ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠭᠤᠴᠢ)
ᠨᠡᠶᠢᠲᠡᠯᠡᠭᠰᠡᠨ ᠴᠠᠭ᠄ 2023-12-25

     ᠰᠠᠭᠤᠭ᠋ᠠᠯᠢ ᠠᠷᠠᠳ᠎ᠤᠨ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠳᠤᠮᠳᠠᠳᠤ ᠵᠢᠨ ᠰᠢᠯᠢᠳᠡᠭ ᠰᠤᠶᠤᠯ᠎ᠢ ᠤᠯᠠᠮᠵᠢᠯᠠᠨ ᠪᠠᠳᠠᠷᠠᠭᠤᠯᠬᠤ ᠵᠢᠨ ᠲᠥᠯᠥᠭᠡ ᠬᠥᠬᠡᠬᠣᠲᠠ᠂ ᠬᠢᠩᠭ᠋ᠠᠨ ᠠᠢ᠌ᠮᠠᠭ᠂ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠬᠠᠢ ᠵᠢᠨ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠲᠠᠢ᠌ᠴᠢᠯᠠᠨ ᠨᠡᠢ᠌ᠭᠡᠮ ᠲᠣᠭᠣᠷᠢᠭ᠎ᠤᠨ ᠠᠵᠢᠯᠯᠠᠭ᠎ᠠ ᠵᠣᠬᠢᠶᠠᠨ ᠪᠠᠢ᠌ᠭᠤᠯᠤᠨ᠂ ᠰᠠᠭᠤᠭ᠋ᠠᠯᠢ ᠠᠷᠠᠳ᠎ᠤᠨ ᠰᠣᠶᠣᠯ᠎ᠤᠨ ᠬᠡᠷᠡᠭᠴᠡᠭᠡ ᠵᠢ ᠬᠠᠡᠭᠭ᠋ᠠᠬᠤ ᠵᠢᠨ ᠬᠠᠮᠳᠤ ᠨᠡᠢ᠌ᠭᠡᠮ ᠲᠣᠭᠣᠷᠢᠭ᠎ᠤᠨ᠎ᠬᠢᠨ ᠪᠤᠯᠤᠨ ᠪᠣᠯᠣᠨ ᠰᠠᠭᠤᠭ᠋ᠠᠯᠢ ᠠᠷᠠᠳ ᠊ᠤ᠊ ᠰᠤᠯᠢᠯᠴᠠᠭ᠎ᠠ ᠵᠢ ᠴᠢᠩᠭ᠋ᠠᠳᠬᠠᠵᠤ᠂ ᠰᠠᠭᠤᠭ᠋ᠠᠯᠢ ᠠᠷᠠᠳ᠎ᠤᠨ ᠵᠣᠯ ᠵᠢᠷᠭ᠋ᠠᠯᠲᠤ ᠲᠥᠷᠥᠭᠳᠡᠯ᠎ᠢ ᠲᠡᠭᠡᠭᠰᠢᠯᠡᠬᠦᠯᠵᠤ ᠪᠠᠢ᠌ᠨ᠎ᠠ᠃

W020231226543826244885.png


        ᠬᠥᠬᠡᠬᠣᠲᠠ ᠵᠢᠨ ᠮᠤ᠌ ᠰᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠬᠤᠳᠤᠡᠭᠴᠤᠳ᠎ᠤᠨ ᠲᠣᠭᠣᠷᠢᠭ᠎ᠤᠨ ᠰᠢᠨᠬᠤᠸᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠲᠦᠩᠪᠸᠢ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ᠎ᠲᠠᠢ ᠬᠠᠮᠳᠤᠷᠠᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠤᠨ 《ᠪᠥᠰ ᠨᠠᠭ᠋ᠠᠮᠠᠯ ᠵᠢᠷᠤᠭ》᠎ᠤᠨ ᠵᠠᠯᠭ᠋ᠠᠮᠵᠢᠯᠠᠭᠴᠢ ᠵᠢ ᠤᠷᠢᠵᠤ᠂ 《ᠪᠣᠳᠠᠰ᠎ᠤᠨ ᠪᠤᠰᠤ ᠰᠣᠶᠣᠯ᠎ᠤᠨ ᠥᠪ᠎ᠢ ᠨᠡᠢ᠌ᠭᠡᠮ ᠲᠣᠭᠣᠷᠢᠭ᠎ᠲᠤ ᠣᠷᠣᠭᠤᠯᠬᠤ》 ᠭᠣᠣᠯ ᠰᠡᠳᠦᠪᠲᠦ ᠠᠵᠢᠯᠯᠠᠭ᠎ᠠ ᠦᠷᠨᠢᠬᠦᠯᠪᠡ᠃ ᠨᠡᠢ᠌ᠭᠡᠮ᠎ᠤᠨ ᠠᠵᠢᠯᠲᠠᠨ᠎ᠤ ᠨᠢᠭᠡᠳᠦᠯᠲᠡᠢ ᠵᠣᠬᠢᠶᠠᠨ ᠪᠠᠢ᠌ᠭᠤᠯᠤᠯᠲᠠ᠎ᠪᠠᠷ ᠬᠠᠷᠢᠶ᠎ᠠ ᠣᠷᠣᠨ᠎ᠤ ᠨᠠᠰᠤᠲᠠᠢ᠌ᠴᠤᠳ ᠴᠥᠮ ᠪᠥᠰ ᠨᠠᠭ᠋ᠠᠮᠠᠯ ᠵᠢᠷᠤᠭ ᠬᠢᠬᠦ ᠡᠩᠨᠡᠭᠡᠨ᠎ᠳᠤ ᠣᠷᠣᠵᠤ᠂ ᠠᠬᠤᠢ ᠲᠠᠯᠠᠪᠠᠶ ᠵᠢᠨ ᠠᠭᠤᠷ ᠠᠮᠢᠰᠬᠤᠯ ᠬᠥᠷ ᠬᠥᠭᠵᠢᠶᠡᠨ᠎ᠲᠠᠢ ᠪᠠᠢ᠌ᠯ᠎ᠠ᠃ ᠡᠨᠡ ᠬᠦ᠌ ᠠᠵᠢᠯᠯᠠᠭ᠎ᠠ ᠬᠠᠷᠢᠶ᠎ᠠ ᠣᠷᠣᠨ᠎ᠤ᠎ᠪᠠᠨ ᠨᠠᠰᠤᠲᠠᠢ᠌ᠴᠤᠳ᠎ᠤᠨ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠤᠯᠠᠮᠵᠢᠯᠠᠯᠲᠤ ᠰᠣᠶᠣᠯ ᠤᠷᠠᠯᠢᠭ᠎ᠤᠨ ᠲᠤᠬᠠᠢ ᠣᠢ᠌ᠯᠠᠭ᠋ᠠᠯᠲᠠ ᠵᠢ᠎ᠨᠢ ᠭᠦᠨᠵᠡᠭᠡᠢ᠌ᠷᠡᠭᠦᠯᠵᠦ᠂ ᠮᠠᠰᠢ ᠰᠠᠢ᠌ᠨ ᠦᠷ᠎ᠡ ᠪᠦᠲᠦᠮᠵᠢ ᠣᠯᠣᠭᠰᠠᠨ ᠪᠠᠢ᠌ᠨ᠎ᠠ᠃

W020231226543826302770.png


     ᠬᠢᠩᠭ᠋ᠠᠨ ᠠᠢ᠌ᠮᠠᠭ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ᠎ᠤᠨ᠎ᠬᠢᠨ ᠵᠠᠯᠠᠢ᠌ᠳ ᠬᠣᠰᠢᠭᠤᠨ᠎ᠤ ᠪᠠᠶᠠᠨᠭᠣᠣᠯ ᠪᠠᠯᠭ᠋ᠠᠰᠤᠨ᠎ᠤ ᠪᠠᠶᠠᠨ ᠨᠡᠢ᠌ᠭᠡᠮ ᠲᠣᠭᠣᠷᠢᠭ᠎ᠤᠨ᠎ᠬᠢᠨ᠎ᠲᠠᠢ ᠬᠣᠯᠪᠤᠭ᠋ᠠᠯᠠᠨ ᠰᠠᠭᠤᠭ᠋ᠠᠯᠢ ᠠᠷᠠᠳ᠎ᠤᠨ ᠵᠥᠪᠯᠡᠯ 《ᠬᠡᠩᠭᠡᠷᠭᠡ ᠴᠠᠩ ᠳᠡᠯᠡᠳᠦᠨ ᠶᠠᠩᠭ᠋ᠠᠷ ᠪᠥᠵᠢᠭᠯᠡᠵᠦ᠂ ᠵᠣᠯ ᠵᠢᠷᠭ᠋ᠠᠯᠲᠤ ᠰᠢᠨ᠎ᠡ ᠠᠮᠢᠳᠤᠷᠠᠯ᠎ᠢ ᠪᠤᠢ ᠪᠣᠯᠭ᠋ᠠᠬᠤ》 ᠠᠵᠢᠯᠯᠠᠭ᠎ᠠ ᠵᠢ ᠥᠷᠨᠢᠭᠦᠯᠪᠡ᠃ ᠨᠡᠢ᠌ᠭᠡᠮ᠎ᠤᠨ ᠠᠵᠢᠯᠲᠠᠨ ᠲᠤᠰᠬᠠᠢ ᠮᠡᠷᠭᠡᠵᠢᠯ᠎ᠤᠨ ᠪᠠᠭᠰᠢ ᠵᠢ ᠤᠷᠢᠵᠤ ᠰᠠᠭᠤᠭ᠋ᠠᠯᠢ ᠠᠷᠠᠳ᠎ᠲᠤ ᠲᠤᠬᠠᠢ ᠵᠢᠨ ᠲᠠᠯᠠᠪᠤᠷ᠎ᠤᠨ ᠵᠢᠯᠣᠭᠣᠳᠤᠯᠭ᠎ᠠ ᠬᠢᠯᠭᠡᠵᠦ᠂  ᠬᠠᠷᠢᠶ᠎ᠠ ᠣᠷᠣᠨ᠎ᠤ ᠰᠠᠭᠤᠭ᠋ᠠᠯᠢ ᠠᠷᠠᠳ᠎ᠲᠤ ᠰᠣᠨᠢᠷᠬᠠᠭᠤᠯᠬᠤ ᠪᠠ ᠢᠳᠡᠪᠬᠢᠲᠡᠢ ᠤᠷᠤᠯᠴᠠᠭᠤᠯᠵᠤ᠂ ᠲᠡᠳᠡᠨ᠎ᠤ ᠨᠡᠢ᠌ᠭᠡᠮ ᠲᠣᠭᠣᠷᠢᠭ᠎ᠤᠨ ᠠᠵᠢᠯᠯᠠᠭ᠎ᠠ᠎ᠳᠤ ᠤᠷᠤᠯᠴᠠᠬᠤ ᠤᠷᠮ᠎ᠠ ᠵᠢ ᠬᠦᠭᠵᠢᠬᠡᠯ᠎ᠡ᠃

W020231226543826369692.png


      ᠠᠯᠠᠱ᠌ᠠ ᠠᠢ᠌ᠮᠠᠭ᠎ᠤᠨ ᠨᠡᠢ᠌ᠭᠡᠮ᠎ᠤᠨ ᠠᠵᠢᠯ᠎ᠤᠨ ᠬᠦᠭᠵᠢᠬᠦᠯᠤᠯᠳᠡ ᠵᠢᠨ ᠦᠢ᠍ᠯᠡᠴᠢᠯᠡᠭᠡᠨ᠎ᠤ ᠲᠥᠪ᠎ᠤᠨ᠎ᠬᠢᠨ ᠠᠯᠠᠱ᠌ᠠ ᠵᠡᠭᠦᠨ ᠬᠣᠰᠢᠭᠤᠨ᠎ᠤ ᠢᠬᠡᠷ᠎ᠡ ᠬᠤᠳᠳᠤᠭ ᠨᠡᠢ᠌ᠭᠡᠮ ᠲᠣᠭᠣᠷᠢᠭ᠎ᠤᠨ᠎ᠬᠢᠨ᠎ᠲᠠᠢ ᠬᠠᠮᠲᠤᠷᠠᠨ ᠨᠠᠰᠤᠲᠠᠢ᠌ᠴᠤᠳ᠎ᠤᠨ ᠰᠣᠶᠣᠯ ᠲᠠᠮᠢᠷ᠎ᠤᠨ ᠠᠵᠢᠯᠯᠠᠭ᠎ᠠ ᠵᠢ ᠦᠷᠨᠢᠬᠦᠯᠪᠡ᠃ ᠨᠡᠢ᠌ᠭᠡᠮ᠎ᠤᠨ ᠠᠵᠢᠯᠲᠠᠨ ᠪᠠ ᠰᠠᠢ᠌ᠨ ᠲᠤᠷᠠᠴᠤᠤᠯ᠎ᠤᠨ ᠨᠢᠮᠪᠠᠢ ᠵᠣᠬᠢᠶᠠᠨ ᠪᠠᠢ᠌ᠭᠤᠯᠤᠯᠲᠠ᠎ᠪᠠᠷ 60 ᠭᠠᠷᠤᠢ ᠨᠠᠰᠤᠲᠠᠢ᠌ᠴᠤᠳ ᠰᠢᠲᠠᠷ᠎ᠠ᠂ ᠮᠠᠵᠢᠶᠠᠩ᠂ ᠬᠥᠵᠥᠷ᠎ᠤᠨ ᠤᠷᠤᠯᠳᠤᠭ᠋ᠠᠨ᠎ᠳᠤ ᠣᠷᠣᠯᠴᠠᠵᠠᠢ᠃ ᠠᠵᠢᠯᠯᠠᠭ᠎ᠠ᠎ᠨᠢ ᠨᠠᠰᠤᠲᠠᠢ᠌ᠴᠤᠳ᠎ᠤᠨ ᠭᠠᠷ ᠲᠠᠷᠢᠬᠢᠨ᠎ᠤ ᠵᠣᠬᠢᠴᠠᠭᠤᠯᠬᠤ ᠴᠢᠳᠠᠪᠤᠷᠢ ᠵᠢ ᠪᠣᠯᠪᠠᠰᠤᠷᠠᠭᠤᠯᠤᠭᠰᠠᠨ ᠵᠶ᠋ᠠᠷ ᠪᠠᠷᠠᠬᠤ ᠦᠭᠡᠢ ᠪᠠᠰᠠ ᠰᠠᠭᠤᠭ᠋ᠠᠯᠢ ᠠᠷᠠᠳ᠎ᠤᠨ ᠬᠠᠮᠵᠢᠯᠴᠠᠬᠤ ᠤᠬᠠᠮᠰᠠᠷ ᠪᠠ ᠨᠡᠢ᠌ᠭᠡᠮ ᠲᠣᠭᠣᠷᠢᠭ᠎ᠤᠨ ᠨᠢᠭᠲᠠᠷᠠᠯ ᠲᠦᠪᠯᠡᠷᠡᠯ᠎ᠤᠨ ᠬᠦᠴᠦᠨ᠎ᠢ ᠴᠢᠡᠭᠭ᠋ᠠᠳᠬᠠᠵᠤ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ ᠪᠠ ᠰᠠᠭᠤᠭ᠋ᠠᠯᠢᠴᠢᠳ᠎ᠤᠨ ᠲᠠᠭ᠋ᠠᠰᠢᠶᠠᠯ᠎ᠢ ᠤᠯᠤᠬᠰᠠᠨ ᠪᠠᠢ᠌ᠨ᠎ᠠ᠃


 




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠵᠢᠨ ᠭᠡᠬᠦ ᠰᠢᠷᠢᠰ ᠮᠡᠳᠡᠭᠡᠯᠡᠯ (ᠬᠣᠷᠢᠨ ᠳᠣᠯᠣᠭ᠎ᠠ)
ᠦᠬᠠᠢ ᠬᠣᠲᠠ᠄ ᠵᠣᠯ ᠵᠢᠷᠭ᠋ᠠᠯᠲᠤ ᠣᠷᠣᠭ ᠭᠡᠷ ᠪᠦᠯᠢ ᠵᠢᠨ ᠲᠤᠬᠠᠢ ᠵᠢᠯᠣᠭᠣᠳᠤᠯᠭ᠎ᠠ᠎ᠪᠠᠷ ᠬᠠᠢ᠌ᠷ᠎ᠠ ᠵᠢ ᠦᠶᠦᠭᠰᠢᠬᠦᠯᠵᠤ ᠪᠠᠢ᠌ᠨ᠎ᠠ
ᠬᠥᠬᠡᠬᠣᠲᠠ ᠵᠢᠨ᠎ᠬᠢᠨ 2023 ᠣᠨ᠎ᠤ 《ᠬᠠᠯᠠᠭᠤᠨ ᠲᠤᠯᠠᠭ᠋ᠠᠨ ᠡᠪᠤᠯᠵᠢᠬᠦᠯᠬᠦ》 ᠲᠤᠰᠬᠠᠢ ᠲᠤᠰᠠᠯᠠᠮᠵᠢ ᠵᠢᠨ ᠠᠵᠢᠯᠯᠠᠭ᠎ᠠ ᠵᠢ ᠪᠠᠢ᠌ᠷᠢᠯᠠᠭᠤᠯᠬᠤ ᠬᠤᠷᠠᠯ ᠬᠤᠷᠠᠯᠳᠤᠭᠤᠯᠪᠠ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠥᠬᠥ ᠬᠣᠲᠠ ᠵᠢᠨ ᠲᠤᠰᠠᠯᠠᠮᠵᠢ ᠵᠢᠨ ᠬᠠᠮᠢᠶᠠᠷᠤᠯᠲᠠ ᠵᠢᠨ ᠠᠵᠢᠯ᠎ᠤᠨ ᠪᠣᠯᠪᠠᠰᠤᠷᠠᠯ ᠲᠣᠭᠲᠠᠭ᠋ᠠᠯ᠎ᠠᠴᠠ ᠵᠥᠷᠢᠴᠡᠨ ᠪᠠᠢ᠌ᠭᠤᠯᠤᠬᠰᠠᠨ ᠪᠤᠯᠠᠰᠢᠨ᠎ᠤ ᠭᠠᠵᠠᠷ᠎ᠢ ᠵᠠᠰᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠵᠢᠨ ᠬᠤᠩᠱ᠌ᠠᠨ ᠲᠤᠭᠤᠷᠢᠭ᠎ᠤᠨ 68 ᠰᠢᠨ᠎ᠡ ᠬᠤᠤᠰ ᠰᠢᠨ᠎ᠡ ᠤᠨ ᠵᠶ᠋ᠡᠨ ᠷᠤᠮᠠᠨᠲ᠋ᠢᠭ ᠵᠶ᠋ᠡᠷ ᠤᠬᠳᠤᠯ᠎ᠠ
 
            