ᠲᠤᠰᠠᠯᠠᠮᠵᠢ ᠵᠢᠨ ᠬᠠᠮᠢᠶᠠᠷᠤᠯᠲᠠ ᠵᠢᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠤᠯᠠᠭ᠋ᠠᠨᠴᠠᠪ ᠬᠣᠲᠠ ᠵᠢᠨ ᠣᠷᠣᠰᠢᠭᠤᠯᠭ᠎ᠠ ᠵᠢᠨ ᠥᠭᠡᠷᠡᠴᠢᠯᠡᠯᠲᠡ ᠪᠠ ᠲᠣᠭᠲᠠᠭ᠋ᠠᠯ᠎ᠠᠴᠠ ᠵᠥᠷᠢᠴᠡᠨ ᠪᠠᠢ᠌ᠭᠤᠯᠤᠬᠰᠠᠨ ᠪᠤᠯᠠᠰᠢᠨ᠎ᠤ ᠭᠠᠵᠠᠷ᠎ᠢ ᠵᠠᠰᠠᠬᠤ ᠠᠵᠢᠯ᠎ᠤᠨ ᠠᠬᠢᠴᠠ ᠵᠢ ᠲᠦᠷᠬᠡᠳᠬᠡᠬᠦ ᠵᠢᠨ ᠲᠥᠯᠥᠭᠡ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 11 ᠳ᠋ᠤᠬᠡᠷ ᠰᠠᠷ᠎ᠠ ᠵᠢᠨ 27᠎ᠠᠴᠠ 29᠎ᠤ ᠡᠳᠦᠷ ᠰᠢᠩ ᠾᠧ ᠰᠢᠶᠠᠨ᠎ᠳᠤ 2023 ᠣᠨ᠎ᠤ ᠪᠥᠬᠥ ᠬᠣᠲᠠ ᠵᠢᠨ ᠲᠤᠰᠠᠯᠠᠮᠵᠢ ᠵᠢᠨ ᠬᠠᠮᠢᠶᠠᠷᠤᠯᠲᠠ ᠵᠢᠨ ᠠᠵᠢᠯ᠎ᠤᠨ ᠪᠣᠯᠪᠠᠰᠤᠷᠠᠯ ᠪᠠ ᠲᠣᠭᠲᠠᠭ᠋ᠠᠯ᠎ᠠᠴᠠ ᠵᠥᠷᠢᠴᠡᠨ ᠪᠠᠢ᠌ᠭᠤᠯᠤᠬᠰᠠᠨ ᠪᠤᠯᠠᠰᠢᠨ ᠭᠠᠵᠠᠷ᠎ᠢ ᠵᠠᠰᠠᠬᠤ ᠠᠵᠢᠯ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ᠃ ᠰᠢᠡᠭ ᠾᠸ ᠰᠢᠶᠠᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠢᠦᠢ ᠬᠣᠩ ᠯᠢᠶᠠᠩ ᠪᠠᠶᠠᠷ᠎ᠤᠨ ᠦᠭᠡ ᠬᠡᠯᠡᠵᠦ᠂ ᠤᠯᠠᠭ᠋ᠠᠨᠴᠠᠪ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠤᠤ ᠰᠤ᠌ ᠶᠠᠩ ᠪᠤᠯᠪᠠᠰᠤᠷᠠᠯ ᠡᠬᠢᠯᠡᠬᠦᠯᠬᠦ ᠶᠠᠷᠢᠶ᠎ᠠ ᠲᠠᠯᠪᠢᠵᠤ᠂ ᠤᠯᠠᠭ᠋ᠠᠨᠴᠠᠪ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠥᠷᠪᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠬ᠍ᠴᠢ᠂ ᠰᠠᠯᠠᠭ᠋ᠠᠨ ᠳᠠᠷᠤᠭ᠎ᠠ ᠸᠠᠩ ᠵᠢᠶᠠᠨ ᠰᠤᠷᠤᠯᠭ᠎ᠠ ᠡᠬᠢᠯᠡᠬᠦ ᠶᠣᠰᠣᠯᠠᠯ᠎ᠢ ᠡᠷᠬᠢᠯᠡᠪᠡ᠃

ᠲᠣᠰ ᠪᠣᠯᠪᠠᠰᠤᠷᠠᠯ᠎ᠨᠢ ᠰᠢ ᠵᠢᠨ ᠫᠢᠩ ᠶᠡᠷᠦᠩᠬᠡᠢ ᠱᠦᠵᠢ ᠵᠢᠨ ᠲᠡᠨᠦᠭᠦᠴᠢᠯᠡᠨ ᠭᠤᠢ᠌ᠷᠠᠨᠴᠢᠯᠠᠬᠰᠠᠳ᠎ᠢ ᠲᠤᠰᠠᠯᠠᠵᠤ ᠬᠠᠮᠢᠶᠠᠷᠬᠤ ᠪᠠ ᠣᠷᠣᠰᠢᠭᠤᠯᠭ᠎ᠠ ᠵᠢᠨ ᠥᠭᠡᠷᠡᠴᠢᠯᠡᠯᠲᠡ ᠵᠢᠨ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠬᠦ ᠲᠤᠬᠠᠢ ᠭᠠᠷᠭ᠋ᠠᠭᠰᠠᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠪᠠᠷ ᠵᠢᠯᠣᠭᠣᠳᠤᠯᠭ᠎ᠠ ᠪᠣᠯᠭ᠋ᠠᠵᠤ᠂ ᠲᠥᠪᠯᠡᠷᠡᠭᠦᠯᠦᠨ ᠬᠢᠴᠢᠶᠡᠯᠯᠡᠬᠦ᠂ ᠬᠠᠷᠢᠯᠴᠠᠨ ᠰᠣᠯᠢᠯᠴᠠᠬᠤ ᠪᠠ ᠲᠣᠭᠣᠷᠢᠨ ᠦᠵᠡᠬᠦ ᠠᠷᠭ᠎ᠠ᠎ᠪᠠᠷ ᠶᠠᠪᠤᠬᠳᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠬᠡᠷᠡᠭ ᠶᠠᠪᠤᠳᠠᠯ᠎ᠤᠨ ᠭᠠᠵᠠᠷ᠎ᠤᠨ ᠳᠡᠳ᠋ ᠳᠠᠷᠤᠭ᠎ᠠ ᠬᠠᠨ ᠮᠢᠩ ᠣᠷᠣᠰᠢᠭᠤᠯᠭ᠎ᠠ ᠵᠢᠨ ᠠᠵᠢᠯ᠎ᠤᠨ ᠲᠤᠬᠠᠢ ᠲᠤᠰᠬᠠᠢ ᠰᠡᠳᠦᠪ ᠵᠶ᠋ᠡᠷ ᠬᠢᠴᠢᠶᠡᠯᠯᠡᠪᠡ᠃ ᠤᠯᠠᠭ᠋ᠠᠨᠴᠠᠪ ᠬᠣᠲᠠ ᠵᠢᠨ ᠨᠡᠢ᠌ᠭᠡᠮ᠎ᠤᠨ ᠲᠤᠰᠠᠯᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠤᠨ᠎ᠬᠢᠨ ᠠᠮᠢᠳᠤᠷᠠᠯ᠎ᠳᠤ᠎ᠪᠠᠨ ᠵᠥᠪ ᠦᠭᠡᠢ ᠲᠡᠨᠤᠬᠦᠴᠢᠯᠡᠨ ᠭᠤᠢ᠌ᠷᠠᠨᠴᠢᠯᠠᠬᠰᠠᠳ᠎ᠢ ᠲᠤᠰᠠᠯᠠᠬᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠠᠵᠢᠯ᠎ᠤᠨ ᠳᠦᠷᠢᠮ ᠲᠣᠭᠲᠠᠭ᠋ᠠᠯ᠂ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠠᠵᠢᠯᠯᠠᠭᠤᠯᠵᠤ ᠬᠡᠷᠡᠭᠯᠡᠬᠦ ᠪᠠ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢ ᠵᠢᠷᠤᠮᠵᠢᠭᠤᠯᠬᠤ ᠵᠡᠷᠭᠡ ᠲᠠᠯ᠎ᠠ᠎ᠪᠠᠷ ᠲᠠᠢ᠌ᠯᠪᠤᠷᠢᠯᠠᠪᠠ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠳᠡᠳ᠋ ᠳᠠᠷᠤᠭ᠎ᠠ 2023 ᠣᠨ᠎ᠤ ᠣᠷᠣᠰᠢᠭᠤᠯᠭ᠎ᠠ ᠵᠢᠨ ᠥᠭᠡᠷᠡᠴᠢᠯᠡᠯᠲᠡ ᠵᠢᠨ ᠠᠵᠢᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠮᠡᠳᠡᠭᠦᠯᠵᠦ᠂ ᠰᠢᠩ ᠾᠸ ᠰᠢᠶᠠᠨ᠎ᠤ᠎ᠬᠢᠨ ᠲᠣᠭᠲᠠᠭ᠋ᠠᠯ᠎ᠠᠴᠠ ᠵᠥᠷᠢᠴᠡᠨ ᠪᠠᠢ᠌ᠭᠤᠯᠤᠬᠰᠠᠨ ᠪᠤᠯᠠᠰᠢᠨ᠎ᠤ ᠭᠠᠵᠠᠷ᠎ᠢ ᠴᠡᠭᠴᠡᠯᠡᠬᠦ ᠠᠵᠢᠯ᠎ᠤᠨ ᠲᠤᠬᠠᠢ ᠨᠡᠢ᠌ᠲᠡᠯᠢᠭ ᠶᠠᠷᠢᠶ᠎ᠠ ᠲᠠᠯᠪᠢᠪᠠ᠃ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠨᠡᠢ᠌ᠭᠡᠮ᠎ᠤᠨ ᠶᠠᠪᠤᠳᠠᠯ᠎ᠤᠨ ᠰᠠᠯᠠᠭ᠋ᠠᠨ᠎ᠤ ᠬᠠᠷᠢᠭᠤᠴᠠᠯᠭ᠋ᠠᠲᠠᠨ ᠲᠠᠷᠠᠭ᠋ᠠᠴᠢ ᠵᠢᠨ ᠱᠠᠲᠤᠨ᠎ᠤ ᠨᠡᠢ᠌ᠭᠡᠮ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠬᠤ ᠵᠢᠨ ᠬᠠᠮᠲᠤ ᠰᠢᠩ ᠾᠧ ᠰᠢᠶᠠᠨ᠎ᠤ ᠭᠣᠣᠯ ᠵᠠᠰᠠᠮᠠᠯ ᠵᠠᠮ᠂ ᠲᠡᠮᠦᠷ ᠵᠠᠮ ᠳᠠᠭ᠋ᠠᠤ ᠲᠣᠭᠲᠠᠭ᠋ᠠᠯ᠎ᠠᠴᠠ ᠵᠥᠷᠢᠴᠡᠨ ᠪᠠᠢ᠌ᠭᠤᠯᠤᠬᠰᠠᠨ ᠪᠤᠯᠠᠰᠢᠨ᠎ᠤ ᠭᠠᠵᠠᠷ ᠪᠠᠢ᠌ᠭᠤᠯᠤᠭᠰᠠᠨ ᠵᠠᠰᠠᠯᠲᠠ ᠵᠢᠨ ᠦᠷ᠎ᠡ ᠪᠦᠲᠦᠮᠵᠢ ᠵᠢ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠪᠡ᠃

ᠪᠣᠯᠪᠠᠰᠤᠷᠠᠯ ᠲᠡᠬᠡᠷ᠎ᠡ᠂ ᠪᠥᠬᠥ ᠬᠣᠲᠠ ᠵᠢᠨ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠤᠭᠤᠳ ᠲᠡᠨᠦᠭᠦᠴᠢᠯᠡᠨ ᠭᠤᠢ᠌ᠷᠠᠨᠴᠢᠯᠠᠬᠰᠠᠳ᠎ᠢ ᠲᠤᠰᠠᠯᠠᠬᠤ ᠬᠠᠮᠢᠶᠠᠷᠤᠯᠲᠠ ᠵᠢᠨ ᠠᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠵᠢᠭ᠋ᠠᠪᠤᠷᠢ ᠵᠢᠨ ᠵᠣᠷᠢᠭ ᠰᠠᠨᠠᠭ᠎ᠠ ᠶᠣᠰᠣᠭ᠋ᠠᠷ ᠬᠠᠮᠢᠶᠠᠷᠤᠯᠲᠠ ᠵᠢ ᠵᠢᠷᠤᠮᠵᠢᠭᠤᠯᠬᠤ ᠲᠠᠯ᠎ᠠ᠎ᠪᠠᠷ ᠳᠠᠬᠢᠨᠲᠠ ᠬᠦᠴᠦ ᠲᠠᠯᠪᠢᠵᠤ᠂ ᠲᠤᠰᠠᠯᠠᠮᠵᠢ ᠵᠢᠨ ᠶᠠᠪᠤᠴᠠ ᠵᠢ ᠵᠢᠷᠤᠮᠵᠢᠭᠤᠯᠤᠨ᠂ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠭᠣᠣᠯᠳᠠᠯᠭ᠎ᠠ᠎ᠲᠠᠢ ᠭᠣᠭᠴᠣᠭ᠎ᠠ᠎ᠳᠤ ᠲᠠᠬᠢᠨ ᠬᠦᠴᠦ ᠣᠷᠣᠭᠤᠯᠵᠤ᠂ ᠲᠣᠭᠣᠷᠢᠨ ᠪᠠᠢ᠌ᠴᠠᠭ᠋ᠠᠵᠤ ᠢᠯᠡᠷᠡᠭᠦᠯᠬᠦ᠂ ᠬᠠᠷᠠᠭ᠋ᠠᠯᠵᠠᠬᠤ ᠦᠢ᠍ᠯᠡᠴᠢᠯᠡᠭᠡ ᠂ ᠲᠦᠷᠦᠯ ᠰᠠᠳᠤᠨ ᠵᠶ᠋ᠠᠨ ᠡᠷᠢᠬᠦ ᠦᠢ᠍ᠯᠡᠴᠢᠯᠡᠭᠡ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠡᠭᠭ᠋ᠠᠳᠬᠠᠵᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠲᠠᠯ᠎ᠠ᠎ᠪᠠᠷ ᠳᠠᠬᠢᠨᠲᠠ ᠬᠦᠴᠦ ᠲᠠᠯᠪᠢᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠷᠠᠭᠤᠯᠤᠨ᠂ ᠤᠬᠠᠭᠤᠯᠭ᠎ᠠ ᠵᠢᠯᠤᠭᠤᠳᠤᠯᠭ᠎ᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠂ ᠲᠡᠨᠦᠭᠦᠴᠢᠯᠡᠨ ᠭᠤᠢ᠌ᠷᠠᠨᠴᠢᠯᠠᠬᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠳᠡᠢ ᠭᠡᠵᠤ ᠱᠠᠭ᠋ᠠᠷᠳᠠᠬᠰᠠᠨ ᠪᠠᠢ᠌ᠨ᠎ᠠ᠃
ᠪᠣᠯᠪᠠᠰᠤᠷᠠᠯ ᠲᠡᠬᠡᠷ᠎ᠡ᠂ ᠣᠷᠣᠰᠢᠭᠤᠯᠭ᠎ᠠ ᠵᠢᠨ ᠥᠭᠡᠷᠡᠴᠢᠯᠡᠯᠲᠡ ᠪᠣᠯ ᠨᠢᠭᠡᠨ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠦᠢ᠍ᠯᠡᠰ ᠮᠥᠨ᠂ ᠲᠡᠷᠡ᠎ᠨᠢ ᠠᠷᠠᠳ ᠣᠯᠠᠨ᠎ᠤ ᠲᠤᠰ ᠪᠡᠶ᠎ᠡ ᠵᠢᠨ ᠠᠰᠢᠭ ᠲᠤᠰᠠ᠂ ᠨᠡᠢ᠌ᠭᠡᠮ ᠵᠢᠷᠤᠮ᠎ᠤᠨ ᠣᠶᠤᠨ᠎ᠤ ᠪᠣᠯᠪᠠᠰᠤᠨ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠠᠷᠠᠳ᠎ᠤᠨ ᠰᠤᠷᠲᠠᠯᠯᠤᠭᠠ ᠬᠣᠯᠪᠣᠭᠳᠠᠵᠤ ᠪᠠᠢ᠌ᠳᠠᠭ᠃ ᠡᠯ᠎ᠡ ᠭᠠᠵᠠᠷ᠎ᠤᠨ᠎ᠬᠢᠨ ᠣᠷᠣᠰᠢᠭᠤᠯᠭ᠎ᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠡᠯ᠎ᠡ ᠭᠠᠵᠠᠷ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠰᠠᠯᠠᠭ᠎ᠠ ᠮᠥᠴᠢᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠴᠢᠩᠭ᠋ᠠᠳᠬᠠᠵᠤ᠂ ᠵᠡᠷᠬᠡ᠎ᠪᠠᠷ ᠠᠳᠬᠤᠵᠤ ᠬᠠᠮᠳᠤ᠎ᠪᠠᠷ ᠬᠠᠮᠢᠶᠠᠷᠬᠤ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠬᠦ ᠬᠡᠷᠡᠭᠳᠡᠢ᠃ ᠤᠬᠠᠭᠤᠯᠭ᠎ᠠ ᠵᠢᠯᠤᠭᠤᠳᠤᠯᠭ᠎ᠠ ᠵᠢ ᠴᠢᠩᠭ᠋ᠠᠳᠬᠠᠵᠤ᠂ ᠪᠣᠯᠪᠠᠰᠤᠨ ᠠᠷᠪᠢᠴᠢ ᠭᠠᠮᠴᠢ ᠪᠡᠯᠪᠡᠰᠦᠷᠡᠯ᠂ ᠭᠠᠵᠠᠷ ᠰᠢᠷᠣᠢ ᠵᠢ ᠠᠷᠪᠢᠯᠠᠬᠤ ᠠᠮᠢ ᠠᠬᠤᠢ᠌ᠯᠢᠭ ᠣᠷᠣᠰᠢᠭᠤᠯᠭ᠎ᠠ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠤᠯᠪᠠᠰᠤᠨ ᠳᠠᠬᠢᠯᠭ᠎ᠠ ᠵᠢ ᠬᠡᠷᠡᠭᠵᠢᠭᠦᠯᠵᠦ᠂ ᠣᠷᠣᠰᠢᠭᠤᠯᠭ᠎ᠠ ᠵᠢᠨ ᠦᠢ᠍ᠯᠡᠰ᠎ᠤᠨ ᠪᠣᠬᠢᠷᠲᠤᠯ ᠦᠭᠡᠢ ᠡᠷᠡᠭᠦᠯ ᠬᠦᠭᠵᠢᠯᠳᠡ ᠵᠢ ᠠᠬᠢᠭᠤᠯᠬᠤ ᠬᠡᠷᠡᠭᠳᠡᠢ᠃ ᠨᠡᠶ᠋ᠢᠲᠡ ᠵᠢᠨ ᠠᠰᠠᠷᠠᠮᠵᠢ ᠵᠢᠨ ᠰᠢᠨᠵᠢ ᠵᠢ ᠪᠠᠷᠢᠮᠲᠠᠯᠠᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ᠂ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠪᠠᠳᠠᠷᠠᠭᠤᠯᠬᠤ᠎ᠪᠠᠷ ᠥᠷᠲᠡᠭ᠎ᠤᠨ ᠬᠠᠨᠳᠤᠯᠭ᠎ᠠ ᠪᠣᠯᠭ᠋ᠠᠵᠤ᠂ ᠣᠷᠣᠰᠢᠭᠤᠯᠭ᠎ᠠ ᠵᠢᠨ ᠦᠨᠳᠦᠰᠦᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠦᠨ᠂ ᠣᠯᠠᠨ ᠲᠦᠮᠡᠨ᠎ᠤ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠡᠭᠭ᠋ᠠᠬᠤ ᠬᠡᠷᠡᠭᠳᠡᠢ ᠭᠡᠵᠤ ᠴᠢᠬᠤᠯᠠᠴᠢᠯᠠᠪᠠ᠃
ᠲᠣᠰ ᠪᠣᠯᠪᠠᠰᠤᠷᠠᠯ᠎ᠤᠨ ᠠᠭᠤᠯᠭ᠎ᠠ ᠪᠠᠶᠠᠯᠢᠭ ᠶᠤᠮ᠂ ᠣᠨᠣᠯ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠲᠡᠷᠢᠭᠦᠨ᠎ᠤ ᠲᠤᠷᠰᠢᠯᠭ᠎ᠠ᠎ᠪᠠᠨ ᠬᠤᠪᠢᠶᠠᠯᠴᠠᠭᠰᠠᠨ ᠮᠥᠷᠲᠡᠭᠡᠨ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠵᠦ ᠰᠤᠷᠤᠯᠴᠠᠭᠰᠠᠨ ᠪᠣᠯᠬᠣᠷ ᠲᠠᠷᠠᠭ᠋ᠠᠴᠢ᠎ᠪᠠᠷ ᠪᠣᠳᠠᠲᠠᠢ ᠠᠵᠢᠯ ᠵᠶ᠋ᠠᠨ ᠥᠷᠨᠢᠭᠦᠯᠬᠦ᠎ᠳᠤ ᠮᠠᠰᠢ ᠴᠢᠩᠭ᠎ᠠ ᠵᠢᠯᠤᠭᠣᠳᠬᠤ ᠴᠢᠨᠠᠷᠲᠠᠢ ᠪᠢᠯᠨ᠃