ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2023 ᠤᠨ᠎ᠢ ᠡᠷᠬᠢᠴᠡᠬᠦᠯᠬᠦᠶ᠎ᠡ ᠪᠤᠭᠤᠳᠤ ᠬᠤᠳᠠ ᠵᠢᠨ ᠴᠢᠡᠭᠱ᠌ᠠᠨ ᠲᠣᠭᠣᠷᠢᠭ᠎ᠤᠨ᠎ᠬᠢᠨ ᠥᠭᠡᠷᠡᠴᠢᠯᠡᠯᠲᠡ ᠵᠢᠨ ᠰᠠᠭᠤᠷᠢ ᠵᠢ ᠪᠡᠬᠢᠵᠢᠭᠦᠯᠵᠦ ᠰᠣᠶᠣᠯ᠎ᠤᠨ ᠢᠲᠡᠭᠡᠯ᠎ᠳᠤ ᠠᠩᠬᠠᠷᠤᠯ ᠵᠶ᠋ᠠᠨ ᠲᠦᠪᠯᠡᠷᠡᠬᠦᠯᠤᠨ᠂ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠰᠢᠨ᠎ᠡ ᠵᠢ ᠡᠭᠦᠳᠴᠦ ᠲᠡᠰ ᠳᠡᠪᠰᠢᠭᠦᠯᠬᠦ ᠠᠶᠠᠨ ᠵᠠᠮ ᠵᠶ᠋ᠡᠷ ᠦᠷᠬᠦᠯᠵᠢᠯᠡᠨ ᠤᠷᠤᠬᠰᠢᠯᠠᠪᠠ
ᠨᠡᠶᠢᠲᠡᠯᠡᠭᠰᠡᠨ ᠴᠠᠭ᠄ 2024-01-10

     2023 ᠣᠨ ᠪᠣᠯ ᠪᠦᠬᠦ ᠤᠯᠤᠰ᠎ᠤᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠪᠣᠭᠣᠮᠲᠠ ᠰᠢᠪᠲᠤᠯᠬᠤ ᠵᠢᠯ ᠪᠣᠯᠣᠨ᠎ᠠ᠂ ᠲᠤᠷᠰᠢᠯᠲᠠ ᠵᠢᠨ ᠣᠷᠣᠨ᠎ᠤ ᠭᠤᠷᠪᠠᠨ ᠵᠢᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠬᠠᠭ᠋ᠠᠰ᠎ᠢ ᠲᠤᠭᠤᠯᠤᠬᠰᠠᠨ ᠪᠠᠢ᠌ᠨ᠎ᠠ᠃ 2023 ᠣᠨ᠎ᠤ ᠡᠴᠦᠰ᠎ᠲᠤ ᠦᠬᠡᠷᠡᠴᠢᠯᠡᠯᠳᠡ ᠵᠢᠨ ᠲᠤᠷᠰᠢᠯᠳᠠ ᠵᠢᠨ ᠠᠵᠢᠯ᠎ᠢ ᠡᠷᠬᠢᠴᠡᠬᠦᠯᠬᠦ᠎ᠳᠤ᠂ ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ᠎ᠬᠢᠨ ᠤᠯᠤᠰ᠎ᠤᠨ ᠠᠷᠠᠳ᠎ᠤᠨ ᠶᠠᠪᠤᠳᠠᠯ᠎ᠤᠨ ᠶᠠᠮᠤᠨ᠎ᠤ ᠲᠣᠭᠲᠠᠭ᠋ᠠᠭᠰᠠᠨ ᠲᠦᠷᠦᠭᠦᠦ ᠪᠦᠯᠦᠭ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠪᠣᠯᠤᠭᠰᠠᠨ᠎ᠤ ᠬᠤᠪᠢ᠎ᠳᠤ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠤᠳᠤᠷᠢᠳᠤᠯᠭ᠎ᠠ ᠵᠢ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠠᠵᠢᠯ᠎ᠤᠨ ᠦᠨᠳᠦᠰᠦᠨ ᠤᠯᠤᠰ ᠲᠦᠷᠦ ᠵᠢᠨ ᠪᠠᠲᠤᠯᠠᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠪᠣᠯᠣᠨ ᠰᠣᠶᠣᠯ᠎ᠤᠨ ᠢᠲᠡᠭᠡᠯ ᠵᠶ᠋ᠡᠨ ᠪᠠᠲᠤᠳᠬᠠᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠤᠷᠤᠭ᠎ᠤᠨ ᠰᠣᠶᠣᠯ᠎ᠤᠨ ᠡᠷᠬᠢᠮ ᠨᠠᠨᠳᠢᠨ ᠡᠬᠢ ᠪᠠᠶᠠᠯᠢᠭ᠎ᠢ ᠭᠦᠢ᠍ᠴᠡᠳ ᠠᠰᠢᠭᠯᠠᠵᠤ ᠪᠠᠢ᠌ᠭ᠋ᠠᠳ ᠢᠷᠡᠭᠡᠳᠦᠢ᠎ᠳᠤ ᠬᠠᠨᠳᠤᠭᠰᠠᠨ ᠤᠷᠤᠭ᠎ᠤᠨ  ᠵᠠᠡᠭᠰᠢᠯ᠎ᠤᠨ ᠥᠭᠡᠷᠡᠴᠢᠯᠡᠯᠲᠡ ᠵᠢᠨ ᠤᠢ᠌ᠯᠠᠭ᠋ᠠᠬᠳᠠᠬᠤᠨ ᠪᠣᠯᠣᠨ ᠳᠦᠷᠢᠮ᠎ᠤᠨ ᠰᠢᠨ᠎ᠡ ᠡᠭᠦᠳᠦᠯᠲᠡ ᠵᠢ ᠭᠦᠨᠵᠡᠭᠡᠢ ᠰᠦᠪᠡᠭᠴᠢᠯᠡᠯ᠎ᠡ᠃

    

      

        

 

     ᠤᠷᠤᠭ᠎ᠤᠨ ᠰᠣᠶᠣᠯ᠎ᠤᠨ ᠪᠦᠲᠦᠭᠡᠯᠴᠢ ᠠᠵᠤ ᠦᠢ᠍ᠯᠡᠰ᠎ᠤᠨ ᠬᠦᠷᠢᠶᠡᠯᠡᠩ ᠪᠠᠢ᠌ᠭᠤᠯᠤᠬᠳᠠᠵᠤ᠂ ᠥᠭᠡᠷᠡᠴᠢᠯᠡᠯᠲᠡ ᠵᠢᠨ ᠴᠢᠭᠯᠡᠯ᠎ᠢ ᠲᠠᠭ᠋ᠠᠭᠤᠯᠪᠠ

  

     ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ ᠤᠷᠤᠭ᠎ᠤᠨ ᠶᠠᠪᠤᠳᠠᠯ᠎ᠤᠨ ᠰᠣᠶᠣᠯ᠎ᠤᠨ ᠪᠦᠲᠦᠭᠡᠯᠴᠢ ᠠᠵᠤ ᠦᠢ᠍ᠯᠡᠰ᠎ᠤᠨ ᠬᠦᠷᠢᠶᠡᠯᠡᠩ 2023 ᠣᠨ᠎ᠤ 4 ᠳ᠋ᠤᠬᠡᠷ ᠰᠠᠷ᠎ᠠ᠎ᠳᠤ ᠪᠠᠢ᠌ᠭᠤᠯᠤᠬᠳᠠᠪᠠ᠂ ᠴᠡᠴᠡᠷᠯᠢᠭ᠎ᠤᠨ ᠳᠣᠲᠣᠷ᠎ᠠ ᠴᠢᠶᠠᠨ ᠰᠢ ᠶᠤᠸᠠᠨ ᠴᠡᠴᠡᠷᠯᠢᠭ᠂ ᠴᠠᠩ ᠴᠢᠡᠭ ᠬᠤ᠌ ᠨᠠᠭᠤᠷ᠂ ᠯᠢᠡᠭ ᠰᠢ ᠬᠥᠭᠥᠷᠭᠡ᠂ ᠾᠧ ᠬᠤᠸᠠᠨ ᠲᠠᠬᠳᠤ᠂ ᠸᠸᠨ ᠴᠢᠡᠭ ᠬᠠᠨ᠎ᠠ᠂ ᠳᠤᠷᠠᠯᠠᠯ᠎ᠤᠨ ᠠᠷᠠᠯ ᠵᠡᠷᠭᠡ ᠠᠯᠬᠤᠮ ᠪᠦᠷᠢ᠎ᠳᠤ ᠦᠵᠡᠮᠵᠢ᠎ᠲᠠᠢ᠂ ᠦᠵᠡᠮᠵᠢ ᠪᠦᠷᠢ᠎ᠳᠤ ᠰᠢᠯᠦᠭ ᠲᠠᠭᠤᠯᠠᠯ᠎ᠲᠠᠢ ᠦᠵᠡᠰᠬᠦᠯᠡᠡᠭ ᠦᠵᠡᠮᠵᠢ ᠵᠢ ᠪᠦᠷᠢᠯᠳᠤᠬᠦᠯᠦᠭᠰᠡᠨ ᠪᠦᠬᠡᠳ ᠤᠷᠤᠭ ᠲᠠᠡᠭᠰᠠᠯᠠᠬᠤ ᠦᠢ᠍ᠯᠡᠴᠢᠯᠡᠬᠡ᠂ ᠣᠷᠣᠭ᠎ᠤᠨ ᠰᠣᠶᠣᠯ᠎ᠤᠨ ᠰᠣᠯᠢᠯᠴᠠᠭ᠎ᠠ᠂ ᠭᠡᠷ᠎ᠤᠨ ᠰᠤᠷᠲᠠᠯ ᠭᠡᠷ᠎ᠤᠨ ᠰᠤᠷᠭ᠋ᠠᠯ᠎ᠤᠨ ᠤᠬᠠᠭᠤᠯᠭ᠎ᠠ᠂ ᠣᠷᠣᠭ ᠢᠨᠠᠭ ᠰᠣᠶᠣᠯ᠎ᠤᠨ ᠡᠭᠦᠳᠦᠯᠲᠡ ᠵᠢᠨ ᠨᠡᠭᠡᠭᠡᠯᠲᠡ᠂ ᠬᠤᠷᠢᠮ᠎ᠤᠨ ᠶᠣᠰᠣᠯᠠᠯ᠎ᠤᠨ ᠠᠵᠤ ᠦᠢ᠍ᠯᠡᠰ᠎ᠤᠨ ᠬᠥᠭᠵᠢᠯᠲᠡ᠂ ᠰᠡᠯᠡᠭᠦᠴᠡᠯ᠂ ᠢᠳᠡᠭᠡᠨ ᠤᠮᠳᠠᠭ᠋ᠠᠨ᠎ᠤ ᠺᠠᠷᠲ᠎ᠢ ᠨᠢᠭᠡ ᠴᠣᠭᠴᠠᠵᠢᠭᠤᠯᠤᠭᠰᠠᠨ ᠣᠷᠣᠭ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠣᠭᠴᠠ ᠵᠢ ᠪᠦᠷᠢᠯᠳᠦᠭᠦᠯᠦᠭᠰᠡᠨ ᠪᠠᠢ᠌ᠨ᠎ᠠ᠃ ᠬᠤᠷᠢᠮ᠎ᠤᠨ ᠶᠣᠰᠣᠯᠠᠯ᠎ᠤᠨ ᠠᠵᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠵᠢᠯᠤᠭᠤᠳᠤᠨ ᠵᠢᠷᠤᠮᠵᠢᠭᠤᠯᠵᠤ᠂ ᠠᠷᠠᠳ ᠣᠯᠠᠨ᠎ᠤ ᠬᠤᠷᠢᠮ᠎ᠤᠨ ᠶᠣᠰᠣᠯᠠᠯ᠎ᠤᠨ ᠤᠬᠠᠭ᠋ᠠᠯᠢᠭ ᠬᠡᠷᠡᠭᠯᠡᠭᠡᠨ᠎ᠤ ᠤᠬᠠᠮᠰᠠᠷ᠎ᠠᠴᠠ᠎ᠪᠠᠨ ᠪᠣᠶ ᠪᠣᠯᠭ᠋ᠠᠬᠤ ᠲᠡᠢ᠌ᠰᠢ ᠳᠠᠢ᠌ᠴᠢᠯᠠᠬᠤ ᠬᠠᠷᠠᠯᠲᠠ ᠵᠢ ᠪᠡᠶᠡᠯᠡᠭᠦᠯᠪᠡ᠃

    


  
    ᠲᠤᠷᠠᠯᠠᠯ᠎ᠤᠨ ᠠᠷᠠᠯ᠎ᠤᠨ ᠣᠷᠣᠭ ᠲᠠᠡᠭᠰᠠᠯᠠᠬᠤ ᠲᠢᠩᠬᠢᠮ᠎ᠢ  ᠠᠰᠢᠬᠯᠠᠯᠳᠠ᠎ᠳᠤ ᠤᠷᠤᠭᠤᠯᠤᠭ᠋ᠠᠳ ᠠᠷᠠᠳ᠎ᠤᠨ ᠲᠦᠯᠤᠬᠡᠬᠢ ᠬᠠᠢ᠌ᠷ᠎ᠠ ᠰᠡᠳᠬᠢᠯᠬᠡ ᠵᠢ ᠢᠯᠡᠷᠡᠬᠦᠯᠪᠡ

 

    ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ ᠣᠷᠣᠭ᠎ᠤᠨ ᠰᠣᠶᠣᠯ᠎ᠤᠨ ᠪᠦᠲᠦᠭᠡᠯᠴᠢ ᠲᠥᠰᠥᠪᠯᠡᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠳᠤᠷᠠᠯᠠᠯ᠎ᠤᠨ ᠠᠷᠠᠯ᠎ᠳᠤ ᠪᠠᠢ᠌ᠷᠢᠯᠠᠳᠠᠭ ᠴᠢᠩᠱ᠌ᠠᠨ ᠲᠣᠭᠣᠷᠢᠭ᠎ᠤᠨ ᠣᠷᠣᠭ ᠲᠠᠡᠭᠰᠠᠯᠠᠬᠤ ᠭᠠᠵᠠᠷ᠎ᠢ2023 ᠣᠨ᠎ᠤ 5 ᠰᠠᠷ᠎ᠠ᠎ᠳᠤ ᠪᠠᠢ᠌ᠭᠤᠯᠵᠤ ᠠᠰᠢᠭᠯᠠᠯᠲᠠ᠎ᠳᠤ ᠣᠷᠣᠭᠤᠯᠪᠠ᠃ ᠣᠷᠣᠭ ᠲᠠᠡᠭᠰᠠᠯᠠᠬᠤ ᠲᠢᠩᠬᠢᠮ᠎ᠨᠢ ᠣᠲᠣ ᠦᠶ᠎ᠡ ᠵᠢᠨ ᠠᠯᠳᠠᠷᠲᠤ ᠰᠢᠯᠦᠭᠴᠢᠨ ᠱᠤ᠌ ᠲᠢᠩ᠎ᠤᠨ 《ᠴᠠᠷᠠᠰᠤᠨ᠎ᠠ ᠡᠷᠬᠦᠨᠡᠮ》 ᠬᠡᠬᠦ ᠪᠦᠳᠤᠬᠡᠯ ᠳᠣᠲᠣᠷᠠᠬᠢ ᠴᠠᠷᠠᠰᠤᠨ ᠮᠣᠳᠣ ᠪᠠ ᠬᠥᠪᠥᠩ᠎ᠤᠨ ᠴᠡᠴᠡᠭ᠎ᠤᠨ 《ᠦᠵᠡᠰᠬᠦᠯᠡᠡᠭ᠎ᠨᠢ ᠦᠵᠡᠰᠬᠦᠯᠡᠡᠭ᠎ᠲᠠᠢ᠎ᠪᠠᠨ ᠡᠭᠡᠨᠡᠭᠰᠢᠨ᠂ ᠡᠶ᠎ᠡ ᠨᠠᠢ᠌ᠷᠠᠮᠳᠠᠭᠤ᠎ᠨᠢ ᠠᠳᠠᠯᠢ ᠦᠭᠡᠢ》 ᠭᠡᠬᠦ ᠢᠨᠠᠭ ᠳᠤᠷᠠᠯᠠᠯ᠎ᠤᠨ ᠥᠯᠢᠭᠡᠷ ᠵᠶ᠋ᠡᠷ ᠵᠢᠷᠤᠭ ᠲᠥᠯᠥᠪᠯᠡᠭᠡ ᠵᠢᠨ ᠡᠯᠧᠮᠧᠨ᠋ᠲ ᠪᠣᠯᠭ᠋ᠠᠵᠤ᠂ ᠪᠦᠬᠦᠯᠢ ᠴᠣᠭᠴᠠ ᠵᠢᠨ ᠬᠡᠪ ᠨᠠᠮᠪᠠ᠎ᠨᠢ ᠲᠥᠬᠥᠮ ᠠᠪᠰᠠᠷᠬᠠᠨ ᠪᠥᠭᠡᠳ ᠴᠠᠭ᠎ᠤᠨ ᠥᠩᠭᠡ ᠵᠢ ᠳᠠᠭ᠋ᠠᠵᠤ᠂ ᠷᠣᠮᠠᠨᠲ᠋ᠢᠭ ᠮᠥᠷᠲᠡᠭᠡᠨ ᠲᠥᠪ ᠬᠢᠴᠢᠶᠡᠩᠭᠦᠢ ᠪᠥᠭᠡᠳ ᠬᠠᠯᠠᠭᠤᠨ ᠳᠤᠯᠠᠭ᠋ᠠᠨ ᠪᠠᠢ᠌ᠳᠠᠭ᠃ ᠲᠢᠡᠭᠭᠢᠮ᠎ᠤᠨ ᠳᠣᠲᠣᠷ᠎ᠠ ᠤᠷᠤᠭ ᠲᠠᠡᠭᠰᠠᠯᠠᠬᠤ ᠲᠣᠭᠣᠷᠢᠭ᠂ ᠤᠷᠤᠭ ᠰᠠᠯᠬᠤ ᠲᠠᠡᠭᠰᠠᠯᠠᠯᠳᠠ ᠵᠢᠨ ᠲᠣᠭᠣᠷᠢᠭ᠂ ᠤᠷᠤᠭ᠎ᠤᠨ ᠪᠠᠳᠤᠯᠠᠪᠤᠷᠢ ᠣᠯᠭᠣᠬᠤ ᠲᠢᠩᠬᠢᠮ᠂ ᠤᠷᠤᠭ᠎ᠤᠨ ᠪᠠᠳᠤᠯᠠᠪᠤᠷᠢ ᠵᠢ ᠭᠠᠳᠠᠨ᠎ᠠ ᠤᠯᠭᠤᠬᠤ ᠲᠣᠭᠣᠷᠢᠭ᠂ ᠤᠷᠤᠭ᠎ᠤᠨ ᠵᠠᠩ ᠦᠢ᠍ᠯᠡ ᠵᠢᠨ ᠰᠣᠶᠣᠯ᠎ᠤᠨ ᠲᠣᠭᠣᠷᠢᠭ᠂ ᠤᠷᠤᠭᠯᠠᠬᠤ᠎ᠠᠴᠠ ᠡᠮᠦᠨᠡᠬᠢ ᠪᠡᠶᠡᠳᠡᠨ ᠣᠢ᠌ᠯᠠᠭ᠋ᠠᠬᠤ ᠲᠣᠭᠣᠷᠢᠭ᠂ ᠤᠷᠤᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠲᠣᠭᠣᠷᠢᠭ ᠵᠡᠷᠭᠡ ᠪᠤᠢ᠃ ᠤᠳᠤ ᠡᠨᠡ ᠬᠦ᠌ ᠲᠤᠷᠠᠯᠠᠯ᠎ᠤᠨ ᠠᠷᠠᠯ᠎ᠨᠢ ᠰᠢᠨ᠎ᠡ ᠬᠤᠤᠰ᠎ᠤᠳ᠎ᠤᠨ ᠰᠢᠨ᠎ᠡ ᠠᠶᠠᠯᠠᠯ ᠵᠶ᠋ᠠᠨ ᠡᠬᠢᠯᠡᠭᠦᠯᠬᠦ ᠳᠤᠷᠠᠲᠠᠢ ᠭᠠᠵᠠᠷ ᠪᠣᠯᠬᠤ᠎ᠪᠠᠷ ᠪᠠᠷᠠᠬᠤ ᠦᠭᠡᠢ᠂ ᠵᠠᠯᠠᠭᠤᠴᠤᠳ᠂ ᠠᠮᠠᠷᠠᠭ ᠬᠣᠣᠰ᠎ᠤᠨ ᠰᠡᠭᠦᠳᠡᠷ ᠲᠠᠳᠠᠬᠤ ᠭᠠᠵᠠᠷ ᠪᠤᠯᠤᠬᠰᠠᠨ ᠪᠠᠢ᠌ᠯ᠎ᠠ᠃
 

3.jpg

     
       ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠰᠢᠰᠲ᠋ᠧᠮ᠎ᠤᠨ ᠴᠤᠭᠯᠠᠷᠠᠯ᠎ᠢ ᠪᠦᠷᠢᠯᠳᠤᠬᠦᠯᠵᠤ᠂ ᠪᠠᠢ᠌ᠡᠭᠭᠤ  ᠲᠤᠬᠳᠠᠴᠨ ᠵᠢ ᠪᠤᠢ ᠪᠤᠯᠭ᠋ᠠᠪᠠ

 

     ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ᠎ᠬᠢᠨ 2023 ᠣᠨ᠎ᠳᠤ ᠤᠷᠴᠢᠮ᠎ᠤᠨ ᠭᠤᠷᠪᠠᠨ ᠵᠢᠯ᠎ᠤᠨ ᠤᠷᠤᠬ᠎ᠤᠨ ᠵᠠᠩᠰᠢᠯ᠎ᠤᠨ ᠥᠭᠡᠷᠡᠴᠢᠯᠡᠯᠲᠡ ᠵᠢᠨ ᠰᠦᠪᠡᠭᠴᠢᠯᠡᠯᠲᠡ ᠪᠠ ᠦᠢ᠍ᠯᠡᠳᠦᠯᠭᠡ᠎ᠲᠠᠢ᠎ᠪᠠᠨ ᠤᠶᠠᠯᠳᠤᠭᠤᠯᠵᠤ᠂ 《ᠤᠷᠤᠬ᠎ᠤᠨ ᠵᠠᠩᠰᠢᠯ᠎ᠤᠨ ᠥᠭᠡᠷᠡᠴᠢᠯᠡᠯᠲᠡ ᠵᠢᠨ ᠰᠠᠭᠤᠷᠢᠨ᠎ᠢ ᠪᠠᠢ᠌ᠭᠤᠯᠤᠨ ᠲᠡᠭᠦᠯᠳᠡᠷᠵᠢᠭᠦᠯᠵᠦ᠂ ᠪᠦᠬᠦ ᠠᠷᠠᠳ ᠵᠶ᠋ᠠᠷ ᠵᠶ᠋ᠠᠨ ᠥᠭᠡᠷᠡᠴᠢᠯᠡᠯᠲᠡ᠎ᠳᠤ ᠣᠷᠣᠯᠴᠠᠬᠤ ᠠᠭᠤᠷ ᠠᠮᠢᠰᠬᠤᠯ᠎ᠢ ᠦᠨᠢᠷ ᠦᠳᠬᠡᠨ ᠪᠤᠯᠭ᠋ᠠᠵᠤ᠂ ᠤᠷᠤᠬ᠎ᠤᠨ ᠵᠠᠩᠰᠢᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠤᠷᠤᠬ᠎ᠤᠨ ᠵᠠᠩᠰᠢᠯ᠎ᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠳᠡᠯᠭᠡᠷᠡᠭᠦᠯᠬᠦ》 ᠰᠢᠢ᠍ᠳᠪᠦᠷᠢᠲᠦ ᠢᠯᠠᠯᠲᠠ ᠵᠢ ᠣᠯᠬᠤ ᠬᠠᠷᠠᠯᠲᠠ ᠵᠢ ᠲᠣᠭᠲᠠᠭ᠋ᠠᠪᠠ᠃ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ 《ᠨᠢᠭᠡ ᠬᠢᠨᠠᠯᠲᠠ ᠨᠢᠭᠡ ᠪᠠᠷᠢᠮᠵᠢᠶ᠎ᠠ ᠭᠤᠷᠪᠠᠨ ᠬᠡᠮᠵᠢᠯ ᠲᠠᠪᠤᠨ ᠴᠢᠭᠯᠡᠯ》᠎ᠤᠨ ᠠᠵᠢᠯ᠎ᠤᠨ ᠰᠢᠰᠲᠸᠮ᠎ᠢ ᠲᠣᠭᠲᠠᠭ᠋ᠠᠪᠠ᠃ ᠪᠠᠢ᠌ᠩᠭᠤᠵᠢᠭᠰᠠᠨ᠂ ᠦᠪᠡᠷ᠎ᠤᠨ ᠤᠨᠴᠠᠯᠢᠭ᠎ᠲᠠᠢ᠂ ᠠᠷᠠᠳ᠎ᠲᠤ ᠤᠢ᠌ᠷ᠎ᠠ ᠲᠤᠳᠤᠨᠤ ᠥᠭᠡᠷᠡᠴᠢᠯᠡᠯᠲᠡ ᠵᠢᠨ ᠠᠷᠭ᠎ᠠ ᠵᠢ ᠲᠣᠭᠲᠠᠭ᠋ᠠᠵᠤ᠂ 《ᠴᠢᠩᠱ᠌ᠠᠨ ᠲᠣᠭᠣᠷᠢᠭ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠠᠵᠢᠯ᠎ᠤᠨ ᠬᠡᠷᠡᠭᠵᠢᠭᠦᠯᠬᠦ ᠲᠥᠰᠥᠯ》᠂ 《ᠴᠢᠩᠱ᠌ᠠᠨ ᠲᠣᠭᠣᠷᠢᠭ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠭᠤᠷᠪᠠᠨ  ᠰᠢᠨ᠎ᠡ ᠲᠣᠭᠲᠠᠭ᠋ᠠᠯ᠎ᠢ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠨ ᠨᠡᠢ᠌ᠲᠡᠯᠡᠵᠦ᠂ ᠴᠠᠭ ᠦᠶ᠎ᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠭᠰᠡᠨ᠂ ᠠᠷᠠᠳ᠎ᠤᠨ ᠠᠮᠢᠳᠤᠷᠠᠯ᠎ᠤᠨ ᠬᠠᠨᠳᠤᠰᠢ᠎ᠳᠤ ᠨᠡᠢ᠌ᠴᠡᠭᠰᠡᠨ ᠴᠢᠩ ᠱᠠᠨ ᠲᠣᠭᠣᠷᠢᠭ᠎ᠤᠨ ᠥᠪᠡᠷᠮᠢᠴᠡ ᠣᠨᠴᠠᠯᠢᠭ᠎ᠲᠠᠢ  ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠰᠢᠨ᠎ᠡ ᠰᠣᠷᠭᠣᠭ ᠥᠯᠢᠭᠡᠷ ᠳᠠᠭᠤᠷᠢᠶᠠᠯ᠎ᠢ ᠪᠣᠶ ᠪᠣᠯᠭ᠋ᠠᠪᠠ᠃

  

 

    ᠤᠯᠠᠮᠵᠢᠯᠠᠯᠲᠤ ᠬᠤᠷᠢᠮ᠎ᠤᠨ ᠰᠣᠶᠣᠯ᠎ᠢ ᠪᠠᠳᠠᠷᠠᠭᠤᠯᠤᠨ᠂ ᠰᠣᠶᠣᠯ᠎ᠤᠨ ᠢᠲᠡᠭᠡᠯ ᠵᠶ᠋ᠡᠨ ᠲᠡᠭᠡᠭᠰᠢᠯᠡᠬᠦᠯᠵᠤ ᠪᠠᠢ᠌ᠨ᠎ᠠ

 

    ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ᠎ᠬᠢᠨ 2023 ᠣᠨ᠎ᠳᠤ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠪᠣᠯᠣᠨ ᠰᠢᠨ᠎ᠡ ᠰᠣᠶᠣᠯ᠎ᠤᠨ ᠡᠭᠦᠷᠭᠡ ᠬᠠᠷᠢᠭᠤᠴᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠤᠷᠤᠭ᠎ᠤᠨ ᠵᠠᠩᠰᠢᠯ᠎ᠢ ᠤᠯᠠᠮᠵᠢᠯᠠᠨ ᠬᠥᠭᠵᠢᠭᠦᠯᠬᠦ ᠪᠠ ᠭᠡᠮ ᠰᠣᠭᠣᠭ᠎ᠢ ᠥᠭᠡᠷᠡᠴᠢᠯᠡᠵᠦ ᠰᠢᠨ᠎ᠡ ᠵᠢ ᠪᠤᠢ ᠪᠣᠯᠭ᠋ᠠᠬᠤ ᠵᠢ ᠤᠶᠠᠯᠳᠤᠭᠤᠯᠵᠤ᠂ ᠵᠢᠷᠭᠤᠳᠤᠭ᠋ᠠᠷ ᠬᠤᠭᠤᠴᠠᠭ᠋ᠠᠨ᠎ᠤ 《ᠥᠩᠭᠡᠷᠡᠭᠰᠡᠨ᠎ᠢ ᠮᠡᠳᠡᠵᠦ ᠢᠷᠡᠬᠡᠳᠤᠢ᠎ᠳᠤ ᠲᠣᠯᠢ ᠪᠣᠯᠭ᠋ᠠᠬᠤ · ᠶᠤᠰᠤᠯᠠᠯ᠎ᠢ ᠮᠡᠳᠡᠵᠤ ᠶᠤᠰᠤ ᠵᠢ ᠡᠷᠬᠢᠮᠯᠡᠬᠦ》 ᠴᠠᠭ ᠦᠶ᠎ᠡ ᠵᠢᠨ ᠬᠠᠮᠲᠤ ᠵᠢᠨ ᠬᠤᠷᠢᠮ᠎ᠤᠨ ᠶᠣᠰᠣᠯᠠᠯ᠎ᠢ ᠡᠷᠬᠢᠯᠡᠵᠦ᠂ 6 ᠰᠢᠨ᠎ᠡ ᠬᠤᠤᠰ᠎ᠲᠤ  ᠵᠸᠤ ᠵᠢᠨ ᠳᠦᠷᠢᠮ᠂ ᠲᠠᠩ ᠤᠯᠤᠰ᠎ᠤᠨ ᠳᠦᠷᠢᠮ᠂ ᠮᠢᠩ ᠴᠢᠩ᠂ ᠢᠷᠭᠡᠨ ᠤᠯᠤᠰ᠂ ᠨᠠᠶᠠᠭ᠋ᠠᠳ ᠣᠨ᠂ ᠤᠳᠤ ᠦᠶ᠎ᠡ ᠵᠡᠷᠬᠡ ᠵᠢᠷᠭᠤᠭ᠋ᠠᠨ ᠴᠠᠭ ᠦᠶ᠎ᠡ ᠵᠢᠨ ᠤᠷᠤᠭ᠎ᠤᠨ ᠵᠠᠩᠰᠢᠯ᠎ᠤᠨ ᠶᠣᠰᠣᠯᠠᠯ᠎ᠢ ᠦᠵᠡᠬᠦᠯᠪᠡ᠃ ᠪᠢᠯᠢᠭ᠎ᠤᠨ ᠤᠯᠠᠷᠢᠯ᠎ᠤᠨ ᠲᠤᠯᠤᠭ᠋ᠠᠨ ᠰᠠᠷ᠎ᠠ ᠵᠢᠨ ᠳᠣᠯᠣᠭ᠋ᠠᠨ᠎ᠤ ᠡᠳᠦᠷ᠎ᠢ ᠲᠤᠬᠢᠶᠠᠯᠳᠤᠭᠤᠯᠤᠨ 《ᠤᠷᠢᠨ ᠭᠤᠶᠤᠬᠤ ᠪᠠᠶᠠᠷ᠎ᠢ ᠰᠠᠢ᠌ᠨ ᠰᠠᠢ᠌ᠬᠠᠨ᠎ᠢ ᠬᠠᠮᠲᠤ᠎ᠪᠠᠷ ᠥᠩᠭᠡᠷᠡᠭᠦᠯᠵᠦ᠂ ᠠᠷᠠᠳ᠎ᠤᠨ ᠵᠠᠩ ᠦᠢᠯᠡ ᠵᠢᠨ ᠰᠣᠶᠣᠯ᠎ᠢ ᠬᠠᠮᠲᠤ᠎ᠪᠠᠷ ᠡᠳ᠋ᠯᠡᠶ᠎ᠡ》 ᠭᠡᠬᠦ ᠣᠷᠣᠭ ᠢᠨᠠᠭ᠎ᠤᠨ ᠰᠣᠶᠣᠯ᠎ᠤᠨ ᠭᠣᠣᠯ ᠰᠡᠳᠦᠪᠲᠦ ᠠᠵᠢᠯᠯᠠᠭ᠎ᠠ ᠵᠢ ᠡᠷᠭᠢᠯᠡᠵᠦ᠂ ᠤᠯᠠᠮᠵᠢᠯᠠᠯ ᠵᠶ᠋ᠠᠨ ᠬᠦᠨᠳᠦᠳᠬᠡᠨ᠂ ᠬᠡᠮ ᠰᠣᠭᠣᠭ ᠵᠶ᠋ᠠᠨ ᠬᠠᠯᠠᠵᠤ ᠰᠢᠨ᠎ᠡ ᠵᠢ ᠪᠣᠶ ᠪᠣᠯᠭ᠋ᠠᠬᠤ᠎ᠪᠠᠷ ᠬᠠᠷᠠᠯᠲᠠ ᠪᠣᠯᠭ᠋ᠠᠨ᠂ ᠣᠷᠣᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠰᠢᠨ᠎ᠡ ᠬᠡᠪ ᠰᠤᠷᠲᠠᠯ᠎ᠢ ᠰᠠᠨᠠᠭ᠋ᠠᠴᠢᠯᠠᠵᠤ᠂ ᠵᠥᠪ ᠣᠨᠣᠪᠴᠢᠲᠠᠶ ᠣᠷᠣᠭ ᠢᠨᠠᠭ᠎ᠤᠨ ᠦᠵᠡᠯᠲᠡ ᠪᠠ ᠣᠷᠣᠭ ᠭᠡᠷ ᠪᠦᠯᠢ ᠵᠢᠨ ᠥᠷᠲᠡᠭ᠎ᠤᠨ ᠬᠠᠨᠳᠤᠰᠢ ᠵᠢ ᠳᠠᠮᠵᠢᠭᠤᠯᠵᠤ᠂ ᠰᠣᠶᠣᠯ᠎ᠤᠨ ᠢᠲᠡᠭᠡᠯ ᠵᠶ᠋ᠡᠷ ᠥᠪᠡᠷ᠎ᠢ᠎ᠪᠠᠨ ᠬᠦᠴᠦᠷᠬᠡᠭᠵᠢᠭᠦᠯᠬᠦ ᠵᠢ ᠠᠬᠢᠭᠤᠯᠪᠠ᠃
 
    ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠦᠷᠦᠯ ᠲᠡᠮᠳᠡᠭ᠎ᠢ ᠡᠬᠦᠳᠬᠦ ᠠᠵᠢᠯ᠎ᠢ ᠦᠷᠭᠦᠯᠵᠢᠯᠡᠨ ᠠᠬᠢᠭᠤᠯᠵᠤ᠂ ᠦᠵᠡᠯ ᠰᠠᠨᠠᠭ᠋ᠠᠨ᠎ᠤ ᠵᠢᠯᠤᠭᠤᠳᠤᠮᠵᠢ ᠵᠢ ᠬᠦᠨᠵᠡᠬᠡᠢ᠌ᠷᠡᠬᠦᠯᠪᠡ

 

   ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ ᠴᠢᠶᠠᠨ ᠰᠢ ᠴᠡᠴᠡᠷᠯᠢᠭ᠎ᠤᠨ ᠴᠠᠡᠭ ᠴᠢᠡᠭ ᠨᠠᠭᠤᠷ᠎ᠤᠨ ᠲᠡᠨᠵᠢᠨ᠎ᠳᠤ2023 ᠣᠨ᠎ᠤ 5 ᠰᠠᠷ᠎ᠠ ᠵᠢᠨ 20 ᠎ᠤ ᠡᠳᠦᠷ 《ᠭᠤᠶᠤ ᠰᠠᠢ᠌ᠬᠠᠨ ᠡᠶ᠎ᠡ ᠵᠣᠬᠢᠴᠠᠩᠭᠤᠢ · ᠦᠨᠢ ᠮᠦᠡᠭᠭᠡ ᠵᠢᠨ ᠬᠠᠢ᠌ᠷ᠎ᠠ ᠲᠤᠷᠠᠯᠠᠯ》 ᠬᠡᠬᠦ ᠴᠢᠩᠱ᠌ᠠᠨ ᠲᠣᠭᠣᠷᠢᠭ᠎ᠤᠨ ᠳᠣᠯᠣᠳᠤᠭ᠋ᠠᠷ ᠬᠤᠭᠤᠴᠠᠭ᠋ᠠᠨ᠎ᠤ ᠬᠠᠮᠲᠤ ᠵᠢᠨ ᠬᠤᠷᠢᠮ᠎ᠤᠨ ᠶᠣᠰᠣᠯᠠᠯ ᠪᠠ ᠴᠢᠩᠱ᠌ᠠᠨ ᠲᠣᠭᠣᠷᠢᠭ᠎ᠤᠨ ᠤᠷᠤᠭ᠎ᠤᠨ ᠰᠣᠶᠣᠯ᠎ᠤᠨ IP ᠳᠦᠷᠢ ᠲᠥᠷᠬᠦ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ᠃ ᠬᠠᠮᠲᠤ ᠵᠢᠨ ᠬᠤᠷᠢᠮ᠎ᠤᠨ ᠶᠣᠰᠣᠯᠠᠯ᠎ᠳᠤ ᠣᠷᠣᠯᠴᠠᠭᠰᠠᠨ 10 ᠰᠢᠨ᠎ᠡ ᠬᠤᠤᠰ ᠬᠤᠷᠢᠮ᠎ᠤᠨ ᠰᠢᠨ᠎ᠡ ᠰᠤᠷᠲᠠᠯ᠎ᠤᠨ ᠰᠠᠨᠠᠭ᠋ᠠᠴᠢᠯᠠᠭ᠎ᠠ ᠵᠢᠨ ᠬᠡᠷᠡᠮ ᠲᠡᠬᠡᠷ᠎ᠡ ᠭᠠᠷ᠎ᠤᠨ ᠦᠰᠦᠭ ᠵᠢᠷᠤᠪᠠ᠃ ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ ᠣᠷᠣᠭ ᠲᠠᠡᠭᠰᠠᠯᠠᠬᠤ ᠭᠠᠵᠠᠷ᠎ᠤᠨ᠎ᠬᠢᠨ ᠲᠤᠰ ᠡᠳᠤᠷ ᠴᠢᠩᠱ᠌ᠠᠨ ᠲᠣᠭᠣᠷᠢᠭ᠎ᠤᠨ ᠣᠷᠣᠭ᠎ᠤᠨ ᠰᠣᠶᠣᠯ᠎ᠤᠨ ᠳᠦᠷᠢ ᠲᠥᠷᠬᠦ ᠵᠢᠨ IP — ᠴᠠᠷᠠᠰᠤᠨ ᠵᠢᠮᠢᠰ ᠪᠣᠯᠣᠨ ᠬᠥᠪᠥᠩ᠎ᠢ ᠲᠤᠰᠬᠠᠢ᠌ᠯᠠᠨ ᠵᠢᠷᠤᠵᠤ ᠲᠥᠯᠥᠪᠯᠡᠨ ᠨᠡᠢ᠌ᠲᠡᠯᠡᠪᠡ᠃ ᠶᠤᠬᠳᠠ ᠤᠳᠬ᠎ᠠ᠎ᠲᠠᠢ ᠡᠨᠡ ᠬᠦ᠌ ᠬᠠᠢ᠌ᠷᠠᠯᠠᠯᠲᠠᠢ IP ᠮᠥᠷᠥ ᠵᠡᠷᠭᠡᠴᠡᠨ ᠰᠦᠨᠳᠡᠷᠯᠡᠵᠦ᠂ ᠴᠢᠩᠱ᠌ᠠᠨ ᠲᠣᠭᠣᠷᠢᠭ᠎ᠤᠨ  ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠡᠷᠡᠭᠦᠯ ᠡᠩᠬᠡ ᠤᠷᠤᠭ᠎ᠤᠨ ᠴᠣ᠌ ᠰᠢᠨ᠎ᠡ ᠣᠢ᠌ᠯᠠᠭ᠋ᠠᠭᠳᠠᠬᠤᠨ᠎ᠢ ᠲᠥᠯᠥᠭᠡᠯᠡᠵᠦ᠂ ᠴᠢᠩᠱ᠌ᠠᠨ ᠲᠣᠭᠣᠷᠢᠭ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠪᠠᠰᠠ ᠨᠢᠭᠡᠨ ᠨᠡᠷᠡᠲᠦ ᠲᠡᠮᠳᠡᠭ ᠪᠣᠯᠤᠭᠰᠠᠨ ᠪᠠᠢ᠌ᠨ᠎ᠠ᠃

ᠤᠷᠤᠭ ᠬᠡᠷ ᠪᠦᠯᠢ ᠵᠢᠨ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠨ ᠶᠠᠰᠤ ᠴᠢᠨᠠᠷ᠎ᠢ ᠲᠡᠭᠡᠭᠰᠢᠯᠡᠬᠦᠯᠤᠬᠡᠳ ᠡᠶ᠎ᠡ ᠵᠣᠬᠢᠴᠠᠩᠭᠤᠢ ᠣᠢ᠌ᠯᠠᠭ᠋ᠠᠭᠳᠠᠬᠤᠨ᠎ᠢ  ᠬᠦᠨ᠎ᠡ ᠦᠨᠳᠤᠰᠤᠯᠡᠬᠦᠯᠪᠡ

     ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ᠎ᠬᠢᠨ 2023 ᠣᠨ᠎ᠳᠤ 《ᠬᠠᠢ᠌ᠷ᠎ᠠ ᠵᠢ ᠰᠡᠷᠭᠦᠭᠡᠬᠦ》 ᠣᠷᠣᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡ᠂ ᠤᠷᠤᠭᠯᠠᠬᠤ᠎ᠠᠴᠠ ᠡᠮᠦᠨᠡᠬᠢ  ᠬᠥᠮᠦᠵᠢᠯ᠎ᠤᠨ ᠬᠢᠴᠢᠶᠡᠯ᠎ᠤᠨ ᠲᠠᠩᠬᠢᠮ᠎ᠤᠨ ᠦᠢ᠍ᠯᠡᠴᠢᠯᠡᠭᠡ ᠵᠢ ᠦᠷᠭᠦᠯᠵᠢᠯᠡᠨ ᠪᠠᠢ᠌ᠩᠭᠤᠵᠢᠭᠤᠯᠤᠨ ᠥᠷᠨᠢᠭᠦᠯᠪᠡ᠃ 20 ᠭᠠᠷᠤᠢ ᠲᠤᠰᠬᠠᠢ ᠮᠡᠷᠭᠡᠵᠢᠯ᠎ᠤᠨ ᠬᠢᠷᠢ ᠬᠡᠮ᠎ᠲᠠᠢ ᠣᠷᠣᠭ ᠭᠡᠷ ᠪᠦᠯᠢ ᠵᠢᠨ ᠵᠥᠪᠯᠡᠯᠭᠡ ᠥᠭᠭᠦᠭᠴᠢ ᠣᠷᠣᠭ᠎ᠤᠨ ᠪᠦᠷᠢᠳᠬᠡᠯ᠎ᠤᠨ ᠲᠠᠪᠴᠠᠩ᠂ ᠨᠡᠢ᠌ᠭᠡᠮ ᠲᠣᠭᠣᠷᠢᠭ (ᠭᠠᠴᠠᠭ᠎ᠠ ᠲᠣᠰᠬᠣᠨ)᠎ᠤᠨ ᠣᠷᠣᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠥᠷᠲᠡᠭᠡ᠎ᠳᠤ ᠣᠷᠣᠭ ᠰᠠᠯᠬᠤ᠎ᠳᠤ ᠭᠠᠷ ᠲᠦᠷᠦᠭᠦ᠂ ᠳᠣᠲᠣᠨᠣ ᠬᠠᠷᠢᠴᠠᠭ᠎ᠠ᠎ᠲᠠᠢ ᠪᠠᠢ᠌ᠬᠤ ᠲᠡᠢ᠌ᠰᠢ ᠬᠠᠪᠰᠤᠷᠤᠨ ᠵᠢᠯᠤᠭᠣᠳᠬᠤ᠂ ᠤᠷᠤᠭᠯᠠᠬᠤ᠎ᠠᠴᠠ ᠡᠮᠦᠨᠡᠬᠢ ᠬᠥᠮᠦᠵᠢᠯ᠎ᠢ ᠬᠠᠪᠰᠤᠷᠤᠨ ᠵᠢᠯᠤᠭᠣᠳᠬᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠢᠴᠢᠶᠡᠯ᠎ᠢ ᠥᠷᠨᠢᠭᠦᠯᠪᠡ᠃ ᠪᠦᠬᠦ ᠵᠢᠯ᠎ᠳᠤ ᠮᠢᠩᠭ᠎ᠠ ᠭᠠᠷᠤᠢ ᠣᠨᠴᠠᠭ᠋ᠠᠶ ᠬᠡᠷᠡᠭ᠎ᠤᠨ ᠬᠠᠪᠰᠤᠷᠤᠨ ᠵᠢᠯᠣᠭᠣᠳᠤᠯᠭ᠎ᠠ ᠵᠢ ᠬᠦᠯᠢᠶᠡᠨ ᠠᠪᠴᠤ᠂ ᠤᠷᠤᠭ ᠭᠡᠷ ᠪᠦᠯᠢ ᠵᠢᠨ ᠳᠤᠭᠤᠢ᠌ᠯᠠᠩ᠎ᠤᠨ ᠠᠵᠢᠯᠯᠠᠭ᠎ᠠ ᠵᠢ 20 ᠭᠠᠷᠤᠢ ᠤᠳᠠᠭ᠎ᠠ ᠥᠷᠨᠢᠭᠦᠯᠪᠡ᠃ ᠬᠤᠷᠢᠮᠯᠠᠬᠤ᠎ᠠᠴᠠ ᠡᠮᠦᠨᠡᠬᠢ ᠬᠢᠴᠢᠶᠡᠯ᠎ᠤᠨ ᠲᠠᠩᠬᠢᠮ᠂ ᠤᠷᠤᠭ ᠢᠨᠠᠭ᠎ᠤᠨ ᠦᠵᠡᠯᠲᠡ ᠵᠢᠨ ᠭᠣᠣᠯ ᠰᠡᠳᠦᠪᠲᠦ ᠬᠥᠮᠦᠵᠢᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠵᠠᠯᠠᠭᠤᠴᠤᠳ᠎ᠤᠨ ᠨᠠᠢ᠌ᠵᠠᠯᠠᠬᠤ ᠠᠵᠢᠯᠯᠠᠭ᠎ᠠ ᠵᠢ 40 ᠭᠠᠷᠤᠢ ᠤᠳᠠᠭ᠎ᠠ ᠥᠷᠨᠢᠭᠦᠯᠪᠡ᠃ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢ ᠤᠬᠠᠭᠤᠯᠤᠨ ᠲᠠᠢ᠌ᠯᠪᠤᠷᠢᠯᠠᠬᠤ᠂ ᠤᠷᠤᠭ᠎ᠤᠨ ᠵᠠᠩᠰᠢᠯ᠎ᠤᠨ ᠰᠢᠨ᠎ᠡ ᠰᠤᠷᠲᠠᠯ᠎ᠤᠨ ᠤᠷᠠᠨ ᠰᠠᠢ᠌ᠬᠠᠨ᠎ᠤ ᠲᠣᠭᠣᠷᠢᠨ ᠲᠣᠭᠯᠠᠯᠲᠠ ᠵᠡᠷᠭᠡ ᠠᠵᠢᠯᠯᠠᠭ᠎ᠠ ᠵᠢ 20 ᠭᠠᠷᠤᠢ ᠤᠳᠠᠭ᠎ᠠ ᠥᠷᠨᠢᠭᠦᠯᠪᠡ᠃ ᠡᠢ᠌ᠨ ᠬᠦ᠌ ᠠᠰᠢᠭ ᠬᠦᠷᠲᠡᠭᠴᠢ ᠲᠦᠮᠡ ᠰᠢᠬᠠᠮ ᠬᠥᠮᠥᠨ ᠪᠤᠯᠵᠤ᠂ ᠬᠦᠮᠦᠨ ᠪᠦᠬᠦᠨ ᠣᠷᠣᠭ᠎ᠤᠨ ᠵᠠᠡᠭᠰᠢᠯ᠎ᠢ ᠥᠭᠡᠷᠡᠴᠢᠯᠡᠬᠦ᠂ ᠵᠠᠩ ᠳᠠᠳᠬᠠᠯ᠎ᠢ ᠥᠭᠡᠷᠡᠴᠢᠯᠡᠬᠦ ᠰᠠᠨᠠᠭ᠋ᠠᠴᠢᠯᠠᠭᠴᠢ᠂ ᠳᠠᠭ᠋ᠠᠭᠤᠯᠤᠭᠴᠢ᠂ ᠣᠷᠣᠯᠴᠠᠭᠴᠢ ᠪᠣᠯᠤᠭᠰᠠᠨ ᠪᠠᠢ᠌ᠨ᠎ᠠ᠃


    ᠲᠤᠷᠰᠢᠯᠭ᠎ᠠ᠎ᠪᠠᠨ ᠰᠣᠯᠢᠯᠴᠠᠵᠤ ᠬᠠᠷᠢᠯᠴᠠᠨ ᠲᠣᠯᠢ ᠪᠣᠯᠭ᠋ᠠᠬᠤ ᠲᠠᠪᠴᠠᠩ᠎ᠢ ᠪᠠᠢ᠌ᠭᠤᠯᠤᠨ᠂ ᠨᠦᠯᠦᠬᠡᠯᠡᠬᠦ ᠦᠢ᠍ᠯᠡᠳᠤᠯ᠎ᠢ᠎ᠨᠢ ᠪᠠᠳᠠᠷᠠᠭᠤᠯᠪᠠ 



    2023 ᠣᠨ᠎ᠳᠤ ᠡᠯ᠎ᠡ ᠱᠠᠲᠤᠨ᠎ᠤ ᠤᠳᠤᠷᠢᠳᠤᠯᠭ᠎ᠠ ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠢᠯ᠎ᠤᠨ ᠠᠬᠢᠴᠠ ᠵᠢᠨ ᠪᠠᠢ᠌ᠳᠠᠯ᠎ᠢ ᠣᠯᠠᠨ ᠤᠳᠠᠭ᠎ᠠ ᠪᠠᠢ᠌ᠴᠠᠭ᠋ᠠᠨ ᠦᠵᠡᠵᠦ ᠬᠢᠨᠠᠨ  ᠵᠢᠯᠤᠭᠤᠳᠴᠤ᠂ ᠴᠢᠩᠱ᠌ᠠᠨ ᠲᠣᠭᠣᠷᠢᠭ᠎ᠤᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠰᠢᠰᠲ᠋ᠧᠮ᠂ 《ᠤᠷᠤᠭ ᠬᠤᠷᠢᠮ᠎ᠤᠨ ᠬᠡᠷᠡᠭᠴᠡᠭᠡ᠎ᠪᠠᠷ ᠤᠷᠤᠭ ᠬᠤᠷᠢᠮ᠎ᠤᠨ ᠠᠵᠤ ᠦᠢ᠍ᠯᠡᠰ᠎ᠢ ᠠᠬᠢᠭᠤᠯᠵᠤ᠂ ᠤᠷᠤᠭ ᠬᠤᠷᠢᠮ᠎ᠤᠨ ᠠᠵᠤ ᠦᠢ᠍ᠯᠡᠰ ᠵᠶ᠋ᠡᠷ ᠤᠷᠤᠭ ᠬᠤᠷᠢᠮ᠎ᠤᠨ ᠵᠠᠩ ᠳᠠᠳᠬᠠᠯ᠎ᠤᠨ ᠣᠢ᠌ᠯᠠᠭ᠋ᠠᠭᠳᠠᠬᠤᠨ᠎ᠢ ᠨᠥᠯᠥᠭᠡᠯᠡᠬᠦ》 ᠥᠭᠡᠷᠡᠴᠢᠯᠡᠯᠲᠡ ᠵᠢᠨ ᠰᠢᠨ᠎ᠡ ᠰᠡᠳᠬᠢᠮᠵᠢ᠎ᠳᠤ 《ᠨᠠᠷᠢᠯᠢᠭ ᠎ᠠᠴᠠ ᠨᠠᠷᠢᠯᠢᠭ᠂ ᠭᠦᠨᠵᠡᠭᠡᠢ ᠪᠦᠬᠡᠳ ᠪᠣᠳᠠᠲᠠᠢ》 ᠬᠡᠰᠡᠨ ᠰᠠᠢ᠌ᠨ ᠦᠨᠡᠯᠡᠯᠲᠡ ᠵᠢ ᠦᠭᠭᠦᠭᠰᠡᠨ ᠪᠠᠢ᠌ᠨ᠎ᠠ᠃ ᠲᠤᠷᠰᠢᠯᠲᠠ ᠵᠢᠨ  ᠴᠡᠭ ᠪᠣᠯᠤᠭᠰᠠᠨ ᠴᠢᠩᠱ᠌ᠠᠨ ᠲᠣᠭᠣᠷᠢᠭ᠎ᠤᠨ᠎ᠬᠢᠨ ᠴᠦ᠍ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ  ᠲᠡᠯᠬᠡᠷᠡᠬᠦᠯᠬᠦ ᠵᠢᠨ ᠲᠦᠯᠤᠬᠡ  ᠬᠦᠯᠤᠨ ᠪᠤᠢ᠍ᠢ᠍ᠷ ᠬᠤᠳᠠ᠂ ᠤᠯᠠᠭ᠋ᠠᠨᠬᠠᠳᠠ ᠬᠤᠳᠠ᠂ ᠲᠦᠩᠯᠢᠶᠣᠣ ᠬᠤᠳᠠ᠂ ᠬᠥᠬᠡᠬᠣᠲᠠ᠂ ᠣᠷᠳᠣᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠵᠡᠷᠭᠡ ᠤᠯᠠᠨ ᠠᠢ᠌ᠮᠠᠭ ᠬᠤᠳᠠ ᠵᠢᠨ ᠪᠠᠢ᠌ᠴᠠᠭ᠋ᠠᠨ ᠰᠤᠳᠤᠯᠤᠯᠲᠠ ᠵᠢ ᠬᠦᠯᠢᠶᠡᠨ ᠠᠪᠴᠤ᠂ ᠥᠪᠡᠷᠲᠡᠭᠡᠨ ᠵᠠᠰᠠᠬᠤ ᠣᠷᠣᠨ᠎ᠤ  ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠬᠥᠭᠵᠢᠯᠲᠡ᠂ ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠎ᠳᠤ ᠰᠣᠯᠢᠯᠴᠠᠭ᠎ᠠ ᠬᠢᠵᠦ ᠬᠠᠷᠢᠯᠴᠠᠨ ᠲᠣᠯᠢ ᠪᠣᠯᠭ᠋ᠠᠬᠤ ᠲᠠᠪᠴᠠᠩ᠎ᠢ ᠪᠠᠢ᠌ᠭᠤᠯᠪᠠ᠃

7.jpg


    2023 ᠣᠨ᠎ᠳᠤ ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ᠎ᠬᠢᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠳᠤᠮᠳᠠ ᠲᠤᠢ᠌ᠯᠪᠤᠷᠢᠳᠠᠢ ᠰᠢᠢ᠍ᠳᠪᠤᠷᠢᠯᠡᠬᠦ ᠤᠬᠠᠮᠰᠠᠷ᠎ᠢ ᠵᠣᠷᠢᠭᠲᠠᠢ᠎ᠪᠠᠷ ᠪᠤᠢ ᠪᠣᠯᠭ᠋ᠠᠵᠤ᠂ 《  ᠪᠠᠢ᠌ᠡᠭᠭᠤ ᠵᠢᠨ᠂ ᠠᠷᠠᠳ᠎ᠲᠤ  ᠲᠤᠳᠤᠨᠤᠰᠤᠭ᠂  ᠤᠨᠴᠠᠯᠢᠭ᠎ᠲᠠᠢ᠂ ᠪᠦᠬᠦ ᠶᠠᠪᠤᠴᠨ》 ᠵᠢᠨ ᠥᠭᠡᠷᠡᠴᠢᠯᠡᠯᠲᠡ ᠵᠢᠨ ᠴᠢᠭᠯᠡᠯ᠎ᠢ ᠪᠠᠷᠢᠮᠲᠠᠯᠠᠵᠤ᠂ ᠨᠡᠢ᠌ᠭᠡᠮ᠎ᠤᠨ ᠪᠣᠯᠪᠠᠰᠤᠨ᠎ᠤ ᠬᠡᠮᠵᠢᠶ᠎ᠡ ᠪᠣᠯᠣᠨ ᠤᠯᠠᠨ ᠲᠦᠮᠡᠨ᠎ᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠴᠢᠷᠮᠠᠢ᠌ᠨ ᠳᠡᠭᠡᠭᠰᠢᠯᠡᠭᠦᠯᠵᠦ᠂ ᠰᠣᠶᠣᠯ᠎ᠤᠨ ᠢᠲᠡᠭᠡᠯ ᠵᠶ᠋ᠡᠷ ᠥᠪᠡᠷ᠎ᠢ᠎ᠪᠠᠨ ᠬᠦᠴᠦᠷᠬᠡᠭᠵᠢᠭᠦᠯᠬᠦ ᠠᠵᠢᠯ᠎ᠢ ᠲᠠᠰᠤᠷᠠᠯᠳᠡ ᠦᠭᠡᠢ ᠠᠬᠢᠭᠤᠯᠵᠤ᠂  ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ 《ᠴᠢᠡᠭᠱ᠌ᠠᠨ᠎ᠤ ᠵᠢᠱ᠌ᠢᠶ᠎ᠡ》 ᠎ᠢ ᠴᠢᠷᠮᠠᠢ᠌ᠨ ᠵᠢᠷᠤᠭᠯᠠᠪᠠ᠃  2024 ᠣᠨ᠎ᠳᠤ ᠪᠤᠭᠤᠳᠤ ᠬᠤᠳᠠ ᠵᠢᠨ ᠴᠢᠩᠱ᠌ᠠᠨ ᠲᠣᠭᠣᠷᠢᠭ᠎ᠤᠨ᠎ᠬᠢᠨ ᠳᠠᠭ᠋ᠠᠭᠤᠯᠤᠨ ᠭᠦᠶᠦᠭᠴᠢ ᠵᠢᠨ ᠣᠪᠣᠷ ᠪᠠᠢ᠌ᠳᠠᠯ ᠵᠶ᠋ᠠᠨ ᠪᠠᠷᠢᠮᠲᠠᠯᠠᠵᠤ ᠵᠣᠷᠢᠭᠲᠠᠢ᠎ᠪᠠᠷ ᠤᠷᠤᠰᠬᠠᠯ᠎ᠤᠨ ᠡᠮᠦᠨ᠎ᠡ ᠵᠣᠭᠰᠣᠵᠤ᠂ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠬᠠᠯᠠᠭᠤᠨ ᠳᠤᠯᠠᠭ᠋ᠠᠨ ᠪᠠ ᠬᠠᠯᠠᠭᠤᠨ  ᠤᠷᠮ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂  ᠤᠷᠤᠭ᠎ᠤᠨ  ᠵᠠᠡᠭᠰᠢᠯ᠎ᠤᠨ ᠥᠭᠡᠷᠡᠴᠢᠯᠡᠯᠲᠡ ᠵᠢ ᠬᠥᠮᠥᠰ᠎ᠤᠨ ᠰᠡᠳᠬᠢᠯ᠎ᠳᠤ  ᠬᠠᠳᠠᠡᠭᠰᠢᠭᠤᠯᠬᠤ ᠪᠤᠯᠤᠨ᠎ᠠ᠃

 

              

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ᠄ ᠬᠤᠷᠢᠮ᠎ᠤᠨ ᠶᠣᠰᠣᠯᠠᠯ᠎ᠤᠨ ᠨᠡᠶ᠋ᠢᠲᠡ ᠵᠢᠨ ᠮᠠᠰᠢᠨ ᠷᠣᠮᠠᠨᠲ᠋ᠢᠭ ᠠᠶᠠᠯᠠᠯ ᠵᠶ᠋ᠠᠨ ᠡᠬᠢᠯᠡᠭᠦᠯᠵᠦ ᠴᠢᠩᠱ᠌ᠠᠨ ᠲᠣᠭᠣᠷᠢᠭ᠎ᠲᠤ ᠪᠤᠬᠢᠷᠳᠤᠯ ᠦᠬᠡᠢ ᠬᠤᠷᠢᠮ᠎ᠤᠨ ᠶᠣᠰᠣᠯᠠᠯ᠎ᠤᠨ ᠰᠢᠨ᠎ᠡ ᠥᠩᠭᠡ ᠵᠢ ᠪᠣᠶ ᠪᠣᠯᠭ᠋ᠠᠪᠠ
ᠦᠬᠠᠢ ᠬᠤᠳᠠ ᠵᠢᠨ᠎ᠬᠢᠨ ᠭᠡᠷ᠎ᠲᠤ᠎ᠪᠠᠨ ᠬᠣᠴᠣᠷᠤᠭᠰᠠᠨ ᠬᠡᠦᠬᠡᠳ ᠪᠣᠯᠣᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠠᠢ
ᠤᠯᠠᠭ᠋ᠠᠨᠬᠠᠳᠠ ᠵᠢᠨ ᠬᠤᠩᠱ᠌ᠠᠨ ᠲᠤᠭᠤᠷᠢᠭ᠎ᠤᠨ 68 ᠰᠢᠨ᠎ᠡ ᠬᠤᠤᠰ ᠰᠢᠨ᠎ᠡ ᠤᠨ ᠵᠶ᠋ᠡᠨ ᠷᠤᠮᠠᠨᠲ᠋ᠢᠭ ᠵᠶ᠋ᠡᠷ ᠤᠬᠳᠤᠯ᠎ᠠ
 
            