠶᠠᠲᠤ ᠭᠠᠵᠠᠷ᠎ᠤᠨ ᠨᠡᠷ᠎ᠡ ᠵᠢᠨ ᠵᠢᠷᠤᠭ》᠎ᠢ ᠨᠡᠢ᠌ᠲᠡᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
 
            