4 ᠳ᠋ᠤᠬᠡᠷ ᠰᠠᠷ᠎ᠠ ᠵᠢᠨ 13᠎ᠤ ᠡᠳᠦᠷ᠂ ᠦᠬᠠᠢ ᠬᠣᠲᠠ ᠰᠣᠨᠢᠨ ᠮᠡᠳᠡᠭᠡ ᠨᠡᠢ᠌ᠲᠡᠯᠡᠬᠦ ᠬᠤᠷᠠᠯ ᠪᠠ ᠠᠩᠬ᠎ᠠ ᠲᠠᠷᠬᠠᠭ᠋ᠠᠬᠤ ᠶᠣᠰᠣᠯᠠᠯ ᠬᠢᠵᠦ᠂ 《ᠦᠬᠠᠢ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠵᠢᠷᠤᠭ》 《ᠦᠬᠠᠢ ᠬᠣᠲᠠ ᠵᠢᠨ ᠬᠣᠲᠠ ᠲᠣᠭᠣᠷᠢᠭ᠎ᠤᠨ ᠵᠢᠷᠤᠭ》 《ᠦᠬᠠᠢ ᠬᠣᠲᠠ ᠵᠢᠨ ᠪᠠᠷᠢᠮᠵᠢᠶᠠᠲᠤ ᠭᠠᠵᠠᠷ᠎ᠤᠨ ᠨᠡᠷ᠎ᠡ ᠵᠢᠨ ᠵᠢᠷᠤᠭ》᠎ᠢ ᠨᠡᠢ᠌ᠲᠡᠯᠡᠪᠡ᠃ ᠬᠣᠲᠠ ᠵᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠵᠡᠷᠭᠡ 11 ᠨᠢᠬᠡᠴᠢ ᠵᠢᠨ ᠠᠵᠢᠯᠲᠠᠨ ᠪᠠ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠡᠷᠭᠡ 5 ᠵᠠᠭᠤᠴᠢᠯᠠᠭᠤᠷ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠪᠠ᠃

ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠠᠷᠤᠭ᠎ᠠ ᠭᠦᠸᠧ ᠵᠧᠨ ᠯᠢᠶᠠᠨ ᠭᠤᠷᠪᠠᠨ ᠵᠦᠢ᠍ᠯ᠎ᠤᠨ ᠭᠠᠵᠠᠷ᠎ᠤᠨ ᠵᠢᠷᠤᠭ᠎ᠢ ᠨᠠᠢ᠌ᠷᠠᠭᠤᠯᠤᠬᠰᠠᠨ ᠶᠡᠷᠦᠩᠬᠡᠢ ᠪᠠᠢ᠌ᠳᠠᠯ᠎ᠢ ᠲᠠᠨᠢᠯᠴᠠᠭᠤᠯᠪᠠ᠃ ᠲᠡᠷᠡ ᠶᠠᠷᠢᠬᠤ᠎ᠳᠤ᠎ᠪᠠᠨ ᠭᠠᠵᠠᠷ᠎ᠤᠨ ᠵᠢᠷᠤᠭ᠎ᠨᠢ ᠭᠠᠵᠠᠷ ᠵᠦᠢ ᠵᠢᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠪᠠᠶᠠᠯᠢᠭᠵᠢᠭᠤᠯᠤᠨ ᠲᠡᠭᠦᠯᠳᠡᠷᠵᠢᠭᠦᠯᠬᠦ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠴᠢᠬᠤᠯᠠ ᠶᠡᠬᠡ ᠠᠴᠢ ᠬᠣᠯᠪᠣᠭᠳᠠᠯ ᠲᠠᠢ ᠶᠤᠮ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠭᠠᠵᠠᠷ᠎ᠤᠨ ᠨᠡᠷ᠎ᠡ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠢ ᠣᠨᠳᠣᠣᠰᠢᠭᠤᠯᠬᠤ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠦᠬᠠᠢ ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠠᠵᠠᠷ᠎ᠤᠨ ᠵᠢᠷᠤᠭ᠎ᠢ ᠨᠠᠢ᠌ᠷᠠᠭᠤᠯᠤᠨ ᠵᠣᠬᠢᠶᠠᠬᠤ ᠶᠠᠪᠤᠴᠠ᠎ᠳᠤ᠂ ᠡᠯ᠎ᠡ ᠲᠠᠯ᠎ᠠ ᠵᠢᠨ᠎ᠬᠢᠨ ᠥᠷᠭᠡᠨ ᠵᠶ᠋ᠡᠷ ᠣᠷᠣᠯᠴᠠᠵᠤ᠂ ᠶᠡᠬᠡ᠎ᠪᠠᠷ ᠳᠡᠮᠵᠢᠵᠦ᠂ ᠵᠢᠯ ᠭᠠᠷᠤᠢ ᠵᠢᠨ ᠬᠤᠭᠤᠴᠠᠭ᠋ᠠᠨ᠎ᠳᠤ ᠨᠠᠷᠢᠨ ᠨᠢᠮᠪᠠᠢ ᠵᠢᠳᠬᠦᠵᠤ᠂ ᠭᠤᠷᠪᠠᠨ ᠵᠦᠢ᠍ᠯ᠎ᠤᠨ ᠭᠠᠵᠠᠷ᠎ᠤᠨ ᠵᠢᠷᠤᠭ ᠪᠦᠳᠦᠬᠡᠯᠡ᠃ ᠭᠤᠷᠪᠠᠨ ᠵᠦᠢ᠍ᠯ᠎ᠤᠨ ᠭᠠᠵᠠᠷ᠎ᠤᠨ ᠵᠢᠷᠤᠭ᠎ᠨᠢ ᠰᠢᠨᠵᠢᠯᠡᠬᠦ ᠤᠬᠠᠭ᠋ᠠᠨᠴᠢ᠂ ᠲᠤᠰᠬᠠᠢ ᠮᠡᠷᠭᠡᠵᠢᠯ᠎ᠤᠨ᠂ ᠴᠢᠩᠭ᠎ᠠ ᠨᠢᠮᠪᠠᠢ ᠪᠦᠬᠡᠳ ᠤᠷᠠᠯᠢᠭᠴᠢ ᠴᠢᠨᠠᠷ᠎ᠢ ᠲᠤᠪᠤᠢ᠍ᠢ᠍ᠯᠭ᠋ᠠᠵᠦ᠂ ᠪᠦᠬᠦ ᠬᠤᠳᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠂ ᠠᠭᠤᠯᠠ ᠤᠰᠤ᠂ ᠦᠵᠡᠮᠵᠢ ᠵᠢᠨ ᠤᠷᠤᠨ ᠡᠷᠲᠡᠨ᠎ᠤ ᠦᠯᠡᠳᠡᠭᠳᠡᠯ᠂ ᠰᠠᠭᠤᠭ᠋ᠠᠯᠢ ᠠᠷᠠᠳ᠎ᠤᠨ ᠲᠣᠭᠣᠷᠢᠭ ᠵᠡᠷᠭᠡ ᠭᠠᠵᠠᠷ ᠵᠦᠢ ᠵᠢᠨ ᠮᠡᠳᠡᠭᠡ ᠵᠠᠩᠭᠢ ᠵᠢᠨ ᠡᠯᠧᠮᠧᠨ᠋ᠲ᠎ᠢ ᠨᠠᠷᠢᠨ ᠲᠣᠳᠣᠷᠬᠠᠢ᠌ᠯᠠᠵᠤ᠂ ᠦᠬᠠᠢ ᠵᠢᠨ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠪᠣᠯᠣᠨ ᠭᠠᠵᠠᠷ ᠣᠷᠣᠨ᠎ᠤ ᠰᠣᠶᠣᠯ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠵᠦ᠂ ᠦᠬᠠᠢ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠰᠢᠨ᠎ᠡ ᠳᠦᠷᠰᠦ ᠪᠠᠢ᠌ᠳᠠᠯ᠎ᠢ ᠳᠡᠯᠭᠡᠨ ᠦᠵᠡᠭᠦᠯᠵᠡᠢ᠃

《ᠦᠬᠠᠢ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠵᠢᠷᠤᠭ》 《ᠦᠬᠠᠢ ᠬᠣᠲᠠ ᠵᠢᠨ ᠬᠣᠲᠠ ᠲᠣᠭᠣᠷᠢᠭ᠎ᠤᠨ ᠵᠢᠷᠤᠭ》 《ᠦᠬᠠᠢ ᠬᠣᠲᠠ ᠵᠢᠨ ᠪᠠᠷᠢᠮᠵᠢᠶᠠᠲᠤ ᠭᠠᠵᠠᠷ᠎ᠤᠨ ᠨᠡᠷ᠎ᠡ ᠵᠢᠨ ᠵᠢᠷᠤᠭ》᠎ᠨᠢ ᠡᠢ᠌ᠮᠤ ᠭᠤᠷᠪᠠᠨ ᠣᠨᠴᠠᠯᠢᠭ᠎ᠲᠠᠢ᠃
ᠨᠢᠭᠡ᠎ᠳᠤ᠂ ᠠᠭᠤᠯᠭ᠎ᠠ᠎ᠨᠢ ᠪᠦᠬᠦ ᠲᠠᠯ᠎ᠠ ᠵᠢᠨ᠂ ᠪᠠᠢ᠌ᠷᠢᠰᠢᠯ᠎ᠨᠢ ᠵᠦᠢ ᠵᠣᠬᠢᠰᠲᠠᠢ᠃ 《ᠦᠬᠠᠢ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠵᠢᠷᠤᠭ》᠎ᠲᠤ ᠭᠣᠣᠯᠳᠠᠭᠤ ᠪᠥᠬᠥ ᠬᠣᠲᠠ ᠵᠢᠨ 3 ᠲᠣᠭᠣᠷᠢᠭ᠂ 15 ᠵᠡᠭᠡᠯᠢ ᠭᠤᠳᠤᠮᠵᠢ᠂ 5 ᠪᠠᠯᠭ᠋ᠠᠰᠤ᠂ 70 ᠨᠡᠢ᠌ᠭᠡᠮ ᠲᠣᠭᠣᠷᠢᠭ᠂ 13 ᠵᠠᠰᠠᠭ ᠵᠠᠬᠢᠷᠭ᠋ᠠᠨ᠎ᠤ ᠲᠣᠰᠬᠣᠨ᠎ᠢ ᠲᠣᠳᠣᠷᠬᠠᠢ᠌ᠯᠠᠵᠤ᠂ ᠲᠣᠳᠣᠷᠬᠠᠢ ᠵᠠᠭ᠋ᠠᠭ ᠱᠤᠭᠤᠮ᠎ᠤᠨ ᠬᠤᠪᠢᠶᠠᠷᠢᠯᠠᠯ ᠵᠶ᠋ᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠣᠳᠣᠬᠢ ᠪᠠᠢ᠌ᠳᠠᠯ᠎ᠢ ᠢᠯᠡᠷᠡᠭᠦᠯᠪᠡ᠃ 《ᠦᠬᠠᠢ ᠬᠣᠲᠠ ᠵᠢᠨ ᠬᠣᠲᠠ ᠲᠣᠭᠣᠷᠢᠭ᠎ᠤᠨ ᠵᠢᠷᠤᠭ》᠎ᠲᠤ ᠬᠣᠲᠠ ᠵᠢᠨ ᠲᠣᠭᠣᠷᠢᠭ᠎ᠤᠨ ᠳᠣᠲᠣᠷᠠᠬᠢ ᠵᠠᠮ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ ᠵᠡᠷᠭᠡ ᠵᠢ ᠲᠣᠳᠣᠷᠬᠠᠢ᠌ᠯᠠᠵᠤ᠂ ᠬᠣᠲᠠ ᠵᠢᠨ ᠵᠠᠮ ᠬᠠᠷᠢᠯᠴᠠᠭ᠋ᠠᠨ᠎ᠤ ᠲᠣᠣᠷ ᠰᠦᠯᠵᠢᠶ᠎ᠡ ᠵᠢᠨ ᠪᠣᠷᠣ ᠲᠥᠯᠥᠪ᠎ᠢ ᠳᠣᠪᠣᠶ᠋ᠢᠯᠭ᠋ᠠᠪᠠ᠃ 《ᠦᠬᠠᠢ ᠬᠣᠲᠠ ᠵᠢᠨ ᠪᠠᠷᠢᠮᠵᠢᠶᠠᠲᠤ ᠭᠠᠵᠠᠷ᠎ᠤᠨ ᠨᠡᠷ᠎ᠡ ᠵᠢᠨ ᠵᠢᠷᠤᠭ》᠎ᠨᠢ ᠠᠭᠤᠯᠠ ᠤᠰᠤ᠂ ᠨᠠᠭᠤᠷ ᠴᠥᠭᠥᠷᠥᠮ᠂ ᠭᠣᠣᠯ ᠪᠠᠷᠢᠯᠭ᠎ᠠ ᠵᠡᠷᠭᠡ ᠵᠢ ᠪᠥᠬᠥ ᠲᠠᠯ᠎ᠠ᠎ᠪᠠᠷ ᠲᠣᠳᠣᠷᠬᠠᠢ᠌ᠯᠠᠵᠤ᠂ ᠭᠠᠵᠠᠷ᠎ᠤᠨ ᠵᠢᠷᠤᠭ᠎ᠤᠨ ᠪᠦᠬᠦᠯᠢ ᠴᠣᠭᠴᠠ ᠵᠢ ᠳᠣᠪᠣᠶ᠋ᠢᠯᠭ᠋ᠠᠭᠰᠠᠨ ᠪᠠᠢ᠌ᠨ᠎ᠠ᠃ ᠡᠨᠡ ᠭᠤᠷᠪᠠᠨ ᠵᠦᠢ᠍ᠯ᠎ᠤᠨ ᠭᠠᠵᠠᠷ᠎ᠤᠨ ᠵᠢᠷᠤᠭ᠎ᠤᠨ ᠲᠦᠷᠦᠯ ᠵᠦᠢ᠍ᠯ᠎ᠨᠢ ᠰᠢᠨᠵᠢᠯᠡᠬᠦ ᠤᠬᠠᠭ᠋ᠠᠨᠴᠢ᠂ ᠪᠠᠢ᠌ᠷᠢᠰᠢᠯ᠎ᠨᠢ ᠵᠦᠢ ᠵᠣᠬᠢᠰᠲᠠᠢ ᠪᠠᠢ᠌ᠵᠤ᠂ ᠦᠬᠠᠢ ᠬᠤᠳᠠ ᠵᠢᠨ ᠡᠳᠦᠷ ᠢᠷᠡᠬᠦᠶ᠎ᠡ ᠰᠢᠨᠡᠳᠴᠦ ᠪᠠᠢ᠌ᠭ᠎ᠠ ᠪᠦᠲᠦᠭᠡᠨ ᠪᠠᠢ᠌ᠭᠤᠯᠤᠯᠲᠠ ᠵᠢᠨ ᠠᠮᠵᠢᠯᠲᠠ ᠪᠦᠲᠦᠮᠵᠢ ᠵᠢ ᠲᠤᠰᠬᠠᠵᠠᠢ᠃

ᠬᠣᠶᠠᠷ᠎ᠲᠤ᠂ ᠤᠷᠠᠨ ᠨᠠᠷᠢᠯᠢᠭ᠂ ᠦᠵᠡᠮᠤᠷᠢ᠎ᠲᠠᠢ᠃ ᠭᠤᠷᠪᠠᠨ ᠵᠦᠢ᠍ᠯ᠎ᠤᠨ ᠭᠠᠵᠠᠷ᠎ᠤᠨ ᠵᠢᠷᠤᠭ᠎ᠢ ᠪᠥᠬᠥ ᠤᠯᠤᠰ᠎ᠤᠨ ᠬᠥᠬᠡ ᠲᠠᠰ᠎ᠤᠨ ᠲᠤᠰᠬᠠᠢ ᠮᠡᠷᠭᠡᠵᠢᠯ᠎ᠤᠨ ᠭᠠᠵᠠᠷ᠎ᠤᠨ ᠵᠢᠷᠤᠭ᠎ᠤᠨ ᠬᠡᠪᠯᠡᠯ᠎ᠤᠨ ᠬᠣᠷᠢᠶ᠎ᠠ ᠵᠢᠨ 《ᠳᠤᠮᠳᠠᠳᠤ ᠤᠯᠤᠰ᠎ᠤᠨ ᠭᠠᠵᠠᠷ᠎ᠤᠨ ᠵᠢᠷᠤᠭ᠎ᠤᠨ ᠬᠡᠪᠯᠡᠯ᠎ᠤᠨ ᠬᠣᠷᠢᠶ᠎ᠠ》 ᠳᠠᠷᠤᠮᠠᠯᠯᠠᠨ ᠦᠢ᠍ᠯᠡᠳᠴᠦ᠂ ᠬᠠᠮᠤᠭ᠎ᠤᠨ ᠲᠡᠷᠢᠭᠦᠨ᠎ᠤ ᠵᠢᠷᠤᠭ ᠲᠥᠯᠥᠪᠯᠡᠭᠡ ᠵᠢᠨ ᠣᠢ᠌ᠯᠠᠭ᠋ᠠᠭᠳᠠᠬᠤᠨ ᠪᠠ ᠴᠤ ᠰᠢᠨ᠎ᠡ ᠮᠡᠷᠭᠡᠵᠢᠯ᠎ᠢ ᠬᠡᠷᠡᠭᠯᠡᠨ᠂ ᠭᠠᠵᠠᠷ᠎ᠤᠨ ᠵᠢᠷᠤᠭ᠎ᠤᠨ ᠦᠢ᠍ᠯᠡᠴᠢᠯᠡᠭᠡᠨ᠎ᠤ ᠡᠳᠦᠷ ᠲᠤᠲᠤᠮ᠎ᠤᠨ ᠬᠡᠷᠡᠭᠴᠡᠭᠡ ᠵᠢ ᠭᠦᠢ᠍ᠴᠡᠳ ᠪᠣᠳᠣᠯᠬᠢᠯᠠᠵᠤ᠂ ᠠᠮᠠᠷᠬᠠᠨ ᠬᠤᠪᠢᠷᠠᠬᠤ ᠦᠭᠡᠢ᠂ ᠬᠠᠳᠠᠭ᠋ᠠᠯᠠᠨ ᠬᠠᠮᠢᠶᠠᠷᠬᠤ᠎ᠳᠤ ᠲᠥᠬᠥᠮ ᠮᠠᠲ᠋ᠧᠷᠢᠶᠠᠯ᠎ᠤᠨ ᠴᠢᠨᠠᠷ᠎ᠢ ᠬᠡᠷᠡᠭᠯᠡᠨ᠂ ᠭᠠᠵᠠᠷ᠎ᠤᠨ ᠨᠡᠷ᠎ᠡ ᠵᠢᠨ ᠰᠣᠶᠣᠯ᠎ᠤᠨ ᠬᠡᠷᠡᠭᠯᠡᠯᠲᠡ ᠪᠠ ᠬᠣᠷᠢᠶᠠᠨ ᠬᠠᠳᠠᠭ᠋ᠠᠯᠠᠬᠤ ᠦᠨ᠎ᠡ ᠥᠷᠲᠡᠭ᠎ᠢ ᠲᠡᠭᠡᠭᠰᠢᠯᠡᠬᠦᠯᠪᠡ᠃
ᠭᠤᠷᠪᠠ᠎ᠳᠤ᠂ ᠠᠷᠠᠳ ᠤᠯᠠᠨ᠎ᠳᠤ ᠠᠰᠢᠭ ᠬᠦᠷᠲᠡᠭᠡᠵᠦ᠂ ᠨᠡᠢ᠌ᠭᠡᠮ ᠨᠡᠢ᠌ᠳᠡ᠎ᠳᠤ ᠦᠢ᠍ᠯᠡᠴᠢᠯᠡᠭᠰᠡᠨ ᠰᠢᠨᠵᠢ᠎ᠲᠠᠢ᠃ ᠭᠠᠵᠠᠷ᠎ᠤᠨ ᠵᠢᠷᠤᠭ᠎ᠤᠨ ᠦᠷ᠎ᠡ ᠪᠦᠲᠦᠭᠡᠯ᠎ᠢ ᠬᠡᠷᠡᠭᠯᠡᠬᠦ ᠠᠷᠭ᠎ᠠ ᠬᠡᠯᠪᠡᠷᠢ ᠵᠢ ᠪᠠᠶᠠᠯᠢᠭᠵᠢᠭᠤᠯᠵᠤ᠂ ᠬᠦᠮᠦᠰ᠎ᠤᠨ ᠭᠠᠵᠠᠷ᠎ᠤᠨ ᠵᠢᠷᠤᠭ᠎ᠤᠨ ᠡᠮᠬᠢᠳᠬᠡᠯ᠎ᠢ ᠣᠯᠬᠤ ᠪᠠ ᠬᠡᠷᠡᠭᠯᠡᠬᠦ ᠵᠢᠨ ᠳᠥᠭᠥᠮ ᠲᠦᠳᠡ ᠪᠤᠯᠭ᠋ᠠᠵᠤ᠂ ᠭᠠᠵᠠᠷ᠎ᠤᠨ ᠵᠢᠷᠤᠭ᠎ᠤᠨ ᠦᠷ᠎ᠡ ᠪᠦᠲᠦᠭᠡᠯ᠎ᠢ ᠠᠷᠠᠳ ᠤᠯᠠᠨ᠎ᠳᠤ ᠬᠦᠷᠲᠡᠭᠡᠵᠦ᠂ ᠨᠡᠢ᠌ᠭᠡᠮ᠎ᠳᠤ ᠦᠢ᠍ᠯᠡᠴᠢᠯᠡᠭᠦᠯᠬᠦ ᠵᠢᠨ ᠤᠯᠠᠮ᠎ᠠᠴᠠ ᠪᠣᠳᠠᠲᠤ ᠬᠡᠷᠡᠭᠯᠡᠭᠡᠨ᠎ᠤ ᠦᠷᠳᠡᠭ᠎ᠢ ᠨᠡᠩ ᠰᠠᠢ᠌ᠨ ᠪᠡᠶᠡᠯᠡᠬᠦᠯᠬᠦ ᠵᠢᠨ ᠲᠦᠯᠦᠬᠡ᠂ ᠭᠤᠷᠪᠠᠨ ᠵᠦᠢ᠍ᠯ᠎ᠤᠨ ᠭᠠᠵᠠᠷ᠎ᠤᠨ ᠵᠢᠷᠤᠭ᠎ᠢ ᠡᠯ᠎ᠡ ᠰᠠᠯᠠᠭ᠎ᠠ ᠮᠥᠴᠢᠷ ᠡᠯ᠎ᠡ ᠨᠢᠬᠡᠴᠢ᠎ᠳᠤ ᠦᠨ᠎ᠡ ᠲᠥᠯᠥᠪᠦᠷᠢ ᠦᠭᠡᠢ᠎ᠪᠠᠷ ᠬᠠᠩᠭ᠋ᠠᠬᠤ ᠵᠢᠨ ᠬᠠᠮᠲᠤ ᠭᠠᠵᠠᠷ᠎ᠤᠨ ᠵᠢᠷᠤᠭ᠎ᠤᠨ ᠡᠯᠧᠺᠲᠷᠣᠨ ᠬᠡᠪᠯᠡᠯ᠎ᠢ ᠦᠬᠠᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠠᠯᠪᠠᠨ᠎ᠤ ᠰᠦᠯᠵᠢᠶ᠎ᠡ᠎ᠳᠤ ᠨᠡᠢ᠌ᠲᠡᠯᠡᠵᠦ᠂ ᠦᠵᠡᠬᠦ ᠪᠤᠶᠤ ᠪᠠᠭᠤᠯᠭ᠋ᠠᠨ ᠠᠪᠬᠤ᠎ᠳᠤ ᠲᠦᠬᠦᠮ ᠪᠤᠯᠭ᠋ᠠᠪᠠ᠃