ᠪᠥᠬᠥ ᠣᠷᠣᠨ᠎ᠤ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢ ᠤᠯᠠᠮ ᠴᠢᠩᠭ᠋ᠠᠳᠬᠠᠬᠤ ᠵᠢᠨ ᠲᠥᠯᠥᠭᠡ ᠣᠨ᠎ᠤ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ 4 ᠳ᠋ᠤᠬᠡᠷ ᠰᠠᠷ᠎ᠠ ᠵᠢᠨ 23᠎ᠠᠴᠠ 25᠎ᠳᠤ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭ᠋ᠠᠭᠤᠯᠢ᠎ᠳᠤ ᠪᠥᠬᠥ ᠣᠷᠣᠨ᠎ᠤ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠋ᠠᠲᠠᠨ᠎ᠤ ᠪᠣᠯᠪᠠᠰᠤᠷᠠᠯ ᠡᠷᠭᠢᠯᠡᠵᠦ᠂ ᠪᠥᠬᠥ ᠣᠷᠣᠨ᠎ᠤ 100 ᠭᠠᠷᠤᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠋ᠠᠲᠠᠨ ᠪᠣᠯᠪᠠᠰᠤᠷᠠᠯ᠎ᠳᠤ ᠣᠷᠣᠯᠴᠠᠵᠠᠢ᠃

ᠲᠤᠰ ᠪᠣᠯᠪᠠᠰᠤᠷᠠᠯ᠎ᠳᠤ ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠨᠢᠬᠡᠳᠬᠡᠵᠤ᠂ ᠪᠤᠯᠪᠠᠰᠤᠷᠠᠯ ᠬᠦᠷᠳᠡᠭᠰᠡᠳ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠪᠣᠳᠠᠲᠤ ᠪᠠᠢ᠌ᠳᠠᠯ ᠲᠠᠢ ᠤᠶᠠᠯᠳᠤᠭᠤᠯᠤᠨ᠂ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ · ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ》 《ᠪᠦᠯᠬᠦᠮᠳᠡᠯ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ · ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠬᠦ · ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠨ᠎ᠡ ᠴᠠᠭ ᠦᠶ᠎ᠡ᠎ᠳᠤ᠎ᠬᠢ ᠡᠭᠦᠷᠭᠡ ᠬᠠᠷᠢᠭᠤᠴᠠᠯᠭ᠎ᠠ》 《ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠪᠠᠢ᠌ᠭᠤᠯᠤᠯᠲᠠ ᠵᠢᠨ ᠪᠣᠳᠠᠲᠤ ᠶᠠᠪᠤᠳᠠᠯ》 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠨ ᠬᠠᠮᠢᠶᠠᠷᠬᠤ ᠪᠣᠳᠠᠲᠤ ᠶᠠᠪᠤᠳᠠᠯ》 《ᠨ᠊ ᠊ᠡᠢ᠌ᠭᠡᠮᠤᠨ ᠵᠣᠬᠢᠶᠠᠨ ᠪᠠᠢ᠌ᠭᠤᠯᠤᠯᠲᠠ ᠵᠢᠨ ᠤᠬᠠᠭᠤᠯᠭ᠎ᠠ ᠵᠢᠨ ᠪᠣᠳᠠᠲᠤ ᠶᠠᠪᠤᠳᠠᠯ》 ᠵᠡᠷᠭᠡ ᠬᠢᠴᠢᠶᠡᠯ᠎ᠢ ᠨᠡᠭᠡᠭᠡᠵᠡᠢ᠃ ᠪᠣᠯᠪᠠᠰᠤᠷᠠᠯ᠎ᠳᠤ ᠣᠷᠣᠯᠴᠠᠭᠰᠠᠨ ᠪᠥᠬᠥ ᠰᠤᠷᠤᠭᠴᠢᠳ᠎ᠢ ᠰᠤᠷᠤᠯᠴᠠᠯᠭ᠎ᠠ ᠵᠢᠨ ᠳᠤᠮᠳᠠ ᠵᠣᠭᠰᠣᠴᠠ᠎ᠪᠠᠨ ᠳᠡᠭᠡᠭᠰᠢᠯᠡᠭᠦᠯᠵᠦ᠂ ᠠᠬᠤᠢ ᠪᠠᠢ᠌ᠳᠠᠯ ᠵᠶ᠋ᠠᠨ ᠳᠡᠭᠡᠭᠰᠢᠯᠡᠭᠦᠯᠦᠨ᠂ ᠴᠢᠳᠠᠪᠤᠷᠢ᠎ᠪᠠᠨ ᠲᠡᠭᠡᠭᠰᠢᠯᠡᠬᠦᠯᠦᠭᠰᠡᠨ ᠪᠠᠢ᠌ᠨ᠎ᠠ᠃


ᠪᠣᠯᠪᠠᠰᠤᠷᠠᠯ ᠲᠡᠬᠡᠷ᠎ᠡ ᠪᠠᠰᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠵᠣᠬᠢᠶᠠᠨ ᠪᠠᠢ᠌ᠭᠤᠯᠤᠯᠲᠠ ᠵᠢᠨ 《ᠬᠣᠶᠠᠷ᠎ᠢ ᠬᠠᠮᠤᠷᠬᠤ》 ᠪᠤᠭᠤᠮᠳᠠ ᠰᠢᠪᠳᠤᠯᠤᠯᠳᠡ ᠵᠢ ᠲᠥᠪᠯᠡᠷᠡᠭᠦᠯᠦᠨ ᠰᠢᠢ᠍ᠳᠪᠦᠷᠢᠯᠡᠬᠦ ᠠᠵᠢᠯᠯᠠᠭ᠎ᠠ ᠵᠢ ᠠᠬᠢᠭᠤᠯᠬᠤ ᠲᠤᠬᠠᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠥᠬᠥ ᠬᠠᠷᠢᠭᠤᠴᠠᠯᠭ᠋ᠠᠲᠠᠨ᠎ᠢ ᠵᠣᠬᠢᠶᠠᠨ ᠪᠠᠢ᠌ᠭᠤᠯᠵᠤ ᠳᠤᠭᠤᠢ᠌ᠯᠠᠩ ᠬᠤᠪᠢᠶᠠᠨ ᠰᠤᠳᠤᠯᠤᠨ ᠶᠠᠷᠢᠯᠴᠠᠵᠤ ᠰᠣᠯᠢᠯᠴᠠᠨ᠂ 《ᠬᠣᠶᠠᠷ᠎ᠢ ᠬᠠᠮᠤᠷᠬᠤ》 ᠪᠤᠭᠤᠮᠳᠠ ᠰᠢᠪᠳᠤᠯᠤᠯᠳᠠ ᠵᠢ ᠲᠥᠪᠯᠡᠷᠡᠭᠦᠯᠦᠨ ᠰᠢᠢ᠍ᠳᠪᠦᠷᠢᠯᠡᠬᠦ ᠠᠵᠢᠯᠯᠠᠭ᠎ᠠ ᠵᠢᠨ ᠠᠴᠢ ᠬᠣᠯᠪᠣᠭᠳᠠᠯ᠂ ᠱᠠᠭ᠋ᠠᠷᠳᠠᠯᠭ᠎ᠠ᠂ ᠳ᠋ᠦᠢ᠍ᠰᠢᠶᠠᠩ ᠪᠠ ᠠᠷᠭ᠎ᠠ ᠵᠢ ᠲᠣᠳᠣᠷᠬᠠᠢ᠌ᠯᠠᠵᠤ᠂ ᠪᠤᠭᠤᠮᠳᠠ ᠰᠢᠪᠳᠤᠯᠤᠯᠳᠠ ᠵᠢ ᠰᠢᠢ᠍ᠳᠪᠦᠷᠢᠯᠡᠬᠦ ᠠᠵᠢᠯᠯᠠᠭ᠎ᠠ ᠵᠢᠨ ᠥᠷᠨᠢᠯᠲᠡ ᠵᠢ ᠬᠦᠴᠦᠲᠡᠢ ᠠᠬᠢᠭᠤᠯᠤᠭᠰᠠᠨ ᠪᠠᠢ᠌ᠨ᠎ᠠ᠃

ᠪᠣᠯᠪᠠᠰᠤᠷᠠᠯ᠎ᠳᠤ ᠣᠷᠣᠯᠴᠠᠭᠰᠠᠳ᠄ 《ᠲᠣᠰ ᠪᠣᠯᠪᠠᠰᠤᠷᠠᠯ᠎ᠤᠨ ᠠᠭᠤᠯᠭ᠎ᠠ᠎ᠨᠢ ᠨᠠᠷᠢᠨ ᠪᠣᠳᠠᠲᠠᠢ᠂ ᠬᠡᠷᠡᠭᠵᠢᠭᠦᠯᠵᠦ ᠪᠣᠯᠬᠤᠢ᠌ᠴᠠ ᠴᠢᠨᠠᠷ ᠵᠶ᠋ᠠᠷ ᠴᠢᠩᠭ᠎ᠠ ᠪᠦᠬᠡᠳ 〈ᠬᠣᠶᠠᠷ᠎ᠢ ᠬᠠᠮᠤᠷᠬᠤ〉 ᠲᠥᠪᠯᠡᠷᠡᠩᠭᠦᠢ ᠪᠤᠭᠤᠮᠳᠠ ᠰᠢᠪᠳᠤᠯᠤᠯᠳᠠ ᠵᠢ ᠰᠢᠢ᠍ᠳᠪᠦᠷᠢᠯᠡᠬᠦ ᠠᠵᠢᠯᠯᠠᠭ᠎ᠠ᠎ᠳᠤ ᠴᠢᠭᠯᠡᠯ᠎ᠤᠨ ᠵᠢᠯᠣᠭᠣᠳᠤᠯᠭ᠎ᠠ ᠬᠠᠩᠭ᠋ᠠᠭᠰᠠᠨ ᠪᠠᠢ᠌ᠨ᠎ᠠ᠃ ᠲᠣᠰ ᠪᠣᠯᠪᠠᠰᠤᠷᠠᠯ ᠵᠶ᠋ᠠᠷ ᠲᠣᠬᠢᠶᠠᠯ ᠪᠣᠯᠭ᠋ᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ 〈ᠬᠣᠶᠠᠷ᠎ᠢ ᠬᠠᠮᠤᠷᠬᠤ〉 ᠲᠥᠪᠯᠡᠷᠡᠩᠭᠦᠢ ᠪᠤᠭᠤᠮᠳᠠ ᠰᠢᠪᠳᠤᠯᠤᠯᠳᠠ ᠵᠢ ᠰᠢᠢ᠍ᠳᠪᠦᠷᠢᠯᠡᠬᠦ ᠠᠵᠢᠯᠯᠠᠭ᠎ᠠ ᠵᠢᠨ ᠵᠢᠭ᠋ᠠᠪᠤᠷᠢ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 〈ᠬᠣᠶᠠᠷ᠎ᠢ ᠬᠠᠮᠤᠷᠬᠤ 〉 ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠠᠬᠢᠭᠤᠯᠵᠤ᠂ ᠴᠢᠨᠠᠷᠵᠢᠭᠤᠨ ᠨᠠᠮ᠎ᠤᠨ ᠪᠠᠢ᠌ᠭᠤᠯᠤᠯᠲᠠ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠦᠨᠡᠨ ᠬᠦ᠌ ᠠᠬᠢᠭᠤᠯᠤᠨ᠎ᠠ》 ᠭᠡᠵᠤ ᠢᠯᠡᠷᠬᠡᠢ᠌ᠯᠡᠪᠡ᠃