ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠮᠠᠨ᠎ᠤ ᠣᠷᠣᠨ᠎ᠤ ᠨᠢᠭᠦᠯᠡᠰᠦᠩᠭᠦᠢ ᠵᠢᠨ ᠰᠢᠭᠦᠬᠦ ᠬᠣᠷᠢᠶᠠᠨ᠎ᠤ ᠲᠥᠷᠥᠯ ᠵᠦᠢ᠍ᠯ᠎ᠤᠨ ᠠᠵᠢᠯ᠎ᠤᠨ ᠠᠡᠭᠬᠠᠳᠠᠬ᠍ᠴᠢ ᠥᠷᠲᠡᠭᠡ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠠᠷᠠᠳ᠎ᠤᠨ ᠰᠢᠭᠦᠬᠦ ᠬᠣᠷᠢᠶ᠎ᠠ᠎ᠳᠤ ᠪᠠᠢ᠌ᠭᠤᠯᠤᠭᠳᠠᠪᠠ
ᠨᠡᠶᠢᠲᠡᠯᠡᠭᠰᠡᠨ ᠴᠠᠭ᠄ 2025-03-26

     ᠮᠠᠨ᠎ᠤ ᠣᠷᠣᠨ᠎ᠤ ᠨᠢᠬᠦᠯᠡᠰᠤᠡᠭᠭᠦᠢ ᠵᠢᠨ ᠰᠢᠭᠦᠬᠦ ᠬᠣᠷᠢᠶ᠎ᠠ ᠵᠢᠨ ᠲᠥᠷᠥᠯ ᠵᠦᠢ᠍ᠯ᠎ᠤᠨ ᠠᠵᠢᠯ᠎ᠤᠨ ᠠᠩᠬᠠᠳᠠᠭᠴᠢ ᠥᠷᠲᠡᠭᠡ ᠵᠢᠨ ᠫᠠᠢ᠌ᠰᠠ ᠰᠡᠬᠦᠬᠦ ᠶᠣᠰᠣᠯᠠᠯ  3 ᠳ᠋ᠤᠭ᠋ᠠᠷ ᠰᠠᠷ᠎ᠠ ᠵᠢᠨ 20᠎ᠤ ᠡᠳᠦᠷ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠠᠷᠠᠳ᠎ᠤᠨ ᠰᠢᠭᠦᠬᠦ ᠬᠣᠷᠢᠶ᠎ᠠ᠎ᠳᠤ ᠶᠠᠪᠤᠭᠳᠠᠪᠠ᠃ ᠨᠢᠭᠦᠯᠡᠰᠦᠩᠭᠦᠢ ᠵᠢᠨ ᠰᠢᠭᠦᠬᠦ ᠬᠣᠷᠢᠶ᠎ᠠ ᠵᠢᠨ ᠵᠦᠢ᠍ᠯᠡᠰ᠎ᠤᠨ ᠠᠵᠢᠯ᠎ᠤᠨ ᠥᠷᠲᠡᠭᠡ᠎ᠨᠢ ᠬᠠᠤᠯᠢ ᠪᠠᠷᠢᠬᠤ ᠪᠠ ᠨᠢᠭᠦᠯᠡᠰᠦᠩᠭᠦᠢ ᠵᠢᠨ ᠡᠬᠢ ᠪᠠᠶᠠᠯᠢᠭ᠎ᠢ ᠡᠮᠬᠢᠯᠡᠬᠦ᠎ᠪᠠᠷ ᠳᠠᠮᠵᠢᠭᠤᠯᠤᠨ ᠠᠮᠢᠳᠤᠷᠠᠯ᠎ᠨᠢ ᠬᠦᠴᠢᠷᠳᠡᠯᠲᠡᠢ ᠡᠷᠡᠭᠦᠦ ᠵᠢᠨ ᠬᠡᠷᠡᠭ᠎ᠤᠨ ᠬᠤᠬᠢ ᠠᠮᠰᠠᠬ᠍ᠴᠢ ᠪᠠ ᠭᠦᠢ᠍ᠴᠡᠳᠬᠡᠬᠦ ᠬᠡᠷᠡᠭ᠎ᠤᠨ ᠭᠤᠶᠤᠴᠢᠯᠠᠭᠴᠢ ᠵᠡᠷᠭᠡ ᠬᠦᠮᠦᠰ᠎ᠲᠤ ᠨᠠᠩ ᠪᠥᠬᠥ ᠲᠠᠯ᠎ᠠ ᠵᠢᠨ᠂ ᠴᠠᠭ ᠲᠤᠬᠠᠢ᠎ᠳᠤ᠎ᠬᠢ ᠲᠤᠰᠠᠯᠠᠮᠵᠢ ᠬᠠᠩᠭ᠋ᠠᠵᠤ᠂ 《ᠬᠠᠤᠯᠢ ᠴᠠᠭ᠋ᠠᠵᠠ ᠵᠢᠨ ᠲᠤᠰᠠᠯᠠᠮᠵᠢ + ᠨᠡᠢ᠌ᠭᠡᠮ᠎ᠤᠨ ᠲᠤᠰᠠᠯᠠᠮᠵᠢ》 ᠵᠢ ᠬᠠᠷᠢᠯᠴᠠᠨ ᠤᠶᠠᠯᠳᠤᠭᠤᠯᠤᠭᠰᠠᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠪᠠ᠃

微信图片_20250326110036.jpg


     ᠲᠤᠬᠠᠢ ᠵᠢᠨ ᠡᠳᠦᠷ ᠬᠤᠷᠠᠯᠳᠤᠭᠤᠯᠤᠭᠰᠠᠨ 《  〈ᠰᠣᠯᠣᠩᠭ᠎ᠠ〉 ᠵᠢ ᠰᠠᠬᠢᠨ ᠬᠠᠮᠠᠭ᠋ᠠᠯᠠᠬᠤ ᠲᠦᠷᠤᠯ ᠵᠦᠢ᠍ᠯ》᠎ᠤᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠳ 《ᠰᠢᠭᠦᠬᠦ ᠬᠣᠷᠢᠶ᠎ᠠ + ᠨᠢᠭᠦᠯᠡᠰᠦᠩᠭᠦᠢ ᠵᠢᠨ ᠦᠢ᠍ᠯᠡᠰ》᠎ᠤᠨ ᠬᠠᠮᠵᠢᠯᠴᠠᠬᠤ ᠵᠠᠭᠪᠤᠷ᠎ᠤᠨ ᠦᠢ᠍ᠯᠡᠳᠦᠯ ᠴᠢᠳᠠᠪᠤᠷᠢ ᠵᠢ ᠪᠠᠳᠠᠷᠠᠭᠤᠯᠬᠤ᠂ 《ᠬᠠᠤᠯᠢ ᠴᠠᠭ᠋ᠠᠵᠠ ᠵᠢᠨ ᠲᠤᠰᠠᠯᠠᠮᠵᠢ + ᠨᠡᠢ᠌ᠭᠡᠮ᠎ᠤᠨ  ᠲᠤᠰᠠᠯᠠᠮᠵᠢ》 ᠵᠢᠨ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠰᠠᠨᠠᠯ ᠵᠶ᠋ᠠᠨ ᠭᠦᠨᠵᠡᠭᠡᠢ ᠰᠣᠯᠢᠯᠴᠠᠪᠠ᠃ ᠨᠢᠭᠦᠯᠡᠰᠦᠩᠭᠦᠢ ᠵᠢᠨ ᠰᠢᠭᠦᠬᠦ ᠬᠣᠷᠢᠶᠠᠨ᠎ᠤ ᠲᠥᠷᠥᠯ ᠵᠦᠢ᠍ᠯ᠎ᠤᠨ ᠠᠵᠢᠯ᠎ᠤᠨ ᠥᠷᠲᠡᠭᠡ ᠵᠢᠨ᠎ᠬᠢᠨ ᠲᠤᠰᠠᠯᠠᠮᠵᠢ ᠬᠦᠷᠳᠡᠭᠴᠢ   ᠰᠢᠶᠣᠣ ᠯᠢᠶᠠᠩ (ᠪᠤᠷᠤᠭᠤᠯᠠᠭᠰᠠᠨ ᠨᠡᠷ᠎ᠡ)᠎ᠳᠤ 5000 ᠲᠥᠭᠥᠷᠢᠭ᠎ᠤᠨ ᠠᠷᠠᠳ᠎ᠤᠨ ᠵᠣᠭᠣᠰ ᠬᠠᠨᠳᠢᠪᠯᠡᠵᠤ᠂ ᠰᠢᠨ᠎ᠡ ᠬᠣᠲᠠ ᠲᠣᠭᠣᠷᠢᠭ᠎ᠤᠨ ᠠᠷᠠᠳ᠎ᠤᠨ ᠰᠢᠭᠦᠬᠦ ᠬᠣᠷᠢᠶ᠎ᠠ ᠵᠢᠨ᠎ᠬᠢᠨ ᠰᠢᠶᠣᠣ ᠯᠢᠶᠠᠩ᠎ᠳᠤ 5000 ᠲᠥᠭᠥᠷᠢᠭ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ ᠵᠢᠨ ᠬᠠᠮᠲᠤ ᠰᠤᠷᠤᠯᠭ᠎ᠠ᠂ ᠠᠮᠢᠳᠤᠷᠠᠯ᠎ᠤᠨ ᠬᠡᠷᠡᠭᠰᠡᠯ ᠬᠠᠨᠳᠢᠪᠯᠡᠬᠤ᠎ᠪᠠᠷ ᠲᠣᠭᠲᠠᠪᠠ᠃ ᠰᠢᠶᠣᠣ ᠯᠢᠶᠠᠩ ᠪᠣᠯ ᠰᠢᠨ᠎ᠡ ᠬᠣᠲᠠ ᠲᠣᠭᠣᠷᠢᠭ᠎ᠤᠨ ᠠᠷᠠᠳ᠎ᠤᠨ ᠰᠢᠭᠦᠬᠦ ᠬᠣᠷᠢᠶᠠᠨ᠎ᠤ ᠡᠷᠡᠭᠦᠦ ᠵᠢᠨ ᠬᠡᠷᠡᠭ᠎ᠤᠨ ᠬᠤᠬᠢ ᠵᠢ ᠠᠮᠰᠠᠬᠰᠠᠨ  ᠬᠡᠤᠬᠡᠳ ᠶᠤᠮ᠂ ᠮᠥᠨ ᠴᠦ᠍ ᠨᠢᠭᠦᠯᠡᠰᠦᠩᠭᠦᠢ ᠵᠢᠨ ᠰᠢᠭᠦᠬᠦ ᠬᠣᠷᠢᠶᠠᠨ᠎ᠤ ᠲᠦᠷᠤᠯ ᠵᠦᠢ᠍ᠯ᠎ᠤᠨ᠎ᠤᠨ ᠠᠵᠢᠯ᠎ᠤᠨ ᠥᠷᠲᠡᠭᠡ ᠪᠠᠢ᠌ᠭᠤᠯᠤᠭᠳᠠᠭᠰᠠᠨ᠎ᠤ ᠳᠠᠷᠠᠭ᠋ᠠᠬᠢ ᠠᠩᠬᠠᠳᠠᠭᠴᠢ ᠲᠤᠰᠠᠯᠠᠮᠵᠢ ᠬᠦᠷᠳᠡᠭᠴᠢ ᠶᠤᠮ᠃

微信图片_20250326110059.jpg


    ᠲᠤᠰ ᠨᠢᠭᠦᠯᠡᠰᠦᠩᠭᠦᠢ ᠵᠢᠨ ᠰᠢᠭᠦᠬᠦ ᠬᠣᠷᠢᠶᠠᠨ᠎ᠤ ᠲᠥᠷᠥᠯ ᠵᠦᠢ᠍ᠯ᠎ᠤᠨ ᠠᠵᠢᠯ᠎ᠤᠨ ᠥᠷᠲᠡᠭᠡ ᠎ᠨᠢ ᠠᠷᠠᠳ᠎ᠤᠨ ᠰᠢᠭᠦᠬᠦ ᠬᠣᠷᠢᠶ᠎ᠠ ᠪᠣᠯᠣᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠭᠦᠨᠵᠡᠭᠡᠢ ᠬᠠᠮᠲᠤᠷᠠᠯᠴᠠᠭ᠎ᠠ ᠵᠢᠨ ᠰᠢᠨ᠎ᠡ ᠵᠢ ᠡᠭᠦᠳᠦᠭᠰᠡᠨ ᠦᠢ᠍ᠯᠡᠳᠦᠯᠭᠡ ᠮᠥᠨ᠂ ᠰᠢᠭᠦᠬᠦ ᠬᠣᠷᠢᠶ᠎ᠠ᠂ ᠠᠷᠠᠳ᠎ᠤᠨ ᠶᠠᠪᠤᠳᠠᠯ᠂ ᠪᠤᠶᠠᠨᠰᠠᠭ ᠠᠵᠤ ᠠᠬᠤᠢ᠌ᠯᠠᠯ ᠵᠡᠷᠭᠡ ᠣᠯᠠᠨ ᠲᠠᠯ᠎ᠠ ᠵᠢᠨ ᠬᠦᠴᠦᠨ᠎ᠢ ᠪᠦᠲᠦᠮᠵᠢᠲᠡᠶ ᠨᠢᠭᠲᠠᠷᠠᠭᠤᠯᠵᠤ᠂ 《ᠰᠢᠭᠦᠬᠦ ᠬᠣᠷᠢᠶ᠎ᠠ + ᠨᠢᠭᠦᠯᠡᠰᠦᠩᠭᠦᠢ ᠵᠢᠨ ᠦᠢ᠍ᠯᠡᠰ》᠎ᠤᠨ ᠬᠠᠮᠵᠢᠯᠴᠠᠬᠤ ᠵᠠᠭᠪᠤᠷ᠎ᠤᠨ ᠦᠢ᠍ᠯᠡᠳᠦᠯ ᠴᠢᠳᠠᠪᠤᠷᠢ ᠵᠢ ᠪᠠᠳᠠᠷᠠᠭᠤᠯᠬᠤ ᠵᠢᠨ ᠲᠣᠭᠣᠷᠢᠨ᠎ᠳᠤ 《ᠬᠠᠤᠯᠢ ᠴᠠᠭ᠋ᠠᠵᠠ ᠵᠢᠨ  ᠲᠤᠰᠠᠯᠠᠮᠵᠢ + ᠨᠡᠢ᠌ᠭᠡᠮ᠎ᠤᠨ ᠲᠤᠰᠠᠯᠠᠮᠵᠢ》 ᠵᠢᠨ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠢᠭᠦᠯᠡᠰᠦᠩᠭᠦᠢ ᠵᠢᠨ ᠵᠦᠢ᠍ᠯᠡᠰ᠂ ᠬᠠᠤᠯᠢ ᠴᠠᠭ᠋ᠠᠵᠠ ᠵᠢᠨ ᠲᠤᠰᠠᠯᠠᠮᠵᠢ ᠵᠡᠷᠭᠡ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠠᠭᠤᠷᠠᠶ᠋ᠢᠴᠤᠳ᠎ᠲᠤ ᠪᠥᠬᠥ ᠲᠠᠯ᠎ᠠ ᠵᠢᠨ᠂ ᠣᠯᠠᠨ ᠲᠠᠰ ᠳᠠᠪᠬᠤᠷᠭ᠎ᠠ ᠵᠢᠨ᠂ ᠥᠷᠭᠡᠨ ᠬᠦᠷᠢᠶ᠎ᠡ ᠴᠠᠷᠠᠭ᠎ᠠ ᠪᠦᠬᠦᠢ ᠡᠷᠬᠡ ᠠᠰᠢᠭ᠎ᠤᠨ ᠪᠠᠲᠤᠯᠠᠭ᠎ᠠ ᠵᠢᠨ  ᠰᠢᠰᠲᠸᠮ᠎ᠢ ᠪᠠᠢ᠌ᠭᠤᠯᠤᠨ ᠥᠭᠴᠦ᠂ ᠡᠬᠡ ᠤᠯᠤᠰ᠎ᠤᠨ ᠤᠮᠠᠷᠠᠲᠤ ᠵᠢᠨ 《ᠰᠢᠭᠦᠬᠦ ᠬᠣᠷᠢᠶ᠎ᠠ + ᠨᠢᠭᠦᠯᠡᠰᠦᠩᠭᠦᠢ ᠵᠢᠨ ᠦᠢ᠍ᠯᠡᠰ》᠎ᠤᠨ ᠴᠣ᠌ ᠰᠢᠨ᠎ᠡ ᠬᠠᠭᠤᠳᠠᠰᠤ ᠵᠢ ᠪᠢᠴᠢᠭᠯᠡᠵᠦ᠂ ᠬᠦᠴᠢᠷᠳᠡᠯᠲᠡᠢ ᠬᠦᠮᠦᠰ᠎ᠲᠤ ᠬᠠᠤᠯᠢ ᠴᠠᠭ᠋ᠠᠵᠠ ᠵᠢᠨ ᠨᠠᠩ ᠰᠢᠯᠢᠳᠡᠭ ᠦᠢ᠍ᠯᠡᠴᠢᠯᠡᠭᠡ ᠪᠠ ᠨᠠᠩ ᠬᠦᠴᠦᠲᠡᠢ ᠬᠠᠤᠯᠢ ᠴᠠᠭ᠋ᠠᠵᠠ ᠵᠢᠨ ᠪᠠᠲᠤᠯᠠᠭ᠎ᠠ ᠬᠠᠡᠭᠭ᠋ᠠᠬᠤ᠎ᠨᠢ ᠯᠠᠪᠳᠠᠢ᠃






 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠵᠣᠬᠢᠶᠠᠮᠠᠯ ᠤᠶᠤᠨ᠎ᠤ ᠬᠡᠷᠡᠭᠯᠡᠭᠡ ᠬᠢᠭᠡᠳ ᠠᠶᠤᠯ ᠦᠬᠡᠢ》 ᠵᠢᠨ ᠪᠣᠯᠪᠠᠰᠤᠷᠠᠯ ᠡᠷᠭᠢᠯᠡᠪᠡ
ᠪᠠᠶᠠᠨᠨᠠᠭᠤᠷ ᠬᠣᠲᠠ ᠵᠢᠨ ᠤᠷᠠᠳ᠎ᠤᠨ ᠬᠣᠢ᠌ᠲᠤ ᠬᠣᠰᠢᠭᠤᠨ᠎ᠤ᠎ᠬᠢᠨ ᠬᠢᠯᠢ ᠬᠢᠵᠠᠭ᠋ᠠᠷ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠰᠢᠨ᠎ᠡ ᠵᠠᠭᠪᠤᠷ᠎ᠢ ᠡᠭᠦᠳᠪᠡ
ᠪᠤᠭᠤᠲᠤ ᠬᠣᠲᠠ ᠵᠢᠨ᠎ᠬᠢᠨ 《ᠭᠤᠷᠪᠠᠨ ᠲᠥᠷᠥᠯ ᠵᠦᠢ᠍ᠯ》 ᠵᠶ᠋ᠡᠷ ᠣᠷᠣᠭ ᠭᠡᠷ ᠪᠦᠯᠢ ᠵᠢᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠵᠦ ᠵᠣᠯ ᠵᠢᠷᠭ᠋ᠠᠯᠲᠤ ᠣᠷᠣᠭ᠎ᠲᠤ ᠲᠦᠰᠢᠭ ᠪᠤᠯᠵᠤ ᠪᠠᠢ᠌ᠨ᠎ᠠ
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ ᠪᠦᠬᠦ ᠣᠷᠣᠨ᠎ᠤ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠋ᠠᠳᠠᠨ᠎ᠤ ᠪᠤᠯᠪᠠᠰᠤᠷᠠᠯ ᠡᠷᠬᠢᠯᠡᠪᠡ
ᠪᠤᠭᠤᠲᠤ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠡᠭᠦᠳᠡ᠎ᠪᠠᠨ ᠨᠡᠭᠡᠭᠡᠵᠦ ᠡᠮᠨᠡᠯᠭᠡ ᠵᠢᠨ ᠬᠣᠷᠢᠶ᠎ᠠ ᠡᠷᠬᠢᠯᠡᠬᠡᠳ ᠥᠨᠥᠴᠢᠨ ᠵᠡᠮᠳᠡᠭ ᠬᠡᠦᠬᠡᠳ᠎ᠲᠤ ᠬᠦᠰᠡᠯ᠎ᠤᠨ ᠬᠡᠬᠡ ᠤᠯᠭᠤᠵᠤ ᠪᠠᠢ᠌ᠨ᠎ᠠ
 
            