ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ ᠬᠢᠨᠠᠨ ᠪᠤᠳᠤᠬᠤ ᠳᠤᠭᠤᠢ᠌ᠯᠠᠩ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠤᠬᠠᠢ ᠶᠠᠷᠢᠯᠴᠠᠬᠤ ᠬᠤᠷᠠᠯ ᠬᠢᠵᠦ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2022-04-14

   4  ᠳ᠋ᠤᠬᠡᠷ ᠰᠠᠷ᠎ᠠ ᠵᠢᠨ 12᠎ᠤᠨ ᠡᠳᠦᠷ᠎ᠤᠨ ᠦᠳᠡ ᠵᠢᠨ ᠡᠮᠦᠨ᠎ᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ᠎ᠬᠢᠨ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠢᠨᠠᠨ ᠪᠤᠳᠤᠬᠤ ᠲᠤᠭᠤᠢ᠌ᠯᠠᠡᠭ ᠲᠤᠮᠢᠯᠠᠨ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠤᠬᠠᠢ ᠶᠠᠷᠢᠯᠴᠠᠬᠤ ᠬᠤᠷᠠᠯ ᠬᠢᠵᠦ ᠪᠠᠢ᠌ᠴᠠᠭ᠋ᠠᠨ ᠰᠤᠳᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ ᠠᠵᠤ ᠠᠬᠤᠢ᠌ᠯᠠᠯ᠎ᠤᠨ ᠬᠢᠨᠠᠨ ᠪᠤᠳᠤᠬᠤ ᠬᠣᠶᠠᠳᠤᠭ᠋ᠠᠷ ᠭᠠᠵᠠᠷ᠂ ᠦᠪᠤᠷ ᠮᠤᠡᠭᠭᠤᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ ᠭᠡᠷ (ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ)᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠨᠡᠢ᠌ᠭᠡᠮ᠎ᠤᠨ ᠲᠤᠰᠠᠯᠠᠮᠵᠢ ᠵᠢᠨ ᠭᠠᠵᠠᠷ᠂ ᠨᠡᠢ᠌ᠭᠡᠮ᠎ᠤᠨ ᠬᠡᠷᠡᠭ ᠶᠠᠪᠤᠳᠠᠯ᠎ᠤᠨ ᠭᠠᠵᠠᠷ᠂ ᠨᠠᠰᠤᠵᠢᠯ᠎ᠤᠨ ᠦᠢ᠍ᠯᠡᠴᠢᠯᠡᠭᠡᠨ᠎ᠤ ᠭᠠᠵᠠᠷ᠂ ᠨᠢᠭᠦᠯᠡᠰᠦᠩᠭᠦᠢ ᠵᠢᠨ ᠦᠢ᠍ᠯᠡᠰ᠎ᠢ ᠠᠬᠢᠭᠤᠯᠬᠤ ᠪᠠ ᠨᠡᠢ᠌ᠭᠡᠮ᠎ᠤᠨ ᠠᠵᠢᠯ᠎ᠤᠨ ᠭᠠᠵᠠᠷ᠎ᠤᠨ ᠬᠠᠷᠢᠭᠤᠴᠠᠯᠭ᠋ᠠᠲᠠᠳ ᠶᠠᠷᠢᠯᠴᠠᠬᠤ ᠬᠤᠷᠠᠯ᠎ᠳᠤ ᠣᠷᠣᠯᠴᠠᠪᠠ᠃

W020220414308837245980.png


   ᠠᠵᠤ ᠠᠬᠤᠢ᠌ᠯᠠᠯ᠎ᠤᠨ ᠬᠢᠨᠠᠨ ᠪᠤᠳᠤᠬᠤ ᠬᠣᠶᠠᠳᠤᠭ᠋ᠠᠷ ᠭᠠᠵᠠᠷ᠎ᠤᠨ ᠳᠠᠷᠤᠭ᠎ᠠ ᠡᠨᠡ ᠤᠳᠠᠭ᠎ᠠ ᠵᠢᠨ ᠶᠠᠷᠢᠯᠴᠠᠬᠤ ᠬᠤᠷᠠᠯ᠎ᠳᠤ ᠭᠣᠣᠯᠳᠠᠭᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠵᠢ ᠠᠬᠢᠭᠤᠯᠬᠤ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷ ᠠᠰᠠᠭᠤᠳᠠᠯ᠂ ᠲᠦᠭᠵᠢᠷᠡᠯ᠎ᠤᠨ ᠴᠡᠭ᠂ ᠦᠨᠳᠦᠰᠦᠨ ᠱᠠᠲᠤᠨ᠎ᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ ᠵᠡᠷᠭᠡ ᠪᠠᠢ᠌ᠳᠠᠯ᠎ᠢ ᠰᠣᠯᠢᠯᠴᠠᠵᠤ᠂ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠦᠷᠢᠯᠳᠦᠭᠦᠯᠵᠦ᠂ ᠮᠠᠨ᠎ᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠪᠡ᠃ ᠶᠠᠷᠢᠯᠴᠠᠬᠤ ᠬᠤᠷᠠᠯ ᠳᠡᠭᠡᠷ᠎ᠡ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ 《ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠳᠦᠷᠢᠮ》᠎ᠢ ᠨᠡᠢ᠌ᠲᠡᠯᠡᠨ ᠬᠡᠷᠡᠭᠵᠢᠭᠦᠯᠦᠭᠰᠡᠨ᠎ᠠᠴᠠ ᠨᠠᠭ᠋ᠠᠰᠢᠬᠢ ᠠᠵᠢᠯ᠎ᠤᠨ ᠠᠬᠢᠴᠠ᠂ ᠣᠢ᠌ᠷ᠎ᠠ ᠵᠢᠨ ᠬᠤᠭᠤᠴᠠᠭ᠋ᠠᠨ᠎ᠳᠤ 《ᠡᠭᠦᠳᠡ᠎ᠪᠠᠨ ᠨᠡᠭᠡᠭᠡᠵᠦ ᠰᠠᠨᠠᠯ ᠬᠤᠷᠢᠶᠠᠬᠤ》 ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠲᠠᠨᠢᠯᠴᠠᠭᠤᠯᠪᠠ᠃ ᠡᠬᠦᠨ᠎ᠤ ᠬᠠᠮᠳᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠬᠦᠴᠦᠨ ᠦᠭᠡᠢ ᠪᠣᠯᠭ᠋ᠠᠭᠰᠠᠨ ᠪᠠ ᠡᠷᠬᠡ ᠵᠢ ᠳᠣᠷᠣᠭᠰᠢ ᠪᠠᠭᠤᠯᠭ᠋ᠠᠭᠰᠠᠨ ᠤᠴᠢᠷ ᠶᠠᠪᠤᠳᠠᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ᠂ ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠬᠡᠮᠵᠢᠬᠦ ᠪᠠ ᠪᠠᠢ᠌ᠩᠭᠤ ᠵᠢᠨ ᠴᠢᠨᠠᠷᠲᠠᠢ ᠲᠤᠰᠠᠯᠠᠮᠵᠢ ᠵᠢᠨ ᠬᠠᠪᠰᠤᠷᠤᠨ ᠲᠡᠳᠬᠦᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠳᠦᠷᠢᠮ᠎ᠢ ᠤᠯᠠᠮ ᠴᠢᠨᠠᠬᠰᠢᠳᠠ ᠲᠡᠭᠦᠯᠳᠡᠷᠵᠢᠭᠦᠯᠵᠦ᠂ ᠮᠤᠵᠢ ᠠᠯᠤᠰᠯᠠᠨ  ᠲᠤᠭᠤᠰᠢᠳᠠᠢ ᠬᠦᠢ᠍ᠴᠡᠳᠬᠡᠬᠦ ᠠᠵᠢᠯ᠂ ᠠᠵᠢᠯ ᠲᠦᠷᠦᠯ᠎ᠤᠨ ᠨᠡᠢ᠌ᠭᠡᠮᠯᠢᠭ᠎ᠤᠨ ᠰᠦᠢ᠍ᠳᠬᠡᠯ ᠬᠤᠷᠢᠶᠠᠬᠤ ᠵᠢ ᠢᠯᠭ᠋ᠠᠷᠠᠭᠤᠯᠤᠨ ᠴᠡᠭᠴᠡᠯᠡᠬᠦ᠂ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠠᠳᠠᠯᠢ ᠨᠢᠭᠡᠨ ᠬᠡᠷᠡᠭ ᠶᠠᠪᠤᠳᠠᠯ᠎ᠢ ᠰᠢᠢ᠍ᠳᠪᠦᠷᠢᠯᠡᠬᠦ ᠵᠢ ᠵᠢᠷᠤᠮᠵᠢᠭᠤᠯᠬᠤ ᠪᠤᠯᠤᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠡᠷᠭᠡ ᠲᠠᠯ᠎ᠠ ᠵᠢᠨ ᠪᠣᠳᠠᠲᠠᠢ ᠠᠭᠤᠯᠭ᠎ᠠ ᠵᠢ ᠬᠤᠶᠠᠷ ᠲᠠᠯ᠎ᠠ᠎ᠪᠠᠷ ᠵᠶ᠋ᠡᠨ ᠭᠦᠨᠵᠡᠭᠡᠢ ᠰᠣᠯᠢᠯᠴᠠᠪᠠ᠃

W020220414308837299321.png

  
   ᠲᠣᠰ ᠤᠳᠠᠭ᠋ᠠᠨ᠎ᠤ ᠶᠠᠷᠢᠯᠴᠠᠬᠤ ᠬᠤᠷᠠᠯ᠎ᠳᠤ ᠣᠯᠠᠨ ᠵᠶ᠋ᠠᠷ ᠵᠶ᠋ᠠᠨ ᠠᠰᠠᠭᠤᠳᠠᠯ ᠳᠤᠷᠠᠳᠴᠤ᠂ ᠪᠣᠳᠣᠯ ᠰᠠᠨᠠᠯ ᠵᠶ᠋ᠠᠨ ᠶᠠᠷᠢᠵᠤ᠂ ᠰᠠᠨᠠᠭᠤᠯᠭ᠎ᠠ ᠳᠤᠷᠠᠳᠴᠤ᠂  ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠳᠤ ᠣᠳᠣᠬᠠᠨ᠎ᠳᠤ ᠲᠤᠯᠭ᠋ᠠᠷᠠᠵᠤ ᠪᠠᠢ᠌ᠭ᠎ᠠ ᠬᠦᠴᠢᠷᠳᠡᠯ᠂ ᠲᠦᠭᠵᠢᠷᠡᠯ᠎ᠢ ᠪᠥᠬᠥ ᠲᠠᠯ᠎ᠠ᠎ᠪᠠᠷ ᠵᠠᠳᠠᠯᠤᠨ ᠰᠢᠨᠵᠢᠯᠡᠵᠦ᠂  ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠤᠯᠠᠮ ᠰᠢᠯᠢᠳᠡᠭᠵᠢᠭᠦᠯᠬᠦ᠎ᠳᠤ ᠰᠡᠳᠬᠢᠴᠡ ᠪᠠ ᠴᠢᠭᠯᠡᠯ᠎ᠢ ᠬᠠᠩᠭ᠋ᠠᠭᠰᠠᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠶᠠᠷᠢᠯᠴᠠᠬᠤ ᠬᠤᠷᠠᠯ᠎ᠤᠨ ᠳᠤᠮᠳᠠᠬᠢ ᠠᠰᠢᠭᠲᠠᠢ ᠰᠠᠨᠠᠯ ᠰᠠᠨᠠᠭᠤᠯᠭ᠎ᠠ ᠵᠢ ᠬᠢᠨᠠᠮᠠᠭ᠋ᠠᠢ ᠰᠢᠩᠭᠡᠬᠡᠨ ᠠᠪᠴᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠢ᠎ᠳᠤ᠎ᠨᠢ ᠰᠢᠢ᠍ᠳᠪᠦᠷᠢᠯᠡᠵᠦ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠪᠦᠬᠦᠯᠢ ᠴᠣᠭᠴᠠ ᠵᠢᠨ ᠬᠢᠷᠢ ᠲᠦᠪᠰᠢᠨ᠎ᠢ ᠦᠷᠭᠦᠯᠵᠢᠯᠡᠨ  ᠲᠡᠭᠡᠭᠰᠢᠯᠡᠬᠦᠯᠬᠦ ᠪᠤᠯᠤᠨ᠎ᠠ᠃



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠢᠭᠡᠳ ᠥᠪᠥᠷ ᠮᠣᠩᠭᠣᠯ᠎ᠤᠨ ᠪᠠᠩᠬᠢ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ ᠬᠢᠨᠠᠨ ᠪᠤᠳᠤᠬᠤ ᠳᠤᠭᠤᠢ᠌ᠯᠠᠩ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠤᠬᠠᠢ ᠶᠠᠷᠢᠯᠴᠠᠬᠤ ᠬᠤᠷᠠᠯ ᠬᠢᠵᠦ ᠪᠠᠢ᠌ᠴᠠᠭ᠋ᠠᠨ ᠰᠤᠳᠤᠯᠪᠠ
《ᠦᠬᠠᠢ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠵᠢᠷᠤᠭ》 《ᠦᠬᠠᠢ ᠬᠣᠲᠠ ᠵᠢᠨ ᠬᠣᠲᠠ ᠲᠣᠭᠣᠷᠢᠭ᠎ᠤᠨ ᠵᠢᠷᠤᠭ》 《ᠦᠬᠠᠢ ᠬᠣᠲᠠ ᠵᠢᠨ ᠪᠠᠷᠢᠮᠵᠢᠶᠠᠲᠤ ᠭᠠᠵᠠᠷ᠎ᠤᠨ ᠨᠡᠷ᠎ᠡ ᠵᠢᠨ ᠵᠢᠷᠤᠭ》᠎ᠢ ᠨᠡᠢ᠌ᠲᠡᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠪᠤᠯᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠢᠪᠡ
 
            