ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠵᠢᠨ ᠭᠡᠬᠦ ᠰᠢᠷᠢᠰ ᠮᠡᠳᠡᠭᠡᠯᠡᠯ (ᠬᠣᠷᠢᠨ ᠳᠣᠯᠣᠭ᠎ᠠ)
ᠨᠡᠶᠢᠲᠡᠯᠡᠭᠰᠡᠨ ᠴᠠᠭ᠄ 2023-12-04

    ᠰᠢ ᠵᠢᠨ ᠫᠢᠩ ᠶᠡᠷᠦᠩᠬᠡᠢ ᠱᠦᠵᠢ ᠵᠢᠨ ᠭᠡᠷ ᠪᠦᠯᠢ ᠭᠡᠷ᠎ᠤᠨ ᠰᠤᠷᠭ᠋ᠠᠯ ᠭᠡᠷ᠎ᠤᠨ ᠰᠤᠷᠲᠠᠯ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠤᠨ᠂ ᠤᠯᠤᠰ ᠵᠶ᠋ᠠᠨ ᠬᠠᠢ᠌ᠷᠠᠯᠠᠵᠤ ᠭᠡᠷ ᠵᠶ᠋ᠡᠨ ᠬᠠᠢ᠌ᠷᠠᠯᠠᠬᠤ᠂ ᠬᠠᠷᠢᠯᠴᠠᠨ ᠬᠠᠢ᠌ᠷᠠᠯᠠᠬᠤ᠂ ᠥᠭᠡᠳᠡᠯᠡᠨ ᠳᠠᠪᠰᠢᠬᠤ᠂ ᠬᠠᠮᠳᠤ᠎ᠪᠠᠷ ᠪᠠᠢ᠌ᠭᠤᠯᠵᠤ ᠬᠤᠪᠢᠶᠠᠯᠴᠠᠬᠤ ᠨᠡᠢ᠌ᠭᠡᠮ ᠵᠢᠷᠤᠮ᠎ᠤᠨ ᠭᠡᠷ ᠪᠦᠯᠢ ᠵᠢᠨ ᠪᠣᠯᠪᠠᠰᠤᠨ᠎ᠤ ᠰᠢᠨ᠎ᠡ ᠬᠡᠪ ᠰᠤᠷᠲᠠᠯ᠎ᠢ ᠪᠦᠷᠢᠯᠳᠦᠭᠦᠯᠬᠦ ᠵᠢ ᠠᠬᠢᠭᠤᠯᠬᠤ ᠵᠢᠨ ᠲᠦᠯᠤᠬᠡ ᠬᠥᠬᠡᠬᠣᠲᠠ᠂ ᠬᠢᠩᠭ᠋ᠠᠨ ᠠᠢ᠌ᠮᠠᠭ᠂ ᠰᠢᠯᠢ ᠵᠢᠨ ᠭᠣᠣᠯ ᠠᠢ᠌ᠮᠠᠭ ᠵᠡᠷᠭᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠲᠤᠬᠠᠢ ᠵᠢᠨ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠥᠷᠲᠡᠭᠡ ᠴᠡᠭ᠎ᠢ ᠳᠡᠮᠵᠢᠨ ᠵᠣᠷᠢᠭᠵᠢᠭᠤᠯᠵᠤ᠂ ᠭᠡᠷ ᠪᠦᠯᠢ ᠵᠢᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠲᠠᠢ᠌ᠯᠤᠮᠵᠢ᠂ ᠣᠷᠣᠭ ᠭᠡᠷ ᠪᠦᠯᠢ ᠵᠢᠨ ᠬᠠᠪᠰᠤᠷᠤᠨ ᠵᠢᠯᠣᠭᠣᠳᠤᠯᠭ᠎ᠠ ᠵᠡᠷᠭᠡ ᠰᠠᠢ᠌ᠨ ᠳᠤᠷ᠎ᠠ ᠵᠢᠨ ᠦᠢ᠍ᠯᠡᠴᠢᠯᠡᠬᠡ ᠦᠷᠨᠢᠬᠦᠯᠤᠬᠡᠳ᠂ ᠬᠠᠷᠢᠶ᠎ᠠ ᠭᠠᠵᠠᠷ᠎ᠤᠨ ᠵᠶ᠋ᠡᠨ ᠰᠠᠭᠤᠭ᠋ᠠᠯᠢᠴᠢᠳ᠎ᠢ ᠵᠢᠯᠤᠭᠣᠳᠴᠤ ᠪᠠᠢ᠌ᠭ᠋ᠠᠳ ᠵᠥᠪ ᠣᠨᠣᠪᠴᠢᠲᠠᠶ ᠰᠤᠷᠭ᠋ᠠᠨ ᠬᠥᠮᠦᠵᠢᠯ᠎ᠤᠨ ᠦᠵᠡᠯᠲᠡ᠂ ᠣᠷᠣᠭ  ᠬᠤᠷᠢᠮ᠎ᠤᠨ ᠦᠵᠡᠯᠲᠡ᠂ ᠭᠡᠷ ᠪᠦᠯᠢ ᠵᠢᠨ ᠦᠵᠡᠯᠲᠡ᠎ᠲᠠᠢ ᠪᠣᠯᠭ᠋ᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠯᠠᠭᠤᠨ ᠬᠦᠷᠢᠶᠡᠯᠡᠯ᠎ᠢ ᠣᠯᠣᠭᠰᠠᠨ ᠪᠠᠢ᠌ᠨ᠎ᠠ᠃

W020231201388846425224.png


     ᠬᠥᠬᠡᠬᠣᠲᠠ ᠵᠢᠨ ᠮᠦ᠍ ᠰᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ᠎ᠨᠢ ᠬᠤᠳᠤᠡᠭᠴᠤᠳ᠎ᠤᠨ  ᠲᠣᠭᠣᠷᠢᠭ᠎ᠤᠨ ᠶᠤᠤᠮᠠᠢ ᠵᠢᠨ ᠪᠠᠢ᠌ᠰᠢᠡᠭ ᠪᠠᠯᠭ᠋ᠠᠰᠤ ᠵᠢᠨ ᠴᠠᠭ᠋ᠠᠨ ᠪᠠᠢ᠌ᠰᠢᠡᠭ  ᠨᠡᠢ᠌ᠬᠡᠮ ᠲᠣᠭᠣᠷᠢᠭ (攸板镇厂汉板社区)᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ᠎ᠲᠠᠢ ᠬᠠᠮᠲᠤ᠎ᠪᠠᠷ ᠭᠡᠷ ᠪᠦᠯᠢ ᠵᠢᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠲᠠᠢ᠌ᠯᠤᠮᠵᠢ ᠥᠷᠨᠢᠭᠦᠯᠵᠡᠢ᠃ ᠨᠡᠢ᠌ᠭᠡᠮ᠎ᠤᠨ ᠠᠵᠢᠯᠲᠠᠨ ᠪᠠ ᠰᠠᠢ᠌ᠨ ᠲᠤᠷᠠᠴᠤᠤᠯ ᠬ᠋ᠡᠷᠡᠭ᠎ᠤᠨ ᠵᠢᠱ᠌ᠢᠶ᠎ᠡ ᠵᠢ ᠵᠠᠳᠠᠯᠬᠤ ᠪᠠ ᠠᠬᠤᠢ ᠪᠠᠢ᠌ᠳᠠᠯ᠎ᠢ ᠳᠠᠬᠢᠨ ᠢᠯᠡᠷᠡᠭᠦᠯᠬᠦ᠎ᠪᠠᠷ ᠳᠠᠮᠵᠢᠭᠤᠯᠤᠨ᠂ ᠠᠳᠠᠯᠢ ᠪᠤᠰᠤ ᠬᠠᠷᠢᠯᠴᠠᠭ᠋ᠠᠨ᠎ᠤ ᠠᠷᠭ᠎ᠠ᠎ᠠᠴᠠ ᠪᠣᠯᠤᠭᠰᠠᠨ ᠵᠦᠷᠢᠶᠡᠴᠢᠯᠡᠭᠰᠡᠨ ᠦᠷ᠎ᠡ ᠳ᠋ᠦᠩ᠎ᠢ ᠠᠮᠢᠳᠤᠯᠢᠭ ᠵᠶ᠋ᠠᠷ ᠳᠡᠯᠭᠡᠷᠡᠭᠦᠯᠦᠨ᠂ ᠰᠠᠢ᠌ᠨ ᠰᠠᠢ᠌ᠬᠠᠨ ᠭᠡᠷ ᠪᠦᠯᠢ ᠵᠢᠨ ᠠᠭᠤᠷ ᠠᠮᠢᠰᠬᠤᠯ᠎ᠢ ᠪᠣᠶ ᠪᠣᠯᠭ᠋ᠠᠬᠤ᠎ᠨᠢ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠴᠢᠬᠤᠯᠠ ᠠᠴᠢ ᠬᠣᠯᠪᠣᠭᠳᠠᠯ᠎ᠲᠠᠢ ᠭᠡᠳᠡᠭ᠎ᠢ ᠭᠡᠷ᠎ᠤᠨ ᠠᠬᠠᠮᠠᠳ᠎ᠲᠤ ᠭᠦᠢ᠍ᠴᠡᠳ ᠲᠠᠨᠢᠭᠤᠯᠵᠤ᠂ ᠮᠠᠰᠢ ᠰᠠᠢ᠌ᠨ ᠠᠵᠢᠯᠯᠠᠭ᠋ᠠᠨ᠎ᠤ ᠦᠷ᠎ᠡ ᠪᠦᠲᠦᠮᠵᠢ ᠣᠯᠣᠭᠰᠠᠨ ᠪᠠᠢ᠌ᠨ᠎ᠠ᠃

          W020231201388846507820.png


     ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ᠎ᠤ ᠨᠡᠢ᠌ᠭᠡᠮ᠎ᠤᠨ ᠠᠵᠤ ᠦᠢ᠍ᠯᠡᠳᠪᠦᠷᠢ ᠵᠢᠨ ᠦᠷᠳᠡᠬᠡ ᠲᠦᠴᠢᠦᠸᠠᠨ ᠰᠢᠶᠠᠨ᠎ᠤ ᠰᠢᠨᠬᠤᠸᠠ ᠨᠡᠢ᠌ᠬᠡᠮ ᠲᠤᠭᠤᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ᠎ᠲᠠᠢ ᠬᠠᠮᠲᠤᠷᠠᠨ 《ᠭᠡᠷ ᠪᠦᠯᠢ ᠪᠠ ᠨᠡᠢ᠌ᠭᠡᠮ ᠲᠤᠭᠤᠷᠢᠭ᠎ᠤᠨ᠎ᠬᠢᠨ ᠬᠠᠮᠳᠤ᠎ᠪᠠᠷ ᠪᠣᠢ᠌ᠵᠢᠭᠤᠯᠵᠤ᠂ ᠬᠦᠰᠡᠯ ᠵᠡᠭᠦᠳᠦ ᠵᠢ᠎ᠨᠢ ᠵᠢᠷᠤᠬᠯᠠᠵᠤ ᠠᠯᠤᠰ᠎ᠤᠨ ᠠᠶᠠᠨ᠎ᠳᠤ ᠲᠦᠷᠤᠬᠡᠯᠡᠬᠦᠯᠬᠦ》 ᠭᠡᠷ ᠪᠦᠯᠢ ᠵᠢᠨ ᠬᠥᠮᠦᠵᠢᠯ᠎ᠤᠨ ᠳᠤᠭᠤᠢ᠌ᠯᠠᠩ᠎ᠤᠨ ᠠᠵᠢᠯᠯᠠᠭ᠎ᠠ ᠵᠢ ᠥᠷᠨᠢᠭᠦᠯᠵᠡᠢ᠃ ᠭᠡᠷ ᠪᠦᠯᠢ ᠵᠢᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠳᠤᠭᠤᠢ᠌ᠯᠠᠩ᠎ᠤᠨ ᠪᠦᠷᠢᠯᠳᠦᠭᠦᠨ᠎ᠳᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ᠂ ᠮᠡᠳᠡᠯᠭᠡ ᠵᠢᠨ ᠤᠬᠠᠭᠤᠯᠭ᠎ᠠ ᠬᠢᠵᠦ᠂ ᠭᠡᠷ ᠪᠦᠯᠢ ᠪᠠ ᠨᠡᠢ᠌ᠭᠡᠮ ᠲᠣᠭᠣᠷᠢᠭ᠎ᠤᠨ ᠬᠡᠦᠬᠡᠳ᠎ᠤᠨ ᠦᠰᠦᠨ ᠪᠣᠶ᠋ᠢᠵᠢᠯᠲᠠ ᠵᠢᠨ ᠳᠤᠮᠳᠠᠬᠢ ᠴᠢᠬᠤᠯᠠ ᠦᠢ᠍ᠯᠡᠳᠦᠯ᠎ᠢ ᠲᠣᠳᠣᠷᠬᠠᠢ᠌ᠯᠠᠨ ᠥᠭᠦᠯᠡᠵᠦ᠂ ᠨᠡᠢ᠌ᠭᠡᠮ ᠲᠣᠭᠣᠷᠢᠭ ᠪᠠ ᠭᠡᠷ ᠪᠦᠯᠢ ᠬᠣᠯᠪᠤᠭ᠋ᠠᠯᠠᠨ ᠰᠠᠢ᠌ᠨ ᠰᠠᠢ᠌ᠬᠠᠨ ᠬᠥᠮᠥᠵᠢᠭᠦᠯᠬᠦ ᠣᠷᠴᠢᠨ ᠨᠥᠬᠥᠴᠡᠯ᠎ᠢ ᠪᠣᠶ ᠪᠣᠯᠭ᠋ᠠᠬᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠪᠠ᠃

W020231201388846576627.png


ᠰᠢᠯᠢ ᠵᠢᠨ ᠭᠣᠣᠯ ᠠᠢ᠌ᠮᠠᠭ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠣᠷᠣᠭ ᠲᠠᠡᠭᠰᠠᠯᠠᠬᠤ ᠭᠠᠵᠠᠷ᠎ᠤᠨ᠎ᠬᠢᠨ 《ᠬᠠᠢ᠌ᠷᠠᠳᠠᠢ》 ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠣᠷᠰᠢᠶ᠎ᠠ ᠵᠢᠨ᠎ᠬᠢᠨ᠎ᠲᠠᠢ ᠬᠠᠮᠲᠤᠷᠠᠨ ᠣᠷᠣᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠠᠵᠢᠯᠯᠠᠭ᠎ᠠ ᠥᠷᠨᠢᠭᠦᠯᠪᠡ᠃ 







ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠬᠠᠢ ᠬᠣᠲᠠ᠄ ᠵᠣᠯ ᠵᠢᠷᠭ᠋ᠠᠯᠲᠤ ᠣᠷᠣᠭ ᠭᠡᠷ ᠪᠦᠯᠢ ᠵᠢᠨ ᠲᠤᠬᠠᠢ ᠵᠢᠯᠣᠭᠣᠳᠤᠯᠭ᠎ᠠ᠎ᠪᠠᠷ ᠬᠠᠢ᠌ᠷ᠎ᠠ ᠵᠢ ᠦᠶᠦᠭᠰᠢᠬᠦᠯᠵᠤ ᠪᠠᠢ᠌ᠨ᠎ᠠ
ᠬᠥᠬᠡᠬᠣᠲᠠ ᠵᠢᠨ᠎ᠬᠢᠨ 2023 ᠣᠨ᠎ᠤ 《ᠬᠠᠯᠠᠭᠤᠨ ᠲᠤᠯᠠᠭ᠋ᠠᠨ ᠡᠪᠤᠯᠵᠢᠬᠦᠯᠬᠦ》 ᠲᠤᠰᠬᠠᠢ ᠲᠤᠰᠠᠯᠠᠮᠵᠢ ᠵᠢᠨ ᠠᠵᠢᠯᠯᠠᠭ᠎ᠠ ᠵᠢ ᠪᠠᠢ᠌ᠷᠢᠯᠠᠭᠤᠯᠬᠤ ᠬᠤᠷᠠᠯ ᠬᠤᠷᠠᠯᠳᠤᠭᠤᠯᠪᠠ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠥᠬᠥ ᠬᠣᠲᠠ ᠵᠢᠨ ᠲᠤᠰᠠᠯᠠᠮᠵᠢ ᠵᠢᠨ ᠬᠠᠮᠢᠶᠠᠷᠤᠯᠲᠠ ᠵᠢᠨ ᠠᠵᠢᠯ᠎ᠤᠨ ᠪᠣᠯᠪᠠᠰᠤᠷᠠᠯ ᠲᠣᠭᠲᠠᠭ᠋ᠠᠯ᠎ᠠᠴᠠ ᠵᠥᠷᠢᠴᠡᠨ ᠪᠠᠢ᠌ᠭᠤᠯᠤᠬᠰᠠᠨ ᠪᠤᠯᠠᠰᠢᠨ᠎ᠤ ᠭᠠᠵᠠᠷ᠎ᠢ ᠵᠠᠰᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠵᠢᠨ ᠬᠤᠩᠱ᠌ᠠᠨ ᠲᠤᠭᠤᠷᠢᠭ᠎ᠤᠨ 68 ᠰᠢᠨ᠎ᠡ ᠬᠤᠤᠰ ᠰᠢᠨ᠎ᠡ ᠤᠨ ᠵᠶ᠋ᠡᠨ ᠷᠤᠮᠠᠨᠲ᠋ᠢᠭ ᠵᠶ᠋ᠡᠷ ᠤᠬᠳᠤᠯ᠎ᠠ
2023 ᠤᠨ᠎ᠢ ᠡᠷᠬᠢᠴᠡᠬᠦᠯᠬᠦᠶ᠎ᠡ ᠪᠤᠭᠤᠳᠤ ᠬᠤᠳᠠ ᠵᠢᠨ ᠴᠢᠡᠭᠱ᠌ᠠᠨ ᠲᠣᠭᠣᠷᠢᠭ᠎ᠤᠨ᠎ᠬᠢᠨ ᠥᠭᠡᠷᠡᠴᠢᠯᠡᠯᠲᠡ ᠵᠢᠨ ᠰᠠᠭᠤᠷᠢ ᠵᠢ ᠪᠡᠬᠢᠵᠢᠭᠦᠯᠵᠦ ᠰᠣᠶᠣᠯ᠎ᠤᠨ ᠢᠲᠡᠭᠡᠯ᠎ᠳᠤ ᠠᠩᠬᠠᠷᠤᠯ ᠵᠶ᠋ᠠᠨ ᠲᠦᠪᠯᠡᠷᠡᠬᠦᠯᠤᠨ᠂ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠰᠢᠨ᠎ᠡ ᠵᠢ ᠡᠭᠦᠳᠴᠦ ᠲᠡᠰ ᠳᠡᠪᠰᠢᠭᠦᠯᠬᠦ ᠠᠶᠠᠨ ᠵᠠᠮ ᠵᠶ᠋ᠡᠷ ᠦᠷᠬᠦᠯᠵᠢᠯᠡᠨ ᠤᠷᠤᠬᠰᠢᠯᠠᠪᠠ
 
            