ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
2020 ᠣᠨ᠎ᠤ ᠪᠥᠬᠥ ᠤᠯᠤᠰ᠎ᠤᠨ ᠬᠣᠶᠠᠷ ᠬᠤᠷᠠᠯ᠎ᠳᠤ ᠠᠵᠢᠯ ᠣᠯᠭᠣᠯᠲᠠ ᠠᠷᠠᠳ᠎ᠤᠨ ᠠᠮᠢᠳᠤᠷᠠᠯ ᠭᠣᠣᠯᠳᠠᠯᠭ᠎ᠠ ᠪᠣᠯᠪᠠ
ᠨᠡᠶᠢᠲᠡᠯᠡᠭᠰᠡᠨ ᠴᠠᠭ᠄ 2020-06-12

         

     5 ᠳ᠋ᠤᠭ᠋ᠠᠷ ᠰᠠᠷ᠎ᠠ ᠵᠢᠨ 28᠎ᠤ ᠠ᠋ᠳᠦᠷ 2020 ᠣᠨ᠎ᠳᠤ ᠪᠦᠬᠦ ᠤᠯᠤᠰ᠎ᠤᠨ ᠬᠣᠶᠠᠷ ᠬᠤᠷᠠᠯ ᠲᠡᠭᠦᠰᠪᠡ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠠᠴᠠ ᠪᠣᠯᠵᠣ᠂ ᠠ᠋ᠨᠡ ᠵᠢᠯ᠎ᠤᠨ ᠬᠣᠶᠠᠷ ᠬᠤᠷᠠᠯ᠎ᠤᠨ ᠬᠤᠷᠠᠯᠳᠤᠬᠤ ᠴᠠᠭ᠂ ᠬᠤᠷᠠᠯ᠎ᠤᠨ ᠬᠤᠭᠤᠴᠠᠭ᠎ᠠ᠂ ᠬᠡᠯᠪᠡᠷᠢ ᠵᠡᠷᠭᠡ ᠲᠠᠯ᠎ᠠ᠎ᠪᠠᠷ ᠥᠩᠭᠡᠷᠡᠭᠰᠡᠨ ᠵᠢᠯ᠎ᠤᠨ᠎ᠬᠢ᠎ᠲᠠᠢ ᠮᠠᠰᠢ ᠠᠳᠠᠯᠢ ᠥᠬᠡᠶ ᠪᠣᠯᠵᠠᠶ᠃ ᠲᠡᠭᠦᠨ᠎ᠤ ᠳᠣᠲᠣᠷ᠎ᠠ ᠬᠠᠮᠤᠭ᠎ᠤᠨ ᠣᠨᠴᠠᠭ᠋ᠠᠢ ᠲᠠᠯ᠎ᠠ᠎ᠨᠢ ᠠ᠋ᠨᠡ ᠵᠢᠯ᠎ᠤᠨ ᠬᠣᠶᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠪᠥᠬᠥ ᠵᠢᠯ᠎ᠤᠨ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠲᠣᠭᠲᠠᠭ᠋ᠠᠭᠰᠠᠨ ᠥᠬᠡᠶ᠂ ᠬᠠᠷᠢᠨ ᠠ᠋ᠩ ᠲᠡᠷᠢᠭᠦᠨ᠎ᠳᠤ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠬᠡᠷᠡᠭᠲᠡᠶ ᠭᠡᠵᠤ ᠳᠤᠷᠠᠳᠤᠭᠰᠠᠨ ᠪᠠᠢ᠌ᠨ᠎ᠠ᠃
      ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠳᠤᠷᠠᠳᠤᠭᠰᠠᠨ ᠦᠭᠡᠢ᠎ᠨᠢ ᠠᠵᠤ ᠠᠬᠤᠶ ᠵᠢᠨ ᠨᠡᠮᠡᠭᠳᠡᠯ᠎ᠢ ᠴᠢᠬᠤᠯᠠᠴᠢᠯᠠᠬᠤ ᠦᠭᠡᠢ ᠭᠡᠰᠡᠨ ᠪᠢᠰᠢ ᠶᠤᠮ᠃
     《ᠪᠢᠳᠡ ᠠᠷᠠᠳ᠎ᠤᠨ ᠠᠵᠢᠯ ᠣᠯᠭᠣᠯᠲᠠ᠂ ᠠᠷᠠᠳ᠎ᠤᠨ ᠦᠨᠳᠦᠰᠦᠨ ᠠᠮᠢᠳᠤᠷᠠᠯ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠡᠷᠭᠡ 〈ᠵᠢᠷᠭᠤᠭ᠋ᠠᠨ ᠪᠠᠲᠤᠯᠠᠭ᠎ᠠ〉 ᠵᠢᠨ ᠬᠠᠷᠠᠯᠲᠠ ᠠ᠋ᠭᠦᠷᠭᠡ ᠵᠢ ᠲᠣᠭᠲᠠᠭ᠋ᠠᠭᠰᠠᠨ᠎ᠨᠢ GDP ᠵᠢᠨ ᠠᠵᠤ ᠠᠬᠤᠶ ᠵᠢᠨ ᠨᠡᠮᠡᠭᠳᠡᠯ᠎ᠲᠠᠢ ᠰᠢᠭᠤᠳ ᠬᠠᠷᠢᠴᠠᠭ᠎ᠠ᠎ᠲᠠᠢ ᠶᠤᠮ᠃ ᠶᠡᠷᠦᠩᠬᠡᠶ ᠰᠠᠶ᠋ᠢᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 28᠎ᠤ ᠠ᠋ᠳᠦᠷ ᠳᠤᠮᠳᠠᠳᠤ ᠭᠠᠳᠠᠭ᠋ᠠᠳᠤ ᠵᠢᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠬᠤ᠎ᠳᠤ᠎ᠪᠠᠨ᠂ 〈〈ᠬᠡᠷᠪᠡ ᠨᠢᠭᠡᠳᠤᠭᠦᠯᠵᠤ ᠪᠣᠳᠣᠪᠠᠯ᠂ 〈ᠵᠢᠷᠭᠤᠭ᠋ᠠᠨ ᠪᠠᠲᠤᠯᠠᠭ᠎ᠠ〉 ᠵᠢᠨ ᠠ᠋ᠭᠦᠷᠭᠡ᠂ ᠣᠨᠴᠠᠭ᠋ᠠᠢ᠌ᠯᠠᠨ ᠠ᠋ᠮᠦᠨᠡᠬᠢ 〈ᠭᠤᠷᠪᠠᠨ ᠪᠠᠲᠤᠯᠠᠭ᠎ᠠ〉 ᠵᠢ ᠪᠡᠶᠡᠯᠡᠭᠦᠯᠴᠢᠭᠡᠪᠡᠯ ᠪᠢᠳᠡ ᠠ᠋ᠨᠡ ᠵᠢᠯ᠎ᠤᠨ ᠠᠵᠤ ᠠᠬᠤᠢ ᠵᠢᠨ ᠨᠡᠮᠡᠭᠳᠡᠯ ᠵᠶ᠋ᠠᠨ ᠪᠡᠶᠡᠯᠡᠭᠦᠯᠴᠢᠭᠡᠬᠦ ᠮᠥᠷᠲᠡᠭᠡᠨ ᠮᠠᠷᠠᠢ᠌ᠪᠠᠯ ᠪᠠᠰᠠ ᠵᠣᠬᠢᠬᠤ ᠳᠠᠪᠰᠢᠯᠲᠠ᠎ᠲᠠᠢ ᠪᠣᠯᠵᠤ᠂ ᠳᠤᠮᠳᠠᠳᠤ ᠤᠯᠤᠰ᠎ᠤᠨ ᠠᠵᠤ ᠠᠬᠤᠶ ᠵᠢᠨ ᠲᠣᠭᠲᠠᠭᠤᠨ ᠵᠶ᠋ᠠᠷ ᠤᠷᠤᠭᠰᠢᠯᠠᠬᠤ ᠵᠢ ᠠᠬᠢᠭᠤᠯᠴᠢᠬᠠᠬᠤ ᠶᠤᠮ᠃
      ᠬᠣᠶᠠᠷ ᠬᠤᠷᠠᠯ᠎ᠤᠨ ᠬᠤᠭᠤᠴᠠᠭ᠋ᠠᠨ᠎ᠳᠤ ᠲᠥᠯᠥᠭᠡᠯᠡᠭᠴᠢ ᠪᠠ ᠭᠡᠰᠢᠭᠦᠨ᠂ ᠠ᠋ᠷᠳᠡᠮᠲᠡᠳ ᠮᠡᠷᠭᠡᠵᠢᠯᠲᠡᠨ ᠨᠠᠷ ᠠᠵᠤ ᠠᠬᠤᠶ ᠵᠢᠨ ᠦᠨᠳᠦᠰᠦᠨ ᠦᠨ᠎ᠡ ᠬᠠᠩᠰᠢ ᠵᠢ ᠲᠣᠭᠲᠠᠭᠤᠨ ᠪᠠᠶ᠋ᠢᠯᠭ᠋ᠠᠬᠤ᠂ ᠠᠵᠢᠯ ᠣᠯᠭᠣᠯᠲᠠ ᠠᠷᠠᠳ᠎ᠤᠨ ᠠᠮᠢᠳᠤᠷᠠᠯ᠎ᠢ ᠪᠠᠲᠤᠯᠠᠬᠤ ᠠᠵᠢᠯ᠎ᠤᠨ ᠲᠣᠭᠣᠷᠢᠨ᠎ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠮᠠᠨ᠎ᠤ ᠤᠯᠤᠰ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠶᠡᠬᠡ ᠤᠷᠢᠲᠠᠯ ᠳᠣᠣᠷ᠎ᠠ ᠡᠯ᠎ᠡ ᠵᠦᠢ᠍ᠯ᠎ᠤᠨ ᠬᠠᠷᠠᠯᠲᠠ ᠵᠢ ᠪᠡᠶᠡᠯᠡᠭᠦᠯᠬᠦ ᠰᠡᠳᠬᠢᠮᠵᠢ ᠵᠢ ᠨᠠᠩ ᠥᠷᠭᠡᠨ᠂ ᠠᠷᠭ᠎ᠠ ᠵᠠᠮ᠎ᠢ ᠤᠯᠠᠮ ᠲᠣᠳᠣᠷᠬᠠᠶ ᠪᠣᠯᠭ᠋ᠠᠭᠰᠠᠨ ᠪᠠᠢ᠌ᠨ᠎ᠠ᠃

    ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠥᠬᠡᠶ ᠪᠣᠯᠪᠠᠴᠤ ᠬᠣᠷᠸ᠎ᠠ ᠲᠥᠷᠥ ᠵᠢᠨ ᠪᠣᠳᠣᠯᠭ᠎ᠠ ᠮᠥᠨ ᠬᠦ᠌ ᠶᠡᠬᠡ ᠦᠷ᠎ᠡ ᠪᠦᠲᠦᠮᠵᠢ ᠭᠠᠷᠭ᠋ᠠᠬᠤ ᠪᠣᠯᠤᠨ᠎ᠠ
      ᠪᠦᠬᠦ ᠪᠥᠮᠪᠥᠷᠴᠡᠭ᠎ᠤᠨ ᠬᠢᠵᠢᠭ᠎ᠤᠨ ᠪᠠᠢ᠌ᠳᠠᠯ ᠪᠠ ᠠᠵᠤ ᠠᠬᠤᠶ ᠠᠷᠠᠯᠵᠢᠶᠠᠨ᠎ᠤ ᠪᠠᠢ᠌ᠳᠠᠯ᠎ᠤᠨ ᠯᠤᠲᠤ ᠶᠡᠬᠡ ᠲᠣᠭᠲᠠᠪᠤᠷᠢ ᠦᠭᠡᠢ ᠴᠢᠨᠠᠷ᠎ᠠᠴᠠ ᠪᠣᠯᠵᠤ᠂ ᠠ᠋ᠨᠡ ᠵᠢᠯ ᠮᠠᠨ᠎ᠤ ᠤᠯᠤᠰ ᠪᠦᠬᠦ ᠵᠢᠯ᠎ᠤᠨ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠲᠣᠭᠲᠠᠭ᠋ᠠᠭᠰᠠᠨ ᠦᠭᠡᠢ᠃᠂ ᠠ᠋ᠨᠡ ᠪᠣᠯ ᠪᠣᠳᠠᠲᠠᠶ ᠵᠢ ᠠ᠋ᠷᠬᠢᠮᠯᠡᠭᠰᠡᠨ ᠲᠤᠶ᠋ᠢᠯ᠎ᠤᠨ ᠰᠠᠢ᠌ᠨ ᠠᠷᠭ᠎ᠠ ᠮᠥᠨ᠂ ᠲᠡᠷᠡ᠎ᠨᠢ ᠦᠨᠡᠨ᠎ᠠᠴᠠ ᠵᠥᠪ᠎ᠢ ᠠ᠋ᠷᠢᠬᠦ ᠵᠣᠷᠢᠭ ᠰᠠᠨᠠᠭ᠎ᠠ ᠵᠢ ᠢᠯᠡᠷᠡᠭᠦᠯᠵᠡᠶ ᠭᠡᠵᠤ ᠲᠥᠯᠥᠭᠡᠯᠡᠭᠴᠢ᠂ ᠭᠡᠰᠢᠭᠦᠨ᠂ ᠲᠤᠰᠬᠠᠶ ᠠ᠋ᠷᠳᠡᠮᠲᠡᠨ ᠮᠡᠷᠭᠡᠵᠢᠯᠲᠡᠨ ᠨᠠᠷ ᠰᠡᠳᠬᠢᠯ ᠨᠢᠭᠡᠲᠠᠢ ᠦᠵᠡᠪᠡ᠃
      ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯ᠎ᠤᠨ ᠪᠠᠭ᠎ᠠ ᠳᠤᠭᠤᠶ᠋ᠢᠯᠠᠩ᠎ᠤᠨ ᠶᠠᠷᠢᠯᠴᠠᠭ᠋ᠠᠨ᠎ᠳᠤ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠪᠡᠭᠡᠵᠢᠩ ᠶᠡᠬᠡ ᠰᠤᠷᠭ᠋ᠠᠭᠤᠯᠢ ᠵᠢᠨ ᠤᠯᠤᠰ᠎ᠤᠨ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠨᠡᠷ᠎ᠡ ᠬᠦᠨᠳᠦᠲᠦ ᠳᠠᠷᠤᠭ᠎ᠠ ᠯᠢᠨ ᠢ ᠹᠦ᠋᠎ᠠᠴᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠪᠦᠬᠦ ᠵᠢᠯ᠎ᠤᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠳᠤᠷᠠᠳᠤᠭᠰᠠᠨ ᠦᠭᠡᠢ᠎ᠨᠢ ᠪᠣᠳᠠᠲᠤ ᠪᠠᠶ᠋ᠢᠳᠠᠯ᠎ᠲᠠᠢ ᠨᠡᠶ᠋ᠢᠴᠡᠵᠦ ᠪᠣᠢ᠃ ᠮᠠᠨ᠎ᠳᠤ ᠠᠵᠤ ᠠᠬᠤᠶ ᠵᠢᠨ ᠬᠥᠭᠵᠢᠯᠲᠡ ᠵᠢᠨ ᠲᠡᠯᠳᠠ ᠬᠦᠴᠦᠨ ᠪᠠᠶ᠋ᠢᠬᠤ ᠪᠣᠯᠪᠠᠴᠤ ᠣᠷᠣᠨ ᠵᠠᠶ ᠵᠢ ᠭᠦᠢ᠍ᠴᠡᠳ ᠦᠯᠡᠳᠡᠭᠡᠬᠦ᠎ᠨᠢ ᠵᠦᠢ᠍ᠲᠠᠢ᠂ ᠢᠩᠬᠢᠪᠡᠯ ᠰᠠᠶᠢ ᠢᠳᠡᠪᠬᠢ ᠪᠠᠶ᠋ᠢᠷᠢ ᠵᠢ ᠡᠵᠡᠮᠰᠢᠵᠦ᠂ ᠤᠷᠢᠳᠴᠢᠯᠠᠨ ᠮᠡᠳᠡᠬᠦ ᠵᠢᠨ ᠠᠷᠭ᠎ᠠ ᠦᠭᠡᠢ ᠬᠢᠵᠢᠭ᠎ᠢ ᠠᠷᠭ᠋ᠠᠴᠠᠭ᠋ᠠᠵᠤ ᠴᠢᠳᠠᠨ᠎ᠠ ᠭᠡᠵᠡᠢ᠃
      ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠪᠡᠭᠡᠵᠢᠩ ᠶᠡᠬᠡ ᠰᠤᠷᠭ᠋ᠠᠭᠤᠯᠢ ᠵᠢᠨ ᠭᠤᠸᠠᠩ ᠬᠤᠸᠠ ᠬᠠᠮᠢᠶᠠᠷᠤᠯᠲᠠ ᠵᠢᠨ ᠳᠡᠭᠡᠳᠦ ᠰᠤᠷᠭ᠋ᠠᠭᠤᠯᠢ ᠵᠢᠨ ᠯᠧᠺᠲ᠋ᠣᠷ ᠵᠢᠨ ᠯᠢ ᠫᠷᠣᠹᠸᠰᠰᠤᠷ ᠪᠠᠭ᠎ᠠ ᠳᠤᠭᠤᠶ᠋ᠢᠯᠠᠩ᠎ᠤᠨ ᠶᠠᠷᠢᠯᠴᠠᠭ᠎ᠠ᠎ᠳᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ GDP ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠳᠣᠭᠲᠠᠭ᠋ᠠᠭᠰᠠᠨ ᠦᠭᠡᠢ᠎ᠨᠢ ᠠᠵᠤ ᠠᠬᠤᠶ ᠨᠡᠮᠡᠭᠳᠡᠬᠦ ᠦᠭᠡᠢ᠂ ᠨᠡᠶ᠋ᠢᠭᠡᠮ ᠬᠥᠭᠵᠢᠬᠦ ᠦᠭᠡᠢ ᠭᠡᠰᠡᠨ ᠪᠢᠰᠢ᠂ ᠬᠠᠷᠢᠨ ᠬᠠᠮᠤᠭ᠎ᠤᠨ ᠭᠦᠢ᠍ᠴᠡᠳ ᠪᠡᠯᠡᠳᠬᠡᠯ ᠵᠶ᠋ᠡᠷ ᠬᠠᠮᠤᠭ᠎ᠤᠨ ᠮᠠᠭᠤ ᠪᠠᠶ᠋ᠢᠳᠠᠯ᠎ᠢ ᠠᠷᠭ᠋ᠠᠴᠠᠭ᠋ᠠᠨ᠎ᠠ᠂ ᠬᠠᠮᠤᠭ᠎ᠤᠨ ᠶᠡᠬᠡ ᠴᠢᠷᠮᠠᠢ᠌ᠯᠭ᠎ᠠ᠎ᠪᠠᠷ ᠬᠠᠮᠤᠭ᠎ᠤᠨ ᠰᠠᠢ᠌ᠨ ᠦᠷ᠎ᠡ ᠪᠦᠲᠤᠮᠵᠢ ᠣᠯᠤᠨ᠎ᠠ ᠭᠡᠰᠡᠨ ᠦᠨᠳᠤᠰᠤᠨ ᠰᠡᠳᠬᠢᠬᠦᠢ ᠵᠢᠨ ᠢᠯᠡᠷᠡᠯ ᠪᠣᠯᠤᠨ᠎ᠠ᠃
      ᠠ᠋ᠩ᠎ᠤᠨ ᠪᠠᠢ᠌ᠳᠠᠯ ᠳᠣᠣᠷ᠎ᠠ᠂ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠪᠣᠯ ᠨᠢᠭᠡ ᠵᠦᠢ᠍ᠯ᠎ᠤᠨ ᠶᠡᠷᠦᠩᠬᠡᠶ᠋ᠢᠯᠡᠭᠰᠡᠨ ᠴᠢᠨᠠᠷᠲᠠᠶ᠂ ᠰᠠᠭᠤᠷᠢ ᠵᠢᠨ ᠴᠢᠨᠠᠷᠲᠠᠢ ᠭᠦᠢ᠍ᠴᠡᠳᠬᠡᠬᠦ ᠲᠣᠭ᠎ᠠ ᠮᠥᠨ᠂ ᠲᠡᠷᠡ᠎ᠨᠢ ᠠᠵᠢᠯ᠎ᠢ ᠵᠢᠯᠣᠭᠣᠳᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
      ᠭᠡᠪᠡᠴᠦ ᠣᠳᠣᠬᠠᠨ᠎ᠳᠤ ᠭᠠᠳᠠᠭ᠋ᠠᠳᠤ᠎ᠳᠤ ᠳᠡᠯᠭᠡᠷᠡᠵᠦ ᠪᠠᠢ᠌ᠭ᠎ᠠ ᠬᠢᠵᠢᠭ᠎ᠨᠢ ᠪᠦᠬᠦ ᠪᠥᠮᠪᠥᠷᠴᠡᠭ᠎ᠤᠨ ᠠᠵᠤ ᠠᠬᠤᠶ᠎ᠳᠤ ᠦᠷᠭᠦᠯᠵᠢᠯᠡᠨ ᠳᠠᠭ᠋ᠠᠷᠢᠯᠲᠠ ᠪᠣᠯᠵᠤ ᠪᠠᠢ᠌ᠭ᠎ᠠ ᠶᠤᠮ᠃ ᠵᠠᠮ ᠬᠠᠷᠢᠯᠴᠠᠭ᠋ᠠᠨ᠎ᠤ ᠪᠠᠩᠬᠢ ᠵᠢᠨ ᠮᠥᠩᠭᠥᠨ ᠭᠦᠢ᠍ᠯᠭᠡᠭᠡᠨ᠎ᠤ ᠰᠤᠳᠤᠯᠭ᠋ᠠᠨ᠎ᠤ ᠲᠥᠪ᠎ᠤᠨ ᠲᠦᠷᠤᠭᠦᠤ ᠰᠤᠳᠤᠯᠤᠭ᠋ᠠᠴᠢ ᠲᠠᠩ ᠵᠢᠶᠠᠨ ᠸᠧᠶ ᠳᠤᠮᠳᠠᠳᠤ ᠤᠯᠤᠰ᠎ᠤᠨ ᠰᠦᠯᠵᠢᠶᠡᠨ᠎ᠤ ᠠ᠋ᠳ᠋᠎ᠤᠨ ᠵᠠᠰᠠᠭ ᠠᠵᠤ ᠠᠬᠤᠶ ᠵᠢᠨ ᠳᠠᠪᠴᠠᠩ᠎ᠳᠤ᠂ ᠠ᠋ᠨᠡ ᠦᠶ᠎ᠡ᠎ᠳᠤ ᠬᠡᠷᠪᠡ ᠠᠯᠪᠠ᠎ᠪᠠᠷ ᠨᠢᠭᠡ ᠵᠢᠯ᠎ᠤᠨ ᠨᠡᠮᠡᠭᠳᠡᠯ᠎ᠤᠨ ᠬᠠᠷᠠᠯᠲᠠ ᠵᠢ ᠲᠣᠭᠲᠠᠭ᠋ᠠᠵᠤ᠂ ᠢᠯᠠᠩᠭᠤᠶ᠎ᠠ ᠨᠢᠭᠡᠨ ᠨᠡᠯᠢᠶᠡᠳ ᠥᠨᠳᠥᠷ ᠨᠡᠮᠡᠭᠳᠡᠯ᠎ᠤᠨ ᠬᠠᠷᠠᠯᠲᠠ ᠵᠢ ᠬᠥᠭᠡᠭᠡᠴᠡᠯᠳᠦᠪᠡᠯ ᠬᠢᠵᠢᠭ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠲᠣᠭᠲᠠᠭᠰᠠᠨ ᠠ᠋ᠭᠦᠷᠭᠡ᠎ᠳᠤ ᠬᠠᠷᠰᠢ ᠰᠠᠭ᠋ᠠᠳ ᠤᠴᠠᠷᠠᠭᠤᠯᠵᠤ ᠮᠡᠳᠡᠬᠦ ᠶᠤᠮ᠃ ᠬᠡᠷᠪᠡ ᠨᠢᠭᠡ ᠮᠠᠰᠢ ᠳᠣᠣᠷ᠎ᠠ ᠨᠡᠮᠡᠭᠳᠡᠯ᠎ᠤᠨ ᠬᠠᠷᠠᠯᠲᠠ ᠵᠢ ᠲᠣᠭᠲᠠᠭ᠋ᠠᠪᠠᠯ᠂ ᠠ᠋ᠨᠡ ᠬᠦ᠌ ᠬᠠᠷᠠᠯᠲᠠ ᠵᠢᠨ ᠦᠨᠠᠨ ᠪᠣᠳᠠᠲᠠᠢ ᠵᠢᠯᠣᠭᠣᠳᠬᠤ ᠤᠳᠬ᠎ᠠ ᠠᠭᠤᠯᠭ᠎ᠠ᠎ᠨᠢ ᠲᠣᠩ ᠪᠠᠭ᠎ᠠ ᠪᠣᠯᠤᠨ᠎ᠠ ᠭᠡᠵᠤ ᠢᠯᠡᠷᠬᠡᠢ᠌ᠯᠡᠭᠰᠡᠨ ᠪᠠᠢ᠌ᠨ᠎ᠠ᠃
      ᠲᠡᠭᠡᠪᠡᠯ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠬᠠᠷᠠᠯᠲᠠ ᠦᠭᠡᠢ ᠪᠠᠶ᠋ᠢᠳᠠᠯ ᠳᠣᠣᠷ᠎ᠠ᠂ ᠡᠯ᠎ᠡ ᠲᠠᠯ᠎ᠠ ᠵᠢᠨ ᠠᠵᠢᠯ᠎ᠢ ᠶᠠᠭᠤ᠎ᠪᠠᠷ ᠦᠨᠳᠦᠰᠦ ᠪᠠᠷᠢᠮᠲᠠ ᠪᠣᠯᠭ᠋ᠠᠬᠤ ᠪᠤᠢ?
      ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠠ᠋ᠷᠬᠢᠯᠡᠭᠴᠢ ᠨᠢᠩ ᠵᠢᠶ ᠵᠧ 5 ᠳ᠋ᠤᠭ᠋ᠠᠷ ᠰᠠᠷ᠎ᠠ ᠵᠢᠨ 24᠎ᠤ ᠠ᠋ᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠬᠡᠳᠦᠶ᠋ᠢᠪᠡᠷ GDP ᠵᠢᠨ ᠨᠡᠮᠡᠭᠳᠡᠯ᠎ᠤᠨ ᠬᠠᠷᠠᠯᠲᠠ ᠵᠢ ᠰᠢᠭᠤᠳ ᠳᠤᠷᠠᠳᠤᠭᠰᠠᠨ ᠦᠭᠡᠶ ᠪᠣᠯᠪᠠᠴᠤ ᠠᠵᠤ ᠠᠬᠤᠶ ᠵᠢᠨ ᠨᠡᠮᠡᠭᠳᠡᠯ᠎ᠤᠨ ᠠᠭᠤᠯᠭ᠎ᠠ᠎ᠨᠢ ᠨᠢᠭᠡᠨᠲᠡ ᠪᠤᠰᠤᠳ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ᠎ᠳᠤ ᠠᠭᠤᠰᠤᠭᠰᠠᠨ ᠪᠠᠶ᠋ᠢᠨ᠎ᠠ ᠭᠡᠵᠡᠢ᠃
      ᠵᠢᠱ᠌ᠢᠶᠡᠯᠡᠪᠡᠯ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠠ᠋ᠨᠡ ᠵᠢᠯ 《ᠬᠤᠲᠠ ᠪᠠᠯᠭ᠋ᠠᠰᠤᠨ᠎ᠤ 900 ᠲᠦᠮᠡ᠎ᠠᠴᠠ ᠳᠡᠭᠡᠭᠰᠢ ᠬᠥᠮᠦᠨ᠎ᠳᠤ ᠰᠢᠨ᠎ᠡ᠎ᠪᠠᠷ ᠠᠵᠢᠯ ᠣᠯᠭᠣᠬᠤ》ᠵᠢ ᠪᠡᠶᠡᠯᠡᠭᠦᠯᠦᠨ᠎ᠡ ᠭᠡᠵᠠᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠥᠭᠵᠢᠯᠲᠡ ᠵᠢᠨ ᠰᠤᠳᠤᠯᠭ᠋ᠠᠨ᠎ᠤ ᠲᠥᠪ᠎ᠤᠨ ᠬᠣᠷᠸ᠎ᠠ ᠠᠵᠤ ᠠᠬᠤᠶ ᠵᠢᠨ ᠰᠤᠳᠤᠯᠭ᠋ᠠᠨ᠎ᠤ ᠬᠡᠯᠲᠡᠰ᠎ᠤᠨ ᠰᠤᠳᠤᠯᠤᠭᠴᠢ ᠵᠠᠩ ᠯᠢ ᠴᠢᠶᠦᠢ᠍ᠨ ᠳᠤᠮᠳᠠᠳᠤ ᠤᠯᠤᠰ᠎ᠤᠨ ᠰᠦᠯᠵᠢᠶᠡᠨ᠎ᠤ ᠠ᠋ᠳ᠋᠎ᠤᠨ ᠵᠠᠰᠠᠭ ᠠᠵᠤ ᠠᠬᠤᠶ ᠵᠢᠨ ᠳᠠᠪᠴᠠᠩ᠎ᠤᠨ ᠰᠤᠷᠪᠤᠯᠵᠢᠯᠠᠭ᠎ᠠ ᠵᠢ ᠬᠦᠯᠢᠶᠡᠬᠦ᠎ᠳᠡᠭᠡᠨ᠂ ᠥᠩᠭᠡᠷᠡᠭᠰᠡᠨ ᠬᠡᠳᠦᠨ ᠵᠢᠯ᠎ᠤᠨ ᠲᠤᠷᠰᠢᠯᠭ᠎ᠠ ᠵᠢᠨ ᠲᠣᠭ᠎ᠠ ᠪᠠᠷᠢᠮᠲᠠ᠎ᠠᠴᠠ ᠦᠵᠡᠪᠡᠯ᠂ 1 ᠵᠠᠭᠤᠨ᠎ᠤ ᠨᠢᠭᠡᠴᠢ ᠵᠢᠨ GDP ᠵᠢᠨ ᠨᠡᠮᠡᠭᠳᠡᠯ᠎ᠨᠢ ᠪᠠᠷᠤᠭ 200 ᠭᠠᠷᠤᠶ ᠲᠦᠮᠡᠨ ᠠᠵᠢᠯ᠎ᠤᠨ ᠪᠠᠶ᠋ᠢᠷᠢ ᠵᠢ ᠬᠠᠩᠭ᠋ᠠᠭᠰᠠᠨ ᠪᠠᠶ᠋ᠢᠨ᠎ᠠ᠃ ᠬᠡᠷᠪᠡ 900 ᠲᠦᠮᠡᠨ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠨᠡᠮᠡᠭᠳᠡᠭᠦᠯᠬᠦ ᠭᠡᠪᠡᠯ᠂ ᠠᠵᠤ ᠠᠬᠤᠶ ᠵᠢᠨ ᠨᠡᠮᠡᠭᠳᠡᠯ᠎ᠤᠨ ᠨᠤᠷᠮ᠎ᠠ ᠵᠢ ᠪᠦᠬᠦ ᠵᠢᠯ᠎ᠳᠤ 4%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃ ᠥᠭᠡᠷ᠎ᠡ᠎ᠪᠠᠷ ᠬᠡᠯᠡᠪᠡᠯ᠂ ᠠᠵᠢᠯ ᠣᠯᠭᠣᠬᠤ ᠬᠠᠷᠠᠯᠲᠠ᠎ᠨᠢ ᠠᠵᠤ ᠠᠬᠤᠶ ᠵᠢᠨ ᠨᠡᠮᠡᠭᠳᠡᠯ᠎ᠳᠤ ᠬᠠᠵᠠᠭᠤ ᠲᠠᠯ᠎ᠠ᠎ᠠᠴᠠ ᠱᠠᠭ᠋ᠠᠷᠳᠠᠯᠠᠭ᠎ᠠ ᠳᠤᠷᠠᠳᠤᠭᠰᠠᠨ ᠪᠠᠶ᠋ᠢᠨ᠎ᠠ ᠭᠡᠪᠡ᠃
      ᠪᠠᠭ᠎ᠠ ᠳᠤᠭᠤᠶ᠋ᠢᠯᠠᠩ᠎ᠤᠨ ᠶᠠᠷᠢᠯᠴᠠᠭ᠋ᠠᠨ᠎ᠳᠤ᠂ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠳᠤᠮᠳᠠᠳᠤ ᠤᠯᠤᠰ᠎ᠤᠨ ᠠ᠋ᠳ᠋᠎ᠤᠨ ᠵᠠᠰᠠᠭ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠯᠢᠦ ᠱᠠᠩ ᠰᠢ ᠶᠠᠷᠢᠶᠠᠨ᠎ᠳᠤ᠎ᠪᠠᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠭᠢᠯᠠᠰ ᠴᠢᠭ ᠦᠩᠭᠡ ᠢᠯᠭ᠋ᠠᠷᠠᠮ᠎ᠠ ᠶᠤᠮ᠃ ᠠᠵᠤ ᠠᠬᠤᠢ ᠵᠢᠨ ᠨᠡᠮᠡᠭᠳᠡᠯ᠎ᠤᠨ ᠪᠣᠳᠠᠲᠠᠶ ᠬᠠᠷᠠᠯᠲᠠ ᠵᠢ ᠳᠤᠷᠠᠳᠤᠭᠰᠠᠨ ᠦᠭᠡᠢ᠂ 〈〈ᠵᠢᠷᠭᠤᠭ᠋ᠠᠨ ᠪᠠᠲᠤᠯᠠᠭ᠎ᠠ〉〉᠎ᠪᠠᠷ ᠠᠵᠤ ᠠᠬᠤᠶ ᠵᠢ ᠲᠣᠭᠲᠠᠭᠤᠨ ᠪᠠᠶ᠋ᠢᠯᠭ᠋ᠠᠬᠤ᠎ᠳᠤ ᠨᠡᠶ᠋ᠢᠭᠡᠮ᠎ᠤᠨ ᠠᠩᠬᠠᠷᠤᠯ᠎ᠢ ᠲᠠᠲᠠᠨ᠂ ᠠᠵᠢᠯ ᠣᠯᠭᠣᠯᠲᠠ ᠵᠢ ᠲᠡᠷᠢᠭᠦᠨ ᠪᠠᠶ᠋ᠢᠷᠢᠨ᠎ᠳᠤ ᠲᠠᠯᠪᠢᠭᠰᠠᠨ᠎ᠨᠢ ᠨᠡᠮᠡᠭᠳᠡᠯ ᠪᠠ ᠠᠵᠢᠯ ᠣᠯᠭᠣᠯᠲᠠ ᠵᠢᠨ ᠰᠢᠨ᠎ᠡ ᠬᠡᠯᠪᠡᠷᠢ ᠵᠢᠨ ᠬᠠᠷᠢᠴᠠᠭ᠎ᠠ ᠵᠢ ᠬᠠᠶ᠋ᠢᠨ ᠰᠦᠪᠡᠭᠴᠢᠯᠡᠵᠤ ᠪᠠᠢ᠌ᠬᠤ᠎ᠪᠠᠨ ᠬᠠᠷᠠᠭᠤᠯᠵᠠᠢ᠃
      ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠹᠦᠵᠢᠶᠠᠨ᠎ᠤ ᠰᠢᠶᠡᠨ ᠳ᠋ᠧ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ CEO ᠵᠢᠶᠠᠩ ᡁᠢ ᠫᠧᠩ ᠳᠤᠭᠤᠶ᠋ᠢᠯᠠᠩ᠎ᠤᠨ ᠶᠠᠷᠢᠯᠴᠠᠭ᠋ᠠᠨ᠎ᠳᠤ ᠬᠡᠯᠡᠬᠦ᠎ᠳᠡᠭᠡᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠬᠡᠳᠤᠢ᠌ᠪᠡᠷ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠳᠣᠭᠲᠠᠭ᠋ᠠᠭᠰᠠᠨ ᠦᠭᠡᠶ ᠪᠣᠯᠪᠠᠴᠤ ᠠᠷᠠᠳ᠎ᠤᠨ ᠠᠮᠢᠳᠤᠷᠠᠯ ᠵᠶ᠋ᠠᠷ ᠭᠣᠣᠯ ᠪᠣᠯᠭ᠋ᠠᠨ ᠬᠡᠮᠵᠢᠶᠡᠵᠢᠭᠦᠯᠣᠭ᠌ᠰᠡᠨ ᠭᠦᠢ᠍ᠴᠡᠳᠬᠡᠬᠦ ᠲᠣᠭ᠎ᠠ ᠬᠠᠮᠢᠭ᠎ᠠ᠎ᠨᠢ ᠴᠤ᠌ ᠪᠦᠷ ᠪᠠᠢ᠌ᠨ᠎ᠠ᠃ ᠠᠷᠠᠳ᠎ᠤᠨ ᠠᠮᠢᠳᠤᠷᠠᠯ᠎ᠢ ᠭᠣᠣᠯ ᠰᠢᠵᠢᠮ ᠪᠣᠯᠭ᠋ᠠᠵᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠶᠠᠪᠤᠴᠠ ᠪᠠ ᠡᠯ᠎ᠡ ᠲᠠᠯ᠎ᠠ᠎ᠳᠤ ᠲᠤᠤᠱᠯᠠᠭᠤᠯᠬᠤ ᠪᠣᠯ ᠶᠠᠭ ᠮᠠᠨ᠎ᠤ ᠤᠭ ᠰᠠᠨᠠᠭ᠎ᠠ ᠪᠣᠯᠤᠨ᠎ᠠ ᠭᠡᠯ᠎ᠡ᠃
      ᠶᠠᠭ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠤᠳᠤᠯᠬᠤ ᠲᠠᠰᠤᠭ᠎ᠤᠨ ᠠ᠋ᠷᠬᠢᠯᠡᠭᠴᠢ ᠬᠤᠸᠠᠩ ᠱᠸᠤ ᠬᠣᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠤᠩᠰᠢᠨ ᠲᠠᠶ᠋ᠢᠯᠪᠤᠷᠢᠯᠠᠬᠤ᠎ᠳᠠᠭᠠᠨ ᠬᠡᠯᠡᠭᠰᠡᠨ ᠰᠢᠭ ᠵᠶ᠋ᠠᠷ GDP ᠵᠢᠨ ᠬᠤᠷᠳᠤᠴᠠ ᠵᠢᠨ ᠬᠠᠷᠠᠯᠲᠠ ᠵᠢ ᠳᠣᠭᠲᠠᠭ᠋ᠠᠭᠰᠠᠨ ᠦᠭᠡᠢ᠎ᠠᠴᠠ ᠪᠣᠯᠵᠤ ᠴᠢᠭᠯᠡᠯ ᠦᠭᠡᠢ ᠪᠣᠯᠬᠤ ᠦᠭᠡᠢ᠃ ᠠᠳᠬᠤᠬᠤ ᠶᠣᠰᠣᠲᠠᠶ ᠠᠵᠢᠯ ᠵᠶ᠋ᠠᠨ ᠲᠡᠷᠡ ᠬᠡᠪ ᠵᠶ᠋ᠡᠷ᠎ᠨᠢ ᠠᠳᠬᠤᠵᠤ᠂ ᠭᠣᠣᠯᠳᠠᠯᠭ᠎ᠠ᠎ᠲᠠᠢ᠎ᠪᠠᠷ 《ᠵᠢᠷᠭᠤᠭ᠎ᠠ ᠵᠢ ᠳᠣᠭᠲᠠᠪᠤᠷᠢᠵᠢᠭᠤᠯᠬᠤ》᠂ 《ᠵᠢᠷᠭᠤᠭ᠎ᠠ ᠵᠢ ᠪᠠᠲᠤᠯᠠᠬᠤ》 ᠠᠵᠢᠯ᠎ᠢ ᠴᠢᠩᠭ᠋ᠠᠳᠬᠠᠬᠤ ᠲᠣᠭᠣᠷᠢᠨ᠎ᠳᠤ ᠠᠵᠢᠯᠯᠠᠬᠤ ᠬᠡᠷᠡᠭᠲᠡᠶ᠃
      ᠦᠨᠡᠨ᠎ᠳᠡᠭᠡᠨ ᠠ᠋ᠨᠡ ᠵᠢᠯ᠎ᠤᠨ ᠬᠣᠷᠸ᠎ᠠ ᠠᠵᠤ ᠠᠬᠤᠶ ᠵᠢᠨ ᠲᠥᠷᠥ ᠵᠢᠨ ᠪᠣᠳᠣᠯᠭ᠎ᠠ ᠴᠢᠭᠯᠡᠯ ᠵᠶ᠋ᠡᠨ ᠠᠯᠳᠠᠬᠤ ᠥᠬᠡᠶ ᠮᠥᠷᠲᠡᠭᠡᠨ ᠪᠠᠰᠠ 《ᠶᠡᠬᠡ ᠠᠮᠵᠢᠯᠲᠠ ᠪᠦᠲᠤᠭᠡᠯ》 ᠭᠠᠷᠭ᠋ᠠᠬᠤ ᠪᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠄ ᠠ᠋ᠳ᠋᠎ᠤᠨ ᠵᠠᠰᠠᠭ᠎ᠤᠨ ᠢᠳᠡᠪᠬᠢᠲᠡᠶ ᠲᠦᠷᠦ ᠵᠢᠨ ᠪᠤᠳᠤᠯᠭ᠎ᠠ᠎ᠪᠠᠷ ᠨᠡᠩ ᠢᠳᠡᠪᠬᠢ ᠠᠮᠵᠢᠯᠲᠠ ᠪᠦᠲᠦᠮᠵᠢ ᠭᠠᠷᠭ᠋ᠠᠬᠤ ᠬᠡᠷᠡᠭᠲᠡᠶ᠃ ᠠ᠋ᠨᠡ ᠵᠢᠯ᠎ᠤᠨ ᠠᠯᠳᠠᠭᠳᠠᠯ ᠲᠣᠭ᠎ᠠ ᠵᠢᠨ ᠨᠣᠷᠮ᠎ᠠ ᠵᠢ 3.6%᠎ᠠᠴᠠ ᠳᠡᠭᠡᠭᠰᠢ᠎ᠪᠠᠷ ᠵᠢᠱ᠌ᠢᠨ ᠲᠣᠬᠢᠷᠠᠭᠤᠯᠪᠠᠯ᠂ ᠠ᠋ᠳ᠋᠎ᠤᠨ ᠵᠠᠰᠠᠭ᠎ᠤᠨ ᠠᠯᠳᠠᠭᠳᠠᠯ ᠲᠣᠭ᠎ᠠ ᠵᠢᠨ ᠬᠡᠪᠴᠢᠶ᠎ᠡ ᠨᠢᠳᠤᠨᠤᠨ᠎ᠤ᠎ᠬᠢ᠎ᠠᠴᠠ 1 ᠲᠦᠮᠡᠨ ᠳ᠋ᠦᠩᠰᠢᠭᠤᠷ ᠲᠥᠭᠥᠷᠢᠭ ᠨᠡᠮᠡᠭᠳᠡᠬᠦ ᠵᠢᠨ ᠬᠠᠮᠲᠤ 1 ᠲᠦᠮᠡᠨ ᠳ᠋ᠦᠩᠰᠢᠭᠤᠷ ᠲᠥᠭᠥᠷᠢᠭ᠎ᠤᠨ ᠬᠢᠵᠢᠭ᠎ᠢ ᠠ᠋ᠰᠡᠷᠭᠦᠴᠡᠬᠦ ᠣᠨᠴᠠᠭ᠋ᠠᠢ ᠤᠯᠤᠰ᠎ᠤᠨ ᠵᠢᠭᠡᠯᠡᠯᠭᠡ ᠳᠠᠷᠬᠠᠭ᠋ᠠᠬᠤ ᠪᠣᠯᠤᠨ᠎ᠠ᠃ ᠵᠣᠭᠣᠰᠣᠨ᠎ᠤ ᠲᠦᠷᠦ ᠵᠢᠨ ᠪᠤᠳᠤᠯᠭ᠎ᠠ ᠵᠢ ᠨᠡᠩ ᠯᠠᠪᠳᠠᠭᠤᠨ ᠠᠮᠢᠳᠤᠯᠢᠭ ᠵᠦᠢ ᠵᠣᠬᠢᠰᠲᠠᠢ ᠪᠣᠯᠭ᠋ᠠᠬᠤ ᠬᠡᠷᠡᠭᠲᠡᠶ᠃ ᠪᠠᠷᠢᠮᠵᠢᠶ᠎ᠠ ᠬᠦᠤ ᠮᠥᠩᠭᠥ ᠵᠢ ᠪᠠᠭᠤᠷᠠᠭᠤᠯᠤᠨ᠂ ᠳᠠᠬᠢᠨ ᠵᠢᠭᠡᠯᠡᠯᠭᠡ ᠲᠠᠯᠪᠢᠬᠤ ᠵᠡᠷᠭᠡ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠤ᠂ ᠳᠡᠯᠭᠡᠷᠡᠩᠭᠦᠶ ᠵᠣᠭᠣᠰᠣᠨ᠎ᠤ ᠬᠠᠩᠭ᠋ᠠᠯᠲᠠ ᠵᠢᠨ ᠬᠡᠮᠵᠢᠶ᠎ᠡ ᠪᠠ ᠨᠡᠶ᠋ᠢᠭᠡᠮ᠎ᠤᠨ ᠪᠠᠯᠠ ᠮᠦᠩᠭᠦ ᠣᠷᠣᠭᠤᠯᠬᠤ ᠬᠡᠪᠴᠢᠶ᠎ᠡ ᠵᠢ ᠬᠦᠲᠤᠯᠪᠡᠯ ᠨᠡᠮᠡᠭᠳᠡᠯ᠎ᠤᠨ ᠬᠤᠷᠳᠤᠴᠠ᠎ᠨᠢ ᠨᠢᠳᠤᠨᠤᠨ᠎ᠤ᠎ᠬᠢ᠎ᠠᠴᠠ ᠢᠯᠡᠳᠲᠡ ᠥᠨᠳᠥᠷ ᠪᠣᠯᠬᠤ ᠶᠤᠮ᠃
      ᠵᠠᠩ ᠯᠢ ᠴᠢᠶᠦᠢ᠍ᠨ᠎ᠠᠴᠠ ᠳᠡᠭᠡᠷ᠎ᠡ ᠳᠤᠷᠠᠳᠤᠭᠰᠠᠨ ᠠᠭᠤᠯᠭ᠎ᠠ᠎ᠠᠴᠠ ᠪᠢᠳᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠳᠤᠷᠠᠳᠤᠭᠰᠠᠨ ᠦᠭᠡᠶ ᠪᠣᠯᠪᠠᠴᠤ ᠠᠵᠤ ᠠᠬᠤᠶ ᠵᠢ ᠨᠡᠮᠡᠭᠳᠡᠭᠦᠯᠬᠦ ᠠᠵᠢᠯ᠎ᠳᠤ ᠶᠡᠬᠡ ᠬᠦᠴᠤ ᠭᠠᠷᠭ᠋ᠠᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠭᠰᠡᠨ ᠪᠦᠭᠡᠳ ᠬᠣᠷᠸ᠎ᠠ ᠠᠵᠤ ᠠᠬᠤᠶ ᠵᠢᠨ ᠲᠦᠷᠦ ᠵᠢᠨ ᠪᠤᠳᠤᠯᠭ᠎ᠠ ᠵᠢᠨ ᠰᠦᠷᠭᠡᠤ ᠦᠶᠡᠯᠡᠯ᠎ᠤᠨ ᠬᠤᠭᠤᠴᠠᠭ᠎ᠠ ᠵᠢ ᠲᠣᠬᠢᠷᠠᠭᠤᠯᠬᠤ ᠠ᠋ᠷᠴᠢᠮ᠎ᠢ ᠢᠯᠡᠳᠲᠡ ᠴᠢᠩᠭ᠋ᠠᠷᠠᠭᠤᠯᠤᠭᠰᠠᠨ ᠪᠠᠢ᠌ᠨ᠎ᠠ᠃ ᠠᠵᠤ ᠠᠬᠤᠢ ᠵᠢᠨ ᠦᠷᠭᠦᠯᠵᠢᠯᠡᠨ ᠰᠠᠶ᠋ᠢᠵᠢᠷᠠᠬᠤ ᠬᠠᠨᠳᠤᠰᠢ ᠳᠣᠣᠷ᠎ᠠ ᠬᠠᠭ᠋ᠠᠰ ᠵᠢᠯ᠎ᠳᠤ ᠨᠡᠯᠢᠶᠡᠳ ᠢᠯᠡ ᠲᠣᠳᠣ ᠪᠣᠯᠤᠨ᠎ᠠ᠃ ᠠ᠋ᠨᠡ ᠵᠢᠯ᠎ᠤᠨ ᠪᠦᠬᠦ ᠵᠢᠯ᠎ᠤᠨ ᠳᠤᠮᠳᠠᠳᠤ ᠤᠯᠤᠰ᠎ᠤᠨ ᠠᠵᠤ ᠠᠬᠤᠢ᠎ᠳᠤ V ᠬᠡᠯᠪᠡᠷᠢ ᠵᠢᠨ ᠠ᠋ᠷᠭᠢᠯᠲᠡ ᠭᠠᠷᠤᠨ᠎ᠠ᠃
      ᠠ᠋ᠭᠦᠨ᠎ᠠᠴᠠ ᠭᠠᠳᠠᠨ᠎ᠠ᠂ ᠠ᠋ᠨᠡ ᠵᠢᠯ᠎ᠤᠨ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠳᠣᠭᠲᠠᠭ᠋ᠠᠭᠰᠠᠨ ᠥᠬᠡᠶ᠎ᠨᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ 《GDP ᠵᠢ ᠰᠢᠲᠦᠬᠦ》 ᠵᠢ ᠤᠯᠠᠮ ᠨᠢᠭᠡ ᠠᠯᠬᠤᠮ ᠠᠷᠢᠯᠭ᠋ᠠᠬᠤ ᠲᠣᠬᠢᠶᠠᠯ ᠪᠣᠯᠵᠣ ᠮᠡᠳᠡᠨ᠎ᠡ᠃ ᠬᠡᠳᠦᠶ᠋ᠢᠪᠡᠷ ᠮᠠᠨ᠎ᠤ ᠤᠯᠤᠰ ᠣᠯᠠᠨ ᠵᠢᠯ᠎ᠤᠨ ᠲᠤᠷᠰᠢ ᠴᠢᠨᠠᠷ ᠰᠠᠶ᠋ᠢᠲᠠᠶ ᠬᠥᠭᠵᠢᠯᠲᠡ ᠵᠢ ᠢᠮᠠᠭᠲᠠ ᠱᠠᠭ᠋ᠠᠷᠳᠠᠨ 《 GDP᠎ᠪᠠᠷ ᠪᠠᠭ᠋ᠠᠲᠤᠷ᠎ᠢ ᠢᠯᠭ᠋ᠠᠬᠤ ᠦᠭᠡᠢ》ᠭᠡᠵᠦ ᠴᠢᠬᠤᠯᠠᠴᠢᠯᠠᠭᠰᠠᠭ᠋ᠠᠷ ᠢᠷᠡᠭᠰᠡᠨ ᠪᠣᠯᠪᠠᠴᠤ ᠵᠠᠷᠢᠮ ᠭᠠᠵᠠᠷ ᠣᠷᠣᠨ᠎ᠳᠤ 《GDP᠎ᠪᠠᠷ ᠠᠳᠠᠯᠢᠳᠬᠠᠬᠤ》ᠬᠠᠯᠠᠮᠰᠢᠯ ᠮᠥᠨ ᠣᠷᠣᠰᠢᠵᠤ ᠪᠠᠶ᠋ᠢᠨ᠎ᠠ᠃ 《 GDP ᠵᠢᠨ ᠲᠦᠮᠡᠨ ᠳ᠋ᠦᠩᠰᠢᠭᠤᠷ᠎ᠤᠨ ᠺᠯᠦ᠋ᠪ》ᠵᠡᠷᠭᠡ ᠡᠯ᠎ᠡ ᠲᠥᠷᠥᠯ᠎ᠤᠨ ᠨᠡᠷᠡᠰ᠎ᠤᠨ ᠵᠢᠭᠰᠠᠭ᠋ᠠᠯᠲᠠ ᠮᠥᠨ ᠭᠠᠵᠠᠷ ᠠᠪᠴᠤ ᠪᠣᠢ᠃
      ᠬᠤᠸᠠᠩ ᠱᠸᠤ ᠬᠣᠩ ᠢᠯᠡᠷᠬᠡᠶ᠋ᠢᠯᠡᠬᠦ᠎ᠳᠡᠭᠡᠨ᠂ GDP ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠡᠮᠵᠢᠶᠡᠯᠡᠭᠰᠡᠨ ᠭᠦᠢ᠍ᠴᠡᠳᠬᠡᠬᠦ ᠲᠣᠭ᠎ᠠ ᠵᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠳᠤ ᠠᠪᠴᠤ ᠬᠡᠯᠡᠪᠡᠯ᠂ ᠣᠯᠠᠨ᠎ᠢ ᠬᠤᠷᠳᠤᠴᠠ ᠵᠢᠨ ᠵᠣᠪᠠᠨᠢᠯ᠂ ᠲᠣᠭ᠋ᠠᠨ᠎ᠤ ᠳᠠᠷᠤᠭ᠋ᠠᠰᠤ᠎ᠠᠴᠠ ᠮᠤᠯᠲᠤᠷᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ ᠤᠶᠤᠨ ᠴᠢᠳᠠᠯ ᠵᠶ᠋ᠠᠨ ᠠᠵᠢᠯ ᠣᠯᠭᠣᠯᠲᠠ᠂ ᠠᠷᠠᠳ᠎ᠤᠨ ᠦᠨᠳᠦᠰᠦᠨ ᠠᠮᠢᠳᠤᠷᠠᠯ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠠᠲᠤᠯᠠᠬᠤ ᠲᠦᠪᠯᠡᠷᠡᠭᠦᠯᠬᠦ ᠪᠣᠯᠤᠨ᠎ᠠ᠃
      ᠳᠤᠮᠳᠠᠳᠤ ᠤᠯᠤᠰ᠎ᠤᠨ ᠮᠢᠨ ᠱᠧᠩ ᠪᠠᠩᠬᠢ ᠵᠢᠨ ᠲᠦᠷᠤᠭᠦᠨ ᠰᠤᠳᠤᠯᠤᠭᠴᠢ ᠸᠧᠨ ᠪᠢᠨ᠎ᠠᠴᠠ ᠳᠤᠮᠳᠠᠳᠤ ᠤᠯᠤᠰ᠎ᠠᠴᠠ ᠰᠦᠯᠵᠢᠶᠡᠨ᠎ᠤ ᠠ᠋ᠳ᠋᠎ᠤᠨ ᠵᠠᠰᠠᠭ ᠠᠵᠤ ᠠᠬᠤᠶ ᠵᠢᠨ ᠳᠠᠪᠴᠠᠩ᠎ᠳᠤ ᠢᠯᠡᠷᠬᠡᠶ᠋ᠢᠯᠡᠬᠦ᠎ᠳᠤ᠎ᠪᠠᠨ᠂ ᠠ᠋ᠨᠡ ᠵᠢᠯ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠪᠣᠳᠠᠲᠠᠶ ᠬᠠᠷᠠᠯᠲᠠ ᠵᠢ ᠲᠣᠭᠲᠠᠭ᠋ᠠᠭᠰᠠᠨ ᠦᠭᠡᠢ᠎ᠨᠢ ᠪᠠᠰᠠ ᠴᠤ᠌ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠴᠢᠨᠠᠷ ᠰᠠᠶ᠋ᠢᠲᠠᠶ ᠬᠥᠭᠵᠢᠯᠲᠡ ᠵᠢᠨ ᠪᠤᠰᠤᠳᠴᠢ ᠱᠠᠭ᠋ᠠᠷᠳᠠᠯᠭ᠎ᠠ ᠪᠣᠯᠤᠨ᠎ᠠ᠃ GDP ᠵᠢᠨ ᠨᠡᠮᠡᠭᠳᠡᠯ᠎ᠤᠨ ᠬᠤᠷᠳᠤᠴᠠ ᠵᠢᠨ ᠬᠠᠷᠠᠯᠲᠠ ᠪᠣᠯ ᠵᠦᠪᠬᠡᠨ ᠠᠵᠤ ᠠᠬᠤᠶ ᠵᠢᠨ ᠬᠥᠭᠵᠢᠯᠲᠡ ᠵᠢᠨ ᠦᠷ᠎ᠡ ᠳ᠋ᠦᠩ᠎ᠢ ᠦᠨᠡᠯᠡᠬᠦ ᠵᠢᠨ ᠨᠢᠭᠡ ᠲᠠᠯ᠎ᠠ ᠮᠥᠨ᠂ ᠴᠢᠨᠠᠷ ᠰᠠᠶ᠋ᠢᠲᠠᠶ ᠬᠥᠭᠵᠢᠯᠲᠡ ᠪᠣᠯ ᠳᠠᠷᠤᠢ ᠠᠵᠤ ᠠᠬᠤᠶ᠂ ᠤᠯᠤᠰ ᠲᠥᠷᠥ᠂ ᠨᠡᠶ᠋ᠢᠭᠡᠮ᠂ ᠰᠣᠶᠣᠯ᠂ ᠠᠮᠢ ᠠᠬᠤᠶ᠂ ᠠᠷᠠᠳ᠎ᠤᠨ ᠠᠮᠢᠳᠤᠷᠠᠯ ᠵᠡᠷᠭᠡ ᠠᠭᠤᠯᠬᠤᠨ᠎ᠢ ᠬᠠᠮᠤᠷᠤᠭᠰᠠᠨ ᠣᠯᠠᠨ ᠠ᠋ᠰᠢᠲᠦ ᠬᠠᠷᠠᠯᠲᠠ ᠵᠢᠨ ᠰᠢᠰᠲ᠋ᠧᠮ ᠮᠥᠨ᠃
      ᠳᠤᠭᠤᠶ᠋ᠢᠯᠠᠩ᠎ᠤᠨ ᠶᠠᠷᠢᠯᠴᠠᠭ᠋ᠠᠨ᠎ᠳᠤ᠂ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠵᠤ ᠠᠬᠤᠶ ᠵᠢᠨ ᠵᠥᠪᠯᠡᠯ᠎ᠤᠨ ᠳᠡᠳ᠋ ᠠ᠋ᠷᠬᠢᠯᠡᠭᠴᠢ᠂ ᠳᠤᠮᠳᠠᠳᠤ ᠤᠯᠤᠰ᠎ᠤᠨ ᠬᠥᠭᠵᠢᠯᠲᠡ ᠵᠢᠨ ᠰᠤᠳᠤᠯᠭ᠋ᠠᠨ᠎ᠤ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠳᠡᠳ᠋ ᠬᠡᠷᠡᠭ ᠠ᠋ᠷᠬᠢᠯᠡᠭᠴᠢ ᠯᠢᠦ ᠱ᠌ᠢ ᠵᠢᠨ᠎ᠠᠴᠠ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠦᠯᠣᠭᠡ ᠬᠣᠶ᠋ᠢᠰᠢᠳᠠ ᠤᠯᠤᠰ᠎ᠤᠨ ᠲᠠᠯ᠎ᠠ᠎ᠠᠴᠠ ᠠᠵᠤ ᠠᠬᠤᠢ ᠵᠢᠨ ᠨᠡᠮᠡᠭᠳᠡᠯ ᠪᠣᠳᠠᠲᠠᠶ ᠭᠦᠢ᠍ᠴᠡᠳᠬᠡᠬᠦ ᠲᠣᠭ᠎ᠠ ᠵᠢ ᠳᠠᠬᠢᠨ ᠳᠤᠷᠠᠳᠬᠤ ᠦᠭᠡᠢ᠎ᠪᠠᠷ ᠬᠠᠷᠢᠨ ᠠᠵᠢᠯ ᠣᠯᠭᠣᠯᠲᠠ ᠵᠢᠨ ᠭᠦᠢ᠍ᠴᠡᠳᠬᠡᠬᠦ ᠲᠣᠭ᠎ᠠ ᠵᠢ ᠲᠣᠭᠲᠠᠭ᠋ᠠᠬᠤ ᠵᠢᠨ ᠬᠠᠮᠲᠤ ᠬᠥᠭᠵᠢᠯᠲᠡ ᠵᠢᠨ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠴᠢᠬᠠᠪᠠᠯ ᠪᠣᠯᠤᠨ᠎ᠠ ᠭᠡᠰᠡᠨ ᠰᠠᠨᠠᠭᠤᠯᠭ᠎ᠠ ᠭᠠᠷᠭ᠋ᠠᠵᠤ ᠪᠠᠢ᠌ᠨ᠎ᠠ᠃
      ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠬᠠᠶ᠋ᠢᠨᠠᠨ ᠮᠤᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠢᠶᠧ ᠵᠢᠩ ᠳᠤᠭᠤᠶ᠋ᠢᠯᠠᠩ᠎ᠤᠨ ᠶᠠᠷᠢᠯᠴᠠᠭ᠋ᠠᠨ ᠳᠡᠭᠡᠷ᠎ᠡ᠂ ᠠ᠋ᠨᠡ ᠵᠢᠯ ᠵᠥᠪᠬᠡᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠤᠷᠢᠯᠡᠯ᠎ᠤᠨ ᠪᠦᠬᠦ ᠦᠷᠲᠡᠭ᠎ᠢ ᠨᠡᠶ᠋ᠢᠲᠡᠯᠡᠭᠡᠳ᠂ ᠡᠯ᠎ᠡ ᠮᠤᠵᠢ ᠬᠤᠲᠠ ᠵᠢᠨ ᠦᠢ᠍ᠯᠡᠳᠪᠤᠷᠢᠯᠡᠯ᠎ᠤᠨ ᠪᠦᠬᠦ ᠦᠷᠲᠡᠭ᠎ᠤᠨ ᠲᠣᠭ᠎ᠠ ᠪᠠᠷᠢᠮᠲᠠ ᠵᠢ ᠲᠠᠬᠢᠵᠤ ᠨᠡᠶ᠋ᠢᠲᠡᠯᠡᠬᠦ ᠦᠭᠡᠢ᠎ᠪᠠᠷ ᠡᠯ᠎ᠡ ᠮᠤᠵᠢ ᠬᠤᠲᠠ ᠵᠢᠨ᠎ᠬᠢᠨ᠎ᠤ ᠨᠡᠷᠡᠰ᠎ᠤᠨ ᠵᠢᠭᠰᠠᠭ᠋ᠠᠯᠲᠠ᠎ᠳᠤ ᠣᠷᠣᠬᠤ ᠵᠢᠨ ᠲᠦᠯᠣᠭᠡ ᠥᠷᠢᠰᠥᠯᠳᠦᠵᠤ ᠬᠦᠴᠦᠨ ᠦᠭᠡᠢ ᠪᠡᠯᠡ ᠣᠷᠣᠭᠤᠯᠤᠯᠲᠠ ᠬᠢᠬᠦ᠎ᠠᠴᠠ ᠵᠠᠢ᠌ᠯᠠᠰᠬᠢᠭᠦᠯᠬᠦ ᠵᠢ ᠰᠠᠨᠠᠭᠤᠯᠤᠶ᠎ᠠ ᠭᠡᠪᠡ᠃
      ᠠᠷᠭ᠎ᠠ ᠪᠦᠬᠦᠨ᠎ᠢ ᠰᠦᠪᠡᠭᠴᠢᠯᠡᠨ ᠠᠵᠤ ᠠᠬᠤᠶ᠋ᠢᠯᠠᠯ᠎ᠢ ᠪᠠᠲᠤᠯᠠᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ᠂ ᠠᠷᠠᠳ᠎ᠤᠨ ᠠᠮᠢᠳᠤᠷᠠᠯ᠎ᠤᠨ ᠰᠠᠭᠤᠷᠢ ᠵᠢ ᠪᠡᠬᠢᠵᠢᠭᠦᠯᠦᠨ᠎ᠡ
      ᠬᠡᠷᠪᠡ ᠠ᠋ᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠨᠢᠭᠡ ᠵᠢᠷᠤᠭ ᠭᠡᠵᠦ ᠪᠣᠳᠣᠪᠠᠯ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠵᠢᠨ ᠬᠠᠷᠠᠯᠲᠠ ᠵᠢᠨ ᠬᠡᠰᠡᠭ᠎ᠢ 《ᠬᠣᠭᠣᠰᠣᠨ ᠦᠯᠡᠳᠡᠭᠡᠨ》᠂ ᠠᠵᠢᠯ ᠣᠯᠭᠣᠯᠲᠠ ᠠᠷᠠᠳ᠎ᠤᠨ ᠠᠮᠢᠳᠤᠷᠠᠯ᠎ᠤᠨ ᠬᠡᠰᠡᠭ᠎ᠨᠢ ᠬᠠᠷᠢᠨ 《ᠥᠩᠭᠡ ᠢᠯᠭ᠋ᠠᠷᠠᠮ᠎ᠠ》 ᠪᠣᠯᠤᠨ᠎ᠠ᠃ ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠪᠣᠯᠵᠤ᠂ ᠠᠵᠤ ᠠᠬᠤᠶ ᠵᠢᠨ ᠬᠥᠭᠵᠢᠯᠲᠡ ᠵᠢᠨ ᠬᠠᠮᠤᠭ᠎ᠤᠨ ᠦᠨᠳᠦᠰᠦᠨ ᠬᠥᠳᠡᠯᠭᠡᠭᠴᠢ᠎ᠨᠢ ᠪᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠬᠠᠮᠤᠭ᠎ᠤᠨ ᠣᠯᠠᠨ ᠭᠠᠷᠤᠭᠰᠠᠨ ᠦᠭᠡ ᠪᠣᠯ ᠳᠠᠷᠤᠶ 《ᠠᠵᠢᠯ ᠣᠯᠭᠣᠯᠲᠠ》 ᠪᠣᠯᠤᠨ᠎ᠠ᠂ 39 ᠤᠳᠠᠭ᠎ᠠ ᠭᠠᠷᠴᠠᠢ᠃
      ᠬᠢᠵᠢᠭ᠎ᠤᠨ ᠳᠠᠭ᠋ᠠᠷᠢᠯᠲᠠ᠎ᠳᠤ ᠨᠥᠯᠥᠭᠡᠯᠡᠭᠳᠡᠨ᠂ ᠠᠵᠢᠯ ᠣᠯᠭᠣᠯᠲᠠ ᠪᠠ ᠠᠷᠠᠳ᠎ᠤᠨ ᠠᠮᠢᠳᠤᠷᠠᠯ᠎ᠤᠨ ᠠᠰᠠᠭᠤᠳᠠᠯ᠎ᠨᠢ ᠣᠳᠣᠬᠠᠨ᠎ᠤ ᠳᠤᠮᠳᠠᠳᠤ ᠤᠯᠤᠰ᠎ᠤᠨ ᠠᠵᠤ ᠠᠬᠤᠢ ᠵᠢᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠳᠣᠪᠣᠢ᠌ᠮ᠎ᠠ ᠠᠰᠠᠭᠤᠳᠠᠯ ᠪᠣᠯᠵᠠᠶ᠃ ᠵᠠᠷᠢᠮ ᠠᠵᠢᠯ ᠲᠥᠷᠥᠯ ᠢᠯᠠᠩᠭᠤᠶ᠎ᠠ ᠺᠢᠨᠣ᠋ ᠲᠧᠯᠸᠢᠰ᠂ ᠰᠣᠶᠣᠯ ᠵᠢᠭᠤᠯᠴᠢᠯᠠᠯ᠂ ᠢᠳᠡᠭᠡᠨ ᠤᠮᠳᠠᠭ᠋ᠠᠨ ᠵᠡᠷᠭᠡ ᠦᠢ᠍ᠯᠡᠴᠢᠯᠡᠭᠡᠨ᠎ᠤ ᠦᠢ᠍ᠯᠡᠰ ᠤᠷᠲᠤ ᠬᠤᠭᠤᠴᠠᠭ᠎ᠠ᠎ᠪᠠᠷ ᠵᠣᠭᠰᠣᠩᠭᠤᠢ᠌ᠷᠠᠵᠤ᠂ ᠡᠵᠡᠩᠨᠡᠯᠲᠡ ᠵᠢᠨ ᠣᠷᠣᠯᠭ᠎ᠠ᠎ᠨᠢ ᠳᠠᠷᠤᠯᠲᠠ ᠵᠢ ᠳᠠᠭ᠋ᠠᠭ᠋ᠠᠨ᠎ᠠ᠃ ᠵᠠᠷᠢᠮ ᠠᠵᠤ ᠠᠬᠤᠶ᠋ᠢᠯᠠᠯ ᠢᠯᠠᠩᠭᠤᠶ᠎ᠠ ᠠᠶᠤᠯ ᠲᠦᠭᠰᠢᠭᠦᠷᠢ ᠵᠢ ᠠ᠋ᠰᠡᠷᠭᠦᠴᠡᠬᠦ ᠴᠢᠳᠠᠪᠤᠷᠢ᠎ᠪᠠᠷ ᠨᠡᠯᠢᠶᠡᠳ ᠪᠠᠭᠤᠷᠠᠶ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠬᠦᠴᠢᠷᠳᠡᠯ᠎ᠳᠤ ᠲᠤᠯᠭ᠋ᠠᠷᠠᠵᠤ᠂ ᠠᠵᠢᠯᠲᠠᠨ ᠵᠶ᠋ᠠᠨ ᠬᠠᠰᠤᠬᠤ ᠪᠤᠶᠤ ᠴᠠᠯᠢᠩ᠎ᠢ᠎ᠨᠢ ᠪᠠᠭᠤᠷᠠᠭᠤᠯᠬᠤ ᠪᠣᠯᠪᠠ᠃
      ᠠ᠋ᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠎ᠬᠢ 〈〈ᠬᠣᠲᠠ ᠪᠠᠯᠭ᠋ᠠᠰᠤᠨ᠎ᠤ 900 ᠲᠦᠮᠡ᠎ᠠᠴᠠ ᠳᠡᠭᠡᠭᠰᠢ ᠬᠥᠮᠦᠨ᠎ᠳᠤ ᠰᠢᠨ᠎ᠡ᠎ᠪᠠᠷ ᠠᠵᠢᠯ ᠣᠯᠭᠣᠬᠤ〉〉 ᠭᠡᠰᠡᠨ᠎ᠨᠢ ᠥᠩᠭᠡᠷᠡᠭᠰᠡᠨ ᠵᠢᠯ᠎ᠤᠳ᠎ᠤᠨ ᠬᠠᠷᠠᠯᠲᠠ᠎ᠠᠴᠠ ᠵᠢᠭ᠋ᠠᠬᠠᠨ ᠳᠣᠣᠷ᠎ᠠ ᠪᠣᠯᠵᠠᠶ᠃ ᠳᠤᠮᠳᠠᠳᠤ ᠤᠯᠤᠰ᠎ᠤᠨ ᠣᠯᠠᠨ ᠤᠯᠤᠰ᠎ᠤᠨ ᠠᠵᠤ ᠠᠬᠤᠢ ᠵᠢᠨ ᠰᠣᠯᠢᠯᠴᠠᠭ᠋ᠠᠨ᠎ᠤ ᠲᠥᠪ᠎ᠤᠨ ᠲᠦᠷᠤᠭᠦᠨ ᠰᠤᠳᠤᠯᠤᠭᠴᠢ ᠵᠠᠩ ᠶᠠᠨ ᠱᠧᠩ ᠳᠤᠮᠳᠠᠳᠤ ᠤᠯᠤᠰ᠎ᠤᠨ ᠰᠦᠯᠵᠢᠶᠡᠨ᠎ᠤ ᠠ᠋ᠳ᠋᠎ᠤᠨ ᠵᠠᠰᠠᠭ ᠠᠵᠤ ᠠᠬᠤᠢ ᠵᠢᠨ ᠳᠠᠪᠴᠠᠩ᠎ᠤᠨ ᠰᠤᠷᠪᠤᠯᠵᠢᠯᠠᠭ᠎ᠠ ᠵᠢ ᠬᠦᠯᠢᠶᠡᠬᠦ᠎ᠳᠡᠭᠡᠨ᠂ ᠠ᠋ᠨᠡ ᠪᠣᠯ ᠬᠢᠵᠢᠭ᠎ᠤᠨ ᠪᠠᠢ᠌ᠳᠠᠯ ᠵᠠᠬ᠎ᠠ ᠳᠡᠯᠭᠡᠭᠦᠷ᠎ᠤᠨ ᠪᠡᠶᠡᠴᠢ ᠴᠣᠭᠴᠠ᠎ᠳᠤ ᠦᠵᠡᠭᠦᠯᠬᠦ ᠨᠥᠯᠥᠭᠡ ᠵᠢ ᠪᠣᠳᠣᠯᠬᠢᠯᠠᠭ᠋ᠠᠳ ᠲᠣᠭᠲᠠᠭ᠋ᠠᠭᠰᠠᠨ ᠨᠡᠯᠢᠶᠡᠳ ᠦᠨᠡᠨ᠎ᠠᠴᠠ ᠵᠥᠪ᠎ᠢ ᠠ᠋ᠷᠢᠬᠦ᠎ᠲᠠᠢ ᠨᠡᠢ᠌ᠴᠡᠭᠰᠡᠨ ᠬᠠᠷᠠᠯᠲᠠ ᠪᠣᠯᠤᠨ᠎ᠠ᠃
      ᠵᠠᠩ ᠯᠢ ᠴᠢᠶᠦᠢ᠍ᠨ ᠪᠠᠰᠠ᠂ ᠠ᠋ᠨᠡ ᠵᠢᠯ ᠨᠢᠭᠡᠨᠲᠡ 5 ᠰᠠᠷ᠎ᠠ ᠥᠩᠭᠡᠷᠡᠭᠰᠡᠨ ᠪᠠᠶ᠋ᠢᠳᠠᠯ ᠳᠣᠣᠷ᠎ᠠ᠂ ᠰᠢᠨ᠎ᠡ᠎ᠪᠠᠷ ᠠᠵᠢᠯ ᠣᠯᠭᠣᠬᠤ ᠠ᠋ᠨᠡᠬᠦ ᠬᠠᠷᠠᠯᠲᠠ ᠵᠢ ᠪᠡᠶᠡᠯᠡᠭᠦᠯᠬᠦ᠎ᠨᠢ ᠲᠡᠶ᠋ᠢᠮᠦ ᠬᠢᠯᠪᠠᠷ ᠪᠢᠰᠢ ᠶᠤᠮ᠃ ᠨᠢᠳᠤᠨᠤᠨ᠎ᠤ ᠠᠳᠠᠯᠢ ᠬᠣᠭᠤᠴᠠᠭ᠎ᠠ᠂ ᠲᠤᠬᠠᠶ᠋ᠢᠯᠠᠪᠠᠯ ᠨᠢᠳᠤᠨᠤᠨ᠎ᠤ 5 ᠳ᠋ᠤᠭ᠋ᠠᠷ ᠰᠠᠷ᠎ᠠ᠎ᠠᠴᠠ ᠬᠣᠶ᠋ᠢᠰᠢᠬᠢ ᠰᠢᠨ᠎ᠡ᠎ᠪᠠᠷ ᠨᠡᠮᠡᠭᠳᠡᠭᠰᠡᠨ ᠠᠵᠢᠯ ᠣᠯᠭᠣᠯᠲᠠ ᠵᠢᠨ ᠲᠣᠭ᠎ᠠ ᠵᠢ ᠠ᠋ᠨᠡ ᠵᠢᠯ᠎ᠤᠨ᠎ᠬᠢ᠎ᠲᠠᠢ ᠠᠳᠠᠯᠢᠳᠬᠠᠪᠠᠯ ᠢᠯᠡᠳᠲᠡ ᠨᠡᠮᠡᠭᠳᠡᠭᠰᠡᠨ ᠮᠦᠷᠳᠡᠭᠡᠨ ᠠ᠋ᠨᠡ ᠵᠢᠯ᠎ᠤᠨ ᠳᠣᠣᠷ᠎ᠠ ᠬᠠᠭ᠋ᠠᠰ ᠵᠢᠯ᠎ᠤᠨ ᠠᠵᠢᠯ ᠣᠯᠭᠣᠯᠲᠠ ᠵᠢᠨ ᠵᠠᠬ᠎ᠠ ᠳᠡᠯᠭᠡᠭᠦᠷ᠎ᠤᠨ ᠦᠷᠭᠡᠳᠤᠭ᠌ᠰᠡᠨ ᠬᠡᠮᠵᠢᠶ᠎ᠡ ᠵᠢ ᠨᠢᠳᠤᠨᠤᠨ᠎ᠤ ᠠᠳᠠᠯᠢ ᠬᠤᠭᠤᠴᠠᠭ᠎ᠠ᠎ᠲᠠᠢ ᠬᠠᠷᠢᠴᠠᠭᠤᠯᠪᠠᠯ ᠪᠠᠰᠠ ᠢᠯᠡᠳᠲᠡ ᠳᠡᠭᠡᠭᠰᠢᠯᠡᠭᠰᠡᠨ ᠪᠠᠢ᠌ᠨ᠎ᠠ᠃
      ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 《ᠠᠵᠢᠯ ᠣᠯᠭᠣᠯᠲᠠ ᠵᠢ ᠲᠡᠷᠢᠭᠦᠨ ᠪᠠᠢ᠌ᠷᠢᠨ᠎ᠳᠤ ᠲᠠᠯᠪᠢᠬᠤ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠶ》᠂ 《ᠠ᠋ᠳ᠋᠎ᠤᠨ ᠵᠠᠰᠠᠭ᠂ ᠵᠣᠭᠣᠰ ᠪᠠ ᠪᠡᠯᠡ ᠣᠷᠣᠭᠤᠯᠤᠯᠲᠠ ᠵᠡᠷᠭᠡ ᠵᠢᠨ ᠲᠦᠷᠦ ᠵᠢᠨ ᠪᠤᠳᠤᠯᠭ᠎ᠠ ᠪᠦᠬᠦ ᠬᠦᠴᠤᠨ ᠵᠶ᠋ᠠᠨ ᠲᠦᠪᠯᠡᠷᠡᠭᠦᠯᠤᠨ ᠠᠵᠢᠯ ᠣᠯᠭᠣᠯᠲᠠ ᠵᠢ ᠳᠣᠭᠲᠠᠪᠤᠷᠢᠵᠢᠭᠤᠯᠬᠤ ᠵᠢ ᠳᠡᠮᠵᠢᠬᠦ ᠬᠡᠷᠡᠭᠲᠡᠶ》 ᠭᠡᠵᠡᠢ᠃
     《ᠵᠢᠱ᠌ᠢᠶᠡᠯᠡᠪᠡᠯ ᠠ᠋ᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠵᠢᠨ ᠭᠣᠣᠯᠳᠠᠯᠭ᠎ᠠ ᠪᠣᠯ ᠪᠡᠯᠡ ᠮᠥᠩᠭᠥ ᠵᠢ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠪᠠ ᠠᠷᠠᠳ᠎ᠤᠨ ᠠᠮᠢᠳᠤᠷᠠᠯ᠎ᠢ ᠪᠠᠲᠤᠯᠠᠬᠤ ᠳᠡᠭᠡᠷ᠎ᠡ ᠬᠡᠷᠡᠭᠯᠡᠬᠦ ᠶᠠᠪᠤᠳᠠᠯ ᠪᠣᠯᠤᠨ᠎ᠠ᠂ ᠮᠥᠩᠭᠥᠨ ᠭᠦᠢ᠍ᠯᠭᠡᠭᠡᠨ᠎ᠤ ᠲᠦᠷᠦ ᠵᠢᠨ ᠪᠤᠳᠤᠯᠭ᠎ᠠ ᠪᠣᠯ ᠭᠣᠣᠯᠳᠠᠭᠤ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠠᠲᠤᠯᠠᠵᠤ᠂ ᠠᠵᠢᠯ ᠣᠯᠭᠣᠯᠲᠠ᠂ ᠨᠡᠶ᠋ᠢᠭᠡᠮ᠎ᠤᠨ ᠪᠠᠲᠤᠯᠠᠭ᠎ᠠ ᠵᠢᠨ ᠲᠦᠷᠦ ᠵᠢᠨ ᠪᠤᠳᠤᠯᠭ᠎ᠠ ᠵᠢᠨ ᠭᠣᠣᠯᠳᠠᠯᠭ᠎ᠠ ᠪᠣᠯ ᠠᠷᠠᠳ᠎ᠤᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠦᠨᠳᠤᠰᠤᠨ ᠠᠮᠢᠳᠤᠷᠠᠯ᠎ᠢ ᠪᠠᠲᠤᠯᠠᠬᠤ ᠶᠠᠪᠤᠳᠠᠯ ᠪᠣᠯᠤᠨ᠎ᠠ᠃》 ᠭᠡᠵᠦ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠤᠳᠤᠯᠬᠤ ᠲᠠᠰᠤᠭ᠎ᠤᠨ ᠨᠠᠮ᠎ᠤᠨ ᠳᠤᠭᠤᠶ᠋ᠢᠯᠠᠩ᠎ᠤᠨ ᠪᠦᠷᠢᠯᠳᠤᠭᠦᠨ ᠰᠦᠨ ᠭᠦᠸᠧ ᠵᠢᠶᠦ᠋ᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠤᠩᠰᠢᠨ ᠲᠠᠶ᠋ᠢᠯᠪᠤᠷᠢᠯᠠᠬᠤ᠎ᠳᠠᠭᠠᠨ ᠢᠯᠡᠳᠬᠡᠵᠡᠢ᠃
      ᠠ᠋ᠳ᠋᠎ᠤᠨ ᠵᠠᠰᠠᠭ᠎ᠤᠨ ᠪᠡᠯᠡ ᠮᠥᠩᠭᠥ ᠵᠢᠨ ᠬᠡᠷᠡᠭᠯᠡᠬᠦ ᠲᠠᠯ᠎ᠠ᠎ᠪᠠᠷ᠂ ᠭᠡᠰᠢᠭᠦᠨ ᠯᠢᠦ ᠱᠠᠩ ᠰᠢ ᠳᠤᠭᠤᠶ᠋ᠢᠯᠠᠩ᠎ᠤᠨ᠎ᠬᠢᠨ᠎ᠤ ᠶᠠᠷᠢᠯᠴᠠᠭ᠋ᠠᠨ᠎ᠳᠤ᠂ ᠠ᠋ᠳ᠋᠎ᠤᠨ ᠵᠠᠰᠠᠭ᠎ᠤᠨ ᠪᠡᠯᠡ ᠮᠥᠩᠭᠥ ᠵᠢᠨ ᠵᠠᠷᠤᠯᠭ᠎ᠠ ᠵᠢ ᠰᠢᠯᠢᠳᠡᠭᠵᠢᠭᠦᠯᠦᠨ᠂ ᠵᠣᠭᠣᠰ ᠵᠶ᠋ᠠᠨ ᠴᠢᠬᠤᠯᠠ ᠭᠠᠵᠠᠷ᠎ᠲᠤ ᠵᠠᠷᠤᠵᠤ᠂ ᠪᠡᠯᠡ ᠮᠥᠩᠭᠥ ᠵᠢᠨ ᠬᠠᠮᠢᠶᠠᠷᠤᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠤᠨ᠂ ᠠᠶᠤᠯ ᠲᠦᠭᠰᠢᠭᠦᠷᠢ ᠵᠢ ᠠᠩᠬᠠᠷᠤᠨ ᠴᠢᠬᠤᠯᠠᠴᠢᠯᠠᠵᠤ ᠪᠠᠯᠠ ᠮᠥᠩᠭᠥ ᠵᠢᠨ ᠬᠡᠷᠡᠭᠯᠡᠯᠲᠡ᠎ᠪᠠᠨ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠬᠤ ᠬᠡᠷᠡᠭᠲᠠᠢ ᠭᠡᠪᠡ᠃
      ᠮᠥᠩᠭᠥᠨ ᠭᠦᠢ᠍ᠯᠭᠡᠭᠡᠨ᠎ᠤ ᠪᠣᠳᠠᠲᠤ ᠴᠣᠭᠴᠠ ᠵᠢᠨ ᠠᠵᠤ ᠠᠬᠤᠶ᠎ᠳᠤ ᠦᠢ᠍ᠯᠡᠴᠢᠯᠡᠬᠦ ᠲᠠᠯ᠎ᠠ᠎ᠪᠠᠷ᠂ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠤᠤᠯ᠎ᠤᠨ ᠳᠠᠭ᠋ᠠᠳᠬᠠᠯ᠎ᠤᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠳᠡᠳ᠋ ᠲᠡᠷᠢᠭᠦᠯᠡᠭᠴᠢ ᠵᠸᠤ ᠶᠠᠨ ᠯᠢ ᠳᠤᠭᠤᠶ᠋ᠢᠯᠠᠩ᠎ᠤᠨ ᠶᠠᠷᠢᠯᠴᠠᠭ᠋ᠠᠨ᠎ᠳᠤ᠂ ᠪᠠᠩᠬᠢ ᠵᠢᠨ ᠠᠷᠠᠳ᠎ᠠᠴᠠ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠠᠬᠢ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠎ᠪᠠᠨ ᠴᠢᠩᠭ᠋ᠠᠳᠬᠠᠬᠤ ᠵᠢ ᠲᠦᠯᠬᠢᠨ ᠠᠬᠢᠭᠤᠯᠵᠤ᠂ ᠲᠤᠰᠢᠶᠠᠯ ᠵᠶ᠋ᠠᠨ ᠭᠦᠢ᠍ᠴᠡᠳᠬᠡᠵᠦ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠪᠠ ᠠᠯᠳᠠᠭ᠎ᠠ ᠪᠤᠷᠤᠭᠤ ᠵᠢ ᠠᠭᠤᠴᠢᠯᠠᠵᠤ ᠵᠠᠯᠠᠷᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠢᠲᠡᠭᠡᠮᠵᠢᠲᠦ ᠵᠢᠭᠡᠯᠡᠯᠭᠡ ᠵᠢᠨ ᠬᠤᠪᠢ ᠵᠢᠨ ᠵᠢᠩ᠎ᠢ ᠵᠣᠬᠢᠰᠲᠠᠶ ᠳᠡᠭᠡᠭᠰᠢᠯᠡᠭᠦᠯᠵᠦ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠪᠦᠷᠬᠦᠯᠲᠡ ᠵᠢᠨ ᠬᠡᠪᠴᠢᠶ᠎ᠡ ᠪᠠ ᠣᠯᠵᠤ ᠪᠣᠯᠬᠤᠶ᠋ᠢᠴᠠ ᠴᠢᠨᠠᠷ᠎ᠢ ᠥᠷᠭᠡᠳᠬᠡᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ᠎ᠳᠤ ᠬᠦᠴᠢᠷᠲᠡᠶ ᠪᠡᠯᠡ ᠲᠣᠬᠢᠷᠠᠭᠤᠯᠬᠤ᠎ᠳᠤ ᠦᠨᠡᠲᠡᠶ ᠪᠠᠶ᠋ᠢᠬᠤ ᠠᠰᠠᠭᠤᠳᠠᠯ᠎ᠢ ᠦᠨᠡᠨ ᠬᠦ᠌ ᠨᠠᠮᠳᠠᠭᠤᠯᠤᠨ᠎ᠠ᠃
      ᠪᠠᠯᠠ ᠣᠷᠣᠭᠤᠯᠤᠯᠲᠠ ᠵᠢᠨ ᠲᠠᠯ᠎ᠠ᠎ᠪᠠᠷ᠂ 5G ᠵᠢᠨ ᠬᠡᠷᠡᠭᠯᠡᠯᠲᠡ ᠵᠡᠷᠭᠡ᠎ᠪᠠᠷ ᠲᠥᠯᠥᠭᠡᠯᠡᠭᠦᠯᠦᠭᠰᠡᠨ 《ᠰᠢᠨ᠎ᠡ ᠦᠨᠳᠦᠰᠦᠨ ᠪᠥᠲᠥᠭᠡᠨ ᠪᠠᠶ᠋ᠢᠭᠤᠯᠤᠯᠲᠠ》 ᠪᠣᠯ ᠠ᠋ᠨᠡ ᠵᠢᠯ᠎ᠤᠨ ᠪᠠᠯᠠ ᠣᠷᠣᠭᠤᠯᠤᠯᠲᠠ ᠵᠢᠨ ᠭᠣᠣᠯᠳᠠᠯᠭ᠎ᠠ ᠵᠢᠨ ᠨᠢᠭᠡ ᠪᠣᠯᠤᠨ᠎ᠠ᠃ ᠵᠠᠩ ᠶᠠᠨ ᠱᠧᠩ ᠢᠯᠡᠷᠬᠡᠢ᠌ᠯᠡᠬᠦ᠎ᠳᠤ᠎ᠪᠠᠨ᠂ 〈〈ᠰᠢᠨ᠎ᠡ ᠦᠨᠳᠦᠰᠦᠨ ᠪᠦᠲᠦᠭᠡᠨ ᠪᠠᠶ᠋ᠢᠭᠤᠯᠤᠯᠲᠠ〉〉᠎ᠪᠠᠷ ᠳᠠᠮᠵᠢᠨ ᠰᠢᠨ᠎ᠡ ᠠᠵᠢᠯ᠎ᠤᠨ ᠪᠠᠢ᠌ᠷᠢ ᠵᠢ ᠭᠠᠷᠭ᠋ᠠᠵᠤ ᠪᠣᠯᠤᠨ᠎ᠠ᠃ ᠠᠮᠢᠳᠤᠯᠢᠭ ᠵᠶ᠋ᠠᠷ ᠠᠵᠢᠯ ᠣᠯᠭᠤᠬᠤ᠂ ᠵᠢᠩᠬᠢᠨᠢ ᠪᠤᠰᠤ ᠵᠢᠨ ᠠᠵᠢᠯ ᠣᠯᠭᠣᠬᠤ ᠵᠡᠷᠭᠡ ᠵᠢ ᠪᠠᠭᠲᠠᠭ᠋ᠠᠭᠰᠠᠨ ᠰᠢᠨ᠎ᠡ ᠠᠵᠢᠯ ᠣᠯᠭᠤᠯᠲᠠ ᠵᠢᠨ ᠬᠡᠯᠪᠡᠷᠢ ᠵᠢ ᠠᠭᠤᠲᠠᠯᠵᠤ ᠪᠣᠯᠤᠨ᠎ᠠ᠃ ᠥᠭᠡᠷᠡᠴᠢᠯᠡᠯᠲᠡ ᠰᠢᠨᠡᠴᠢᠯᠡᠯᠲᠡ᠎ᠪᠠᠷ ᠳᠠᠮᠵᠢᠨ ᠲᠣᠭ᠋ᠠᠴᠢᠯᠠᠭᠰᠠᠨ ᠠᠵᠤ ᠠᠬᠤᠶ᠂ ᠤᠶᠤᠨᠲᠤ ᠬᠤᠳᠠ ᠵᠡᠷᠭᠡ ᠬᠦᠷᠢᠶᠡᠨ᠎ᠳᠤ ᠤᠯᠠᠨ ᠵᠦᠢ᠍ᠯ᠎ᠤᠨ ᠠᠵᠢᠯ᠎ᠤᠨ ᠠᠷᠭ᠎ᠠ᠎ᠪᠠᠷ ᠠᠵᠢᠯ ᠣᠯᠭᠣᠯᠲᠠ ᠵᠢᠨ ᠠᠰᠠᠭᠤᠳᠠᠯ᠎ᠢ ᠮᠠᠰᠢ ᠰᠠᠢ᠍ᠢ᠍ᠨ ᠰᠢᠢ᠍ᠳᠪᠤᠷᠢᠯᠡᠴᠢᠭᠡᠨ᠎ᠡ ᠭᠡᠪᠡ᠃
      ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠨᠡᠢ᠌ᠬᠡᠮ ᠪᠣᠯᠤᠨ ᠠᠮᠢ ᠠᠬᠤᠶ ᠵᠢᠨ ᠪᠣᠯᠪᠠᠰᠤᠨ᠎ᠤ ᠵᠢᠭ᠋ᠠᠨ ᠰᠤᠳᠤᠯᠬᠤ ᠬᠡᠯᠲᠡᠰ᠎ᠤᠨ ᠳᠡᠳ᠋ ᠠ᠋ᠷᠬᠢᠯᠡᠭᠴᠢ ᠳ᠋ᠢᠩ ᠶᠤᠸᠠᠨ ᠵᠤ᠌ ᠳᠤᠭᠤᠶ᠋ᠢᠯᠠᠩ᠎ᠤᠨ ᠶᠠᠷᠢᠯᠴᠠᠭ᠋ᠠᠨ ᠳᠡᠭᠡᠷ᠎ᠡ᠂ ᠴᠢᠯᠤᠭᠡᠲᠤ ᠠᠵᠢᠯ᠎ᠤᠨ ᠠᠵᠤ ᠠᠬᠤᠢ ᠵᠢᠨ ᠬᠥᠭᠵᠢᠯᠲᠡ ᠪᠠ ᠢᠨᠲ᠋ᠧᠷ ᠰᠦᠯᠵᠢᠶ᠎ᠡ ᠵᠢ ᠣᠷᠭ᠋ᠠᠨᠢᠭ ᠵᠶ᠋ᠠᠷ ᠤᠶᠠᠯᠳᠤᠭᠤᠯᠤᠨ᠂ ᠨᠡᠯᠢᠶᠡᠳ ᠳᠣᠭᠲᠠᠪᠤᠷᠢᠵᠢᠭᠰᠠᠨ ᠨᠢᠭᠡ ᠪᠦᠯᠤᠭ᠌ ᠰᠢᠨ᠎ᠡ ᠬᠦᠷᠢᠶ᠎ᠡ ᠴᠠᠷᠠᠭ᠎ᠠ ᠵᠢ ᠨᠡᠭᠡᠭᠡᠵᠤ᠂ ᠠᠵᠢᠯ ᠣᠯᠭᠣᠯᠲᠠ ᠵᠢ ᠠᠬᠢᠭᠤᠯᠵᠤ ᠪᠣᠯᠤᠨ᠎ᠠ ᠭᠡᠵᠤ ᠬᠡᠯᠡᠪᠡ᠃
      ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠪᠣᠯ ᠠᠵᠢᠯ ᠣᠯᠭᠣᠯᠲᠠ ᠵᠢ ᠪᠡᠶᠡᠯᠡᠭᠦᠯᠬᠦ ᠬᠠᠮᠤᠭ᠎ᠤᠨ ᠭᠣᠣᠯ ᠠᠷᠭ᠎ᠠ ᠵᠠᠮ ᠮᠥᠨ᠃ ᠪᠦᠷᠢᠳᠬᠡᠯ᠎ᠢ ᠦᠨᠳᠦᠰᠦᠯᠡᠪᠡᠯ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠪᠦᠬᠦ ᠤᠯᠤᠰ᠎ᠲᠤ 80% ᠵᠢᠨ ᠠᠵᠢᠯ ᠣᠯᠭᠤᠯᠲᠠ᠂ 70% ᠣᠷᠴᠢᠮ᠎ᠤᠨ ᠲᠤᠰᠬᠠᠶ ᠠᠰᠢᠭ᠎ᠤᠨ ᠠ᠋ᠭᠦᠳᠦᠯᠲᠡ ᠵᠢᠨ ᠠ᠋ᠷᠬᠡ᠂ 60%᠎ᠠᠴᠠ ᠳᠡᠭᠡᠭᠰᠢᠬᠢ GDP ᠪᠠ 50%᠎ᠠᠴᠠ ᠳᠡᠭᠡᠭᠰᠢ ᠭᠠᠶ᠋ᠢᠯᠢ ᠳᠠᠲᠠᠪᠤᠷᠢ ᠵᠢᠨ ᠬᠤᠪᠢ ᠨᠡᠮᠡᠷᠢ ᠦᠵᠡᠭᠦᠯᠵᠦ ᠪᠣᠢ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ ᠪᠠᠲᠤᠯᠠᠬᠤ ᠪᠣᠯ ᠳᠠᠷᠤᠶ ᠠᠵᠢᠯ ᠣᠯᠭᠣᠯᠲᠠ ᠵᠢ ᠪᠠᠲᠤᠯᠠᠭᠰᠠᠨ ᠶᠠᠪᠤᠳᠠᠯ ᠮᠥᠨ ᠭᠡᠵᠦ ᠬᠡᠯᠡᠵᠦ ᠪᠣᠯᠤᠨ᠎ᠠ᠃
      ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠰᠢᠨ ᠰᠢ ᠸᠠᠩ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠯᠢᠦ ᠶᠦᠩ ᠬᠣᠣ ᠳᠤᠭᠤᠶ᠋ᠢᠯᠠᠩ᠎ᠤᠨ ᠶᠠᠷᠢᠯᠴᠠᠭ᠋ᠠᠨ᠎ᠳᠤ ᠬᠡᠯᠡᠭᠰᠡᠨ᠎ᠨᠢ᠂ ᠣᠳᠣᠬᠠᠨ᠎ᠳᠤ ᠬᠥᠳᠡᠯᠮᠦᠷᠢ ᠢᠭᠴᠤᠷᠠᠭᠰᠠᠨ ᠬᠡᠯᠪᠡᠷᠢ ᠵᠢᠨ ᠠᠵᠢᠯ ᠲᠥᠷᠥᠯ ᠬᠢᠵᠢᠭ᠎ᠲᠤ ᠨᠡᠯᠢᠶᠡᠳ ᠬᠦᠨᠳᠤ ᠭᠡᠴᠡᠭᠦᠤ ᠳᠠᠭ᠋ᠠᠷᠢᠭᠳᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠠᠷᠠᠳ᠎ᠠᠴᠠ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠡᠵᠡᠩᠨᠡᠯᠲᠡ ᠵᠢᠨ ᠳᠠᠷᠤᠯᠲᠠ ᠨᠡᠯᠢᠶᠡᠳ ᠶᠡᠬᠡ᠂ ᠠᠵᠢᠯ ᠣᠯᠭᠣᠯᠲᠠ ᠵᠢᠨ ᠪᠠᠶ᠋ᠢᠳᠠᠯ ᠴᠤ᠌ ᠬᠦᠨᠳᠦ ᠨᠣᠴᠢᠲᠠᠶ ᠪᠠᠶ᠋ᠢᠨ᠎ᠠ᠃ ᠲᠡᠷᠡ᠂ ᠨᠢᠭᠡ᠎ᠳᠤ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠲᠤᠭᠤᠰᠢᠲᠠᠢ ᠨᠠᠶ᠋ᠢᠳᠠᠪᠤᠷᠢᠵᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠰᠢᠨ᠎ᠡ᠎ᠪᠠᠷ ᠵᠢᠭᠡᠯᠡᠯᠭᠡ ᠵᠢᠨ ᠬᠡᠮᠵᠢᠶ᠎ᠡ ᠵᠢ ᠨᠡᠮᠡᠭᠳᠡᠭᠦᠯᠦᠨ᠎ᠡ᠃ ᠬᠣᠶᠠᠷ᠎ᠲᠤ ᠵᠠᠰᠠᠭ᠎ᠤᠨ ᠣᠷᠳᠣᠨ᠎ᠠᠴᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠳᠤ᠎ᠬᠢ ᠦᠷᠢ ᠰᠢᠷᠢ ᠵᠢ ᠤᠯᠠᠮ ᠨᠢᠭᠡ ᠠᠯᠬᠤᠮ ᠢᠯᠭ᠋ᠠᠷᠠᠭᠤᠯᠤᠨ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠲᠠᠢ ᠠᠳᠠᠯᠢᠬᠠᠨ ᠠᠳᠠᠯᠢ ᠲᠡᠭᠰᠢ ᠬᠠᠨᠲᠤᠵᠤ᠂ ᠠ᠋ᠷᠬᠡ ᠲᠡᠭᠰᠢ ᠲᠥᠪ ᠭᠣᠣᠯᠴᠢ ᠵᠠᠬ᠎ᠠ ᠳᠡᠯᠭᠡᠭᠦᠷ᠎ᠤᠨ ᠣᠷᠴᠢᠨ᠎ᠢ ᠪᠤᠢ ᠪᠣᠯᠭ᠋ᠠᠬᠤ ᠬᠡᠷᠡᠭᠲᠠᠢ ᠭᠡᠪᠡ᠃
      ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠶᠢᠨ᠎ᠲᠠᠢ ᠪᠦᠯᠦᠭᠯᠡᠯ᠎ᠤᠨ ᠠ᠋ᠭᠦᠳᠦᠭᠴᠢ ᠪᠥᠭᠡᠳ ᠬᠡᠷᠡᠭ ᠮᠡᠳᠡᠭᠴᠢᠳ᠎ᠤᠨ ᠳᠠᠷᠤᠭ᠎ᠠ ᠱᠧᠨ ᠭᠦᠸᠧ ᠵᠢᠶᠦ᠋ᠨ ᠳᠤᠭᠤᠶ᠋ᠢᠯᠠᠩ᠎ᠤᠨ ᠶᠠᠷᠢᠯᠴᠠᠭ᠋ᠠᠨ᠎ᠳᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 39 ᠤᠳᠠᠭ᠎ᠠ 《ᠠᠵᠢᠯ ᠣᠯᠭᠣᠯᠲᠠ》 ᠵᠢ ᠳᠤᠷᠠᠳᠴᠠᠢ᠃ ᠠ᠋ᠨᠡ᠎ᠨᠢ ᠲᠥᠪ᠎ᠠᠴᠠ ᠠᠵᠤ ᠠᠬᠤᠶ ᠵᠢᠨ ᠰᠡᠷᠭᠦᠯᠲᠡ ᠪᠠ ᠠᠵᠢᠯ ᠣᠯᠭᠣᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠵᠢ ᠬᠠᠷᠠᠭᠤᠯᠵᠤ ᠪᠠᠶ᠋ᠢᠨ᠎ᠠ᠃ ᠲᠡᠷᠡ ᠵᠠᠯᠭ᠋ᠠᠭ᠋ᠠᠳ ᠨᠢᠭᠡ᠎ᠳᠤ ᠠᠵᠢᠯ᠂ ᠦᠢ᠍ᠯᠡᠳᠪᠦᠷᠢᠯᠡᠯ ᠵᠶ᠋ᠡᠨ ᠰᠡᠷᠭᠦᠭᠡᠬᠦ ᠲᠥᠷᠥ ᠵᠢᠨ ᠪᠣᠳᠣᠯᠭ᠎ᠠ ᠵᠢ ᠲᠣᠭᠲᠠᠪᠤᠷᠢᠵᠢᠭᠤᠯᠬᠤ᠎ᠪᠠᠷ ᠳᠠᠮᠵᠢᠨ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠢᠯᠠᠩᠭᠤᠶ᠎ᠠ ᠬᠥᠳᠡᠯᠮᠦᠷᠢ ᠢᠭᠴᠤᠷᠠᠭᠰᠠᠨ ᠬᠡᠯᠪᠡᠷᠢ ᠵᠢᠨ ᠠᠵᠤ ᠠᠬᠤᠢ᠌ᠯᠠᠯ᠎ᠳᠤ ᠲᠥᠷᠥ ᠵᠢᠨ ᠪᠣᠳᠣᠯᠭ᠎ᠠ ᠵᠢᠨ ᠬᠡᠯᠪᠡᠶ᠋ᠢᠯᠲᠡ ᠵᠢ ᠨᠡᠮᠡᠭᠳᠡᠭᠦᠯᠵᠤ᠂ ᠣᠯᠠᠨ ᠵᠦᠢ᠍ᠯ᠎ᠤᠨ ᠠᠷᠭ᠎ᠠ ᠵᠠᠮ ᠵᠶ᠋ᠡᠷ ᠠᠵᠤ ᠠᠬᠤᠶ᠋ᠢᠯᠠᠯ᠎ᠤᠨ ᠠᠮᠢᠵᠢᠷᠠᠨ ᠳᠡᠭᠵᠢᠷᠡᠬᠦ ᠬᠤᠳᠠᠯᠳᠤᠭ᠎ᠠ ᠡᠵᠡᠩᠨᠡᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠤ ᠪᠣᠯᠤᠨ᠎ᠠ᠃ ᠬᠣᠶᠠᠷ᠎ᠲᠤ᠂ ᠠ᠋ᠯᠧᠺᠲᠷᠣᠨ ᠬᠤᠳᠠᠯᠳᠤᠭ᠎ᠠ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠵᠡᠷᠭᠡ ᠠᠵᠤ ᠠᠬᠤᠢ ᠵᠢᠨ ᠰᠢᠨ᠎ᠡ ᠬᠡᠯᠪᠡᠷᠢ ᠪᠠ ᠰᠢᠨ᠎ᠡ ᠠᠵᠢᠯ ᠮᠡᠷᠭᠡᠵᠢᠯ᠎ᠤᠨ ᠲᠦᠷᠭᠡᠨ ᠬᠥᠭᠵᠢᠯᠲᠡ ᠵᠢ ᠬᠥᠲᠥᠯᠥᠨ ᠵᠢᠯᠣᠭᠣᠳᠴᠤ᠂ ᠰᠢᠨ᠎ᠡ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠥᠷᠭᠡᠳᠬᠡᠨ᠂ ᠳᠡᠭᠡᠳᠤ ᠰᠤᠷᠭ᠋ᠠᠭᠤᠯᠢ ᠰᠠᠶᠢ ᠲᠡᠭᠦᠰᠴᠤ ᠪᠠᠢ᠌ᠭ᠎ᠠ ᠣᠶᠤᠲᠠᠳ᠎ᠲᠤ ᠠᠵᠢᠯ ᠣᠯᠭᠣᠬᠤ ᠲᠥᠰᠦᠯ ᠵᠶ᠋ᠠᠨ ᠤᠷᠢᠳᠴᠢᠯᠠᠨ ᠰᠠᠶ᠋ᠢᠲᠤᠷ ᠬᠢᠵᠦ᠂ ᠠᠮᠢᠳᠤᠯᠢᠭ ᠵᠶ᠋ᠠᠷ ᠠᠵᠢᠯ ᠣᠯᠭᠣᠬᠤ ᠵᠢ ᠶᠡᠬᠡᠪᠡᠷ ᠠᠬᠢᠭᠤᠯᠪᠡᠯ ᠵᠣᠬᠢᠨ᠎ᠠ ᠭᠡᠪᠡ᠃
      ᠠ᠋ᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠵᠦᠪᠬᠡᠨ ᠠᠵᠢᠯ ᠣᠯᠭᠣᠯᠲᠠ ᠵᠢ ᠥᠷᠭᠡᠳᠬᠡᠬᠦ ᠲᠠᠯ᠎ᠠ᠎ᠪᠠᠷ ᠪᠠᠢ᠌ᠷᠢᠯᠠᠭᠤᠯᠤᠯᠲᠠ ᠬᠢᠭᠰᠡᠨ ᠵᠶ᠋ᠠᠷ ᠪᠠᠷᠠᠬᠤ ᠦᠭᠡᠢ᠂ ᠠᠵᠢᠯ ᠠᠯᠳᠠᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ ᠴᠤ᠌ ᠠᠯᠢ ᠣᠯᠠᠨ ᠠᠷᠭ᠎ᠠ ᠬᠡᠮᠵᠢᠶ᠎ᠡ ᠠᠪᠤᠭᠰᠠᠨ ᠪᠠᠶ᠋ᠢᠨ᠎ᠠ᠃
      ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠵᠦ᠂ ᠳᠠᠭ᠋ᠠᠳᠬᠠᠯ᠎ᠳᠤ ᠣᠷᠣᠯᠴᠠᠭ᠋ᠠᠳ 1 ᠵᠢᠯ ᠪᠣᠯᠤᠭ᠋ᠠᠳᠤᠶ ᠬᠥᠯᠥᠰᠥᠨ ᠠᠵᠢᠯᠴᠢᠨ ᠵᠡᠷᠭᠡ ᠠᠵᠢᠯ ᠠᠯᠳᠠᠭᠰᠠᠳ᠎ᠢ ᠴᠥᠮ ᠪᠠᠶ᠋ᠢᠩᠭᠤ ᠰᠠᠭᠤᠭ᠎ᠠ ᠭᠠᠵᠠᠷ᠎ᠤᠨ ᠪᠠᠲᠤᠯᠠᠭ᠎ᠠ᠎ᠳᠤ ᠣᠷᠣᠭᠤᠯᠤᠨ᠎ᠠ ᠭᠡᠵᠦ ᠳᠤᠷᠠᠳᠤᠨ ᠭᠠᠷᠭ᠋ᠠᠵᠠᠶ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠵᠦ᠂ ᠬᠣᠲᠠ ᠬᠥᠳᠡᠭᠡ ᠵᠢᠨ ᠬᠦᠴᠢᠷᠳᠡᠯ᠎ᠲᠠᠢ ᠭᠡᠷ ᠪᠦᠯᠢ ᠵᠢᠨ ᠪᠠᠲᠤᠯᠠᠪᠠᠰᠤ ᠵᠣᠬᠢᠬᠤ ᠪᠦᠬᠦᠨ᠎ᠢ ᠪᠠᠲᠤᠯᠠᠵᠤ᠂ ᠨᠥᠬᠥᠴᠡᠯ᠎ᠳᠤ ᠨᠡᠶ᠋ᠢᠴᠡᠬᠦ ᠬᠣᠲᠠ ᠪᠠᠯᠭ᠋ᠠᠰᠤ ᠵᠢᠨ ᠠᠵᠢᠯ ᠠᠯᠳᠠᠭᠰᠠᠳ ᠪᠠ ᠨᠤᠲᠤᠭ᠎ᠲᠠᠭᠠᠨ ᠪᠤᠴᠠᠭᠰᠠᠳ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠳᠤ ᠴᠠᠭ ᠲᠤᠬᠠᠶ᠎ᠳᠤᠨᠢ ᠣᠷᠣᠭᠤᠯᠤᠨ᠎ᠠ ᠭᠡᠵᠡᠢ᠃
      ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠳᠤᠮᠳᠠᠳᠤ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠡᠯᠡᠬᠡᠶ ᠵᠢᠨ ᠨᠡᠶ᠋ᠢᠭᠡᠮ᠎ᠤᠨ ᠳᠠᠭ᠋ᠠᠳᠬᠠᠯ᠎ᠤᠨ ᠰᠤᠳᠤᠯᠭ᠋ᠠᠨ᠎ᠤ ᠲᠥᠪ᠎ᠤᠨ ᠠ᠋ᠷᠬᠢᠯᠡᠭᠴᠢ ᠵᠧᠩ ᠪᠢᠩ ᠸᠧᠨ ᠳᠤᠭᠤᠶ᠋ᠢᠯᠠᠩ᠎ᠤᠨ ᠶᠠᠷᠢᠯᠴᠠᠬᠤ᠎ᠳᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠳᠦᠷᠢᠮ᠎ᠢ ᠤᠯᠠᠮ ᠨᠢᠭᠡ ᠠᠯᠬᠤᠮ ᠥᠭᠡᠷᠡᠴᠢᠯᠡᠵᠦ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠳᠦᠷᠢᠮ᠎ᠳᠤ ᠵᠠᠰᠠᠪᠤᠷᠢ ᠣᠷᠣᠭᠤᠯᠵᠤ᠂ ᠠᠰᠢᠭ ᠬᠦᠷᠲᠡᠬᠦ ᠬᠢᠷᠢ ᠬᠡᠮ᠎ᠢ ᠪᠠᠭᠤᠷᠠᠭᠤᠯᠵᠤ᠂ ᠠᠵᠢᠯ ᠠᠯᠳᠠᠭᠰᠠᠳ᠎ᠤᠨ ᠳᠠᠭ᠋ᠠᠳᠬᠠᠯ ᠵᠶ᠋ᠠᠷ ᠪᠦᠬᠦᠶ᠋ᠢᠯᠡ ᠠᠵᠢᠯ ᠠᠯᠳᠠᠭᠰᠠᠳ᠎ᠲᠤ ᠳᠠᠭ᠋ᠠᠳᠬᠠᠯ᠎ᠤᠨ ᠮᠥᠩᠭᠥ ᠵᠢ ᠬᠤᠪᠢ ᠬᠥᠮᠦᠨ᠎ᠳᠤ᠎ᠨᠢ ᠣᠯᠭᠣᠵᠤ᠂ ᠠᠵᠢᠯ ᠠᠯᠳᠠᠭᠰᠠᠳ᠎ᠤᠨ ᠠ᠋ᠷᠬᠡ ᠠᠰᠢᠭ᠎ᠢ ᠪᠠᠲᠤᠯᠠᠬᠤ ᠬᠡᠷᠡᠭᠲᠡᠢ ᠭᠡᠵᠡᠢ᠃
      ᠮᠠᠨ᠎ᠤ ᠤᠯᠤᠰ ᠠᠵᠢᠯ ᠠᠯᠳᠠᠯᠲᠠ ᠵᠢ ᠪᠠᠲᠤᠯᠠᠬᠤ ᠲᠠᠯ᠎ᠠ᠎ᠪᠠᠷ᠎ᠬᠢ ᠴᠢᠳᠠᠪᠤᠷᠢ ᠵᠢᠨ ᠲᠤᠬᠠᠢ ᠬᠤᠸᠠᠩ ᠱᠸᠤ ᠬᠣᠩ ᠬᠡᠯᠡᠬᠦ᠎ᠳᠤ᠎ᠪᠠᠨ᠂ 《ᠤᠯᠠᠨ ᠵᠶ᠋ᠠᠷ ᠵᠶ᠋ᠠᠨ ᠰᠠᠨᠠᠭ᠎ᠠ ᠠᠮᠤᠷ ᠪᠠᠶ᠋ᠢᠭ᠋ᠠᠷᠠᠢ》᠂ 《ᠣᠲᠣ ᠮᠠᠨ᠎ᠤ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠦᠯᠡᠳᠡᠪᠦᠷᠢ ᠪᠠᠰᠠ 4600 ᠭᠠᠷᠤᠶ ᠳ᠋ᠦᠩᠰᠢᠭᠤᠷ ᠲᠥᠭᠥᠷᠢᠭ ᠪᠠᠶ᠋ᠢᠨ᠎ᠠ᠂ ᠠ᠋ᠭᠦᠨ᠎ᠠᠴᠠ ᠭᠠᠳᠠᠨ᠎ᠠ ᠪᠢᠳᠡᠨ᠎ᠳᠤ ᠪᠠᠰᠠ 2 ᠲᠦᠮᠡ ᠭᠠᠷᠤᠶ ᠳ᠋ᠦ᠍ᠩᠰᠢᠭᠤᠷ ᠲᠥᠭᠥᠷᠢᠭ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠪᠠᠶ᠋ᠢᠯᠳᠤᠬᠤ ᠪᠣᠳᠣᠯᠭ᠎ᠠ ᠵᠢᠨ ᠨᠥᠭᠡᠴᠡ ᠪᠣᠶ᠂ ᠠ᠋ᠨᠡ ᠵᠢᠯ ᠪᠠᠰᠠ ᠠᠵᠢᠯ ᠠᠯᠳᠠᠯᠲᠠ ᠵᠢᠨ ᠳᠠᠭ᠋ᠠᠳᠬᠠᠯ᠎ᠢ ᠮᠤᠵᠢ ᠵᠢᠨ ᠱᠠᠲᠤᠨ᠎ᠳᠤ ᠨᠢᠭᠡᠳᠦᠯᠲᠡᠶ ᠲᠥᠯᠥᠪᠯᠡᠨ᠎ᠠ᠃ ᠠ᠋ᠳᠡᠭᠡᠷ ᠠᠷᠭ᠎ᠠ ᠬᠡᠮᠵᠢᠶ᠎ᠡ᠎ᠨᠦᠭᠦᠳ᠎ᠢ ᠠᠪᠴᠤ ᠪᠠᠶ᠋ᠢᠭ᠋ᠠᠳ ᠪᠢᠳᠡ ᠠᠵᠢᠯ ᠠᠯᠳᠠᠬᠤ ᠶᠠᠪᠤᠳᠠᠯ᠎ᠢ ᠳᠠᠭ᠋ᠠᠭ᠋ᠠᠵᠤ ᠠᠪᠬᠤ ᠴᠢᠳᠠᠪᠤᠷᠢ᠎ᠲᠠᠢ ᠮᠦᠷᠳᠡᠭᠡᠨ ᠪᠠ ᠠᠷᠭ᠎ᠠ ᠵᠠᠮ᠎ᠲᠠᠢ ᠶᠤᠮ ᠭᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠠᠨ᠎ᠤ ᠠᠩᠬᠠᠷᠤᠨ ᠬᠠᠯᠠᠮᠵᠢᠯᠠᠵᠤ ᠪᠠᠢ᠌ᠭ᠎ᠠ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠢᠩᠭᠢᠵᠦ ᠬᠡᠯᠡᠵᠡᠶ᠄
2018 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
2019 ᠣᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
2020 ᠣᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
2021 ᠣᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
 
            