ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠤᠯᠠᠭ᠋ᠠᠨᠬᠠᠳᠠ ᠵᠢᠨ ᠬᠤᠩᠱ᠌ᠠᠨ ᠲᠤᠭᠤᠷᠢᠭ᠎ᠤᠨ 68 ᠰᠢᠨ᠎ᠡ ᠬᠤᠤᠰ ᠰᠢᠨ᠎ᠡ ᠤᠨ ᠵᠶ᠋ᠡᠨ ᠷᠤᠮᠠᠨᠲ᠋ᠢᠭ ᠵᠶ᠋ᠡᠷ ᠤᠬᠳᠤᠯ᠎ᠠ
ᠨᠡᠶᠢᠲᠡᠯᠡᠭᠰᠡᠨ ᠴᠠᠭ᠄ 2024-01-10

   ᠤᠯᠠᠭ᠋ᠠᠨᠬᠠᠳᠠ ᠬᠣᠲᠠ ᠵᠢᠨ ᠬᠤᠩᠱ᠌ᠠᠨ ᠲᠣᠭᠣᠷᠢᠭ᠎ᠤᠨ ᠣᠷᠣᠭ᠎ᠤᠨ ᠪᠦᠷᠢᠳᠬᠡᠯ᠎ᠤᠨ ᠲᠥᠪ᠎ᠤᠨ᠎ᠬᠢᠨ 2024 ᠤᠨ᠎ᠤ1 ᠳ᠋ᠤᠬᠡᠷ ᠰᠠᠷ᠎ᠠ ᠵᠢᠨ 1᠎ᠤ ᠡᠳᠦᠷ ᠬᠣᠲᠠ ᠵᠢᠨ ᠠᠷᠠᠳ᠎ᠲᠤ 9 ᠴᠠᠭ᠎ᠠᠴᠠ 17 ᠴᠠᠭ ᠪᠤᠯᠳᠠᠯ᠎ᠠ ᠣᠷᠣᠭ ᠲᠠᠡᠭᠰᠠᠯᠠᠬᠤ ᠦᠢ᠍ᠯᠡᠴᠢᠯᠡᠭᠡ ᠬᠠᠩᠭ᠋ᠠᠵᠤ᠂ 68 ᠰᠢᠨ᠎ᠡ ᠬᠤᠤᠰ᠎ᠤᠳ ᠤᠷᠤᠭ ᠲᠠᠡᠭᠰᠠᠯᠠᠬᠤ ᠭᠠᠵᠠᠷ᠎ᠲᠤ ᠷᠣᠮᠠᠨᠲ᠋ᠢᠭ ᠴᠠᠭ ᠮᠥᠴᠡ᠎ᠪᠠᠨ ᠬᠠᠮᠲᠤ᠎ᠪᠠᠷ  ᠦᠡᠭᠭᠡᠷᠡᠬᠦᠯᠪᠡ᠃

     W020240110626399525173_ORIGIN.jpg


    9 ᠴᠠᠭ 30 ᠮᠢᠨᠦ᠋ᠲ᠎ᠲᠤ ᠰᠣᠷᠭᠣᠭ ᠴᠡᠴᠡᠭ ᠪᠠᠷᠢᠭᠰᠠᠨ ᠯᠢᠦ ᠠᠪᠤᠭ᠋ᠠᠢ ᠪᠣᠯᠣᠨ ᠤᠯᠠᠭ᠋ᠠᠨ ᠪᠠᠩᠵᠠᠯ ᠡᠮᠦᠰᠦᠭᠰᠡᠨ ᠵᠠᠩ ᠠᠪᠠᠬᠠᠢ ᠰᠠᠢ᠌ᠨ ᠨᠠᠢ᠌ᠵᠠ ᠨᠠᠷ᠎ᠤᠨ ᠪᠠᠷ᠎ᠠ ᠪᠤᠯᠤᠯᠭ᠎ᠠ᠎ᠲᠠᠢ᠎ᠪᠠᠷ ᠣᠷᠣᠭ ᠲᠠᠡᠭᠰᠠᠯᠠᠬᠤ ᠲᠥᠪ᠎ᠲᠤ ᠢᠷᠡᠵᠦ᠂ ᠣᠷᠣᠭ ᠲᠠᠡᠭᠰᠠᠯᠠᠭᠤᠯᠬᠤ ᠭᠠᠷ ᠭᠦᠢ᠍ᠴᠡᠳᠬᠡᠯ ᠵᠶ᠋ᠡᠨ 10 ᠮᠢᠨᠦ᠋ᠲ᠎ᠤᠨ ᠳᠣᠲᠣᠷ᠎ᠠ ᠤᠷᠤᠭᠰᠢᠲᠠᠢ ᠪᠡᠶᠡᠯᠡᠭᠦᠯᠵᠡᠢ᠃ ᠤᠷᠤᠭ᠎ᠤᠨ ᠪᠠᠳᠤᠯᠠᠪᠤᠷᠢ ᠤᠯᠭᠤᠬᠤ ᠳᠤᠮᠳᠠᠳᠤ ᠮᠠᠶᠢᠭ᠎ᠤᠨ ᠲᠢᠩᠬᠢᠮ᠎ᠳᠤ ᠬᠡᠷᠡᠯ ᠵᠢᠷᠤᠭᠴᠢᠨ ᠰᠢᠨ᠎ᠡ ᠬᠤᠤᠰ᠎ᠤᠨ ᠡᠨᠡ ᠬᠦ᠌ ᠵᠢᠷᠭ᠋ᠠᠯᠳᠤ ᠮᠦᠴᠨ ᠵᠢ ᠬᠡᠷᠡᠯ ᠵᠢᠷᠤᠭ  ᠲᠡᠮᠳᠡᠭᠯᠡᠵᠤ ᠪᠠᠢ᠌ᠯ᠎ᠠ᠃ ᠬᠦᠮᠦᠰ ᠪᠠᠶᠠᠷᠯᠠᠨ ᠬᠥᠭᠡᠷᠦᠯᠳᠦᠵᠦ᠂ ᠵᠣᠯ ᠵᠢᠷᠭ᠋ᠠᠯᠳᠤ ᠠᠭᠤᠷ ᠠᠮᠢᠰᠬᠤᠯ ᠦᠷᠤᠬᠡ ᠲᠦᠬᠦᠷᠡᠡᠭ ᠪᠢᠯᠬᠠᠨ᠎ᠠ᠃ ᠰᠢᠨ᠎ᠡ ᠤᠨ᠎ᠤ ᠡᠬᠢᠯᠡᠯᠳᠡ ᠪᠤᠯ ᠰᠢᠨ᠎ᠡ ᠭᠠᠷᠤᠭ᠎ᠠ ᠶᠤᠮ᠃

    W020240110626399552207_ORIGIN.jpg


    《ᠰᠢᠨ᠎ᠡ ᠤᠨ ᠪᠤᠯᠤᠯ᠎ᠠ᠂ ᠪᠢᠳᠡ ᠬᠤᠶᠠᠷ᠎ᠤᠨ ᠠᠮᠢᠳᠤᠷᠠᠯ ᠴᠦ᠍ ᠰᠠᠢ᠌ᠨ ᠰᠠᠢ᠌ᠬᠠᠨ ᠰᠢᠨ᠎ᠡ ᠡᠬᠢᠯᠡᠯᠳᠡ᠎ᠲᠠᠢ ᠪᠤᠯᠤᠭ᠋ᠠᠰᠠᠢ》 ᠭᠡᠵᠤ ᠯᠢ ᠠᠪᠠᠬᠠᠢ ᠶᠠᠷᠢᠵᠤ ᠪᠠᠢ᠌ᠯ᠎ᠠ᠃ ᠯᠢᠤ ᠤᠪᠤᠬᠳᠤ᠂ ᠵᠠᠡᠭ ᠤᠪᠤᠬᠳᠤ ᠬᠤᠶᠠᠷ ᠵᠠᠯᠠᠭᠤ ᠵᠢᠨ ᠲᠤᠷᠠᠯᠠᠯ ᠬᠠᠢ᠌ᠷ᠎ᠠ ᠵᠢᠨ ᠬᠤᠯᠠ ᠵᠢᠨ ᠠᠶᠠᠨ ᠬᠤᠡᠭᠱ᠌ᠠᠨ᠎ᠠᠴᠠ ᠡᠬᠢᠯᠡᠵᠦ᠂ ᠡᠨᠳᠡ ᠤᠴᠠᠷᠠᠨ ᠵᠤᠯᠭ᠋ᠠᠭ᠋ᠠᠳ᠂ ᠡᠴᠦᠰ᠎ᠲᠤ᠎ᠪᠠᠨ ᠮᠥᠨ ᠬᠤᠡᠭᠱ᠌ᠠᠨ᠎ᠳᠤ ᠲᠤᠭᠤᠷᠭ᠎ᠠ ᠪᠤᠰᠬᠠᠨ ᠲᠤᠯᠤᠭ᠋ᠠᠢ ᠬᠤᠯᠪᠤᠵᠤ᠂ ᠵᠤᠯ ᠵᠢᠷᠭ᠋ᠠᠯᠲᠤ ᠰᠢᠨ᠎ᠡ ᠠᠮᠢᠳᠤᠷᠠᠯ᠎ᠤᠨ ᠠᠯᠳᠠᠨ ᠵᠢᠯᠤᠭᠤ ᠵᠢ ᠡᠯᠬᠦᠯ᠎ᠡ᠃ ᠣᠯᠠᠨ ᠲᠦᠮᠡᠨ᠎ᠤ ᠰᠢᠨ᠎ᠡ ᠤᠨ᠎ᠤ ᠠᠡᠭᠬᠠᠨ᠎ᠤ ᠡᠳᠤᠷ ᠤᠷᠤᠭ᠎ᠤᠨ ᠪᠠᠳᠤᠯᠠᠪᠤᠷᠢ ᠠᠪᠬᠤ ᠬᠦᠰᠡᠯ᠎ᠢ ᠰᠠᠢ᠌ᠳᠤᠷ ᠬᠠᠩᠭ᠋ᠠᠬᠤ ᠵᠢᠨ ᠲᠥᠯᠥᠭᠡ ᠬᠤᠩᠱ᠌ᠠᠨ ᠲᠣᠭᠣᠷᠢᠭ᠎ᠤᠨ ᠣᠷᠣᠭ ᠲᠠᠡᠭᠰᠠᠯᠠᠬᠤ ᠲᠥᠪ᠎ᠤᠨ᠎ᠬᠢᠨ ᠲᠤᠰᠬᠠᠢ᠌ᠯᠠᠨ ᠠᠵᠢᠯᠯᠠᠬᠤ ᠴᠠᠭ ᠵᠶ᠋ᠡᠨ ᠤᠷᠳᠤᠳᠬᠠᠬᠤ ᠭᠠᠷ ᠭᠦᠢ᠍ᠴᠡᠳᠬᠡᠯ ᠬᠢᠵᠦ᠂ ᠰᠢᠨ᠎ᠡ ᠤᠨ᠎ᠤ ᠠᠡᠭᠬᠠᠨ᠎ᠤ ᠡᠳᠤᠷ ᠨᠠᠩ ᠣᠯᠠᠨ ᠰᠢᠨ᠎ᠡ ᠬᠤᠤᠰ᠎ᠲᠤ  ᠴᠢᠨᠠᠷᠵᠢᠭᠤᠨ ᠦᠢ᠍ᠯᠡᠴᠢᠯᠡᠭᠡ ᠬᠠᠡᠭᠭ᠋ᠠᠬᠰᠠᠨ ᠪᠠᠢ᠌ᠨ᠎ᠠ᠃

     W020240110626399578454_ORIGIN.jpg


   ᠬᠤᠩᠱ᠌ᠠᠨ ᠲᠣᠭᠣᠷᠢᠭ᠎ᠤᠨ ᠤᠷᠤᠭ ᠲᠠᠡᠭᠰᠠᠯᠠᠬᠤ ᠲᠥᠪ᠎ᠤᠨ᠎ᠬᠢᠨ 《ᠭᠠᠷ ᠬᠤᠯᠪᠤᠨ ᠤᠷᠤᠭ᠎ᠤᠨ ᠥᠭᠡᠷᠡᠴᠢᠯᠡᠯᠲᠡ᠎ᠳᠤ  ᠤᠷᠤᠯᠴᠠᠵᠤ᠂ ᠷᠣᠮᠠᠨᠲ᠋ᠢᠭ ᠬᠠᠢ᠌ᠷ᠎ᠠ ᠵᠢᠨ ᠠᠮᠢᠳᠤᠷᠠᠯ᠎ᠢ ᠬᠠᠮᠲᠤ᠎ᠪᠠᠷ ᠥᠩᠭᠡᠷᠡᠭᠦᠯᠦᠶ᠎ᠡ》 ᠭᠡᠬᠦ ᠭᠣᠣᠯ ᠰᠡᠳᠦᠪᠲᠦ ᠤᠷᠤᠭᠯᠠᠬᠤ᠎ᠠᠴᠠ ᠡᠮᠦᠨᠡᠬᠢ ᠬᠠᠪᠰᠤᠷᠤᠨ ᠵᠢᠯᠤᠭᠣᠳᠬᠤ ᠠᠵᠢᠯᠯᠠᠭ᠎ᠠ ᠵᠢ ᠡᠷᠭᠢᠯᠡᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠤᠯᠠᠭ᠋ᠠᠨᠬᠠᠳᠠ ᠵᠢᠨ ᠤᠷᠤᠭ ᠭᠡᠷ ᠪᠦᠯᠢ ᠵᠢᠨ ᠪᠠᠢ᠌ᠭᠤᠯᠤᠯᠲᠠ ᠵᠢᠨ ᠨᠡᠢ᠌ᠭᠡᠮᠯᠢᠭ᠎ᠤᠨ ᠵᠣᠬᠢᠶᠠᠨ ᠪᠠᠢ᠌ᠭᠤᠯᠤᠯᠲᠠ᠎ᠪᠠᠷ ᠰᠢᠨ᠎ᠡ ᠬᠣᠣᠰ ᠎ᠤᠳ ᠬᠠᠮᠲᠤ᠎ᠪᠠᠷ ᠬᠢᠴᠢᠶᠡᠯ ᠰᠣᠨᠣᠰᠬᠤ᠂ ᠤᠷᠤᠭ᠎ᠤᠨ ᠪᠢᠴᠢᠭ ᠲᠡᠬᠡᠷ᠎ᠡ ᠭᠠᠷ᠎ᠤᠨ ᠦᠰᠦᠭ ᠵᠢᠷᠤᠬᠤ᠂ ᠰᠣᠯᠢᠯᠴᠠᠬᠤ᠂  ᠤᠷᠤᠭ᠎ᠤᠨ ᠪᠠᠳᠤᠯᠠᠪᠤᠷᠢ᠎ᠪᠠᠨ ᠬᠠᠮᠳᠤ᠎ᠪᠠᠷ ᠭᠠᠷᠳᠠᠬᠤ ᠵᠡᠷᠭᠡ ᠬᠡᠯᠪᠡᠷᠢ᠎ᠪᠠᠷ ᠤᠯᠠᠮᠵᠢᠯᠠᠯᠲᠤ ᠪᠠ ᠤᠳᠤ ᠦᠶ᠎ᠡ ᠵᠢᠨ ᠤᠷᠤᠭ᠎ᠤᠨ ᠵᠠᠡᠭᠰᠢᠯ᠎ᠤᠨ ᠬᠠᠯᠠᠭᠤᠨ ᠳᠤᠯᠠᠭ᠋ᠠᠨ ᠷᠣᠮᠠᠨᠲ᠋ᠢᠭ ᠪᠠᠢ᠌ᠳᠠᠯ᠎ᠢ ᠢᠯᠡᠷᠡᠭᠦᠯᠦᠭᠰᠡᠨ ᠪᠠᠢ᠌ᠨ᠎ᠠ᠃ ᠲᠤᠬᠠᠢ ᠵᠢᠨ ᠡᠳᠦᠷ ᠰᠢᠨ᠎ᠡ ᠬᠤᠤᠰ᠎ᠤᠳ  ᠤᠷᠤᠭ ᠲᠠᠡᠭᠰᠠᠯᠠᠬᠤ ᠭᠠᠵᠠᠷ᠎ᠤᠨ ᠠᠵᠢᠯᠲᠠᠳ᠎ᠤᠨ ᠳᠠᠭ᠋ᠠᠭᠤᠯᠭ᠎ᠠ᠎ᠪᠠᠷ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠰᠠᠨᠠᠭ᠋ᠠᠴᠢᠯᠠᠭ᠎ᠠ ᠵᠢᠨ ᠪᠢᠴᠢᠭ ᠪᠠ ᠣᠷᠣᠭ᠎ᠤᠨ ᠲᠠᠩᠭ᠋ᠠᠷᠢᠭ ᠤᠡᠭᠰᠢᠭ᠍ᠰᠠᠨ ᠪᠥᠭᠡᠳ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》᠎ᠤᠨ ᠣᠷᠣᠭ ᠭᠡᠷ ᠪᠦᠯᠢ ᠵᠢᠨ ᠵᠣᠬᠢᠶᠠᠯ᠎ᠢ ᠲᠤᠬᠠᠢ ᠵᠢᠨ ᠲᠠᠯᠠᠪᠤᠷ᠎ᠲᠤ ᠰᠤᠷᠤᠯᠴᠠᠪᠠ᠃ ᠲᠣᠰ ᠠᠵᠢᠯᠯᠠᠭ᠎ᠠ᠎ᠨᠢ ᠤᠷᠤᠭ ᠲᠠᠡᠭᠰᠠᠯᠠᠬᠤ ᠭᠠᠷ ᠭᠦᠢ᠍ᠴᠡᠳᠬᠡᠯ᠎ᠢ ᠲᠦᠷᠭᠡᠨ ᠪᠥᠭᠡᠳ ᠰᠢᠯᠢᠳᠡᠭ ᠭᠦᠢ᠍ᠴᠡᠳᠬᠡᠵᠦ᠂ ᠬᠤᠷᠢᠮ᠎ᠤᠨ ᠶᠣᠰᠣ ᠵᠢᠷᠤᠮ᠎ᠢ ᠲᠥᠬᠥᠮ ᠪᠥᠭᠡᠳ ᠪᠣᠳᠠᠲᠠᠢ᠎ᠪᠠᠷ ᠲᠣᠬᠢᠷᠠᠭᠤᠯᠬᠤ᠎ᠪᠠᠷ ᠳᠠᠮᠵᠢᠭᠤᠯᠤᠨ᠂ ᠲᠥᠬᠥᠮ ᠪᠤᠯᠪᠠᠴᠤ ᠤᠳᠬ᠎ᠠ ᠠᠭᠤᠯᠭ᠎ᠠ᠎ᠲᠠᠢ᠂ ᠪᠠᠶᠠᠷ ᠬᠥᠷ᠎ᠲᠠᠢ ᠪᠥᠭᠡᠳ ᠬᠠᠯᠠᠭᠤᠨ ᠳᠤᠯᠠᠭ᠋ᠠᠨ᠂ ᠬᠠᠮᠳᠤ᠎ᠪᠠᠷ ᠤᠷᠤᠭ᠎ᠤᠨ ᠪᠠᠳᠤᠯᠠᠪᠤᠷᠢ ᠭᠠᠷᠳᠠᠬᠤ ᠶᠤᠰᠤᠯᠠᠯ᠎ᠢ ᠶᠠᠪᠤᠬᠳᠠᠭᠤᠯᠵᠤ᠂ ᠪᠣᠯᠪᠠᠰᠤᠨ᠂ ᠠᠷᠪᠢᠴᠢ ᠭᠠᠮᠲᠠᠢ ᠨᠡᠢ᠌ᠭᠡᠮ᠎ᠤᠨ ᠰᠢᠨ᠎ᠡ ᠰᠤᠷᠲᠠᠯ᠎ᠢ ᠪᠠᠳᠠᠷᠠᠭᠤᠯᠤᠬᠰᠠᠨ ᠪᠠᠢ᠌ᠯ᠎ᠠ᠃

 






ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
2023 ᠤᠨ᠎ᠢ ᠡᠷᠬᠢᠴᠡᠬᠦᠯᠬᠦᠶ᠎ᠡ ᠪᠤᠭᠤᠳᠤ ᠬᠤᠳᠠ ᠵᠢᠨ ᠴᠢᠡᠭᠱ᠌ᠠᠨ ᠲᠣᠭᠣᠷᠢᠭ᠎ᠤᠨ᠎ᠬᠢᠨ ᠥᠭᠡᠷᠡᠴᠢᠯᠡᠯᠲᠡ ᠵᠢᠨ ᠰᠠᠭᠤᠷᠢ ᠵᠢ ᠪᠡᠬᠢᠵᠢᠭᠦᠯᠵᠦ ᠰᠣᠶᠣᠯ᠎ᠤᠨ ᠢᠲᠡᠭᠡᠯ᠎ᠳᠤ ᠠᠩᠬᠠᠷᠤᠯ ᠵᠶ᠋ᠠᠨ ᠲᠦᠪᠯᠡᠷᠡᠬᠦᠯᠤᠨ᠂ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠰᠢᠨ᠎ᠡ ᠵᠢ ᠡᠭᠦᠳᠴᠦ ᠲᠡᠰ ᠳᠡᠪᠰᠢᠭᠦᠯᠬᠦ ᠠᠶᠠᠨ ᠵᠠᠮ ᠵᠶ᠋ᠡᠷ ᠦᠷᠬᠦᠯᠵᠢᠯᠡᠨ ᠤᠷᠤᠬᠰᠢᠯᠠᠪᠠ
ᠪᠤᠭᠤᠲᠤ ᠬᠣᠲᠠ᠄ ᠬᠤᠷᠢᠮ᠎ᠤᠨ ᠶᠣᠰᠣᠯᠠᠯ᠎ᠤᠨ ᠨᠡᠶ᠋ᠢᠲᠡ ᠵᠢᠨ ᠮᠠᠰᠢᠨ ᠷᠣᠮᠠᠨᠲ᠋ᠢᠭ ᠠᠶᠠᠯᠠᠯ ᠵᠶ᠋ᠠᠨ ᠡᠬᠢᠯᠡᠭᠦᠯᠵᠦ ᠴᠢᠩᠱ᠌ᠠᠨ ᠲᠣᠭᠣᠷᠢᠭ᠎ᠲᠤ ᠪᠤᠬᠢᠷᠳᠤᠯ ᠦᠬᠡᠢ ᠬᠤᠷᠢᠮ᠎ᠤᠨ ᠶᠣᠰᠣᠯᠠᠯ᠎ᠤᠨ ᠰᠢᠨ᠎ᠡ ᠥᠩᠭᠡ ᠵᠢ ᠪᠣᠶ ᠪᠣᠯᠭ᠋ᠠᠪᠠ
ᠦᠬᠠᠢ ᠬᠤᠳᠠ ᠵᠢᠨ᠎ᠬᠢᠨ ᠭᠡᠷ᠎ᠲᠤ᠎ᠪᠠᠨ ᠬᠣᠴᠣᠷᠤᠭᠰᠠᠨ ᠬᠡᠦᠬᠡᠳ ᠪᠣᠯᠣᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠠᠢ
ᠤᠯᠠᠭ᠋ᠠᠨᠬᠠᠳᠠ ᠵᠢᠨ ᠬᠤᠩᠱ᠌ᠠᠨ ᠲᠤᠭᠤᠷᠢᠭ᠎ᠤᠨ 68 ᠰᠢᠨ᠎ᠡ ᠬᠤᠤᠰ ᠰᠢᠨ᠎ᠡ ᠤᠨ ᠵᠶ᠋ᠡᠨ ᠷᠤᠮᠠᠨᠲ᠋ᠢᠭ ᠵᠶ᠋ᠡᠷ ᠤᠬᠳᠤᠯ᠎ᠠ
 
            