2023 ᠣᠨ᠎ᠤ 《ᠬᠠᠯᠠᠭᠤᠨ ᠲᠤᠯᠠᠭ᠋ᠠᠨ ᠡᠪᠤᠯᠵᠢᠬᠦᠯᠬᠦ》 ᠲᠤᠰᠬᠠᠢ ᠲᠤᠰᠠᠯᠠᠮᠵᠢ ᠵᠢᠨ ᠠᠵᠢᠯᠯᠠᠭ᠎ᠠ ᠵᠢᠨ ᠪᠠᠢ᠌ᠷᠢᠯᠠᠭᠤᠯᠤᠯᠲᠠ ᠵᠢᠨ ᠬᠤᠷᠠᠯ᠎ᠢ 11 ᠳ᠋ᠤᠬᠡᠷ ᠰᠠᠷ᠎ᠠ ᠵᠢᠨ 29 ᠬᠥᠬᠡᠬᠣᠲᠠ ᠵᠢᠨ ᠵᠠᠰᠠᠭ᠎ᠤᠨ ᠣᠷᠳᠣᠨ᠎ᠳᠤ ᠬᠤᠷᠠᠯᠳᠤᠭᠤᠯᠤᠯ᠎ᠠ᠃ ᠬᠦᠬᠡᠬᠤᠳᠠ ᠵᠢᠨ ᠲᠡᠳ᠋ ᠲᠠᠷᠤᠭ᠎ᠠ ᠮᠠ ᠪᠢᠩ ᠴᠢᠤᠸᠠᠨ ᠬᠤᠷᠠᠯ᠎ᠢ ᠡᠷᠭᠢᠯᠡᠵᠦ᠂ ᠬᠦᠬᠡᠬᠤᠳᠠ ᠵᠢᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠳᠥᠷᠪᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠶᠠᠩ ᠶᠦᠩ᠂ ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠦᠬᠡᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠦᠬᠡᠬᠤᠳᠠ ᠵᠢᠨ ᠬᠤᠳᠠ ᠵᠢᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠦᠬᠡᠬᠤᠳᠠ ᠵᠢᠨ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠬᠦᠬᠡᠬᠤᠳᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠦᠬᠡᠬᠤᠳᠠ ᠵᠢᠨ ᠵᠠᠬ᠎ᠠ ᠳᠡᠯᠭᠡᠭᠦᠷ᠎ᠲᠤ ᠬᠢᠨᠠᠯᠲᠠ ᠬᠠᠮᠢᠶᠠᠷᠤᠯᠲᠠ ᠲᠠᠯᠪᠢᠬᠤ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠬᠣᠰᠢᠭᠤ ᠰᠢᠶᠠᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠣᠷᠣᠯᠴᠠᠵᠠᠢ᠃

ᠬᠤᠷᠠᠯ ᠳᠡᠭᠡᠷ᠎ᠡ ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠳᠠᠷᠤᠭ᠎ᠠ ᠵᠠᠩ ᠭᠦᠸᠧ ᠹᠦ᠋ 2023 ᠣᠨ᠎ᠤ 《ᠬᠠᠯᠠᠭᠤᠨ ᠲᠤᠯᠠᠭ᠋ᠠᠨ ᠡᠪᠤᠯᠵᠢᠬᠦᠯᠬᠦ》 ᠲᠤᠰᠬᠠᠢ ᠲᠤᠰᠠᠯᠠᠮᠵᠢ ᠵᠢᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠢ ᠲᠤᠳᠤᠷᠬᠠᠢ᠌ᠯᠠᠵᠤ᠂ ᠬᠥᠬᠡᠬᠣᠲᠠ ᠵᠢᠨ 《ᠬᠠᠯᠠᠭᠤᠨ ᠲᠤᠯᠠᠭ᠋ᠠᠨ ᠡᠪᠤᠯᠵᠢᠬᠦᠯᠬᠦ》 ᠲᠤᠰᠬᠠᠢ ᠲᠤᠰᠠᠯᠠᠮᠵᠢ ᠵᠢᠨ ᠠᠵᠢᠯ᠎ᠤᠨ ᠲᠤᠰᠬᠠᠢ ᠠᠩᠭᠢ ᠪᠠᠢ᠌ᠭᠤᠯᠤᠭᠰᠠᠨ ᠪᠥᠭᠡᠳ ᠲᠤᠰᠬᠠᠢ ᠲᠤᠰᠠᠯᠠᠮᠵᠢ ᠵᠢᠨ ᠠᠵᠢᠯᠯᠠᠭ᠎ᠠ ᠵᠢ ᠪᠠᠢ᠌ᠷᠢᠯᠠᠭᠤᠯᠵᠤ᠂ ᠬᠤᠷᠠᠯ᠎ᠳᠤ ᠣᠷᠣᠯᠴᠠᠭᠰᠠᠨ ᠡᠯ᠎ᠡ ᠨᠢᠬᠡᠴᠢ ᠵᠢᠨ᠎ᠬᠢᠨ ᠣᠪᠣᠷ ᠵᠶ᠋ᠠᠨ ᠢᠯᠡᠳᠬᠡᠪᠡ᠃

ᠬᠦᠬᠡᠬᠤᠳᠠ ᠵᠢᠨ ᠲᠡᠳ᠋ ᠲᠠᠷᠤᠭ᠎ᠠ ᠮᠠ ᠪᠢᠩ ᠴᠢᠤᠸᠠᠨ 10 ᠵᠢᠯ᠎ᠤᠨ ᠲᠤᠷᠰᠢᠬᠢ ᠲᠤᠰᠬᠠᠢ ᠲᠤᠰᠠᠯᠠᠮᠵᠢ ᠵᠢᠨ ᠠᠵᠢᠯ᠎ᠢ ᠨᠤᠲᠠᠯᠠᠵᠤ᠂ ᠲᠤᠰᠬᠠᠢ ᠲᠤᠰᠠᠯᠠᠮᠵᠢ ᠵᠢᠨ ᠠᠵᠢᠯᠯᠠᠭ᠎ᠠ ᠥᠷᠨᠢᠭᠦᠯᠬᠦ ᠪᠣᠯ ᠰᠢ ᠵᠢᠨ ᠫᠢᠩ ᠶᠡᠷᠦᠩᠬᠡᠢ ᠱᠦᠵᠢ ᠵᠢᠨ ᠬᠦᠴᠢᠷᠳᠡᠯ᠎ᠲᠠᠢ ᠣᠯᠠᠨ ᠲᠦᠮᠡᠨ᠎ᠢ ᠬᠠᠯᠠᠮᠵᠢᠯᠠᠬᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠮᠥᠨ᠂ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤᠯᠠᠬᠤ᠂ ᠪᠠᠴᠢᠮ ᠬᠦᠴᠢᠷᠳᠡᠯᠳᠡᠢ᠌ᠴᠤᠳᠢ ᠠᠪᠤᠷᠠᠬᠤ ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ ᠵᠢᠨ ᠴᠢᠬᠤᠯᠠ ᠱᠠᠭ᠋ᠠᠷᠳᠠᠯᠭ᠎ᠠ ᠮᠥᠨ᠃ ᠡᠯ᠎ᠡ ᠰᠠᠯᠠᠭ᠎ᠠ ᠮᠥᠴᠢᠷ᠎ᠤᠨ᠎ᠬᠢᠨ ᠲᠤᠰᠬᠠᠢ ᠲᠤᠰᠠᠯᠠᠮᠵᠢ ᠵᠢᠨ ᠠᠵᠢᠯᠯᠠᠭ᠎ᠠ ᠵᠢ ᠴᠢᠬᠤᠯᠠᠴᠢᠯᠠᠵᠤ᠂ ᠵᠡᠭᠡᠯᠢ ᠭᠤᠳᠤᠮᠵᠢ᠎ᠪᠠᠷ ᠲᠣᠭᠣᠷᠢᠨ ᠪᠠᠢ᠌ᠴᠠᠭ᠋ᠠᠬᠤ ᠡᠷᠴᠢᠮ ᠵᠶ᠋ᠡᠨ ᠬᠦᠴᠦ᠎ᠪᠠᠨ ᠬᠠᠮᠲᠤᠳᠬᠠᠨ ᠴᠢᠩᠭ᠋ᠠᠷᠠᠭᠤᠯᠵᠤ᠂ ᠲᠥᠷᠥᠯ ᠬᠤᠪᠢᠶᠠᠨ ᠲᠤᠰᠠᠯᠠᠬᠤ ᠵᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠢ᠎ᠪᠠᠷ ᠬᠡᠷᠡᠭᠵᠢᠭᠦᠯᠵᠦ᠂ ᠲᠤᠰᠠᠯᠠᠮᠵᠢ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠢ᠌ᠳᠠᠪᠤᠷᠢᠵᠢᠭᠤᠯᠤᠨ᠂ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠵᠦ᠂ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ ᠵᠡᠷᠭᠡ ᠡᠯ᠎ᠡ ᠲᠥᠷᠥᠯ᠎ᠤᠨ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ ᠬᠥᠮᠥᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠢ ᠬᠡᠵᠡᠢ᠃

ᠬᠤᠷᠠᠯ ᠲᠡᠬᠡᠷ᠎ᠡ ᠨᠠᠮ᠎ᠤᠨ ᠬᠣᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠭᠣᠣᠯᠯᠠᠨ ᠤᠳᠤᠷᠢᠳᠬᠤ᠂ ᠠᠷᠠᠳ᠎ᠤᠨ ᠶᠠᠪᠤᠳᠠᠯ᠎ᠤᠨ᠎ᠬᠢᠨ ᠲᠦᠷᠦᠭᠦᠯᠡᠭᠦᠯᠬᠦ᠂ ᠰᠠᠯᠠᠭ᠎ᠠ ᠮᠥᠴᠢᠷ᠎ᠤᠨ᠎ᠬᠢᠨ ᠬᠠᠷᠢᠭᠤᠴᠠᠬᠤ᠂ ᠨᠡᠢ᠌ᠭᠡᠮ᠎ᠤᠨ᠎ᠬᠢᠨ ᠣᠷᠣᠯᠴᠠᠬᠤ ᠠᠵᠢᠯ᠎ᠤᠨ ᠲᠣᠭᠲᠠᠴᠠ ᠵᠢ ᠪᠦᠷᠢᠯᠳᠦᠭᠦᠯᠵᠦ᠂ 《ᠬᠠᠯᠠᠭᠤᠨ ᠲᠤᠯᠠᠭ᠋ᠠᠨ ᠡᠪᠤᠯᠵᠢᠬᠦᠯᠬᠦ》 ᠲᠤᠰᠬᠠᠢ ᠠᠵᠢᠯᠯᠠᠭ᠎ᠠ ᠵᠢ ᠯᠠᠪᠳᠠᠭᠤᠨ ᠪᠦᠲᠦᠮᠵᠢᠲᠡᠢ ᠥᠷᠨᠢᠭᠦᠯᠬᠦ ᠵᠢ ᠪᠠᠲᠤᠯᠠᠬᠤ ᠬᠡᠷᠡᠭᠲᠡᠢ᠃ ᠡᠯ᠎ᠡ ᠨᠢᠬᠡᠴᠢ ᠵᠢᠨ᠎ᠬᠢᠨ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ ᠲᠣᠰ ᠰᠢᠰᠲ᠋ᠧᠮ᠎ᠤᠨ ᠵᠶ᠋ᠡᠨ 《ᠬᠠᠯᠠᠭᠤᠨ ᠲᠤᠯᠠᠭ᠋ᠠᠨ ᠡᠪᠤᠯᠵᠢᠬᠦᠯᠬᠦ》 ᠠᠵᠢᠯ᠎ᠢ ᠱᠠᠯᠠᠪᠳᠠᠭᠤᠯᠤᠨ ᠵᠢᠯᠤᠭᠣᠳᠬᠤ᠎ᠪᠠᠨ ᠴᠢᠩᠭ᠋ᠠᠳᠬᠠᠬᠤ ᠬᠡᠷᠡᠭᠲᠡᠢ᠃ ᠪᠦᠲᠦᠮᠵᠢᠲᠡᠶ ᠤᠬᠠᠭᠤᠯᠭ᠎ᠠ ᠵᠢᠨ ᠬᠡᠯᠪᠡᠷᠢ ᠪᠠ ᠤᠯᠠᠮᠵᠢᠯᠠᠬᠤ ᠲᠠᠪᠴᠠᠩ᠎ᠢ ᠭᠦᠢ᠍ᠴᠡᠳ ᠬᠡᠷᠡᠭᠯᠡᠨ᠂ ᠲᠤᠰᠠᠯᠠᠮᠵᠢ ᠵᠢᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠪᠠ ᠬᠠᠯᠠᠭᠤᠨ ᠲᠤᠯᠠᠭ᠋ᠠᠨ ᠡᠪᠤᠯᠵᠢᠬᠦᠯᠬᠦ ᠠᠷᠭ᠎ᠠ ᠵᠢ ᠥᠷᠭᠡᠨ ᠵᠶ᠋ᠡᠷ ᠤᠬᠠᠭᠤᠯᠵᠤ᠂ ᠣᠯᠠᠨ ᠲᠦᠮᠡᠨ ᠪᠤᠶᠤ ᠲᠡᠨᠦᠭᠦᠴᠢᠯᠡᠨ ᠭᠤᠢ᠌ᠷᠠᠨᠴᠢᠯᠠᠬᠰᠠᠳ᠎ᠤᠨ ᠰᠠᠨᠠᠭ᠋ᠠᠴᠢᠯᠠᠭ᠎ᠠ᠎ᠠᠴᠠ᠎ᠪᠠᠨ ᠲᠤᠰᠠᠯᠠᠮᠵᠢ ᠭᠤᠶᠤᠴᠢᠯᠠᠬᠤ ᠵᠢ ᠲᠠᠢ᠌ᠴᠢᠯᠠᠬᠤ ᠬᠡᠷᠡᠭᠲᠡᠢ᠃ ᠲᠤᠰᠠᠯᠠᠮᠵᠢ ᠵᠢᠨ ᠦᠢ᠍ᠯᠡᠴᠢᠯᠡᠭᠡᠨ᠎ᠤ ᠠᠷᠭ᠎ᠠ ᠵᠠᠮ ᠪᠠ ᠠᠵᠢᠯ᠎ᠤᠨ ᠦᠷ᠎ᠡ ᠪᠦᠲᠦᠮᠵᠢ ᠵᠢ ᠨᠡᠢ᠌ᠭᠡᠮ᠎ᠤᠨ ᠡᠯ᠎ᠡ ᠡᠲᠡᠭᠡᠳ᠎ᠲᠤ ᠮᠡᠳᠡᠭᠦᠯᠵᠦ᠂ ᠪᠠᠭᠤᠷᠠᠶ᠋ᠢᠴᠤᠳᠢ ᠨᠡᠢ᠌ᠬᠡᠮ ᠲᠠᠶᠠᠭ᠋ᠠᠷ ᠵᠶ᠋ᠡᠨ ᠬᠠᠯᠠᠮᠵᠢᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠤᠯᠭ᠋ᠠᠬᠤ ᠬᠡᠷᠡᠭᠳᠡᠢ ᠭᠡᠵᠦ ᠱᠠᠭ᠋ᠠᠷᠳᠠᠪᠠ᠃