4 ᠳ᠋ᠤᠬᠡᠷ ᠰᠠᠷ᠎ᠠ ᠵᠢᠨ 13᠎ᠤ ᠡᠳᠦᠷ᠂ ᠥᠪᠥᠷ ᠮᠣᠩᠭᠣᠯ᠎ᠤᠨ ᠪᠠᠩᠬᠢ ᠵᠢᠨ ᠳᠠᠷᠤᠭ᠎ᠠ ᠵᠢᠨ ᠲᠤᠰᠠᠯᠠᠭᠴᠢ ᠱᠧᠨ ᠰᠢᠸ᠋ ᠸᠸᠨ ᠨᠠᠷ ᠠᠷᠠᠳ᠎ᠤᠨ ᠶᠠᠪᠤᠳᠠᠯ᠎ᠤᠨ ᠲᠢᠩᠬᠢᠮ᠎ᠳᠤ ᠲᠤᠭᠤᠷᠢᠨ ᠢᠷᠡᠵᠤ᠂ ᠲᠢᠩᠬᠢᠮ᠎ᠤᠨ ᠤᠳᠤᠷᠢᠳᠤᠯᠭ᠎ᠠ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠭᠣᠸ᠋ ᠵᠢᠶᠠᠨ ᠬᠤᠸᠠ᠂ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠱᠧᠨ ᠰᠢᠸ᠋ ᠸᠸᠨ ᠨᠠᠷ᠎ᠲᠠᠢ ᠶᠠᠷᠢᠯᠴᠠᠬᠤ ᠬᠤᠷᠠᠯ ᠬᠢᠪᠡ᠃
ᠬᠣᠶᠠᠷ ᠲᠠᠯ᠎ᠠ᠎ᠪᠠᠷ ᠵᠶ᠋ᠠᠨ ᠨᠠᠰᠤᠵᠢᠯ᠎ᠤᠨ ᠦᠢ᠍ᠯᠡᠴᠢᠯᠡᠭᠡ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠦᠢ᠍ᠯᠡᠰ ᠵᠡᠷᠭᠡ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ᠂ ᠲᠢᠩᠬᠢᠮ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠬᠤ ᠰᠢᠨ᠎ᠡ ᠠᠷᠭ᠎ᠠ ᠵᠠᠮ᠎ᠢ ᠰᠦᠪᠡᠭᠴᠢᠯᠡᠬᠦ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠠᠢ᠃