ᠨᠡᠢ᠌ᠭᠡᠮ᠎ᠤᠨ ᠠᠵᠢᠯᠤᠨᠬᠢᠨᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠨᠡᠢ᠌ᠭᠡᠮ᠎ᠤᠨ ᠠᠵᠢᠯ᠎ᠤᠨ ᠦᠷᠳᠡᠭ᠎ᠤᠨ ᠣᠢ᠌ᠯᠠᠭ᠋ᠠᠭᠳᠠᠬᠤᠨ᠎ᠢ ᠤᠯᠠᠮᠵᠢᠯᠠᠵᠤ᠂ ᠨᠡᠢ᠌ᠭᠡᠮ᠎ᠤᠨ ᠠᠵᠢᠯᠲᠠᠨ᠎ᠤ ᠴᠤᠭ ᠵᠢᠪᠬᠤᠭ᠎ᠠ ᠵᠢ ᠢᠯᠡᠷᠡᠬᠦᠯᠤᠨ᠂ ᠨᠡᠢ᠌ᠭᠡᠮ᠎ᠤᠨ ᠠᠵᠢᠯ᠎ᠤᠨ ᠬᠥᠭᠵᠢᠯᠲᠡ ᠵᠢᠨ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ ᠪᠠ ᠨᠡᠢ᠌ᠭᠡᠮ᠎ᠤᠨ ᠣᠷᠴᠢᠨ ᠨᠥᠬᠥᠴᠡᠯ᠎ᠢ ᠪᠤᠢ ᠪᠤᠯᠭ᠋ᠠᠬᠤ ᠵᠢᠨ ᠲᠦᠯᠤᠬᠡ᠂ ᠪᠥᠬᠥ ᠣᠷᠣᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢᠨ᠎ᠬᠢᠨ ᠤᠷᠴᠢᠮ᠎ᠳᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 《ᠨᠠᠰᠤᠳᠠᠳ ᠪᠠ ᠬᠡᠤᠬᠡᠳ》᠎ᠢ ᠬᠠᠯᠠᠮᠵᠢᠯᠠᠬᠤ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ᠎ᠳᠤ ᠨᠠᠮ ᠵᠠᠰᠠᠭ᠎ᠤᠨ ᠬᠠᠢ᠌ᠷ᠎ᠠ ᠬᠠᠯᠠᠮᠵᠢ ᠵᠢ ᠦᠨᠡᠨ ᠬᠦ᠌ ᠬᠦᠷᠳᠡᠬᠡᠵᠤ ᠪᠠᠢ᠌ᠨ᠎ᠠ᠃
ᠬᠢᠩᠭ᠋ᠠᠨ ᠠᠢ᠌ᠮᠠᠭ᠎ᠤᠨ ᠷᠠᠰᠢᠶᠠᠨ᠎ᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠷᠠᠰᠢᠶᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ᠎ᠬᠢᠨ᠎ᠲᠠᠢ ᠬᠠᠮᠲᠤᠷᠠᠨ 《ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠎ᠢ ᠬᠠᠯᠠᠮᠵᠢᠯᠠᠨ᠂ ᠨᠠᠰᠤᠲᠠᠢ᠌ᠴᠤᠳ ᠵᠶ᠋ᠠᠨ ᠬᠦᠨᠳᠦᠯᠡᠨ ᠠᠰᠠᠷᠠᠬᠤ ᠠᠵᠢᠯᠯᠠᠭ᠎ᠠ》 ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠬᠠᠮᠲᠤ᠎ᠪᠠᠷ ᠥᠷᠨᠢᠭᠦᠯᠪᠡ᠃ ᠨᠠᠰᠤᠲᠠᠢ᠌ᠴᠤᠳ᠎ᠲᠤ ᠡᠷᠡᠭᠦᠯ ᠮᠡᠨᠳᠦ ᠵᠢᠨ ᠮᠡᠳᠡᠯᠭᠡ ᠵᠢᠨ ᠲᠠᠢ᠌ᠯᠤᠮᠵᠢ ᠪᠠ ᠰᠡᠳᠬᠢᠴᠡ ᠵᠢᠨ ᠡᠷᠡᠭᠦᠯ ᠮᠡᠨᠳᠦ ᠵᠢᠨ ᠵᠢᠯᠣᠭᠣᠳᠤᠯᠭ᠎ᠠ ᠬᠠᠩᠭ᠋ᠠᠵᠤ᠂ ᠡᠷᠡᠭᠦᠯ ᠮᠡᠨᠳᠦ ᠵᠢᠨ ᠦᠨᠳᠦᠰᠦᠨ ᠮᠡᠳᠡᠯᠭᠡ ᠵᠢᠨ ᠲᠠᠯ᠎ᠠ᠎ᠪᠠᠷ ᠨᠠᠩ ᠪᠥᠬᠥ ᠲᠠᠯ᠎ᠠ ᠵᠢᠨ ᠲᠠᠨᠢᠯᠲᠠ᠎ᠲᠠᠢ ᠪᠣᠯᠭ᠋ᠠᠭᠰᠠᠨ ᠵᠶ᠋ᠠᠷ ᠪᠠᠷᠠᠬᠤ ᠦᠭᠡᠢ᠂ ᠪᠠᠰᠠ ᠨᠠᠰᠤᠲᠠᠢ᠌ᠴᠤᠳ᠎ᠤᠨ ᠥᠪᠡᠷ᠎ᠢ᠎ᠪᠠᠨ ᠬᠠᠯᠠᠮᠵᠢᠯᠠᠬᠤ᠂ ᠡᠷᠡᠭᠦᠯ ᠮᠡᠨᠳᠦ ᠵᠢ ᠴᠢᠬᠤᠯᠠᠴᠢᠯᠠᠬᠤ ᠥᠪᠡᠷ᠎ᠢ᠎ᠪᠠᠨ ᠡᠷᠡᠭᠦᠯᠵᠢᠭᠦᠯᠬᠦ ᠤᠬᠠᠮᠰᠠᠷ᠎ᠢ ᠬᠥᠭᠵᠢᠭᠡᠭᠰᠡᠨ ᠪᠠᠢ᠌ᠨ᠎ᠠ᠃

ᠬᠢᠩᠭ᠋ᠠᠨ ᠠᠢ᠌ᠮᠠᠭ᠎ᠤᠨ ᠲᠢᠶᠠᠨ ᠵᠢᠶᠣᠣ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ᠎ᠬᠢᠨ ᠹᠦ᠋ ᠠᠨ ᠨᠡᠢ᠌ᠭᠡᠮ ᠲᠣᠭᠣᠷᠢᠭ᠎ᠤᠨ᠎ᠬᠢᠨ᠎ᠲᠠᠢ ᠬᠣᠯᠪᠤᠭ᠋ᠠᠯᠠᠨ 《ᠭᠤᠷᠪᠠ ᠵᠢ ᠬᠢᠵᠦ ᠪᠣᠯᠬᠤ ᠦᠭᠡᠢ᠂ ᠬᠡᠦᠬᠡᠳ᠎ᠤᠨ ᠲᠤᠷᠤᠢ᠌ᠳᠠᠯᠢ ᠵᠤᠬᠰᠤᠭ᠋ᠠᠬᠤ》 ᠭᠣᠣᠯ ᠰᠡᠳᠦᠪᠲᠦ ᠭᠡᠷ ᠪᠦᠯᠢ ᠵᠢᠨ ᠬᠥᠮᠦᠵᠢᠯ᠎ᠤᠨ ᠵᠢᠯᠤᠭᠣᠳᠬᠤ ᠠᠵᠢᠯᠯᠠᠭ᠎ᠠ ᠥᠷᠨᠢᠭᠦᠯᠵᠦ᠂ ᠨᠡᠢ᠌ᠭᠡᠮ᠎ᠤᠨ ᠠᠵᠢᠯᠳᠠᠳ 《ᠭᠡᠷ ᠪᠦᠯᠢ ᠵᠢᠨ ᠬᠥᠮᠦᠵᠢᠯ᠎ᠢ ᠠᠬᠢᠭᠤᠯᠬᠤ ᠬᠠᠤᠯᠢ》 ᠵᠢᠨ ᠲᠤᠬᠠᠢ ᠤᠬᠠᠭᠤᠯᠭ᠎ᠠ ᠪᠠ ᠲᠠᠢ᠌ᠯᠤᠮᠵᠢ ᠬᠢᠵᠦ᠂ ᠬᠡᠦᠬᠡᠳ᠎ᠤᠨ ᠰᠠᠢ᠌ᠨ ᠰᠠᠢ᠌ᠬᠠᠨ ᠵᠠᠩ ᠳᠠᠳᠬᠠᠯ᠎ᠢ ᠬᠥᠮᠥᠵᠢᠭᠦᠯᠬᠦ ᠠᠷᠭ᠎ᠠ ᠪᠠ ᠡᠴᠢᠭᠡ ᠡᠬᠡ ᠦᠷ᠎ᠡ ᠬᠡᠦᠬᠡᠳ᠎ᠤᠨ ᠬᠠᠷᠢᠴᠠᠭ᠎ᠠ ᠵᠢ ᠳᠡᠭᠡᠭᠰᠢᠯᠡᠭᠦᠯᠬᠦ ᠰᠠᠨᠠᠭᠤᠯᠭ᠎ᠠ ᠵᠢ ᠬᠤᠪᠢᠶᠠᠯᠴᠠᠵᠤ᠂ ᠰᠣᠷᠣᠭᠴᠢ ᠵᠢᠨ ᠭᠡᠷ᠎ᠤᠨ ᠠᠬᠠᠮᠠᠳ ᠨᠠᠷ᠎ᠤᠨ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃
ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠮᠢᠩ ᠷᠧᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ᠂ ᠲᠦᠩᠯᠢᠶᠣᠣ ᠬᠣᠲᠠ ᠵᠢᠨ ᠵᠠᠰᠠᠭ ᠵᠠᠬᠢᠷᠭ᠋ᠠᠨ᠎ᠤ ᠮᠡᠳᠡᠭᠡ ᠵᠠᠩᠭᠢ ᠵᠢᠨ ᠨᠡᠢ᠌ᠭᠡᠮ᠎ᠤᠨ ᠬᠡᠷᠡᠭ ᠶᠠᠪᠤᠳᠠᠯ᠎ᠤᠨ ᠦᠢ᠍ᠯᠡᠴᠢᠯᠡᠭᠡᠨ᠎ᠤ ᠲᠥᠪ ᠪᠠ ᠵᠠᠰᠠᠭ ᠵᠠᠬᠢᠷᠭ᠋ᠠᠨ᠎ᠤ ᠮᠡᠳᠡᠭᠡ ᠵᠠᠩᠭᠢ ᠵᠢᠨ 《ᠰᠢᠷᠭᠤᠯᠵᠢ》 ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠥᠪ᠎ᠤᠨ᠎ᠬᠢᠨ ᠲᠦᠩᠯᠢᠶᠣᠣ ᠬᠣᠲᠠ ᠵᠢᠨ ᠣᠨᠴᠠᠭ᠋ᠠᠶ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ᠎ᠬᠢᠨ᠎ᠲᠠᠢ ᠬᠠᠮᠲᠤᠷᠠᠨ ᠸᠠᠨ ᠳ᠋ᠠ ᠲᠠᠯᠠᠪᠠᠶ ᠵᠢᠨ ᠨᠢᠭᠡᠳᠦᠭᠡᠷ ᠳᠠᠪᠬᠤᠷᠯᠢᠭ᠎ᠲᠤ 《ᠬᠡᠤᠬᠡᠳ᠎ᠢ ᠬᠠᠮᠳᠤ᠎ᠪᠠᠷ ᠬᠠᠮᠠᠭ᠋ᠠᠯᠠᠶ᠎ᠠ — ᠥᠨᠥᠴᠢᠷᠡᠮᠡᠯ ᠬᠡᠮ᠎ᠲᠠᠢ ᠬᠡᠦᠬᠡᠳ᠎ᠢ ᠬᠠᠯᠠᠮᠵᠢᠯᠠᠨ᠂ ᠦᠰᠤᠨ ᠪᠣᠶ᠋ᠢᠵᠢᠯᠲᠠ᠎ᠳᠤᠨᠢ ᠲᠤᠰᠨ ᠪᠤᠯᠤᠶ᠎ᠠ》 ᠭᠡᠬᠦ ᠭᠣᠣᠯ ᠰᠡᠳᠦᠪᠲᠦ ᠠᠵᠢᠯᠯᠠᠭ᠎ᠠ ᠦᠷᠨᠢᠬᠦᠯᠵᠤ᠂ ᠨᠡᠢ᠌ᠭᠡᠮ᠎ᠤᠨ ᠠᠵᠢᠯᠲᠠᠨ ᠪᠠ ᠰᠠᠢ᠌ᠨ ᠲᠤᠷᠠᠴᠤᠤᠯ ᠥᠨᠥᠴᠢᠷᠡᠮᠡᠯ ᠬᠡᠮ᠎ᠲᠠᠢ ᠬᠡᠦᠬᠡᠳ᠎ᠲᠤ ᠤᠷᠠᠨ ᠰᠠᠢ᠌ᠬᠠᠨ᠎ᠤ ᠬᠠᠮᠲᠤᠷᠠᠭᠰᠠᠨ ᠲᠣᠭᠯᠠᠯᠲᠠ᠂ ᠣᠶᠤᠨᠳᠤ ᠲᠤᠰᠠᠲᠠᠢ ᠪᠢᠴᠢᠬᠠᠨ ᠲᠣᠭᠯᠠᠭ᠋ᠠᠮ ᠠᠪᠴᠢᠷᠠᠨ ᠥᠭᠴᠦ᠂ ᠥᠨᠥᠴᠢᠷᠡᠮᠡᠯ ᠬᠡᠮ᠎ᠲᠠᠢ ᠬᠡᠦᠬᠡᠳ᠎ᠲᠤ ᠰᠠᠢ᠌ᠨ ᠰᠠᠢ᠌ᠬᠠᠨ᠎ᠢ ᠮᠡᠳᠡᠷᠡᠭᠦᠯᠪᠡ᠃
ᠰᠢᠯᠢ ᠵᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠠᠶᠠᠨᠬᠤᠰᠢᠭᠤ ᠰᠤᠮᠤ ᠵᠢᠨ ᠨᠡᠢ᠌ᠭᠡᠮ᠎ᠤᠨ ᠠᠵᠢᠯ᠎ᠤᠨ ᠦᠷᠳᠡᠭᠡ᠎ᠳᠤ 《〈ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ〉 ᠵᠢ ᠠᠬᠢᠭᠤᠯᠵᠤ᠂ 〈ᠨᠠᠰᠤᠳᠠᠳ ᠪᠠ ᠬᠡᠤᠬᠡᠳ〉᠎ᠢ ᠬᠠᠯᠠᠮᠵᠢᠯᠠᠬᠤ〉 ᠵᠢ ᠠᠬᠢᠭᠤᠯᠬᠤ》 2023 ᠣᠨ᠎ᠤ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠪᠤᠯᠤᠨ ᠨᠡᠢ᠌ᠭᠡᠮ᠎ᠤᠨ ᠠᠵᠢᠯ᠎ᠤᠨ ᠦᠷᠳᠡᠭᠡ ᠵᠢ ᠲᠣᠭᠣᠷᠢᠨ ᠦᠵᠡᠬᠦ ᠠᠵᠢᠯᠯᠠᠭ᠎ᠠ ᠥᠷᠨᠢᠭᠦᠯᠵᠦ᠂ ᠲᠣᠭᠣᠷᠢᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ᠎ᠪᠠᠷ ᠲᠠᠮᠵᠢᠭᠤᠯᠤᠨ᠂ ᠠᠵᠢᠯᠯᠠᠭ᠎ᠠ᠎ᠳᠤ ᠣᠷᠣᠯᠴᠠᠭᠰᠠᠳ᠎ᠢ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠪᠠ ᠨᠡᠢ᠌ᠭᠡᠮ᠎ᠤᠨ ᠠᠵᠢᠯ᠎ᠤᠨ ᠦᠷᠳᠡᠭᠡ ᠵᠢᠨ ᠪᠠᠢ᠌ᠭᠤᠯᠤᠯᠲᠠ ᠵᠢᠨ ᠲᠤᠬᠠᠢ ᠴᠤ ᠰᠢᠨ᠎ᠡ ᠣᠢ᠌ᠯᠠᠭ᠋ᠠᠯᠲᠠ᠎ᠲᠠᠢ ᠪᠣᠯᠭ᠋ᠠᠭᠰᠠᠨ ᠪᠠᠢ᠌ᠨ᠎ᠠ᠃

ᠦᠬᠠᠢ ᠬᠤᠳᠠ ᠵᠢᠨ ᠬᠠᠢ᠌ᠷᠤᠪ᠎ᠤᠨ ᠲᠣᠬᠣᠢ ᠲᠣᠭᠣᠷᠢᠭ᠎ᠤᠨ ᠰᠢᠨ ᠨᠠᠨ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠠᠵᠢᠯ᠎ᠤᠨ ᠦᠷᠳᠡᠬᠡ᠎ᠳᠤ ᠡᠯᠧᠺᠲᠷᠣᠨ ᠤᠩᠰᠢᠯᠭ᠎ᠠ ᠵᠢᠨ ᠦᠷᠳᠡᠬᠡ᠂ ᠨᠣᠮ ᠪᠢᠴᠢᠭ᠎ᠤᠨ ᠤᠩᠰᠢᠯᠭ᠎ᠠ ᠵᠢᠨ ᠦᠷᠳᠡᠬᠡ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠦᠷᠳᠡᠬᠡ᠂ ᠰᠡᠳᠬᠢᠴᠡ ᠵᠢᠨ ᠯᠠᠪᠯᠠᠯᠭ᠎ᠠ ᠵᠢᠨ ᠦᠷᠳᠡᠬᠡ ᠵᠡᠷᠭᠡ ᠲᠠᠯᠠᠪᠤᠷ᠎ᠢ ᠲᠤᠰᠬᠠᠢ᠌ᠯᠠᠨ ᠪᠠᠢ᠌ᠭᠤᠯᠵᠤ᠂ ᠬᠠᠷᠢᠶ᠎ᠠ ᠲᠣᠭᠣᠷᠢᠭ᠎ᠤᠨ ᠰᠠᠭᠤᠭ᠋ᠠᠯᠢ ᠠᠷᠠᠳ᠎ᠲᠤ ᠡᠯᠪᠡᠭ ᠪᠠᠶᠠᠯᠢᠭ ᠠᠭᠤᠯᠭ᠎ᠠ᠎ᠲᠠᠢ ᠦᠢ᠍ᠯᠡᠴᠢᠯᠡᠭᠡ ᠬᠠᠩᠭ᠋ᠠᠵᠤ ᠪᠤᠢ᠃ ᠨᠡᠢ᠌ᠭᠡᠮ᠎ᠤᠨ ᠠᠵᠢᠯ᠎ᠤᠨ ᠲᠠᠰᠤᠭ᠎ᠤᠨ᠎ᠬᠢᠨ 《ᠨᠠᠰᠤᠳᠠᠳ ᠪᠠ ᠬᠡᠤᠬᠡᠳ》᠎ᠢ ᠬᠠᠯᠠᠮᠵᠢᠯᠠᠬᠤ ᠲᠠᠯ᠎ᠠ᠎ᠪᠠᠷ᠂ ᠰᠤᠷᠭ᠋ᠠᠭᠤᠯᠢ ᠲᠠᠷᠬᠠᠭᠰᠠᠨ᠎ᠤ ᠳᠠᠷᠠᠭ᠎ᠠ ᠬᠠᠷᠠᠭ᠋ᠠᠯᠵᠠᠬᠤ ᠬᠥᠮᠥᠨ ᠦᠭᠡᠢ ᠰᠣᠷᠣᠭᠴᠢ᠎ᠳᠤ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠯᠭ᠎ᠠ ᠵᠢᠨ ᠬᠠᠪᠰᠤᠷᠤᠮᠵᠢ ᠬᠠᠩᠭ᠋ᠠᠬᠤ ᠵᠢᠨ ᠬᠠᠮᠲᠤ ᠨᠠᠰᠤᠲᠠᠢ᠌ᠴᠤᠳ᠎ᠲᠤ ᠬᠠᠨᠳᠤᠭᠤᠯᠤᠨ ᠠᠮᠢᠳᠤᠷᠠᠯ᠎ᠤᠨ ᠰᠣᠷᠪᠤᠯᠵᠢᠯᠠᠭ᠎ᠠ ᠬᠢᠬᠦ᠂ ᠨᠡᠢ᠌ᠭᠡᠮ᠎ᠤᠨ ᠠᠵᠢᠯᠲᠠᠨ᠎ᠤ ᠮᠡᠳᠡᠯᠭᠡ ᠵᠢ ᠲᠦᠭᠡᠮᠡᠯᠵᠢᠭᠦᠯᠬᠦ᠂ ᠦᠳᠡᠬᠦᠰ ᠪᠠ ᠲᠡᠳᠬᠦᠪᠤᠷᠢ᠎ᠳᠤ ᠭᠠᠷᠤᠬᠰᠠᠳ᠎ᠤᠨ ᠠᠮᠢᠳᠤ ᠪᠠᠢ᠌ᠭ᠎ᠠ ᠡᠰᠡᠬᠦ ᠵᠢ ᠭᠡᠷᠡᠴᠢᠯᠡᠬᠦ ᠵᠡᠷᠭᠡ ᠦᠢ᠍ᠯᠡᠴᠢᠯᠡᠭᠡ ᠵᠢ ᠬᠠᠮᠵᠢᠨ ᠬᠢᠵᠦ᠂ ᠬᠠᠷᠢᠶᠠᠲᠤ ᠣᠷᠣᠨ᠎ᠤ ᠰᠠᠭᠤᠭ᠋ᠠᠯᠢ ᠠᠷᠠᠳ᠎ᠤᠨ ᠨᠡᠢ᠌ᠳᠡᠮ᠎ᠤᠨ ᠬᠦᠷᠢᠶᠡᠯᠡᠯ᠎ᠢ ᠤᠯᠵᠤ ᠪᠠᠢ᠌ᠨ᠎ᠠ᠃