ᠨᠡᠢ᠌ᠭᠡᠮ᠎ᠤᠨ ᠠᠵᠢᠯᠲᠠᠨ ᠪᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠦᠴᠦᠨ᠎ᠢ ᠨᠡᠩ ᠰᠠᠢ᠌ᠨ ᠨᠢᠭᠲᠠᠷᠠᠭᠤᠯᠵᠤ᠂ ᠯᠧᠢ ᠹᠧᠩ᠎ᠤᠨ ᠵᠣᠷᠢᠭ ᠰᠠᠨᠠᠭ᠎ᠠ ᠪᠠ 《ᠬᠤᠪᠢ ᠨᠡᠮᠡᠷᠢ ᠦᠵᠡᠭᠦᠯᠬᠦ᠂ ᠨᠥᠬᠥᠷᠯᠡᠬᠦ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ》 ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠬᠤ ᠵᠢᠨ ᠲᠥᠯᠥᠭᠡ ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ ᠤᠷᠴᠢᠮ᠎ᠳᠤ 《ᠯᠧᠢ ᠹᠧᠩ᠎ᠠᠴᠠ ᠰᠤᠷᠤᠯᠴᠠᠬᠤ》 ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠰᠠᠷ᠎ᠠ᠂ ᠣᠯᠠᠨ ᠤᠯᠤᠰ᠎ᠤᠨ ᠨᠡᠢ᠌ᠭᠡᠮ᠎ᠤᠨ ᠠᠵᠢᠯᠲᠠᠨ᠎ᠤ ᠡᠳᠦᠷ᠎ᠤᠨ ᠬᠠᠢ᠌ᠷ᠎ᠠ ᠬᠠᠯᠠᠮᠵᠢ ᠵᠢᠨ ᠠᠵᠢᠯᠯᠠᠭ᠎ᠠ ᠵᠢ ᠦᠷᠨᠢᠬᠦᠯᠦᠭᠰᠡᠨ ᠪᠠᠢ᠌ᠨ᠎ᠠ᠃

ᠠᠵᠢᠯᠯᠠᠭ᠎ᠠ ᠵᠢᠨ ᠳᠤᠮᠳᠠ ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠨᠡᠢ᠌ᠭᠡᠮ᠎ᠤᠨ ᠠᠵᠢᠯᠲᠠᠳ ᠰᠠᠢ᠌ᠨ ᠳᠤᠷ᠎ᠠ ᠵᠢᠨ ᠦᠢ᠍ᠯᠡᠴᠢᠯᠡᠭᠴᠢᠳ ᠪᠣᠯᠣᠨ ᠬᠡᠦᠬᠡᠳ ᠵᠶ᠋ᠡᠨ ᠳᠠᠭ᠋ᠠᠭᠤᠯᠵᠤ᠂ 《ᠭᠠᠷ ᠬᠥᠯ ᠵᠶ᠋ᠡᠨ ᠵᠡᠷᠬᠡ᠎ᠪᠠᠷ ᠵᠠᠷᠤᠬᠤ 》 ᠤᠷᠤᠯᠳᠤᠭ᠋ᠠᠨ᠂ 《ᠬᠠᠶᠠᠭᠳᠠᠮᠠᠯ ᠪᠣᠳᠠᠰ᠎ᠢ ᠡᠷᠳᠡᠨᠢ ᠪᠣᠯᠭ᠋ᠠᠬᠤ》 ᠭᠠᠷ ᠦᠢ᠍ᠯᠡᠳᠬᠡᠯ᠎ᠤᠨ ᠲᠣᠭᠯᠠᠭ᠋ᠠᠮ ᠥᠷᠨᠢᠭᠦᠯᠬᠦ᠎ᠪᠠᠷ ᠳᠠᠮᠵᠢᠭᠤᠯᠵᠤ ᠬᠡᠦᠬᠡᠳ᠎ᠤᠳ᠎ᠢ ᠪᠠᠶᠠᠷᠯᠠᠯᠳᠤᠨ ᠬᠥᠭᠡᠷᠦᠯᠳᠦᠬᠦ ᠳᠤᠮᠳᠠ ᠠᠩᠬᠠᠷᠤᠯ ᠵᠶ᠋ᠠᠨ ᠲᠥᠪᠯᠡᠷᠡᠭᠦᠯᠬᠦ ᠴᠢᠳᠠᠪᠤᠷᠢ᠂ ᠤᠶᠠᠨ ᠬᠠᠳᠠᠨ ᠴᠢᠨᠠᠷᠲᠠᠢ ᠪᠣᠯᠭ᠋ᠠᠵᠤ ᠪᠦᠲᠦᠭᠡᠯᠴᠢ ᠴᠢᠳᠠᠪᠤᠷᠢ ᠪᠣᠯᠣᠨ ᠣᠷᠴᠢᠨ ᠲᠣᠭᠣᠷᠢᠨ᠎ᠢ ᠬᠠᠮᠠᠭ᠋ᠠᠯᠠᠬᠤ ᠤᠬᠠᠮᠰᠠᠷ᠎ᠢ᠎ᠨᠢ ᠲᠡᠭᠡᠭᠰᠢᠯᠡᠬᠦᠯᠤᠯ᠎ᠡ ᠃ ᠨᠡᠢ᠌ᠭᠡᠮ᠎ᠤᠨ ᠠᠵᠢᠯᠲᠠᠳ ᠪᠠᠰᠠ ᠡᠷᠡᠭᠦᠯᠵᠢᠭᠦᠯᠦᠭᠴᠢ᠂ ᠣᠨᠴᠠᠭ᠋ᠠᠶ ᠰᠤᠷᠭ᠋ᠠᠨ ᠬᠥᠮᠦᠵᠢᠯ᠎ᠤᠨ ᠪᠠᠭᠰᠢ ᠵᠢ ᠳᠠᠭ᠋ᠠᠭᠤᠯᠤᠨ ᠰᠤᠷᠭ᠋ᠠᠭᠤᠯᠢ ᠵᠢᠨ ᠭᠠᠳᠠᠨᠠᠬᠢ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ᠎ᠳᠤ ᠨᠢᠬᠡᠳ ᠨᠢᠬᠡ ᠦᠬᠡᠢ ᠬᠦᠷᠴᠤ 《ᠬᠡᠷ᠎ᠲᠤ᠎ᠨᠢ ᠤᠴᠢᠵᠤ ᠦᠢ᠍ᠯᠡᠴᠢᠯᠡᠬᠦ ᠡᠷᠡᠭᠦᠯᠵᠢᠯ᠎ᠤᠨ ᠰᠤᠷᠭ᠋ᠠᠨ ᠬᠥᠮᠦᠵᠢᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡ》 ᠬᠠᠩᠭ᠋ᠠᠵᠤ᠂ ᠥᠪᠡᠷᠮᠢᠴᠡ ᠡᠷᠡᠭᠦᠯᠵᠢᠯ᠎ᠤᠨ ᠪᠣᠯᠪᠠᠰᠤᠷᠠᠯ ᠪᠠ ᠬᠠᠨᠳᠤᠯᠭ᠋ᠠᠲᠤ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠵᠢᠯᠣᠭᠣᠳᠤᠯᠭ᠎ᠠ ᠲᠣᠭᠲᠠᠭ᠋ᠠᠬᠤ᠎ᠪᠠᠷ ᠳᠠᠮᠵᠢᠭᠤᠯᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠡᠶ᠎ᠡ ᠮᠠᠬᠠᠪᠤᠳ ᠪᠠ ᠰᠤᠷᠤᠯᠭ᠎ᠠ ᠵᠢᠨ ᠪᠠᠢ᠌ᠳᠠᠯ᠎ᠢ᠎ᠨᠢ ᠰᠠᠢ᠌ᠵᠢᠷᠠᠭᠤᠯᠬᠤ᠎ᠳᠤ ᠬᠠᠪᠰᠤᠷᠤᠮᠵᠢ ᠦᠵᠡᠭᠦᠯᠪᠡ᠃ ᠡᠭᠦᠨ᠎ᠤ ᠬᠠᠮᠲᠤ ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠬᠡᠰᠡᠭ ᠪᠠᠭᠰᠢ ᠰᠣᠷᠣᠭᠴᠢ᠂ ᠰᠡᠳᠬᠢᠴᠡ ᠵᠢᠨ ᠯᠠᠪᠯᠠᠯᠲᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠨᠡᠢ᠌ᠭᠡᠮ᠎ᠤᠨ ᠠᠵᠢᠯᠲᠠᠨ᠂ ᠡᠮᠴᠢᠯᠡᠭᠡ ᠡᠷᠡᠭᠦᠯᠵᠢᠯ᠎ᠤᠨ ᠰᠠᠢ᠌ᠨ ᠳᠤᠷ᠎ᠠ ᠵᠢᠨ ᠠᠵᠢᠯᠯᠠᠭᠴᠢ ᠬᠣᠷᠢᠨᠭᠡᠷ ᠰᠢᠶᠠᠨ᠎ᠤ ᠰᠢᠪᠠᠷᠨᠠᠭᠤᠷ (舍必崖) ᠭᠣᠣᠯ ᠪᠠᠭ᠎ᠠ ᠰᠤᠷᠭ᠋ᠠᠭᠤᠯᠢ᠎ᠳᠤ ᠬᠦᠷᠴᠦ᠂ ᠬᠠᠷᠢᠯᠴᠠᠨ ᠲᠣᠭᠯᠠᠭ᠋ᠠᠮ ᠲᠣᠭᠯᠠᠬᠤ᠂ ᠤᠬᠠᠭᠤᠯᠭ᠎ᠠ ᠵᠢᠨ ᠡᠪᠬᠡᠮᠡᠯ ᠬᠠᠭᠤᠳᠠᠰᠤ ᠲᠠᠷᠬᠠᠭ᠋ᠠᠬᠤ᠂ ᠰᠤᠷᠤᠯᠭ᠎ᠠ ᠵᠢᠨ ᠬᠡᠷᠡᠭᠰᠡᠯ ᠬᠦᠷᠭᠡᠬᠦ᠂ ᠠᠯᠪᠠᠨ ᠵᠢᠷᠤᠮ᠎ᠤᠨ ᠡᠮᠴᠢᠯᠡᠭᠡ ᠬᠢᠬᠦ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠱᠸᠪᠢ ᠶᠠ ᠭᠣᠣᠯ ᠪᠠᠭ᠎ᠠ ᠰᠤᠷᠭ᠋ᠠᠭᠤᠯᠢ ᠵᠢᠨ ᠬᠡᠦᠬᠡᠳ᠎ᠲᠤ ᠬᠠᠢ᠌ᠷ᠎ᠠ ᠬᠠᠯᠠᠮᠵᠢ ᠬᠦᠷᠭᠡᠵᠡᠢ᠃