ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠠᠶᠠᠨᠨᠠᠭᠤᠷ ᠬᠣᠲᠠ ᠵᠢᠨ ᠤᠷᠠᠳ᠎ᠤᠨ ᠬᠣᠢ᠌ᠲᠤ ᠬᠣᠰᠢᠭᠤᠨ᠎ᠤ᠎ᠬᠢᠨ ᠬᠢᠯᠢ ᠬᠢᠵᠠᠭ᠋ᠠᠷ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠰᠢᠨ᠎ᠡ ᠵᠠᠭᠪᠤᠷ᠎ᠢ ᠡᠭᠦᠳᠪᠡ
ᠨᠡᠶᠢᠲᠡᠯᠡᠭᠰᠡᠨ ᠴᠠᠭ᠄ 2025-04-18

    ᠤᠷᠢᠬᠠᠨ ᠬᠠᠪᠤᠷ᠎ᠤᠨ ᠰᠠᠯᠬᠢ ᠤᠷᠠᠳ᠎ᠤᠨ ᠲᠠᠯ᠎ᠠ ᠨᠤᠲᠤᠭ᠎ᠢ ᠢᠯᠪᠢᠬᠦᠶ᠎ᠡ ᠤᠷᠤᠭ ᠬᠤᠷᠢᠮ᠎ᠤᠨ ᠶᠣᠰᠣ ᠰᠤᠷᠲᠠᠬᠤᠨ᠎ᠤ ᠥᠭᠡᠷᠡᠴᠢᠯᠡᠯᠲᠡ ᠡᠨᠳᠡ ᠰᠡᠮᠬᠡᠨ ᠦᠷᠨᠢᠨ᠎ᠡ᠃ ᠪᠠᠶᠠᠨᠨᠠᠭᠤᠷ ᠬᠤᠲᠠ ᠵᠢᠨ ᠤᠷᠠᠳ᠎ᠤᠨ ᠬᠣᠢ᠌ᠲᠤ ᠬᠣᠰᠢᠭᠤ 《ᠤᠷᠠᠳ᠎ᠤᠨ ᠵᠠᠭᠪᠤᠷ》 ᠵᠢᠨᠷ ᠤᠷᠤᠭ᠎ᠤᠨ ᠰᠢᠨ᠎ᠡ ᠬᠡᠪ ᠰᠤᠷᠲᠠᠯ᠎ᠢ ᠢᠳᠡᠪᠬᠢᠲᠡᠢ ᠰᠦᠪᠡᠭᠴᠢᠯᠡᠵᠦ ᠰᠢᠨ᠎ᠡ ᠴᠠᠭ ᠦᠶ᠎ᠡ ᠵᠢᠨ ᠢᠨᠠᠭ ᠳᠤᠷᠠᠯᠠᠯ᠎ᠤᠨ ᠦᠯᠢᠭᠡᠷ᠎ᠲᠤ ᠣᠨᠳᠣᠣ ᠶᠠᠩᠵᠤ ᠵᠢᠨ ᠷᠣᠮᠠᠨᠲ᠋ᠢᠭ ᠪᠠ ᠬᠠᠢ᠌ᠷ᠎ᠠ ᠬᠠᠯᠠᠮᠵᠢ ᠵᠢ ᠨᠡᠮᠡᠷᠢᠯᠡᠵᠡᠢ᠃
    ᠥᠩᠭᠡᠷᠡᠭᠰᠡᠨ᠎ᠳᠤ ᠲᠤᠬᠠᠢ ᠵᠢᠨ ᠭᠠᠵᠠᠷ᠎ᠤᠨ ᠤᠷᠤᠭ᠎ᠤᠨ ᠵᠠᠡᠭᠰᠢᠯ᠎ᠳᠤ᠎ᠬᠢ ᠰᠦᠢ ᠵᠢᠨ ᠪᠡᠯᠡᠭ ᠶᠡᠬᠡ ᠠᠪᠬᠤ᠂ ᠬᠤᠷᠢᠮ ᠨᠠᠢ᠌ᠷ᠎ᠢ ᠶᠡᠬᠡ᠎ᠪᠠᠷ ᠪᠠᠵᠠᠭ᠋ᠠᠬᠤ ᠤᠯᠠᠮᠵᠢᠯᠠᠯ᠎ᠨᠢ ᠮᠠᠰᠢ ᠣᠯᠠᠨ ᠭᠡᠷ ᠪᠦᠯᠢ᠎ᠳᠤ ᠠᠵᠤ ᠠᠬᠤᠢ ᠵᠢᠨ ᠨᠦᠰᠡᠷ ᠳᠠᠷᠤᠭ᠋ᠠᠰᠤ ᠪᠤᠯᠵᠤ ᠪᠠᠢ᠌ᠯ᠎ᠠ᠃ ᠣᠳᠣᠬᠠᠨ᠎ᠳᠤ ᠰᠢᠨ᠎ᠡ ᠵᠢ ᠡᠭᠦᠳᠬᠦ ᠤᠬᠠᠭᠤᠯᠭ᠎ᠠ ᠪᠠ ᠰᠤᠷᠭ᠋ᠠᠨ ᠬᠥᠮᠥᠵᠢᠭᠦᠯᠵᠦ ᠵᠢᠯᠤᠭᠣᠳᠬᠤ᠎ᠪᠠᠷ ᠲᠠᠮᠵᠢᠨ ᠤᠯᠠᠨ ᠲᠦᠮᠡᠨ᠎ᠤ ᠦᠵᠡᠯᠲᠡ ᠠᠭ᠋ᠠᠵᠢᠮ ᠵᠶ᠋ᠠᠷ ᠬᠤᠪᠢᠷᠠᠵᠤ ᠤᠷᠤᠭ ᠬᠤᠷᠢᠮ᠎ᠢ ᠰᠢᠨ᠎ᠡ᠎ᠪᠠᠷ ᠬᠢᠵᠦ᠂ ᠪᠣᠯᠪᠠᠰᠤᠨ ᠵᠶ᠋ᠠᠷ ᠪᠡᠷᠢ ᠪᠠᠭᠤᠯᠭ᠋ᠠᠬᠤ᠎ᠨᠢ ᠬᠡᠪ ᠵᠠᠩᠰᠢᠯ ᠪᠣᠯᠤᠭᠰᠠᠨ ᠪᠠᠢ᠌ᠨ᠎ᠠ᠃

巴盟.jpg


    ᠤᠷᠠᠳ᠎ᠤᠨ ᠬᠣᠢ᠌ᠲᠤ ᠬᠣᠰᠢᠭᠤᠨ᠎ᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠬᠠᠮᠲᠤ ᠵᠢᠨ ᠪᠠᠳᠤᠯᠠᠪᠤᠷᠢ ᠣᠯᠭᠣᠬᠤ ᠠᠵᠢᠯᠯᠠᠭ᠎ᠠ ᠵᠢᠨ ᠠᠬᠤᠢ ᠲᠠᠯᠠᠪᠠᠶ᠎ᠳᠤ ᠲᠥᠪ ᠶᠡᠬᠡᠮᠰᠦᠭ ᠪᠥᠭᠡᠳ ᠷᠣᠮᠠᠨᠲ᠋ᠢᠭ ᠶᠠᠪᠤᠬᠳᠠᠵᠤ ᠪᠠᠢ᠌ᠯ᠎ᠠ᠃
    95 ᠣᠨ᠎ᠳᠤ ᠲᠥᠷᠥᠭᠰᠡᠨ ᠰᠢᠨ᠎ᠡ ᠬᠤᠤᠰ ᠤᠷᠴᠢᠮ᠎ᠳᠤ 《ᠤᠷᠠᠳ᠎ᠤᠨ ᠬᠣᠢ᠌ᠲᠤ ᠬᠣᠰᠢᠭᠤᠨ᠎ᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠪᠠᠳᠤᠯᠠᠪᠤᠷᠢ ᠣᠯᠭᠣᠬᠤ ᠬᠠᠮᠲᠤ ᠵᠢᠨ ᠠᠵᠢᠯᠯᠠᠭ᠎ᠠ》᠎ᠳᠤ ᠣᠷᠣᠯᠴᠠᠬᠤ᠎ᠪᠠᠷ ᠨᠡᠷ᠎ᠡ ᠮᠡᠳᠡᠭᠦᠯᠵᠡᠢ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠲᠥᠪ ᠬᠢᠴᠢᠶᠡᠩᠭᠦᠢ ᠷᠣᠮᠠᠨᠲ᠋ᠢᠭ᠂ ᠬᠡᠳᠦᠨ ᠰᠢᠨ᠎ᠡ ᠬᠣᠣᠰ ᠡᠨᠳᠡ ᠪᠣᠯᠵᠣᠵᠤ ᠰᠢᠨ᠎ᠡ ᠤᠷᠤᠭ᠎ᠤᠨ ᠲᠠᠩᠭ᠋ᠠᠷᠢᠭ ᠬᠢᠵᠦ᠂ ᠪᠦᠯᠡᠵᠡᠭ ᠵᠶ᠋ᠡᠨ ᠰᠣᠯᠢᠯᠴᠠᠵᠤ 《ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠮᠠᠯᠠᠯᠲᠠ ᠵᠢᠨ ᠪᠢᠴᠢᠭ》 ᠲᠣᠭᠲᠠᠵᠤ᠂  ᠰᠦᠢ ᠵᠢᠨ ᠪᠡᠯᠡᠭ ᠶᠡᠬᠡ᠎ᠪᠠᠷ ᠠᠪᠬᠤ᠂ ᠶᠡᠬᠡ᠎ᠪᠠᠷ ᠪᠠᠵᠠᠭ᠋ᠠᠵᠤ ᠶᠡᠬᠡ᠎ᠪᠠᠷ ᠬᠢᠬᠦ ᠵᠡᠷᠭᠡ ᠮᠠᠭᠤ ᠰᠤᠷᠲᠠᠯ᠎ᠢ ᠲᠠᠶᠠᠭᠳᠠᠵᠤ  ᠰᠢᠨ᠎ᠡ ᠴᠠᠭ ᠦᠶ᠎ᠡ ᠵᠢᠨ ᠬᠠᠢ᠌ᠷ᠎ᠠ ᠳᠤᠷᠠᠯᠠᠯ᠎ᠤᠨ ᠦᠵᠡᠯᠲᠡ ᠪᠠ ᠤᠷᠤᠭ᠎ᠤᠨ ᠦᠵᠡᠯᠲᠡ ᠵᠢ ᠪᠣᠳᠠᠲᠤ ᠠᠵᠢᠯᠯᠠᠭ᠎ᠠ᠎ᠪᠠᠷ ᠵᠶ᠋ᠠᠨ ᠲ᠋ᠠᠢ᠌ᠯᠪᠤᠷᠢᠯᠠᠪᠠ᠃
   《  ᠳᠥᠭᠥᠮ ᠪᠥᠭᠡᠳ ᠲᠥᠪ ᠬᠢᠴᠢᠶᠡᠩᠭᠦᠢ ᠶᠣᠰᠣᠯᠠᠯ᠎ᠨᠢ ᠤᠷᠤᠭ᠎ᠤᠨ ᠶᠠᠪᠤᠳᠠᠯ᠎ᠤᠨ ᠠᠷᠢᠭᠤᠨ ᠳᠠᠷᠬᠠᠨ ᠪᠠ ᠬᠠᠷᠢᠭᠤᠴᠠᠯᠭ᠎ᠠ ᠵᠢ ᠪᠢᠳᠡᠨ᠎ᠳᠤ ᠮᠡᠳᠡᠷᠡᠭᠦᠯᠦᠭᠰᠡᠨ ᠵᠶ᠋ᠡᠷ ᠪᠠᠷᠠᠬᠤ ᠦᠭᠡᠢ᠂ ᠨᠡᠩ ᠴᠤ᠌ ᠤᠷᠤᠭ ᠬᠤᠷᠢᠮ ᠪᠣᠯ ᠴᠡᠪᠡᠷ ᠪᠥᠭᠡᠳ ᠰᠠᠢ᠌ᠨ ᠰᠠᠢ᠌ᠬᠠᠨ ᠬᠠᠢ᠌ᠷ᠎ᠠ ᠰᠡᠳᠬᠢᠯᠭᠡ ᠵᠢᠨ ᠬᠣᠯᠪᠣᠭ᠎ᠠ ᠮᠥᠨ ᠭᠡᠳᠡᠭ᠎ᠢ ᠪᠢᠳᠡᠨ᠎ᠳᠤ ᠮᠡᠳᠡᠷᠡᠭᠦᠯᠵᠦ᠂ ᠥᠨᠥᠳᠥᠷ᠎ᠤᠨ  ᠪᠠᠳᠤᠯᠠᠪᠤᠷᠢ ᠣᠯᠭᠣᠬᠤ ᠬᠠᠮᠲᠤ ᠵᠢᠨ ᠠᠵᠢᠯᠯᠠᠭ᠎ᠠ ᠵᠢᠨ ᠭᠣᠭᠴᠣᠭ᠎ᠠ ᠪᠤᠯᠭ᠋ᠠᠨ᠎ᠨᠢ ᠪᠢᠳᠡᠨ᠎ᠳᠤ ᠣᠨᠴᠠᠭ᠋ᠠᠶ ᠤᠳᠬ᠎ᠠ ᠠᠭᠤᠯᠭ᠎ᠠ ᠎ᠲᠠᠢ ᠰᠠᠨᠠᠭᠳᠠᠵᠤ ᠪᠠᠢ᠌ᠨ᠎ᠠ᠂ ᠪᠢᠳᠡᠨ᠎ᠤ ᠬᠠᠢ᠌ᠷ᠎ᠠ ᠳᠤᠷᠠᠯᠠᠯ᠎ᠤᠨ ᠠᠶᠠᠨ ᠵᠠᠮ᠎ᠤᠨ ᠬᠠᠮᠤᠭ᠎ᠤᠨ ᠰᠠᠢ᠌ᠨ ᠡᠬᠢᠯᠡᠯᠲᠡ ᠪᠣᠯᠬᠤ ᠶᠤᠮ》 ᠭᠡᠵᠦ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠬᠠᠮᠲᠤ ᠵᠢᠨ ᠪᠠᠳᠤᠯᠠᠪᠤᠷᠢ ᠣᠯᠭᠣᠬᠤ ᠠᠵᠢᠯᠯᠠᠭ᠎ᠠ᠎ᠳᠤ ᠤᠷᠤᠯᠴᠠᠬ᠍ᠴᠢ ᠰᠡᠳᠬᠢᠯ ᠳᠣᠭᠳᠣᠯᠤᠨ ᠬᠡᠯᠡᠪᠡ᠃
   ᠤᠷᠠᠳ᠎ᠤᠨ ᠬᠣᠢ᠌ᠲᠤ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠵᠢᠨ᠎ᠬᠢᠨ ᠤᠷᠴᠢᠮ᠎ᠤᠨ ᠵᠢᠯ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠣᠨᠴᠠᠯᠢᠭ᠎ᠲᠤ ᠰᠠᠭᠤᠷᠢᠯᠠᠨ 《ᠤᠷᠠᠳ᠎ᠤᠨ ᠬᠡᠪ ᠵᠠᠭᠪᠤᠷ》᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢ ᠢᠳᠡᠪᠬᠢᠲᠡᠢ ᠰᠦᠪᠡᠭᠴᠢᠯᠡᠵᠦ᠂ ᠤᠯᠠᠮᠵᠢᠯᠠᠯᠲᠤ ᠮᠤᠡᠭᠭᠤᠯ ᠬᠤᠷᠢᠮ᠎ᠤᠨ ᠵᠠᠡᠭᠰᠢᠯ ᠪᠠ ᠣᠲᠣ ᠦᠶ᠎ᠡ ᠵᠢᠨ ᠪᠣᠯᠪᠠᠰᠤᠨ᠎ᠤ ᠣᠢ᠌ᠯᠠᠭ᠋ᠠᠭᠳᠠᠬᠤᠨ᠎ᠢ ᠬᠠᠷᠢᠯᠴᠠᠨ ᠤᠶᠠᠯᠳᠤᠭᠤᠯᠵᠤ᠂ ᠲᠥᠬᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠷᠤᠭ᠎ᠤᠨ ᠬᠡᠯᠪᠡᠷᠢ ᠵᠢ ᠰᠠᠨᠠᠭ᠋ᠠᠴᠢᠯᠠᠵᠠᠢ᠃ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠵᠢᠱ᠌ᠢᠶ᠎ᠡ ᠦᠵᠡᠭᠦᠯᠬᠦ ᠴᠤᠡᠭᠬᠤᠪᠴᠢ ᠪᠠᠶ᠋ᠢᠭᠤᠯᠬᠤ᠂ ᠣᠯᠠᠨ ᠦᠨᠳᠦᠰᠦᠲᠡᠨ᠎ᠤ ᠤᠷᠤᠭ᠎ᠤᠨ ᠵᠠᠩᠰᠢᠯ᠎ᠤᠨ ᠰᠣᠶᠣᠯ᠎ᠤᠨ ᠦᠵᠡᠭᠦᠯᠦᠯᠭᠡ ᠵᠢᠨ ᠬᠡᠷᠡᠮ ᠪᠠᠶ᠋ᠢᠭᠤᠯᠬᠤ᠂ ᠰᠠᠨᠠᠭ᠋ᠠᠴᠢᠯᠠᠭ᠎ᠠ ᠵᠢᠨ ᠪᠢᠴᠢᠭ ᠨᠡᠢ᠌ᠲᠡᠯᠡᠬᠦ᠂ 《ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢ ᠮᠠᠯᠵᠢᠬᠤ ᠣᠷᠣᠨ᠂ ᠨᠡᠢ᠌ᠭᠡᠮ ᠲᠣᠭᠣᠷᠢᠭ᠎ᠲᠤ ᠣᠷᠣᠭᠤᠯᠬᠤ》᠂ 《ᠳᠣᠣᠷ᠎ᠠ ᠨᠡᠭᠦᠷᠡᠰᠦᠲᠥ᠋ᠷᠥᠭᠴᠢᠲᠦ ᠬᠤᠷᠢᠮ᠎ᠤᠨ ᠶᠣᠰᠣᠯᠠᠯ》᠎ᠤᠨ ᠵᠢᠱ᠌ᠢᠶ᠎ᠡ ᠵᠢ ᠠᠭᠤᠳᠠᠯᠬᠤ ᠵᠡᠷᠭᠡ᠎ᠪᠠᠷ ᠳᠠᠮᠵᠢᠭᠤᠯᠤᠨ ᠰᠢᠨ᠎ᠡ ᠬᠤᠤᠰ᠎ᠢ ᠦᠷᠭᠦᠯᠵᠢᠯᠡᠨ ᠵᠢᠯᠤᠭᠣᠳᠴᠤ ᠪᠠᠢ᠌ᠭ᠋ᠠᠳ ᠵᠥᠪ ᠣᠨᠣᠪᠴᠢᠲᠠᠶ ᠣᠷᠣᠭ᠎ᠤᠨ ᠦᠵᠡᠯᠲᠡ ᠪᠠ ᠥᠷᠲᠡᠭ᠎ᠤᠨ ᠦᠵᠡᠯᠲᠡ᠎ᠲᠠᠢ ᠪᠣᠯᠭ᠋ᠠᠵᠤ᠂ ᠪᠣᠬᠢᠷᠲᠤᠯ ᠦᠭᠡᠢ ᠬᠤᠷᠢᠮ᠎ᠤᠨ ᠰᠢᠨ᠎ᠡ ᠰᠤᠷᠲᠠᠯ᠎ᠢ ᠦᠢ᠍ᠯᠡᠳᠤᠯᠬᠡᠵᠢᠬᠦᠯᠵᠤ ᠪᠠᠢ᠌ᠨ᠎ᠠ᠃
  



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ᠎ᠬᠢᠨ 《ᠭᠤᠷᠪᠠᠨ ᠲᠥᠷᠥᠯ ᠵᠦᠢ᠍ᠯ》 ᠵᠶ᠋ᠡᠷ ᠣᠷᠣᠭ ᠭᠡᠷ ᠪᠦᠯᠢ ᠵᠢᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠵᠦ ᠵᠣᠯ ᠵᠢᠷᠭ᠋ᠠᠯᠲᠤ ᠣᠷᠣᠭ᠎ᠲᠤ ᠲᠦᠰᠢᠭ ᠪᠤᠯᠵᠤ ᠪᠠᠢ᠌ᠨ᠎ᠠ
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ ᠪᠦᠬᠦ ᠣᠷᠣᠨ᠎ᠤ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠋ᠠᠳᠠᠨ᠎ᠤ ᠪᠤᠯᠪᠠᠰᠤᠷᠠᠯ ᠡᠷᠬᠢᠯᠡᠪᠡ
ᠪᠤᠭᠤᠲᠤ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠡᠭᠦᠳᠡ᠎ᠪᠠᠨ ᠨᠡᠭᠡᠭᠡᠵᠦ ᠡᠮᠨᠡᠯᠭᠡ ᠵᠢᠨ ᠬᠣᠷᠢᠶ᠎ᠠ ᠡᠷᠬᠢᠯᠡᠬᠡᠳ ᠥᠨᠥᠴᠢᠨ ᠵᠡᠮᠳᠡᠭ ᠬᠡᠦᠬᠡᠳ᠎ᠲᠤ ᠬᠦᠰᠡᠯ᠎ᠤᠨ ᠬᠡᠬᠡ ᠤᠯᠭᠤᠵᠤ ᠪᠠᠢ᠌ᠨ᠎ᠠ
ᠤᠯᠠᠭ᠋ᠠᠨᠬᠠᠳᠠ ᠬᠣᠲᠠ ᠵᠢᠨ᠎ᠬᠢᠨ ᠬᠡᠤᠬᠡᠳ᠎ᠤᠨ ᠠᠮᠤᠷ ᠲᠦᠪᠰᠢᠨ᠎ᠳᠤ ᠰᠡᠳᠬᠢᠯ ᠲᠠᠯᠪᠢᠵᠤ ᠭᠠᠯ ᠤᠨᠳᠠᠷᠠᠭ᠋ᠠᠬᠤ ᠰᠤᠷᠢᠭ᠎ᠠ ᠬᠢᠯᠬᠡᠪᠡ
《〈ᠰᠡᠳᠬᠢᠯ᠎ᠢ᠎ᠨᠢ ᠤᠮᠳᠠᠯᠠᠨ ᠬᠡᠤᠬᠡᠤᠨ᠎ᠤᠨ ᠦᠰᠦᠨ ᠪᠣᠶ᠋ᠢᠵᠢᠯᠲᠠ ᠵᠢ ᠬᠠᠮᠠᠭ᠋ᠠᠯᠠᠬᠤ〉 ᠭᠣᠣᠯ ᠰᠡᠳᠦᠪᠲᠦ ᠠᠵᠢᠯᠯᠠᠭ᠎ᠠ — ᠪᠠᠶᠠᠨᠨᠠᠭᠤᠷ ᠬᠣᠲᠠ ᠵᠢᠨ᠎ᠬᠢᠨ 《ᠰᠡᠳᠬᠢᠯ᠎ᠢ᠎ᠨᠢ ᠤᠮᠳᠠᠯᠠᠨ ᠬᠡᠤᠬᠡᠤᠨ᠎ᠤᠨ ᠦᠰᠦᠨ ᠪᠣᠶ᠋ᠢᠵᠢᠯᠲᠠ ᠵᠢ ᠬᠠᠮᠠᠭ᠋ᠠᠯᠠᠶ᠎ᠠ》 ᠭᠡᠬᠦ ᠰᠢᠷᠢᠰ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ᠂ ᠬᠠᠢ᠌ᠷ᠎ᠠ᠎ᠪᠠᠷ ᠬᠡᠦᠬᠡᠳ᠎ᠤᠨ ᠦᠰᠦᠨ ᠪᠣᠶ᠋ᠢᠵᠢᠯᠲᠠ ᠵᠢ ᠬᠠᠮᠠᠭ᠋ᠠᠯᠠᠵᠤ ᠪᠠᠢ᠌ᠨ᠎ᠠ
 
            