- 2015 ᠤᠨ᠎ᠤ 1 ᠳ᠋ᠤᠭᠡᠷ ᠰᠠᠷ᠎ᠠ ᠵᠢᠨ 26᠎ᠤ ᠡᠳᠥᠷ᠎ᠤᠨ ᠥᠪᠥᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠲᠡᠭᠡᠷ᠎ᠡ
ᠥᠪᠡᠷᠳᠡᠭᠡᠨ ᠵᠠᠰᠠᠬᠤ ᠤᠷᠤᠨ᠎ᠤ ᠲᠡᠷᠢᠭᠦᠯᠡᠭᠴᠢ ᠪᠠᠭ᠋ᠠᠲᠤᠷ
ᠲᠦᠯᠦᠬᠡᠯᠡᠭᠴᠢᠳ ᠡ᠄
ᠤᠳᠤ᠂ ᠪᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠦᠪᠯᠡᠯᠭᠡᠨ᠎ᠤ ᠭᠡᠰᠢᠭᠦᠨ ᠪᠣᠯᠣᠨ ᠬᠤᠷᠠᠯ᠎ᠳᠤ ᠰᠤᠯᠠ ᠣᠷᠣᠯᠴᠠᠭᠰᠠᠳ ᠰᠠᠨᠠᠯ ᠵᠶ᠋ᠠᠨ ᠳᠤᠷᠠᠳᠬᠤ ᠪᠣᠯᠪᠠᠤ᠃
ᠨᠢᠭᠡ᠂ 2014 ᠣᠨ᠎ᠤ ᠠᠵᠢᠯ᠎ᠤᠨ ᠡᠷᠭᠢᠴᠡᠭᠦᠯᠦᠯ
ᠥᠩᠭᠡᠷᠡᠭᠰᠡᠨ ᠨᠢᠭᠡ ᠵᠢᠯ ᠪᠣᠯ ᠥᠪᠡᠷᠲᠡᠭᠡᠨ ᠵᠠᠰᠠᠬᠤ ᠣᠷᠣᠨ᠎ᠤ ᠭᠥᠭᠵᠢᠯᠲᠡ ᠵᠢᠨ ᠶᠠᠪᠤᠴᠠ᠎ᠳᠠᠬᠢ ᠴᠢᠬᠤᠯᠠ ᠬᠦᠰᠢᠶ᠎ᠡ ᠳᠤᠷᠠᠰᠬᠠᠯ᠎ᠤᠨ ᠠᠴᠢ ᠬᠤᠯᠪᠣᠭᠳᠠᠯ᠎ᠲᠠᠢ ᠨᠢᠭᠡ ᠵᠢᠯ ᠪᠣᠯᠣᠨ᠎ᠠ᠃ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠬᠠᠩᠭ᠋ᠠᠮᠵᠢ ᠦᠭᠡᠢ᠂ ᠠᠵᠤ ᠠᠬᠤᠢ ᠵᠢᠨ ᠪᠠᠭᠤᠷᠠᠯᠲᠠ ᠵᠢᠨ ᠳᠠᠷᠤᠯᠲᠠ ᠶᠡᠬᠡᠳᠴᠦ ᠪᠠᠶ᠋ᠢᠭ᠎ᠠ ᠵᠡᠷᠭᠡ ᠨᠦᠰᠡᠷ ᠬᠦᠨᠳᠦ ᠪᠤᠳᠤᠯᠢᠶᠠᠨᠲᠠᠢ ᠪᠠᠶ᠋ᠢᠳᠠᠯ ᠪᠣᠯᠣᠨ ᠬᠠᠲᠠᠭᠤ ᠪᠡᠷᠬᠡᠰᠢᠶᠡᠯᠲᠡᠢ ᠦᠭᠡᠷᠡᠴᠢᠯᠡᠯᠳᠡ ᠬᠥᠭᠵᠢᠯᠲᠡ ᠵᠢᠨ ᠲᠣᠭᠳᠠᠭᠤᠨ ᠪᠠᠶ᠋ᠢᠯᠭ᠋ᠠᠬᠤ ᠡᠭᠦᠷᠭᠡ᠎ᠳᠤ ᠬᠠᠨᠳᠤᠭᠤᠯᠤᠨ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠥᠪ ᠣᠨᠣᠪᠴᠢᠲᠠᠢ ᠤᠳᠤᠷᠢᠳᠤᠯᠭ᠎ᠠ ᠲᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠦ ᠣᠷᠣᠨ᠎ᠤ ᠥᠨᠳᠦᠰᠦᠲᠡᠨᠨᠦᠭᠦᠳᠤᠨ ᠠᠷᠠᠳ ᠲᠦᠮᠡᠨ᠎ᠢ ᠪᠥᠯᠬᠦᠮᠳᠡᠭᠦᠯᠦᠨ ᠲᠠᠭ᠋ᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠯᠢ ᠣᠯᠠᠨ ᠴᠢᠬᠤᠯᠠ ᠶᠠᠷᠢᠶ᠎ᠠ ᠪᠣᠯᠣᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ᠎ᠤᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ 《8337》 ᠬᠥᠭᠵᠢᠯᠲᠡ ᠵᠢᠨ ᠰᠡᠳᠬᠢᠮᠵᠢ ᠵᠢ ᠪᠥᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠠᠵᠤ ᠠᠬᠤᠢ ᠵᠢᠨ ᠬᠦᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠳᠤᠬᠢᠷᠠᠯᠴᠠᠨ᠂ ᠯᠠᠪᠳᠠᠭᠤᠨ ᠵᠶ᠋ᠠᠷ ᠤᠷᠤᠭᠰᠢ ᠳᠠᠪᠰᠢᠭᠤᠯᠬᠤ ᠠᠵᠢᠯ᠎ᠤᠨ ᠶᠡᠷᠥᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠨᠡᠮᠡᠭᠳᠡᠯ᠎ᠢ ᠯᠠᠪᠳᠠᠭᠤᠨ ᠪᠠᠶ᠋ᠢᠯᠭ᠋ᠠᠬᠤ᠂ ᠥᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠲᠤᠬᠢᠷᠠᠭᠤᠯᠬᠤ᠂ ᠠᠷᠠᠳ᠎ᠤᠨ ᠠᠮᠢᠳᠤᠷᠠᠯ᠎ᠢ ᠬᠠᠷᠠᠭ᠋ᠠᠯᠵᠠᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ ᠵᠶ᠋ᠠᠨ ᠨᠢᠭᠡᠲᠦᠯᠲᠡᠢ ᠲᠦᠯᠦᠪᠯᠡᠨ ᠰᠠᠶ᠋ᠢᠳᠤᠷ ᠬᠢᠵᠦ᠂ ᠣᠳᠣᠬᠢᠴᠢᠯᠠᠭᠰᠠᠨ ᠥᠪᠥᠷ ᠮᠣᠩᠭᠤᠯ᠎ᠢ ᠪᠦᠲᠦᠭᠡᠨ ᠪᠠᠶ᠋ᠢᠭᠤᠯᠬᠤ᠎ᠳᠤ ᠰᠢᠨ᠎ᠡ ᠪᠠᠶ᠋ᠢᠳᠠᠯ᠎ᠢ ᠡᠭᠦᠳᠪᠡ᠃
(ᠨᠢᠭᠡ) ᠠᠵᠤ ᠠᠬᠤᠢ ᠵᠢᠨ ᠲᠣᠭᠲᠠᠭᠤᠨ ᠨᠡᠮᠡᠭᠳᠡᠯ᠎ᠢ ᠪᠠᠲᠤᠯᠠᠪᠠ᠃ ᠪᠥᠬᠦ ᠣᠷᠣᠨ᠎ᠤ ᠦᠢ᠍ᠯᠡᠳᠪᠦᠷᠢᠯᠡᠯ᠎ᠤᠨ ᠶᠡᠷᠥᠩᠬᠡᠢ ᠥᠷᠲᠡᠭ 17769.5 ᠳ᠋ᠦᠩᠰᠢᠭᠤᠷ ᠲᠦᠭᠦᠷᠢᠭ ᠪᠠᠶ᠋ᠢᠵᠤ᠂ 7.8 %᠎ᠪᠠᠷ ᠨᠡᠮᠡᠭᠳᠡᠵᠦ᠂ ᠵᠣᠬᠢᠰᠲᠠᠢ ᠣᠷᠣᠨ ᠵᠠᠢ᠎ᠳᠤ ᠪᠠᠶ᠋ᠢᠷᠢᠯᠠᠵᠤ ᠪᠠᠶ᠋ᠢᠨ᠎ᠠ᠂ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 1843.2 ᠳ᠋ᠦᠩᠰᠢᠭᠤᠷ ᠲᠦᠭᠦᠷᠢᠭ ᠪᠠᠶ᠋ᠢᠵᠤ᠂ 7.1%᠎ᠪᠠᠷ ᠨᠡᠮᠡᠭᠳᠡᠪᠡ; ᠡᠩ᠎ᠤᠨ ᠣᠯᠠᠨ ᠨᠡᠶ᠋ᠢᠲᠠ ᠵᠢᠨ ᠲᠥᠰᠥᠪ᠎ᠤᠨ ᠵᠠᠷᠤᠯᠭ᠎ᠠ 3884.3 ᠳ᠋ᠦᠩᠰᠢᠭᠤᠷ ᠲᠥᠭᠦᠷᠢᠭ ᠪᠠᠶ᠋ᠢᠵᠤ᠂ 5.4%᠎ᠪᠠᠷ ᠨᠡᠮᠡᠭᠳᠡᠪᠡ᠃ ᠪᠡᠯᠡ ᠣᠷᠣᠭᠤᠯᠤᠯᠲᠠ ᠵᠢᠨ ᠨᠡᠮᠡᠭᠳᠡᠯ᠎ᠢ ᠯᠠᠪᠳᠠᠭᠤᠨ ᠪᠠᠶ᠋ᠢᠯᠭ᠋ᠠᠬᠤ᠎ᠳᠤ ᠦᠵᠡᠭᠦᠯᠵᠦ ᠪᠠᠶ᠋ᠢᠭ᠎ᠠ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠲᠥᠷᠥᠯ ᠵᠦᠢ᠍ᠯ ᠨᠡᠶ᠋ᠢᠲᠡ 1307 ᠵᠢ ᠰᠢᠨ᠎ᠡ᠎ᠪᠠᠷ ᠪᠠᠷᠢᠯᠭ᠎ᠠ ᠡᠬᠢᠯᠡᠭᠦᠯᠵᠦ᠂ 15%᠎ᠪᠠᠷ ᠨᠡᠮᠡᠭᠳᠡᠪᠡ᠃ ᠪᠦᠬᠦ ᠤᠷᠤᠨ᠎ᠳᠠᠬᠢ 500 ᠲᠦᠮᠡᠨ ᠲᠥᠭᠦᠷᠢᠭ᠎ᠠᠴᠠ ᠳᠡᠭᠡᠭᠰᠢᠬᠢ ᠲᠥᠷᠥᠯ ᠵᠦᠢ᠍ᠯᠡᠰ᠎ᠲᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 1.19 ᠲᠦᠮᠡᠨ ᠳ᠋ᠦᠩᠰᠢᠭᠤᠷ ᠲᠥᠭᠦᠷᠢᠭ ᠪᠡᠶᠡᠯᠡᠭᠦᠯᠵᠦ᠂ 15.7%᠎ᠪᠠᠷ ᠨᠡᠮᠡᠭᠳᠡᠪᠡ; ᠤᠯᠤᠰ᠎ᠠᠴᠠ ᠬᠠᠷᠭᠤᠭᠤᠯᠠᠨ ᠵᠦᠪᠰᠢᠶᠡᠷᠡᠭᠰᠡᠨ ᠪᠠ ᠭᠠᠷᠭ᠋ᠠᠵᠤ ᠥᠭᠭᠦᠭᠰᠡᠨ ᠪᠠᠷᠢᠮᠲᠠ᠎ᠲᠠᠢ ᠴᠢᠬᠤᠯᠠ ᠶᠡᠭᠡ ᠡᠨᠧᠷᠭᠢ᠂ ᠰᠢᠨ᠎ᠡ ᠮᠠᠶᠢᠭ᠎ᠤᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠳᠤ 70 ᠭᠠᠷᠤᠢ ᠵᠦᠢ᠍ᠯ᠎ᠢ ᠴᠢᠷᠮᠠᠶ᠋ᠢᠨ ᠣᠯᠵᠣ᠂ ᠶᠡᠷᠦᠩᠬᠡᠢ ᠪᠡᠯᠡ ᠣᠷᠣᠭᠤᠯᠤᠯᠲᠠ᠎ᠨᠢ 8000 ᠳ᠋ᠦᠩᠰᠢᠭᠤᠷ ᠲᠥᠭᠦᠷᠢᠭ ᠣᠶ᠋ᠢᠷᠠᠲᠤᠵᠤ᠂ ᠴᠢᠬᠤᠯᠠ ᠶᠡᠭᠡ ᠠᠬᠢᠴᠠ᠎ᠲᠠᠢ ᠪᠤᠯᠵᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠬᠦᠴᠦᠲᠠᠢ ᠠᠬᠢᠭᠤᠯᠪᠠ᠃ ᠬᠡᠷᠡᠭᠯᠡᠭᠡᠨ᠎ᠤ ᠰᠠᠭᠤᠷᠢ ᠦᠢ᠍ᠯᠡᠳᠦᠯ᠎ᠢ ᠪᠠᠳᠠᠷᠠᠭᠤᠯᠬᠤ᠎ᠪᠠᠨ ᠨᠡᠩ ᠴᠢᠬᠤᠯᠠᠴᠢᠯᠠᠨ᠂ ᠭᠦᠢ᠍ᠯᠭᠡᠭᠡᠨ᠎ᠤ ᠪᠠᠶ᠋ᠢᠭᠤᠯᠤᠯ᠎ᠤᠨ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠰᠢᠰᠲ᠋ᠧᠮᠵᠢ ᠵᠢᠨ ᠪᠠᠶ᠋ᠢᠭᠤᠯᠤᠯᠳᠠ ᠵᠢ ᠴᠢᠩᠭ᠋ᠠᠳᠬᠠᠨ᠂ ᠣᠳᠣ ᠦᠶ᠎ᠡ ᠵᠢᠨ ᠭᠦᠢ᠍ᠯᠭᠡᠭᠡᠨ᠎ᠤ ᠠᠷᠭ᠎ᠠ ᠮᠠᠶᠢᠭ᠎ᠢ ᠬᠥᠭᠵᠢᠭᠦᠯᠵᠦ᠂ ᠪᠥᠬᠦ ᠨᠡᠶ᠋ᠢᠭᠡᠮ᠎ᠤᠨ᠎ᠬᠢᠨ᠎ᠤ ᠬᠡᠷᠡᠭᠯᠡᠭᠡᠨ᠎ᠤ ᠪᠣᠳᠠᠰ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 5619.9 ᠳ᠋ᠦᠩᠰᠢᠭᠤᠷ ᠲᠥᠭᠦᠷᠢᠭ ᠪᠠᠶ᠋ᠢᠵᠤ᠂ 10.6%᠎ᠪᠠᠷ ᠨᠡᠮᠡᠭᠳᠡᠪᠡ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠨᠭ᠌ᠰᠢ 1.6%᠎ᠪᠠᠷ ᠳᠡᠭᠡᠭᠰᠢᠯᠡᠵᠦ᠂ ᠪᠠᠷᠠᠭ᠋ᠠᠨ᠎ᠤ ᠦᠨ᠎ᠡ ᠵᠢᠨ ᠶᠡᠷᠦᠩᠬᠡᠢ ᠬᠢᠷᠢ ᠳᠦᠪᠰᠢᠨ᠎ᠤ ᠳᠤᠬᠳᠠᠭᠤᠨᠢ ᠪᠠᠳᠤᠯᠠᠪᠠ᠃ ᠠᠵᠤ ᠦᠢ᠍ᠯᠡᠳᠪᠦᠷᠢ ᠵᠢᠨ ᠨᠡᠮᠡᠭᠳᠡᠯ᠎ᠢ ᠠᠬᠢᠭᠤᠯᠬᠤ᠂ ᠨᠡᠭᠦᠷᠡᠰᠦᠨ᠎ᠤ ᠠᠵᠢᠯᠯᠠᠭ᠋ᠠᠨ᠎ᠢ ᠲᠣᠭᠲᠠᠪᠤᠷᠢᠵᠢᠭᠤᠯᠬᠤ᠂ ᠬᠠᠩᠭ᠋ᠠᠯᠭ᠎ᠠ ᠪᠠ ᠬᠡᠷᠡᠭᠴᠡᠭᠡ ᠵᠢ ᠵᠤᠯᠭ᠋ᠠᠭᠤᠯᠬᠤ ᠵᠢ ᠴᠢᠩᠭ᠋ᠠᠳᠬᠠᠬᠤ ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠪᠣᠯᠣᠨ ᠠᠵᠤ ᠠᠬᠤᠶ᠋ᠢᠯᠠᠯ᠎ᠤᠨ ᠡᠵᠡᠩᠨᠡᠯᠲᠡ ᠵᠢ ᠪᠥᠬᠦ ᠬᠦᠴᠦᠨ ᠵᠶ᠋ᠠᠷ ᠲᠣᠭᠲᠠᠪᠤᠷᠢᠵᠢᠭᠤᠯᠤᠨ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 10%᠎ᠪᠠᠷ ᠨᠡᠮᠡᠭᠳᠡᠪᠡ᠃ ᠡᠯ᠎ᠡ ᠲᠥᠷᠥᠯ᠎ᠤᠨ ᠰᠦᠢ᠍ᠳᠭᠡᠯ ᠬᠤᠷᠢᠶᠠᠬᠤ ᠲᠥᠷᠥᠯ ᠵᠦᠢ᠍ᠯ᠎ᠳᠤ 38 ᠵᠢ ᠬᠦᠴᠦᠨ ᠦᠭᠡᠢ ᠪᠣᠯᠭ᠋ᠠᠭᠰᠠᠨ ᠪᠠ ᠪᠠᠭᠤᠷᠠᠭᠤᠯᠵᠤ᠂ 30 ᠳ᠋ᠦᠩᠰᠢᠭᠤᠷ ᠲᠥᠭᠦᠷᠢᠭ᠎ᠤᠨ ᠠᠵᠤ ᠠᠬᠤᠶ᠋ᠢᠯᠠᠯ᠎ᠤᠨ ᠲᠠᠷᠤᠭ᠋ᠠᠰᠤ ᠵᠢ ᠭᠥᠩᠭᠡᠷᠡᠭᠦᠯᠪᠡ᠃ ᠴᠠᠬᠢᠯᠭ᠋ᠠᠨ ᠬᠦᠴᠦᠨ᠎ᠤ ᠲᠠᠯ᠎ᠠ᠎ᠪᠠᠷ᠎ᠬᠢ ᠶᠡᠷᠦᠩᠬᠡᠶ᠋ᠢᠯᠡᠨ ᠲᠡᠳᠭᠦᠭᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠰᠢᠨ᠎ᠡ᠎ᠪᠠᠷ ᠨᠡᠮᠡᠭᠳᠡᠬᠦ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 750 ᠳ᠋ᠦᠩᠰᠢᠭᠤᠷ ᠲᠥᠭᠦᠷᠢᠭ᠂ ᠭᠠᠶ᠋ᠢᠯᠢ ᠳᠠᠲᠠᠪᠤᠷᠢ 95 ᠳ᠋ᠦᠩᠰᠢᠭᠤᠷ ᠲᠥᠭᠦᠷᠢᠭ᠂ ᠠᠵᠢᠯ ᠣᠯᠭᠤᠯᠲᠠ 10 ᠭᠠᠷᠤᠢ ᠲᠦᠮᠡᠨ ᠬᠥᠮᠥᠨ᠎ᠳᠤ ᠬᠦᠷᠬᠦ ᠵᠢ ᠳᠠᠶ᠋ᠢᠴᠢᠯᠠᠨ ᠳᠠᠭ᠋ᠠᠭᠤᠯᠪᠠ᠃ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠭᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠬᠡᠪᠴᠢᠶᠡᠵᠢᠯ᠎ᠠᠴᠠ ᠳᠡᠭᠡᠭᠰᠢᠬᠢ ᠲᠤᠮᠳᠠ ᠵᠢᠵᠢᠭ ᠠᠵᠤ ᠠᠬᠤᠶ᠋ᠢᠯᠠᠯ᠎ᠤᠳ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 12.5%᠎ᠪᠠᠷ ᠨᠡᠮᠡᠭᠳᠡᠭᠡᠳ ᠠᠵᠤ ᠦᠢ᠍ᠯᠡᠳᠪᠦᠷᠢ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 77.6%᠎ᠳᠤ ᠬᠦᠷᠪᠡ᠃
(ᠬᠤᠶᠠᠷ) ᠪᠦᠲᠦᠴᠡ ᠵᠢᠨ ᠳᠤᠬᠢᠷᠠᠭᠤᠯᠤᠯᠲᠠ ᠰᠢᠨ᠎ᠠ ᠠᠯᠬᠤᠴᠠ ᠵᠢ ᠠᠯᠬᠤᠪᠠ᠃ 《ᠲᠠᠪᠤᠨ ᠲᠣᠮᠣ ᠰᠠᠭᠤᠷᠢᠨ ᠭᠠᠵᠠᠷ》᠎ᠢ ᠪᠦᠲᠦᠭᠡᠨ ᠪᠠᠶ᠋ᠢᠭᠤᠯᠬᠤ᠎ᠪᠠᠷ ᠭᠤᠣᠯᠳᠠᠯᠭ᠎ᠠ ᠪᠣᠯᠭ᠋ᠠᠨ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠪᠠ᠃ ᠲᠠᠷᠢᠶᠠᠯᠠᠩ ᠮᠠᠯ ᠠᠵᠤ ᠠᠬᠤᠢ ᠲᠣᠭᠲᠠᠭᠤᠨ ᠵᠶ᠋ᠠᠷ ᠬᠥᠭᠵᠢᠵᠦ᠂ ᠠᠮᠤ ᠪᠤᠳᠠᠭ᠎ᠠ ᠵᠢᠨ ᠦᠢ᠍ᠯᠡᠳᠪᠦᠷᠢᠯᠡᠯ ᠬᠦᠢ᠍ᠲᠡᠨ ᠪᠠ ᠭᠠᠩ ᠬᠠᠭᠤᠷᠠᠢ ᠵᠢᠨ ᠨᠦᠯᠦᠭᠡᠯᠡᠯ᠎ᠢ ᠲᠡᠪᠴᠢᠨ ᠳᠠᠬᠢᠨᠲᠠ ᠰᠠᠶ᠋ᠢᠨ ᠬᠤᠷᠢᠶᠠᠯᠲᠠ ᠣᠯᠵᠤ ᠠᠮᠤ ᠪᠤᠳᠠᠭ᠎ᠠ ᠵᠢᠨ ᠬᠤᠷᠢᠶᠠᠯᠲᠠ ᠵᠢᠨ ᠬᠡᠮᠵᠢᠶ᠎ᠡ ᠬᠤᠶᠠᠷ ᠵᠢᠯ ᠲᠠᠷᠠᠭ᠋ᠠᠯᠠᠨ 550 ᠳ᠋ᠦᠩᠰᠢᠭᠤᠷ ᠵᠢᠩ᠎ᠠᠴᠠ ᠳᠡᠭᠡᠭᠰᠢᠬᠢ᠎ᠳᠤ ᠲᠣᠭᠲᠠᠪᠤᠷᠢᠵᠢᠪᠠ; ᠮᠠᠯᠵᠢᠯ᠎ᠤᠨ ᠣᠨ᠎ᠤ ᠮᠠᠯ ᠠᠷᠠᠴᠢᠯᠠᠨ ᠲᠡᠵᠢᠭᠡᠵᠦ ᠪᠠᠶ᠋ᠢᠭ᠎ᠠ ᠲᠤᠭ᠎ᠠ ᠲᠣᠯᠣᠭ᠋ᠠᠢ 1.29 ᠳ᠋ᠦᠩᠰᠢᠭᠤᠷ᠎ᠢ ᠳᠠᠪᠠᠵᠤ᠂ 1100 ᠲᠦᠮᠡᠨ ᠲᠤᠭ᠎ᠠ ᠲᠣᠯᠣᠭ᠋ᠠᠢ ᠨᠡᠮᠡᠭᠳᠡᠪᠡ᠃ ᠠᠵᠤ ᠦᠢ᠍ᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠲᠡᠪᠰᠢᠬᠦ ᠵᠢ ᠦᠷᠬᠦᠯᠵᠢᠯᠡᠨ ᠠᠬᠢᠭᠤᠯᠵᠤ᠂ ᠣᠳᠣ ᠦᠶ᠎ᠡ ᠵᠢᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠡᠷᠭᠡ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ ᠲᠦᠷᠭᠡᠨ ᠵᠶ᠋ᠠᠷ ᠦᠰᠦᠨ ᠪᠤᠶ᠋ᠢᠵᠢᠵᠤ᠂ ᠲᠣᠨᠤᠭ ᠲᠥᠬᠦᠭᠡᠷᠦᠮᠵᠢ ᠦᠢ᠍ᠯᠡᠳᠬᠦ᠂ ᠳᠡᠭᠡᠳᠦ ᠰᠢᠨ᠎ᠡ ᠮᠡᠷᠭᠡᠵᠢᠯ᠂ ᠥᠩᠭᠡᠲᠦ ᠲᠡᠮᠦᠷᠯᠢᠭ ᠪᠤᠯᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ ᠳᠦᠷᠭᠡᠨ ᠬᠦᠭᠵᠢᠵᠦ᠂ ᠠᠵᠤ ᠦᠢ᠍ᠯᠡᠳᠪᠦᠷᠢ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 3.6 ᠵᠠᠭᠤᠨ᠎ᠤ ᠴᠡᠭ ᠵᠶ᠋ᠠᠷ ᠳᠡᠭᠡᠭᠰᠢᠯᠡᠨ᠂ ᠬᠤᠪᠣᠷ ᠰᠢᠷᠤᠢ᠂ ᠰᠠᠯᠬᠢᠨ ᠬᠦᠴᠦᠨ᠎ᠤ ᠴᠠᠬᠢᠯᠭ᠋ᠠᠨ᠂ ᠡᠭᠦᠯᠡᠨ ᠪᠣᠳᠣᠯᠲᠠ᠂ ᠳᠠᠩ ᠲᠠᠯᠠᠰᠲᠤ ᠴᠠᠬᠢᠭᠤᠷ᠎ᠤᠨ ᠠᠵᠤ ᠦᠢ᠍ᠯᠡᠰ᠎ᠤᠨ ᠬᠡᠪᠴᠢᠶᠡᠵᠢᠯ᠎ᠨᠢ ᠪᠥᠬᠦ ᠤᠯᠤᠰ᠎ᠤᠨ ᠠᠩᠬᠠᠨ᠎ᠤ ᠪᠠᠶ᠋ᠢᠷᠢ ᠵᠢ ᠪᠠᠲᠤᠯᠠᠪᠠ᠃ ᠤᠯᠠᠮᠵᠢᠯᠠᠯᠲᠤ ᠠᠵᠤ ᠦᠢ᠍ᠯᠡᠰ᠎ᠤᠨ ᠥᠭᠡᠷᠡᠴᠢᠯᠡᠨ ᠳᠡᠰ ᠳᠡᠪᠰᠢᠭᠦᠯᠬᠦ ᠲᠦᠷᠭᠡᠳᠴᠦ᠂ ᠮᠡᠷᠭᠡᠵᠢᠯ᠎ᠤᠨ ᠥᠭᠡᠷᠡᠴᠢᠯᠡᠯᠲᠡ ᠵᠢᠨ ᠣᠷᠤᠭᠤᠯᠤᠯᠲᠠ 1085 ᠳ᠋ᠦᠩᠰᠢᠭᠤᠷ ᠲᠦᠭᠦᠷᠢᠭ ᠪᠠᠶ᠋ᠢᠵᠤ᠂ ᠤᠯᠤᠰ᠎ᠠᠴᠠ ᠪᠠᠭᠤᠯᠭ᠋ᠠᠭᠰᠠᠨ 《12 · 5》 ᠵᠢᠨ ᠲᠦᠯᠦᠪᠵᠢᠭᠦᠯᠭᠡ᠎ᠳᠠᠬᠢ ᠬᠤᠴᠣᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠰᠢᠯᠢᠭᠳᠡᠬᠦᠯᠬᠦ ᠡᠭᠦᠷᠭᠡ᠎ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠣᠳᠤ ᠦᠶ᠎ᠡ ᠵᠢᠨ ᠦᠢ᠍ᠯᠡᠴᠢᠯᠡᠭᠡ ᠵᠢᠨ ᠦᠢ᠍ᠯᠡᠰ᠎ᠢ ᠶᠡᠬᠡᠪᠡᠷ ᠭᠥᠭᠵᠢᠭᠦᠯᠵᠦ᠂ ᠨᠠᠰᠦᠵᠢᠯ᠎ᠤᠨ ᠠᠰᠠᠷᠠᠮᠵᠢ ᠡᠷᠡᠭᠦᠯᠵᠢᠯ᠂ ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ᠎ᠤᠨ ᠬᠦᠭᠵᠢᠯᠳᠡ ᠵᠢ ᠠᠬᠢᠭᠤᠯᠬᠤ ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠳᠡᠯᠡᠵᠦ᠂ ᠰᠣᠶᠣᠯ᠂ ᠮᠡᠳᠡᠭᠡ ᠵᠠᠩᠭᠢ ᠵᠡᠷᠭᠡ ᠠᠵᠤ ᠦᠢ᠍ᠯᠡᠰ ᠯᠠᠪᠳᠠᠭᠤᠨ ᠵᠶ᠋ᠠᠷ ᠭᠥᠭᠵᠢᠵᠦ᠂ ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠢ ᠣᠷᠣᠯᠭ᠎ᠠ 28.7%᠎ᠪᠠᠷ ᠨᠡᠮᠡᠭᠳᠡᠵᠦ᠂ ᠮᠥᠩᠭᠦᠨ ᠭᠦᠢ᠍ᠯᠭᠡᠭᠡ ᠵᠢᠨ ᠪᠠᠶ᠋ᠢᠭᠤᠯᠤᠮᠵᠢ ᠵᠢᠨ ᠠᠷᠠᠳ᠎ᠤᠨ ᠵᠣᠭᠤᠰ᠎ᠤᠨ ᠵᠢᠭᠡᠯᠡᠯᠭᠡ ᠵᠢᠨ ᠦᠯᠡᠳᠡᠪᠦᠷᠢ ᠲᠤᠭ᠎ᠠ 15.5%᠎ᠪᠠᠷ ᠨᠡᠮᠡᠭᠳᠡᠪᠡ᠃ ᠰᠢᠨ᠎ᠡ ᠮᠠᠶᠢᠭ᠎ᠤᠨ ᠬᠤᠲᠠ ᠪᠠᠯᠭ᠋ᠠᠰᠤᠴᠢᠯᠠᠬᠤ ᠠᠯᠬᠤᠴᠠ᠎ᠪᠠᠨ ᠲᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ᠎ᠠᠴᠠ ᠰᠢᠯᠵᠢᠭᠦᠯᠦᠭᠰᠡᠨ ᠬᠥᠮᠥᠨ ᠠᠮᠠ ᠵᠢ ᠬᠤᠲᠠ ᠵᠢᠨ ᠠᠷᠠᠳ ᠪᠣᠯᠭ᠋ᠠᠬᠤ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠤᠨ᠂ ᠬᠤᠲᠠ ᠪᠠᠯᠭ᠋ᠠᠰᠤᠴᠢᠯᠠᠬᠰᠠᠨ ᠨᠣᠷᠮ᠎ᠠ 59.5%᠎ᠳᠤ ᠬᠦᠷᠦᠭᠰᠡᠨ ᠪᠦᠭᠡᠳ 0.8 ᠵᠢᠨ ᠵᠠᠭᠤᠨ᠎ᠤ ᠴᠡᠭ ᠵᠶ᠋ᠠᠷ ᠲᠡᠭᠡᠭᠰᠢᠯᠡᠪᠡ᠃ ᠣᠷᠣᠨ᠎ᠤ ᠲᠥᠪ ᠪᠣᠯᠣᠨ ᠣᠷᠣᠨ ᠪᠦᠰᠡ ᠵᠢᠨ ᠭᠤᠣᠯ ᠪᠣᠯᠬᠤ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠠᠯᠬᠤᠴᠠ ᠢᠯᠡᠷᠬᠡᠢ ᠲᠦᠷᠭᠡᠳᠴᠦ᠂ ᠮᠠᠯᠵᠢᠬᠤ ᠲᠠᠷᠢᠶᠠᠯᠠᠬᠤ ᠣᠷᠣᠨ᠎ᠤ ᠲᠥᠷᠰᠥ ᠪᠠᠶ᠋ᠢᠳᠠᠯ᠎ᠳᠤ ᠢᠯᠡᠳᠳᠡ ᠬᠤᠪᠢᠷᠠᠯᠳᠠ ᠭᠠᠷᠴᠤ᠂ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ ᠲᠠᠰᠤᠷᠠᠯᠳᠠ ᠦᠭᠡᠢ ᠴᠢᠩᠭ᠋ᠠᠷᠠᠪᠠ᠃
(ᠭᠤᠷᠪᠠ) ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ ᠠᠬᠢᠭᠤᠯᠪᠠ᠃ ᠤᠨ᠎ᠤ ᠭᠤᠤᠯᠳᠠᠯᠭ᠎ᠠ᠎ᠲᠠᠢ ᠦᠭᠡᠷᠡᠴᠢᠯᠡᠯᠳᠡ ᠵᠢᠨ ᠡᠭᠦᠷᠭᠡ᠎ᠪᠠᠨ ᠪᠦᠬᠦᠨ᠎ᠢ ᠪᠡᠶᠡᠯᠡᠬᠦᠯᠪᠡ᠃ ᠰᠢ ᠵᠢᠨ ᠫᠢᠩ ᠶᠡᠷᠦᠩᠬᠡᠢ ᠱᠦᠵᠢ ᠵᠢᠨ ᠮᠠᠨ᠎ᠤ ᠣᠷᠣᠨ᠎ᠢ ᠵᠣᠷᠢᠬ᠍ᠵᠢᠭᠤᠯᠤᠨ ᠤᠷᠢᠳᠠᠪᠡᠷ ᠶᠠᠪᠤᠭᠳᠠᠭᠤᠯᠤᠨ ᠤᠷᠢᠳᠠᠪᠠᠷ ᠲᠤᠷᠰᠢᠬᠤ ᠭᠤᠷᠪᠠᠨ ᠵᠦᠢ᠍ᠯ᠎ᠤᠨ ᠭᠤᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠳᠤᠪᠤᠶ᠋ᠢᠯᠭ᠋ᠠᠨ ᠰᠠᠶ᠋ᠢᠳᠤᠷ ᠠᠳᠬᠤᠵᠤ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠪᠠᠶ᠋ᠢᠭᠤᠯᠤᠯᠲᠠ᠂ ᠬᠦᠲᠦᠴᠢ ᠠᠵᠤ ᠠᠬᠤᠶ᠋ᠢᠯᠠᠯ ᠪᠠ ᠮᠠᠯᠴᠢᠨ ᠲᠠᠷᠢᠶᠠᠴᠢᠨ᠎ᠤ ᠨᠢᠭᠲᠠ ᠬᠡᠯᠪᠡᠷᠢ ᠵᠢᠨ ᠠᠰᠢᠭ ᠲᠤᠰᠠ ᠵᠢ ᠬᠤᠯᠪᠣᠯᠳᠤᠭᠤᠯᠬᠤ ᠳᠣᠭᠲᠠᠴᠠ ᠪᠠᠶ᠋ᠢᠭᠤᠯᠬᠤ᠂ ᠣᠷᠣᠰ ᠮᠣᠩᠭᠤᠯ ᠤᠯᠤᠰ᠎ᠯᠤᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠬᠤ ᠠᠵᠢᠯ᠎ᠤᠳ ᠯᠠᠪᠳᠠᠭᠤᠨ ᠪᠠᠳᠤᠲᠠᠢ ᠠᠬᠢᠪᠠ᠃ ᠵᠠᠰᠠᠭ᠎ᠢ ᠴᠣᠮᠬᠠᠳᠬᠠᠵᠤ ᠡᠷᠬᠡ ᠵᠢ ᠲᠠᠯᠪᠢᠬᠤ ᠡᠷᠴᠢᠮ ᠵᠶ᠋ᠠᠨ ᠴᠢᠩᠭ᠋ᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠭᠰᠡᠨ ᠲᠥᠷᠥᠯ ᠵᠦᠢ᠍ᠯ᠎ᠤᠨ 114 ᠵᠢ᠎ᠨᠢ ᠬᠦᠴᠦᠨ ᠦᠭᠡᠢ ᠪᠣᠯᠭ᠋ᠠᠭᠰᠠᠨ ᠪᠠ ᠲᠣᠷᠣᠭᠰᠢ ᠪᠠᠭᠤᠯᠭ᠋ᠠᠵᠤ 1/3᠎ᠪᠠᠷ ᠴᠤᠮᠠᠳᠬᠠᠪᠠ᠃ ᠠᠵᠤ ᠦᠢ᠍ᠯᠡᠳᠪᠦᠷᠢ ᠬᠤᠳᠠᠯᠳᠤᠭ᠎ᠠ ᠵᠢᠨ ᠳᠠᠩᠰᠠᠯᠠᠭᠤᠯᠬᠤ ᠳᠦᠷᠢᠮ᠎ᠤᠨ ᠥᠭᠡᠷᠡᠴᠢᠯᠡᠯᠲᠡ ᠵᠢᠨ ᠦᠷ᠎ᠡ ᠪᠦᠲᠦᠮᠵᠢ ᠮᠡᠳᠡᠭᠳᠡᠮ᠎ᠡ ᠪᠠᠶ᠋ᠢᠵᠤ᠂ ᠰᠢᠨ᠎ᠡ᠎ᠪᠠᠷ ᠳᠠᠩᠰᠠᠯᠠᠭᠤᠯᠤᠭᠰᠠᠨ ᠠᠵᠤ ᠠᠬᠤᠶ᠋ᠢᠯᠠᠯ᠎ᠤᠨ ᠲᠥᠷᠥᠯ᠎ᠤᠨ ᠵᠠᠬ᠎ᠠ ᠳᠡᠯᠭᠡᠭᠦᠷ᠎ᠤᠨ ᠭᠤᠣᠯ ᠴᠣᠭᠴᠠ ᠪᠣᠯᠣᠨ ᠳᠠᠩᠰᠠᠯᠠᠭᠤᠯᠤᠭᠰᠠᠨ ᠬᠥᠷᠥᠩᠭᠡᠨᠦᠭᠦᠳ ᠲᠤᠰ ᠲᠤᠰ 91% ᠪᠠ 2.2 ᠲᠠᠬᠢᠨ ᠵᠶ᠋ᠠᠷ ᠨᠡᠮᠡᠭᠳᠡᠵᠦ᠂ ᠠᠵᠢᠯ᠎ᠳᠤ ᠣᠷᠣᠯᠴᠠᠭᠰᠠᠳ 43%᠎ᠪᠠᠷ ᠨᠡᠮᠡᠭᠳᠡᠪᠡ᠃ ᠡᠷᠬᠡ ᠵᠢ ᠥᠷᠭᠡᠳᠭᠡᠨ ᠰᠢᠶᠠᠨ᠎ᠢ ᠬᠦᠴᠦᠷᠬᠡᠭᠵᠢᠭᠦᠯᠬᠦ ᠲᠤᠷᠰᠢᠯᠲᠠ ᠵᠢᠨ 12 ᠬᠤᠰᠢᠭᠤ ᠰᠢᠶᠠᠨ᠎ᠳᠤ 61 ᠵᠦᠢ᠍ᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠢ ᠪᠠᠭᠤᠯᠭ᠋ᠠᠨ ᠥᠭᠪᠡ᠃ ᠰᠠᠭᠤᠷᠢ ᠪᠡᠯᠡᠳᠭᠡᠮᠵᠢ ᠪᠣᠯᠣᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠡᠷᠭᠡ ᠬᠦᠷᠢᠶ᠎ᠡ ᠴᠠᠷᠠᠭ᠎ᠠ᠎ᠳᠠᠬᠢ ᠠᠷᠠᠳ᠎ᠤᠨ ᠲᠤᠮᠳᠠᠬᠢ ᠬᠥᠷᠥᠩᠭᠡ ᠮᠥᠩᠭᠦ᠎ᠳᠤ ᠬᠠᠨᠳᠤᠭᠤᠯᠤᠭᠰᠠᠨ ᠴᠢᠬᠤᠯᠠ ᠶᠡᠭᠡ ᠵᠢᠱ᠌ᠢᠶ᠎ᠡ ᠦᠵᠡᠭᠦᠯᠬᠦ 50 ᠲᠥᠷᠥᠯ ᠵᠦᠢ᠍ᠯ᠎ᠢ ᠲᠦᠯᠬᠢᠨ ᠭᠠᠷᠭ᠋ᠠᠪᠠ᠃ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠪᠥᠬᠦ ᠤᠯᠤᠰ᠎ᠤᠨ ᠲᠡᠷᠢᠭᠦᠨ ᠪᠠᠶ᠋ᠢᠷᠢᠨ᠎ᠳᠤ ᠣᠷᠣᠵᠣ᠂ ᠥᠪᠥᠷ ᠮᠣᠩᠭᠤᠯ᠎ᠤᠨ ᠪᠠᠷᠠᠭᠤᠨ ᠪᠡᠶ᠎ᠡ ᠵᠢᠨ ᠭᠠᠵᠠᠷ ᠣᠷᠣᠨ᠎ᠤ ᠴᠠᠬᠢᠯᠭ᠋ᠠᠨ ᠬᠦᠴᠦᠨ᠎ᠤ ᠣᠯᠠᠨ ᠲᠡᠰᠢ ᠠᠷᠠᠯᠵᠢᠶᠠᠯᠠᠭᠰᠠᠨ ᠴᠠᠬᠢᠯᠭ᠋ᠠᠨ ᠬᠡᠮᠵᠢᠶ᠎ᠡ 38%᠎ᠪᠠᠷ ᠨᠡᠮᠡᠭᠳᠡᠪᠡ᠂ ᠥᠪᠥᠷ ᠮᠣᠩᠭᠤᠯ᠎ᠤᠨ ᠵᠡᠭᠦᠨ ᠪᠡᠶ᠎ᠡ ᠵᠢᠨ ᠭᠠᠵᠠᠷ ᠣᠷᠣᠨ᠎ᠤ ᠲᠣᠮᠣ ᠬᠡᠷᠡᠭᠯᠡᠬᠦ ᠡᠷᠦᠬᠡ᠎ᠳᠤ ᠰᠢᠭᠤᠳ ᠴᠠᠬᠢᠯᠭ᠋ᠠᠨ ᠬᠠᠩᠭ᠋ᠠᠬᠤ ᠠᠵᠢᠯ᠎ᠢ ᠡᠬᠢᠯᠡᠭᠦᠯᠪᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠢᠳᠡᠪᠬᠢᠲᠡᠢ᠎ᠪᠠᠷ ᠠᠬᠢᠭᠤᠯᠵᠤ᠂ ᠪᠣᠭᠤᠲᠤ ᠵᠢᠨ ᠪᠣᠯᠣᠳ ᠲᠡᠮᠦᠷ᠎ᠤᠨ ᠦᠢ᠍ᠯᠡᠳᠪᠦᠷᠢ ᠵᠢᠨ ᠲᠣᠮᠣᠬᠠᠨ ᠬᠠᠮᠲᠤ ᠵᠢᠨ ᠠᠵᠤ ᠠᠬᠤᠶ᠋ᠢᠯᠠᠯ ᠡᠷᠬᠢᠯᠡᠬᠦ ᠥᠭᠡᠷᠡᠴᠢᠯᠡᠯᠲᠡ᠂ ᠥᠪᠥᠷ ᠮᠣᠩᠭᠤᠯ᠎ᠤᠨ ᠡᠨᠧᠷᠭᠢ᠎ᠪᠠᠷ ᠴᠠᠬᠢᠯᠭ᠋ᠠᠨ ᠡᠭᠦᠰᠭᠡᠭᠦ ᠣᠷᠣᠭᠤᠯᠣᠯᠲᠠ ᠵᠢᠨ ᠪᠦᠯᠦᠭᠯᠡᠯ᠎ᠤᠨ ᠰᠲ᠋ᠣᠺ᠎ᠤᠨ ᠡᠷᠬᠡ ᠵᠢᠨ ᠪᠦᠳᠦᠴᠡ ᠵᠢ ᠲᠤᠬᠢᠷᠠᠭᠤᠯᠬᠤ ᠪᠠ ᠡᠨᠧᠷᠭᠢ ᠵᠢᠨ ᠪᠦᠲᠦᠭᠡᠨ ᠪᠠᠶ᠋ᠢᠭᠤᠯᠤᠯᠲᠠ ᠵᠢᠨ ᠪᠦᠯᠦᠭᠯᠡᠯ᠂ ᠠᠭᠤᠷᠬᠠᠢ ᠵᠢᠨ ᠦᠢ᠍ᠯᠡᠰ᠎ᠤᠨ ᠪᠦᠯᠦᠭᠯᠡᠯ᠂ ᠵᠠᠮ ᠬᠠᠷᠢᠯᠴᠠᠭ᠎ᠠ ᠵᠢᠨ ᠪᠡᠯᠡ ᠣᠷᠤᠭᠤᠯᠤᠯᠲᠠ ᠵᠢᠨ ᠪᠦᠯᠦᠭᠯᠡᠯ᠎ᠤᠨ ᠫᠠᠶ᠋ᠢᠰᠠ ᠡᠯᠭᠦᠨ ᠠᠵᠢᠯᠯᠠᠬᠤ ᠵᠡᠷᠭᠡ ᠭᠤᠣᠯᠳᠠᠯᠭ᠎ᠠ᠎ᠲᠠᠢ ᠠᠵᠢᠯ᠎ᠤᠳ᠎ᠢ ᠪᠡᠶᠡᠯᠡᠭᠦᠯᠪᠡ᠃ ᠡᠳ᠋᠎ᠤᠨ ᠵᠠᠰᠠᠭ ᠭᠠᠶ᠋ᠢᠯᠢ ᠮᠥᠩᠭᠦᠨ ᠭᠦᠢ᠍ᠯᠭᠡᠭᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠰᠠᠭ᠎ᠤᠨ ᠣᠷᠳᠣᠨ᠎ᠤ ᠵᠢᠷᠤᠮᠵᠢᠵᠤ ᠲᠡᠭᠦᠯᠳᠡᠷᠵᠢᠭᠰᠡᠨ ᠲᠥᠰᠥᠪ᠎ᠤᠨ ᠰᠢᠰᠲ᠋ᠧᠮᠵᠢ ᠵᠢ ᠠᠩᠬ᠎ᠠ ᠠᠯᠬᠤᠮ ᠪᠠᠶ᠋ᠢᠭᠤᠯᠤᠭ᠋ᠠᠳ 74 ᠰᠠᠯᠠᠭ᠎ᠠ ᠮᠥᠴᠢᠷ᠎ᠤᠳ ᠣᠨ᠎ᠤ ᠲᠥᠰᠥᠪ ᠵᠶ᠋ᠠᠨ ᠢᠯᠡ ᠪᠣᠯᠭ᠋ᠠᠪᠠ᠃ 《ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ》 ᠲᠤᠷᠰᠢᠯᠲᠠ ᠵᠢᠨ ᠬᠦᠷᠢᠶ᠎ᠡ ᠬᠡᠪᠴᠢᠶ᠎ᠡ᠎ᠪᠠᠨ ᠥᠷᠭᠡᠳᠭᠡᠨ᠂ ᠠᠵᠤ ᠠᠬᠤᠶ᠋ᠢᠯᠠᠯ᠎ᠤᠳ᠎ᠤᠨ ᠭᠠᠶ᠋ᠢᠯᠢ ᠵᠢᠨ ᠬᠠᠰᠤᠭᠳᠠᠭᠰᠠᠨ ᠬᠡᠪᠴᠢᠶ᠎ᠡ᠎ᠨᠢ 95% ᠵᠢ ᠳᠠᠪᠠᠪᠠ᠃ ᠣᠯᠠᠨ ᠳᠡᠰ ᠳᠠᠪᠬᠤᠷᠭ᠎ᠠ ᠵᠢᠨ ᠬᠥᠷᠥᠩᠭᠡ ᠮᠥᠩᠭᠦ ᠵᠢᠨ ᠵᠠᠬ᠎ᠠ ᠳᠡᠯᠭᠡᠭᠦᠷ᠎ᠢ ᠲᠦᠷᠭᠡᠳᠭᠡᠨ ᠭᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠲ᠋ᠣᠺ᠎ᠤᠨ ᠡᠷᠬᠡ ᠵᠢᠨ ᠠᠷᠠᠯᠵᠢᠶ᠎ᠠ ᠵᠢᠨ ᠲᠥᠪ᠎ᠢ ᠡᠬᠢᠯᠡᠭᠦᠯᠦᠨ ᠠᠵᠢᠯᠯᠠᠭᠤᠯᠤᠭ᠋ᠠᠳ ᠠᠵᠤ ᠠᠬᠤᠶ᠋ᠢᠯᠠᠯ᠎ᠤᠳ᠎ᠤᠨ ᠬᠥᠷᠥᠩᠭᠡ ᠮᠥᠩᠭᠦ ᠵᠢᠨ ᠵᠠᠬ᠎ᠠ ᠳᠡᠯᠭᠡᠭᠦᠷ ᠵᠶ᠋ᠠᠷ ᠳᠠᠮᠵᠢᠭᠤᠯᠵᠤ ᠰᠢᠭᠤᠳ ᠲᠤᠬᠢᠷᠠᠭᠤᠯᠤᠭᠰᠠᠨ ᠪᠡᠯᠡ 648 ᠳ᠋ᠦᠩᠰᠢᠭᠤᠷ ᠲᠥᠭᠦᠷᠢᠭ ᠪᠣᠯᠪᠠ᠃ ᠬᠦᠳᠡᠭᠡ ᠲᠤᠰᠬᠤᠨ᠎ᠤ ᠢᠲᠡᠭᠡᠮᠵᠢ ᠵᠢᠨ ᠬᠤᠷᠰᠢᠶ᠎ᠠ ᠵᠢᠨ ᠬᠤᠪᠢᠴᠠᠭ᠋ᠠᠲᠤ ᠲᠥᠷᠢᠮ᠎ᠤᠨ ᠥᠭᠡᠷᠡᠴᠢᠯᠡᠯᠲᠡ ᠵᠢ ᠠᠬᠢᠭᠤᠯᠵᠤ ᠬᠥᠳᠡᠭᠡ ᠲᠤᠰᠬᠤᠨ᠎ᠤ ᠨᠡᠶ᠋ᠢᠳᠡᠮ ᠬᠠᠷᠠᠭ᠋ᠠᠯᠵᠠᠬᠤ ᠮᠥᠩᠭᠦᠨ ᠭᠦᠢ᠍ᠯᠭᠡᠭᠡ ᠵᠢ ᠶᠡᠬᠡᠪᠡᠷ ᠭᠥᠭᠵᠢᠭᠦᠯᠦᠭᠰᠡᠨ ᠵᠶ᠋ᠠᠷ 《ᠲᠠᠷᠢᠶᠠᠯᠠᠩ᠎ᠢ ᠲᠤᠰᠠᠯᠠᠬᠤ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠴᠢᠬ》ᠤᠳ 78% ᠭᠠᠴᠠᠭ᠎ᠠ ᠲᠤᠰᠬᠤᠨ᠎ᠢ ᠬᠠᠮᠤᠷᠪᠠ᠃ ᠮᠠᠯᠵᠢᠬᠤ ᠲᠠᠷᠢᠶᠠᠯᠠᠬᠤ ᠣᠷᠣᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠦᠳᠡᠭᠡ ᠲᠣᠰᠬᠤᠨ᠎ᠤ ᠭᠠᠵᠠᠷ ᠰᠢᠷᠣᠢ ᠵᠢᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠲᠣᠳᠣᠯᠠᠨ ᠳᠠᠩᠰᠠᠯᠠᠵᠤ ᠦᠨᠡᠮᠯᠡᠯ ᠣᠯᠭᠤᠬᠤ ᠲᠤᠷᠰᠢᠯᠲᠠ ᠵᠢ ᠠᠶ᠋ᠢᠮᠠᠭ ᠪᠦᠷᠢ ᠵᠢᠨ 1 ᠬᠤᠰᠢᠭᠤ ᠰᠢᠶᠠᠨ (ᠰᠢᠶᠠᠩ ᠪᠠᠯᠭ᠋ᠠᠰᠤ)᠎ᠳᠤ ᠬᠦᠷᠲᠡᠯ᠎ᠡ ᠥᠷᠭᠡᠳᠭᠡᠵᠦ᠂ 10 ᠮᠠᠯᠵᠢᠬᠤ ᠬᠤᠰᠢᠭᠤᠨ᠎ᠳᠤ ᠨᠤᠲᠤᠭ ᠪᠡᠯᠴᠢᠭᠡᠷ᠎ᠤᠨ ᠡᠷᠬᠡ ᠵᠢ ᠲᠣᠳᠣᠯᠠᠬᠤ ᠳᠠᠭ᠋ᠠᠭ᠋ᠠᠴᠢᠯᠠᠯᠲᠠ ᠵᠢᠨ ᠲᠤᠷᠰᠢᠯᠲᠠ ᠵᠢ ᠦᠷᠨᠢᠭᠦᠯᠦᠭᠡᠳ ᠬᠠᠮᠳᠤ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠬᠡᠷᠡᠭᠯᠡᠬᠦ ᠡᠷᠬᠡ᠂ ᠭᠡᠷ ᠪᠠᠷᠢᠬᠤ ᠭᠠᠵᠠᠷ ᠬᠡᠷᠡᠭᠯᠡᠬᠦ ᠡᠷᠬᠡ ᠵᠢ ᠲᠣᠳᠣᠯᠠᠨ ᠳᠠᠩᠰᠠᠯᠠᠵᠤ ᠦᠨᠡᠮᠯᠡᠯ ᠣᠯᠭᠤᠭᠰᠠᠨ ᠨᠣᠷᠮ᠎ᠠ ᠲᠤᠰ ᠲᠤᠰ 61% ᠪᠠ 67%᠎ᠳᠤ ᠬᠦᠷᠴᠦ᠂ ᠬᠠᠮᠳᠤ ᠵᠢᠨ ᠣᠢ ᠰᠢᠭᠤᠢ ᠵᠢᠨ ᠡᠷᠬᠡ ᠵᠢ ᠲᠣᠳᠣᠯᠠᠭᠰᠠᠨ ᠨᠣᠷᠮ᠎ᠠ 99.8% ᠪᠣᠯᠪᠠ᠃
ᠭᠠᠳᠠᠭ᠋ᠠᠳᠤ᠎ᠲᠠᠢ ᠴᠢᠯᠦᠭᠡᠲᠡᠢ ᠶᠠᠪᠤᠯᠴᠠᠬᠤ ᠬᠢᠷᠢ ᠲᠦᠪᠰᠢᠨ ᠵᠶ᠋ᠠᠨ ᠪᠦᠬᠦ ᠲᠠᠯ᠎ᠠ᠎ᠪᠠᠷ ᠲᠡᠭᠡᠭᠰᠢᠯᠡᠭᠦᠯᠪᠡ᠃ ᠣᠷᠣᠰ ᠮᠣᠩᠭᠤᠯ᠎ᠯᠤᠭ᠎ᠠ ᠵᠢᠨ ᠪᠤᠳᠠᠳᠠᠢ ᠵᠢ ᠡᠷᠬᠢᠮᠯᠡᠬᠦ ᠬᠠᠮᠵᠢᠯᠴᠠᠭ᠎ᠠ᠎ᠪᠠᠨ ᠭᠦᠨᠵᠡᠬᠡᠶ᠋ᠢᠷᠠᠬᠦᠯᠵᠦ᠂ ᠮᠠᠨᠵᠤᠤᠷ᠎ᠤᠨ ᠭᠤᠣᠯᠳᠠᠯᠭ᠎ᠠ᠎ᠲᠠᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠡᠮᠬᠢ ᠵᠢᠷᠤᠮ᠎ᠲᠠᠢ᠎ᠪᠠᠷ ᠠᠬᠢᠭᠤᠯᠤᠭᠳᠠᠵᠤ᠂ ᠡᠷᠢᠶᠡᠨᠤ ᠭᠤᠣᠯᠳᠠᠯᠭ᠎ᠠ᠎ᠲᠠᠢ ᠨᠡᠭᠡᠭᠡᠨ ᠭᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠵᠢᠨ ᠣᠷᠣᠨ ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠳᠡᠪᠡ᠂ ᠤᠯᠤᠰ᠎ᠤᠨ 《ᠲᠣᠷᠭ᠋ᠠᠨ ᠵᠠᠮ᠎ᠤᠨ ᠠᠵᠤ ᠠᠬᠤᠢ ᠵᠢᠨ ᠪᠦᠰᠡ》 ᠵᠢ ᠪᠦᠲᠦᠭᠡᠨ ᠪᠠᠶ᠋ᠢᠭᠤᠯᠬᠤ ᠬᠦᠷᠢᠶ᠎ᠡ ᠬᠡᠪᠴᠢᠶᠡᠨ᠎ᠳᠤ ᠮᠠᠨ᠎ᠤ ᠣᠷᠣᠨ ᠪᠠᠭᠲᠠᠭᠳᠠᠨ ᠣᠷᠣᠵᠣ᠂ ᠤᠮᠠᠷᠠᠰᠢ ᠨᠡᠭᠡᠭᠡᠯᠲᠡ ᠬᠢᠬᠦ ᠬᠦᠬᠦᠷᠭᠡᠨ ᠪᠠᠬᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠴᠢᠬᠤᠯᠠ ᠠᠯᠬᠤᠮ᠎ᠢ ᠠᠯᠬᠤᠪᠠ᠃ ᠪᠥᠬᠦ ᠵᠢᠯ᠎ᠤᠨ ᠭᠠᠳᠠᠭ᠋ᠠᠳᠤ ᠠᠷᠠᠯᠵᠢᠶ᠎ᠠ ᠵᠢᠨ ᠭᠠᠳᠠᠭ᠋ᠠᠳᠤ᠎ᠠᠴᠠ ᠣᠷᠤᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠤᠭ᠎ᠠ 145.5 ᠳ᠋ᠦᠩᠰᠢᠭᠤᠷ ᠳ᠋ᠣᠯᠯᠠᠷ ᠪᠠᠶ᠋ᠢᠵᠤ᠂ 21.4%᠎ᠪᠠᠷ ᠨᠡᠮᠡᠭᠳᠡᠪᠡ᠃ ᠣᠷᠣᠨ ᠪᠦᠰᠡ ᠵᠢᠨ ᠬᠤᠷᠰᠢᠯᠴᠠᠭ᠎ᠠ᠎ᠪᠠᠨ ᠴᠢᠩᠭ᠋ᠠᠳᠬᠠᠨ᠂ ᠪᠡᠭᠡᠵᠢᠩ ᠥᠪᠥᠷ ᠮᠣᠩᠭᠤᠯ᠎ᠤᠨ ᠬᠤᠷᠰᠢᠯᠴᠠᠭ᠋ᠠᠨᠤ ᠲᠣᠭᠲᠠᠴᠠ᠎ᠪᠠᠨ ᠲᠡᠭᠦᠯᠳᠡᠷᠵᠢᠭᠦᠯᠵᠦ᠂ ᠥᠪᠥᠷ ᠮᠣᠩᠭᠤᠯ ᠱᠠᠨ ᠰᠢ ᠾᠧᠪᠸᠢ ᠵᠢᠨ ᠤᠷᠳᠤ ᠴᠠᠭ᠋ᠠᠨ ᠬᠡᠷᠡᠮ ᠠᠯᠲᠠᠨ ᠬᠤᠰᠢᠭᠤᠯᠵᠢᠨ ᠣᠷᠣᠨ᠎ᠤ ᠬᠠᠮᠵᠢᠯᠴᠠᠭ᠎ᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠡᠬᠢᠯᠡᠭᠦᠯᠥᠨ᠂ ᠦᠪᠦᠷ ᠮᠤᠩᠭᠤᠯ (ᠰᠢᠶᠠᠩᠭ᠋ᠠᠡᠭ)᠎ᠤᠨ ᠠᠵᠤ ᠠᠬᠤᠢ ᠵᠢᠨ ᠠᠷᠠᠯᠵᠢᠶ᠎ᠠ ᠰᠤᠶᠤᠯ᠎ᠢ ᠳᠡᠯᠭᠡᠷᠡᠭᠦᠯᠬᠦ ᠭᠠᠷᠠᠬ᠂ ᠨᠠᠢ᠍ᠮᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ᠎ᠤᠨ ᠦᠨᠳᠦᠰᠦᠲᠡᠨ᠎ᠤ ᠲᠠᠸᠠᠷ ᠠᠷᠠᠯᠵᠢᠶᠠᠯᠠᠬᠤ ᠴᠤᠭᠯᠠᠭ᠋ᠠᠨ ᠪᠤᠯᠣᠨ 《ᠲᠠᠶ᠋ᠢᠸᠠᠨ᠎ᠤ ᠨᠡᠷᠡᠲᠦ ᠦᠢ᠍ᠯᠡᠳᠭᠦᠨ᠎ᠤ ᠥᠪᠥᠷ ᠮᠣᠩᠭᠤᠯ᠎ᠳᠠᠬᠢ ᠦᠵᠡᠰᠭᠦᠯᠡᠩ》ᠤᠳ᠎ᠢ ᠠᠮᠵᠢᠯᠲᠠ᠎ᠲᠠᠢ᠎ᠪᠠᠷ ᠡᠷᠬᠢᠯᠡᠵᠦ᠂ ᠤᠯᠤᠰ᠎ᠤᠨ ᠲᠣᠳᠤᠭ᠋ᠠᠳᠤ (ᠣᠷᠣᠨ᠎ᠤ ᠭᠠᠳᠠᠨ᠎ᠠ)᠎ᠠᠴᠠ ᠣᠷᠣᠭᠤᠯᠤᠨ ᠠᠪᠴᠢᠷᠠᠭᠰᠠᠨ ᠪᠣᠳᠠᠳᠠᠢ ᠪᠡᠯᠡ ᠮᠥᠩᠭᠦ 4625 ᠳ᠋ᠦᠩᠰᠢᠭᠤᠷ ᠲᠥᠭᠦᠷᠢᠭ ᠪᠠᠶ᠋ᠢᠵᠤ᠂ 5.2% ᠵᠶ᠋ᠠᠷ ᠨᠡᠮᠡᠭᠳᠡᠪᠡ᠃
(ᠳᠥᠷᠪᠡ) ᠰᠠᠭᠤᠷᠢ ᠪᠡᠯᠡᠳᠭᠡᠮᠵᠢ ᠪᠣᠯᠣᠨ ᠠᠮᠢ ᠠᠬᠤᠢ ᠵᠢᠨ ᠣᠷᠴᠢᠨ ᠲᠣᠭᠤᠷᠢᠨ ᠦᠷᠬᠦᠯᠵᠢᠯᠡᠨ ᠰᠠᠶ᠋ᠢᠵᠢᠷᠠᠪᠠ᠃ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ᠎ᠳᠤ 661 ᠳ᠋ᠦᠩᠰᠢᠭᠤᠷ ᠲᠦᠭᠦᠷᠢᠭ᠎ᠤᠨ ᠪᠡᠯᠡ ᠣᠷᠤᠭᠤᠯᠤᠯᠲᠠ ᠵᠢ ᠪᠡᠶᠡᠯᠡᠭᠦᠯᠵᠦ᠂ ᠳᠠᠬᠢᠨᠲᠠ ᠰᠢᠨ᠎ᠡ ᠲᠦᠪᠰᠢᠨ᠎ᠢ ᠡᠭᠦᠳᠦᠭᠰᠡᠨ ᠪᠠᠶ᠋ᠢᠨ᠎ᠠ᠂ ᠰᠢᠨ᠎ᠡ᠎ᠪᠠᠷ ᠨᠡᠮᠡᠭᠳᠡᠭᠰᠡᠨ ᠵᠠᠰᠠᠮᠠᠯ ᠵᠠᠮ᠎ᠤᠨ ᠤᠷᠲᠤ 3000 ᠺᠢᠯᠤᠮᠧᠳ᠋ᠷ ᠪᠠᠶ᠋ᠢᠵᠤ᠂ ᠡᠭᠦᠨ᠎ᠳᠤ ᠳᠡᠭᠡᠳᠦ ᠳᠡᠰ᠎ᠤᠨ ᠵᠠᠰᠠᠮᠠᠯ ᠵᠠᠮ 1000 ᠺᠢᠯᠤᠮᠧᠳ᠋ᠷ ᠪᠠᠶ᠋ᠢᠵᠤ᠂ ᠰᠢᠨ᠎ᠡ᠎ᠪᠠᠷ ᠨᠡᠮᠡᠭᠳᠡᠵᠦ ᠨᠡᠪᠲᠡᠷᠡᠭᠰᠡᠨ ᠪᠠᠷᠤᠭᠰᠢᠨ ᠱᠦᠢ᠍ᠨᠢ ᠵᠠᠮ᠎ᠲᠠᠢ ᠭᠠᠴᠠᠭ᠎ᠠ ᠲᠤᠰᠬᠤᠨ 720 ᠪᠠᠶ᠋ᠢᠵᠤ᠂ ᠭᠠᠴᠠᠭ᠎ᠠ ᠲᠤᠰᠬᠤᠨ ᠵᠡᠬᠡᠯᠢ ᠭᠤᠳᠤᠮᠵᠢ ᠵᠢ 9619 ᠺᠢᠯᠤᠮᠧᠳ᠋ᠷ ᠬᠠᠲᠠᠷᠠᠭᠤᠯᠤᠨ ᠳᠡᠪᠢᠰᠪᠡ᠃ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ᠎ᠳᠤ 300 ᠳ᠋ᠦᠩᠰᠢᠭᠤᠷ ᠲᠥᠭᠦᠷᠢᠭ᠎ᠤᠨ ᠪᠡᠯᠡ ᠣᠷᠤᠭᠤᠯᠤᠯᠲᠠ ᠵᠢ ᠪᠡᠶᠡᠯᠡᠭᠦᠯᠵᠦ᠂ ᠬᠦᠬᠡᠬᠤᠳᠠ ᠪᠤᠭᠤᠳᠤ ᠵᠢᠨ ᠳᠡᠭᠡᠳᠦ ᠬᠤᠷᠳᠤ ᠵᠢᠨ ᠳᠡᠮᠦᠷ ᠵᠠᠮ᠎ᠤᠨ ᠬᠦᠳᠡᠯᠬᠡᠬᠦᠷᠳᠦ ᠳᠡᠷᠬᠡ ᠵᠢᠨ ᠴᠤᠪᠤᠭ᠎ᠠ ᠵᠢ ᠵᠢᠩᠬᠢᠨᠢ᠎ᠪᠠᠷ ᠡᠬᠢᠯᠡᠨ ᠬᠦᠶᠦᠯᠭᠡᠵᠦ᠂ ᠮᠠᠨ᠎ᠤ ᠣᠷᠣᠨ᠎ᠳᠤ ᠲᠡᠬᠡᠳᠤ ᠬᠤᠷᠳᠤ ᠵᠢᠨ ᠲᠡᠮᠦᠷ ᠵᠠᠮ ᠪᠠᠶ᠋ᠢᠬᠤ ᠦᠭᠡᠢ ᠪᠠᠶ᠋ᠢᠬᠰᠠᠨ ᠲᠡᠦᠬᠡ ᠵᠢ ᠡᠴᠦᠰᠯᠡᠭᠦᠯᠪᠡ; ᠡᠵᠡᠨ᠎ᠡ᠎ᠠᠴᠠ ᠬᠠᠮᠢ᠎ᠳᠤ ᠬᠦᠷᠬᠦ᠂ ᠲᠦᠩᠯᠢᠶᠦᠦ᠎ᠠᠴᠠ ᠬᠤᠣᠯᠢᠨ ᠭᠤᠣᠯ᠎ᠳᠤ ᠬᠦᠷᠬᠦ ᠲᠡᠮᠦᠷ ᠵᠠᠮ᠎ᠤᠨ ᠴᠠᠬᠢᠯᠭ᠋ᠠᠨᠵᠢᠯ ᠪᠣᠯᠭ᠋ᠠᠨ ᠥᠭᠡᠷᠡᠴᠢᠯᠡᠬᠦ ᠵᠡᠷᠭᠡ ᠴᠢᠬᠤᠯᠠ ᠶᠡᠭᠡ ᠲᠥᠷᠥᠯ ᠵᠦᠢ᠍ᠯ᠎ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶ᠋ᠢᠭᠤᠯᠵᠤ᠂ ᠰᠢᠯᠢᠩᠬᠤᠲᠠ᠎ᠠᠴᠠ ᠤᠯᠠᠭ᠋ᠠᠠᠬᠤᠲᠠᠳᠤ ᠬᠥᠷᠬᠦ᠂ ᠮᠣᠨᠢ ᠠᠭᠤᠯᠠ᠎ᠠᠴᠠ ᠰᠢᠨᠡᠪᠠᠯᠭ᠋ᠠᠰᠤᠳᠤ ᠬᠥᠷᠬᠦ ᠵᠡᠷᠭᠡ 13 ᠲᠡᠮᠦᠷ ᠵᠠᠮ᠎ᠤᠨ ᠵᠦᠢ᠍ᠯᠡᠰ᠎ᠢ ᠪᠠᠶ᠋ᠢᠭᠤᠯᠤᠨ ᠲᠠᠭᠤᠰᠬᠠᠵᠤ᠂ ᠰᠢᠨ᠎ᠡ᠎ᠪᠠᠷ ᠨᠡᠮᠡᠭᠳᠡᠭᠰᠡᠨ ᠵᠥᠭᠡᠭᠡᠪᠦᠷᠢ ᠡᠵᠡᠩᠨᠡᠯᠲᠡ ᠵᠢᠨ ᠵᠠᠮ᠎ᠤᠨ ᠤᠷᠲᠤ᠎ᠨᠢ 1187 ᠺᠢᠯᠤᠮᠧᠳ᠋ᠷ ᠪᠣᠯᠵᠤ᠂ ᠲᠡᠮᠦᠷ ᠵᠠᠮ᠎ᠤᠨ ᠵᠥᠭᠡᠭᠡᠪᠦᠷᠢ ᠡᠵᠡᠩᠨᠡᠯᠲᠡ ᠵᠢᠨ ᠶᠡᠷᠦᠩᠬᠡᠢ ᠤᠷᠲᠤ 1.2 ᠲᠦᠮᠡᠨ ᠺᠢᠯᠤᠮᠧᠳ᠋ᠷ᠎ᠲᠤ ᠬᠦᠷᠴᠦ᠂ ᠪᠥᠬᠦ ᠤᠯᠤᠰ᠎ᠲᠠᠬᠢ ᠲᠦᠷᠦᠭᠦᠯᠡᠬᠦ ᠪᠠᠶ᠋ᠢᠷᠢ᠎ᠪᠠᠨ ᠦᠷᠬᠦᠯᠵᠢᠯᠡᠨ ᠪᠠᠲᠤᠯᠠᠪᠠ᠃ ᠪᠣᠭᠤᠲᠣ᠂ ᠤᠯᠠᠭ᠋ᠠᠠᠬᠠᠳᠠ ᠪᠣᠯᠣᠨ ᠤᠯᠠᠭ᠋ᠠᠠᠬᠤᠲᠠ ᠨᠢᠰᠭᠡᠯ᠎ᠤᠨ ᠪᠠᠭᠤᠳᠠᠯ᠎ᠢ ᠦᠭᠡᠷᠡᠴᠢᠯᠡᠨ ᠥᠷᠭᠡᠳᠭᠡᠵᠦ ᠪᠠᠶ᠋ᠢᠭᠤᠯᠬᠤ ᠢᠨᠵᠧᠨᠧᠷᠢᠩ᠎ᠢ ᠲᠠᠭᠤᠰᠬᠠᠵᠤ᠂ ᠡᠷᠢᠶᠡᠨ ᠬᠤᠳᠠ ᠵᠢᠨ ᠨᠢᠰᠭᠡᠯ᠎ᠤᠨ ᠪᠠᠭᠤᠳᠠᠯ᠎ᠢ ᠦᠭᠡᠷᠡᠴᠢᠯᠡᠨ ᠥᠷᠭᠡᠳᠭᠡᠵᠦ ᠪᠠᠶ᠋ᠢᠭᠤᠯᠬᠤ ᠵᠡᠷᠭᠡ ᠲᠥᠷᠥᠯ ᠵᠦᠢ᠍ᠯ᠎ᠤᠳ ᠤᠯᠤᠰ᠎ᠤᠨ ᠴᠣᠬᠤᠯᠠᠪᠤᠷᠢ ᠵᠢ ᠣᠯᠵᠣ᠂ ᠪᠥᠬᠦ ᠣᠷᠣᠨ᠎ᠳᠠᠬᠢ ᠠᠷᠠᠳ᠎ᠤᠨ ᠬᠡᠷᠡᠭᠯᠡᠭᠡᠨ᠎ᠤ ᠨᠢᠰᠭᠡᠯ᠎ᠤᠨ ᠪᠠᠭᠤᠳᠠᠯ᠎ᠤᠨ ᠶᠡᠷᠦᠩᠬᠡᠢ ᠲᠤᠭ᠎ᠠ 18 ᠪᠣᠯᠪᠠ᠃ ᠴᠠᠬᠢᠯᠭ᠋ᠠᠨ ᠲᠤᠤᠷ᠎ᠤᠨ ᠪᠦᠲᠦᠭᠡᠨ ᠪᠠᠶ᠋ᠢᠭᠤᠯᠤᠯᠲᠠ᠎ᠳᠤ 165 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠥᠪᠥᠷ ᠮᠣᠩᠭᠤᠯ᠎ᠤᠨ ᠪᠠᠷᠠᠭᠤᠨ ᠪᠡᠶ᠎ᠡ ᠵᠢᠨ ᠴᠠᠬᠢᠯᠭ᠋ᠠᠨ ᠲᠣᠣᠷ᠎ᠲᠠᠬᠢ ᠴᠠᠬᠢᠯᠭ᠋ᠠᠨ ᠬᠤᠪᠢᠰᠬᠠᠭᠤᠷ᠎ᠤᠨ ᠪᠠᠭᠲᠠᠭ᠋ᠠᠮᠵᠢ 1 ᠳ᠋ᠦᠩᠰᠢᠭᠤᠷ ᠺᠢᠯᠤᠸᠤᠯᠲ ᠠᠮᠫᠧᠷᠢ ᠳᠠᠪᠠᠵᠤ᠂ ᠴᠠᠬᠢᠯᠭ᠋ᠠᠨ ᠲᠣᠣᠷ᠎ᠤᠨ ᠬᠡᠪᠴᠢᠶᠠᠵᠢᠯ ᠲᠡᠦᠬᠡᠲᠦ ᠴᠢᠨᠠᠷᠲᠠᠢ ᠰᠢᠪᠲᠤᠯᠤᠯᠲᠠ ᠵᠢ ᠪᠡᠶᠡᠯᠡᠭᠦᠯᠵᠦ᠂ ᠰᠢᠯᠢᠩᠬᠤᠲᠠ᠎ᠠᠴᠠ ᠵᠢᠨᠠᠨ᠎ᠳᠤ ᠬᠦᠷᠬᠦ ᠣᠨᠴᠠ ᠥᠨᠳᠥᠷ ᠬᠦᠴᠦᠳᠡᠯ᠎ᠤᠨ ᠴᠠᠬᠢᠯᠭ᠋ᠠᠨ ᠬᠦᠴᠦᠨ᠎ᠢ ᠭᠠᠳᠠᠭᠰᠢ ᠰᠠᠭ᠋ᠠᠳ ᠦᠭᠡᠢ ᠳᠠᠮᠵᠢᠭᠤᠯᠬᠤ ᠠᠵᠢᠯ ᠵᠶ᠋ᠠᠨ ᠪᠥᠬᠦ ᠲᠠᠯ᠎ᠠ᠎ᠪᠠᠷ ᠡᠬᠢᠯᠡᠭᠦᠯᠵᠦ᠂ ᠲᠠᠷᠢᠶᠠᠯᠠᠩ᠎ᠳᠤ ᠬᠡᠷᠡᠭᠯᠡᠬᠦ ᠴᠠᠬᠢᠯᠭ᠋ᠠᠨ ᠲᠣᠣᠷ᠎ᠢ ᠦᠭᠡᠷᠡᠴᠢᠯᠡᠵᠦ ᠳᠡᠰ ᠲᠡᠪᠰᠢᠭᠦᠯᠬᠦ ᠲᠥᠷᠥᠯ ᠵᠦᠢ᠍ᠯ ᠵᠶ᠋ᠠᠨ ᠪᠦᠬᠦᠨ᠎ᠢ ᠪᠡᠶᠡᠯᠡᠭᠦᠯᠪᠡ᠃ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ 150 ᠳ᠋ᠦᠩᠰᠢᠭᠤᠷ ᠲᠥᠭᠦᠷᠢᠭ᠎ᠤᠨ ᠪᠡᠯᠡ ᠣᠷᠤᠭᠤᠯᠤᠯᠲᠠ ᠵᠢ ᠪᠡᠶᠡᠯᠡᠭᠦᠯᠵᠦ᠂ ᠣᠶ᠋ᠢᠷ᠎ᠠ ᠵᠢᠨ ᠬᠤᠭᠤᠴᠠᠭ᠋ᠠᠨ᠎ᠳᠠᠬᠢ ᠬᠠᠲᠤᠨ ᠭᠤᠣᠯ᠎ᠤᠨ ᠦᠶᠡᠷ᠎ᠠᠴᠠ ᠰᠡᠷᠭᠡᠶ᠋ᠢᠯᠡᠬᠦ ᠢᠨᠵᠧᠨᠧᠷᠢᠩ᠎ᠤᠨ ᠪᠠᠷᠢᠯᠭ᠎ᠠ ᠵᠢ ᠲᠠᠭᠤᠰᠬᠠᠵᠤ᠂ ᠬᠠᠶ᠋ᠢᠷᠤᠪ᠎ᠤᠨ ᠲᠣᠬᠤᠢ ᠤᠰᠤᠨ ᠠᠰᠢᠭᠯᠠᠯᠲᠠ ᠵᠢᠨ ᠬᠦᠢ᠍ᠰᠦ ᠵᠢᠨ ᠭᠤᠣᠯ ᠴᠣᠭᠴᠠ ᠵᠢᠨ ᠢᠨᠵᠧᠨᠧᠷᠢᠩ᠂ ᠬᠦᠯᠦᠨ ᠨᠠᠭᠤᠷ᠎ᠤᠨ ᠠᠮᠢ ᠠᠬᠤᠢ ᠵᠢ ᠵᠠᠰᠠᠬᠤ ᠢᠨᠵᠧᠨᠧᠷᠢᠩ᠎ᠤᠨ ᠠᠵᠢᠯ ᠵᠶ᠋ᠠᠨ ᠦᠨᠳᠦᠰᠦᠨ᠎ᠳᠡᠭᠡᠨ ᠲᠠᠭᠤᠰᠬᠠᠵᠤ᠂ ᠵᠠᠳᠤᠨ ᠤᠰᠤᠨ ᠠᠰᠢᠭᠯᠠᠯᠲᠠ ᠵᠢᠨ ᠬᠦᠢ᠍ᠰᠦ ᠵᠡᠷᠭᠡ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠵᠢᠨ ᠠᠬᠢᠴᠠ ᠤᠷᠤᠭᠰᠢᠲᠠᠢ ᠪᠠᠶ᠋ᠢᠵᠤ᠂ ᠨᠢᠷᠵᠢ ᠤᠰᠤᠨ ᠠᠰᠢᠭᠯᠠᠯᠲᠠ ᠵᠢᠨ ᠬᠦᠢ᠍ᠰᠦ᠎ᠳᠠᠬᠢ ᠲᠣᠣᠷᠠᠲᠤ ᠤᠷᠤᠰᠬᠠᠯ᠎ᠤᠨ ᠤᠰᠤᠯᠠᠯᠲᠠ ᠵᠢᠨ ᠣᠷᠣᠨ᠎ᠢ ᠠᠵᠢᠯ ᠡᠬᠢᠯᠡᠭᠦᠯᠦᠨ ᠪᠠᠶ᠋ᠢᠭᠤᠯᠪᠠ᠃
ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠪᠣᠯᠣᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠨᠤᠲᠤᠭ ᠪᠡᠯᠴᠢᠭᠡᠷ᠎ᠤᠨ ᠠᠮᠢ ᠠᠬᠤᠢ ᠵᠢᠨ ᠨᠦᠬᠦᠪᠦᠷᠢ ᠥᠭᠴᠦ ᠱᠠᠩᠨᠠᠬᠤ ᠳᠦᠷᠦ ᠵᠢᠨ ᠪᠤᠳᠤᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠱᠠᠲᠤ ᠦᠶᠡᠯᠡᠯ᠎ᠤᠨ ᠴᠢᠨᠠᠷᠲᠠᠢ ᠮᠠᠯᠵᠢᠬᠤ ᠵᠢ ᠵᠣᠭᠰᠤᠭ᠋ᠠᠬᠤ ᠪᠠ ᠪᠡᠯᠴᠢᠭᠡᠷ ᠮᠠᠯ᠎ᠢ ᠲᠡᠩᠴᠡᠭᠦᠷᠢᠲᠡᠢ ᠪᠠᠶ᠋ᠢᠯᠭ᠋ᠠᠬᠤ ᠳᠥᠷᠢᠮ᠎ᠢ ᠴᠢᠩᠭ᠎ᠠ ᠬᠡᠷᠡᠭᠵᠢᠭᠦᠯᠦᠨ᠂ 26 ᠬᠤᠰᠢᠭᠤ ᠰᠢᠶᠠᠨ᠎ᠳᠤ ᠦᠨᠳᠦᠰᠦᠨ ᠨᠤᠲᠤᠭ ᠪᠡᠯᠴᠢᠭᠡᠷ᠎ᠤᠨ ᠬᠤᠪᠢᠶᠠᠷᠢᠯᠠᠨ ᠲᠣᠭᠲᠠᠭ᠋ᠠᠬᠤ ᠠᠵᠢᠯ᠎ᠢ ᠥᠷᠨᠢᠭᠦᠯᠵᠦ᠂ ᠨᠤᠲᠤᠭ ᠪᠡᠯᠴᠢᠭᠡᠷ᠎ᠤᠨ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠢ ᠬᠡᠪᠴᠢᠶᠡᠵᠢᠯ 5106 ᠲᠦᠮᠡᠨ ᠮᠦ᠍ ᠪᠣᠯᠪᠠ᠃ ᠣᠢ ᠰᠢᠭᠤᠢ ᠵᠢᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠲᠠᠯᠠᠪᠠᠢ᠎ᠳᠤ 1008 ᠲᠦᠮᠡᠨ ᠮᠦ᠍ ᠵᠢ ᠪᠡᠶᠡᠯᠡᠭᠦᠯᠵᠦ᠂ ᠭᠤᠣᠯᠳᠠᠯᠭ᠎ᠠ ᠪᠣᠯᠬᠤ ᠣᠷᠣᠨ ᠪᠦᠰᠡ ᠵᠢᠨ 209 ᠲᠦᠮᠡᠨ ᠮᠦ᠍ ᠵᠢ ᠣᠶ᠋ᠢᠵᠢᠭᠤᠯᠵᠦ᠂ ᠬᠥᠷᠥᠰᠥ ᠰᠢᠷᠣᠢ ᠵᠢᠨ ᠢᠳᠡᠭᠳᠡᠯ᠎ᠤᠨ ᠲᠠᠯᠠᠪᠠᠢ᠎ᠳᠤ 650 ᠲᠦᠮᠡᠨ ᠮᠦ᠍ ᠵᠢ ᠵᠠᠰᠠᠪᠠ᠃ ᠲᠡᠭᠷᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠠᠬᠢ ᠪᠣᠬᠢᠷᠳᠣᠯ᠎ᠤᠨ ᠬᠡᠷᠡᠭ᠎ᠠᠴᠠ ᠭᠦᠨᠵᠡᠭᠡᠢ ᠰᠤᠷᠭ᠋ᠠᠮᠵᠢ ᠠᠪᠴᠤ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠡᠭᠴᠡᠯᠡᠨ ᠵᠠᠰᠠᠬᠤ 《ᠵᠠᠭᠤᠨ ᠬᠤᠨᠤᠭ᠎ᠤᠨ ᠠᠵᠢᠯᠯᠠᠭ᠎ᠠ》 ᠵᠢ ᠯᠠᠪᠳᠠᠭᠤᠨ ᠵᠶ᠋ᠠᠷ ᠥᠷᠨᠢᠭᠦᠯᠦᠨ᠂ 184 ᠵᠦᠢ᠍ᠯ᠎ᠤᠨ ᠣᠷᠴᠢᠨ ᠲᠣᠭᠤᠷᠢᠨ᠎ᠤ ᠳᠠᠯᠳᠠ ᠭᠡᠮ ᠪᠣᠯᠣᠨ ᠴᠢᠬᠤᠯᠠ ᠶᠡᠭᠡ ᠠᠰᠠᠭᠤᠳᠠᠯ᠎ᠢ ᠬᠤᠭᠤᠴᠠᠭ᠎ᠠ ᠬᠢᠵᠠᠭ᠋ᠠᠷᠯᠠᠵᠤ ᠪᠠᠶ᠋ᠢᠭ᠋ᠠᠳ ᠴᠡᠭᠴᠡᠯᠡᠨ ᠵᠠᠰᠠᠵᠤ᠂ 469 ᠠᠵᠤ ᠠᠬᠤᠶ᠋ᠢᠯᠠᠯ᠎ᠤᠨ ᠡᠭᠦᠳᠡ ᠵᠢ᠎ᠨᠢ ᠬᠠᠭ᠋ᠠᠯᠭ᠋ᠠᠵᠤ ᠦᠢ᠍ᠯᠡᠳᠪᠦᠷᠢᠯᠡᠯ᠎ᠢ᠎ᠨᠢ ᠵᠣᠭᠰᠤᠭ᠋ᠠᠪᠠ᠃ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠶ᠋ᠢᠯᠡᠨ ᠵᠠᠰᠠᠬᠤ ᠪᠠ APEC ᠬᠤᠷᠠᠯ᠎ᠤᠨ ᠬᠤᠭᠤᠴᠠᠭ᠋ᠠᠨ᠎ᠳᠠᠬᠢ ᠠᠭ᠋ᠠᠷ ᠠᠮᠢᠰᠬᠤᠯ᠎ᠤᠨ ᠶᠠᠰᠤ ᠴᠢᠨᠠᠷ᠎ᠢ ᠪᠠᠲᠤᠯᠠᠬᠤ ᠠᠵᠢᠯ ᠵᠶ᠋ᠠᠨ ᠦᠨᠡᠨᠬᠦ ᠴᠢᠩᠭ᠋ᠠᠳᠬᠠᠨ᠂ ᠭᠤᠣᠯᠳᠠᠯᠭ᠎ᠠ᠎ᠲᠠᠢ ᠠᠵᠢᠯ ᠲᠦᠷᠥᠯᠤᠨᠬᠢᠨᠤ ᠬᠦᠬᠦᠷ ᠦᠭᠡᠶ᠋ᠢᠳᠡᠭᠦᠯᠭᠦ ᠪᠠ ᠱᠠᠤ ᠦᠭᠡᠶ᠋ᠢᠳᠡᠭᠦᠯᠬᠦ ᠵᠢᠴᠢ ᠲᠣᠭᠤᠰᠣ ᠠᠷᠢᠯᠭ᠋ᠠᠬᠤ ᠵᠢ ᠦᠭᠡᠷᠡᠴᠢᠯᠡᠬᠦ᠎ᠪᠠᠨ ᠴᠢᠩᠭ᠋ᠠᠷᠠᠭᠤᠯᠵᠤ᠂ ᠭᠤᠣᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠪᠣᠬᠢᠷᠳᠣᠯ᠂ ᠬᠦᠨᠳᠦ ᠲᠡᠮᠦᠷᠯᠢᠭ᠎ᠤᠨ ᠪᠣᠬᠢᠷᠳᠣᠯ᠎ᠢ ᠰᠡᠷᠭᠡᠶ᠋ᠢᠯᠡᠨ ᠵᠠᠰᠠᠬᠤ ᠪᠠ ᠭᠤᠣᠯᠳᠠᠯᠭ᠎ᠠ᠎ᠲᠠᠢ ᠣᠷᠣᠨ ᠪᠦᠰᠡ ᠵᠢᠨ ᠣᠷᠴᠢᠨ ᠲᠣᠭᠤᠷᠢᠨ᠎ᠢ ᠶᠡᠷᠦᠩᠬᠡᠶ᠋ᠢᠯᠡᠨ ᠵᠠᠰᠠᠬᠤ᠎ᠪᠠᠨ ᠠᠬᠢᠭᠤᠯᠤᠨ᠂ ᠨᠢᠭᠡᠴᠢ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠡᠨᠧᠷᠭᠢ ᠵᠢᠨ ᠬᠤᠷᠣᠭᠳᠠᠯ ᠪᠣᠯᠣᠨ ᠨᠡᠭᠦᠷᠡᠰᠦᠳᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠬᠤ ᠬᠡᠮᠵᠢᠶ᠎ᠡ᠎ᠪᠠᠨ ᠲᠤᠰ ᠲᠤᠰ 3.9% ᠪᠣᠯᠣᠨ 5%᠎ᠪᠠᠷ ᠪᠠᠭᠤᠷᠠᠭᠤᠯᠵᠤ᠂ 《12 · 5》 ᠵᠢᠨ ᠲᠦᠯᠦᠪᠵᠢᠬᠦᠯᠬᠡ᠎ᠳᠠᠬᠢ ᠡᠨᠧᠷᠭᠢ ᠠᠷᠪᠢᠯᠠᠬᠤ ᠪᠠ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠬᠠᠷᠠᠯᠳᠠ᠎ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ᠃
(ᠲᠠᠪᠤ) ᠠᠷᠠᠳ᠎ᠤᠨ ᠠᠮᠢᠳᠣᠷᠠᠯ᠎ᠢ ᠪᠠᠳᠣᠯᠠᠨ ᠰᠠᠶ᠋ᠢᠵᠢᠷᠠᠭᠤᠯᠬᠤ ᠠᠵᠢᠯ ᠰᠢᠨ᠎ᠡ ᠠᠬᠢᠴᠠ᠎ᠲᠠᠢ ᠪᠣᠯᠪᠠ᠃ ᠠᠷᠠᠳ᠎ᠢ ᠤᠷᠢᠳᠠᠪᠡᠷ ᠪᠠᠶᠠᠵᠢᠭᠤᠯᠬᠤ᠎ᠪᠠᠷ ᠵᠢᠯᠣᠭᠤᠳᠤᠮᠵᠢ ᠪᠣᠯᠭ᠋ᠠᠬᠤ ᠵᠢ ᠪᠠᠷᠢᠮᠳᠠᠯᠠᠨ᠂ 《ᠠᠯᠪᠠᠨ᠎ᠤ ᠭᠤᠷᠪᠠᠨ ᠵᠠᠷᠤᠳᠠᠯ》 ᠵᠡᠷᠭᠡ ᠡᠩ᠎ᠤᠨ ᠴᠢᠨᠠᠷᠲᠠᠢ ᠵᠠᠷᠤᠯᠭ᠎ᠠ ᠵᠢ ᠦᠷᠭᠦᠯᠵᠢᠯᠡᠨ ᠪᠠᠭ᠋ᠠᠰᠬᠠᠵᠤ᠂ ᠭᠤᠣᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠵᠠᠷᠤᠯᠭ᠎ᠠ ᠵᠢ ᠤᠷᠢᠳᠠᠪᠡᠷ ᠪᠠᠳᠤᠯᠠᠨ᠂ ᠡᠯ᠎ᠡ ᠱᠠᠳᠤᠨ᠎ᠤ ᠡᠳ᠋᠎ᠤᠨ ᠵᠠᠰᠠᠭ᠎ᠤᠨ ᠠᠷᠠᠳ᠎ᠤᠨ ᠠᠮᠢᠳᠤᠷᠠᠯ᠎ᠳᠠᠬᠢ ᠵᠠᠷᠤᠯᠭ᠎ᠠ 2440 ᠳ᠋ᠦᠩᠰᠢᠭᠤᠷ ᠲᠦᠭᠦᠷᠢᠭ ᠪᠠᠶ᠋ᠢᠵᠤ᠂ ᠡᠩ᠎ᠤᠨ ᠣᠯᠠᠨ ᠨᠡᠶ᠋ᠢᠳᠠ ᠵᠢᠨ ᠲᠦᠰᠦᠪ᠎ᠤᠨ ᠵᠠᠷᠤᠯᠭ᠎ᠠ ᠵᠢᠨ 63% ᠵᠢ ᠡᠵᠡᠯᠡᠪᠡ᠃ ᠬᠤᠳᠡ ᠪᠠᠯᠭ᠋ᠠᠰᠤ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠦᠮᠦᠨ ᠪᠦᠷᠢ ᠵᠢᠨ ᠡᠵᠡᠮᠳᠡᠵᠤ ᠪᠣᠯᠬᠤ ᠲᠤᠮᠳᠠᠴᠢ ᠣᠷᠤᠯᠭ᠎ᠠ 28350 ᠲᠦᠭᠦᠷᠢᠭ ᠪᠠᠶ᠋ᠢᠵᠤ᠂ 9%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠦᠮᠦᠨ ᠪᠦᠷᠢ ᠵᠢᠨ ᠡᠵᠡᠮᠳᠡᠵᠤ ᠪᠣᠯᠬᠤ ᠲᠤᠮᠳᠠᠴᠢ ᠣᠷᠤᠯᠭ᠎ᠠ 9976 ᠲᠦᠭᠦᠷᠢᠭ ᠪᠠᠶ᠋ᠢᠵᠤ᠂ 11%᠎ᠪᠠᠷ ᠨᠡᠮᠡᠭᠳᠡᠵᠤ᠂ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠠᠴᠠ ᠳᠦᠷᠭᠡᠳᠪᠡ᠃ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠤᠬᠤ ᠢᠨᠵᠧᠨᠧᠷᠢᠩ᠎ᠢ ᠬᠦᠴᠦᠯᠡᠨ ᠠᠬᠢᠭᠤᠯᠵᠤ᠂ ᠬᠤᠳᠡ ᠪᠠᠯᠭ᠋ᠠᠰᠤ ᠵᠢᠨ ᠠᠵᠢᠯ ᠣᠯᠭᠤᠯᠳᠠ᠎ᠳᠤ ᠰᠢᠨ᠎ᠡ᠎ᠪᠠᠷ 27.2 ᠲᠦᠮᠡᠨ ᠬᠦᠮᠦᠨ ᠨᠡᠮᠡᠭᠳᠡᠭᠦᠯᠵᠦ᠂ ᠮᠠᠯᠴᠢᠨ ᠲᠠᠷᠢᠶᠠᠴᠢᠨ ᠬᠦᠳᠡᠯᠮᠦᠷᠢ ᠬᠦᠴᠦᠨ᠎ᠢ 250 ᠲᠦᠮᠡᠨ ᠬᠦᠮᠦᠨ᠎ᠢ ᠰᠢᠯᠵᠢᠭᠦᠯᠦᠨ ᠠᠵᠢᠯ ᠣᠯᠭᠤᠵᠤ᠂ 14.5 ᠲᠦᠮᠡᠨ ᠲᠤᠰ ᠵᠢᠯ ᠪᠠ ᠦᠡᠭᠭᠡᠷᠡᠭᠰᠡᠨ ᠵᠢᠯ᠎ᠤᠳ᠎ᠤᠨ ᠲᠡᠭᠡᠳᠤ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠤᠬᠤ ᠵᠢ ᠨᠠᠶ᠋ᠢᠳᠠᠪᠤᠷᠢᠵᠢᠭᠤᠯᠤᠨ᠂ ᠬᠤᠳᠡ ᠪᠠᠯᠭ᠋ᠠᠰᠤ ᠵᠢᠨ ᠠᠵᠢᠯ ᠠᠯᠳᠠᠯᠳᠠ ᠵᠢᠨ ᠲᠠᠩᠰᠠᠯᠠᠭᠤᠯᠬᠤ ᠨᠣᠷᠮ᠎ᠠ ᠵᠢ 3.6% ᠵᠢᠨ ᠨᠡᠯᠢᠶᠡᠳ ᠲᠣᠣᠷ᠎ᠠ ᠬᠢᠷᠢ ᠬᠡᠮᠵᠢᠶᠡᠨ᠎ᠳᠤ ᠬᠢᠵᠠᠭ᠋ᠠᠷᠯᠠᠪᠠ᠃ ᠶᠠᠳᠠᠭᠤ ᠵᠢ ᠲᠡᠳᠭᠦᠨ ᠪᠣᠭᠤᠮᠳᠠ ᠰᠢᠪᠳᠤᠯᠠᠬᠤ ᠢᠨᠵᠧᠨᠧᠷᠢᠩ᠎ᠢ ᠶᠡᠬᠡᠪᠡᠷ ᠲᠦᠯᠬᠢᠨ ᠠᠬᠢᠭᠤᠯᠵᠤ᠂ ᠶᠠᠳᠠᠭᠤ ᠵᠢ ᠲᠡᠳᠭᠦᠭᠦ ᠠᠵᠢᠯ᠎ᠤᠨ ᠲᠣᠭᠳᠠᠴᠠ ᠵᠢ ᠰᠢᠨ᠎ᠡ᠎ᠪᠠᠷ ᠡᠭᠦᠳᠴᠤ᠂ ᠣᠳᠣᠷᠢᠳᠬᠤ ᠺᠠᠳ᠋ᠷ᠎ᠤᠨ ᠶᠠᠳᠠᠭᠤ ᠬᠦᠴᠢᠷᠳᠡᠯᠲᠡᠢ ᠭᠠᠵᠠᠷ᠎ᠯᠤᠭ᠎ᠠ ᠬᠠᠷᠢᠯᠴᠠᠵᠤ 《ᠭᠤᠷᠪᠠ ᠵᠢ ᠲᠣᠰᠬᠤᠨ ᠬᠢᠭᠡᠳ ᠡᠷᠦᠬᠡ᠎ᠳᠤ ᠬᠦᠷᠦᠭᠦᠯᠭᠦ》 ᠣᠨᠢᠨ ᠳᠡᠭᠡᠷ᠎ᠡ᠎ᠨᠢ ᠶᠠᠳᠠᠭᠤ ᠵᠢ ᠲᠡᠳᠭᠦᠭᠦ ᠵᠡᠷᠭᠡ ᠠᠷᠭ᠎ᠠ ᠬᠡᠮᠵᠢᠶ᠎ᠠ ᠵᠢ ᠬᠡᠷᠡᠭᠵᠢᠭᠦᠯᠵᠦ᠂ ᠪᠡᠯᠡ ᠮᠦᠩᠭᠦ ᠵᠢᠨ ᠣᠷᠣᠭᠤᠯᠣᠯᠳᠠ 100 ᠭᠠᠷᠤᠢ ᠳ᠋ᠦᠩᠰᠢᠭᠤᠷ ᠲᠦᠭᠦᠷᠢᠭ ᠪᠠᠶ᠋ᠢᠵᠦ᠂ 40 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠵᠢ ᠲᠣᠭᠳᠠᠭᠤᠨ ᠵᠶ᠋ᠠᠷ ᠶᠠᠳᠠᠭᠤ᠎ᠠᠴᠠ᠎ᠨᠢ ᠠᠩᠭᠢᠵᠢᠷᠠᠭᠤᠯᠪᠠ᠃ ᠠᠷᠠᠳ ᠣᠯᠠᠨ᠎ᠤ ᠬᠢᠮᠳᠠ ᠤᠷᠤᠨ ᠰᠠᠭᠤᠴᠠ ᠵᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠂ ᠡᠯ᠎ᠡ ᠲᠦᠷᠦᠯ᠎ᠤᠨ ᠪᠠᠳᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢ 24 ᠲᠦᠮᠡᠨ ᠢᠵᠢ ᠪᠠᠷᠢᠯᠭ᠎ᠠ ᠡᠬᠢᠯᠡᠭᠦᠯᠦᠨ᠂ 22.9 ᠲᠦᠮᠡᠨ ᠢᠵᠢ ᠪᠠᠷᠢᠯᠭ᠎ᠠ ᠵᠢ ᠦᠨᠳᠦᠰᠦᠨ᠎ᠳᠡᠭᠡᠨ ᠪᠦᠳᠦᠭᠡᠨ ᠪᠠᠶ᠋ᠢᠭᠤᠯᠵᠤ᠂ ᠪᠦᠬᠦ ᠵᠢᠯ᠎ᠤᠨ ᠬᠠᠷᠠᠯᠳᠠ᠎ᠪᠠᠨ ᠲᠠᠪᠠᠭᠤᠯᠣᠨ ᠪᠡᠶᠡᠯᠡᠭᠦᠯᠪᠡ; 17 ᠲᠦᠮᠡᠨ ᠡᠷᠦᠬᠡ ᠮᠠᠯᠵᠢᠬᠤ ᠲᠠᠷᠢᠶᠠᠯᠠᠬᠤ ᠣᠷᠣᠨ᠎ᠤ ᠨᠣᠷᠠᠬᠤ ᠠᠶᠤᠯᠲᠠᠢ ᠭᠡᠷ ᠪᠠᠶ᠋ᠢᠰᠢᠩ᠎ᠢ ᠪᠠᠷᠢᠯᠭ᠎ᠠ ᠡᠬᠢᠯᠡᠭᠦᠯᠦᠨ ᠰᠢᠨᠡᠳᠭᠡᠨ ᠵᠠᠰᠠᠵᠤ᠂ ᠣᠯᠣᠰ᠎ᠤᠨ ᠪᠠᠭᠤᠯᠭ᠋ᠠᠭᠰᠠᠨ ᠡᠭᠦᠷᠭᠡ ᠵᠢᠨ ᠬᠡᠮᠵᠢᠶ᠎ᠠ᠎ᠠᠴᠠ 1 ᠲᠠᠬᠢᠨ ᠲᠠᠪᠠᠪᠠ᠃ ᠪᠣᠭᠤᠳᠤ ᠵᠢᠨ ᠬᠦᠷᠡᠯ ᠰᠢᠯᠢ᠂ ᠤᠯᠠᠭ᠋ᠠᠠᠬᠠᠳᠠ ᠵᠢᠨ ᠲᠡᠮᠣᠷ ᠵᠠᠮ᠎ᠠᠴᠠ ᠡᠮᠦᠨᠡᠭᠦᠷ᠂ ᠬᠢᠩᠭ᠋ᠠᠨ ᠠᠶ᠋ᠢᠮᠠᠭ᠎ᠤᠨ ᠷᠠᠰᠢᠶᠠᠨ ᠵᠡᠷᠭᠡ ᠭᠤᠣᠯᠳᠠᠯᠭ᠎ᠠ᠎ᠲᠠᠢ ᠲᠦᠭᠦᠮ ᠪᠦᠳᠦᠭᠦᠯᠢᠭ ᠣᠷᠣᠨ ᠰᠠᠭᠤᠴᠠ ᠵᠢ ᠰᠢᠨᠡᠳᠭᠡᠨ ᠵᠠᠰᠠᠬᠤ ᠠᠬᠢᠴᠠ ᠤᠷᠤᠭᠰᠢᠲᠠᠢ ᠶᠠᠪᠣᠭᠳᠠᠪᠠ᠃ ᠮᠠᠯᠵᠢᠬᠤ ᠲᠠᠷᠢᠶᠠᠯᠠᠬᠤ ᠣᠷᠣᠨ᠎ᠤ ᠦᠢ᠍ᠯᠡᠳᠪᠦᠷᠢᠯᠡᠯ ᠠᠮᠢᠳᠣᠷᠠᠯ᠎ᠤᠨ ᠨᠦᠬᠦᠴᠡᠯ᠎ᠢ ᠦᠨᠳᠦᠰᠦᠨ᠎ᠠᠴᠠ᠎ᠨᠢ ᠰᠠᠶ᠋ᠢᠵᠢᠷᠠᠭᠤᠯᠬᠤ᠎ᠠᠴᠠ ᠪᠣᠳᠣᠯᠬᠢᠯᠠᠵᠤ᠂ ᠮᠠᠯᠵᠢᠬᠤ ᠲᠠᠷᠢᠶᠠᠯᠠᠬᠤ ᠣᠷᠣᠨ᠎ᠤ 《ᠠᠷᠪᠠ᠎ᠪᠠᠷ ᠪᠦᠬᠦᠨ᠎ᠢ ᠬᠠᠮᠣᠷᠬᠤ》 ᠢᠨᠵᠧᠨᠧᠷᠢᠩ᠎ᠢ ᠡᠬᠢᠯᠡᠭᠦᠯᠦᠨ ᠬᠡᠷᠡᠭᠵᠢᠭᠦᠯᠵᠤ᠂ 216 ᠳ᠋ᠦᠩᠰᠢᠭᠤᠷ ᠲᠦᠭᠦᠷᠢᠭ᠎ᠤᠨ ᠪᠠᠯᠡ ᠣᠷᠣᠭᠤᠯᠣᠯᠳᠠ ᠵᠢ ᠪᠡᠶᠡᠯᠡᠭᠦᠯᠵᠤ᠂ 3495 ᠭᠠᠴᠠᠭ᠎ᠠ ᠲᠣᠰᠬᠤᠨ ᠪᠦᠳᠦᠭᠡᠨ ᠪᠠᠶ᠋ᠢᠭᠤᠯᠤᠯᠳᠠ ᠵᠢᠨ ᠡᠭᠦᠷᠭᠡ᠎ᠪᠠᠨ ᠪᠡᠶᠡᠯᠡᠭᠦᠯᠪᠡ; ᠣᠷᠣᠯᠭ᠎ᠠ ᠪᠠᠭᠠᠲᠠᠢ ᠮᠠᠯᠵᠢᠬᠤ ᠲᠠᠷᠢᠶᠠᠯᠠᠬᠤ ᠡᠷᠦᠬᠡ ᠵᠢᠨ ᠡᠷᠦᠬᠡ ᠪᠦᠷᠢ᠎ᠳᠤ 1 ᠲᠣᠨ ᠲᠤᠯᠠᠭ᠋ᠠᠯᠠᠯᠭᠠ ᠵᠢᠨ ᠨᠡᠭᠦᠷᠡᠰᠦ ᠣᠯᠭᠤᠵᠤ᠂ 336.7 ᠲᠦᠮᠡᠨ ᠮᠠᠯᠴᠢᠨ ᠲᠠᠷᠢᠶᠠᠴᠢᠨ ᠡᠷᠦᠬᠡ ᠵᠢ ᠬᠠᠷᠠᠭ᠋ᠠᠯᠵᠠᠪᠠ; ᠠᠮᠢᠳᠣᠷᠠᠯ᠎ᠤᠨ ᠨᠠᠭ᠋ᠠᠳᠤ ᠵᠠᠬ᠎ᠠ ᠵᠢᠨ ᠪᠠᠳᠤᠯᠠᠭ᠎ᠠ ᠬᠦᠷᠳᠡᠵᠦ ᠪᠠᠶ᠋ᠢᠭ᠎ᠠ ᠭᠡᠷ ᠪᠦᠯᠢ ᠪᠦᠷᠢ ᠵᠢᠨ ᠣᠶᠣᠳᠡᠳ᠎ᠲᠤ ᠵᠢᠯ ᠪᠦᠷᠢ 1 ᠲᠦᠮᠡᠨ ᠲᠦᠭᠦᠷᠢᠭ᠎ᠤᠨ ᠰᠤᠷᠣᠯᠭ᠎ᠠ ᠵᠢᠨ ᠲᠡᠳᠭᠦᠮᠵᠢ ᠣᠯᠭᠤᠬᠤ ᠵᠢᠨ ᠬᠠᠮᠳᠤ ᠨᠢᠭᠡ ᠯᠡ ᠤᠳᠠᠭ᠋ᠠᠨ᠎ᠤ ᠴᠢᠨᠠᠷᠲᠠᠢ᠎ᠪᠠᠷ ᠨᠦᠬᠦᠪᠦᠷᠢᠯᠡᠪᠡ᠃ 1.8 ᠲᠦᠮᠡᠨ ᠰᠢᠨ᠎ᠡ ᠣᠶᠣᠳᠡᠳ᠎ᠤᠨ ᠬᠤᠶ᠋ᠢᠰᠢᠳᠠ ᠵᠢᠨ ᠵᠤᠪᠠᠨᠢᠯ᠎ᠢ ᠠᠷᠢᠯᠭ᠋ᠠᠪᠠ; ᠨᠢᠭᠡ ᠴᠦ᠍ ᠠᠵᠢᠯ ᠣᠯᠣᠭ᠋ᠠᠳᠤᠢ ᠭᠡᠷ ᠪᠦᠯᠢ᠎ᠳᠤ ᠶᠠᠳᠠᠬᠤ᠎ᠳᠤ 1 ᠬᠥᠮᠥᠨ᠎ᠳᠤ᠎ᠨᠢ ᠠᠵᠢᠯ ᠣᠯᠭᠤᠵᠤ᠂ ᠲᠡᠭ ᠪᠣᠯᠭ᠋ᠠᠬᠤ ᠪᠠᠶ᠋ᠢᠳᠠᠯ᠎ᠢ ᠪᠡᠶᠡᠯᠡᠭᠦᠯᠪᠡ᠃ ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠳᠦᠪᠰᠢᠨ ᠯᠠᠪᠳᠠᠭᠤᠨ ᠵᠶ᠋ᠠᠷ ᠳᠡᠭᠡᠭᠰᠢᠯᠡᠵᠦ᠂ ᠬᠤᠲᠠ ᠬᠥᠳᠡᠭᠡ ᠵᠢᠨ ᠨᠠᠰᠤᠵᠢᠯ᠎ᠤᠨ ᠳᠠᠭ᠋ᠠᠳᠬᠠᠯ᠎ᠤᠨ ᠳᠦᠷᠢᠮ᠎ᠤᠨ ᠵᠣᠯᠭ᠋ᠠᠭᠤᠯᠬᠤ᠎ᠳᠤ ᠬᠡᠷᠡᠭᠵᠢᠭᠦᠯᠬᠦ ᠰᠠᠨᠠᠯ᠎ᠢ ᠲᠣᠭᠲᠠᠭ᠋ᠠᠵᠤ᠂ ᠠᠵᠢᠯ᠎ᠠᠴᠠ ᠪᠣᠯᠣᠭᠰᠠᠨ ᠰᠢᠷᠬᠠᠳᠤᠯ᠎ᠤᠨ ᠳᠠᠭ᠋ᠠᠳᠬᠠᠯ᠎ᠤᠨ ᠳᠦᠷᠢᠮ᠎ᠤᠨ ᠬᠡᠷᠡᠭᠵᠢᠭᠦᠯᠬᠦ ᠠᠷᠭ᠎ᠠ ᠨᠡᠶ᠋ᠢᠲᠡᠯᠡᠭᠳᠡᠵᠦ᠂ ᠠᠵᠣ ᠠᠬᠤᠢ᠍ᠢ᠍ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠨᠠᠰᠤᠵᠢᠯ᠎ᠤᠨ ᠮᠥᠩᠭᠦ ᠵᠢ ᠰᠠᠷ᠎ᠠ᠎ᠳᠤ ᠬᠥᠮᠥᠨ ᠪᠦᠷᠢ ᠳᠤᠮᠳᠠᠴᠢ᠎ᠪᠠᠷ 191 ᠲᠥᠭᠦᠷᠢᠭ ᠨᠡᠮᠡᠭᠳᠡᠭᠦᠯᠦᠨ᠂ ᠬᠤᠲᠠ ᠪᠠᠯᠭ᠋ᠠᠰᠤ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠰᠠᠷ᠎ᠠ᠎ᠳᠤ ᠬᠥᠮᠥᠨ ᠪᠦᠷᠢ ᠳᠤᠮᠳᠠᠴᠢ᠎ᠪᠠᠷ 28 ᠲᠥᠭᠦᠷᠢᠭ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠰᠠᠷ᠎ᠠ᠎ᠳᠤ ᠬᠥᠮᠥᠨ ᠪᠦᠷᠢ ᠳᠤᠮᠳᠠᠴᠢ᠎ᠪᠠᠷ ᠵᠢᠯ ᠪᠦᠷᠢ 267 ᠲᠥᠭᠦᠷᠢᠭ ᠳᠡᠭᠡᠭᠰᠢᠯᠡᠭᠦᠯᠦᠨ᠂ ᠬᠦᠳᠡᠭᠡ ᠲᠤᠰᠬᠤᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠴᠢᠯᠡᠭᠡ ᠪᠣᠯᠣᠨ ᠬᠤᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠡᠮᠴᠢᠯᠡᠭᠡ ᠵᠢᠨ ᠳᠠᠭ᠋ᠠᠳᠬᠠᠯ᠎ᠳᠤ ᠵᠠᠰᠠᠭ᠎ᠤᠨ ᠣᠷᠳᠣᠨ᠎ᠠᠴᠠ ᠨᠥᠬᠦᠪᠦᠷᠢᠯᠡᠬᠦ ᠬᠥᠮᠥᠨ ᠪᠦᠷᠢ ᠵᠢᠨ ᠳᠤᠮᠳᠠᠴᠢ ᠪᠠᠷᠢᠮᠵᠢᠶ᠎ᠠ ᠵᠢ 280 ᠲᠥᠭᠦᠷᠢᠭ᠎ᠠᠴᠠ 320 ᠲᠥᠭᠦᠷᠢᠭ ᠪᠣᠯᠭ᠋ᠠᠨ ᠳᠡᠭᠡᠭᠰᠢᠯᠡᠭᠦᠯᠪᠡ᠃
(ᠵᠢᠷᠭᠤᠭ᠎ᠠ) ᠨᠡᠶ᠋ᠢᠭᠡᠮ᠎ᠤᠨ ᠡᠯ᠎ᠡ ᠵᠦᠢ᠍ᠯ᠎ᠤᠨ ᠦᠢ᠍ᠯᠡᠰ ᠪᠦᠬᠦ ᠲᠠᠯ᠎ᠠ᠎ᠪᠠᠷ ᠬᠥᠭᠵᠢᠪᠡ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠭᠡ ᠲᠤᠰᠬᠠᠢ ᠲᠦᠷᠦᠯ ᠪᠤᠯᠤᠨ ᠰᠢᠨ᠎ᠡ ᠮᠠᠶᠢᠭ᠎ᠤᠨ ᠰᠤᠳᠤᠯᠤᠨ ᠨᠡᠭᠡᠭᠡᠨ ᠬᠥᠭᠵᠢᠭᠦᠯᠬᠦ ᠵᠡᠷᠭᠡ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠬᠡᠳᠬᠡᠨ ᠠᠬᠢᠭᠤᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠨ ᠳᠠᠭ᠋ᠠᠭᠤᠯᠬᠤ ᠦᠢ᠍ᠯᠡᠳᠦᠯ ᠤᠯᠠᠮ ᠨᠢᠭᠡ ᠠᠯᠬᠤᠮ ᠴᠢᠩᠭ᠋ᠠᠳᠬᠠᠭᠳᠠᠪᠠ᠃ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠨ ᠬᠥᠮᠥᠵᠢᠯ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ᠂ ᠰᠤᠷᠬᠤ ᠨᠠᠰᠣᠨ᠎ᠠᠴᠠ ᠡᠮᠦᠨᠡᠬᠢ ᠰᠤᠷᠭ᠋ᠠᠨ ᠬᠥᠮᠥᠵᠢᠯ᠎ᠤᠨ ᠡᠬᠢ ᠪᠠᠶᠠᠯᠢᠭ ᠤᠯᠠᠮ ᠨᠢᠭᠡ ᠠᠯᠬᠤᠮ ᠦᠷᠭᠡᠳᠭᠡᠭᠳᠡᠵᠦ᠂ ᠠᠯᠪᠠᠨ ᠵᠢᠷᠤᠮ᠎ᠤᠨ ᠰᠤᠷᠭ᠋ᠠᠨ ᠬᠥᠮᠥᠵᠢᠯ᠎ᠤᠨ ᠲᠡᠩᠴᠡᠭᠦᠷᠢᠲᠡᠢ ᠬᠥᠭᠵᠢᠯᠲᠡ ᠰᠢᠨ᠎ᠡ ᠰᠢᠪᠲᠤᠯᠤᠯᠲᠠ ᠵᠢ ᠪᠡᠶᠡᠯᠡᠭᠦᠯᠦᠨ᠂ ᠦᠨᠳᠦᠰᠦᠲᠡᠨ᠎ᠤ ᠰᠤᠷᠭ᠋ᠠᠨ ᠬᠥᠮᠥᠵᠢᠯ᠎ᠢ ᠡᠩ ᠲᠡᠷᠢᠭᠦᠨ᠎ᠳᠤ ᠭᠤᠣᠯᠳᠠᠯᠭ᠎ᠠ᠎ᠲᠠᠢ ᠬᠥᠭᠵᠢᠭᠦᠯᠵᠦ᠂ ᠣᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠢᠰᠲ᠋ᠧᠮᠵᠢ ᠵᠢ ᠪᠠᠶ᠋ᠢᠭᠤᠯᠬᠤ ᠪᠠ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠬᠡᠯᠪᠡᠷᠢ ᠵᠢ ᠬᠤᠪᠢᠷᠠᠭᠤᠯᠬᠤ ᠬᠥᠭᠵᠢᠯᠲᠡ ᠰᠢᠨ᠎ᠡ ᠠᠯᠬᠤᠴᠠ᠎ᠳᠤ ᠣᠷᠣᠪᠠ᠃ ᠬᠤᠲᠠ ᠬᠥᠳᠡᠭᠡ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠦᠨ᠂ ᠬᠥᠮᠥᠨ ᠪᠦᠷᠢ ᠵᠢᠨ ᠳᠤᠮᠳᠠᠴᠢ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠦᠨᠳᠦᠰᠦᠨ ᠵᠠᠷᠤᠳᠠᠯ ᠳᠡᠭᠡᠭᠰᠢᠯᠡᠭᠡᠳ 35 ᠲᠥᠭᠦᠷᠢᠭ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠰᠠᠯᠠᠭ᠎ᠠ ᠵᠢᠨ ᠡᠮᠨᠡᠯᠭᠡ ᠵᠢᠨ ᠬᠤᠷᠢᠶ᠎ᠠ ᠵᠡᠷᠭᠡ 6 ᠲᠤᠰ ᠱᠠᠲᠤᠨ᠎ᠤ ᠴᠢᠬᠤᠯᠠ ᠶᠡᠭᠡ ᠡᠷᠡᠭᠦᠯ ᠬᠠᠮᠠᠭ᠋ᠠᠯᠠᠯ᠎ᠤᠨ ᠲᠦᠷᠦᠯ ᠵᠦᠢ᠍ᠯ᠎ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶ᠋ᠢᠭᠤᠯᠵᠤ᠂ ᠮᠣᠩᠭᠤᠯ ᠬᠢᠲᠠᠳ ᠡᠮ ᠡᠮᠨᠡᠯᠭᠡ ᠵᠢᠨ ᠦᠢ᠍ᠯᠡᠰ ᠡᠷᠡᠭᠦᠯ ᠵᠶ᠋ᠠᠷ ᠬᠥᠭᠵᠢᠪᠡ᠃ 《ᠨᠢᠭᠡ ᠳᠠᠯ᠎ᠠ᠎ᠨᠢ ᠦᠷ᠎ᠡ ᠵᠢᠨ ᠭᠠᠭᠴᠠ ᠪᠤᠯ ᠬᠤᠶᠠᠷ ᠬᠡᠣᠬᠡᠳ ᠠᠪᠴᠤ ᠪᠣᠯᠬᠤ》 ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠨ᠂ ᠬᠦᠮᠦᠨ ᠠᠮᠠ ᠵᠢᠨ ᠲᠦᠷᠦᠯᠲᠡ ᠵᠢᠨ ᠨᠣᠷᠮ᠎ᠠ ᠵᠢ 9.3‰ᠳᠤ ᠬᠢᠵᠠᠭ᠋ᠠᠷᠯᠠᠪᠠ᠃ ᠰᠤᠶᠤᠯ᠎ᠤᠨ ᠴᠡᠴᠡᠭᠯᠡᠨ ᠬᠥᠭᠵᠢᠭᠦ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠳᠡ ᠵᠢᠨ ᠬᠦᠮᠦᠵᠢᠭᠦᠯᠦᠨ ᠪᠤᠶ᠋ᠢᠵᠢᠭᠤᠯᠬᠤ ᠪᠠ ᠦᠢ᠍ᠯᠡᠳᠦᠯᠭᠡᠵᠢᠭᠦᠯᠵᠦ᠂ ᠣᠯᠠᠨ ᠲᠦᠮᠡᠨᠴᠢ ᠴᠢᠨᠠᠷᠲᠠᠢ ᠣᠶᠣᠨ᠎ᠤ ᠪᠣᠯᠪᠠᠰᠤᠨ᠎ᠢ ᠡᠭᠦᠳᠬᠦ ᠠᠵᠢᠯᠯᠠᠭ᠎ᠠ ᠵᠢ ᠭᠦᠨᠵᠡᠭᠡᠶ᠋ᠢᠷᠡᠭᠦᠯᠵᠤ᠂ ᠣᠯᠠᠨ ᠨᠡᠶ᠋ᠢᠲᠡ ᠵᠢᠨ ᠰᠤᠶᠤᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠦᠨ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠶᠡᠬᠡᠪᠡᠷ ᠬᠡᠷᠡᠭᠵᠢᠭᠦᠯᠦᠨ᠂ 《ᠲᠠᠯ᠎ᠠ ᠨᠤᠲᠤᠭ ᠵᠶ᠋ᠠᠨ ᠤᠶᠠᠩᠭ᠋ᠠᠯᠠᠨ ᠳᠠᠭᠤᠯᠠᠵᠤ᠂ ᠠᠷᠠᠳ ᠲᠦᠮᠡᠨ ᠵᠶ᠋ᠠᠨ ᠮᠠᠭᠲᠠᠨ ᠲᠡᠮᠳᠡᠭᠯᠡᠬᠦ》 ᠭᠤᠣᠯ ᠰᠡᠳᠦᠪᠲᠦ ᠰᠣᠶᠣᠯ᠎ᠤᠨ ᠦᠢ᠍ᠯᠡᠳᠦᠯᠭᠡ᠎ᠲᠦ ᠠᠵᠢᠯᠯᠠᠭ᠎ᠠ ᠵᠢ ᠦᠷᠨᠢᠭᠦᠯᠪᠡ᠃ ᠰᠣᠶᠣᠯ᠎ᠤᠨ ᠠᠵᠤ ᠦᠢ᠍ᠯᠡᠰ᠎ᠤᠨ ᠤᠷᠳᠤᠪᠳᠤᠷ ᠪᠠ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠨᠡᠶ᠋ᠢᠲᠡᠯᠡᠵᠦ᠂ ᠭᠤᠣᠯᠳᠠᠯᠭ᠎ᠠ᠎ᠲᠠᠢ ᠰᠣᠶᠣᠯ᠎ᠤᠨ ᠠᠵᠤ ᠦᠢ᠍ᠯᠡᠰ᠎ᠤᠨ ᠲᠦᠷᠦᠯ ᠵᠦᠢ᠍ᠯ ᠪᠠ ᠳᠤᠮᠳᠠ ᠵᠢᠵᠢᠭ ᠪᠢᠴᠢᠯ ᠰᠣᠶᠣᠯ᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠳᠬᠦᠪᠡ᠃ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠭᠦᠨᠵᠡᠭᠡᠢ ᠠᠬᠢᠭᠤᠯᠵᠤ᠂ ᠡᠷᠬᠡ ᠳᠡᠭᠰᠢ ᠪᠦᠯᠬᠦᠮᠳᠡᠨ ᠬᠠᠪᠰᠤᠷᠤᠯᠴᠠᠬᠰᠠᠨ ᠡᠶ᠎ᠡ ᠵᠤᠬᠢᠴᠠᠯ᠎ᠲᠠᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠤᠯᠠᠮ ᠨᠢᠭᠡ ᠠᠯᠬᠤᠮ ᠪᠠᠬᠢᠵᠢᠪᠡ᠃ ᠬᠦᠯ ᠪᠥᠮᠪᠦᠭᠡ ᠵᠢᠨ ᠬᠦᠳᠡᠯᠬᠡᠬᠡᠨ᠎ᠤ ᠥᠭᠡᠷᠡᠴᠢᠯᠡᠯᠲᠡ ᠬᠢᠭᠡᠳ ᠬᠥᠭᠵᠢᠭᠦᠯᠦᠯᠲᠡ ᠵᠢᠨ ᠠᠵᠢᠯ᠎ᠢ ᠪᠦᠬᠦ ᠲᠠᠯ᠎ᠠ᠎ᠪᠠᠷ ᠡᠬᠢᠯᠡᠭᠦᠯᠵᠦ᠂ ᠣᠯᠠᠨ ᠲᠦᠮᠡᠨᠴᠢ ᠴᠢᠨᠠᠷᠲᠠᠢ ᠪᠡᠶ᠎ᠡ ᠵᠢᠨ ᠲᠠᠮᠢᠷ ᠪᠣᠯᠣᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠢ ᠵᠤᠬᠢᠴᠠᠩᠭᠤᠢ ᠬᠦᠭᠵᠢᠭᠦᠯᠵᠤ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠦᠭᠵᠢᠯᠳᠡ ᠵᠢᠨ ᠠᠯᠬᠤᠴᠠ ᠳᠦᠷᠭᠡᠳᠪᠡ᠃ ᠰᠣᠨᠢᠨ ᠮᠡᠳᠡᠭᠡ ᠷᠠᠳᠢᠣ᠋ ᠺᠢᠨᠣ᠋ ᠲᠧᠯᠸᠢᠰ᠂ ᠭᠦᠨ ᠤᠬᠠᠭ᠋ᠠᠨ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠵᠡᠷᠭᠡ ᠡᠯ᠎ᠡ ᠵᠦᠢ᠍ᠯ᠎ᠤᠨ ᠠᠵᠢᠯ ᠦᠢ᠍ᠯᠡᠰ ᠴᠡᠴᠡᠭᠯᠡᠨ ᠬᠥᠭᠵᠢᠵᠦ᠂ ᠴᠠᠬ ᠠᠭᠤᠷ᠂ ᠠᠷᠠᠳ᠎ᠤᠨ ᠠᠭ᠋ᠠᠷ᠎ᠤᠨ ᠰᠡᠷᠬᠡᠶ᠋ᠢᠯᠡᠯᠳᠡ᠂ ᠵᠦᠪᠳᠡᠭᠴᠢ ᠪᠤᠯᠤᠨ ᠡᠮᠡᠭᠲᠡᠶ᠋ᠢᠴᠦᠳ ᠬᠡᠦᠬᠡᠳ᠂ ᠦᠳᠡᠭᠦᠰ᠂ ᠵᠡᠮᠳᠡᠭᠴᠦᠳ᠎ᠤᠨ ᠦᠢ᠍ᠯᠡᠰ ᠯᠠᠪᠳᠠᠭᠤᠨ ᠪᠠᠲᠤᠲᠠᠢ ᠠᠬᠢᠪᠠ᠃
(ᠲᠤᠯᠤᠭ᠎ᠠ) ᠨᠡᠶ᠋ᠢᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠬᠤ ᠵᠢ ᠪᠠᠳᠣᠯᠠᠪᠠ᠃ 《ᠠᠮᠤᠭᠤᠯᠠᠩ ᠲᠠᠶ᠋ᠢᠪᠤᠩ ᠥᠪᠥᠷ ᠮᠣᠩᠭᠤᠯ》᠎ᠢ ᠪᠦᠲᠦᠭᠡᠨ ᠪᠠᠶ᠋ᠢᠭᠤᠯᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠂ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠶᠡᠷᠦᠩᠬᠡᠶ᠋ᠢᠯᠡᠭᠰᠡᠨ ᠵᠠᠰᠠᠯᠲᠠ ᠴᠢᠩᠭ᠋ᠠᠳᠬᠠᠭᠳᠠᠵᠤ᠂ ᠪᠣᠰᠤᠭ᠎ᠠ ᠴᠤᠭᠴᠠᠵᠢᠭᠰᠠᠨ ᠨᠡᠶ᠋ᠢᠭᠡᠮ᠎ᠤᠨ ᠠᠮᠤᠷ᠎ᠢ ᠬᠠᠮᠠᠭ᠋ᠠᠯᠠᠵᠤ ᠰᠡᠷᠡᠮᠵᠢᠯᠡᠨ ᠡᠵᠡᠮᠳᠡᠬᠦ ᠰᠢᠰᠲ᠋ᠧᠮᠵᠢ ᠵᠢ ᠰᠢᠨ᠎ᠡ᠎ᠪᠠᠷ ᠡᠭᠦᠳᠦᠨ ᠲᠡᠭᠦᠯᠳᠡᠷᠵᠢᠭᠦᠯᠵᠦ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠴᠦ᠂ ᠠᠮᠤᠷ᠎ᠢ ᠬᠠᠮᠠᠭ᠋ᠠᠯᠠᠬᠤ ᠵᠢᠨ ᠬᠦᠯᠢᠶᠡᠨ ᠠᠪᠴᠤ ᠰᠢᠢ᠍ᠳᠪᠦᠷᠢᠯᠡᠭᠰᠡᠨ ᠬᠡᠷᠡᠭ 28.2% ᠵᠶ᠋ᠠᠷ ᠪᠠᠭᠤᠷᠠᠨ᠂ ᠡᠷᠡᠬᠦᠦ ᠵᠢᠨ ᠬᠡᠷᠡᠭ 29.2% ᠵᠶ᠋ᠠᠷ ᠪᠠᠭᠤᠷᠠᠵᠤ᠂ ᠠᠷᠠᠳ ᠣᠯᠠᠨ᠎ᠤ ᠠᠮᠤᠷ ᠲᠦᠪᠰᠢᠨ᠎ᠤ ᠰᠡᠳᠬᠢᠯᠬᠡ ᠤᠯᠠᠮ ᠨᠢᠭᠡ ᠠᠯᠬᠤᠮ ᠳᠠᠶ᠋ᠢᠪᠤᠰᠢᠷᠠᠪᠠ᠃ 《ᠵᠠᠬᠢᠳᠠᠯ ᠰᠤᠷᠪᠤᠯᠵᠢᠯᠠᠯ᠎ᠢ ᠶᠡᠬᠡᠪᠡᠷ ᠬᠦᠯᠢᠶᠡᠨ ᠠᠪᠬᠤ》 ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠦᠨ᠂ ᠨᠡᠶ᠋ᠢᠭᠡᠮ᠎ᠤᠨ ᠵᠥᠷᠢᠴᠡᠯ᠎ᠢ ᠪᠦᠬᠦ ᠲᠠᠯ᠎ᠠ᠎ᠪᠠᠷ ᠪᠠᠶ᠋ᠢᠴᠠᠭ᠋ᠠᠨ ᠨᠠᠮᠳᠠᠭᠤᠯᠵᠤ᠂ ᠵᠠᠬᠢᠲᠠᠯ ᠰᠤᠷᠪᠤᠯᠵᠢᠯᠠᠯ᠎ᠤᠨ ᠠᠵᠢᠯ᠎ᠤᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠵᠠᠬᠢᠲᠠᠯ ᠰᠤᠷᠪᠤᠯᠵᠢᠯᠠᠯ᠎ᠤᠨ ᠪᠠᠶ᠋ᠢᠳᠠᠯ ᠯᠠᠪᠳᠠᠭᠤᠨ ᠰᠠᠶ᠋ᠢᠵᠢᠷᠠᠯᠲᠠᠢ ᠪᠣᠯᠪᠠ᠃ ᠭᠠᠵᠠᠷ ᠰᠢᠷᠤᠢ ᠲᠠᠲᠠᠪᠤᠷᠢᠯᠠᠨ ᠭᠡᠷ ᠪᠠᠶ᠋ᠢᠰᠢᠩ ᠨᠤᠷᠠᠭ᠋ᠠᠵᠦ ᠨᠡᠭᠦᠯᠭᠡᠬᠦ ᠪᠠ ᠮᠠᠯ ᠲᠠᠷᠢᠶᠠᠯᠠᠩ ᠮᠠᠯᠴᠢᠨ ᠲᠠᠷᠢᠶᠠᠴᠢᠳ᠎ᠲᠤ ᠬᠤᠯᠪᠤᠭᠳᠠᠬᠤ ᠵᠡᠷᠭᠡ 8 ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢ ᠲᠦᠪᠯᠡᠷᠡᠬᠦᠯᠦᠨ ᠲᠤᠰᠬᠠᠶ᠋ᠢᠯᠠᠨ ᠴᠡᠭᠴᠡᠯᠡᠨ ᠵᠠᠰᠠᠵᠤ᠂ ᠣᠯᠠᠨ ᠲᠦᠮᠡᠨ᠎ᠤ ᠠᠰᠢᠭ ᠲᠤᠰᠠ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠲᠥᠪ ᠴᠢᠩᠭ᠎ᠠ ᠵᠠᠯᠬᠠᠭ᠋ᠠᠨ ᠰᠢᠢ᠍ᠳᠪᠦᠷᠢᠯᠡᠪᠡ᠃ ᠠᠶᠤᠯ ᠦᠭᠡᠢ ᠦᠢ᠍ᠯᠡᠳᠪᠦᠷᠢᠯᠡᠯ᠎ᠤᠨ 《ᠬᠠᠤᠯᠢ ᠪᠤᠰᠤ ᠠᠵᠢᠯᠯᠠᠭ᠎ᠠ᠎ᠳᠤ ᠴᠣᠬᠢᠯᠲᠠ ᠦᠭᠴᠦ ᠬᠠᠤᠯᠢ᠎ᠠᠴᠠ ᠵᠥᠷᠢᠴᠡᠭᠰᠡᠨ᠎ᠢ ᠵᠠᠰᠠᠬᠤ》 ᠪᠠ ᠡᠯ᠎ᠡ ᠲᠦᠷᠦᠯ᠎ᠤᠨ ᠳᠤᠰᠬᠠᠢ᠍ᠢ᠍ᠯᠠᠨ ᠴᠡᠭᠴᠡᠯᠡᠨ ᠵᠠᠰᠠᠬᠤ ᠵᠢ ᠭᠦᠨᠵᠡᠭᠡᠢ ᠥᠷᠨᠢᠭᠦᠯᠦᠨ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠪᠣᠯᠣᠨ ᠠᠶᠤᠯ ᠲᠦᠭᠰᠢᠭᠦᠷᠢ ᠵᠢ ᠰᠡᠷᠡᠮᠵᠢᠯᠡᠨ ᠡᠵᠡᠮᠳᠡᠬᠦ ᠵᠢ ᠴᠢᠩᠭ᠋ᠠᠷᠠᠭᠤᠯᠵᠤ᠂ ᠠᠳᠡᠯ ᠭᠠᠷᠬᠤ ᠲᠤᠭ᠎ᠠ ᠪᠣᠯᠣᠨ ᠠᠳᠡᠭᠰᠡᠨ ᠬᠥᠮᠥᠨ᠎ᠤ ᠲᠤᠭ᠎ᠠ ᠵᠢᠨ 《ᠬᠤᠣᠰ ᠵᠶ᠋ᠠᠷ ᠪᠠᠭᠤᠷᠠᠭᠤᠯᠬᠤ》 ᠵᠢ ᠪᠡᠶᠡᠯᠡᠬᠦᠯᠪᠡ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠢ ᠴᠡᠭᠴᠡᠯᠡᠨ ᠵᠠᠰᠠᠬᠤ ᠵᠢ ᠯᠠᠪᠳᠠᠭᠤᠨ ᠪᠠᠲᠤᠲᠠᠢ ᠥᠷᠨᠢᠭᠦᠯᠦᠨ᠂ ᠠᠶᠤᠯ ᠲᠦᠭᠰᠢᠭᠦᠷᠢ ᠵᠢᠨ ᠳᠠᠯᠳᠠ ᠭᠡᠮ᠎ᠢ ᠴᠠᠭ ᠲᠤᠬᠠᠢᠳᠤᠨᠢ ᠰᠡᠷᠡᠵᠦ ᠮᠡᠳᠡᠬᠦ ᠪᠠ ᠰᠢᠢ᠍ᠳᠪᠦᠷᠢᠯᠡᠵᠦ᠂ ᠰᠢᠰᠲ᠋ᠧᠮ᠎ᠤᠨ ᠴᠢᠨᠠᠷᠲᠠᠢ᠂ ᠣᠷᠣᠨ ᠪᠦᠰᠡ ᠵᠢᠨ ᠴᠢᠨᠠᠷᠲᠠᠢ ᠠᠮᠤᠷ ᠲᠦᠪᠰᠢᠨ᠎ᠤ ᠠᠳᠡᠯ ᠭᠠᠷᠤᠬᠰᠠᠨ ᠦᠭᠡᠢ᠃ ᠡᠯ᠎ᠡ ᠲᠦᠷᠦᠯ᠎ᠤᠨ ᠳᠠᠶ᠋ᠢᠰᠤᠩᠨᠠᠭᠴᠢ ᠬᠦᠴᠦᠨ᠎ᠤ ᠨᠠᠪᠴᠢᠨ ᠣᠷᠣᠵᠤ ᠡᠪᠳᠡᠯᠭᠡ ᠬᠢᠬᠦ ᠪᠠ ᠤᠷᠪᠠᠯᠭ᠎ᠠ ᠵᠢᠨ ᠠᠵᠢᠯᠯᠠᠭ᠎ᠠ ᠵᠢ ᠴᠢᠩᠭ᠎ᠠ ᠰᠡᠷᠡᠮᠵᠢᠯᠡᠨ ᠴᠢᠩᠭ᠎ᠠ ᠴᠣᠬᠢᠯᠲᠠ ᠦᠭᠴᠦ᠂ ᠡᠬᠡ ᠤᠯᠤᠰ᠎ᠤᠨ ᠤᠮᠠᠷᠠᠲᠤ ᠬᠢᠯᠢ ᠬᠢᠵᠠᠭ᠋ᠠᠷ᠎ᠤᠨ ᠠᠮᠤᠷ ᠲᠦᠪᠰᠢᠨ ᠲᠣᠭᠲᠠᠭᠤᠨ ᠬᠠᠯᠬᠠᠪᠴᠢ ᠵᠢ ᠪᠠᠲᠤ ᠪᠠᠬᠢ ᠪᠣᠯᠭ᠋ᠠᠪᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠣᠨ ᠴᠡᠷᠢᠭ ᠠᠩᠭᠢ ᠵᠢᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠳᠡᠮᠵᠢᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠥᠵᠢᠯ ᠪᠣᠯᠣᠨ ᠬᠤᠶᠠᠷ᠎ᠢ ᠬᠦᠷᠢᠶᠡᠯᠡᠨ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠭᠦᠨᠵᠡᠭᠡᠢ ᠦᠷᠨᠢᠭᠦᠯᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯ ᠪᠣᠯᠣᠨ ᠪᠡᠯᠡᠳᠭᠡᠯ ᠬᠦᠴᠦᠨ᠎ᠤ ᠪᠠᠶ᠋ᠢᠭᠤᠯᠤᠯᠲᠠ ᠰᠢᠨ᠎ᠡ ᠠᠬᠢᠴᠠ᠎ᠲᠠᠢ ᠪᠣᠯᠪᠠ᠃
(ᠨᠠᠢ᠍ᠮᠠ) ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠤᠯᠲᠠ ᠴᠢᠩᠭ᠋ᠠᠳᠬᠠᠭᠳᠠᠪᠠ᠃ ᠰᠢ ᠵᠢᠨ ᠫᠢᠩ ᠶᠡᠷᠦᠩᠬᠡᠢ ᠱᠦᠵᠢ ᠵᠢᠨ ᠠᠯᠢ ᠣᠯᠠᠨ ᠴᠢᠬᠤᠯᠠ ᠶᠠᠷᠢᠶ᠎ᠠ ᠪᠣᠯᠣᠨ ᠥᠪᠥᠷ ᠮᠣᠩᠭᠤᠯ ᠵᠶ᠋ᠠᠷ ᠰᠢᠨᠵᠢᠯᠡᠨ ᠪᠠᠶ᠋ᠢᠴᠠᠭ᠋ᠠᠬᠤ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠣᠷᠣᠯᠴᠠᠨ ᠲᠤᠤᠱᠯᠠᠭᠤᠯᠵᠤ᠂ ᠰᠢᠨᠵᠢᠯᠡᠬᠦ ᠤᠬᠠᠭ᠋ᠠᠨᠴᠢ ᠤᠨᠤᠯ ᠵᠶ᠋ᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠨ᠂ ᠦᠢ᠍ᠯᠡᠳᠦᠯᠭᠡ ᠵᠢ ᠵᠢᠯᠣᠭᠤᠳᠤᠨ᠂ ᠠᠵᠢᠯ ᠵᠶ᠋ᠠᠨ ᠠᠬᠢᠭᠤᠯᠵᠤ᠂ ᠤᠬᠠᠮᠰᠠᠷ᠎ᠠᠴᠠ᠎ᠪᠠᠨ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠯᠤᠭ᠎ᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠵᠢ ᠭᠤᠶ᠋ᠢᠪᠠᠰᠢ ᠦᠭᠡᠢ ᠪᠠᠷᠢᠮᠲᠠᠯᠠᠵᠤ᠂ ᠲᠦᠪ᠎ᠤᠨ ᠨᠠᠢ᠍ᠮᠠᠨ ᠲᠤᠭᠳᠠᠭ᠋ᠠᠯ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ 《ᠭᠤᠷᠪᠠᠨ ᠵᠦᠢ᠍ᠯ᠎ᠤᠨ ᠰᠠᠬᠢᠯᠭ᠎ᠠ》 ᠪᠤᠯᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ 28 ᠢᠵᠢ ᠪᠦᠷᠢᠳᠦᠭᠰᠡᠨ ᠲᠤᠭᠳᠠᠭ᠋ᠠᠯ᠎ᠢ ᠴᠢᠩᠭ᠎ᠠ ᠬᠡᠷᠡᠭᠵᠢᠬᠦᠯᠵᠦ᠂ ᠰᠤᠷᠳᠠᠯ᠎ᠢ ᠴᠡᠭᠴᠡᠯᠡᠨ ᠰᠠᠶ᠋ᠢᠵᠢᠷᠠᠭᠤᠯᠬᠤ ᠪᠠ ᠠᠰᠠᠭᠤᠳᠠᠯ᠎ᠢ ᠴᠡᠭᠴᠡᠯᠡᠨ ᠵᠠᠰᠠᠬᠤ ᠵᠢ ᠳᠠᠰᠤᠷᠠᠯᠳᠠ ᠦᠭᠡᠢ ᠭᠦᠨᠵᠡᠭᠡᠶ᠋ᠢᠷᠡᠭᠦᠯᠪᠡ᠃ ᠬᠤᠷᠠᠯ᠂ ᠪᠢᠴᠢᠭ ᠮᠠᠲ᠋ᠧᠷᠢᠶᠠᠯ᠎ᠤᠨ ᠲᠤᠭ᠎ᠠ ᠬᠡᠮᠵᠢᠶ᠎ᠡ ᠵᠢ ᠴᠢᠩᠭ᠎ᠠ ᠬᠢᠵᠠᠭ᠋ᠠᠷᠯᠠᠵᠤ᠂ ᠵᠠᠰᠠᠭ᠎ᠤᠨ ᠣᠷᠳᠣᠨ᠎ᠤ ᠴᠢᠨᠠᠷᠲᠠᠢ ᠠᠰᠠᠷ ᠲᠢᠩᠬᠢᠮ ᠪᠠᠭᠤᠳᠠᠯ ᠭᠠᠵᠠᠷ ᠰᠢᠨ᠎ᠡ᠎ᠪᠠᠷ ᠪᠠᠶ᠋ᠢᠭᠤᠯᠬᠤ ᠲᠦᠷᠦᠯ ᠵᠦᠢ᠍ᠯ ᠵᠦᠪᠰᠢᠶᠡᠷᠡᠬᠦ ᠵᠢ ᠡᠷᠡᠰ ᠵᠣᠭᠰᠣᠭ᠋ᠠᠵᠤ᠂ ᠪᠠᠶ᠋ᠢᠭᠤᠯᠤᠮᠵᠢ ᠵᠢᠨ ᠣᠷᠣᠨ ᠲᠤᠭ᠎ᠠ ᠪᠣᠯᠣᠨ ᠡᠳ᠋᠎ᠤᠨ ᠵᠠᠰᠠᠭ᠎ᠠᠴᠠ ᠴᠠᠯᠢᠩ ᠬᠦᠯᠦᠰᠦ ᠦᠭᠴᠦ ᠪᠦᠬᠦᠢ ᠬᠦᠮᠦᠨ᠎ᠤ ᠲᠤᠭ᠎ᠠ ᠬᠡᠮᠵᠢᠶ᠎ᠡ ᠵᠢᠨ 《ᠬᠤᠣᠰ ᠵᠶ᠋ᠠᠷ ᠪᠠᠭᠤᠷᠠᠭᠤᠯᠵᠤ》᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ 《ᠠᠯᠪᠠᠨ᠎ᠤ ᠭᠤᠷᠪᠠᠨ ᠵᠠᠷᠤᠳᠠᠯ》 22.8%᠎ᠪᠠᠷ ᠪᠠᠭᠤᠷᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶ᠎ᠠ ᠵᠢᠨ ᠲᠣᠭᠲᠠᠭ᠋ᠠᠯ᠎ᠢ ᠬᠢᠨᠠᠮᠠᠭ᠋ᠠᠢ ᠬᠡᠷᠡᠭᠵᠢᠭᠦᠯᠦᠨ᠂ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠪᠣᠯᠣᠨ ᠨᠠᠮ ᠪᠦᠯᠦᠭ᠎ᠤᠨ ᠪᠤᠰᠤ ᠬᠦᠮᠦᠰ᠎ᠤᠨ ᠰᠠᠨᠠᠯ᠎ᠢ ᠥᠷᠭᠡᠨ ᠵᠶ᠋ᠠᠷ ᠰᠣᠨᠣᠰᠴᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠵᠥᠪᠯᠡᠯᠭᠡ᠂ ᠰᠠᠨᠠᠭᠤᠯᠭ᠎ᠠ ᠪᠣᠯᠣᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ ᠵᠢ ᠴᠠᠭ ᠲᠤᠬᠠᠢᠳᠤᠨᠢ ᠭᠦᠢ᠍ᠴᠡᠳᠭᠡᠪᠡ᠃ ᠵᠠᠰᠠᠭ᠎ᠤᠨ ᠣᠷᠳᠣᠨ᠎ᠤ ᠬᠠᠤᠯᠢ ᠳᠦᠷᠢᠮ᠎ᠤᠨ ᠠᠵᠢᠯ᠎ᠢ ᠴᠢᠩᠭ᠋ᠠᠳᠬᠠᠨ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠵᠥᠪᠯᠡᠯᠭᠡ 8 ᠵᠦᠢ᠍ᠯ᠎ᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠳᠤ ᠳᠡᠪᠰᠢᠭᠦᠯᠦᠨ ᠬᠢᠨᠠᠨ ᠪᠠᠲᠤᠯᠠᠭᠤᠯᠵᠤ᠂ ᠵᠠᠰᠠᠭ ᠵᠠᠬᠢᠷᠭ᠋ᠠᠨ᠎ᠤ 12 ᠵᠦᠢ᠍ᠯ᠎ᠤᠨ ᠳᠦᠷᠢᠮ ᠲᠣᠭᠲᠠᠭ᠋ᠠᠯ᠎ᠢ ᠲᠣᠭᠲᠠᠭ᠋ᠠᠨ᠂ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭ᠋ᠠᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠳᠤ ᠥᠭᠡᠷᠡᠴᠢᠯᠡᠯᠲᠡ ᠬᠢᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠪᠣᠯᠣᠨ ᠠᠯᠳᠠᠭ᠎ᠠ ᠪᠤᠷᠤᠭᠤ ᠵᠢ᠎ᠨᠢ ᠨᠡᠬᠡᠮᠵᠢᠯᠡᠬᠦ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠪᠠ᠃ ᠬᠢᠨᠠᠨ ᠪᠣᠳᠣᠬᠤ᠂ ᠬᠢᠨᠠᠨ ᠪᠠᠶ᠋ᠢᠴᠠᠭ᠋ᠠᠬᠤ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠡᠷᠴᠢᠮ᠎ᠢ ᠴᠢᠩᠭ᠋ᠠᠷᠠᠭᠤᠯᠤᠨ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠠᠷᠢᠭᠤᠨ ᠴᠢᠭᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠣᠨ ᠢᠯᠵᠢᠷᠠᠯ᠎ᠢ ᠡᠰᠡᠷᠬᠦᠴᠡᠬᠦ ᠠᠵᠢᠯ ᠤᠯᠠᠮ ᠨᠢᠭᠡ ᠠᠯᠬᠤᠮ ᠴᠢᠩᠭ᠋ᠠᠳᠪᠠ᠃
ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ᠎ᠤᠨ ᠠᠮᠵᠢᠯᠲᠠ ᠵᠢ ᠣᠯᠣᠭᠰᠠᠨ᠎ᠨᠢ ᠬᠢᠯᠪᠠᠷ ᠪᠤᠰᠤ ᠶᠤᠮ᠃ ᠡᠨᠡ᠎ᠨᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠦᠪ ᠣᠨᠣᠪᠴᠢᠲᠠᠢ ᠤᠳᠤᠷᠢᠳᠤᠭᠰᠠᠨ᠎ᠤ ᠦᠷ᠎ᠡ ᠳ᠋ᠦᠩ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠬᠠᠷᠢᠯᠴᠠᠨ ᠬᠠᠪᠰᠤᠷᠤᠯᠴᠠᠵᠦ᠂ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠪᠥᠭᠡᠳ ᠮᠦᠨᠴᠦ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠯᠠᠮᠵᠢᠯᠠᠨ᠂ ᠳᠡᠮᠵᠢᠵᠦ᠂ ᠬᠠᠪᠰᠤᠷᠤᠭᠰᠠᠨᠤ ᠦᠷ᠎ᠡ ᠳ᠋ᠦᠩ ᠪᠣᠯᠬᠤ ᠶᠤᠮ᠃ ᠠᠳᠡ᠂ ᠪᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠰᠢᠷᠭ᠋ᠠᠭᠤ᠎ᠪᠠᠷ ᠠᠵᠢᠯᠯᠠᠵᠤ ᠪᠠᠶ᠋ᠢᠭ᠎ᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠠᠷᠠᠳ᠎ᠤᠨ ᠪᠦᠯᠬᠦᠮ᠂ ᠥᠪᠥᠷ ᠮᠣᠩᠭᠤᠯ᠎ᠤᠨ ᠤᠳᠤᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠦᠬᠦᠳ᠂ ᠨᠠᠶ᠋ᠢᠵᠠ ᠨᠠᠷ᠎ᠲᠤ ᠴᠢᠩ ᠰᠡᠳᠭᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
ᠠᠮᠵᠢᠯᠲᠠ᠎ᠪᠠᠨ ᠣᠯᠵᠤ ᠬᠠᠷᠠᠬᠤ ᠵᠢᠨ ᠳᠠᠭ᠋ᠠᠤ ᠪᠢᠳᠠ ᠪᠠᠰᠠ ᠮᠠᠨ᠎ᠤ ᠤᠷᠤᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠪᠠᠰᠠ ᠡᠳᠦᠢ ᠳᠡᠳᠦᠢ ᠵᠦᠷᠢᠴᠡᠯ ᠪᠠ ᠠᠰᠠᠭᠤᠳᠠᠯ ᠣᠷᠣᠰᠢᠵᠤ᠂ ᠵᠠᠰᠠᠬ᠎ᠤᠨ ᠤᠷᠳᠤᠨ᠎ᠤ ᠠᠵᠢᠯ᠎ᠳᠤ ᠪᠠᠰᠠ ᠬᠦᠷᠦᠯᠴᠡᠬᠦ ᠦᠭᠡᠢ ᠳᠠᠯ᠎ᠠ ᠪᠠ ᠵᠦᠷᠢᠶ᠎ᠡ ᠤᠷᠤᠰᠢᠵᠦ ᠪᠠᠶ᠋ᠢᠨ᠎ᠠ ᠭᠡᠳᠡᠭ᠎ᠢ ᠰᠡᠷᠭᠡᠭ ᠵᠶ᠋ᠠᠷ ᠣᠯᠵᠤ ᠲᠠᠨᠢᠪᠠ᠃ ᠭᠤᠣᠯᠳᠠᠭᠤ᠄ ᠠᠵᠤ ᠠᠬᠤᠢ ᠵᠢᠨ ᠬᠤᠷᠸ᠎ᠠ ᠣᠷᠴᠢᠨ ᠲᠣᠭᠤᠷᠢᠨ᠎ᠤ ᠬᠠᠨᠳᠤᠰᠢ ᠪᠠᠴᠢᠭᠤ᠂ ᠬᠡᠷᠡᠭᠴᠡᠭᠡ ᠱᠠᠭ᠋ᠠᠷᠳᠠᠯᠭ᠎ᠠ ᠵᠢᠨ ᠬᠢᠵᠠᠭ᠋ᠠᠷᠯᠠᠯ ᠴᠢᠩᠭ᠋ᠠᠷᠠᠵᠤ᠂ ᠪᠡᠯᠡ ᠣᠷᠤᠭᠤᠯᠤᠯᠲᠠ ᠵᠢᠨ ᠨᠡᠮᠡᠭᠳᠡᠯ᠎ᠤᠨ ᠬᠦᠴᠢᠷᠳᠡᠯ ᠨᠡᠮᠡᠭᠳᠡᠵᠦ᠂ ᠬᠡᠰᠡᠭ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠪᠠᠰᠠ ᠨᠡᠯᠢᠶᠡᠳ ᠬᠦᠴᠢᠷᠳᠡᠯ᠎ᠲᠠᠢ ᠪᠠᠶ᠋ᠢᠵᠤ᠂ ᠠᠵᠤ ᠠᠬᠤᠢ ᠵᠢᠨ ᠪᠠᠭᠤᠷᠠᠯᠲᠠ ᠵᠢᠨ ᠳᠠᠷᠤᠯᠲᠠ ᠮᠦᠨ ᠬᠦ᠌ ᠨᠡᠯᠢᠶᠡᠳ ᠶᠡᠭᠡ ᠪᠠᠶ᠋ᠢᠭᠰᠠᠭ᠋ᠠᠷ; ᠠᠵᠤ ᠦᠢ᠍ᠯᠡᠰ᠎ᠤᠨ ᠬᠥᠭᠵᠢᠯᠲᠡ ᠲᠡᠭᠦᠯᠳᠡᠷ ᠪᠤᠰᠤ᠂ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠮᠦᠨ ᠬᠦ᠌ ᠪᠠᠭᠤᠷᠠᠢ ᠪᠠᠶ᠋ᠢᠵᠤ᠂ ᠡᠬᠢ ᠪᠠᠶᠠᠯᠢᠭ᠎ᠢ ᠠᠰᠢᠭᠯᠠᠬᠤ ᠠᠷᠭ᠎ᠠ ᠮᠠᠶᠢᠭ ᠨᠡᠯᠢᠶᠡᠳ ᠪᠦᠳᠦᠭᠦᠯᠢᠭ ᠪᠠᠶ᠋ᠢᠵᠤ᠂ ᠰᠢᠨ᠎ᠡ ᠵᠢ ᠡᠭᠦᠳᠬᠦ ᠴᠢᠳᠠᠪᠤᠷᠢ ᠴᠢᠩᠭ᠎ᠠ ᠪᠤᠰᠤ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠬᠠᠷᠢᠴᠠᠩᠭᠤᠢ ᠬᠤᠵᠢᠭᠤᠳᠠᠭᠤ ᠪᠠᠶ᠋ᠢᠨ᠎ᠠ; ᠰᠠᠭᠤᠷᠢ ᠪᠡᠯᠡᠳᠭᠡᠮᠵᠢ᠎ᠪᠠᠷ ᠲᠤᠯᠭ᠋ᠠᠭᠤᠷᠢᠯᠠᠬᠤ ᠴᠢᠳᠠᠪᠤᠷᠢ ᠬᠦᠷᠦᠯᠴᠡᠬᠦ ᠦᠭᠡᠢ᠂ ᠬᠤᠲᠠ ᠪᠠᠯᠭ᠋ᠠᠰᠤᠴᠢᠯᠠᠬᠤ ᠬᠢᠷᠢ ᠲᠥᠪᠰᠢᠨ ᠪᠠᠰᠠ ᠳᠣᠣᠷ᠎ᠠ ᠪᠠᠶ᠋ᠢᠵᠤ᠂ ᠬᠤᠲᠠ ᠬᠥᠳᠡᠭᠡ ᠣᠷᠣᠨ ᠪᠦᠰᠡ ᠵᠢᠨ ᠬᠥᠭᠵᠢᠯᠲᠡ ᠲᠡᠩᠴᠡᠭᠦᠷᠢ ᠦᠭᠡᠢ ᠪᠠᠶ᠋ᠢᠭᠰᠠᠭ᠋ᠠᠷ; ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠪᠦᠬᠦ ᠤᠯᠤᠰ᠎ᠤᠨ ᠳᠤᠮᠳᠠᠴᠢ ᠬᠢᠷᠢ ᠲᠥᠪᠰᠢᠨ᠎ᠲᠠᠢ ᠪᠠᠰᠠ ᠵᠣᠬᠢᠬᠤ ᠵᠥᠷᠢᠶ᠎ᠡ᠎ᠲᠠᠢ ᠪᠠᠶ᠋ᠢᠬᠰᠠᠭ᠋ᠠᠷ᠂ ᠬᠡᠰᠡᠭ ᠣᠯᠠᠨ ᠲᠦᠮᠡᠨ᠎ᠤ ᠠᠮᠢᠳᠤᠷᠠᠯ ᠮᠦᠨ ᠬᠦ᠌ ᠨᠡᠯᠢᠶᠡᠳ ᠬᠦᠴᠢᠷᠳᠡᠯᠲᠡᠢ ᠪᠠᠶ᠋ᠢᠨ᠎ᠠ; ᠠᠶᠤᠯ ᠦᠭᠡᠢ ᠦᠢ᠍ᠯᠡᠳᠪᠦᠷᠢᠯᠡᠯ᠂ ᠨᠡᠶ᠋ᠢᠭᠡᠮ᠎ᠤᠨ ᠠᠮᠤᠷ ᠲᠦᠪᠰᠢᠨ᠎ᠢ ᠬᠠᠮᠠᠭ᠋ᠠᠯᠠᠬᠤ᠂ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ ᠵᠡᠷᠭᠡ ᠲᠠᠯ᠎ᠠ᠎ᠪᠠᠷ ᠪᠠᠰᠠ ᠡᠳᠦᠢ ᠲᠠᠳᠤᠢ ᠠᠰᠠᠭᠤᠳᠠᠯ ᠣᠷᠣᠰᠢᠵᠤ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠨᠥᠯᠥᠭᠡᠯᠡᠬᠦ ᠵᠥᠷᠢᠴᠡᠯ ᠵᠢᠭᠤᠷᠠᠯᠳᠤᠭ᠋ᠠᠨ ᠬᠢᠯᠪᠠᠷᠬᠠᠨ ᠮᠥᠷᠲᠡᠭᠡᠨ ᠣᠯᠠᠨ ᠭᠠᠷᠴᠤ᠂ ᠨᠡᠶ᠋ᠢᠭᠡᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ᠎ᠳᠤ ᠮᠠᠰᠢ ᠠᠷᠪᠢᠨ ᠰᠢᠨ᠎ᠡ ᠪᠠᠶ᠋ᠢᠳᠠᠯ ᠰᠢᠨ᠎ᠡ ᠠᠰᠠᠭᠤᠳᠠᠯ ᠲᠤᠯᠭ᠋ᠠᠷᠠᠵᠦ ᠪᠠᠶ᠋ᠢᠨ᠎ᠠ; ᠠᠮᠢ ᠠᠬᠤᠢ ᠵᠢᠨ ᠮᠠᠭᠤᠵᠢᠷᠠᠯ᠎ᠤᠨ ᠬᠠᠨᠳᠤᠰᠢ ᠬᠡᠳᠦ᠋ᠢ᠍ᠪᠡᠷ ᠤᠳᠠᠭ᠋ᠠᠰᠢᠷᠠᠭᠰᠠᠨ ᠪᠣᠯᠪᠠᠴᠤ ᠠᠮᠢ ᠠᠬᠤᠢ ᠵᠢᠨ ᠣᠷᠴᠢᠨ ᠲᠣᠭᠤᠷᠢᠨ ᠮᠦᠨ ᠬᠦ᠌ ᠲᠦᠢ᠍ᠯ᠎ᠤᠨ ᠬᠡᠪᠡᠷᠡᠭ ᠪᠠᠶ᠋ᠢᠵᠤ᠂ ᠵᠠᠷᠢᠮ ᠭᠠᠵᠠᠷ ᠤᠷᠤᠨ᠎ᠳᠤ ᠣᠷᠴᠢᠨ ᠲᠣᠭᠤᠷᠢᠨ᠎ᠤ ᠪᠣᠬᠢᠷᠲᠤᠯ᠎ᠤᠨ ᠬᠡᠷᠡᠭ ᠪᠠᠶ᠋ᠢᠨ ᠪᠠᠶ᠋ᠢᠨ ᠭᠠᠷᠴᠤ᠂ ᠬᠡᠰᠡᠭ ᠠᠵᠤ ᠦᠢ᠍ᠯᠡᠰ᠎ᠤᠨ ᠡᠨᠧᠷᠭᠢ ᠵᠢᠨ ᠬᠤᠷᠣᠭᠳᠠᠯ᠂ ᠤᠰᠤᠨ᠎ᠤ ᠬᠤᠷᠣᠭᠳᠠᠯ ᠪᠣᠯᠣᠨ ᠪᠣᠬᠢᠷᠲᠤᠯ᠎ᠤᠨ ᠭᠠᠳᠠᠭᠰᠢᠯᠠᠭᠤᠯᠬᠤ ᠬᠡᠮᠵᠢᠶ᠎ᠡ ᠨᠡᠯᠢᠶᠡᠳ ᠬᠡᠴᠡᠭᠦᠦ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠳᠠᠷᠤᠯᠲᠠ ᠮᠦᠨ ᠬᠦ᠌ ᠶᠡᠭᠡ ᠪᠠᠶ᠋ᠢᠵᠤ᠂ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠬᠦᠨᠳᠦ ᠵᠠᠮ ᠤᠷᠳᠤ ᠪᠠᠶ᠋ᠢᠨ᠎ᠠ; ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠭᠤᠯᠬᠤ ᠪᠣᠯᠣᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠲᠠᠯ᠎ᠠ᠎ᠪᠠᠷ ᠪᠠᠰᠠ ᠪᠣᠳᠠᠲᠠᠶ᠋ᠢᠵᠢᠭ᠋ᠠᠳᠤᠢ᠂ 《ᠳᠥᠷᠪᠡᠨ ᠰᠤᠷᠲᠠᠯ》᠎ᠤᠨ ᠠᠰᠠᠭᠤᠳᠠᠯ ᠮᠦᠨ ᠬᠦ᠌ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠦᠷ᠎ᠡ ᠪᠦᠳᠦᠮᠵᠢ ᠵᠢ ᠤᠯᠠᠮ ᠨᠢᠭᠡ ᠠᠯᠬᠤᠮ ᠪᠠᠬᠢᠵᠢᠬᠦᠯᠬᠦ ᠴᠢᠬᠤᠯᠠᠲᠠᠢ ᠪᠠᠶ᠋ᠢᠵᠤ᠂ ᠢᠯᠵᠢᠷᠠᠯ᠎ᠢ ᠡᠰᠡᠷᠬᠦᠴᠡᠨ ᠠᠷᠢᠭᠤᠨ ᠴᠢᠬᠡᠴᠢ ᠵᠢ ᠡᠷᠬᠢᠮᠯᠡᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠬᠤ ᠴᠢᠬᠤᠯᠠᠲᠠᠢ ᠪᠠᠶ᠋ᠢᠨ᠎ᠠ᠃ ᠡᠳᠡᠭᠡᠷ ᠠᠰᠠᠭᠤᠳᠠᠯ᠎ᠤᠳ᠎ᠲᠤ᠂ ᠪᠢᠳᠠ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠢᠨᠠᠮᠠᠭ᠋ᠠᠢ ᠰᠢᠢ᠍ᠳᠪᠦᠷᠢᠯᠡᠬᠦ ᠬᠡᠷᠡᠭᠲᠡᠢ᠃
ᠬᠤᠶᠠᠷ᠂ 2015 ᠣᠨ᠎ᠤ ᠠᠵᠢᠯ᠎ᠤᠨ ᠭᠤᠣᠯ ᠡᠭᠦᠷᠭᠡ
ᠡᠨᠡ ᠵᠢᠯ ᠪᠣᠯ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠠᠭᠦᠯᠬᠦ ᠵᠠᠩᠭᠢᠯᠠᠭ᠎ᠠ ᠵᠢᠨ ᠵᠢᠯ᠂ ᠬᠠᠤᠯᠢ ᠶᠤᠰᠤᠭ᠋ᠠᠷ ᠣᠷᠤᠨ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠡᠬᠢᠯᠡᠯᠲᠡ ᠵᠢᠨ ᠵᠢᠯ ᠪᠣᠯᠣᠨ᠎ᠠ᠂ ᠮᠦᠨᠴᠦ 《12 · 5》 ᠵᠢᠨ ᠲᠦᠯᠦᠪᠵᠢᠭᠦᠯᠭᠡ ᠵᠢ ᠪᠦᠬᠦ ᠲᠠᠯ᠎ᠠ᠎ᠪᠠᠷ ᠪᠡᠶᠡᠯᠡᠭᠦᠯᠵᠦ ᠳᠠᠭᠤᠰᠬᠠᠬᠤ ᠨᠢᠭᠡ ᠵᠢᠯ ᠪᠣᠯᠣᠨ᠎ᠠ᠃ ᠮᠠᠨ᠎ᠤ ᠡᠮᠤᠨ᠎ᠠ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠮᠦᠨ ᠬᠦ᠌ ᠬᠠᠲᠠᠭᠤ ᠴᠢᠩᠭ᠎ᠠ ᠪᠦᠭᠡᠳ ᠪᠣᠳᠣᠯᠢᠶᠠᠨᠲᠠᠢ ᠪᠠᠶ᠋ᠢᠵᠤ᠂ ᠮᠠᠰᠢ ᠠᠷᠪᠢᠨ ᠠᠵᠠ ᠲᠣᠬᠢᠶᠠᠯ ᠪᠠ ᠠᠰᠢᠭᠳᠠᠢ ᠨᠦᠬᠦᠴᠡᠯ ᠪᠠᠶ᠋ᠢᠬᠤ ᠮᠦᠷᠲᠡᠭᠡᠨ ᠪᠠᠰᠠ ᠮᠠᠰᠢ ᠠᠷᠪᠢᠨ ᠠᠶᠤᠯ ᠲᠦᠭᠰᠢᠭᠦᠷᠢ ᠪᠠ ᠦᠷᠢᠰᠦᠯᠳᠦᠭᠡᠨ᠎ᠲᠠᠢ ᠪᠠᠶ᠋ᠢᠭ᠎ᠠ ᠪᠣᠯᠬᠤᠷ᠂ ᠠᠵᠤ ᠠᠬᠤᠢ ᠵᠢᠨ ᠬᠦᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠢᠲᠡᠭᠡᠯ ᠵᠣᠷᠢᠭ ᠵᠶ᠋ᠠᠨ ᠪᠠᠲᠤᠳᠬᠠᠨ᠂ ᠯᠠᠪᠳᠠᠭᠤᠨ ᠪᠠᠲᠤᠲᠠᠢ ᠠᠵᠢᠯᠯᠠᠵᠤ᠂ ᠰᠢᠨ᠎ᠡ ᠭᠠᠷᠤᠭ᠎ᠠ ᠲᠡᠬᠡᠷ᠎ᠠ᠎ᠪᠠᠨ ᠮᠠᠨ᠎ᠤ ᠣᠷᠣᠨ᠎ᠤ ᠤᠳᠤᠬᠢᠴᠢᠯᠠᠯᠳᠠ ᠵᠢᠨ ᠪᠦᠳᠦᠬᠡᠨ ᠪᠠᠶ᠋ᠢᠭᠤᠯᠤᠯᠳᠠ ᠵᠢᠨ ᠰᠢᠨ᠎ᠡ ᠪᠠᠶ᠋ᠢᠳᠠᠯ᠎ᠢ ᠤᠯᠠᠮ ᠨᠢᠭᠡ ᠠᠯᠬᠤᠮ ᠨᠡᠭᠡᠭᠡᠨ ᠡᠬᠦᠳᠬᠦ ᠬᠡᠷᠡᠭᠳᠡᠢ᠃ ᠡᠨᠡ ᠵᠢᠯ᠎ᠤᠨ ᠵᠠᠰᠠᠭ᠎ᠤᠨ ᠣᠷᠳᠤᠨ᠎ᠤ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠪᠣᠯ᠄ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ ᠪᠠ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ᠂ ᠲᠦᠷᠪᠡᠳᠦᠭᠡᠷ ᠪᠦᠭᠦᠳᠡ ᠬᠤᠷᠠᠯ ᠵᠢᠴᠢ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠳ᠋ᠧᠩ ᠰᠢᠶᠤᠣ ᠫᠢᠩ᠎ᠤᠨ ᠣᠨᠣᠯ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠦᠭᠵᠢᠯᠲᠡ ᠵᠢᠨ ᠦᠵᠡᠯᠲᠡ᠎ᠪᠠᠷ ᠵᠢᠯᠦᠭᠤᠳᠤᠯᠭ᠎ᠠ ᠪᠣᠯᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠯᠢ ᠣᠯᠠᠨ ᠴᠢᠬᠤᠯᠠ ᠶᠠᠷᠢᠶ᠎ᠠ ᠪᠣᠯᠣᠨ ᠦᠪᠦᠷ ᠮᠣᠩᠭᠤᠯ᠎ᠢ ᠰᠢᠨᠵᠢᠯᠡᠨ ᠪᠠᠶ᠋ᠢᠴᠠᠭ᠋ᠠᠬᠤ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠤᠱᠯᠭᠤᠯᠵᠤ᠂ ᠦᠪᠡᠷᠲᠡᠭᠡᠨ ᠵᠠᠰᠠᠬᠤ ᠣᠷᠤᠨ᠎ᠤ ᠨᠠᠮ᠎ᠤᠨ ᠬᠤᠷᠢᠶ᠎ᠠ ᠵᠢᠨ ᠶᠢᠰᠦᠳᠦᠭᠡᠷ ᠬᠤᠭᠤᠴᠠᠭ᠋ᠠᠨ᠎ᠤ ᠠᠷᠪᠠᠨ ᠨᠢᠭᠡᠳᠦᠭᠡᠷ᠂ ᠠᠷᠪᠠᠨ ᠬᠤᠶᠠᠳᠤᠭ᠋ᠠᠷ ᠤᠳᠠᠭ᠋ᠠᠨ᠎ᠤ ᠪᠦᠬᠦ ᠭᠡᠰᠢᠭᠦᠳ (ᠥᠷᠭᠡᠳᠭᠡᠭᠰᠡᠨ)᠎ᠤᠨ ᠬᠤᠷᠠᠯ ᠪᠠ ᠶᠢᠰᠤᠳᠤᠭᠡᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠤᠳᠠᠭ᠋ᠠᠨ᠎ᠤ ᠪᠦᠬᠦ ᠭᠡᠰᠢᠭᠦᠳ᠎ᠤᠨ ᠬᠤᠷᠠᠯ ᠵᠢᠴᠢ ᠪᠦᠬᠦ ᠣᠷᠤᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠯᠠᠪᠳᠠᠭᠤᠨ ᠵᠶ᠋ᠠᠷ ᠤᠷᠤᠭᠰᠢᠯᠠᠨ ᠳᠠᠪᠰᠢᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠠᠵᠤ ᠠᠬᠤᠢ ᠵᠢᠨ ᠨᠡᠮᠡᠭᠳᠡᠯ᠎ᠤᠨ ᠶᠠᠰᠤ ᠴᠢᠨᠠᠷ ᠪᠣᠯᠣᠨ ᠦᠷ᠎ᠡ ᠠᠰᠢᠭ᠎ᠢ ᠳᠡᠭᠡᠭᠰᠢᠯᠡᠭᠦᠯᠬᠦ᠎ᠪᠠᠷ ᠭᠤᠤᠯ ᠪᠣᠯᠭ᠋ᠠᠬᠤ ᠵᠢ ᠪᠠᠷᠢᠮᠲᠠᠯᠠᠨ᠂ ᠠᠵᠤ ᠠᠬᠤᠢ ᠵᠢᠨ ᠬᠦᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠠᠵᠤ ᠠᠬᠤᠢ ᠵᠢᠨ ᠵᠣᠬᠢᠰᠲᠠᠢ ᠣᠷᠣᠨ ᠵᠠᠢ ᠵᠢᠨ ᠠᠵᠢᠯᠯᠠᠭ᠋ᠠᠨ᠎ᠢ ᠪᠠᠳᠤᠯᠠᠵᠤ᠂ ᠦᠷᠭᠦᠯᠵᠢᠯᠡᠨ ᠬᠦᠭᠵᠢᠬᠦ᠂ ᠬᠡᠯᠪᠡᠷᠢ᠎ᠪᠠᠨ ᠬᠤᠪᠢᠷᠠᠭᠤᠯᠤᠨ ᠬᠦᠭᠵᠢᠬᠦ᠂ ᠵᠣᠬᠢᠴᠠᠩᠭᠤᠢ ᠬᠦᠭᠵᠢᠬᠦ ᠪᠠ ᠡᠶ᠎ᠡ ᠵᠣᠬᠢᠴᠠᠯ᠎ᠲᠠᠢ ᠬᠦᠭᠵᠢᠬᠦ ᠣᠨᠣᠯᠵᠢᠬᠤᠨ᠎ᠢ ᠪᠠᠲᠤ ᠪᠠᠬᠢ ᠪᠣᠢ ᠪᠣᠯᠭ᠋ᠠᠵᠤ᠂ ᠠᠷᠭ᠎ᠠ ᠮᠠᠶᠢᠭ ᠵᠶ᠋ᠠᠨ ᠬᠤᠪᠢᠷᠠᠭᠤᠯᠵᠤ ᠪᠦᠲᠦᠴᠡ᠎ᠪᠠᠨ ᠲᠣᠬᠢᠷᠠᠭᠤᠯᠬᠤ ᠵᠢ ᠨᠡᠩ ᠴᠢᠬᠤᠯᠠ ᠪᠠᠶ᠋ᠢᠷᠢᠨ᠎ᠳᠤ ᠲᠠᠯᠪᠢᠵᠦ᠂ ᠥᠭᠡᠷᠡᠴᠢᠯᠡᠯᠲᠡ ᠵᠢᠨ ᠪᠣᠭᠤᠮᠲᠠ ᠰᠢᠪᠲᠤᠯᠬᠤ ᠵᠢ ᠬᠦᠴᠦᠲᠡᠢ ᠠᠳᠬᠤᠨ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠬᠤ ᠵᠢ ᠳᠣᠪᠤᠶ᠋ᠢᠯᠭ᠋ᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠨ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢ ᠴᠢᠩᠭ᠋ᠠᠳᠬᠠᠵᠤ᠂ ᠰᠢᠨ᠎ᠡ ᠮᠠᠶᠢᠭ᠎ᠤᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠭᠢᠵᠢᠯᠲᠡ᠂ ᠬᠤᠲᠠ ᠪᠠᠯᠭ᠋ᠠᠰᠤᠵᠢᠯᠲᠠ ᠪᠣᠯᠣᠨ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ ᠵᠢ ᠵᠡᠷᠭᠡ᠎ᠳᠤ᠎ᠨᠢ ᠠᠬᠢᠭᠤᠯᠵᠤ᠂ 《ᠲᠠᠪᠤᠨ ᠲᠤᠮᠤ ᠰᠠᠭᠤᠷᠢᠨ ᠭᠠᠵᠠᠷ》᠂ 《ᠬᠤᠶᠠᠷ ᠬᠠᠯᠬᠠᠪᠴᠢ》᠂ 《ᠨᠢᠭᠡ ᠬᠦᠭᠦᠷᠭᠡᠨ ᠪᠠᠬᠢᠯᠡᠯᠲᠡ》 ᠵᠢ ᠲᠦᠷᠭᠡᠳᠭᠡᠨ ᠪᠠᠶ᠋ᠢᠭᠤᠯᠵᠤ᠂ ᠨᠡᠶ᠋ᠢᠭᠡᠮ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠢ ᠪᠦᠬᠦ ᠲᠠᠯ᠎ᠠ᠎ᠪᠠᠷ ᠬᠦᠭᠵᠢᠭᠦᠯᠦᠨ᠂ ᠵᠠᠰᠠᠭ᠎ᠤᠨ ᠣᠷᠳᠤᠨ᠎ᠤ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠵᠢ ᠲᠦᠷᠭᠡᠳᠭᠡᠵᠤ᠂ ᠠᠵᠤ ᠠᠬᠤᠢ ᠵᠢ ᠦᠷᠭᠦᠯᠵᠢᠯᠡᠨ ᠡᠷᠡᠭᠦᠯ ᠵᠶ᠋ᠠᠷ ᠬᠥᠭᠵᠢᠭᠦᠯᠬᠦ ᠪᠠ ᠨᠡᠶ᠋ᠢᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠬᠤ ᠵᠢ ᠠᠬᠢᠭᠤᠯᠬᠤ ᠪᠣᠯᠣᠨ᠎ᠠ᠃ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠤᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 8% ᠣᠷᠴᠢᠮ ᠵᠶ᠋ᠠᠷ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠢ 10%᠎ᠪᠠᠷ ᠨᠡᠮᠡᠭᠳᠡᠭᠦᠯᠵᠦ᠂ ᠪᠦᠬᠦ ᠨᠡᠶ᠋ᠢᠭᠡᠮ᠎ᠤᠨ ᠲᠣᠭᠲᠠᠮᠠᠯ ᠬᠦᠷᠦᠩᠭᠡ ᠵᠢᠨ ᠪᠡᠯᠡ ᠣᠷᠤᠭᠤᠯᠤᠯᠲᠠ ᠵᠢ 13%᠎ᠪᠠᠷ ᠨᠡᠮᠡᠭᠳᠡᠭᠦᠯᠵᠦ᠂ ᠨᠡᠶ᠋ᠢᠭᠡᠮ᠎ᠤᠨ ᠬᠡᠷᠡᠭᠯᠡᠭᠡᠨ᠎ᠤ ᠬᠡᠷᠡᠭᠰᠡᠯ᠎ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠵᠢ 11%᠎ᠪᠠᠷ ᠨᠡᠮᠡᠭᠳᠡᠭᠦᠯᠵᠦ᠂ ᠡᠩ᠎ᠤᠨ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠦᠰᠦᠪ᠎ᠤᠨ ᠣᠷᠤᠯᠭ᠎ᠠ ᠵᠢ 6%᠎ᠪᠠᠷ ᠨᠡᠮᠡᠭᠳᠡᠭᠦᠯᠵᠦ᠂ ᠬᠤᠲᠠ ᠪᠠᠯᠭ᠋ᠠᠰᠤ ᠪᠣᠯᠣᠨ ᠲᠠᠷᠢᠶᠠᠯᠠᠬᠤ ᠮᠠᠯᠵᠢᠬᠤ ᠣᠷᠣᠨ᠎ᠳᠠᠬᠢ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠦᠮᠦᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠤᠯᠭ᠎ᠠ ᠵᠢ ᠳᠤᠰ ᠪᠦᠷᠢ 9% ᠪᠠ 10%᠎ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭ᠋ᠠᠰᠤ ᠵᠢᠨ ᠠᠵᠢᠯ ᠣᠯᠭᠤᠯᠲᠠ ᠵᠢ 25 ᠲᠦᠮᠡᠨ ᠬᠦᠮᠦᠨ ᠰᠢᠨ᠎ᠡ᠎ᠪᠠᠷ ᠨᠡᠮᠡᠭᠳᠡᠭᠦᠯᠵᠦ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠦᠰᠥᠯᠲᠡ ᠵᠢᠨ ᠬᠡᠮᠵᠢᠶ᠎ᠡ ᠵᠢ 3% ᠣᠷᠴᠢᠮ᠎ᠳᠤ ᠬᠢᠵᠠᠭ᠋ᠠᠷᠯᠠᠵᠤ᠂ ᠨᠢᠭᠡᠴᠢ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠲᠠᠬᠢ ᠡᠨᠧᠷᠬᠢ ᠵᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠬᠤ ᠬᠡᠮᠵᠢᠶ᠎ᠡ ᠵᠢ ᠴᠦᠮ 2.2% ᠵᠶ᠋ᠠᠷ ᠪᠠᠭᠤᠷᠭᠤᠯᠤᠨᠠ᠃
ᠡᠳᠡᠭᠡᠷ ᠵᠢᠱ᠌ᠢᠭᠰᠡᠨ ᠬᠠᠷᠠᠯᠲᠠ ᠵᠢ ᠲᠣᠭᠲᠠᠭ᠋ᠠᠬᠤ᠎ᠳᠤ᠂ ᠠᠵᠤ ᠠᠬᠤᠢ ᠵᠢᠨ ᠬᠦᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠠᠬᠢ ᠰᠢᠨ᠎ᠡ ᠣᠨᠴᠠᠯᠢᠭ ᠰᠢᠨ᠎ᠡ ᠱᠠᠭ᠋ᠠᠷᠳᠠᠯᠭ᠎ᠠ ᠵᠢᠴᠢ ᠡᠯ᠎ᠡ ᠵᠦᠢ᠍ᠯ᠎ᠤᠨ ᠬᠦᠴᠦᠨ ᠵᠦᠢ᠍ᠯ᠎ᠢ ᠭᠦᠢ᠍ᠴᠡᠳ ᠪᠣᠳᠣᠯᠬᠢᠯᠠᠬᠤ ᠵᠢᠨ ᠬᠠᠮᠲᠤ᠂ 《13 · 5》 ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠠᠷᠠᠯᠲᠠ᠎ᠯᠤᠭ᠎ᠠ ᠵᠣᠯᠭ᠋ᠠᠭᠤᠯᠵᠤ᠂ ᠠᠵᠤ ᠠᠬᠤᠢ ᠵᠢᠨ ᠬᠦᠭᠵᠢᠯᠲᠡ ᠵᠢᠨ ᠵᠢᠮ᠎ᠡ ᠬᠠᠤᠯᠢ᠎ᠳᠤ ᠨᠡᠶ᠋ᠢᠴᠡᠭᠦᠯᠵᠦ᠂ ᠣᠳᠣᠬᠢ ᠱᠠᠲᠤ ᠦᠶ᠎ᠡ ᠵᠢᠨ ᠮᠠᠨ᠎ᠤ ᠣᠷᠣᠨ᠎ᠤ ᠠᠵᠤ ᠠᠬᠤᠢ ᠵᠢᠨ ᠨᠡᠮᠡᠭᠳᠡᠯ᠎ᠤᠨ ᠳᠠᠯᠳᠠ ᠬᠦᠴᠦᠨ᠎ᠢ ᠲᠤᠰᠬᠠᠵᠤ᠂ ᠬᠤᠷᠳᠤᠴᠠ᠎ᠪᠠᠨ ᠨᠡᠮᠡᠭᠳᠡᠭᠦᠯᠬᠦ ᠪᠠ ᠠᠵᠤ ᠦᠢ᠍ᠯᠡᠰ᠎ᠤᠨ ᠳᠡᠰ ᠳᠡᠪᠰᠢᠬᠦ ᠬᠤᠣᠰ ᠱᠠᠭ᠋ᠠᠷᠳᠠᠯᠭ᠎ᠠ ᠵᠢ ᠬᠠᠮᠳᠤ᠎ᠳᠤᠨᠢ ᠬᠠᠷᠠᠭ᠋ᠠᠯᠵᠠᠵᠤ᠂ ᠥᠨᠡᠨ᠎ᠠᠴᠠ ᠵᠥᠪ᠎ᠢ ᠡᠷᠢᠬᠦ᠂ ᠢᠳᠡᠪᠬᠢᠲᠡᠢ ᠲᠣᠭᠲᠠᠭᠤᠨ ᠵᠶ᠋ᠠᠷ᠂ ᠮᠦᠨ ᠴᠦ᠍ ᠬᠠᠲᠠᠭᠤᠵᠢᠯᠲᠠᠢ ᠴᠢᠷᠮᠠᠶ᠋ᠢᠯᠭ᠎ᠠ᠎ᠪᠠᠷ ᠰᠠᠶᠢ ᠪᠡᠶᠡᠯᠡᠭᠦᠯᠵᠦ ᠴᠢᠳᠠᠬᠤ ᠪᠤᠯᠤᠨ᠎ᠠ᠃ ᠶᠡᠷᠦᠩᠬᠡᠢ ᠱᠠᠭ᠋ᠠᠷᠳᠠᠯᠭ᠎ᠠ ᠵᠢ ᠰᠠᠶ᠋ᠢᠲᠤᠷ ᠡᠵᠡᠮᠳᠡᠨ᠂ ᠵᠢᠱ᠌ᠢᠭᠰᠡᠨ ᠬᠠᠷᠠᠯᠳᠠ ᠵᠢ ᠪᠡᠶᠡᠯᠡᠬᠦᠯᠬᠦ ᠵᠢᠨ ᠵᠠᠩᠬᠢᠯᠠᠭ᠎ᠠ᠎ᠨᠢ ᠪᠣᠯ ᠯᠠᠪᠳᠠᠭᠤᠨ ᠵᠶ᠋ᠠᠷ ᠤᠷᠤᠭᠰᠢ ᠳᠠᠪᠰᠢᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ 《ᠯᠠᠪᠳᠠᠭᠤᠨ ᠪᠠᠶ᠋ᠢᠯᠭ᠋ᠠᠬᠤ》 ᠵᠢᠨ ᠭᠤᠣᠯᠳᠠᠯᠭ᠎ᠠ᠎ᠪᠠᠨ ᠠᠵᠤ ᠠᠬᠤᠢ ᠵᠢᠨ ᠠᠵᠢᠯᠯᠠᠭ᠋ᠠᠨ᠎ᠢ ᠲᠤᠭᠲᠠᠭᠤᠨ ᠪᠠᠶ᠋ᠢᠯᠭ᠋ᠠᠬᠤ᠎ᠳᠤ ᠲᠠᠯᠪᠢᠵᠤ᠂ ᠨᠡᠮᠡᠭᠳᠡᠯ᠂ ᠠᠵᠢᠯ ᠣᠯᠭᠤᠯᠲᠠ᠂ ᠪᠠᠷᠠᠭ᠋ᠠᠨ᠎ᠤ ᠦᠨ᠎ᠡ ᠬᠠᠩᠰᠢ᠎ᠳᠤ ᠶᠡᠭᠡ ᠬᠡᠯᠪᠡᠯᠵᠡᠯ ᠭᠠᠷᠬᠤ ᠦᠭᠡᠢ ᠵᠢ ᠪᠠᠲᠤᠯᠠᠵᠤ᠂ ᠮᠥᠩᠭᠦᠨ ᠭᠦᠢ᠍ᠯᠭᠡᠭᠡᠨ᠂ ᠭᠡᠷ ᠪᠠᠶ᠋ᠢᠰᠢᠩ ᠭᠠᠵᠠᠷ᠎ᠤᠨ ᠬᠦᠷᠦᠩᠭᠡ᠂ ᠣᠷᠣᠨ ᠨᠣᠲᠤᠭ᠎ᠤᠨ ᠵᠠᠰᠠᠭ᠎ᠤᠨ ᠣᠷᠳᠣᠨ᠎ᠤ ᠴᠢᠨᠠᠷᠲᠠᠢ ᠥᠷᠢ ᠥᠭᠴᠡᠭᠡ ᠵᠡᠷᠭᠡ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠰᠢᠵᠤ ᠲᠡᠶ᠋ᠢᠯᠬᠦ ᠵᠢ ᠦᠨᠡᠨᠬᠦ ᠪᠠᠳᠤᠯᠠᠬᠤ ᠬᠡᠷᠡᠭᠲᠡᠢ; 《ᠳᠠᠪᠰᠢᠬᠤ》 ᠵᠢᠨ ᠭᠤᠣᠯᠳᠠᠯᠭ᠎ᠠ᠎ᠪᠠᠨ ᠠᠵᠤ ᠠᠬᠤᠢ ᠵᠢᠨ ᠪᠦᠳᠦᠴᠡ ᠵᠢᠨ ᠲᠣᠬᠢᠷᠠᠭᠤᠯᠤᠯᠲᠠ ᠪᠠ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠲᠠᠯᠪᠢᠵᠤ᠂ ᠠᠵᠤ ᠠᠬᠤᠢ ᠵᠢᠨ ᠬᠦᠭᠵᠢᠯᠲᠡ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠬᠤ ᠪᠠ ᠠᠵᠤ ᠠᠬᠤᠢ ᠵᠢᠨ ᠪᠦᠲᠦᠴᠡ ᠵᠢᠨ ᠲᠣᠬᠢᠷᠠᠭᠤᠯᠤᠯᠲᠠ᠎ᠳᠤ ᠰᠢᠨ᠎ᠡ ᠦᠷ᠎ᠡ ᠪᠥᠲᠦᠮᠵᠢ ᠣᠯᠬᠤ ᠵᠢ ᠦᠨᠡᠨᠬᠦ ᠪᠠᠳᠤᠯᠠᠬᠤ ᠵᠢ ᠭᠦᠢ᠍ᠴᠡᠳ ᠪᠣᠳᠣᠯᠬᠢᠯᠠᠭᠰᠠᠨ ᠶᠤᠮ᠃
ᠣᠳᠣᠬᠠᠨ᠎ᠳᠤ᠂ ᠮᠠᠨ᠎ᠤ ᠣᠯᠣᠰ᠎ᠤᠨ ᠠᠵᠤ ᠠᠬᠤᠢ ᠵᠢᠨ ᠬᠦᠭᠵᠢᠯᠲᠡ ᠰᠢᠨ᠎ᠡ ᠬᠡᠪ ᠪᠠᠶ᠋ᠢᠳᠠᠯ᠎ᠳᠤ ᠣᠷᠤᠭᠰᠠᠨ ᠪᠠᠶ᠋ᠢᠨ᠎ᠠ᠃ ᠡᠨᠡ ᠪᠣᠯ ᠰᠢ ᠵᠢᠨ ᠫᠢᠩ ᠨᠦᠬᠦᠷ ᠵᠶ᠋ᠠᠷ ᠶᠡᠷᠦᠩᠬᠡᠢ ᠱᠦᠵᠢ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠬᠦᠭᠵᠢᠯᠳᠡ ᠵᠢᠨ ᠲᠤᠷᠰᠢᠯᠭ᠎ᠠ᠎ᠪᠠᠨ ᠪᠦᠬᠦ ᠲᠠᠯ᠎ᠠ᠎ᠪᠠᠷ ᠳ᠋ᠦᠩᠨᠡᠵᠦ᠂ ᠣᠳᠣᠬᠠᠨ᠎ᠤ ᠪᠠᠶ᠋ᠢᠳᠠᠯ ᠪᠠ ᠬᠤᠵᠢᠮ᠎ᠤᠨ ᠬᠠᠨᠳᠤᠰᠢ ᠵᠢ ᠣᠨᠣᠪᠴᠢᠲᠠᠢ ᠰᠣᠳᠣᠯᠤᠨ ᠮᠠᠭ᠋ᠠᠳᠯᠠᠵᠤ ᠭᠠᠷᠭ᠋ᠠᠭᠰᠠᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠮᠠᠭ᠋ᠠᠳᠯᠠᠯ ᠪᠣᠯᠬᠤ ᠪᠦᠭᠡᠳ ᠮᠦᠨᠴᠦ ᠣᠳᠣᠬᠠᠨ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠳᠠᠬᠢ ᠮᠠᠨ᠎ᠤ ᠣᠷᠤᠨ᠎ᠤ ᠠᠵᠤ ᠠᠬᠤᠢ ᠵᠢᠨ ᠬᠦᠭᠵᠢᠯᠲᠡ ᠵᠢᠨ ᠲᠣᠮᠣ ᠵᠦᠢ᠍ᠴᠢᠯᠡᠯ ᠪᠣᠯᠣᠨ᠎ᠠ᠃ ᠪᠢᠳᠡ ᠦᠵᠡᠯ ᠰᠠᠨᠠᠭ᠎ᠠ ᠦᠢ᠍ᠯᠡ ᠠᠵᠢᠯᠯᠠᠭ᠎ᠠ᠎ᠪᠠᠨ ᠲᠥᠪ ᠬᠤᠷᠢᠶ᠎ᠠ ᠪᠣᠯᠣᠨ ᠥᠪᠡᠷᠳᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠨ᠎ᠡ ᠬᠡᠪ ᠪᠠᠶ᠋ᠢᠳᠠᠯ᠎ᠤᠨ ᠲᠤᠬᠠᠢ ᠵᠠᠳᠠᠯᠤᠨ ᠰᠣᠳᠣᠯᠵᠣ ᠮᠠᠭ᠋ᠠᠳᠯᠠᠬᠤ ᠪᠠ ᠪᠠᠶ᠋ᠢᠷᠢᠯᠠᠭᠤᠯᠬᠤ ᠱᠠᠭ᠋ᠠᠷᠳᠠᠯᠭ᠎ᠠ᠎ᠲᠠᠢ ᠨᠢᠭᠡᠳᠬᠡᠵᠦ᠂ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢ ᠠᠬᠢᠭᠤᠯᠬᠤ ᠰᠠᠨᠠᠭ᠋ᠠᠴᠢᠯᠠᠭ᠋ᠠᠳᠤ ᠡᠷᠬᠡ᠎ᠪᠠᠨ ᠪᠠᠲᠤ ᠴᠢᠩᠭ᠎ᠠ ᠬᠦᠳᠦᠯᠦᠨ ᠤᠳᠤᠷᠢᠳᠬᠤ ᠪᠠ ᠡᠵᠡᠮᠰᠢᠬᠦ ᠬᠡᠷᠡᠭᠳᠠᠢ᠃ ᠨᠢᠭᠡ᠎ᠳᠤ ᠰᠢᠨ᠎ᠡ ᠬᠡᠪ ᠪᠠᠶ᠋ᠢᠳᠠᠯ᠎ᠢ ᠵᠥᠪ ᠣᠨᠣᠪᠴᠢᠳᠠᠢ ᠲᠠᠨᠢᠬᠤ ᠬᠡᠷᠡᠭᠲᠡᠢ᠃ ᠰᠢᠨ᠎ᠡ ᠬᠡᠪ ᠪᠠᠶ᠋ᠢᠳᠠᠯ᠎ᠤᠨ ᠦᠵᠡᠯ ᠰᠠᠨᠠᠭ᠋ᠠᠨ᠎ᠤ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠰᠤᠷᠤᠯᠴᠠᠨ᠂ ᠭᠦᠨᠵᠡᠭᠡᠢ ᠣᠶ᠋ᠢᠯᠠᠭ᠋ᠠᠵᠤ᠂ ᠰᠢᠨ᠎ᠡ ᠬᠡᠪ ᠪᠠᠶ᠋ᠢᠳᠠᠯ ᠳᠣᠣᠷᠠᠬᠢ ᠬᠤᠷᠳᠤᠴᠠ ᠵᠢᠨ ᠬᠤᠪᠢᠷᠠᠯᠲᠠ᠂ ᠪᠦᠳᠦᠴᠡ ᠵᠢᠨ ᠰᠢᠯᠢᠳᠡᠭᠵᠢᠯ ᠪᠠ ᠬᠦᠳᠡᠯᠭᠡᠬᠦ ᠬᠦᠴᠦᠨ᠎ᠤ ᠬᠤᠪᠢᠷᠠᠯ᠎ᠤᠨ ᠤᠨᠴᠠᠯᠢᠭ᠎ᠢ ᠭᠦᠢ᠍ᠴᠡᠳ ᠲᠠᠨᠢᠵᠦ᠂ ᠦᠵᠡᠯᠳᠡ ᠵᠢᠨ ᠲᠠᠯ᠎ᠠ᠎ᠪᠠᠷ ᠲᠣᠬᠢᠷᠠᠯᠴᠠᠵᠤ᠂ ᠲᠠᠨᠢᠯᠲᠠ ᠵᠢᠨ ᠲᠠᠯ᠎ᠠ᠎ᠪᠠᠷ ᠪᠤᠳᠠᠳᠠᠶ᠋ᠢᠵᠢᠬᠤ ᠵᠢ ᠪᠡᠶᠡᠯᠡᠭᠦᠯᠦᠨ᠂ ᠠᠵᠤ ᠠᠬᠤᠢ ᠵᠢᠨ ᠬᠦᠭᠵᠢᠯᠲᠡ ᠵᠢᠨ ᠶᠠᠰᠦ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ᠎ᠪᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠠᠵᠤ ᠠᠬᠤᠢ ᠵᠢᠨ ᠠᠵᠢᠯᠯᠠᠭ᠋ᠠᠨ᠎ᠨᠢ ᠵᠣᠬᠢᠰᠲᠠᠢ ᠣᠷᠣᠨ ᠵᠠᠢ᠎ᠳᠤ ᠪᠠᠶ᠋ᠢᠬᠤ ᠵᠢ ᠪᠠᠳᠤᠯᠠᠵᠤ᠂ ᠦᠷᠭᠦᠯᠵᠢᠯᠡᠨ ᠬᠥᠭᠵᠢᠭᠦᠯᠬᠦ᠂ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ᠂ ᠵᠣᠬᠢᠴᠠᠩᠭᠤᠢ ᠬᠥᠭᠵᠢᠭᠦᠯᠬᠦ᠂ ᠡᠶ᠎ᠡ ᠵᠣᠬᠢᠴᠠᠯ᠎ᠲᠠᠢ ᠬᠥᠭᠵᠢᠭᠦᠯᠬᠦ ᠤᠬᠠᠮᠰᠠᠷᠲᠤ ᠴᠢᠨᠠᠷ ᠪᠠ ᠲᠤᠯᠭ᠋ᠠᠮ᠎ᠠ ᠴᠢᠨᠠᠷ᠎ᠢ ᠦᠨᠡᠨᠬᠦ ᠴᠢᠩᠭ᠋ᠠᠳᠬᠠᠬᠤ ᠬᠡᠷᠡᠭᠲᠡᠢ᠃ ᠬᠤᠶᠠᠷ᠎ᠲᠤ ᠰᠢᠨ᠎ᠡ ᠬᠡᠪ ᠪᠠᠶ᠋ᠢᠳᠠᠯ᠎ᠳᠤ ᠰᠠᠨᠠᠭ᠋ᠠᠴᠢᠯᠠᠭ᠎ᠠ᠎ᠲᠠᠢ᠎ᠪᠠᠷ ᠲᠣᠬᠢᠷᠠᠯᠴᠠᠬᠤ ᠬᠡᠷᠡᠭᠲᠡᠢ᠃ ᠲᠤᠯᠭ᠋ᠠᠷᠠᠵᠤ ᠪᠠᠶ᠋ᠢᠭ᠎ᠠ 《ᠭᠤᠷᠪᠠᠨ ᠬᠤᠭᠤᠴᠠᠭ᠎ᠠ ᠵᠢᠨ ᠳᠠᠪᠬᠤᠷᠳᠠᠯ》᠎ᠤᠨ ᠵᠦᠷᠢᠴᠡᠯ᠎ᠳᠤ ᠴᠢᠭᠯᠡᠭᠦᠯᠦᠨ᠂ ᠰᠢᠨ᠎ᠡ ᠬᠡᠪ ᠪᠠᠶ᠋ᠢᠳᠠᠯ ᠳᠣᠣᠷᠠᠬᠢ ᠠᠵᠤ ᠠᠬᠤᠢ ᠵᠢᠨ ᠬᠦᠭᠵᠢᠯᠲᠡ ᠵᠢᠨ ᠱᠠᠲᠤ ᠦᠶᠡᠯᠡᠯ᠎ᠤᠨ ᠴᠢᠨᠠᠷᠲᠠᠢ ᠣᠨᠴᠠᠯᠢᠭ ᠪᠠ ᠬᠠᠨᠳᠤᠰᠢ ᠵᠢᠨ ᠴᠢᠨᠠᠷᠲᠠᠢ ᠬᠤᠪᠢᠷᠠᠯᠲᠠ ᠵᠢ ᠣᠨᠣᠪᠴᠢᠲᠠᠢ ᠡᠵᠡᠮᠳᠡᠨ᠂ ᠠᠷᠭ᠎ᠠ ᠵᠢᠨ ᠲᠠᠯ᠎ᠠ᠎ᠪᠠᠷ ᠲᠣᠬᠢᠷᠠᠮᠵᠢᠲᠠᠢ᠂ ᠠᠷᠭ᠎ᠠ ᠬᠡᠮᠵᠢᠶ᠎ᠠ ᠵᠢᠨ ᠲᠠᠯ᠎ᠠ᠎ᠪᠠᠷ ᠬᠦᠴᠦᠲᠡᠢ ᠪᠣᠯᠭ᠋ᠠᠵᠤ᠂ ᠦᠭᠡᠷᠡᠴᠢᠯᠡᠯᠲᠡ ᠵᠢᠨ ᠰᠡᠳᠬᠢᠮᠵᠢ᠂ ᠰᠢᠨ᠎ᠡ ᠵᠢ ᠡᠭᠦᠳᠬᠦ ᠠᠷᠭ᠎ᠠ ᠪᠠᠷᠢᠯ ᠵᠶ᠋ᠠᠷ ᠠᠵᠤ ᠠᠬᠤᠢ ᠵᠢᠨ ᠬᠦᠭᠵᠢᠯᠲᠡ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠬᠤ ᠵᠢ ᠲᠦᠷᠭᠡᠳᠭᠡᠵᠦ᠂ ᠠᠵᠤ ᠠᠬᠤᠢ ᠵᠢᠨ ᠪᠦᠲᠦᠴᠡ ᠵᠢ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠵᠢᠨ ᠰᠢᠨ᠎ᠡ ᠨᠡᠮᠡᠭᠳᠡᠯ ᠴᠡᠭ᠎ᠢ ᠰᠡᠷᠡᠵᠦ ᠮᠡᠳᠡᠬᠦ ᠪᠠ ᠪᠤᠶ᠋ᠢᠵᠢᠭᠤᠯᠵᠤ᠂ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠦᠭᠵᠢᠬᠦ ᠪᠠ ᠨᠡᠶ᠋ᠢᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠬᠤ ᠵᠢ ᠠᠬᠢᠭᠤᠯᠬᠤ ᠬᠡᠷᠡᠭᠳᠡᠢ᠃ ᠭᠤᠷᠪᠠ᠎ᠳᠤ ᠰᠢᠨ᠎ᠡ ᠬᠡᠪ ᠪᠠᠶ᠋ᠢᠳᠠᠯ᠎ᠢ ᠢᠳᠡᠪᠬᠢᠲᠡᠢ ᠬᠦᠳᠦᠯᠦᠨ ᠤᠳᠤᠷᠢᠳᠬᠤ ᠬᠡᠷᠡᠭᠲᠡᠢ᠃ ᠰᠢ ᠵᠢᠨ ᠫᠢᠩ ᠶᠡᠷᠥᠩᠬᠡᠢ ᠱᠥᠵᠢ ᠵᠢᠨ 《ᠨᠠᠢ᠍ᠮᠠᠨ ᠵᠦᠢ᠍ᠯ᠎ᠢ ᠨᠡᠩ ᠢᠯᠡᠭᠦᠦ ᠴᠢᠬᠤᠯᠠᠴᠢᠯᠠᠬᠤ》 ᠱᠠᠭ᠋ᠠᠷᠳᠠᠯᠭ᠎ᠠ ᠶᠣᠰᠤᠭ᠋ᠠᠷ᠂ ᠬᠦᠭᠵᠢᠯᠲᠡ ᠵᠢᠨ ᠶᠡᠭᠡ ᠲᠠᠯ᠎ᠠ ᠵᠢ ᠣᠨᠣᠪᠴᠢᠲᠠᠢ ᠡᠵᠡᠮᠳᠡᠨ᠂ ᠬᠦᠭᠵᠢᠯᠲᠡ ᠵᠢᠨ ᠵᠢᠮ᠎ᠡ ᠬᠠᠤᠯᠢ ᠵᠢ ᠰᠠᠨᠠᠭ᠋ᠠᠴᠢᠯᠠᠭ᠎ᠠ᠎ᠠᠴᠠ᠎ᠪᠠᠨ ᠲᠠᠭ᠋ᠠᠵᠤ᠂ ᠠᠷᠭ᠎ᠠ ᠰᠦᠪᠡᠭᠴᠢᠯᠡᠬᠦ ᠲᠠᠯ᠎ᠠ᠎ᠪᠠᠷ ᠤᠷᠢᠳᠴᠢᠯᠠᠭᠰᠠᠨ᠂ ᠠᠵᠢᠯᠯᠠᠭ᠎ᠠ ᠵᠢᠨ ᠲᠠᠯ᠎ᠠ᠎ᠪᠠᠷ ᠠᠮᠵᠢᠯᠲᠠ᠎ᠲᠠᠢ ᠪᠣᠯᠬᠤ ᠵᠢ ᠪᠡᠶᠡᠯᠡᠭᠦᠯᠵᠦ᠂ ᠱᠠᠯᠠᠮᠠᠭ᠋ᠠᠶ᠋ᠢᠯᠠᠨ ᠵᠢᠳᠭᠦᠬᠦ ᠵᠣᠷᠢᠭ ᠰᠠᠨᠠᠭ᠎ᠠ᠎ᠪᠠᠷ ᠰᠢᠨ᠎ᠡ ᠬᠡᠪ ᠪᠠᠶ᠋ᠢᠳᠠᠯ᠎ᠳᠠᠬᠢ ᠰᠢᠨ᠎ᠡ ᠠᠵᠠ ᠲᠣᠬᠢᠶᠠᠯ᠎ᠢ ᠵᠠᠪᠳᠤᠨ ᠠᠳᠬᠤᠵᠤ᠂ ᠰᠢᠨ᠎ᠡ ᠬᠡᠪ ᠪᠠᠶ᠋ᠢᠳᠠᠯ᠎ᠳᠠᠬᠢ ᠰᠢᠨ᠎ᠡ ᠦᠷᠢᠰᠦᠯᠳᠦᠭᠡᠨ᠎ᠢ ᠠᠷᠭ᠋ᠠᠴᠠᠵᠤ᠂ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠨ ᠮᠠᠨ᠎ᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢᠨ ᠰᠢᠨ᠎ᠡ ᠪᠠᠶ᠋ᠢᠳᠠᠯ᠎ᠢ ᠨᠡᠭᠡᠭᠡᠨ ᠡᠭᠦᠳᠬᠦ ᠬᠡᠷᠡᠭᠲᠡᠢ᠃
ᠡᠨᠡ ᠵᠢᠯ᠎ᠳᠤ ᠭᠤᠣᠯᠳᠠᠯᠭ᠎ᠠ᠎ᠲᠠᠢ ᠠᠷᠪᠠᠨ ᠲᠠᠯ᠎ᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃
(ᠨᠢᠭᠡ) ᠳᠣᠳᠤᠭ᠋ᠠᠳᠤ ᠬᠡᠷᠡᠭᠴᠡᠭᠡ᠎ᠪᠠᠨ ᠥᠷᠭᠡᠳᠭᠡᠬᠦ ᠡᠨᠡᠬᠦ ᠪᠠᠶ᠋ᠢᠯᠳᠤᠬᠤ ᠪᠣᠳᠣᠯᠭ᠎ᠠ ᠵᠢᠨ ᠥᠨᠳᠥᠰᠥᠨ ᠴᠡᠭ᠎ᠢ ᠪᠠᠲᠤ ᠡᠵᠡᠮᠳᠡᠵᠦ᠂ ᠠᠵᠤ ᠠᠬᠤᠢ ᠵᠢᠨ ᠲᠣᠭᠲᠠᠭᠤᠨ ᠨᠡᠮᠡᠭᠳᠡᠯ᠎ᠢ ᠴᠢᠷᠮᠠᠶ᠋ᠢᠨ ᠪᠠᠲᠤᠯᠠᠨ᠎ᠠ
ᠪᠡᠯᠡ ᠣᠷᠤᠭᠤᠯᠤᠯᠲᠠ ᠵᠢᠨ ᠲᠣᠭᠲᠠᠭᠤᠨ ᠨᠡᠮᠡᠭᠳᠡᠯ᠎ᠢ ᠠᠬᠢᠭᠤᠯᠤᠨ᠎ᠠ᠃ ᠤᠯᠤᠰ᠎ᠠᠴᠠ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ᠂ ᠡᠨᠧᠷᠬᠢ ᠵᠢᠨ ᠡᠬᠢ ᠪᠠᠶᠠᠯᠢᠭ᠎ᠤᠨ ᠳᠦᠷᠦᠯ᠎ᠤᠨ ᠳᠦᠷᠦᠯ ᠵᠦᠢ᠍ᠯ᠎ᠢ ᠲᠠᠮᠵᠢᠬᠦ᠎ᠪᠠᠨ ᠳᠤᠮᠳᠠ ᠪᠠᠷᠠᠭᠤᠨ ᠪᠡᠶ᠎ᠠ ᠵᠢᠨ ᠭᠠᠵᠠᠷ ᠣᠷᠣᠨ᠂ ᠥᠨᠳᠦᠰᠦᠲᠡᠨᠤ ᠭᠠᠵᠠᠷ ᠣᠷᠣᠨ ᠲᠡᠰᠢ ᠡᠩ ᠲᠡᠷᠢᠭᠦᠨ᠎ᠳᠤ ᠪᠠᠶ᠋ᠢᠷᠢᠯᠠᠭᠤᠯᠬᠤ ᠴᠢᠬᠤᠯᠠ ᠶᠡᠭᠡ ᠠᠵᠠ ᠲᠣᠬᠢᠶᠠᠯ᠎ᠢ ᠠᠳᠬᠤᠨ᠂ ᠤᠯᠤᠰ᠎ᠤᠨ ᠳᠡᠮᠵᠢᠯᠭᠡ ᠵᠢ ᠢᠳᠡᠪᠬᠢᠲᠡᠢ ᠴᠢᠷᠮᠠᠶ᠋ᠢᠨ ᠣᠯᠣᠨ᠎ᠠ᠃ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠥᠨᠵᠡᠭᠡᠶ᠋ᠢᠷᠡᠭᠦᠯᠵᠦ᠂ ᠵᠠᠰᠠᠭ᠎ᠤᠨ ᠣᠷᠳᠣᠨ᠎ᠠᠴᠠ ᠪᠡᠯᠡ ᠣᠷᠤᠭᠤᠯᠬᠤ᠂ ᠨᠡᠶ᠋ᠢᠭᠡᠮ᠎ᠠᠴᠠ ᠪᠡᠯᠡ ᠣᠷᠤᠭᠤᠯᠬᠤ ᠪᠠ ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ ᠪᠦᠬᠡᠭᠡᠨᠡᠷᠡᠯᠤᠨ ᠥᠢ᠍ᠯᠡᠳᠦᠯᠢ ᠪᠤᠢ ᠪᠣᠯᠭ᠋ᠠᠨ᠎ᠠ᠃ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠬᠦᠳᠦᠯᠦᠨ ᠵᠢᠯᠣᠭᠤᠳᠬᠤ ᠥᠢ᠍ᠯᠡᠳᠦᠯᠢ ᠭᠦᠢ᠍ᠴᠡᠳ ᠪᠠᠳᠠᠷᠠᠭᠤᠯᠵᠤ᠂ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠦᠭᠵᠢᠯᠲᠡ ᠵᠢᠨ ᠪᠡᠯᠡ ᠮᠦᠩᠭᠦ ᠪᠠᠶ᠋ᠢᠭᠤᠯᠬᠤ᠂ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠬᠦᠭᠵᠢᠯᠲᠡ ᠵᠢᠨ ᠰᠠᠭᠤᠷᠢ ᠮᠥᠩᠭᠦ ᠵᠢᠴᠢ ᠣᠨᠴᠠ ᠵᠦᠪᠰᠢᠶᠡᠷᠡᠭᠰᠡᠨ ᠡᠵᠡᠩᠨᠡᠯᠲᠡ᠂ ᠪᠡᠯᠡ ᠣᠷᠤᠭᠤᠯᠤᠯᠲᠠ ᠵᠢᠨ ᠨᠥᠬᠦᠪᠥᠷᠢ᠂ ᠵᠠᠰᠠᠭ᠎ᠤᠨ ᠣᠷᠳᠣᠨ ᠥᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠡᠶ᠋ᠢᠭᠡᠮ᠎ᠤᠨ ᠬᠦᠷᠦᠩᠭᠡ ᠵᠢᠨ ᠪᠡᠯᠡ ᠣᠷᠤᠭᠤᠯᠤᠯᠲᠠ᠎ᠳᠤ ᠣᠷᠣᠯᠴᠠᠬᠤ ᠵᠢ ᠪᠦᠳᠦᠮᠵᠢᠲᠡᠢ ᠳᠠᠶ᠋ᠢᠴᠢᠯᠠᠨ᠎ᠠ᠃ ᠣᠯᠠᠨ ᠳᠡᠰ ᠳᠠᠪᠬᠤᠷᠭ᠎ᠠ ᠵᠢᠨ ᠬᠦᠷᠦᠩᠭᠡ ᠵᠢᠨ ᠵᠠᠬ᠎ᠠ ᠳᠡᠯᠭᠡᠭᠦᠷ᠎ᠢ ᠲᠦᠷᠭᠡᠳᠬᠡᠨ ᠪᠤᠶ᠋ᠢᠵᠢᠭᠤᠯᠵᠤ᠂ ᠰᠢᠭᠤᠳ ᠪᠡᠯᠡ ᠲᠣᠬᠢᠷᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠠᠷᠠᠳ᠎ᠤᠨ ᠲᠤᠮᠳᠠᠬᠢ ᠬᠦᠷᠦᠩᠭᠡ ᠮᠦᠡᠭᠬᠦᠨᠦᠭᠦᠳ ᠠᠵᠤ ᠦᠢ᠍ᠯᠡᠰ᠎ᠲᠤ ᠪᠡᠯᠡ ᠣᠷᠤᠭᠤᠯᠤᠯᠲᠠ ᠪᠠ ᠰᠲ᠋ᠣᠺ᠎ᠤᠨ ᠡᠷᠬᠡ᠎ᠳᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠦ ᠡᠬᠦᠰᠬᠡᠨ ᠪᠠᠶ᠋ᠢᠭᠤᠯᠬᠤ ᠵᠢ ᠵᠣᠷᠢᠬ᠍ᠵᠢᠭᠤᠯᠵᠤ᠂ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ᠎ᠪᠠᠷ ᠳᠠᠮᠵᠢᠵᠤ ᠪᠡᠯᠡ ᠮᠦᠩᠭᠦ ᠴᠤᠭᠯᠠᠭᠤᠯᠵᠤ᠂ ᠨᠥᠭᠦᠴᠡᠯ᠎ᠲᠠᠢ ᠳᠤᠮᠳᠠ ᠵᠢᠵᠢᠭ ᠠᠵᠤ ᠠᠬᠤᠶ᠋ᠢᠯᠠᠯ᠎ᠤᠳ᠎ᠤᠨ ᠰᠲ᠋ᠣᠺ᠎ᠤᠨ ᠡᠷᠬᠡ᠎ᠪᠠᠷ ᠵᠶ᠋ᠠᠨ ᠪᠡᠯᠡ ᠲᠣᠬᠢᠷᠠᠭᠤᠯᠭ᠎ᠠ ᠬᠢᠬᠦ ᠵᠢ ᠳᠡᠮᠵᠢᠨ᠎ᠠ᠃ ᠵᠠᠰᠠᠭ᠎ᠤᠨ ᠣᠷᠳᠣᠨ ᠪᠣᠯᠣᠨ ᠨᠡᠶ᠋ᠢᠭᠡᠮ᠎ᠤᠨ ᠬᠦᠷᠦᠩᠭᠡ ᠬᠤᠷᠰᠢᠯᠴᠠᠬᠤ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠦᠯᠡᠳᠡᠭᠡᠯ ᠡᠳ᠋ ᠬᠦᠷᠦᠩᠭᠡ᠎ᠪᠠᠷ ᠰᠲ᠋ᠣᠺ᠎ᠤᠨ ᠡᠷᠬᠡ ᠪᠣᠯᠭ᠋ᠠᠵᠤ᠂ ᠪᠦᠳᠦᠭᠡᠨ ᠪᠠᠶ᠋ᠢᠭᠤᠯᠤᠯᠲᠠ ᠵᠢᠨ ᠡᠭᠦᠷᠭᠡ᠎ᠪᠠᠷ ᠪᠡᠯᠡ ᠮᠥᠩᠭᠦ ᠤᠷᠢᠵᠤ᠂ ᠲᠣᠮᠤ ᠠᠵᠤ ᠠᠬᠤᠶ᠋ᠢᠯᠠᠯ᠎ᠯᠤᠭ᠎ᠠ ᠭᠦᠨᠵᠡᠭᠡᠢ ᠬᠤᠷᠰᠢᠯᠴᠠᠬᠤ ᠵᠢ ᠴᠢᠩᠭ᠋ᠠᠳᠬᠠᠨ᠂ ᠰᠠᠭᠤᠷᠢ ᠪᠡᠯᠡᠳᠭᠡᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠪᠡᠯᠡ ᠲᠣᠬᠢᠷᠠᠭᠤᠯᠭ᠎ᠠ ᠵᠢᠨ ᠵᠠᠭᠪᠣᠷᠢ ᠰᠢᠨ᠎ᠡ ᠵᠢ ᠡᠭᠦᠳᠦᠨ᠎ᠡ᠃ ᠵᠠᠰᠠᠭ᠎ᠤᠨ ᠣᠷᠳᠣᠨ᠎ᠤ ᠴᠢᠨᠠᠷᠲᠠᠢ ᠳᠠᠭ᠋ᠠᠭ᠋ᠠᠯᠲᠠ ᠵᠢᠨ ᠪᠡᠯᠡ ᠮᠦᠩᠭᠦ ᠵᠢᠨ ᠣᠷᠤᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠢᠲᠡᠭᠡᠮᠵᠢ ᠵᠢᠨ ᠳᠠᠭ᠋ᠠᠭ᠋ᠠᠯᠲᠠ ᠬᠢᠬᠦ᠂ ᠳᠠᠮ ᠬᠦᠦ᠎ᠲᠠᠢ ᠵᠢᠭᠡᠯᠡᠯᠭᠡ ᠵᠡᠷᠭᠡ ᠲᠥᠷᠥ ᠵᠢᠨ ᠪᠣᠳᠣᠯᠭ᠎ᠠ ᠵᠢᠨ ᠪᠠᠭ᠋ᠠᠵᠢ ᠬᠡᠷᠡᠭᠰᠡᠯ᠎ᠤᠨ ᠦᠢ᠍ᠯᠡᠳᠦᠯ᠎ᠢ ᠪᠠᠳᠠᠷᠠᠭᠤᠯᠤᠨ᠎ᠠ᠃ ᠪᠣᠬᠢᠷᠳᠤᠯ ᠭᠠᠳᠠᠭᠰᠢᠯᠠᠭᠤᠯᠬᠤ ᠡᠷᠬᠡ᠂ ᠰᠦᠢ᠍ᠳᠭᠡᠯ ᠬᠤᠷᠢᠶᠠᠬᠤ ᠡᠷᠬᠡ᠂ ᠭᠠᠵᠠᠷ ᠰᠢᠷᠦᠢ ᠳᠠᠭ᠋ᠠᠭ᠋ᠠᠴᠢᠯᠠᠨ ᠡᠵᠡᠩᠨᠡᠬᠦ ᠡᠷᠬᠡ ᠵᠡᠷᠭᠡ ᠳᠠᠨᠵᠢᠯᠠᠭ᠎ᠠ᠎ᠲᠠᠢ ᠵᠢᠭᠡᠯᠡᠯᠭᠡ ᠵᠢ ᠢᠳᠡᠪᠬᠢᠲᠡᠢ ᠦᠷᠨᠢᠭᠦᠯᠵᠦ᠂ ᠭᠠᠵᠠᠷ ᠰᠢᠷᠦᠢ᠂ ᠠᠭᠤᠷᠬᠠᠢ ᠵᠢᠨ ᠡᠷᠬᠡ᠎ᠪᠠᠷ ᠪᠠᠷᠢᠴᠠᠭ᠋ᠠᠯᠠᠵᠤ ᠪᠡᠯᠡ ᠲᠤᠬᠢᠷᠠᠭᠤᠯᠬᠤ ᠵᠢ ᠠᠬᠢᠭᠤᠯᠤᠨ᠎ᠠ᠃
ᠭᠤᠣᠯᠳᠠᠯᠭ᠎ᠠ᠎ᠲᠠᠢ ᠳᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠪᠦᠳᠦᠴᠡ᠎ᠪᠠᠨ ᠲᠣᠬᠢᠷᠠᠭᠤᠯᠬᠤ᠂ ᠳᠤᠳᠠᠮᠠᠭ ᠵᠦᠢ᠍ᠯ ᠵᠶ᠋ᠠᠨ ᠨᠦᠬᠦᠪᠦᠷᠢᠯᠡᠬᠦ ᠵᠢᠨ ᠲᠣᠭᠤᠷᠢᠨ᠎ᠳᠤ᠂ ᠨᠢᠭᠡᠨ ᠪᠦᠯᠦᠭ ᠪᠦᠬᠦ ᠲᠠᠯ᠎ᠠ ᠵᠢᠨ ᠴᠢᠨᠠᠷᠲᠠᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠴᠢᠬᠤᠯᠠ ᠶᠡᠭᠡ ᠲᠦᠷᠦᠯ ᠵᠦᠢ᠍ᠯ᠎ᠤᠳ᠎ᠢ ᠲᠦᠷᠭᠡᠳᠭᠡᠨ ᠬᠡᠷᠡᠭᠵᠢᠭᠦᠯᠵᠦ᠂ ᠪᠦᠲᠦᠮᠵᠢᠲᠡᠢ ᠪᠡᠯᠡ ᠣᠷᠤᠭᠤᠯᠤᠯᠲᠠ ᠵᠢ ᠴᠢᠷᠮᠠᠶ᠋ᠢᠨ ᠨᠡᠮᠡᠭᠳᠡᠭᠦᠯᠵᠦ᠂ ᠪᠦᠬᠦ ᠵᠢᠯ᠎ᠳᠤ 500 ᠲᠦᠮᠡᠨ ᠲᠦᠭᠦᠷᠢᠭ᠎ᠠᠴᠠ ᠳᠡᠭᠡᠭᠰᠢᠬᠢ ᠳᠦᠷᠦᠯ ᠵᠦᠢ᠍ᠯ᠎ᠢ ᠰᠢᠨ᠎ᠡ᠎ᠪᠠᠷ ᠪᠠᠷᠢᠯᠭ᠎ᠠ ᠡᠬᠢᠯᠡᠭᠦᠯᠬᠦ ᠬᠡᠪᠴᠢᠶᠡᠵᠢᠯ᠎ᠢ 1.5 ᠲᠦᠮᠡᠨ ᠳ᠋ᠦᠩᠰᠢᠭᠤᠷ ᠲᠦᠭᠦᠷᠢᠭ᠎ᠲᠤ ᠬᠦᠷᠦᠭᠦᠯᠵᠦ᠂ ᠲᠣᠭᠲᠠᠮᠠᠯ ᠬᠦᠷᠦᠩᠭᠡ ᠵᠢᠨ ᠪᠡᠯᠡ ᠣᠷᠤᠭᠤᠯᠤᠯᠲᠠ ᠵᠢ 1.34 ᠲᠦᠮᠡᠨ ᠳ᠋ᠦᠩᠰᠢᠭᠤᠷ ᠲᠦᠭᠦᠷᠢᠭ ᠪᠡᠶᠡᠯᠡᠭᠦᠯᠦᠨ᠎ᠠ᠃ ᠪᠣᠭᠤᠳᠤ ᠵᠢᠨ ᠪᠣᠯᠣᠳ ᠲᠡᠮᠦᠷ᠎ᠤᠨ ᠦᠢ᠍ᠯᠡᠳᠪᠦᠷᠢ ᠵᠢᠨ 350 ᠲᠦᠮᠡᠨ ᠲᠤᠨ ᠬᠤᠪᠤᠷ ᠰᠢᠷᠤᠢ ᠵᠢᠨ ᠬᠦᠢ᠍ᠲᠡᠨ ᠬᠡᠪᠰᠢᠭᠦᠯᠭᠡ᠂ ᠣᠷᠳᠣᠰ᠎ᠤᠨ ᠨᠡᠭᠦᠷᠡᠰᠦ ᠵᠢ ᠴᠡᠪᠡᠷᠰᠢᠭᠦᠯᠦᠨ ᠳᠡᠭᠡᠳᠦ ᠪᠦᠲᠦᠮᠵᠢᠲᠡᠢ᠎ᠪᠠᠷ ᠠᠰᠢᠭᠯᠠᠬᠤ ᠵᠡᠷᠭᠡ ᠳ᠋ᠦᠩᠰᠢᠭᠤᠷ ᠲᠦᠭᠦᠷᠢᠭ᠎ᠠᠴᠠ ᠳᠡᠭᠡᠭᠰᠢᠬᠢ ᠰᠢᠨ᠎ᠡ᠎ᠪᠠᠷ ᠪᠠᠶ᠋ᠢᠭᠤᠯᠬᠤ ᠦᠷᠭᠦᠯᠵᠢᠯᠡᠨ ᠪᠠᠶ᠋ᠢᠭᠤᠯᠬᠤ 1000 ᠲᠦᠷᠦᠯ ᠵᠦᠢ᠍ᠯ᠎ᠤᠳ᠎ᠢ ᠢᠳᠡᠪᠬᠢᠲᠡᠢ᠎ᠪᠠᠷ ᠠᠬᠢᠭᠤᠯᠵᠤ᠂ 400 ᠵᠢ ᠰᠢᠨ᠎ᠡ᠎ᠪᠠᠷ ᠠᠰᠢᠭᠯᠠᠯᠲᠠ᠎ᠳᠤ ᠣᠷᠤᠭᠤᠯᠬᠤ᠎ᠪᠠᠷ ᠴᠢᠷᠮᠠᠶ᠋ᠢᠨ᠎ᠠ᠃ ᠰᠢᠯᠢ ᠵᠢᠨ ᠭᠤᠣᠯ᠎ᠠᠴᠠ ᠵᠢᠨᠠᠨ᠎ᠳᠤ ᠬᠦᠷᠬᠦ ᠤᠨᠴᠠ ᠦᠨᠳᠦᠷ ᠬᠦᠴᠦᠳᠡᠯᠳᠦ ᠴᠠᠬᠢᠯᠭ᠋ᠠᠨ᠎ᠢ ᠭᠠᠳᠠᠭᠰᠢ ᠲᠠᠮᠵᠢᠭᠤᠯᠬᠤ᠎ᠳᠤ ᠰᠠᠭ᠋ᠠᠳ ᠦᠭᠡᠢ ᠨᠡᠪᠲᠡᠷᠡᠬᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠵᠦ᠂ ᠰᠢᠯᠢ ᠵᠢᠨ ᠭᠤᠣᠯ ᠠᠶ᠋ᠢᠮᠠᠭ᠎ᠠᠴᠠ ᠵᠢᠶᠠᠩᠰᠤ᠎ᠳᠤ ᠬᠦᠷᠬᠦ᠂ ᠦᠪᠦᠷ ᠮᠣᠩᠭᠤᠯ᠎ᠤᠨ ᠪᠠᠷᠠᠭᠤᠨ ᠪᠡᠶ᠎ᠠ᠎ᠠᠴᠠ ᠲᠢᠶᠠᠨᠵᠢᠨ᠎ᠤ ᠡᠮᠤᠨᠠᠳᠤ ᠬᠦᠷᠬᠦ᠂ ᠱᠠᠩᠬᠤ ᠰᠦᠮ᠎ᠠ᠎ᠠᠴᠠ ᠱᠠᠨᠳᠦ᠋ᠩ᠎ᠳᠤ ᠬᠦᠷᠬᠦ ᠵᠡᠷᠭᠡ ᠤᠨᠴᠠ ᠦᠨᠳᠦᠷ ᠬᠦᠴᠦᠳᠡᠯᠳᠦ ᠴᠠᠬᠢᠯᠭ᠋ᠠᠨ᠎ᠢ ᠭᠠᠳᠠᠭᠰᠢ ᠲᠠᠮᠵᠢᠭᠤᠯᠬᠤ ᠵᠢᠨ ᠨᠡᠪᠲᠡᠷᠡᠬᠦ ᠵᠠᠮ᠎ᠢ ᠡᠷᠲᠡᠬᠡᠨ ᠪᠠᠷᠢᠯᠭ᠎ᠠ ᠡᠬᠢᠯᠡᠭᠦᠯᠬᠦ ᠵᠢ ᠠᠬᠢᠭᠤᠯᠵᠤ᠂ ᠦᠪᠦᠷ ᠮᠣᠩᠭᠤᠯ᠎ᠤᠨ ᠪᠠᠷᠠᠭᠤᠨ ᠪᠡᠶ᠎ᠡ᠎ᠠᠴᠠ ᠬᠤᠪᠸᠢ ᠵᠢᠨ ᠦᠬᠠᠨ᠎ᠳᠤ ᠬᠦᠷᠬᠦ᠂ ᠲᠦᠩᠯᠢᠶᠤᠣ ᠵᠢᠨ ᠬᠤᠶ᠋ᠢᠳᠤ ᠪᠡᠶ᠎ᠡ᠎ᠠᠴᠠ ᠾᠤᠨᠠᠨᠳᠤ ᠬᠦᠷᠬᠦ ᠣᠨᠴᠠ ᠦᠨᠳᠦᠷ ᠬᠦᠴᠦᠳᠡᠯ᠎ᠤᠨ ᠴᠠᠬᠢᠯᠭ᠋ᠠᠨ᠎ᠢ ᠭᠠᠳᠠᠭᠰᠢ ᠲᠠᠮᠵᠢᠭᠤᠯᠬᠤ᠎ᠳᠤ ᠰᠠᠭ᠋ᠠᠳ ᠦᠭᠡᠢ ᠨᠡᠪᠲᠡᠷᠡᠬᠦ ᠵᠠᠮ᠎ᠢ ᠤᠯᠤᠰ᠎ᠤᠨ 《13 · 5》 ᠵᠢᠨ ᠲᠦᠯᠦᠪᠵᠢᠭᠦᠯᠭᠡ᠎ᠳᠤ ᠵᠢᠭᠰᠠᠭ᠋ᠠᠨ ᠣᠷᠤᠭᠤᠯᠬᠤ᠎ᠪᠠᠷ ᠴᠢᠷᠮᠠᠶ᠋ᠢᠨ᠎ᠠ᠃ ᠴᠠᠬᠢᠯᠭ᠋ᠠᠨ ᠲᠣᠤᠷᠯᠤᠭᠠ ᠲᠦᠬᠦᠷᠵᠢᠭᠰᠡᠨ ᠴᠠᠬᠢᠯᠭ᠋ᠠᠨ ᠡᠭᠦᠰᠭᠡᠯ᠎ᠤᠨ ᠭᠠᠵᠠᠷ ᠪᠤᠯᠤᠨ ᠨᠡᠭᠦᠷᠡᠰᠦᠨ᠎ᠤ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠵᠦ᠂ ᠵᠡᠷᠭᠡ᠎ᠪᠡᠷ ᠠᠵᠢᠯ ᠡᠬᠢᠯᠡᠭᠦᠯᠵᠦ᠂ ᠵᠡᠷᠭᠡ᠎ᠪᠡᠷ ᠪᠦᠲᠦᠭᠡᠨ ᠪᠠᠶ᠋ᠢᠭᠤᠯᠵᠤ᠂ ᠵᠡᠷᠭᠡ᠎ᠪᠡᠷ ᠦᠷ᠎ᠡ ᠪᠦᠲᠦᠮᠵᠢ ᠣᠯᠬᠤ ᠵᠢ ᠴᠢᠷᠮᠠᠶ᠋ᠢᠨ ᠪᠡᠶᠡᠯᠡᠭᠦᠯᠦᠨ᠎ᠡ᠃ ᠳᠡᠭᠡᠳᠦ ᠬᠤᠷᠳᠤ ᠵᠢᠨ ᠵᠠᠰᠠᠮᠠᠯ ᠵᠠᠮ᠂ ᠪᠣᠭᠤᠮᠲᠠ ᠵᠢᠨ ᠵᠠᠰᠠᠮᠠᠯ ᠵᠠᠮ᠂ ᠭᠤᠣᠯ ᠵᠠᠰᠠᠮᠠᠯ ᠵᠠᠮ ᠪᠣᠯᠣᠨ ᠮᠠᠯᠵᠢᠬᠤ ᠳᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ ᠠᠬᠢᠭᠤᠯᠵᠤ᠂ 700 ᠳ᠋ᠦᠩᠰᠢᠭᠤᠷ ᠲᠦᠭᠦᠷᠢᠭ᠎ᠤᠨ ᠪᠡᠯᠡ ᠣᠷᠤᠭᠤᠯᠤᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠵᠤ᠂ ᠳᠡᠭᠡᠲᠤ ᠬᠤᠷᠳᠤ ᠵᠢᠨ ᠵᠠᠰᠠᠮᠠᠯ ᠵᠠᠮ᠎ᠤᠨ ᠲᠡᠷᠭᠡ ᠨᠡᠪᠲᠡᠷᠡᠭᠦᠯᠬᠦ ᠤᠷᠳᠤ ᠵᠢ 5000 ᠺᠢᠯᠣᠮᠧᠳ᠋ᠷ᠎ᠠᠴᠠ ᠳᠠᠪᠠᠭᠤᠯᠵᠤ᠂ ᠪᠠᠷᠤᠭᠰᠢᠨ ᠱᠦᠢ᠍ᠨᠢ ᠵᠠᠮ ᠨᠡᠪᠳᠡᠷᠡᠬᠦ ᠭᠠᠴᠠᠭ᠎ᠠ ᠲᠤᠰᠬᠤᠨ᠎ᠢ ᠰᠢᠨ᠎ᠡ᠎ᠪᠠᠷ 1000 ᠨᠡᠮᠡᠭᠳᠡᠭᠦᠯᠵᠦ᠂ ᠭᠠᠴᠠᠭ᠎ᠠ ᠲᠤᠰᠬᠤᠨ ᠵᠡᠭᠡᠯᠢ ᠭᠤᠳᠤᠮᠵᠢ ᠵᠢᠨ ᠵᠠᠮ᠎ᠢ ᠬᠠᠲᠠᠭᠤᠷᠠᠭᠤᠯᠬᠤ ᠡᠭᠦᠷᠭᠡ ᠵᠢ ᠨᠢᠭᠡ ᠵᠢᠯ ᠤᠷᠢᠳᠴᠢᠯᠠᠨ ᠪᠡᠶᠡᠯᠡᠭᠦᠯᠦᠨ᠎ᠡ᠃ ᠬᠦᠬᠡᠬᠤᠲᠠ᠎ᠠᠴᠠ ᠴᠢᠭᠤᠯᠤᠯᠲᠤ ᠬᠠᠭ᠋ᠠᠯᠭ᠎ᠠ᠎ᠳᠤ ᠬᠦᠷᠬᠦ ᠠᠶᠠᠨᠴᠢᠳ᠎ᠤᠨ ᠲᠡᠭᠡᠭᠡᠪᠦᠷᠢ ᠵᠢᠨ ᠲᠤᠰᠬᠠᠢ ᠱᠣᠭᠤᠮ᠎ᠤᠨ ᠲᠡᠮᠦᠷ ᠵᠠᠮ᠂ ᠬᠦᠬᠡᠬᠤᠲᠠ᠎ᠠᠴᠠ ᠵᠡᠭᠦᠨᠭ᠋ᠠᠷ ᠣᠷᠳᠣᠰ ᠬᠦᠷᠬᠦ ᠲᠦᠷᠭᠡᠨ ᠬᠤᠷᠳᠤ ᠵᠢᠨ ᠲᠡᠮᠦᠷ ᠵᠠᠮ ᠵᠡᠷᠭᠡ ᠪᠠᠶ᠋ᠢᠭᠤᠯᠵᠤ ᠪᠠᠶ᠋ᠢᠭ᠎ᠠ ᠲᠦᠷᠦᠯ ᠵᠦᠢ᠍ᠯ᠎ᠤᠳ᠎ᠢ ᠲᠦᠷᠭᠡᠳᠭᠡᠨ ᠠᠬᠢᠭᠤᠯᠵᠤ᠂ ᠲᠦᠩᠯᠢᠶᠤᠣ᠂ ᠤᠯᠠᠭ᠋ᠠᠠᠬᠠᠳᠠᠠᠴᠠ ᠪᠡᠭᠡᠵᠢᠩ ᠮᠦᠭᠳᠡᠨ᠎ᠳᠤ ᠬᠦᠷᠬᠦ ᠠᠶᠠᠨᠴᠢᠳ᠎ᠤᠨ ᠲᠡᠭᠡᠭᠡᠪᠦᠷᠢ ᠵᠢᠨ ᠲᠤᠰᠬᠠᠢ ᠲᠡᠮᠦᠷ ᠵᠠᠮ᠎ᠤᠨ ᠬᠤᠯᠪᠣᠬᠤ ᠱᠣᠭᠤᠮ᠎ᠢ ᠪᠠᠷᠢᠯᠭ᠎ᠠ ᠡᠬᠢᠯᠡᠭᠦᠯᠦᠨ ᠪᠠᠶ᠋ᠢᠭᠤᠯᠵᠤ᠂ 350 ᠳ᠋ᠦᠩᠰᠢᠭᠤᠷ ᠲᠦᠭᠦᠷᠢᠭ᠎ᠤᠨ ᠪᠡᠯᠡ ᠣᠷᠤᠭᠤᠯᠤᠯᠲᠠ ᠵᠢ ᠴᠢᠷᠮᠠᠶ᠋ᠢᠨ ᠪᠡᠶᠡᠯᠡᠭᠦᠯᠵᠦ᠂ 1600 ᠺᠢᠯᠣᠮᠧᠳ᠋ᠷ ᠤᠷᠳᠤ ᠲᠡᠮᠦᠷ ᠵᠠᠮ᠎ᠢ ᠰᠢᠨ᠎ᠡ᠎ᠪᠠᠷ ᠪᠠᠷᠢᠯᠭ᠎ᠠ ᠡᠬᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠪᠡᠶ᠎ᠠ ᠵᠢᠨ ᠭᠠᠵᠠᠷ ᠣᠷᠣᠨ᠎ᠢ ᠲᠤᠭᠤᠯᠤᠭᠰᠠᠨ ᠲᠡᠬᠡᠳᠤ ᠬᠤᠷᠳᠤ ᠵᠢᠨ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠨᠡᠪᠲᠡᠷᠡᠬᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠰᠦᠪᠡᠭᠴᠢᠯᠡᠵᠦ᠂ ᠮᠠᠨᠵᠤᠤᠷ᠎ᠠᠴᠠ ᠬᠠᠶ᠋ᠢᠯᠠᠷ᠂ ᠮᠠᠨᠵᠦᠤᠷᠠᠴᠠ ᠤᠯᠠᠭ᠋ᠠᠨᠬᠤᠳᠠ᠂ ᠮᠠᠨᠵᠤᠤᠷ᠎ᠠᠴᠠ ᠳᠦᠡᠭᠯᠢᠶᠤᠤ᠂ ᠰᠢᠯᠢᠩᠬᠤᠳᠠ᠎ᠠᠴᠠ ᠴᠢᠭᠤᠯᠤᠯᠳᠤ ᠬᠠᠭ᠋ᠠᠯᠭ᠎ᠠ᠂ ᠬᠦᠬᠡᠬᠤᠳᠠ᠎ᠠᠴᠠ ᠢᠷᠭ᠋ᠠᠢ᠎ᠳᠤ ᠬᠦᠷᠬᠦ ᠵᠡᠷᠭᠡ ᠳᠡᠭᠡᠳᠦ ᠬᠤᠷᠳᠤ ᠵᠢᠨ ᠲᠡᠮᠦᠷ ᠵᠠᠮ᠎ᠤᠨ ᠲᠦᠷᠦᠯ ᠵᠦᠢ᠍ᠯ᠎ᠤᠳ᠎ᠢ ᠤᠯᠤᠰ᠎ᠤᠨ 《13 · 5》 ᠵᠢᠨ ᠲᠡᠮᠦᠷ ᠵᠠᠮ᠎ᠤᠨ ᠲᠣᠣᠷ ᠲᠦᠯᠦᠪᠵᠢᠭᠦᠯᠭᠡ᠎ᠳᠤ ᠣᠷᠣᠭᠤᠯᠬᠤ ᠵᠢᠨ ᠬᠠᠮᠳᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠪᠦᠬᠦᠨ᠎ᠢ ᠡᠬᠢᠯᠡᠭᠦᠯᠦᠨ᠎ᠡ᠃ ᠬᠦᠬᠡᠬᠤᠲᠠ ᠵᠢᠨ ᠨᠢᠰᠭᠡᠯ᠎ᠤᠨ ᠪᠠᠭᠤᠳᠠᠯ᠎ᠤᠨ ᠨᠡᠭᠦᠯᠭᠡᠵᠦ ᠪᠠᠶ᠋ᠢᠭᠤᠯᠬᠤ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠭᠡᠨ ᠠᠬᠢᠭᠤᠯᠵᠤ᠂ 3 ᠲᠡᠭᠡᠭᠡᠪᠦᠷᠢ ᠵᠢᠨ ᠨᠢᠰᠭᠡᠯ᠎ᠤᠨ ᠪᠠᠭᠤᠳᠠᠯ ᠪᠣᠯᠣᠨ 8 ᠨᠡᠶ᠋ᠢᠳᠡᠮ ᠬᠡᠷᠡᠭᠯᠡᠭᠡᠨ᠎ᠤ ᠨᠢᠰᠭᠡᠯ᠎ᠤᠨ ᠪᠠᠭᠤᠳᠠᠯ᠎ᠢ ᠪᠠᠶ᠋ᠢᠭᠤᠯᠵᠤ ᠳᠠᠭᠤᠰᠬᠠᠨ᠂ ᠪᠦᠬᠦ ᠣᠷᠣᠨ᠎ᠤ ᠠᠷᠠᠳ᠎ᠤᠨ ᠬᠡᠷᠡᠭᠯᠡᠭᠡᠨ᠎ᠤ ᠨᠢᠰᠭᠡᠯ᠎ᠤᠨ ᠪᠠᠭᠤᠳᠠᠯ᠎ᠤᠨ ᠶᠡᠷᠦᠩᠬᠡᠢ ᠲᠤᠭ᠎ᠠ ᠵᠢ 29᠎ᠳᠤ ᠬᠦᠷᠦᠭᠦᠯᠦᠨ᠎ᠡ᠃ ᠲᠣᠮᠣ ᠬᠡᠯᠪᠡᠷᠢ ᠵᠢᠨ ᠤᠰᠤᠨ ᠠᠰᠢᠭᠯᠠᠯᠲᠠ ᠵᠢᠨ ᠪᠠᠷᠢᠯᠭ᠎ᠠ᠎ᠪᠠᠷ ᠭᠤᠣᠯᠯᠠᠵᠤ᠂ 《ᠰᠠᠯᠪᠤᠷᠢ ᠵᠢᠵᠢᠭ》 ᠵᠶ᠋ᠠᠷ᠎ᠨᠢ ᠬᠠᠷᠢᠯᠴᠠᠨ ᠲᠦᠬᠦᠷᠵᠢᠭᠦᠯᠦᠭᠰᠡᠨ ᠤᠰᠤᠨ᠎ᠤ ᠲᠤᠯᠭ᠋ᠠᠭᠤᠷᠢᠯᠠᠬᠤ ᠰᠢᠰᠲ᠋ᠧᠮᠵᠢ ᠵᠢ ᠲᠦᠷᠭᠡᠳᠭᠡᠨ ᠪᠠᠶ᠋ᠢᠭᠤᠯᠵᠤ᠂ ᠤᠯᠤᠰ᠎ᠤᠨ ᠲᠦᠯᠦᠪᠵᠢᠭᠦᠯᠭᠡ᠎ᠳᠤ ᠣᠷᠤᠭᠤᠯᠤᠭᠰᠠᠨ 12 ᠵᠦᠢ᠍ᠯ᠎ᠤᠨ ᠴᠢᠬᠤᠯᠠ ᠶᠡᠭᠡ ᠤᠰᠤᠨ ᠠᠰᠢᠭᠯᠠᠯᠲᠠ ᠵᠢᠨ ᠪᠠᠷᠢᠯᠭ᠎ᠠ ᠵᠢ ᠭᠤᠣᠯᠳᠠᠯᠭ᠎ᠠ᠎ᠲᠠᠢ ᠠᠬᠢᠭᠤᠯᠤᠨ᠎ᠠ᠃ ᠬᠤᠲᠠ ᠪᠠᠯᠭ᠋ᠠᠰᠤ ᠵᠢᠨ ᠭᠠᠵᠠᠷ ᠳᠣᠣᠷᠠᠬᠢ ᠬᠤᠭᠤᠯᠠᠢ ᠭᠤᠤᠷᠰᠦ ᠵᠢᠨ ᠲᠣᠣᠷ᠎ᠢ ᠦᠭᠡᠷᠡᠴᠢᠯᠡᠨ ᠰᠠᠶ᠋ᠢᠵᠢᠷᠠᠭᠤᠯᠬᠤ᠎ᠪᠠᠷ ᠭᠤᠣᠯᠳᠠᠯᠭ᠎ᠠ ᠪᠣᠯᠭ᠋ᠠᠵᠤ᠂ ᠨᠢᠭᠡ ᠪᠦᠯᠦᠭ ᠬᠤᠳᠠ ᠵᠢᠨ ᠰᠠᠭᠤᠷᠢ ᠪᠡᠯᠡᠳᠭᠡᠮᠵᠢ ᠵᠢᠨ ᠲᠦᠷᠦᠯ ᠵᠦᠢ᠍ᠯ᠎ᠤᠳ᠎ᠢ ᠲᠦᠷᠭᠡᠳᠭᠡᠨ ᠪᠠᠶ᠋ᠢᠭᠤᠯᠵᠤ᠂ 700 ᠳ᠋ᠦᠩᠰᠢᠭᠤᠷ ᠲᠦᠭᠦᠷᠢᠭ᠎ᠤᠨ ᠪᠡᠯᠡ ᠣᠷᠤᠭᠤᠯᠤᠯᠲᠠ ᠵᠢ ᠴᠢᠷᠮᠠᠶ᠋ᠢᠨ ᠪᠡᠶᠠᠯᠡᠭᠦᠯᠦᠨᠡ᠃
ᠬᠡᠷᠡᠭᠯᠡᠭᠡ ᠵᠢᠨ ᠬᠡᠷᠡᠭᠴᠡᠭᠡ ᠱᠠᠭ᠋ᠠᠷᠳᠠᠯᠭ᠎ᠠ᠎ᠪᠠᠨ ᠪᠦᠲᠦᠮᠵᠢᠲᠡᠢ ᠦᠷᠭᠡᠳᠭᠡᠨ᠎ᠡ᠃ ᠰᠠᠭᠤᠭ᠋ᠠᠯᠢ ᠠᠷᠠᠳ᠎ᠤᠨ ᠬᠡᠷᠡᠭᠯᠡᠭᠡ ᠵᠢ ᠵᠣᠷᠢᠬ᠍ᠵᠢᠭᠤᠯᠬᠤ ᠡᠳ᠋᠎ᠤᠨ ᠵᠠᠰᠠᠭ ᠭᠠᠶ᠋ᠢᠯᠢ᠂ ᠢᠲᠡᠭᠡᠮᠵᠢᠲᠦ ᠵᠢᠭᠡᠯᠡᠯᠭᠡ ᠪᠠ ᠢᠲᠡᠭᠡᠮᠵᠢᠲᠦ ᠬᠡᠷᠡᠭᠯᠡᠭᠡᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠬᠤᠳᠠᠯᠳᠤᠭ᠋ᠠᠨ᠎ᠤ ᠶᠠᠪᠤᠳᠠᠯ᠎ᠤᠨ ᠬᠡᠷᠡᠭᠯᠡᠭᠡ ᠵᠢ ᠬᠦᠭᠵᠢᠭᠡᠨ᠂ ᠣᠷᠣᠨ ᠰᠠᠭᠤᠴᠠ ᠵᠢᠨ ᠬᠡᠷᠡᠭᠯᠡᠭᠡ ᠵᠢ ᠨᠡᠮᠡᠭᠳᠡᠬᠦᠯᠵᠦ᠂ ᠰᠤᠷᠭ᠋ᠠᠨ ᠬᠦᠮᠦᠵᠢᠯ ᠰᠣᠶᠣᠯ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠢ ᠳᠡᠭᠡᠭᠰᠢᠯᠡᠭᠦᠯᠦᠨ᠂ ᠵᠢᠭᠤᠯᠴᠢᠯᠠᠯ ᠵᠤᠭ᠋ᠠᠴᠠᠯ᠎ᠤᠨ ᠬᠡᠷᠡᠭᠯᠡᠭᠡ ᠵᠢ ᠳᠡᠰ ᠳᠡᠪᠰᠢᠭᠦᠯᠵᠦ᠂ ᠮᠡᠳᠡᠭᠡ ᠵᠠᠩᠭᠢ ᠵᠢᠨ ᠦᠢ᠍ᠯᠡᠴᠢᠯᠡᠭᠡ ᠵᠢᠨ ᠬᠡᠷᠡᠭᠯᠡᠭᠡ ᠵᠢ ᠦᠷᠭᠡᠳᠭᠡᠨ᠂ ᠨᠠᠰᠤᠵᠢᠯ ᠡᠷᠡᠭᠦᠯᠵᠡᠯ ᠭᠡᠷ᠎ᠤᠨ ᠠᠳᠠᠯ ᠠᠬᠤᠢ ᠵᠢᠨ ᠦᠢ᠍ᠯᠡᠴᠢᠯᠡᠭᠡ ᠵᠢᠨ ᠬᠡᠷᠡᠭᠯᠡᠭᠡᠨ᠎ᠳᠤ ᠰᠡᠲᠦᠯᠲᠡ ᠦᠭᠴᠦ᠂ ᠣᠯᠠᠨ ᠲᠠᠯ᠎ᠠ᠎ᠪᠠᠷ ᠲᠤᠯᠭ᠋ᠠᠭᠤᠷᠢᠯᠠᠭᠰᠠᠨ ᠬᠡᠷᠡᠭᠯᠡᠭᠡ ᠵᠢᠨ ᠨᠡᠮᠡᠭᠳᠡᠯ᠎ᠤᠨ ᠲᠦᠯᠦᠪ ᠪᠠᠶ᠋ᠢᠳᠠᠯ᠎ᠢ ᠴᠤᠬ᠍ᠴᠠᠯᠠᠨ ᠪᠠᠶ᠋ᠢᠭᠤᠯᠤᠨ᠎ᠠ᠃ ᠦᠢ᠍ᠯᠡᠳᠬᠦᠨ᠎ᠤ ᠶᠠᠰᠦ ᠴᠢᠨᠠᠷ᠎ᠤᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠵᠠᠬ᠎ᠠ ᠳᠡᠯᠭᠡᠭᠦᠷ᠎ᠤᠨ ᠡᠮᠬᠢ ᠲᠢᠭᠯᠢᠮ᠎ᠢ ᠴᠡᠭᠴᠡᠯᠡᠨ ᠵᠢᠷᠤᠮᠵᠢᠭᠤᠯᠵᠤ᠂ ᠪᠠᠷᠠᠭ᠋ᠠᠨ᠎ᠤ ᠦᠨ᠎ᠡ ᠬᠠᠩᠰᠢ ᠵᠢᠨ ᠶᠡᠷᠦᠩᠬᠡᠢ ᠬᠢᠷᠢ ᠬᠡᠮᠵᠢᠶ᠎ᠡ ᠦᠨᠳᠦᠰᠦᠨ᠎ᠳᠡᠭᠡᠨ ᠲᠤᠭᠲᠠᠭᠤᠨ ᠪᠠᠶ᠋ᠢᠬᠤ ᠵᠢ ᠪᠠᠲᠤᠯᠠᠵᠤ᠂ ᠲᠦᠭᠦᠮ ᠠᠮᠤᠷ ᠲᠦᠪᠰᠢᠨ ᠢᠲᠡᠭᠡᠮᠵᠢᠲᠡᠢ ᠬᠡᠷᠡᠭᠯᠡᠭᠡ ᠵᠢᠨ ᠣᠷᠴᠢᠨ ᠲᠣᠭᠤᠷᠢᠨ᠎ᠢ ᠡᠭᠦᠳᠦᠨ ᠪᠠᠶ᠋ᠢᠭᠤᠯᠤᠨ᠎ᠠ᠃ ᠭᠦᠢ᠍ᠯᠭᠡᠭᠡᠨ᠎ᠤ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠭᠥᠢ᠍ᠯᠭᠡᠭᠡᠨ᠎ᠤ ᠠᠷᠭ᠎ᠠ ᠮᠠᠶᠢᠭ ᠪᠠ ᠭᠥᠢ᠍ᠯᠭᠡᠭᠡᠨ᠎ᠤ ᠡᠵᠡᠩᠨᠡᠯᠲᠡ ᠵᠢᠨ ᠪᠠᠶ᠋ᠢᠳᠠᠯ᠎ᠢ ᠰᠢᠨ᠎ᠡ᠎ᠪᠠᠷ ᠡᠭᠦᠳᠴᠦ᠂ ᠡᠯᠧᠺᠳ᠋ᠷᠤᠨ ᠬᠤᠳᠠᠯᠳᠤᠭ᠋ᠠᠨ᠎ᠤ ᠶᠠᠪᠤᠳᠠᠯ ᠵᠡᠷᠬᠡ ᠬᠤᠳᠠᠯᠳᠤᠭ᠋ᠠᠨ᠎ᠤ ᠵᠠᠭᠪᠤᠷ᠎ᠢ ᠶᠡᠬᠡᠪᠡᠷ ᠬᠦᠭᠵᠢᠭᠦᠯᠵᠦ᠂ ᠦᠪᠡᠷᠮᠢᠴᠡ ᠮᠦᠷᠳᠡᠬᠡᠨ ᠣᠯᠠᠨ ᠶᠠᠩᠵᠤ ᠵᠢᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠲᠣᠬᠢᠷᠠᠯᠴᠠᠭᠤᠯᠤᠨ᠎ᠠ᠃ ᠵᠢᠭᠤᠯᠴᠢᠯᠠᠯ᠂ ᠰᠣᠶᠣᠯ ᠵᠡᠷᠭᠡ᠎ᠲᠠᠢ ᠬᠤᠯᠪᠣᠭᠳᠠᠬᠤ ᠠᠵᠤ ᠦᠢ᠍ᠯᠡᠰ᠎ᠤᠨ ᠠᠭᠤᠰᠤᠯᠴᠠᠨ ᠬᠦᠭᠵᠢᠬᠦ ᠵᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠶᠡᠬᠡᠪᠡᠷ ᠨᠡᠭᠡᠭᠡᠨ ᠡᠭᠦᠳᠴᠦ᠂ ᠬᠡᠷᠡᠭᠯᠡᠭᠡᠨ᠎ᠤ ᠰᠢᠨ᠎ᠡ ᠨᠡᠮᠡᠭᠳᠡᠯ᠎ᠤᠨ ᠴᠡᠭ᠎ᠢ ᠪᠤᠶ᠋ᠢᠵᠢᠭᠤᠯᠤᠨ᠎ᠠ᠃
ᠠᠵᠤ ᠠᠬᠤᠢ ᠵᠢᠨ ᠠᠵᠢᠯᠯᠠᠭ᠋ᠠᠨ᠎ᠢ ᠬᠦᠴᠦᠯᠡᠨ ᠲᠣᠭᠲᠠᠪᠤᠷᠢᠵᠢᠭᠤᠯᠤᠨ᠎ᠠ᠃ ᠠᠵᠤ ᠦᠢ᠍ᠯᠡᠳᠪᠦᠷᠢ ᠵᠢᠨ ᠠᠵᠢᠯᠯᠠᠭ᠋ᠠᠨ ᠪᠠ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠳᠡ ᠵᠢ ᠲᠣᠭᠲᠠᠪᠤᠷᠢᠵᠢᠭᠤᠯᠬᠤ᠎ᠪᠠᠷ ᠭᠤᠣᠯᠳᠠᠯᠭ᠎ᠠ ᠪᠣᠯᠭ᠋ᠠᠵᠤ᠂ ᠠᠵᠤ ᠠᠬᠤᠢ ᠵᠢᠨ ᠠᠵᠢᠯᠯᠠᠭ᠋ᠠᠨ᠎ᠤ ᠲᠣᠬᠢᠷᠠᠭᠤᠯᠤᠯᠲᠠ᠎ᠪᠠᠨ ᠴᠢᠩᠭ᠋ᠠᠳᠬᠠᠨ᠂ ᠠᠵᠤ ᠠᠬᠤᠶ᠋ᠢᠯᠠᠯ᠎ᠢ ᠬᠠᠪᠰᠤᠷᠴᠤ ᠳᠠᠷᠤᠭ᠋ᠠᠰᠤ ᠵᠢ᠎ᠨᠢ ᠬᠦᠩᠭᠡᠷᠡᠭᠦᠯᠦᠨ᠂ ᠦᠷ᠎ᠡ ᠠᠰᠢᠭ᠎ᠢ᠎ᠨᠢ ᠨᠡᠮᠡᠭᠳᠡᠭᠦᠯᠦᠨ᠂ ᠠᠵᠤ ᠠᠬᠤᠢ ᠵᠢᠨ ᠨᠡᠮᠡᠭᠳᠡᠯ᠎ᠤᠨ ᠰᠠᠭᠤᠷᠢ ᠵᠢ ᠲᠣᠭᠲᠠᠪᠤᠷᠢᠵᠢᠭᠤᠯᠤᠨ᠎ᠠ᠃ ᠨᠡᠭᠦᠷᠡᠰᠦᠨ᠎ᠤ ᠭᠠᠷᠤᠯᠲᠠ ᠵᠢ ᠬᠢᠵᠠᠭ᠋ᠠᠷᠯᠠᠵᠤ ᠦᠨ᠎ᠡ ᠬᠠᠩᠰᠢ ᠵᠢ ᠲᠣᠭᠲᠠᠭᠤᠨ ᠪᠠᠶ᠋ᠢᠯᠭ᠋ᠠᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠴᠠᠬᠢᠯᠭ᠋ᠠᠨ ᠭᠠᠷᠭ᠋ᠠᠬᠤ ᠨᠡᠭᠦᠷᠡᠰᠦ ᠵᠢᠨ ᠤᠷᠳᠤ ᠬᠤᠭᠤᠴᠠᠭ᠎ᠠ᠎ᠲᠠᠢ ᠲᠣᠭᠲᠠᠭᠤᠨ ᠵᠶ᠋ᠠᠷ ᠬᠠᠩᠭ᠋ᠠᠬᠤ ᠬᠤᠷᠰᠢᠯᠴᠠᠭ᠋ᠠᠨᠤ ᠬᠡᠯᠡᠯᠴᠡᠭᠡᠷ᠎ᠢ ᠨᠠᠶ᠋ᠢᠳᠠᠪᠤᠷᠢᠵᠢᠭᠤᠯᠤᠨ᠂ ᠨᠡᠭᠦᠷᠡᠰᠦᠨ᠎ᠤ ᠭᠠᠷᠤᠯᠲᠠ ᠪᠠ ᠪᠣᠷᠤᠯᠠᠭᠤᠯᠬᠤ ᠣᠷᠣᠨ ᠪᠦᠰᠡ ᠵᠢᠨ ᠬᠤᠯᠪᠤᠭ᠋ᠠᠯᠠᠨ ᠬᠦᠳᠡᠯᠦᠯᠴᠡᠬᠦ ᠲᠤᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠨᠡᠭᠦᠷᠡᠰᠦᠨ᠎ᠤ ᠠᠵᠢᠯ ᠲᠦᠷᠦᠯ᠎ᠤᠨ᠎ᠬᠢᠨ᠎ᠤ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠴᠠᠬᠢᠯᠭ᠋ᠠᠨ ᠬᠦᠴᠦᠨ᠎ᠢ ᠶᠡᠷᠦᠩᠬᠡᠶ᠋ᠢᠯᠡᠨ ᠲᠡᠳᠭᠦᠬᠦ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠴᠠᠬᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ ᠪᠦᠲᠥᠮᠵᠢᠲᠡᠢ ᠪᠠᠭᠤᠷᠠᠭᠤᠯᠤᠨ᠎ᠠ᠃ ᠠᠵᠤ ᠠᠬᠤᠶ᠋ᠢᠯᠠᠯ᠎ᠳᠤ ᠬᠤᠯᠪᠣᠭᠳᠠᠬᠤ ᠰᠦᠢ᠍ᠳᠭᠡᠯ ᠬᠤᠷᠢᠶᠠᠬᠤ ᠭᠠᠷᠴᠠᠭ᠎ᠤᠨ ᠨᠠᠷᠢᠨ ᠬᠠᠭᠤᠳᠠᠰᠤ ᠵᠢ ᠨᠡᠶ᠋ᠢᠲᠡᠯᠡᠵᠦ᠂ ᠨᠠᠷᠢᠨ ᠬᠠᠭᠤᠳᠠᠰᠤ᠎ᠠᠴᠠ ᠭᠠᠳᠠᠭᠤᠷ ᠰᠦᠢ᠍ᠳᠭᠡᠯ ᠬᠤᠷᠢᠶᠠᠬᠤ ᠵᠦᠢ᠍ᠯ ᠦᠭᠡᠢ ᠪᠤᠯᠭ᠋ᠠᠬᠤ ᠵᠢ ᠦᠨᠡᠨᠬᠦ ᠪᠡᠶᠡᠯᠡᠬᠦᠯᠦᠨ᠎ᠠ᠃
(ᠬᠤᠶᠠᠷ) ᠠᠵᠤ ᠠᠬᠤᠢ ᠵᠢᠨ ᠪᠥᠲᠥᠴᠡ ᠵᠢ ᠬᠦᠴᠦᠯᠡᠨ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠵᠢᠨ ᠬᠦᠭᠵᠢᠯᠲᠡ ᠵᠢᠨ ᠰᠢᠨ᠎ᠡ ᠠᠷᠭ᠎ᠠ ᠮᠠᠶᠢᠭ᠎ᠢ ᠲᠦᠷᠭᠡᠳᠭᠡᠨ ᠬᠤᠪᠢᠷᠠᠭᠤᠯᠤᠨ᠎ᠠ
ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠶᠡᠬᠡᠪᠡᠷ ᠠᠬᠢᠭᠤᠯᠤᠨ᠎ᠠ᠃ 《ᠲᠠᠪᠤᠨ ᠲᠤᠮᠤ ᠰᠠᠭᠤᠷᠢᠨ ᠭᠠᠵᠠᠷ》᠎ᠤᠨ ᠪᠦᠲᠦᠭᠡᠨ ᠪᠠᠶ᠋ᠢᠭᠤᠯᠤᠯᠲᠠ᠎ᠪᠠᠷ ᠭᠤᠤᠯᠳᠠᠯᠭ᠎ᠠ ᠪᠤᠯᠭ᠋ᠠᠨ᠂ ᠡᠬᠢ ᠪᠠᠶᠠᠯᠢᠭ᠎ᠤᠨ ᠶᠡᠷᠦᠩᠭᠡᠶ᠋ᠢᠯᠡᠨ ᠠᠰᠢᠭᠯᠠᠬᠤ ᠨᠣᠷᠮ᠎ᠠ ᠪᠠ ᠠᠵᠤ ᠦᠢ᠍ᠯᠡᠰ᠎ᠤᠨ ᠨᠠᠷᠢᠯᠢᠬ ᠭᠦᠨ ᠪᠣᠯᠪᠠᠰᠤᠷᠠᠭᠤᠯᠬᠤ ᠬᠡᠮᠵᠢᠶ᠎ᠡ ᠵᠢ ᠳᠡᠭᠡᠭᠰᠢᠯᠡᠭᠦᠯᠬᠦ᠎ᠪᠠᠷ ᠭᠤᠣᠯ ᠰᠢᠪᠳᠤᠯᠤᠯᠲᠠ ᠵᠢᠨ ᠴᠢᠭᠯᠡᠯ ᠪᠣᠯᠭ᠋ᠠᠵᠤ᠂ ᠤᠯᠠᠨ ᠡᠰᠢᠵᠢᠯ᠎ᠲᠠᠢ ᠬᠦᠭᠵᠢᠬᠦ ᠣᠳᠣ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮᠵᠢ ᠵᠢ ᠪᠠᠶ᠋ᠢᠭᠤᠯᠤᠨ᠎ᠠ᠃ ᠤᠯᠠᠮᠵᠢᠯᠠᠯᠲᠤ ᠠᠵᠤ ᠦᠢ᠍ᠯᠡᠰ᠎ᠤᠨ ᠰᠢᠨ᠎ᠡ ᠬᠡᠯᠪᠡᠷᠢᠵᠢᠯᠢ ᠲᠦᠷᠭᠡᠳᠭᠡᠨ᠂ ᠨᠡᠭᠦᠷᠡᠰᠦ ᠦᠢ᠍ᠯᠡᠳᠪᠦᠷᠢᠯᠡᠬᠦ ᠠᠵᠤ ᠠᠬᠤᠶ᠋ᠢᠯᠠᠯ ᠬᠢᠭᠡᠳ ᠲᠤᠤᠷ᠎ᠠ ᠬᠡᠯᠬᠢᠶᠡᠨ᠎ᠤ ᠤᠨᠳᠤᠤᠰᠢᠭᠤᠯᠬᠤ ᠠᠵᠤ ᠠᠬᠤᠶ᠋ᠢᠯᠠᠯ᠎ᠲᠠᠢ ᠭᠦᠨᠵᠡᠭᠡᠢ ᠬᠠᠮᠵᠢᠯᠴᠠᠬᠤ᠂ ᠪᠠᠶ᠋ᠢᠯᠳᠤᠬᠤ ᠪᠣᠳᠣᠯᠭ᠎ᠠ᠎ᠪᠠᠷ ᠳᠠᠬᠢᠨ ᠵᠣᠬᠢᠶᠠᠨ ᠪᠠᠶ᠋ᠢᠭᠤᠯᠬᠤ ᠵᠢ ᠠᠬᠢᠭᠤᠯᠤᠨ᠂ ᠨᠡᠭᠦᠷᠡᠰᠦ ᠴᠠᠬᠢᠯᠭ᠋ᠠᠨ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠬᠤᠯᠪᠣᠭ᠋ᠠᠯᠠᠨ ᠬᠦᠭᠵᠢᠬᠦ ᠵᠢ ᠬᠡᠷᠡᠭᠵᠢᠭᠦᠯᠦᠨ᠂ ᠨᠠᠭᠦᠷᠡᠰᠦ ᠵᠢ ᠲᠣᠬᠠᠢ ᠵᠢᠨ ᠭᠠᠵᠠᠷ᠎ᠲᠤᠨᠢ ᠪᠣᠯᠪᠠᠰᠤᠷᠠᠭᠤᠯᠤᠨ ᠤᠨᠳᠤᠤᠰᠢᠭᠤᠯᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠎ᠡ᠃ ᠨᠡᠭᠦᠷᠡᠰᠦ ᠴᠠᠬᠢᠯᠭ᠋ᠠᠨ ᠲᠡᠮᠦᠷᠯᠢᠭ᠂ ᠨᠡᠭᠦᠷᠡᠰᠦ ᠴᠠᠬᠢᠯᠭ᠋ᠠᠨ ᠬᠢᠮᠢ᠂ ᠨᠡᠭᠦᠷᠡᠰᠦ ᠴᠠᠬᠢᠯᠭ᠋ᠠᠨ ᠴᠠᠬᠢᠭᠤᠷ ᠵᠡᠷᠭᠡ ᠣᠨᠴᠠᠯᠢᠭᠳᠤ ᠠᠵᠤ ᠦᠢ᠍ᠯᠡᠰ᠎ᠤᠨ ᠬᠡᠯᠬᠢᠶ᠎ᠡ ᠵᠢᠨ ᠬᠡᠪᠴᠢᠶ᠎ᠡ ᠵᠢ ᠦᠷᠭᠡᠳᠭᠡᠨ᠂ ᠥᠪᠡᠷ᠎ᠤᠨ ᠥᠷᠲᠡᠭ᠎ᠤᠨ ᠬᠢᠨᠢ ᠥᠷᠢᠰᠥᠯᠳᠥᠭᠡᠨᠤ ᠰᠢᠨ᠎ᠡ ᠳᠠᠪᠠᠭᠤᠯᠢᠭ᠎ᠢ ᠪᠣᠢ ᠪᠣᠯᠭ᠋ᠠᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ ᠡᠳ᠋ᠰᠢᠭᠦᠯᠬᠦ ᠵᠡᠷᠭᠡ ᠠᠵᠤ ᠦᠢ᠍ᠯᠡᠰ᠎ᠤᠨ ᠬᠡᠯᠬᠢᠶ᠎ᠡ᠎ᠪᠠᠨ ᠤᠷᠳᠤᠳᠬᠠᠨ ᠳᠡᠰ ᠳᠡᠪᠰᠢᠬᠦ ᠵᠢ ᠠᠬᠢᠭᠤᠯᠵᠤ᠂ ᠬᠤᠪᠤᠷ ᠰᠢᠷᠦ᠋ᠢ᠍ᠳᠤ ᠪᠣᠯᠣᠳ᠂ ᠬᠦᠩᠭᠡᠨ ᠴᠠᠭ᠋ᠠᠨ᠎ᠤ ᠰᠡᠭᠦᠯᠴᠢ ᠵᠢᠨ ᠡᠳ᠋ᠰᠢᠭᠦᠯᠦᠯ᠂ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠥᠳᠦᠭᠡᠭᠳᠡᠬᠦᠨ ᠵᠡᠷᠭᠡ ᠳᠤᠮᠳᠠ ᠳᠡᠭᠡᠲᠤ ᠳᠡᠰ᠎ᠤᠨ ᠦᠢ᠍ᠯᠡᠳᠬᠦᠨ᠎ᠢ ᠲᠦᠷᠭᠡᠳᠭᠡᠨ ᠬᠥᠭᠵᠢᠭᠦᠯᠦᠨ᠎ᠡ᠃ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ᠎ᠤᠨ ᠬᠡᠪᠴᠢᠶᠡᠵᠢᠯ᠎ᠢ ᠠᠬᠢᠭᠤᠯᠤᠨ᠂ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢ ᠪᠣᠵᠠᠭ᠋ᠠᠶ᠋ᠢᠷᠠᠭᠤᠯᠵᠤ᠂ ᠨᠡᠭᠦᠷᠡᠰᠦ᠎ᠪᠠᠷ ᠠᠯᠺᠧᠨ ᠦᠢ᠍ᠯᠡᠳᠪᠦᠷᠢᠯᠡᠬᠦ 220 ᠲᠦᠮᠡᠨ ᠲᠤᠨ᠂ ᠨᠡᠭᠦᠷᠡᠰᠦ ᠵᠢ ᠬᠡᠢ ᠪᠣᠯᠭ᠋ᠠᠬᠤ 280 ᠳ᠋ᠦᠩᠰᠢᠭᠤᠷ ᠪᠣᠰᠤᠭ᠎ᠠ ᠲᠦᠷᠪᠡᠯᠵᠢᠨ ᠮᠧᠳ᠋ᠷ᠂ ᠨᠡᠭᠦᠷᠡᠰᠦ᠎ᠪᠠᠷ ᠲᠣᠰᠣ ᠦᠢ᠍ᠯᠡᠳᠪᠦᠷᠢᠯᠡᠬᠦ 416 ᠲᠦᠮᠡᠨ ᠲᠤᠨ᠎ᠤ ᠪᠠᠷᠢᠯᠭ᠎ᠠ ᠵᠢ ᠰᠢᠨ᠎ᠡ᠎ᠪᠠᠷ ᠡᠬᠢᠯᠡᠭᠦᠯᠬᠦ᠎ᠪᠠᠷ ᠴᠢᠷᠮᠠᠶ᠋ᠢᠨ᠎ᠠ᠃ ᠡᠭᠦᠯᠡᠨ ᠪᠣᠳᠣᠯᠲᠠ᠎ᠪᠠᠷ ᠭᠤᠣᠯᠳᠠᠯᠭ᠎ᠠ ᠪᠣᠯᠭ᠋ᠠᠭᠰᠠᠨ ᠮᠡᠳᠡᠭᠡ ᠵᠠᠩᠭᠢᠵᠢᠭᠤᠯᠬᠤ ᠰᠠᠭᠤᠷᠢ ᠪᠡᠯᠡᠳᠬᠡᠮᠵᠢ ᠪᠤᠯᠤᠨ ᠥᠢ᠍ᠯᠡᠴᠢᠯᠡᠭᠡ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ 《ᠬᠤᠶᠠᠷᠵᠢᠭᠤᠯᠬᠤ》 ᠵᠢᠨ ᠠᠭᠤᠰᠤᠯᠴᠠᠬᠤ ᠰᠠᠭᠤᠷᠢ ᠵᠢ ᠪᠠᠳᠤᠳᠬᠠᠨ᠎ᠠ᠃ ᠲᠡᠷᠢᠭᠦᠨ᠎ᠤ ᠲᠣᠨᠤᠭ ᠲᠥᠬᠦᠭᠡᠷᠦᠮᠵᠢ ᠦᠢ᠍ᠯᠡᠳᠬᠦ᠂ ᠬᠤᠪᠤᠷ ᠰᠢᠷᠤᠢ ᠵᠢᠨ ᠰᠢᠨ᠎ᠡ ᠮᠠᠲ᠋ᠤᠷᠢᠶᠠᠯ᠂ ᠴᠡᠪᠡᠷ ᠡᠨᠧᠷᠭᠢ ᠵᠡᠷᠭᠡ ᠠᠵᠤ ᠦᠢ᠍ᠯᠡᠰ᠎ᠢ ᠲᠦᠷᠭᠡᠳᠭᠡᠨ ᠬᠦᠭᠵᠢᠭᠦᠯᠵᠦ᠂ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠲᠤ ᠲᠦᠰᠢᠭᠯᠡᠨ ᠳᠤᠮᠳᠠ ᠵᠢᠵᠢᠭ ᠠᠵᠤ ᠠᠬᠤᠶ᠋ᠢᠯᠠᠯ᠎ᠢ ᠪᠤᠶ᠋ᠢᠵᠢᠭᠤᠯᠤᠨ ᠬᠦᠭᠵᠢᠭᠦᠯᠵᠦ᠂ ᠲᠦᠬᠦᠷᠵᠢᠭᠰᠡᠨ᠂ ᠤᠷᠳᠤᠳᠬᠠᠬ᠍ᠵᠢᠭᠰᠠᠨ ᠪᠠ ᠬᠡᠷᠡᠭᠯᠡᠭᠡᠨ᠎ᠤ ᠦᠢ᠍ᠯᠡᠴᠢᠯᠡᠭᠡ ᠵᠢ ᠠᠬᠢᠭᠤᠯᠤᠨ᠂ ᠠᠵᠤ ᠦᠢ᠍ᠯᠡᠰ᠎ᠤᠨ ᠪᠦᠭᠡᠮᠨᠡᠷᠡᠨ ᠬᠥᠭᠵᠢᠬᠦ ᠰᠢᠨ᠎ᠡ ᠪᠠᠶ᠋ᠢᠳᠠᠯ᠎ᠢ ᠪᠣᠢ ᠪᠣᠯᠭ᠋ᠠᠨ᠎ᠠ᠃ ᠲᠤᠯᠭ᠋ᠠᠭᠤᠷᠢ ᠠᠵᠤ ᠦᠢ᠍ᠯᠡᠰ᠎ᠤᠨ ᠣᠯᠠᠨ ᠡᠰᠢᠵᠢᠯᠢ ᠠᠬᠢᠭᠤᠯᠵᠤ᠂ ᠰᠢᠨ᠎ᠡ ᠦᠢ᠍ᠯᠡᠳᠬᠦᠨ᠂ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠶᠡᠬᠡᠪᠡᠷ ᠬᠦᠭᠵᠢᠬᠦᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ ᠵᠡᠷᠭᠡ ᠰᠢᠨ᠎ᠡ᠎ᠪᠠᠷ ᠬᠦᠭᠵᠢᠭᠰᠡᠨ ᠠᠵᠤ ᠦᠢ᠍ᠯᠡᠰ᠎ᠤᠨ ᠪᠣᠵᠠᠭ᠋ᠠᠶ᠋ᠢᠷᠠᠨ ᠬᠦᠴᠦᠷᠭᠡᠭᠵᠢᠭᠦ ᠵᠢ ᠢᠳᠡᠪᠬᠢᠳᠠᠢ ᠳᠡᠳᠬᠦᠨ᠂ ᠰᠢᠨ᠎ᠡ ᠨᠡᠮᠡᠭᠳᠡᠯ᠎ᠤᠨ ᠴᠡᠭ᠎ᠢ ᠪᠤᠶ᠋ᠢᠵᠢᠭᠤᠯᠤᠨ᠎ᠠ᠃
ᠣᠳᠣ ᠦᠶ᠎ᠡ ᠵᠢᠨ ᠦᠢ᠍ᠯᠡᠴᠢᠯᠡᠭᠡ ᠵᠢᠨ ᠦᠢ᠍ᠯᠡᠰ᠎ᠢ ᠬᠦᠭᠵᠢᠭᠦᠯᠦᠨ ᠪᠣᠵᠠᠭ᠋ᠠᠶ᠋ᠢᠷᠠᠭᠤᠯᠤᠨ᠎ᠠ᠃ ᠶᠡᠷᠦᠩᠬᠡᠢ ᠬᠡᠯᠳᠡᠰ᠎ᠤᠨ ᠰᠠᠭᠤᠷᠢᠨ ᠭᠠᠵᠠᠷ᠂ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠤᠷᠢᠭ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠠᠳᠠᠯ ᠦᠢ᠍ᠯᠡᠰ ᠴᠤᠭᠴᠠᠯᠠᠬᠤ ᠬᠦᠷᠢᠶᠡᠯᠡᠩ ᠲᠣᠭᠤᠷᠢᠭ ᠵᠡᠷᠭᠡ ᠴᠢᠬᠤᠯᠠ ᠶᠡᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠦ᠂ ᠨᠢᠭᠡ ᠪᠦᠯᠦᠭ ᠬᠡᠪᠴᠢᠶ᠎ᠡ᠎ᠪᠠᠷ ᠨᠡᠯᠢᠶᠡᠳ ᠶᠡᠭᠡ᠂ ᠨᠦᠯᠦᠭᠡᠯᠡᠨ ᠳᠠᠶ᠋ᠢᠴᠢᠯᠠᠬᠤ ᠦᠢ᠍ᠯᠡᠳᠦᠯ ᠵᠶ᠋ᠠᠷ ᠨᠡᠯᠢᠶᠡᠳ ᠴᠢᠩᠭ᠎ᠠ ᠪᠣᠯᠬᠤ ᠦᠢ᠍ᠯᠡᠴᠢᠯᠡᠭᠡ ᠵᠢᠨ ᠦᠢ᠍ᠯᠡᠰ ᠴᠤᠭᠯᠠᠷᠠᠭᠰᠠᠨ ᠲᠤᠭᠤᠷᠢᠭ᠎ᠢ ᠪᠣᠢ ᠪᠣᠯᠭ᠋ᠠᠨ᠎ᠠ᠃ ᠦᠢ᠍ᠯᠡᠴᠢᠯᠡᠭᠡ ᠵᠢᠨ ᠦᠢ᠍ᠯᠡᠰ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠨᠡᠶ᠋ᠢᠬᠡᠮᠤᠨᠬᠢᠨᠤ ᠬᠦᠷᠦᠩᠬᠡ ᠮᠦᠡᠭᠬᠦ ᠵᠢ ᠬᠦᠳᠦᠯᠦᠨ ᠵᠢᠯᠤᠭᠤᠳᠴᠤ ᠪᠠᠶ᠋ᠢᠭ᠋ᠠᠳ ᠭᠤᠤᠯᠳᠠᠯᠭ᠎ᠠ᠎ᠲᠠᠢ ᠬᠦᠷᠢᠶᠡᠨ᠎ᠳᠤ ᠤᠷᠤᠭᠤᠯᠵᠦ᠂ ᠵᠠᠰᠠᠭ᠎ᠤᠨ ᠣᠷᠳᠣᠨ᠎ᠤ᠎ᠬᠢᠨ ᠨᠡᠶ᠋ᠢᠭᠡᠮ᠎ᠠᠴᠠ ᠤᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠬᠦᠷᠢᠶ᠎ᠠ ᠬᠡᠪᠴᠢᠶ᠎ᠡ᠎ᠪᠠᠨ ᠦᠷᠭᠡᠳᠭᠡᠨ᠎ᠠ᠂ ᠬᠦᠬᠡᠬᠤᠲᠠ᠎ᠳᠠᠬᠢ ᠤᠯᠤᠰ᠎ᠤᠨ ᠦᠢ᠍ᠯᠡᠴᠢᠯᠡᠭᠡ ᠵᠢᠨ ᠦᠢ᠍ᠯᠡᠰ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠬᠢ ᠦᠷᠭᠦᠯᠵᠢᠯᠡᠨ ᠰᠠᠶ᠋ᠢᠳᠤᠷ ᠠᠳᠬᠤᠵᠤ᠂ ᠥᠪᠡᠷᠳᠡᠭᠡᠨ ᠵᠠᠰᠠᠬᠤ ᠣᠷᠣᠨ᠎ᠤ ᠥᠢ᠍ᠯᠡᠴᠢᠯᠡᠭᠡ ᠵᠢᠨ ᠦᠢ᠍ᠯᠡᠰ᠎ᠲᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠲᠤᠷᠰᠢᠯᠲᠠ ᠵᠢᠨ ᠴᠢᠬᠢ ᠡᠬᠢᠯᠡᠭᠦᠯᠦᠨ᠎ᠡ᠃ ᠷᠠᠰᠢᠶᠠᠨ᠎ᠳᠠᠬᠢ ᠤᠯᠤᠰ᠎ᠤᠨ ᠵᠢᠭᠤᠯᠴᠢᠯᠠᠯ ᠵᠶ᠋ᠠᠷ ᠶᠠᠳᠠᠭᠤ ᠵᠢ ᠳᠡᠳᠬᠦᠬᠦ ᠲᠤᠷᠰᠢᠯᠲᠠ ᠵᠢᠨ ᠣᠷᠣᠨ ᠪᠠ ᠠᠮᠢ ᠠᠬᠤᠢ ᠵᠢᠨ ᠵᠢᠭᠤᠯᠴᠢᠯᠠᠯ᠎ᠤᠨ ᠵᠢᠱ᠌ᠢᠶ᠎ᠡ ᠥᠵᠡᠭᠦᠯᠬᠦ ᠲᠣᠭᠤᠷᠢᠭ᠎ᠤᠨ ᠪᠦᠳᠦᠭᠡᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂ ᠵᠢᠭᠤᠯᠴᠢᠯᠠᠯ᠎ᠤᠨ ᠦᠢ᠍ᠯᠡᠰ᠎ᠤᠨ ᠬᠦᠭᠵᠢᠯᠳᠡ ᠵᠢ ᠠᠬᠢᠭᠤᠯᠬᠤ ᠳᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠵᠢᠭᠤᠯᠴᠢᠯᠠᠯ᠎ᠤᠨ ᠦᠢ᠍ᠯᠡᠰ᠎ᠤᠨ ᠬᠦᠭᠵᠢᠯᠳᠡ ᠵᠢᠨ ᠬᠢᠷᠢ ᠳᠦᠪᠰᠢᠨ᠎ᠢ ᠪᠦᠬᠦ ᠳᠠᠯ᠎ᠠ᠎ᠪᠠᠷ ᠳᠡᠭᠡᠭᠰᠢᠯᠡᠬᠦᠯᠦᠨ᠎ᠡ᠃ ᠦᠢ᠍ᠯᠡᠴᠢᠯᠡᠭᠡ ᠵᠢᠨ ᠦᠢ᠍ᠯᠡᠰ᠎ᠤᠨ ᠭᠠᠳᠠᠬᠰᠢ᠎ᠪᠠᠨ ᠨᠡᠭᠡᠭᠡᠯᠳᠡ᠎ᠲᠠᠢ ᠪᠠᠶ᠋ᠢᠬᠤ ᠪᠠᠶ᠋ᠢᠳᠠᠯ᠎ᠢ ᠦᠷᠭᠡᠳᠭᠡᠨ᠂ ᠬᠦᠷᠰᠢ ᠵᠡᠷᠬᠡᠯᠡᠳᠡᠭᠡ ᠮᠣᠵᠢ ᠣᠷᠣᠨ ᠬᠤᠳᠠ ᠵᠢᠴᠢ ᠣᠷᠣᠰ ᠮᠣᠩᠭᠤᠯ ᠵᠡᠷᠭᠡ ᠤᠯᠤᠰ᠎ᠲᠠᠢ ᠠᠷᠠᠯᠵᠢᠶ᠎ᠠ ᠬᠤᠳᠠᠯᠳᠤᠭ᠎ᠠ᠂ ᠪᠠᠷᠠᠭ᠋ᠠᠨ᠎ᠤ ᠭᠦᠢ᠍ᠯᠭᠡᠭᠡ᠂ ᠵᠢᠭᠤᠯᠴᠢᠯᠠᠯ᠂ ᠰᠣᠶᠣᠯ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠬᠦᠷᠢᠶᠡᠨ᠎ᠳᠠᠬᠢ ᠬᠠᠮᠵᠢᠯᠴᠠᠭ᠎ᠠ᠎ᠪᠠᠨ ᠴᠢᠩᠭ᠋ᠠᠳᠬᠠᠨ᠎ᠠ᠃
ᠰᠢᠨ᠎ᠡ ᠵᠢ ᠡᠭᠦᠳᠬᠦ ᠴᠢᠳᠠᠪᠤᠷᠢ ᠵᠢᠨ ᠪᠦᠳᠦᠭᠡᠨ ᠪᠠᠶ᠋ᠢᠭᠤᠯᠤᠯᠲᠠ᠎ᠪᠠᠨ ᠦᠨᠡᠨᠬᠦ ᠴᠢᠩᠭ᠋ᠠᠳᠬᠠᠨ᠎ᠠ᠃ ᠰᠢᠨ᠎ᠡ ᠵᠢ ᠡᠭᠦᠳᠬᠦ ᠮᠠᠶᠢᠭ᠎ᠤᠨ ᠥᠪᠦᠷ ᠮᠣᠩᠭᠤᠯ᠎ᠤᠨ ᠪᠦᠳᠦᠭᠡᠨ ᠪᠠᠶ᠋ᠢᠭᠤᠯᠤᠯᠲᠠ ᠵᠢ ᠳᠦᠷᠬᠡᠳᠬᠡᠨ᠂ ᠠᠵᠤ ᠠᠬᠤᠢ ᠵᠢᠨ ᠨᠡᠮᠡᠭᠳᠡᠯ᠎ᠢ ᠪᠡᠯᠡ ᠣᠷᠤᠭᠤᠯᠤᠯᠲᠠ ᠪᠠ ᠬᠦᠴᠦᠨ ᠵᠦᠢ᠍ᠯ ᠵᠶ᠋ᠠᠷ ᠬᠦᠳᠡᠯᠭᠡᠭᠦᠷ ᠪᠣᠯᠭ᠋ᠠᠵᠤ ᠪᠠᠶ᠋ᠢᠭᠰᠠᠨ᠎ᠠᠴᠠ᠎ᠪᠠᠨ ᠰᠢᠨ᠎ᠠ ᠵᠢ ᠡᠬᠦᠳᠬᠦ᠎ᠪᠠᠷ ᠬᠦᠳᠡᠯᠬᠡᠬᠦᠷ ᠪᠤᠯᠭ᠋ᠠᠬᠤ ᠲᠡᠰᠢ ᠬᠤᠪᠢᠷᠠᠭᠤᠯᠬᠤ ᠵᠢ ᠠᠬᠢᠭᠤᠯᠤᠨ᠎ᠠ᠃ ᠲᠥᠷᠥ ᠵᠢᠨ ᠪᠣᠳᠣᠯᠭ᠎ᠠ᠎ᠪᠠᠷ ᠲᠠᠮᠵᠢᠨ ᠲᠡᠳᠬᠦᠬᠦ ᠪᠠ ᠬᠦᠳᠦᠯᠦᠨ ᠵᠢᠯᠤᠭᠤᠳᠬᠤ᠎ᠪᠠᠨ ᠴᠢᠩᠭ᠋ᠠᠳᠬᠠᠵᠤ᠂ ᠠᠵᠤ ᠠᠬᠤᠶ᠋ᠢᠯᠠᠯ᠎ᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠰᠢᠨ᠎ᠡ ᠵᠢ ᠡᠭᠦᠳᠬᠦ ᠵᠢᠨ ᠭᠤᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠤᠨ᠂ ᠨᠢᠭᠡ ᠪᠦᠯᠦᠭ ᠭᠤᠣᠯᠯᠠᠬᠤ ᠮᠡᠷᠭᠡᠵᠢᠯ᠎ᠢ ᠡᠵᠡᠮᠰᠢᠭᠰᠡᠨ᠂ ᠠᠵᠢᠯ ᠲᠦᠷᠦᠯ᠎ᠤᠨ ᠬᠦᠭᠵᠢᠯᠲᠡ ᠵᠢ ᠬᠦᠲᠦᠯᠬᠦ ᠰᠢᠨ᠎ᠡ ᠵᠢ ᠡᠭᠦᠳᠬᠦ ᠮᠠᠶᠢᠭ᠎ᠤᠨ ᠲᠣᠮᠣ ᠠᠵᠤ ᠠᠬᠤᠶ᠋ᠢᠯᠠᠯ᠎ᠤᠳ᠎ᠢ ᠪᠠᠶ᠋ᠢᠭᠤᠯᠵᠤ᠂ ᠨᠢᠭᠡ ᠪᠦᠯᠦᠭ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠦᠮᠴᠢᠯᠡᠬᠦ ᠡᠷᠬᠡ᠎ᠲᠠᠢ ᠳᠤᠮᠳᠠ ᠵᠢᠵᠢᠭ ᠬᠡᠯᠪᠡᠷᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠢ ᠪᠤᠶ᠋ᠢᠵᠢᠭᠤᠯᠤᠨ᠎ᠠ᠃ ᠮᠡᠷᠭᠡᠵᠢᠯ᠎ᠤᠨ ᠰᠢᠨ᠎ᠡ ᠡᠭᠦᠳᠦᠯᠲᠡ ᠵᠢ ᠶᠡᠬᠡᠪᠡᠷ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠰᠬᠠᠢ ᠵᠦᠢ᠍ᠯᠡᠰ᠎ᠢ ᠵᠤᠬᠢᠶᠠᠨ ᠪᠠᠶ᠋ᠢᠭᠤᠯᠤᠨ ᠬᠡᠷᠡᠭᠵᠢᠭᠦᠯᠵᠦ᠂ ᠴᠡᠪᠡᠷ ᠡᠨᠧᠷᠭᠢ᠂ ᠣᠳᠣ ᠦᠶ᠎ᠡ ᠵᠢᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ᠂ ᠡᠨᠧᠷᠬᠢ ᠠᠷᠪᠢᠯᠠᠵᠤ ᠤᠷᠴᠢᠨ ᠲᠣᠭᠤᠷᠢᠨ᠎ᠢ ᠬᠠᠮᠠᠭ᠋ᠠᠯᠠᠬᠤ᠂ ᠠᠮᠢᠳᠤ ᠪᠣᠳᠤᠰᠤᠨ ᠢᠨᠵᠧᠨᠧᠷᠢᠩ ᠵᠡᠷᠭᠡ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠦᠷᠢᠶᠡᠨ᠎ᠳᠠᠬᠢ ᠵᠠᠩᠬᠢᠯᠠᠭ᠎ᠠ ᠵᠢᠨ ᠨᠡᠶ᠋ᠢᠳᠡᠮ᠎ᠤᠨ ᠴᠢᠨᠠᠷᠲᠠᠢ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠠᠬᠢᠭᠤᠯᠵᠤ᠂ ᠭᠤᠣᠯ ᠦᠷᠢᠰᠦᠯᠳᠦᠬᠦ ᠬᠦᠴᠦᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭ᠋ᠠᠨ᠎ᠢ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠪᠡᠯᠡᠳᠭᠡᠮᠵᠢ᠂ ᠰᠢᠨ᠎ᠡ ᠵᠢ ᠡᠭᠦᠳᠬᠦ ᠲᠠᠪᠴᠠᠩ ᠪᠠ ᠠᠴᠢᠶᠠᠯᠠᠪᠤᠷᠢ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠪᠠᠨ ᠳᠠᠭ᠋ᠠᠭ᠋ᠠᠵᠣ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠲᠤᠭᠤᠷᠢᠭ᠎ᠤᠨ ᠪᠦᠳᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠡᠬᠢᠯᠡᠭᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠯ ᠵᠶ᠋ᠠᠨ ᠦᠭᠡᠷᠡᠴᠢᠯᠡᠵᠤ᠂ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠠᠵᠤ ᠠᠬᠤᠢ ᠵᠢᠨ ᠤᠶᠠᠯᠳᠤᠯ᠎ᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠳᠦᠭᠡᠯ ᠵᠶ᠋ᠠᠨ ᠬᠤᠪᠢᠷᠠᠭᠤᠯᠬᠤ ᠵᠢ ᠠᠬᠢᠭᠤᠯᠤᠨ᠎ᠠ᠃ ᠮᠡᠳᠡᠯᠭᠡ ᠵᠢᠨ ᠦᠮᠴᠢᠯᠡᠬᠦ ᠡᠷᠬᠡ ᠵᠢᠨ ᠬᠠᠮᠠᠭ᠋ᠠᠯᠠᠯᠲᠠ᠎ᠪᠠᠨ ᠴᠢᠩᠭ᠋ᠠᠳᠬᠠᠨ᠂ ᠡᠷᠬᠡ᠎ᠳᠤ ᠬᠠᠯᠳᠠᠵᠤ ᠬᠡᠪᠯᠡᠯ ᠬᠤᠯᠠᠭ᠋ᠠᠶ᠋ᠢᠯᠠᠬᠤ ᠠᠵᠢᠯᠯᠠᠭ᠎ᠠ᠎ᠳᠤ ᠡᠷᠡᠰ ᠴᠣᠬᠢᠯᠲᠠ ᠥᠭᠬᠦᠨ᠎ᠠ᠃ ᠴᠢᠳᠠᠪᠤᠷᠢᠲᠠᠨ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ 《ᠲᠠᠯ᠎ᠠ ᠨᠣᠳᠤᠭ᠎ᠤᠨ ᠴᠢᠳᠠᠪᠤᠷᠢᠳᠠᠨ》᠎ᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠨᠢᠭᠡ ᠪᠦᠯᠦᠭ ᠰᠢᠨ᠎ᠡ ᠵᠢ ᠡᠭᠦᠳᠴᠦ ᠠᠳᠠᠯ ᠦᠢ᠍ᠯᠡᠰ ᠴᠤᠬ᠍ᠴᠠᠯᠠᠬᠤ ᠬᠡᠯᠪᠡᠷᠢ ᠪᠦᠬᠦᠢ ᠳᠡᠭᠡᠲᠤ ᠲᠡᠰ ᠳᠠᠪᠬᠤᠷᠭ᠎ᠠ ᠵᠢᠨ ᠴᠢᠳᠠᠪᠤᠷᠢᠲᠠᠨ᠎ᠢ ᠬᠦᠮᠦᠵᠢᠭᠦᠯᠦᠨ ᠪᠤᠶ᠋ᠢᠵᠢᠭᠤᠯᠬᠤ ᠪᠠ ᠣᠷᠢᠨ ᠣᠷᠤᠭᠤᠯᠤᠨ᠎ᠠ᠃
(ᠭᠤᠷᠪᠠ) ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢ ᠪᠦᠳᠦᠭᠡᠨ ᠪᠠᠶ᠋ᠢᠭᠤᠯᠬᠤ᠎ᠪᠠᠷ ᠭᠤᠤᠯᠳᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠦᠨᠡᠨᠬᠦ ᠬᠤᠪᠢᠷᠠᠭᠤᠯᠤᠨ᠎ᠠ
ᠲᠠᠷᠢᠶᠠᠯᠠᠩ ᠮᠠᠯ ᠠᠵᠤ ᠠᠬᠤᠢ ᠵᠢᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠵᠠᠭᠤᠨ ᠳ᠋ᠥᠩᠰᠢᠭᠤᠷ ᠵᠢᠩ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠲᠦᠯᠦᠪᠵᠢᠭᠦᠯᠭᠡ ᠵᠢ ᠦᠷᠭᠦᠯᠵᠢᠯᠡᠨ ᠬᠡᠷᠡᠭᠵᠢᠭᠦᠯᠵᠦ᠂ ᠪᠦᠬᠦ ᠵᠢᠯ᠎ᠳᠤ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠢ ᠵᠢ 450 ᠲᠦᠮᠡᠨ ᠮᠦ᠍᠂ ᠦᠨᠳᠦᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ᠎ᠢ 400 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠂ ᠠᠮᠤ ᠪᠤᠳᠠᠭ᠎ᠠ ᠲᠠᠷᠢᠬᠤ ᠶᠡᠷᠦᠩᠬᠡᠢ ᠲᠠᠯᠠᠪᠠᠢ ᠵᠢ 8000 ᠲᠦᠮᠡᠨ ᠮᠦ᠍᠎ᠠᠴᠠ ᠳᠣᠣᠷ᠎ᠠ ᠪᠠᠶ᠋ᠢᠯᠭ᠋ᠠᠬᠤ ᠦᠭᠡᠢ ᠵᠢ ᠦᠨᠡᠨᠬᠦ ᠪᠠᠲᠤᠯᠠᠵᠤ᠂ ᠶᠡᠷᠦᠩᠬᠡᠢ ᠤᠨᠠᠯᠲᠠ ᠵᠢ 550 ᠳ᠋ᠦᠩᠰᠢᠭᠤᠷ ᠵᠢᠩ᠎ᠠᠴᠠ ᠳᠡᠭᠡᠭᠰᠢ᠎ᠳᠤ ᠲᠣᠭᠲᠠᠭᠤᠨ ᠪᠠᠶ᠋ᠢᠯᠭ᠋ᠠᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠲᠤᠭ᠎ᠠ ᠬᠡᠮᠵᠢᠶᠠᠨ᠎ᠤ ᠤᠯᠠᠭ᠋ᠠᠨ ᠱᠤᠭᠤᠮ ᠪᠠ ᠶᠠᠰᠤ ᠴᠢᠨᠠᠷ᠎ᠤᠨ ᠤᠯᠠ ᠱᠤᠭᠤᠮ᠎ᠢ ᠡᠷᠡᠰ ᠠᠳᠬᠤᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭᠲᠠᠭ᠋ᠠᠬᠤ ᠵᠢ ᠲᠦᠷᠭᠡᠳᠭᠡᠨ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢ ᠵᠢ ᠪᠠᠲᠤᠵᠢᠭᠤᠯᠤᠨ᠎ᠠ᠃ ᠲᠠᠷᠢᠮᠠᠯ᠎ᠤᠨ ᠦᠢ᠍ᠯᠡᠰ᠎ᠤᠨ ᠪᠦᠲᠦᠴᠡ ᠵᠢ 《ᠦᠢ᠍ᠯᠡᠳᠪᠦᠷᠢᠯᠡᠯ ᠵᠶ᠋ᠠᠷ ᠤᠳᠤᠷᠢᠳᠤᠮᠵᠢ ᠪᠣᠯᠭ᠋ᠠᠬᠤ》᠎ᠠᠴᠠ 《ᠬᠡᠷᠡᠭᠯᠡᠭᠡ᠎ᠪᠠᠷ ᠤᠳᠤᠷᠢᠳᠤᠮᠵᠢ ᠪᠣᠯᠭ᠋ᠠᠬᠤ》 ᠵᠥᠭ ᠬᠤᠪᠢᠷᠠᠭᠤᠯᠤᠨ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠦᠷᠨᠢᠭᠦᠨ ᠪᠠᠶ᠋ᠢᠭ᠎ᠠ ᠪᠣᠬᠢᠷᠳᠤᠯ ᠦᠭᠡᠢ ᠤᠷᠭ᠋ᠠᠨᠢᠭ ᠪᠦᠳᠦᠬᠡᠭᠳᠡᠬᠦᠨ᠎ᠢ ᠲᠦᠷᠭᠡᠳᠭᠡᠨ ᠬᠥᠭᠵᠢᠭᠦᠯᠵᠦ᠂ ᠴᠢᠨᠠᠷᠯᠢᠭ ᠦᠨᠳᠦᠷ ᠤᠨᠠᠯᠲᠠ᠎ᠲᠠᠢ ᠦᠨᠳᠦᠷ ᠦᠷ᠎ᠡ ᠠᠰᠢᠭᠲᠠᠢ ᠲᠠᠷᠢᠮᠠᠯ᠎ᠤᠨ ᠵᠦᠢ᠍ᠯ ᠪᠣᠯᠣᠨ ᠲᠡᠵᠢᠭᠡᠯ ᠪᠤᠷᠳᠤᠭ᠎ᠠ ᠵᠢᠨ ᠲᠠᠷᠢᠮᠠᠯ᠎ᠤᠨ ᠲᠠᠯᠠᠪᠠᠢ ᠵᠢ ᠥᠷᠭᠡᠳᠭᠡᠨ᠂ ᠪᠡᠯᠡᠳᠭᠡᠮᠵᠢᠲᠦ ᠲᠠᠷᠢᠶᠠᠯᠠᠩ ᠢᠯᠠᠩᠭᠤᠶ᠎ᠠ ᠲᠤᠮᠤ ᠳᠤᠮᠳᠠ ᠬᠤᠲᠠ ᠵᠢᠨ ᠢᠳᠡᠰᠢᠨ ᠨᠣᠭᠤᠭ᠎ᠠ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠦ᠂ ᠤᠯᠤᠰ᠎ᠤᠨ ᠴᠢᠨᠠᠷᠯᠢᠬ ᠳᠦᠮᠦᠰᠦ ᠵᠢᠨ ᠦᠷ᠎ᠡ ᠵᠢᠨ ᠴᠢᠳᠠᠮᠵᠢᠳᠦ ᠤᠷᠤᠨ ᠪᠤᠯᠤᠨ ᠳᠠᠷᠢᠮᠠᠯ᠎ᠤᠨ ᠵᠦᠢ᠍ᠯᠡᠰ᠎ᠤᠨ ᠡᠳ᠋ᠰᠢᠬᠦᠯᠬᠦ ᠰᠠᠭᠤᠷᠢᠨ ᠭᠠᠵᠠᠷ᠎ᠢ ᠪᠠᠶ᠋ᠢᠭᠤᠯᠬᠤ᠎ᠪᠠᠷ ᠢᠳᠡᠪᠬᠢᠯᠡᠨ ᠴᠢᠷᠮᠠᠶ᠋ᠢᠨ᠎ᠠ᠃ 《ᠠᠮᠤ ᠪᠤᠳᠠᠭ᠋ᠠᠨ᠎ᠤ ᠠᠮᠦᠷ ᠲᠥᠪᠰᠢᠨ᠎ᠤ ᠢᠨᠵᠧᠨᠧᠷᠢᠩ》᠎ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠠᠮᠤ ᠪᠤᠳᠠᠭ᠎ᠠ ᠵᠢᠨ ᠰᠠᠩ ᠬᠦᠮᠦᠷᠭᠡ ᠪᠣᠯᠣᠨ ᠭᠦᠢ᠍ᠯᠭᠡᠭᠡᠨ᠎ᠤ ᠰᠠᠭᠤᠷᠢ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠣᠳᠣ ᠦᠶ᠎ᠡ ᠵᠢᠨ ᠮᠠᠯ ᠠᠵᠤ ᠠᠬᠤᠢ ᠵᠢ ᠶᠡᠬᠡᠪᠡᠷ ᠬᠥᠭᠵᠢᠭᠦᠯᠵᠦ᠂ 《ᠬᠤᠣᠰ ᠵᠠᠭᠤ ᠵᠢᠨ ᠮᠢᠩᠭ᠋ᠠᠨ ᠲᠦᠮᠡ》 ᠵᠢᠨ ᠦᠨᠳᠦᠷ ᠭᠠᠷᠤᠯᠲᠠ ᠡᠭᠦᠳᠬᠦ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠦ᠂ ᠮᠠᠯ᠎ᠤᠨ ᠡᠭᠦᠯᠳᠡᠷ ᠰᠠᠶ᠋ᠢᠵᠢᠷᠠᠭᠤᠯᠬᠤ ᠵᠢ ᠭᠤᠣᠯᠳᠠᠯᠭ᠎ᠠ᠎ᠲᠠᠢ ᠰᠠᠶ᠋ᠢᠲᠤᠷ ᠠᠳᠬᠤᠨ᠂ ᠮᠠᠯ᠎ᠤᠨ ᠪᠤᠳᠠᠭ᠋ᠠᠯᠢ ᠪᠡᠶ᠎ᠡ ᠵᠢᠨ ᠭᠠᠷᠤᠯᠳᠠ ᠵᠢ ᠳᠡᠭᠡᠭᠰᠢᠯᠡᠭᠦᠯᠵᠦ᠂ ᠦᠷ᠎ᠡ ᠠᠰᠢᠭ᠎ᠢ᠎ᠨᠢ ᠨᠡᠮᠡᠭᠳᠡᠭᠦᠯᠦᠨ᠎ᠡ᠃ ᠲᠠᠷᠢᠶᠠᠯᠠᠬᠤ ᠣᠷᠣᠨ᠎ᠤ ᠮᠠᠯ ᠠᠵᠤ ᠠᠬᠤᠢ ᠵᠢ ᠲᠦᠷᠭᠡᠳᠭᠡᠨ ᠬᠥᠭᠵᠢᠭᠦᠯᠵᠦ᠂ ᠪᠠᠷᠢᠮᠵᠢᠶᠠᠵᠢᠭᠤᠯᠤᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠢ ᠢᠳᠡᠪᠬᠢᠳᠠᠢ ᠳᠡᠯᠭᠡᠷᠡᠭᠦᠯᠦᠨ᠎ᠡ᠃ ᠪᠡᠯᠴᠢᠬᠡᠷ᠎ᠤᠨ ᠮᠠᠯ ᠠᠵᠤ ᠠᠬᠤᠢ ᠵᠢ ᠲᠣᠭᠲᠠᠭᠤᠨ ᠵᠶ᠋ᠠᠷ ᠬᠥᠭᠵᠢᠭᠦᠯᠵᠦ᠂ ᠠᠮᠢ ᠠᠬᠤᠢ ᠵᠢᠨ ᠡᠪᠡᠰᠤ ᠪᠡᠯᠴᠢᠭᠡᠷ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠮᠠᠯ ᠠᠵᠤ ᠠᠬᠤᠢ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠨ᠂ ᠭᠠᠮᠰᠢᠭ᠎ᠢ ᠡᠰᠡᠷᠭᠦᠴᠡᠬᠦ ᠴᠢᠳᠠᠪᠤᠷᠢ ᠵᠢ ᠨᠡᠮᠡᠭᠳᠡᠭᠦᠯᠦᠨ᠎ᠡ᠃
ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠡᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠢ ᠦᠢ᠍ᠯᠡᠳᠪᠦᠷᠢᠯᠡᠨ ᠡᠳ᠋ᠰᠢᠭᠦᠯᠵᠦ ᠭᠠᠷᠭ᠋ᠠᠬᠤ ᠰᠠᠭᠤᠷᠢᠨ ᠭᠠᠵᠠᠷ᠎ᠢ ᠪᠠᠶ᠋ᠢᠭᠤᠯᠬᠤ ᠬᠠᠷᠠᠯᠲᠠ ᠵᠢᠨ ᠲᠣᠭᠤᠷᠢᠨ᠎ᠳᠤ᠂ ᠠᠵᠤ ᠦᠢ᠍ᠯᠡᠰ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠳᠠᠪᠠᠭᠤᠯᠢᠭ ᠠᠵᠤ ᠦᠢ᠍ᠯᠡᠰ᠎ᠤᠨ ᠪᠦᠰᠡ ᠵᠢ ᠴᠤᠭᠴᠠᠯᠠᠵᠦ᠂ ᠠᠵᠤ ᠦᠢ᠍ᠯᠡᠰ᠎ᠤᠨ ᠲᠦᠪᠯᠡᠷᠡᠬᠦ ᠬᠡᠮᠵᠢᠶ᠎ᠠ ᠵᠢ ᠳᠡᠭᠡᠭᠰᠢᠯᠡᠭᠦᠯᠦᠨ᠎ᠡ᠃ ᠬᠦᠲᠦᠴᠢ ᠠᠵᠤ ᠠᠬᠤᠶ᠋ᠢᠯᠠᠯ᠎ᠢ ᠶᠡᠬᠡᠪᠡᠷ ᠪᠤᠶ᠋ᠢᠵᠢᠭᠤᠯᠤᠨ ᠪᠣᠵᠠᠭ᠋ᠠᠶ᠋ᠢᠷᠠᠭᠤᠯᠵᠤ᠂ ᠠᠵᠤ ᠦᠢ᠍ᠯᠡᠰ᠎ᠤᠨ ᠬᠡᠯᠬᠢᠶ᠎ᠠ᠂ ᠥᠷᠳᠡᠭ᠎ᠤᠨ ᠬᠡᠯᠬᠢᠶ᠎ᠡ ᠵᠡᠷᠭᠡ ᠣᠳᠣ ᠦᠶ᠎ᠡ ᠵᠢᠨ ᠠᠵᠤ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠠᠷᠭ᠎ᠠ ᠮᠠᠶᠢᠭ᠎ᠢ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠬᠦᠲᠦᠯᠦᠨ ᠣᠷᠤᠭᠤᠯᠵᠤ᠂ ᠠᠵᠤ ᠦᠢ᠍ᠯᠡᠰ᠎ᠤᠨ ᠪᠦᠭᠡᠮᠨᠡᠷᠡᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠵᠠᠬ᠎ᠠ ᠳᠡᠯᠭᠡᠭᠦᠷ ᠵᠶ᠋ᠠᠷ ᠭᠤᠣᠯᠯᠠᠭᠤᠯᠤᠨ ᠤᠳᠤᠷᠢᠳᠴᠤ᠂ ᠵᠠᠰᠠᠭ᠎ᠤᠨ ᠣᠷᠳᠣᠨ ᠬᠦᠲᠦᠯᠦᠨ ᠵᠢᠯᠣᠭᠤᠳᠬᠤ ᠵᠢ ᠪᠠᠷᠢᠮᠲᠠᠯᠠᠵᠤ᠂ ᠬᠦᠲᠦᠴᠢ ᠠᠵᠤ ᠠᠬᠤᠶ᠋ᠢᠯᠠᠯ ᠬᠢᠭᠡᠳ ᠮᠠᠯᠴᠢᠨ ᠲᠠᠷᠢᠶᠠᠴᠢᠳ᠎ᠤᠨ ᠠᠰᠢᠭ ᠲᠤᠰᠠ ᠵᠢᠨ ᠬᠤᠯᠪᠣᠯᠳᠤᠭᠰᠠᠨ ᠲᠣᠭᠲᠠᠴᠠ ᠵᠢ ᠲᠡᠭᠦᠯᠳᠡᠷᠵᠢᠭᠦᠯᠵᠦ᠂ ᠪᠦᠳᠦᠮᠵᠢᠳᠡᠢ ᠠᠰᠢᠭ ᠲᠤᠰᠠ ᠵᠢᠨ ᠬᠤᠯᠪᠤᠯᠳᠤᠭᠰᠠᠨ ᠵᠠᠭᠪᠣᠷᠢ ᠭᠠᠵᠠᠷ ᠣᠷᠣᠨ᠎ᠳᠤᠨᠢ ᠲᠣᠬᠢᠷᠠᠭᠤᠯᠤᠨ ᠳᠡᠯᠭᠡᠷᠡᠭᠦᠯᠵᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠣᠳᠣ ᠦᠶ᠎ᠡ ᠵᠢᠨ ᠡᠵᠡᠩᠨᠡᠵᠦ ᠪᠣᠷᠤᠯᠠᠭᠤᠯᠬᠤ ᠰᠢᠰᠲ᠋ᠧᠮᠵᠢ ᠵᠢ ᠪᠠᠶ᠋ᠢᠭᠤᠯᠤᠨ᠂ ᠮᠠᠯᠴᠢᠨ ᠲᠠᠷᠢᠶᠠᠴᠢᠳ᠎ᠢ ᠠᠵᠤ ᠦᠢ᠍ᠯᠡᠰᠵᠢᠭᠰᠡᠨ ᠡᠵᠡᠩᠨᠡᠯᠲᠡ᠎ᠠᠴᠠ ᠨᠡᠩ ᠶᠡᠭᠡ ᠠᠰᠢᠭ ᠲᠤᠰᠠ ᠵᠢ ᠬᠦᠷᠲᠡᠭᠡᠨ᠎ᠡ᠃ ᠲᠠᠷᠢᠶᠠᠯᠠᠩ ᠮᠠᠯ ᠠᠵᠤ ᠠᠬᠤᠢ ᠵᠢᠨ ᠨᠡᠷᠡᠲᠦ ᠲᠡᠮᠲᠡᠭᠲᠦ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠭ ᠭᠠᠷᠤᠯᠲᠠ ᠵᠢᠨ ᠣᠷᠣᠨ᠎ᠢ ᠬᠠᠮᠠᠭ᠋ᠠᠯᠠᠬᠤ ᠪᠠ ᠪᠣᠬᠢᠷᠳᠤᠯ ᠦᠭᠡᠢ᠂ ᠣᠷᠭ᠋ᠠᠨᠢᠭ᠂ ᠣᠯᠠᠨ ᠨᠡᠶ᠋ᠢᠲᠡ᠎ᠳᠤ ᠬᠤᠣᠷᠳᠠᠭᠳᠠᠯ ᠦᠭᠡᠢ ᠪᠦᠲᠦᠭᠡᠭᠳᠡᠭᠦᠨ᠎ᠤ ᠭᠡᠷᠡᠴᠢᠯᠡᠨ ᠦᠨᠡᠮᠰᠢᠬᠦᠯᠬᠦ ᠠᠵᠢᠯ᠎ᠢ ᠰᠠᠶ᠋ᠢᠲᠤᠷ ᠬᠢᠵᠦ᠂ ᠨᠡᠩ ᠣᠯᠠᠨ ᠠᠯᠳᠠᠷᠰᠢᠬᠰᠠᠨ ᠨᠡᠷᠡᠲᠦ ᠲᠡᠮᠳᠡᠭᠳᠦ ᠪᠤᠯᠤᠨ ᠭᠠᠵᠠᠷ ᠵᠦᠢ ᠵᠢᠨ ᠲᠡᠮᠳᠡᠭ᠎ᠲᠠᠢ ᠲᠠᠸᠠᠷ᠎ᠤᠨ ᠲᠡᠮᠲᠡᠭ᠎ᠢ ᠪᠤᠶ᠋ᠢᠵᠢᠭᠤᠯᠤᠨ᠎ᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠭᠠᠷᠤᠯᠲᠠ ᠵᠢᠨ ᠣᠷᠣᠨ᠎ᠤ ᠣᠷᠴᠢᠨ ᠲᠣᠭᠤᠷᠢᠨ᠎ᠢ ᠴᠡᠪᠡᠷᠰᠢᠭᠦᠯᠵᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠶᠠᠰᠤ ᠴᠢᠨᠠᠷ᠎ᠤᠨ ᠠᠮᠥᠷ ᠲᠥᠪᠰᠢᠨ᠎ᠢ ᠪᠠᠷᠢᠮᠵᠢᠶᠠᠯᠠᠬᠤ ᠰᠢᠰᠲ᠋ᠧᠮᠵᠢ ᠪᠠ ᠮᠦᠷᠳᠡᠨ ᠨᠡᠭᠡᠮᠵᠢᠯᠡᠬᠦ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠥᠷᠭᠡᠳᠭᠡᠵᠦ᠂ ᠲᠠᠷᠢᠶᠠᠨ ᠭᠠᠵᠠᠷ᠎ᠠᠴᠠ ᠬᠤᠭᠤᠯᠠᠨ ᠰᠢᠷᠡᠭᠡᠨ ᠳᠡᠭᠡᠷ᠎ᠡ ᠬᠦᠷᠲᠡᠯᠡᠬᠢ ᠪᠦᠬᠦ ᠶᠠᠪᠤᠴᠠ ᠵᠢ ᠬᠠᠮᠤᠷᠠᠭᠰᠠᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠪᠣᠢ ᠪᠣᠯᠭ᠋ᠠᠨ᠎ᠠ᠃ ᠤᠯᠤᠰ᠎ᠠᠴᠠ ᠨᠤᠤᠰᠤ ᠨᠤᠯᠤᠤᠷ᠎ᠤᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠯ᠎ᠳᠤ ᠦᠬᠡᠷᠡᠴᠢᠯᠠᠯᠳᠠ ᠬᠢᠬᠦ ᠲᠤᠷᠰᠢᠯᠳᠠ ᠵᠢᠨ ᠴᠢᠬᠢ ᠰᠠᠶ᠋ᠢᠳᠤᠷ ᠠᠳᠬᠤᠨ᠎ᠠ᠃ ᠮᠠᠯ ᠠᠷᠠᠯᠵᠢᠶᠠᠯᠠᠬᠤ᠎ᠳᠤ ᠠᠯᠪᠠᠳᠠᠯᠭ᠎ᠠ᠎ᠪᠠᠷ ᠬᠢᠵᠢᠭ ᠬᠡᠮ ᠪᠠᠶ᠋ᠢᠴᠠᠭ᠋ᠠᠬᠤ ᠳᠦᠷᠢᠮ᠎ᠢ ᠴᠢᠩᠭ᠎ᠠ ᠬᠡᠷᠡᠭᠵᠢᠬᠦᠯᠵᠦ᠂ ᠠᠮᠢᠲᠠᠨ᠎ᠤ ᠬᠦᠨᠳᠦ ᠬᠡᠴᠡᠭᠦᠦ ᠬᠢᠵᠢᠭ ᠭᠡᠮ ᠪᠣᠯᠣᠨ ᠪᠷᠦ᠋ᠼᠧᠯ ᠡᠪᠡᠳᠴᠢᠨ ᠵᠡᠷᠭᠡ ᠬᠦᠮᠦᠨ ᠮᠠᠯ᠎ᠳᠤ ᠪᠦᠷ ᠬᠠᠯᠳᠠᠪᠤᠷᠢᠯᠠᠳᠠᠭ ᠡᠪᠡᠳᠴᠢᠨ ᠬᠡᠮ᠎ᠤᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠨ᠎ᠠ᠃
ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠷᠭ᠎ᠠ ᠮᠠᠶᠢᠬ᠎ᠲᠤ ᠰᠢᠨ᠎ᠡ ᠵᠢ ᠡᠭᠦᠳᠦᠨ᠎ᠡ᠃ ᠭᠡᠷ ᠪᠦᠯᠢ ᠵᠢᠨ ᠡᠵᠡᠩᠨᠡᠯᠲᠡ ᠵᠢ ᠲᠣᠭᠲᠠᠭᠤᠨ ᠪᠠᠶ᠋ᠢᠯᠭ᠋ᠠᠬᠤ ᠰᠠᠭᠤᠷᠢᠨ ᠳᠡᠭᠡᠷ᠎ᠡ᠂ ᠣᠯᠠᠨ ᠵᠦᠢ᠍ᠯ᠎ᠤᠨ ᠬᠡᠯᠪᠡᠷᠢ ᠮᠠᠶᠢᠭ᠎ᠤᠨ ᠳᠤᠬᠢᠷᠠᠬᠤ ᠬᠡᠪᠴᠢᠶᠡᠵᠢᠯ᠎ᠤᠨ ᠡᠵᠡᠩᠨᠡᠯᠲᠡ ᠵᠢ ᠢᠳᠡᠪᠬᠢᠲᠡᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠲᠡᠵᠢᠭᠡᠨ ᠦᠷᠡᠵᠢᠭᠦᠯᠬᠦ ᠲᠤᠮᠤ ᠡᠷᠦᠬᠡ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ᠂ ᠲᠤᠰᠬᠠᠢ ᠠᠵᠢᠯ᠎ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠤᠭᠴᠠ ᠵᠢ ᠶᠡᠬᠡᠪᠡᠷ ᠬᠥᠭᠵᠢᠭᠦᠯᠦᠨ᠂ ᠬᠠᠮᠲᠤ᠎ᠪᠠᠷ ᠡᠵᠡᠩᠨᠡᠬᠦ᠂ ᠬᠤᠷᠰᠢᠵᠤ ᠡᠵᠡᠩᠨᠡᠬᠦ ᠪᠠ ᠠᠵᠤ ᠠᠬᠤᠶ᠋ᠢᠯᠠᠯ ᠡᠵᠡᠩᠨᠡᠬᠦ ᠵᠢ ᠵᠣᠷᠢᠬ᠍ᠵᠢᠭᠤᠯᠤᠨ ᠬᠥᠭᠵᠢᠭᠦᠯᠵᠦ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠩᠨᠡᠯᠲᠡ ᠵᠢᠨ ᠰᠢᠰᠲ᠋ᠧᠮᠵᠢ ᠵᠢ ᠲᠦᠷᠭᠡᠳᠭᠡᠨ ᠪᠠᠶ᠋ᠢᠭᠤᠯᠤᠨ᠎ᠠ᠃ ᠭᠠᠵᠠᠷ ᠰᠢᠷᠤᠢ ᠵᠢᠨ ᠡᠷᠬᠡ ᠵᠢ ᠲᠣᠳᠤᠯᠠᠨ ᠳᠠᠩᠰᠠᠯᠠᠵᠤ ᠦᠨᠡᠮᠯᠡᠯ ᠣᠯᠭᠤᠬᠤ ᠳᠤᠷᠰᠢᠯᠳᠠ ᠵᠢᠨ ᠴᠢᠬ ᠪᠤᠯᠤᠨ ᠨᠤᠲᠤᠭ ᠪᠡᠯᠴᠢᠭᠡᠷ᠎ᠤᠨ ᠡᠷᠬᠡ ᠵᠢ ᠲᠣᠳᠤᠯᠠᠨ ᠳᠠᠭ᠋ᠠᠭ᠋ᠠᠴᠢᠯᠠᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠭᠠᠵᠠᠷ ᠰᠢᠷᠤᠢ ᠬᠠᠳᠤᠯᠠᠩ ᠪᠡᠯᠴᠢᠭᠡᠷ᠎ᠤᠨ ᠡᠵᠡᠩᠨᠡᠯᠳᠡ ᠵᠢᠨ ᠡᠷᠬᠡ ᠵᠢ ᠡᠷᠬᠢᠯᠳᠦᠭᠦᠯᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠢᠯᠠ ᠪᠦᠭᠡᠳ ᠵᠢᠷᠤᠮᠵᠢᠯ᠎ᠲᠠᠢ ᠡᠷᠭᠢᠯᠳᠦᠭᠦᠯᠬᠦ ᠵᠠᠬ᠎ᠠ ᠳᠡᠯᠭᠡᠭᠦᠷ᠎ᠢ ᠪᠦᠷᠢᠨᠰᠢᠭᠦᠯᠦᠨ᠂ ᠡᠷᠬᠢᠯᠳᠦᠬᠦᠯᠬᠦ ᠶᠠᠪᠤᠴᠠ᠎ᠳᠤ ᠭᠠᠷᠤᠬᠰᠠᠨ ᠠᠰᠠᠭᠤᠳᠠᠯ᠎ᠢ ᠴᠢᠬᠤᠯᠠᠴᠢᠯᠠᠬᠤ ᠪᠠ ᠰᠠᠶ᠋ᠢᠳᠤᠷ ᠰᠢᠢ᠍ᠳᠪᠦᠷᠢᠯᠡᠵᠦ᠂ ᠥᠷᠭᠡᠨ ᠣᠯᠠᠨ ᠮᠠᠯᠴᠢᠨ ᠲᠠᠷᠢᠶᠠᠴᠢᠳ ᠪᠤᠯᠤᠨ ᠵᠠᠬ᠎ᠠ ᠳᠡᠯᠭᠡᠭᠦᠷ᠎ᠤᠨ ᠭᠤᠣᠯ ᠴᠤᠭᠴᠠ ᠵᠢᠨ ᠪᠡᠯᠡ ᠣᠷᠣᠭᠤᠯᠬᠤ ᠢᠳᠡᠪᠬᠢᠵᠢᠯ᠎ᠢ ᠳᠠᠶ᠋ᠢᠴᠢᠯᠠᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠬᠠᠮᠲᠤ ᠵᠢᠨ ᠦᠮᠴᠢᠯᠡᠬᠦ ᠡᠷᠬᠡ ᠵᠢᠨ ᠳᠦᠷᠢᠮ᠎ᠤᠨ ᠦᠭᠡᠷᠡᠴᠢᠯᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠭᠡᠷ ᠪᠠᠷᠢᠬᠤ ᠭᠠᠵᠠᠷ᠎ᠤᠨ ᠳᠦᠷᠢᠮ᠎ᠤᠨ ᠦᠭᠡᠷᠡᠴᠢᠯᠡᠯᠲᠡ ᠵᠢᠨ ᠵᠢᠯᠤᠭᠤᠳᠬᠤ ᠰᠠᠨᠠᠯ᠎ᠢ ᠲᠣᠭᠲᠠᠭ᠋ᠠᠨ᠎ᠠ᠃
ᠤᠰᠤ᠎ᠪᠠᠷ ᠭᠤᠣᠯ ᠪᠣᠯᠭ᠋ᠠᠭᠰᠠᠨ ᠳᠠᠷᠢᠶᠠᠯᠠᠩ ᠮᠠᠯ ᠠᠵᠤ ᠠᠬᠤᠢ ᠵᠢᠨ ᠰᠠᠭᠤᠷᠢ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 《ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ》᠂ ᠪᠢᠯ ᠭᠤᠣᠯ᠎ᠤᠨ ᠤᠰᠤᠨ ᠠᠰᠢᠭᠯᠠᠯᠲᠠ ᠵᠢᠨ ᠭᠦᠢ᠍ᠰᠦ ᠵᠡᠷᠭᠡ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠭᠡᠨ ᠠᠬᠢᠭᠤᠯᠵᠤ᠂ ᠴᠤᠤᠯ ᠭᠤᠣᠯ᠎ᠤᠨ ᠤᠰᠤᠨ ᠴᠦᠬᠦᠷᠦᠮ᠎ᠤᠨ ᠳᠣᠣᠷᠠᠲᠣ ᠤᠷᠤᠰᠬᠠᠯ᠎ᠤᠨ ᠤᠰᠤᠯᠠᠯᠲᠠ ᠵᠢᠨ ᠣᠷᠣᠨ᠂ ᠨᠤᠨ ᠮᠦᠷᠡᠨ᠎ᠤ ᠭᠤᠣᠯ ᠪᠤᠯᠬᠤ ᠤᠷᠤᠰᠬᠠᠯ᠎ᠤᠨ ᠦᠶᠡᠷ ᠰᠡᠷᠭᠡᠶ᠋ᠢᠯᠡᠬᠦ ᠪᠠ ᠬᠠᠲᠤᠨ ᠭᠤᠣᠯ᠎ᠤᠨ ᠬᠤᠶᠠᠳᠠᠬᠢ ᠬᠤᠭᠤᠴᠠᠭ᠋ᠠᠨ᠎ᠤ ᠦᠶᠡᠷ ᠰᠡᠷᠭᠡᠶ᠋ᠢᠯᠡᠬᠦ ᠪᠠᠷᠢᠯᠭ᠎ᠠ ᠵᠢ ᠡᠬᠢᠯᠡᠭᠦᠯᠦᠨ ᠪᠠᠶ᠋ᠢᠭᠤᠯᠵᠤ᠂ ᠦᠷᠬᠡᠨ ᠶᠡᠭᠡ ᠭᠤᠣᠯ ᠮᠦᠷᠡᠨ᠎ᠤ ᠭᠤᠣᠯ ᠪᠤᠯᠬᠤ ᠰᠠᠯᠪᠤᠷᠢ ᠤᠷᠤᠰᠬᠠᠯ᠂ ᠳᠤᠮᠳᠠ ᠨᠠᠷᠢᠨ ᠭᠤᠣᠯ᠎ᠤᠨ ᠤᠷᠤᠰᠬᠠᠯ᠎ᠢ ᠵᠠᠰᠠᠬᠤ ᠵᠢ ᠴᠢᠩᠭ᠋ᠠᠳᠬᠠᠨ᠂ ᠠᠭᠤᠯᠠᠨ ᠦᠶᠡᠷ᠎ᠤᠨ ᠭᠠᠮᠰᠢᠭ ᠬᠦᠨᠦᠭᠡᠯ᠎ᠢ ᠰᠡᠷᠭᠡᠶ᠋ᠢᠯᠡᠨ ᠵᠠᠰᠠᠬᠤ ᠪᠠ ᠭᠡᠮ ᠰᠤᠭᠤᠭ᠎ᠲᠠᠢ ᠤᠰᠤᠨ ᠴᠦᠬᠦᠷᠦᠮ᠎ᠤᠨ ᠲᠥᠭᠰᠢᠭᠦᠷᠢ ᠵᠢ ᠠᠷᠢᠯᠭ᠋ᠠᠨ ᠪᠠᠬᠢᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠤᠰᠤᠯᠠᠯᠲᠠ ᠵᠢᠨ ᠣᠷᠣᠨ᠂ ᠮᠠᠯᠵᠢᠬᠤ ᠣᠷᠣᠨ ᠵᠢᠴᠢ ᠠᠮᠢ ᠠᠬᠤᠢ ᠵᠢᠨ ᠬᠡᠪᠡᠷᠡᠭ ᠣᠷᠣᠨ᠎ᠤ ᠦᠨᠳᠦᠷ ᠥᠷ᠎ᠡ ᠠᠰᠢᠭᠲᠠᠢ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠣᠭᠤᠤᠬᠤ ᠤᠰᠤᠨ᠎ᠤ ᠠᠮᠤᠷ ᠲᠦᠪᠰᠢᠨ ᠢᠨᠵᠧᠨᠧᠷᠢᠩ᠎ᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠤᠰᠤ ᠬᠡᠷᠡᠭᠯᠡᠬᠦ ᠪᠦᠲᠦᠴᠡ ᠵᠢ ᠢᠳᠡᠪᠬᠢᠲᠡᠢ ᠲᠣᠬᠢᠷᠠᠭᠤᠯᠵᠤ᠂ ᠤᠰᠤᠨ᠎ᠤ ᠬᠡᠷᠡᠭᠯᠡᠬᠦ ᠡᠷᠬᠡ ᠵᠢ ᠠᠶ᠋ᠢᠮᠠᠭ ᠬᠤᠲᠠ ᠠᠯᠤᠰᠯᠠᠨ ᠰᠢᠯᠵᠢᠭᠦᠯᠦᠨ ᠥᠭᠬᠦ ᠵᠢ ᠲᠦᠯᠬᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠂ ᠴᠠᠬᠢᠯᠭ᠋ᠠᠨ ᠲᠣᠣᠷ ᠵᠡᠷᠭᠡ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡᠲᠦᠯᠲᠡᠢ ᠲᠦᠯᠦᠪᠯᠡᠨ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠬᠦᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠤ ᠶᠡᠷᠦᠩᠬᠡᠶ᠋ᠢᠯᠡᠨ ᠴᠡᠭᠴᠡᠯᠡᠵᠦ ᠵᠠᠰᠠᠬᠤ ᠠᠵᠢᠯ᠎ᠢ ᠪᠦᠬᠦ ᠲᠠᠯ᠎ᠠ᠎ᠪᠠᠷ ᠦᠷᠨᠢᠭᠦᠯᠵᠦ᠂ ᠰᠢᠨ᠎ᠡ ᠮᠠᠯᠵᠢᠬᠤ ᠲᠠᠷᠢᠶᠠᠯᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠲᠡᠬᠡᠭᠰᠢᠯᠡᠬᠦᠯᠦᠨ᠎ᠠ᠃
(ᠳᠥᠷᠪᠠ) ᠦᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠬᠦᠨᠵᠡᠬᠡᠶ᠋ᠢᠷᠡᠬᠦᠯᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠦᠳᠡᠯᠭᠡᠬᠦ ᠬᠦᠴᠦᠨ ᠪᠣᠯᠣᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ
ᠭᠤᠣᠯᠳᠠᠯᠭ᠎ᠠ᠎ᠲᠠᠢ ᠬᠦᠷᠢᠶ᠎ᠠ ᠴᠠᠷᠠᠭ᠎ᠠ᠎ᠳᠠᠬᠢ ᠦᠭᠡᠷᠡᠴᠢᠯᠡᠯᠲᠡ ᠵᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠲᠥᠪ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ᠎ᠤ ᠦᠭᠡᠷᠡᠴᠢᠯᠡᠯᠲᠡ ᠵᠢᠨ ᠲᠦᠰᠦᠯ᠎ᠤᠨ ᠨᠠᠶ᠋ᠢᠳᠠᠪᠤᠷᠢᠵᠢᠯᠢ ᠴᠢᠩᠭ᠋ᠠᠳᠬᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠮᠠᠨ᠎ᠤ ᠣᠷᠣᠨ᠎ᠢ ᠤᠷᠢᠳᠠᠪᠠᠷ ᠶᠠᠪᠤᠭᠤᠯᠤᠨ ᠤᠷᠢᠳᠠᠪᠠᠷ ᠲᠣᠷᠰᠢᠬᠤ᠎ᠪᠠᠷ ᠵᠤᠷᠢᠬ᠍ᠵᠢᠭᠤᠯᠤᠭᠰᠠᠨ ᠭᠤᠷᠪᠠᠨ ᠵᠦᠢ᠍ᠯ᠎ᠤᠨ ᠭᠤᠣᠯᠳᠠᠯᠭ᠎ᠠ᠎ᠲᠠᠢ ᠦᠭᠡᠷᠡᠴᠢᠯᠡᠯᠲᠡ ᠵᠢ ᠳᠤᠪᠤᠶ᠋ᠢᠮ᠎ᠠ ᠰᠠᠶ᠋ᠢᠲᠤᠷ ᠠᠳᠬᠤᠨ᠎ᠠ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠦᠴᠦᠨ ᠦᠭᠡᠢ ᠪᠣᠯᠭ᠋ᠠᠬᠤ ᠪᠠ ᠳᠣᠷᠤᠭᠰᠢ ᠪᠠᠭᠤᠯᠭ᠋ᠠᠨ᠂ ᠤᠷᠢᠳᠤᠬᠢ ᠬᠢᠨᠠᠨ ᠵᠥᠪᠰᠢᠶᠡᠷᠡᠬᠦ ᠵᠢ ᠶᠡᠭᠡ ᠬᠡᠪᠴᠢᠶ᠎ᠠ᠎ᠪᠠᠷ ᠪᠠᠭ᠋ᠠᠰᠬᠠᠵᠤ᠂ 《ᠭᠤᠷᠪᠠᠨ ᠦᠨᠡᠮᠯᠡᠯ᠎ᠢ ᠨᠢᠭᠡᠳᠬᠡᠨ ᠨᠢᠭᠡ ᠪᠣᠯᠭ᠋ᠠᠬᠤ》᠂ ᠰᠦᠯᠵᠢᠶᠡᠨ ᠳᠡᠭᠡᠷ᠎ᠡ ᠬᠠᠮᠲᠤᠷᠠᠨ ᠬᠢᠨᠠᠨ ᠵᠥᠪᠰᠢᠶᠡᠷᠡᠬᠦ ᠵᠡᠷᠭᠡ ᠵᠠᠭᠪᠤᠷ᠎ᠢ ᠳᠡᠯᠭᠡᠷᠡᠭᠦᠯᠦᠨ᠂ ᠠᠵᠢᠯ ᠬᠡᠷᠡᠭ᠎ᠤᠨ ᠳᠤᠮᠳᠠᠬᠢ ᠪᠠ ᠠᠵᠢᠯ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠤᠴᠢᠷ ᠶᠠᠪᠤᠳᠠᠯ ᠵᠦᠪᠳᠡᠯᠴᠡᠬᠦ ᠳᠦᠷᠢᠮ᠎ᠤᠨ ᠦᠭᠡᠷᠡᠴᠢᠯᠡᠯᠲᠡ ᠵᠢ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶ᠋ᠢᠯᠠᠯ᠎ᠤᠨ ᠪᠡᠯᠡ ᠣᠷᠤᠭᠤᠯᠤᠭᠰᠠᠨ ᠲᠦᠷᠦᠯ ᠵᠦᠢ᠍ᠯ᠎ᠳᠠᠬᠢ ᠨᠠᠵᠠᠭ᠋ᠠᠢ ᠲᠠᠯ᠎ᠠ ᠵᠢᠨ ᠨᠠᠷᠢᠨ ᠬᠠᠭᠤᠳᠠᠰᠤ ᠵᠢ ᠲᠣᠭᠲᠠᠭ᠋ᠠᠨ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠪᠣᠯᠣᠨ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠬᠡᠷᠡᠭᠵᠢᠭᠦᠯᠦᠨ᠎ᠡ᠃ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠵᠢ ᠦᠷᠭᠦᠯᠵᠢᠯᠡᠨ ᠲᠦᠯᠬᠢᠨ ᠠᠬᠢᠭᠤᠯᠵᠤ᠂ ᠦᠪᠦᠷ ᠮᠣᠩᠭᠤᠯ᠎ᠤᠨ ᠪᠠᠷᠠᠭᠤᠨ ᠪᠡᠶ᠎ᠠ ᠵᠢᠨ ᠴᠠᠬᠢᠯᠭ᠋ᠠᠨ ᠲᠣᠣᠷ᠎ᠤᠨ ᠣᠯᠠᠨ ᠲᠡᠰᠢ ᠠᠷᠠᠯᠵᠢᠶᠠᠯᠠᠬᠤ ᠪᠠ ᠦᠪᠦᠷ ᠮᠣᠩᠭᠤᠯ᠎ᠤᠨ ᠵᠡᠭᠦᠨ ᠪᠡᠶ᠎ᠠ ᠵᠢᠨ ᠲᠣᠮᠣ ᠬᠡᠷᠡᠭᠯᠡᠬᠦ ᠡᠷᠦᠬᠡ᠎ᠳᠤ ᠰᠢᠭᠤᠳ ᠴᠠᠬᠢᠯᠭ᠋ᠠᠨ ᠬᠠᠩᠭ᠋ᠠᠬᠤ ᠬᠡᠪᠴᠢᠶᠡᠵᠢᠯ᠎ᠢ ᠥᠷᠭᠡᠳᠭᠡᠨ᠂ ᠦᠪᠦᠷ ᠮᠣᠩᠭᠤᠯ᠎ᠤᠨ ᠪᠠᠷᠠᠭᠤᠨ ᠪᠡᠶ᠎ᠠ ᠵᠢᠨ ᠴᠠᠬᠢᠯᠭ᠋ᠠᠨ ᠲᠣᠣᠷ᠎ᠤᠨ ᠬᠥᠷᠭᠡᠵᠦ ᠲᠦᠬᠡᠬᠡᠬᠦ ᠴᠠᠬᠢᠯᠭ᠋ᠠᠨ᠎ᠤ ᠦᠨᠡᠳᠤ ᠦᠭᠡᠷᠡᠴᠢᠯᠡᠯᠲᠡ ᠬᠢᠬᠦ ᠲᠣᠷᠰᠢᠯᠲᠠ ᠵᠢᠨ ᠴᠢᠬᠢ ᠰᠠᠶ᠋ᠢᠲᠤᠷ ᠬᠢᠵᠤ᠂ ᠬᠤᠤᠯᠢᠨ ᠭᠤᠣᠯ᠂ ᠦᠵᠦᠭᠦᠷ ᠬᠤᠳᠳᠤᠭ᠎ᠤᠨ ᠪᠢᠴᠢᠯ ᠴᠠᠬᠢᠯᠭ᠋ᠠᠨ ᠲᠣᠣᠷ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠠ᠃ ᠦᠨ᠎ᠡ ᠬᠠᠩᠰᠢ ᠵᠢᠨ ᠪᠣᠢ ᠪᠣᠯᠬᠤ ᠲᠣᠭᠲᠠᠴᠠ᠎ᠳᠤ ᠦᠭᠡᠷᠡᠴᠢᠯᠡᠯᠲᠡ ᠬᠢᠬᠦ᠎ᠪᠠᠨ ᠳᠦᠷᠬᠡᠳᠬᠡᠵᠦ᠂ ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠦᠨ᠎ᠡ ᠵᠢᠨ ᠭᠠᠷᠴᠠᠭ᠎ᠲᠤ ᠵᠠᠰᠠᠪᠤᠷᠢ ᠣᠷᠣᠭᠤᠯᠵᠤ᠂ ᠣᠷᠣᠨ ᠨᠤᠲᠤᠭ᠎ᠤᠨ ᠲᠡᠮᠦᠷ ᠵᠠᠮ᠎ᠤᠨ ᠪᠠᠷᠠᠭ᠎ᠠ ᠵᠦᠬᠡᠬᠡᠪᠦᠷᠢᠯᠡᠬᠦ ᠦᠨ᠎ᠡ ᠬᠠᠩᠰᠢ ᠵᠢᠨ ᠬᠠᠮᠢᠶᠠᠷᠤᠯᠲᠠ ᠵᠢ ᠲᠡᠭᠦᠯᠳᠡᠷᠵᠢᠭᠦᠯᠵᠦ᠂ ᠡᠮ ᠡᠮᠨᠡᠯᠭᠡ ᠵᠢᠨ ᠦᠨ᠎ᠡ ᠬᠠᠩᠰᠢ ᠵᠢᠨ ᠦᠭᠡᠷᠡᠴᠢᠯᠡᠯᠲᠡ ᠵᠢ ᠲᠦᠯᠬᠢᠨ ᠠᠬᠢᠭᠤᠯᠵᠤ᠂ ᠪᠣᠷᠴᠠᠭ᠎ᠤᠨ ᠬᠠᠷᠠᠯᠲᠠᠲᠤ ᠦᠨ᠎ᠡ ᠬᠠᠨᠭ᠌ᠰᠢ᠎ᠳᠤ ᠦᠭᠡᠷᠡᠴᠢᠯᠡᠯᠲᠡ ᠬᠢᠬᠦ ᠲᠣᠷᠰᠢᠯᠲᠠ ᠵᠢᠨ ᠴᠢᠬ᠎ᠤᠨ ᠠᠵᠢᠯ᠎ᠢ ᠰᠠᠶ᠋ᠢᠳᠤᠷ ᠬᠢᠨ᠎ᠡ᠃ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠲᠥᠰᠥᠪ᠎ᠤᠨ ᠬᠠᠮᠢᠶᠠᠷᠤᠯᠲᠠ ᠵᠢᠨ ᠳᠦᠷᠢᠮ᠎ᠢ ᠰᠠᠶ᠋ᠢᠵᠢᠷᠠᠭᠤᠯᠵᠤ᠂ ᠤᠨ ᠠᠯᠤᠰᠯᠠᠭᠰᠠᠨ ᠲᠦᠰᠦᠪ᠎ᠤᠨ ᠲᠡᠩᠴᠡᠭᠦᠷᠢᠲᠡᠢ ᠪᠠᠶ᠋ᠢᠬᠤ ᠲᠣᠭᠲᠠᠴᠠ ᠵᠢ ᠪᠠᠶ᠋ᠢᠭᠤᠯᠤᠨ᠂ ᠡᠳ᠋᠎ᠤᠨ ᠵᠠᠰᠠᠭ ᠭᠠᠶ᠋ᠢᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠢᠯᠭ᠋ᠠᠷᠠᠭᠤᠯᠤᠨ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠵᠢᠭᠡᠯᠡᠬᠦ ᠠᠵᠢᠯᠯᠠᠭ᠎ᠠ ᠵᠢ ᠵᠢᠷᠤᠮᠵᠢᠭᠤᠯᠤᠨ᠎ᠠ᠃ ᠮᠦᠩᠭᠦᠨ ᠭᠦᠢ᠍ᠯᠭᠡᠭᠡᠨ᠎ᠤ ᠬᠦᠷᠢᠶᠡᠨ᠎ᠳᠠᠬᠢ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠤ᠂ ᠪᠤᠳᠠᠳᠦ ᠴᠤᠬ᠍ᠴᠠ ᠵᠢᠨ ᠠᠵᠤ ᠠᠬᠤᠢ ᠵᠢᠨ ᠬᠦᠭᠵᠢᠯᠳᠡ᠎ᠳᠤ ᠨᠡᠩ ᠰᠠᠶ᠋ᠢᠨ ᠵᠶ᠋ᠠᠷ ᠦᠢ᠍ᠯᠡᠴᠢᠯᠡᠨ᠎ᠡ᠃ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠦᠭᠡᠷᠡᠴᠢᠯᠡᠯᠲᠠ ᠵᠢ ᠦᠷᠬᠦᠯᠵᠢᠯᠡᠨ ᠠᠬᠢᠭᠤᠯᠵᠤ᠂ ᠤᠯᠤᠰ᠎ᠤᠨ ᠦᠮᠴᠢᠯᠡᠯᠲᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠵᠤ᠂ ᠤᠯᠤᠰ᠎ᠤᠨ ᠦᠮᠴᠢᠯᠡᠯᠳᠦ ᠠᠵᠤ ᠠᠬᠤᠢ᠍ᠢ᠍ᠯᠠᠯ᠎ᠤᠨ ᠬᠠᠷᠢᠭᠤᠴᠠᠯᠭ᠋ᠠᠳᠠᠳ᠎ᠤᠨ ᠴᠡᠯᠢᠭ ᠬᠦᠯᠦᠰᠦ ᠵᠢᠨ ᠳᠦᠷᠢᠮ᠎ᠳᠤ ᠦᠭᠡᠷᠡᠴᠢᠯᠡᠯᠳᠡ ᠬᠢᠬᠦ ᠳᠦᠰᠦᠯ᠎ᠢ ᠨᠡᠶ᠋ᠢᠳᠡᠯᠡᠨ᠎ᠡ᠃
ᠨᠡᠭᠡᠭᠡᠯᠲᠡ ᠵᠢ ᠪᠦᠬᠦ ᠲᠠᠯ᠎ᠠ᠎ᠪᠠᠷ ᠦᠷᠭᠡᠳᠭᠡᠨ᠎ᠡ᠃ ᠤᠯᠤᠰ᠎ᠠᠴᠠ 《ᠨᠢᠭᠡ ᠪᠦᠰᠡ ᠨᠢᠭᠡ ᠵᠠᠮ》᠂ ᠪᠡᠭᠡᠵᠢᠩ ᠲᠢᠶᠠᠨᠵᠢᠨ ᠾᠧᠪᠧᠢ ᠵᠢ ᠵᠣᠬᠢᠴᠠᠭᠤᠯᠤᠨ ᠬᠥᠭᠵᠢᠭᠦᠯᠬᠦ᠂ ᠬᠥᠬᠡ ᠮᠦᠷᠡᠨ᠎ᠤ ᠠᠵᠤ ᠠᠬᠤᠢ ᠵᠢᠨ ᠪᠦᠰᠡ ᠡᠨᠡ ᠭᠤᠷᠪᠠᠨ ᠶᠡᠭᠡ ᠪᠠᠶ᠋ᠢᠯᠳᠤᠬᠤ ᠪᠣᠳᠣᠯᠭ᠎ᠠ ᠵᠢ ᠬᠡᠷᠡᠭᠵᠢᠬᠦᠯᠦᠬᠡᠳ ᠪᠤᠢ ᠪᠤᠯᠤᠭᠰᠠᠨ ᠳᠣᠬᠢᠶᠠᠯ᠎ᠢ ᠴᠢᠩᠭ᠎ᠠ ᠠᠳᠬᠤᠵᠤ᠂ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠲᠣᠭᠲᠠᠭ᠋ᠠᠭᠳᠠᠭᠰᠠᠨ ᠮᠠᠨ᠎ᠤ ᠣᠷᠣᠨ᠎ᠤ ᠪᠠᠶ᠋ᠢᠷᠢ ᠲᠤᠭᠲᠠᠭ᠋ᠠᠯᠲᠠ᠎ᠪᠠᠨ ᠣᠨᠣᠪᠴᠢᠲᠠᠢ ᠡᠷᠢᠵᠦ᠂ ᠤᠯᠤᠰ᠎ᠤᠨ ᠲᠦᠯᠦᠪᠵᠢᠭᠦᠯᠭᠡᠯᠦᠭᠡ ᠵᠤᠯᠭ᠋ᠠᠭᠤᠯᠤᠨ ᠳᠦᠬᠦᠷᠵᠢᠭᠦᠯᠬᠦ ᠵᠢ ᠰᠠᠶ᠋ᠢᠲᠤᠷ ᠬᠢᠵᠦ᠂ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠠᠭᠤᠰᠤᠯᠴᠠᠬᠤ ᠪᠠ ᠦᠢ᠍ᠯᠡᠴᠢᠯᠡᠬᠦ ᠳᠤᠮᠳᠠ ᠬᠥᠭᠵᠢᠯᠲᠡ ᠵᠢᠨ ᠣᠷᠣᠨ ᠵᠠᠢ᠎ᠪᠠᠨ ᠦᠷᠭᠡᠳᠭᠡᠨ᠎ᠡ᠃ ᠣᠷᠣᠰ ᠮᠣᠩᠭᠤᠯ᠎ᠯᠤᠭ᠎ᠠ ᠬᠠᠮᠲᠤᠷᠠᠨ ᠠᠵᠢᠯᠯᠠᠬᠤ ᠲᠣᠭᠲᠠᠴᠠ᠎ᠳᠤ ᠰᠢᠨ᠎ᠡ ᠵᠢ ᠡᠭᠦᠳᠦᠨ᠎ᠡ᠃ ᠲᠣᠷᠭ᠋ᠠᠨ ᠵᠠᠮ᠎ᠤᠨ ᠠᠵᠤ ᠠᠬᠤᠢ ᠵᠢᠨ ᠪᠦᠰᠡ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ᠎ᠳᠤ ᠬᠡᠷᠡᠭᠵᠢᠭᠦᠯᠬᠦ ᠲᠦᠰᠦᠯ᠎ᠢ ᠨᠠᠶ᠋ᠢᠷᠠᠭᠤᠯᠤᠨ ᠵᠤᠬᠢᠶᠠᠵᠦ᠂ ᠮᠠᠨ᠎ᠤ ᠣᠷᠣᠨ᠎ᠤ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ ᠵᠦᠢ᠍ᠯᠡᠰ ᠪᠣᠯᠣᠨ ᠲᠦᠷᠦᠯ ᠵᠦᠢ᠍ᠯ᠎ᠢ ᠤᠯᠤᠰ᠎ᠤᠨ ᠳᠡᠭᠡᠳᠦ ᠳᠠᠪᠬᠤᠷᠭ᠎ᠠ ᠵᠢᠨ ᠵᠢᠷᠤᠭᠯᠠᠨ ᠲᠦᠯᠦᠪᠯᠡᠬᠦ᠎ᠳᠤ ᠣᠷᠤᠭᠤᠯᠬᠤ᠎ᠪᠠᠷ ᠴᠢᠷᠮᠠᠶ᠋ᠢᠨ᠎ᠠ᠃ ᠮᠠᠨᠵᠣᠣᠷ᠂ ᠡᠷᠢᠶᠡᠨ ᠬᠤᠲᠠ᠎ᠳᠠᠬᠢ ᠤᠯᠤᠰ᠎ᠤᠨ ᠭᠤᠣᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠣᠷᠰᠢᠯᠲᠠ ᠵᠢᠨ ᠲᠤᠭᠤᠷᠢᠭ ᠪᠣᠯᠣᠨ ᠬᠦᠯᠦᠨ ᠪᠤᠶ᠋ᠢᠷᠲᠠᠬᠢ ᠳᠤᠮᠳᠠᠳᠤ ᠣᠷᠣᠰ ᠮᠣᠩᠭᠤᠯ᠎ᠤᠨ ᠬᠤᠷᠰᠢᠯᠴᠠᠬᠤ ᠬᠤᠰᠢᠭᠤᠴᠢ ᠣᠷᠣᠨ᠎ᠢ ᠳᠦᠷᠬᠡᠬᠡᠨ ᠪᠦᠲᠦᠭᠡᠨ ᠪᠠᠶ᠋ᠢᠭᠤᠯᠵᠤ᠂ ᠳᠤᠮᠳᠠᠳᠤ ᠮᠣᠩᠭᠤᠯ᠎ᠤᠨ ᠦᠵᠡᠰᠭᠦᠯᠡᠩ᠎ᠢ ᠰᠠᠶ᠋ᠢᠲᠤᠷ ᠡᠷᠬᠢᠯᠡᠨ᠎ᠡ᠃ ᠪᠣᠭᠤᠮᠲᠠ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠣᠷᠣᠰ ᠮᠣᠩᠭᠤᠯ᠎ᠯᠤᠭ᠎ᠠ ᠵᠢᠨ ᠰᠠᠭᠤᠷᠢ ᠪᠡᠯᠡᠳᠭᠡᠮᠵᠢ ᠵᠢᠨ ᠬᠤᠯᠪᠣᠭ᠋ᠠᠯᠠᠨ ᠨᠡᠪᠲᠡᠷᠡᠯᠴᠡᠬᠦ ᠵᠢ ᠢᠳᠡᠪᠬᠢᠳᠠᠢ ᠠᠬᠢᠭᠤᠯᠵᠤ᠂ ᠬᠤᠳᠠᠯᠳᠤᠭ᠎ᠠ ᠠᠷᠠᠯᠵᠢᠶ᠎ᠠ ᠵᠢᠨ ᠶᠠᠪᠤᠯᠴᠠᠭ᠎ᠠ ᠪᠣᠯᠣᠨ ᠠᠵᠢᠯᠳᠠᠨ᠎ᠤ ᠰᠤᠯᠢᠯᠴᠠᠭ᠎ᠠ᠎ᠪᠠᠨ ᠦᠷᠭᠡᠳᠭᠡᠨ᠂ ᠬᠢᠯᠢ ᠳᠠᠭ᠋ᠠᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠬᠢᠷᠢ ᠲᠦᠪᠰᠢᠨ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠣᠷᠣᠨ ᠪᠦᠰᠡ ᠵᠢᠨ ᠬᠠᠮᠵᠢᠯᠴᠠᠭ᠎ᠠ ᠵᠢ ᠳᠦᠷᠬᠡᠳᠬᠡᠨ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠵᠢᠨ ᠠᠵᠤ ᠦᠢ᠍ᠯᠡᠰ ᠵᠶ᠋ᠠᠨ ᠰᠢᠯᠵᠢᠭᠦᠯᠬᠦ ᠲᠣᠬᠢᠶᠠᠯ᠎ᠢ ᠠᠳᠬᠤᠵᠤ᠂ ᠤᠯᠠᠭ᠋ᠠᠨᠴᠠᠪ᠂ ᠤᠯᠠᠭ᠋ᠠᠠᠬᠠᠳᠠ ᠵᠡᠷᠭᠡ ᠭᠠᠵᠠᠷ ᠰᠢᠯᠵᠢᠭᠦᠯᠦᠭᠰᠡᠨ ᠠᠵᠤ ᠦᠢ᠍ᠯᠡᠰ᠎ᠤᠨ ᠲᠠᠭ᠋ᠠᠭ᠋ᠠᠨ ᠵᠠᠯᠭ᠋ᠠᠯᠳᠤᠭᠤᠯᠬᠤ ᠰᠠᠭᠤᠷᠢᠨ ᠭᠠᠵᠠᠷ᠎ᠢ ᠲᠦᠷᠭᠡᠳᠭᠡᠨ ᠴᠤᠭᠴᠠᠯᠠᠬᠤ ᠪᠠ 《ᠤᠭᠤᠷᠴᠠᠭ ᠬᠠᠷᠢᠶ᠎ᠠ ᠭᠠᠵᠠᠷ᠎ᠤᠨ ᠠᠵᠤ ᠠᠬᠤᠢ》 ᠵᠢ ᠬᠥᠭᠵᠢᠭᠦᠯᠦᠨ᠎ᠡ᠃ ᠪᠡᠭᠡᠵᠢᠩ ᠦᠪᠦᠷ ᠮᠣᠩᠭᠤᠯ᠎ᠤᠨ ᠬᠠᠮᠲᠤᠷᠠᠨ ᠠᠵᠢᠯᠯᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠪᠦᠷ ᠮᠣᠩᠭᠤᠯ ᠱᠠᠨ ᠰᠢ ᠾᠧᠪᠧᠢ ᠵᠢᠨ ᠤᠷᠲᠤ ᠴᠠᠭ᠋ᠠᠨ ᠬᠡᠷᠡᠮ ᠠᠯᠲᠠᠨ ᠬᠤᠰᠢᠭᠤᠯᠵᠢᠨ ᠬᠤᠷᠰᠢᠯᠴᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠵᠧᠵᠢᠶᠠᠩ᠎ᠤᠨ ᠬᠤᠳᠠᠯᠳᠤᠭ᠋ᠠᠴᠢᠳ᠎ᠤᠨ ᠠᠵᠤ ᠦᠢ᠍ᠯᠡᠰ᠎ᠤᠨ ᠬᠦᠷᠢᠶᠡᠯᠡᠩ᠂ ᠤᠷᠳᠤᠰ ᠬᠤᠳᠠ᠎ᠳᠠᠬᠢ ᠵᠢᠶᠠᠩᠰᠤ ᠵᠢᠨ ᠠᠵᠤ ᠦᠢ᠍ᠯᠡᠳᠪᠦᠷᠢ ᠵᠢᠨ ᠬᠦᠷᠢᠶᠡᠯᠠᠩ ᠵᠡᠷᠭᠡ ᠵᠠᠭᠪᠣᠷᠢ ᠢᠳᠡᠪᠬᠢᠲᠡᠢ ᠳᠡᠯᠭᠡᠷᠡᠭᠦᠯᠵᠦ᠂ ᠠᠵᠤ ᠦᠢ᠍ᠯᠡᠰ᠎ᠤᠨ ᠲᠠᠭ᠋ᠠᠭ᠋ᠠᠨ ᠵᠠᠯᠭ᠋ᠠᠯᠳᠤᠭᠤᠯᠬᠤ ᠦᠨᠳᠦᠷ ᠲᠥᠪᠰᠢᠨ᠎ᠤ ᠲᠡᠪᠴᠡᠩ᠎ᠢ ᠴᠤᠬ᠍ᠴᠠᠯᠠᠨ᠎ᠠ᠃ ᠮᠠᠨ᠎ᠤ ᠣᠷᠣᠨ ᠬᠢᠭᠡᠳ ᠭᠠᠳᠠᠷ ᠮᠤᠵᠢ ᠣᠷᠣᠨ ᠬᠤᠲᠠ᠎ᠯᠤᠭ᠎ᠠ ᠲᠣᠭᠲᠠᠭᠰᠠᠨ ᠬᠠᠮᠲᠤᠷᠠᠨ ᠠᠵᠢᠯᠯᠠᠬᠤ ᠬᠡᠯᠡᠯᠴᠡᠭᠡᠷ᠎ᠢ ᠮᠦᠷᠲᠡᠨ ᠨᠠᠶ᠋ᠢᠳᠠᠪᠤᠷᠢᠵᠢᠭᠤᠯᠵᠤ᠂ ᠬᠠᠮᠲᠤᠷᠠᠨ ᠠᠵᠢᠯᠯᠠᠬᠤ ᠲᠦᠷᠦᠯ ᠵᠦᠢ᠍ᠯ᠎ᠤᠨ ᠲᠦᠷᠭᠡᠬᠡᠨ ᠨᠠᠶ᠋ᠢᠳᠠᠪᠤᠷᠢᠵᠢᠬᠤ ᠵᠢ ᠠᠬᠢᠭᠤᠯᠤᠨ᠎ᠠ᠃ ᠪᠦᠬᠦ ᠵᠢᠯ᠎ᠳᠤ ᠤᠯᠤᠰ᠎ᠤᠨ ᠳᠣᠲᠤᠭ᠋ᠠᠲᠤ (ᠣᠷᠣᠨ᠎ᠤ ᠭᠠᠳᠠᠨ᠎ᠠ) ᠵᠢᠨ 5000 ᠳ᠋ᠦᠩᠰᠢᠭᠤᠷ ᠲᠦᠭᠦᠷᠢᠭ ᠣᠷᠴᠢᠮ᠎ᠤᠨ ᠪᠡᠯᠡ ᠮᠦᠩᠭᠦ ᠵᠢ ᠣᠷᠣᠭᠤᠯᠵᠤ ᠪᠣᠲᠠᠲᠠᠶ᠋ᠢᠵᠢᠭᠤᠯᠬᠤ᠎ᠪᠠᠷ ᠴᠢᠷᠮᠠᠶ᠋ᠢᠨ᠎ᠠ᠃
(ᠲᠠᠪᠤ) ᠰᠢᠨ᠎ᠡ ᠮᠠᠶᠢᠭ᠎ᠤᠨ ᠬᠤᠲᠠ ᠪᠠᠯᠭ᠋ᠠᠰᠤᠴᠢᠯᠠᠯᠲᠠ ᠵᠢ ᠯᠠᠪᠳᠠᠭᠤᠨ ᠪᠠᠲᠤᠲᠠᠢ᠎ᠪᠠᠷ ᠲᠦᠯᠬᠢᠨ ᠠᠬᠢᠭᠤᠯᠵᠤ᠂ ᠬᠤᠲᠠ ᠬᠦᠳᠡᠭᠡ ᠵᠢᠨ ᠣᠷᠣᠨ ᠪᠦᠰᠡ ᠵᠢᠨ ᠬᠥᠭᠵᠢᠯᠲᠡ ᠵᠢ ᠨᠢᠭᠡᠲᠦᠯᠲᠡᠢ ᠲᠦᠯᠦᠪᠯᠡᠨ᠎ᠡ
ᠰᠢᠨ᠎ᠡ ᠮᠠᠶᠢᠭ᠎ᠤᠨ ᠬᠤᠲᠠ ᠪᠠᠯᠭ᠋ᠠᠰᠤᠴᠢᠯᠠᠯᠲᠠ ᠵᠢᠨ ᠠᠯᠬᠤᠴᠠ ᠵᠢ ᠳᠦᠷᠬᠡᠳᠬᠡᠨ᠎ᠡ᠃ ᠬᠦᠮᠦᠰ᠎ᠤᠨ ᠬᠤᠲᠠ ᠪᠠᠯᠭ᠋ᠠᠰᠤᠴᠢᠯᠠᠯᠲᠠ᠎ᠪᠠᠷ ᠭᠤᠣᠯ ᠪᠣᠯᠭ᠋ᠠᠵᠤ᠂ ᠲᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ 400 ᠲᠦᠮᠡᠨ ᠬᠦᠮᠦᠨ ᠠᠮᠠ ᠵᠢ ᠬᠤᠲᠠ ᠵᠢᠨ ᠠᠷᠠᠳ ᠪᠣᠯᠭ᠋ᠠᠬᠤ ᠠᠰᠠᠭᠤᠳᠠᠯ᠎ᠢ ᠭᠤᠣᠯᠳᠠᠯᠭ᠎ᠠ᠎ᠲᠠᠢ ᠰᠢᠢ᠍ᠳᠪᠦᠷᠢᠯᠡᠨ᠎ᠡ᠃ ᠬᠤᠳᠠ᠎ᠳᠤ ᠤᠷᠤᠬᠰᠠᠨ ᠮᠠᠯᠴᠢᠨ ᠳᠠᠷᠢᠶᠠᠴᠢᠨ ᠬᠦᠴᠦ ᠶᠠᠪᠤᠬᠰᠠᠳ ᠵᠢᠴᠢ ᠳᠡᠳᠡᠨᠦᠰᠢ ᠳᠠᠭ᠋ᠠᠯᠳᠤᠨ ᠨᠡᠬᠦᠬᠦᠭᠰᠡᠨ ᠭᠡᠷ ᠪᠦᠯᠢ ᠵᠢᠨ ᠬᠢᠨᠢ ᠬᠤᠳᠠ ᠪᠠᠯᠭ᠋ᠠᠰᠤ ᠵᠢᠨ ᠦᠨᠳᠦᠰᠦᠨ ᠤᠯᠠᠨ ᠨᠡᠶ᠋ᠢᠳᠡ ᠵᠢᠨ ᠦᠢ᠍ᠯᠡᠴᠢᠯᠡᠭᠡ ᠵᠢ ᠠᠳᠠᠯᠢ ᠳᠡᠭᠰᠢ᠎ᠪᠠᠷ ᠬᠦᠷᠳᠡᠬᠦ ᠵᠢ ᠪᠠᠳᠤᠯᠠᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳᠢ ᠬᠠᠮᠤᠷᠬᠤ ᠬᠤᠳᠠ ᠪᠠᠯᠭ᠋ᠠᠰᠤᠨ᠎ᠤ ᠨᠡᠶ᠋ᠢᠭᠡᠮ᠎ᠤᠨ ᠪᠠᠳᠤᠯᠠᠭ᠎ᠠ ᠵᠢᠨ ᠬᠡᠮᠵᠢᠶ᠎ᠡ᠎ᠪᠠᠨ ᠦᠷᠭᠡᠳᠭᠡᠵᠦ᠂ ᠳᠠᠭ᠋ᠠᠯᠳᠤᠨ ᠨᠡᠬᠦᠭᠰᠡᠨ ᠦᠷ᠎ᠡ ᠬᠡᠦᠬᠡᠳ᠎ᠨᠢ ᠳᠤᠬᠠᠢ ᠵᠢᠨ ᠭᠠᠵᠠᠷ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠬᠦᠷᠳᠡᠬᠦ ᠪᠠ ᠦᠨᠳᠦᠷ ᠵᠡᠷᠭᠡ ᠵᠢᠨ ᠳᠤᠮᠳᠠᠳᠤ ᠰᠤᠷᠭ᠋ᠠᠭᠤᠯᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠢᠯᠭ᠋ᠠᠯᠳᠠ᠎ᠳᠤ ᠤᠷᠤᠯᠴᠠᠬᠤ ᠬᠠᠮᠢᠶ᠎ᠠ ᠪᠦᠬᠦᠢ ᠳᠦᠷᠦ ᠵᠢᠨ ᠪᠤᠳᠤᠯᠭ᠎ᠠ ᠵᠢ ᠳᠡᠭᠦᠯᠳᠡᠷᠵᠢᠬᠦᠯᠦᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳ᠎ᠲᠤ ᠬᠤᠳᠠ ᠪᠠᠯᠭ᠋ᠠᠰᠤ ᠵᠢᠨ ᠪᠠᠳᠤᠯᠠᠭ᠎ᠠ ᠵᠢᠨ ᠴᠢᠨᠠᠷᠳᠠᠢ ᠤᠷᠤᠨ ᠰᠠᠭᠤᠴᠠ ᠬᠦᠷᠳᠡᠭᠡᠬᠦ ᠪᠤᠳᠠᠳᠠᠢ ᠠᠷᠭ᠎ᠠ ᠵᠢ ᠰᠦᠪᠡᠭᠴᠢᠯᠡᠨ᠎ᠡ᠃ ᠡᠷᠦᠬᠡ ᠠᠮᠠ ᠵᠢᠨ ᠳᠦᠷᠢᠮ᠎ᠤᠨ ᠦᠭᠡᠷᠡᠴᠢᠯᠡᠯᠳᠡ ᠵᠢ ᠳᠦᠷᠬᠡᠳᠭᠡᠨ᠂ ᠰᠠᠭᠤᠭ᠋ᠠᠯᠢ ᠠᠷᠠᠳ᠎ᠤᠨ ᠰᠠᠭᠤᠷᠢᠰᠢᠬᠤ ᠦᠨᠡᠮᠯᠡᠯ᠎ᠤᠨ ᠳᠦᠷᠢᠮ᠎ᠢ ᠪᠠᠶ᠋ᠢᠭᠤᠯᠵᠤ᠂ ᠳᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ ᠬᠦᠮᠦᠨ ᠠᠮᠠ᠎ᠨᠢ ᠬᠤᠳᠠ ᠪᠠᠯᠭ᠋ᠠᠰᠤᠨ᠎ᠳᠤ ᠡᠷᠦᠬᠡ ᠠᠮᠠ ᠤᠷᠤᠭᠤᠯᠬᠤ ᠵᠢ ᠳᠦᠷᠦᠯ ᠬᠤᠪᠢᠶᠠᠨ ᠠᠬᠢᠭᠤᠯᠤᠨ᠎ᠠ᠃ ᠤᠷᠢᠳᠠᠪᠠᠷ ᠲᠦᠯᠦᠪᠵᠢᠭᠦᠯᠭᠡ ᠲᠣᠭᠲᠠᠭ᠋ᠠᠬᠤ ᠵᠢ ᠪᠠᠷᠢᠮᠲᠠᠯᠠᠵᠤ᠂ ᠦᠪᠡᠷᠲᠡᠭᠡᠨ ᠵᠠᠰᠠᠬᠤ ᠣᠷᠣᠨ᠎ᠤ ᠬᠤᠲᠠ ᠪᠠᠯᠭ᠋ᠠᠰᠤ ᠵᠢᠨ ᠰᠢᠰᠲ᠋ᠧᠮᠵᠢ ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠬᠡᠷᠡᠭᠵᠢᠭᠦᠯᠵᠦ᠂ ᠰᠢᠨ᠎ᠡ ᠮᠠᠶᠢᠭ᠎ᠤᠨ ᠬᠤᠲᠠ ᠪᠠᠯᠭ᠋ᠠᠰᠤᠵᠢᠯᠲᠠ ᠵᠢᠨ ᠲᠤᠷᠰᠢᠯᠲᠠ ᠵᠢᠨ ᠴᠢᠬ᠎ᠤᠨ ᠠᠵᠢᠯ᠎ᠢ ᠰᠠᠶ᠋ᠢᠲᠤᠷ ᠠᠳᠬᠤᠵᠤ᠂ ᠬᠤᠲᠠ ᠪᠠᠯᠭ᠋ᠠᠰᠤ ᠵᠢᠨ ᠪᠠᠶ᠋ᠢᠷᠢᠰᠢᠭᠤᠯᠤᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠤᠮᠤ ᠳᠤᠮᠳᠠ ᠪᠠᠭ᠎ᠠ ᠬᠤᠲᠠ ᠬᠢᠬᠡᠳ ᠪᠠᠭ᠎ᠠ ᠬᠤᠲᠠ ᠪᠠᠯᠭ᠋ᠠᠰᠤ᠂ ᠠᠵᠤ ᠦᠢ᠍ᠯᠡᠰ ᠬᠢᠬᠡᠳ ᠬᠤᠲᠠ ᠪᠠᠯᠭ᠋ᠠᠰᠤ᠂ ᠬᠤᠲᠠ ᠪᠠᠯᠭ᠋ᠠᠰᠤᠴᠢᠯᠠᠯᠲᠠ ᠬᠢᠬᠡᠳ ᠰᠢᠨ᠎ᠡ ᠮᠠᠯᠵᠢᠬᠤ ᠲᠠᠷᠢᠶᠠᠯᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠵᠣᠬᠢᠴᠠᠩᠭᠤᠢ ᠬᠥᠭᠵᠢᠬᠦ ᠵᠢ ᠢᠳᠡᠪᠬᠢᠲᠡᠢ᠎ᠪᠠᠷ ᠲᠦᠯᠬᠢᠨ ᠠᠬᠢᠭᠤᠯᠤᠨ᠎ᠠ᠃ ᠬᠤᠲᠠ ᠵᠢᠨ ᠰᠠᠭᠤᠷᠢ ᠪᠡᠯᠡᠳᠭᠡᠮᠵᠢ ᠵᠢᠨ ᠨᠦᠬᠦᠴᠡᠯ᠎ᠢ ᠬᠦᠴᠦᠯᠡᠨ ᠬᠠᠯᠠᠨ ᠰᠠᠶ᠋ᠢᠵᠢᠷᠠᠭᠤᠯᠵᠤ᠂ ᠬᠤᠲᠠ ᠵᠢᠨ ᠭᠠᠵᠠᠷ ᠳᠣᠣᠷᠠᠬᠢ ᠬᠤᠭᠤᠯᠠᠢ ᠭᠤᠤᠷᠰᠤ ᠵᠢᠨ ᠲᠣᠣᠷ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠪᠦᠬᠦ ᠲᠠᠯ᠎ᠠ᠎ᠪᠠᠷ ᠦᠷᠨᠢᠭᠦᠯᠵᠦ᠂ ᠬᠤᠲᠠ ᠵᠢᠨ ᠶᠡᠷᠦᠩᠬᠡᠶ᠋ᠢᠯᠡᠭᠰᠡᠨ ᠬᠤᠭᠤᠯᠠᠢ ᠭᠤᠤᠷᠰᠤ ᠵᠢᠨ ᠲᠤᠤᠷ᠎ᠤᠨ ᠬᠤᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠵᠢᠨ ᠲᠣᠭᠲᠠᠴᠠ᠎ᠳᠤ ᠢᠳᠡᠪᠬᠢᠲᠡᠢ᠎ᠪᠠᠷ ᠰᠢᠨ᠎ᠡ ᠵᠢ ᠡᠭᠦᠳᠴᠦ᠂ ᠣᠨᠴᠠ ᠵᠥᠪᠰᠢᠶᠡᠷᠡᠯ᠎ᠲᠠᠢ ᠡᠵᠡᠩᠨᠡᠯᠲᠡ᠂ ᠪᠡᠯᠡ ᠣᠷᠣᠭᠤᠯᠤᠯᠲᠠ ᠵᠢᠨ ᠨᠦᠬᠦᠪᠦᠷᠢ᠂ ᠦᠨ᠎ᠡ ᠬᠠᠩᠰᠢ ᠵᠢᠨ ᠲᠣᠭᠲᠠᠴᠠ ᠵᠢ ᠲᠡᠭᠦᠯᠳᠡᠷᠵᠢᠭᠦᠯᠬᠦ ᠵᠡᠷᠭᠡ ᠠᠷᠭ᠎ᠠ ᠵᠠᠮ ᠮᠥᠷ ᠵᠶ᠋ᠠᠷ ᠳᠠᠮᠵᠢᠵᠦ᠂ ᠨᠡᠶ᠋ᠢᠭᠡᠮ᠎ᠤᠨ ᠬᠦᠷᠦᠩᠭᠡ ᠮᠦᠡᠭᠬᠦ ᠵᠢ ᠬᠤᠲᠠ ᠵᠢᠨ ᠰᠠᠭᠤᠷᠢ ᠪᠡᠯᠡᠳᠭᠡᠮᠵᠢ ᠵᠢᠨ ᠲᠦᠷᠦᠯ ᠵᠦᠢ᠍ᠯ᠎ᠳᠤ ᠪᠡᠯᠡ ᠣᠷᠤᠭᠤᠯᠬᠤ᠎ᠪᠠᠷ ᠬᠦᠲᠦᠯᠦᠨ ᠵᠢᠯᠤᠭᠤᠳᠴᠤ᠂ ᠬᠤᠲᠠ ᠪᠠᠯᠭ᠋ᠠᠰᠤᠨᠤᠭᠤᠳᠤᠨ ᠠᠵᠤ ᠦᠢ᠍ᠯᠡᠰ ᠪᠣᠯᠣᠨ ᠬᠦᠮᠦᠨ ᠠᠮᠠ ᠵᠢᠨ ᠳᠠᠭ᠋ᠠᠭ᠋ᠠᠴᠠ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ ᠭᠡᠷ ᠪᠠᠶ᠋ᠢᠰᠢᠩ ᠭᠠᠵᠠᠷ ᠬᠦᠷᠦᠩᠭᠡ ᠵᠢᠨ ᠦᠢ᠍ᠯᠡᠰ᠎ᠢ ᠬᠦᠳᠦᠯᠦᠨ ᠳᠠᠭ᠋ᠠᠭᠤᠯᠬᠤ ᠪᠠ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠦᠢ᠍ᠯᠡᠰ᠎ᠤᠨ ᠦᠷᠬᠦᠯᠵᠢᠯᠡᠨ ᠡᠷᠡᠬᠦᠯ ᠵᠶ᠋ᠠᠷ ᠬᠦᠭᠵᠢᠬᠦ ᠵᠢ ᠠᠬᠢᠭᠤᠯᠤᠨ᠎ᠠ᠃ ᠰᠠᠭᠤᠷᠢ ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠬᠤᠲᠠ ᠵᠢᠨ ᠲᠤᠭ᠎ᠠ ᠪᠠᠷᠢᠮᠲᠠ ᠵᠢᠨ ᠲᠥᠪ᠎ᠢ ᠪᠠᠶ᠋ᠢᠭᠤᠯᠵᠤ᠂ ᠤᠶᠤᠨᠳᠤ ᠬᠤᠲᠠ᠂ ᠤᠶᠤᠨᠳᠤ ᠨᠡᠶ᠋ᠢᠭᠡᠮ ᠲᠣᠭᠤᠷᠢᠭ᠂ ᠤᠶᠤᠨᠳᠤ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
ᠰᠢᠶᠠᠨ᠎ᠤ ᠬᠡᠪᠴᠢᠶᠡᠨ᠎ᠤ ᠠᠵᠤ ᠠᠬᠤᠢ ᠪᠤᠯᠤᠨ ᠨᠡᠶ᠋ᠢᠲᠡ ᠵᠢᠨ ᠪᠣᠰᠤ ᠦᠮᠴᠢᠯᠡᠯᠲᠦ ᠠᠵᠤ ᠠᠬᠤᠢ ᠵᠢ ᠶᠡᠬᠡᠪᠡᠷ ᠬᠥᠭᠵᠢᠭᠦᠯᠦᠨ᠎ᠡ᠃ 《ᠠᠵᠦ ᠦᠢ᠍ᠯᠡᠰ ᠪᠤᠯᠤᠨ ᠬᠤᠲᠠ ᠵᠢ ᠠᠭᠤᠰᠤᠯᠴᠠᠭᠤᠯᠬᠤ》 ᠵᠶ᠋ᠠᠷ ᠭᠤᠤᠯᠳᠠᠭᠤᠯᠵᠦ ᠬᠤᠰᠢᠭᠤ ᠰᠢᠶᠠᠨ᠎ᠤ ᠬᠤᠲᠠ ᠪᠣᠯᠣᠨ ᠲᠥᠪ ᠪᠠᠯᠭ᠋ᠠᠰᠤ ᠵᠢᠨ ᠪᠠᠭᠲᠠᠭ᠋ᠠᠮᠵᠢ ᠵᠢ ᠥᠷᠭᠡᠵᠢᠭᠦᠯᠵᠦ ᠴᠢᠨᠠᠷ᠎ᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠵᠤ᠂ ᠰᠠᠭᠤᠷᠢ ᠪᠡᠯᠡᠳᠭᠡᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡ ᠵᠢᠨ ᠬᠤᠲᠠ ᠬᠦᠳᠡᠭᠡ ᠵᠢ ᠬᠤᠯᠪᠤᠵᠤ᠂ ᠬᠠᠮᠲᠤᠪᠡᠷ ᠪᠠᠶ᠋ᠢᠭᠤᠯᠵᠤ ᠬᠠᠮᠲᠣ᠎ᠪᠠᠷ ᠡᠳ᠋ᠯᠡᠬᠦ ᠵᠢ ᠲᠦᠷᠭᠡᠳᠭᠡᠨ᠎ᠠ᠃ ᠰᠢᠶᠠᠨ᠎ᠤ ᠬᠡᠪᠴᠢᠶᠡᠨ᠎ᠤ ᠠᠵᠤ ᠠᠬᠤᠢ ᠵᠢ ᠣᠨᠴᠠᠯᠢᠬ᠍ᠵᠢᠭᠤᠯᠤᠨ ᠬᠥᠭᠵᠢᠭᠦᠯᠬᠦ ᠵᠢ ᠠᠬᠢᠭᠤᠯᠵᠤ᠂ ᠬᠠᠷᠢᠴᠠᠭᠤᠯᠤᠭᠰᠠᠨ ᠳᠠᠪᠠᠭᠤᠯᠢᠭ ᠵᠶ᠋ᠠᠨ ᠪᠠᠳᠠᠷᠠᠭᠤᠯᠵᠤ᠂ ᠬᠡᠪᠴᠢᠶ᠎ᠡ ᠵᠢ ᠦᠷᠭᠡᠳᠭᠡᠬᠦ᠂ ᠨᠡᠷᠡᠲᠦ ᠲᠡᠮᠲᠡᠭᠲᠦ ᠵᠢ ᠠᠯᠳᠠᠷᠰᠢᠭᠤᠯᠬᠤ ᠪᠠ ᠪᠠᠶ᠋ᠢᠷᠢ ᠰᠤᠯᠪᠢᠴᠠᠨ ᠬᠥᠭᠵᠢᠭᠦᠯᠬᠦ ᠵᠢ ᠨᠢᠭᠡᠲᠦᠯᠲᠡᠢ ᠲᠦᠯᠦᠪᠯᠡᠨ᠂ ᠳᠠᠪᠠᠭᠤᠯᠢᠭ ᠣᠨᠴᠠᠯᠢᠭ ᠪᠦᠬᠦᠢ ᠠᠵᠤ ᠦᠢ᠍ᠯᠡᠰ᠎ᠢ ᠲᠦᠷᠭᠡᠳᠭᠡᠨ ᠬᠥᠭᠵᠢᠭᠦᠯᠤᠨ᠎ᠠ᠃ 《ᠡᠷᠬᠡ ᠵᠢ ᠥᠷᠭᠡᠳᠭᠡᠨ ᠰᠢᠶᠠᠨ᠎ᠢ ᠬᠦᠴᠦᠷᠭᠡᠭᠵᠢᠭᠦᠯᠬᠦ》 ᠲᠣᠷᠰᠢᠯᠲᠠ ᠵᠢᠨ ᠴᠢᠬ᠎ᠤᠨ ᠠᠵᠢᠯ᠎ᠢ ᠦᠷᠬᠦᠯᠵᠢᠯᠡᠨ ᠰᠠᠶ᠋ᠢᠳᠤᠷ ᠠᠳᠬᠤᠵᠤ᠂ ᠳᠤᠷᠰᠢᠯᠳᠠ ᠵᠢᠨ ᠴᠢᠬ᠎ᠤᠨ ᠳᠤᠷᠰᠢᠯᠭ᠎ᠠ᠎ᠪᠠᠨ ᠳ᠋ᠦᠡᠭᠨᠡᠵᠤ᠂ ᠳᠣᠷᠤᠭᠰᠢ ᠪᠠᠭᠤᠯᠭ᠋ᠠᠭᠰᠠᠨ ᠠᠵᠤ ᠠᠬᠤᠢ ᠨᠡᠶ᠋ᠢᠭᠡᠮ᠎ᠤᠨ ᠬᠠᠮᠢᠶᠠᠷᠤᠯᠲᠠ ᠵᠢᠨ ᠡᠷᠬᠡ ᠮᠡᠳᠡᠯ᠎ᠢ ᠨᠠᠶ᠋ᠢᠳᠠᠪᠤᠷᠢᠵᠢᠭᠤᠯᠤᠨ ᠪᠤᠳᠠᠳᠠᠶ᠋ᠢᠵᠢᠭᠤᠯᠬᠤ ᠵᠢ ᠦᠨᠡᠨᠬᠦ ᠪᠠᠲᠤᠯᠠᠨ᠂ ᠰᠢᠶᠠᠨ᠎ᠤ ᠬᠡᠪᠴᠢᠶᠡᠨ᠎ᠤ ᠵᠠᠰᠠᠬᠤ ᠪᠠ ᠪᠡᠶ᠎ᠡ᠎ᠪᠠᠨ ᠳᠠᠭ᠋ᠠᠭ᠋ᠠᠵᠤ ᠬᠥᠭᠵᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠨᠡᠶ᠋ᠢᠲᠡ ᠵᠢᠨ ᠪᠤᠰᠤ ᠦᠮᠴᠢᠯᠡᠯᠲᠦ ᠠᠵᠤ ᠠᠬᠤᠢ ᠵᠢ ᠲᠡᠳᠬᠦᠬᠦ ᠡᠷᠴᠢᠮ᠎ᠢ ᠴᠢᠩᠭ᠋ᠠᠷᠠᠭᠤᠯᠤᠨ᠂ ᠨᠡᠶ᠋ᠢᠲᠡ ᠵᠢᠨ ᠪᠣᠰᠤ ᠦᠮᠴᠢᠯᠡᠯᠲᠦ ᠠᠵᠤ ᠠᠬᠤᠶ᠋ᠢᠯᠠᠯ᠎ᠤᠨ ᠣᠨᠴᠤᠭᠤᠢ ᠵᠦᠪᠰᠢᠶᠡᠷᠡᠯ ᠵᠶ᠋ᠠᠷ ᠡᠵᠡᠩᠨᠡᠬᠦ ᠬᠦᠷᠢᠶᠡᠨ᠎ᠳᠤ ᠣᠷᠣᠬᠤ ᠪᠤᠳᠠᠳᠠᠢ ᠠᠷᠭ᠎ᠠ ᠵᠢ ᠲᠣᠭᠲᠠᠭ᠋ᠠᠨ᠂ ᠨᠡᠶ᠋ᠢᠲᠡ ᠵᠢᠨ ᠪᠤᠰᠤ ᠦᠮᠴᠢᠯᠡᠯᠳᠦ ᠡᠳ᠋ ᠬᠦᠷᠦᠩᠭᠡ ᠵᠢᠨ ᠬᠤᠪᠢᠴᠠᠭ᠎ᠠ ᠡᠵᠡᠮᠰᠢᠭᠰᠡᠨ ᠬᠤᠯᠢᠮᠠᠭ ᠦᠮᠴᠢᠯᠡᠯᠲᠦ ᠠᠵᠤ ᠠᠬᠤᠶ᠋ᠢᠯᠠᠯ᠎ᠢ ᠵᠣᠷᠢᠬ᠍ᠵᠢᠭᠤᠯᠤᠨ ᠬᠥᠭᠵᠢᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢᠨ ᠲᠡᠪᠴᠡᠩ᠎ᠢ ᠲᠡᠭᠦᠯᠳᠡᠷᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠨᠡᠶ᠋ᠢᠳᠡᠮ ᠬᠠᠷᠠᠭ᠋ᠠᠯᠵᠠᠬᠤ ᠳᠦᠷᠢᠮ᠎ᠤᠨ ᠦᠢ᠍ᠯᠡᠴᠢᠯᠡᠭᠡ ᠵᠢᠨ ᠰᠢᠰᠲ᠋ᠧᠮᠵᠢ ᠵᠢ ᠪᠠᠶ᠋ᠢᠭᠤᠯᠤᠨ᠎ᠠ᠃ ᠬᠥᠭᠵᠢᠯᠲᠡ ᠵᠢᠨ ᠣᠷᠴᠢᠨ ᠲᠣᠭᠤᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠡᠶ᠋ᠢᠲᠡ ᠵᠢᠨ ᠪᠤᠰᠤ ᠦᠮᠴᠢᠯᠡᠯᠲᠦ ᠠᠵᠤ ᠠᠬᠤᠶ᠋ᠢᠯᠠᠯ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠤᠯᠢ ᠶᠤᠰᠤᠭ᠋ᠠᠷ ᠬᠠᠮᠠᠭ᠋ᠠᠯᠠᠨ᠂ ᠨᠡᠶ᠋ᠢᠲᠡ ᠵᠢᠨ ᠪᠤᠰᠤ ᠦᠮᠴᠢᠯᠡᠯᠲᠦ ᠠᠵᠤ ᠠᠬᠤᠢ ᠵᠢᠨ ᠬᠥᠭᠵᠢᠯᠲᠡ᠎ᠳᠤ ᠰᠢᠨ᠎ᠡ ᠰᠢᠪᠲᠤᠯᠠᠯᠲᠠ᠎ᠲᠠᠢ ᠪᠣᠯᠬᠤ ᠵᠢ ᠠᠬᠢᠭᠤᠯᠤᠨ᠎ᠠ᠃
ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠨᠢᠭᠡᠲᠦᠯᠲᠡᠢ ᠲᠦᠯᠦᠪᠯᠡᠨ᠎ᠡ᠃ ᠭᠤᠣᠯ ᠴᠣᠭᠴᠠ᠎ᠳᠤ ᠴᠢᠳᠠᠪᠬᠢ ᠣᠷᠣᠨ᠎ᠤ ᠲᠦᠯᠦᠪᠵᠢᠭᠦᠯᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠵᠤ ᠠᠬᠤᠢ ᠵᠢᠨ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠦᠬᠦᠪᠦᠷᠢᠯᠡᠬᠦ᠂ ᠴᠢᠳᠠᠪᠬᠢ ᠵᠢᠨ ᠪᠠᠶ᠋ᠢᠷᠢ ᠲᠤᠭᠲᠠᠭ᠋ᠠᠯᠲᠠ᠎ᠨᠢ ᠲᠤᠳᠤᠷᠬᠠᠢ᠂ ᠡᠬᠢ ᠪᠠᠶᠠᠯᠢᠭ᠎ᠢ ᠦᠨᠳᠦᠷ ᠪᠦᠲᠦᠮᠵᠢᠲᠡᠢ ᠠᠰᠢᠭᠯᠠᠬᠤ᠂ ᠬᠦᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠯ᠎ᠲᠠᠢ ᠤᠷᠤᠰᠢᠭᠰᠠᠨ ᠣᠷᠣᠨ ᠪᠦᠰᠡ ᠵᠢᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠪᠣᠢ ᠪᠣᠯᠭ᠋ᠠᠨ᠎ᠠ᠃ ᠬᠦᠬᠡᠬᠤᠲᠠ ᠪᠣᠭᠤᠳᠤ ᠣᠷᠳᠤᠰ᠎ᠤᠨ ᠨᠢᠭᠡ ᠴᠣᠭᠴᠠᠵᠢᠬᠤ ᠵᠢ ᠬᠦᠴᠦᠳᠠᠢ ᠠᠬᠢᠭᠤᠯᠵᠤ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠮᠥᠩᠭᠦᠨ ᠭᠦᠢ᠍ᠯᠭᠡᠭᠡ ᠵᠡᠷᠭᠡ ᠬᠦᠷᠢᠶᠡᠨ᠎ᠳᠠᠬᠢ ᠤᠷᠢᠳᠴᠢᠯᠠᠨ ᠬᠤᠲᠠᠴᠢᠯᠠᠬᠤ ᠵᠢ ᠪᠡᠶᠡᠯᠡᠭᠦᠯᠦᠨ᠎ᠠ᠃ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠢᠳᠡᠪᠬᠢᠳᠠᠢ ᠠᠬᠢᠭᠤᠯᠵᠤ᠂ ᠣᠷᠣᠨ ᠪᠦᠰᠡ ᠵᠢᠨ ᠳᠣᠲᠤᠷᠠᠬᠢ ᠡᠬᠢ ᠪᠠᠶᠠᠯᠢᠭ᠎ᠤᠨ ᠬᠦᠴᠦᠨ ᠵᠦᠢ᠍ᠯ᠎ᠢ ᠡᠮᠬᠢᠯᠡᠨ ᠨᠡᠶ᠋ᠢᠯᠡᠭᠦᠯᠬᠦ ᠪᠠ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ ᠡᠷᠴᠢᠮ᠎ᠢ ᠴᠢᠩᠭ᠋ᠠᠷᠠᠭᠤᠯᠤᠨ᠎ᠠ᠃ ᠬᠠᠲᠤᠨ ᠭᠤᠣᠯ ᠳᠠᠭ᠋ᠠᠤ᠂ ᠵᠠᠮ ᠬᠠᠷᠢᠯᠴᠠᠭ᠋ᠠᠨ᠎ᠤ ᠭᠤᠣᠯ ᠱᠤᠭᠤᠮ ᠳᠠᠭ᠋ᠠᠤ ᠵᠢᠨ ᠠᠵᠤ ᠠᠬᠤᠢ ᠵᠢᠨ ᠪᠦᠰᠡ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠰᠠᠴᠤᠷᠠᠭ᠋ᠠᠨ ᠨᠦᠯᠦᠭᠡᠯᠡᠵᠦ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠵᠡᠭᠦᠨ ᠬᠤᠶ᠋ᠢᠲᠤ ᠣᠷᠣᠨ᠎ᠤ ᠬᠦᠭᠵᠢᠯᠲᠡ ᠵᠢ ᠳᠡᠮᠵᠢᠬᠦ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠵᠡᠭᠦᠨ ᠪᠡᠶ᠎ᠠ ᠵᠢᠨ ᠠᠶ᠋ᠢᠮᠠᠭ ᠬᠤᠲᠠ ᠵᠢᠨ ᠳᠦᠷᠬᠡᠨ ᠬᠦᠭᠵᠢᠬᠦ ᠵᠢ ᠠᠬᠢᠭᠤᠯᠤᠨ᠎ᠠ᠃ ᠡᠬᠢ ᠪᠠᠶᠠᠯᠢᠭ᠎ᠤᠨ ᠬᠡᠯᠪᠡᠷᠢ᠎ᠲᠠᠢ ᠭᠠᠵᠠᠷ ᠣᠷᠤᠨ ᠪᠣᠯᠣᠨ ᠰᠢᠭᠤᠢ᠍ᠢ᠍ᠳᠤ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠵᠤ᠂ ᠮᠠᠯᠵᠢᠬᠤ ᠬᠤᠰᠢᠭᠤ ᠰᠢᠶᠠᠨ᠂ ᠬᠢᠯᠢ ᠬᠢᠵᠠᠭ᠋ᠠᠷ ᠵᠶ᠋ᠠᠷ ᠪᠠᠶ᠋ᠢᠬᠤ ᠬᠤᠰᠢᠭᠤ ᠬᠤᠲᠠ᠂ ᠭᠤᠷᠪᠠᠨ ᠴᠦᠬᠡᠨ ᠲᠣᠭ᠋ᠠᠲᠤ ᠦᠨᠳᠦᠰᠦᠲᠡᠨ᠎ᠤ ᠦᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ᠎ᠤ ᠰᠢᠶᠠᠩ ᠪᠣᠯᠣᠨ ᠴᠦᠬᠡᠨ ᠲᠣᠭ᠋ᠠᠲᠤ ᠦᠨᠳᠦᠰᠦᠲᠡᠨ᠎ᠤ ᠬᠦᠮᠦᠨ ᠠᠮᠠ ᠬᠠᠷᠢᠴᠠᠩᠭᠤᠢ ᠲᠦᠪᠯᠡᠷᠡᠭᠰᠡᠨ ᠭᠠᠵᠠᠷ ᠣᠷᠣᠨ᠎ᠢ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃
(ᠵᠢᠷᠭᠤᠭ᠎ᠠ) ᠠᠷᠠᠳ᠎ᠤᠨ ᠠᠮᠢᠳᠤᠷᠠᠯ᠎ᠢ ᠦᠨᠡᠨᠬᠦ ᠪᠠᠲᠤᠯᠠᠬᠤ ᠪᠠ ᠰᠠᠶ᠋ᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠬᠢᠷᠢ ᠲᠥᠪᠰᠢᠨ᠎ᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ
ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠦᠨ᠎ᠡ᠃ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨᠠ᠃ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠡ ᠵᠢᠨ ᠴᠠᠯᠢᠩ᠎ᠤᠨ ᠳᠦᠷᠢᠮ᠎ᠢ ᠲᠡᠭᠦᠯᠳᠡᠷᠵᠢᠭᠦᠯᠦᠨ᠂ ᠦᠨᠳᠦᠰᠦᠨ ᠴᠠᠯᠢᠩ᠎ᠤᠨ ᠪᠠᠷᠢᠮᠵᠢᠶ᠎ᠠ ᠵᠢ ᠲᠣᠬᠢᠷᠠᠭᠤᠯᠵᠤ᠂ ᠬᠤᠰᠢᠭᠤ ᠰᠢᠶᠠᠨ᠎ᠤ ᠱᠠᠲᠤᠨ᠎ᠠᠴᠠ ᠳᠣᠷᠤᠭᠰᠢᠬᠢ ᠪᠠᠶ᠋ᠢᠭᠤᠯᠭ᠎ᠠ ᠵᠢᠨ ᠠᠯᠪᠠᠲᠠᠨ᠎ᠤ ᠲᠤᠰᠢᠶᠠᠯ ᠬᠢᠭᠡᠳ ᠲᠤᠰᠢᠶᠠᠯ᠎ᠤᠨ ᠳᠡᠰ᠎ᠢ ᠵᠡᠷᠭᠡ᠎ᠪᠠᠷ ᠶᠠᠪᠤᠭᠤᠯᠬᠤ ᠳᠦᠷᠢᠮ᠎ᠢ ᠬᠡᠷᠡᠭᠵᠢᠭᠦᠯᠵᠦ᠂ ᠠᠵᠢᠯᠲᠠᠨ ᠠᠵᠢᠯᠴᠢᠳ᠎ᠤᠨ ᠴᠠᠯᠢᠩ ᠠᠪᠴᠤ ᠠᠮᠠᠷᠠᠬᠤ ᠳᠦᠷᠢᠮ᠎ᠢ ᠨᠠᠶ᠋ᠢᠳᠠᠪᠤᠷᠢᠵᠢᠭᠤᠯᠤᠨ᠎ᠠ᠃ ᠠᠵᠤ ᠠᠬᠤᠶ᠋ᠢᠯᠠᠯ᠎ᠤᠨ ᠴᠠᠯᠢᠩ ᠵᠶ᠋ᠠᠨ ᠬᠠᠮᠲᠤ᠎ᠪᠠᠷ ᠵᠦᠪᠳᠡᠯᠴᠡᠬᠦ ᠵᠢ ᠠᠬᠢᠭᠤᠯᠵᠤ᠂ ᠴᠠᠯᠢᠩ᠎ᠤᠨ ᠬᠠᠮᠤᠭ ᠳᠣᠣᠷ᠎ᠠ ᠪᠠᠷᠢᠮᠵᠢᠶ᠎ᠠ ᠵᠢᠨ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠤᠯᠠᠮ ᠨᠢᠭᠡ ᠠᠯᠬᠤᠮ ᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ᠎ᠤ ᠬᠦᠳᠡᠯᠮᠦᠷᠢ ᠬᠦᠴᠦ ᠵᠢ ᠰᠢᠯᠵᠢᠭᠦᠯᠦᠨ ᠠᠵᠢᠯ ᠤᠯᠭᠤᠬᠤ ᠵᠢ ᠬᠦᠲᠦᠯᠦᠨ ᠵᠢᠯᠤᠭᠤᠳᠴᠤ᠂ ᠮᠠᠯᠴᠢᠨ ᠲᠠᠷᠢᠶᠠᠴᠢᠳ᠎ᠲᠤ ᠬᠠᠷᠠᠭ᠋ᠠᠯᠵᠠᠯ ᠦᠵᠡᠭᠦᠯᠬᠦ ᠡᠯ᠎ᠡ ᠵᠦᠢ᠍ᠯ᠎ᠤᠨ ᠨᠦᠬᠦᠪᠦᠷᠢ ᠵᠢᠨ ᠲᠥᠷᠥ ᠵᠢᠨ ᠪᠣᠳᠣᠯᠭ᠎ᠠ ᠵᠢ ᠲᠡᠷᠡ ᠶᠤᠰᠤᠭ᠋ᠠᠷ᠎ᠨᠢ ᠨᠠᠶ᠋ᠢᠳᠠᠪᠤᠷᠢᠵᠢᠭᠤᠯᠤᠨ᠎ᠠ᠃ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠭᠠᠵᠠᠷ ᠰᠢᠷᠤᠢ ᠲᠠᠲᠠᠪᠤᠷᠢᠯᠠᠵᠦ ᠬᠡᠷ ᠪᠠᠶ᠋ᠢᠰᠢᠩ᠎ᠢ ᠨᠤᠷᠠᠭ᠋ᠠᠵᠤ ᠨᠡᠭᠦᠯᠭᠡᠬᠦ᠎ᠳᠤ ᠨᠦᠬᠦᠪᠦᠷᠢᠯᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠭᠠᠵᠠᠷ ᠰᠢᠷᠤᠢ᠂ ᠭᠡᠷ ᠪᠠᠷᠢᠬᠤ ᠭᠠᠵᠠᠷ ᠪᠣᠯᠣᠨ ᠬᠠᠮᠲᠤ ᠵᠢᠨ ᠡᠳ᠋ ᠬᠦᠷᠦᠩᠭᠡ ᠵᠢᠨ ᠳᠠᠯ᠎ᠠ᠎ᠪᠠᠷ᠎ᠬᠢ ᠮᠠᠯᠴᠢᠨ ᠲᠠᠷᠢᠶᠠᠴᠢᠳ᠎ᠤᠨ ᠡᠷᠬᠡ ᠠᠰᠢᠭ᠎ᠢ ᠬᠠᠤᠯᠢ ᠶᠤᠰᠤᠭ᠋ᠠᠷ ᠪᠠᠲᠤᠯᠠᠨ᠎ᠠ᠃
ᠨᠡᠶ᠋ᠢᠭᠡᠮ᠎ᠤᠨ ᠪᠠᠲᠤᠯᠠᠭ᠎ᠠ ᠵᠢᠨ ᠠᠮᠦᠷ ᠲᠥᠪᠰᠢᠨ᠎ᠤ ᠲᠣᠣᠷ᠎ᠢ ᠨᠢᠭᠲᠠ ᠪᠦᠬᠡᠳ ᠪᠠᠬᠢ ᠪᠠᠶ᠋ᠢᠭᠤᠯᠤᠨ᠎ᠠ᠃ ᠠᠵᠤ ᠠᠬᠤᠶ᠋ᠢᠯᠠᠯ᠎ᠤᠨ ᠠᠵᠢᠯ᠎ᠠᠴᠠ᠎ᠪᠠᠨ ᠪᠠᠭᠤᠵᠤ ᠠᠮᠠᠷᠠᠬᠰᠠᠨ ᠠᠵᠢᠯᠲᠠᠨ ᠠᠵᠢᠯᠴᠢᠳ᠎ᠤᠨ ᠦᠨᠳᠦᠰᠦᠨ ᠨᠠᠰᠤᠵᠢᠯ᠎ᠤᠨ ᠮᠦᠡᠭᠬᠦ ᠪᠤᠯᠤᠨ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠰᠠᠭᠤᠷᠢ ᠨᠠᠰᠤᠵᠢᠯ᠎ᠤᠨ ᠮᠦᠩᠭᠦ᠂ ᠠᠰᠠᠷᠠᠨ ᠬᠠᠷᠠᠭ᠋ᠠᠯᠵᠠᠬᠤ ᠡᠲᠡᠭᠡᠳ᠎ᠤᠨ ᠠᠰᠠᠷᠠᠮᠵᠢ ᠪᠣᠯᠣᠨ ᠠᠮᠢᠳᠤᠷᠠᠯ᠎ᠤᠨ ᠨᠦᠬᠦᠪᠦᠷᠢ᠂ ᠬᠤᠲᠠ ᠬᠦᠳᠡᠭᠡ᠎ᠳᠠᠬᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠬᠦ ᠡᠲᠡᠭᠡᠳ᠎ᠤᠨ ᠨᠦᠬᠦᠪᠦᠷᠢ ᠵᠢᠨ ᠬᠢᠷᠢ ᠬᠡᠮᠵᠢᠶ᠎ᠠ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶ᠋ᠢᠭᠡᠮ᠎ᠤᠨ ᠳᠠᠭ᠋ᠠᠳᠬᠠᠯ᠎ᠤᠨ ᠨᠢᠭᠡᠲᠦᠯᠲᠡᠢ ᠲᠦᠯᠦᠪᠯᠡᠬᠦ ᠳᠡᠰ ᠳᠠᠪᠬᠤᠷᠭ᠎ᠠ ᠪᠣᠯᠣᠨ ᠪᠠᠲᠤᠯᠠᠭ᠎ᠠ ᠵᠢᠨ ᠬᠢᠷᠢ ᠬᠡᠮᠵᠢᠶ᠎ᠠ ᠵᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠲᠣᠬᠠᠢ ᠦᠪᠡᠷᠲᠡᠭᠡᠨ ᠵᠠᠰᠬᠠᠤ ᠣᠷᠣᠨ᠎ᠤ ᠨᠢᠭᠡᠲᠦᠯᠲᠡᠢ ᠲᠦᠯᠦᠪᠯᠡᠬᠦ ᠬᠠᠮᠢᠶᠠᠷᠤᠯᠲᠠ ᠵᠢᠨ ᠠᠷᠭ᠎ᠠ ᠵᠢ ᠳᠡᠭᠦᠯᠳᠡᠷᠵᠢᠭᠦᠯᠵᠦ᠂ ᠡᠮᠴᠢᠯᠡᠭᠡ᠂ ᠲᠦᠷᠦᠵᠦ ᠪᠤᠶ᠋ᠢᠵᠢᠭᠤᠯᠬᠤ ᠵᠡᠷᠭᠡ ᠳᠠᠭ᠋ᠠᠳᠬᠠᠯ᠎ᠢ ᠠᠶ᠋ᠢᠮᠠᠭ ᠬᠤᠲᠠ ᠵᠢᠨ ᠱᠠᠲᠤᠨ᠎ᠤ᠎ᠬᠢᠨ ᠨᠢᠭᠡᠲᠦᠯᠲᠡᠢ ᠲᠦᠯᠦᠪᠯᠡᠬᠦ ᠵᠢ ᠵᠢᠷᠤᠮᠵᠢᠭᠤᠯᠤᠨ᠎ᠠ᠃ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠡ ᠵᠢᠨ ᠨᠠᠰᠤᠵᠢᠯ᠎ᠤᠨ ᠳᠠᠭ᠋ᠠᠳᠬᠠᠯ᠎ᠤᠨ ᠳᠦᠷᠢᠮ᠎ᠤᠨ ᠦᠭᠡᠷᠡᠴᠢᠯᠡᠯᠲᠡ ᠵᠢᠨ ᠲᠤᠬᠠᠢ ᠤᠯᠤᠰ᠎ᠤᠨ ᠳᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠭᠠᠵᠠᠷ ᠰᠢᠷᠤᠢ᠎ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠳ᠎ᠲᠤ ᠵᠤᠷᠢᠭᠤᠯᠤᠭᠰᠠᠨ ᠨᠡᠶ᠋ᠢᠭᠡᠮ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠬᠤᠲᠠ ᠪᠠᠯᠭ᠋ᠠᠰᠤ ᠵᠢᠨ ᠪᠠᠶ᠋ᠢᠩᠭᠤ ᠰᠠᠭᠤᠭ᠎ᠠ ᠬᠦᠮᠦᠨ ᠠᠮᠠ ᠵᠢ ᠬᠤᠲᠠ ᠪᠠᠯᠭ᠋ᠠᠰᠤ ᠵᠢᠨ ᠦᠨᠳᠦᠰᠦᠨ ᠡᠮᠴᠢᠯᠡᠭᠡ ᠵᠢᠨ ᠪᠠᠲᠤᠯᠠᠭ᠎ᠠ ᠵᠢᠨ ᠬᠡᠪᠴᠢᠶᠡᠨ᠎ᠳᠤ ᠠᠯᠬᠤᠮ ᠠᠯᠬᠤᠮ ᠵᠶ᠋ᠠᠷ ᠣᠷᠣᠭᠤᠯᠤᠨ᠎ᠠ᠃ ᠬᠦᠳᠡᠭᠡ ᠲᠤᠰᠬᠤᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠴᠢᠯᠡᠭᠡ᠎ᠳᠠᠬᠢ ᠬᠦᠨᠳᠤ ᠡᠪᠡᠳᠴᠢᠨ᠎ᠢ ᠡᠮᠴᠢᠯᠡᠬᠦ ᠪᠠᠲᠤᠯᠠᠭ᠎ᠠ ᠵᠢᠨ ᠬᠡᠪᠴᠢᠶ᠎ᠡ ᠵᠢ ᠦᠷᠭᠡᠳᠭᠡᠵᠦ᠂ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠬᠦᠨᠳᠤ ᠡᠪᠡᠳᠴᠢᠨ᠎ᠤ ᠡᠮᠴᠢᠯᠡᠬᠦ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠪᠦᠲᠦᠮᠵᠢᠲᠡᠢ ᠵᠤᠯᠭ᠋ᠠᠯᠲᠤᠭᠤᠯᠬᠤ ᠵᠢ ᠲᠦᠯᠬᠢᠨ ᠠᠬᠢᠭᠤᠯᠵᠤ᠂ ᠡᠪᠡᠳᠴᠢᠨ ᠡᠮᠭᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠤᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠡᠮᠴᠢᠯᠡᠭᠡ ᠵᠢᠨ ᠳᠠᠭ᠋ᠠᠳᠬᠠᠯ ᠪᠠ ᠬᠦᠳᠡᠭᠡ ᠲᠤᠰᠬᠤᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠴᠢᠯᠡᠭᠡ ᠵᠢᠨ ᠲᠠᠯ᠎ᠠ᠎ᠪᠠᠷ᠎ᠬᠢ ᠵᠠᠰᠠᠭ᠎ᠤᠨ ᠣᠷᠳᠤᠨ᠎ᠤ ᠨᠦᠬᠦᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠬᠦᠮᠦᠨ ᠪᠦᠷᠢ ᠵᠢᠯ᠎ᠳᠤ 320 ᠲᠦᠭᠦᠷᠢᠭ ᠪᠠᠶ᠋ᠢᠭᠰᠠᠨ᠎ᠠᠴᠠ 380 ᠲᠦᠭᠦᠷᠢᠭ ᠪᠣᠯᠭ᠋ᠠᠨ ᠲᠡᠬᠡᠭᠰᠢᠯᠡᠬᠦᠯᠦᠨ᠎ᠠ᠃ ᠡᠮᠴᠢᠯᠡᠭᠡ ᠵᠢᠨ ᠳᠠᠭ᠋ᠠᠳᠬᠠᠯ᠎ᠤᠨ ᠰᠦᠢ᠍ᠳᠭᠡᠯ ᠲᠤᠰᠢᠶᠠᠬᠤ ᠠᠷᠭ᠎ᠠ ᠮᠠᠶᠢᠭ᠎ᠤᠨ ᠦᠭᠡᠷᠡᠴᠢᠯᠡᠯᠲᠡ ᠵᠢ ᠦᠷᠭᠦᠯᠵᠢᠯᠡᠨ ᠲᠦᠯᠬᠢᠨ ᠠᠬᠢᠭᠤᠯᠵᠤ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ ᠵᠶ᠋ᠠᠷ ᠣᠷᠣᠨ᠎ᠤ ᠬᠢᠵᠠᠭ᠋ᠠᠷ ᠲᠤᠳᠤᠷᠠᠬᠢ ᠪᠤᠰᠤᠳ ᠭᠠᠵᠠᠷ ᠵᠶ᠋ᠠᠷ ᠡᠮᠨᠡᠭᠦᠯᠬᠦ᠎ᠳᠤ ᠰᠢᠭᠤᠳ ᠳ᠋ᠦᠩᠨᠡᠨ ᠪᠣᠳᠣᠬᠤ ᠵᠢ ᠪᠡᠶᠡᠯᠡᠭᠦᠯᠦᠨ᠎ᠡ᠃ ᠲᠦᠷ ᠴᠠᠭ᠎ᠤᠨ ᠠᠪᠤᠷᠠᠨ ᠲᠤᠰᠠᠯᠠᠬᠤ ᠪᠠ ᠣᠨᠴᠤᠭᠤᠢ ᠬᠦᠨᠳᠦ ᠡᠪᠡᠳᠴᠢᠨ᠎ᠢ ᠡᠮᠴᠢᠯᠡᠵᠦ ᠠᠪᠤᠷᠠᠨ ᠲᠤᠰᠠᠯᠠᠬᠤ ᠳᠦᠷᠢᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠬᠦᠴᠢᠷᠳᠡᠯᠲᠡᠢ ᠣᠯᠠᠨ ᠲᠦᠮᠡᠨ᠎ᠢ ᠨᠡᠶ᠋ᠢᠭᠡᠮ᠎ᠤᠨ᠎ᠬᠢᠨ᠎ᠠᠴᠠ ᠠᠪᠤᠷᠠᠨ ᠲᠤᠰᠠᠯᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠨ᠎ᠡ᠃
ᠠᠷᠠᠳ᠎ᠤᠨ ᠠᠮᠢᠳᠤᠷᠠᠯ᠎ᠤᠨ ᠭᠤᠣᠯᠳᠠᠯᠭ᠎ᠠ᠎ᠲᠠᠢ ᠢᠨᠵᠧᠨᠧᠷᠢᠩ᠎ᠤᠨ ᠪᠠᠶ᠋ᠢᠭᠤᠯᠤᠯᠲᠠ ᠵᠢ ᠬᠦᠴᠦᠳᠠᠢ ᠲᠦᠯᠬᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ 《ᠠᠷᠪᠠ᠎ᠪᠠᠷ ᠪᠦᠬᠦᠨ᠎ᠢ ᠬᠠᠮᠤᠷᠠᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠲᠦᠯᠦᠪᠵᠢᠭᠦᠯᠭᠡ ᠵᠢᠨ ᠲᠦᠰᠦᠯ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠲᠦᠷᠦᠯ ᠵᠦᠢ᠍ᠯ᠎ᠢ ᠵᠣᠬᠢᠰᠲᠠᠢ ᠪᠠᠶ᠋ᠢᠷᠢᠯᠠᠭᠤᠯᠤᠨ᠂ ᠪᠠᠷᠢᠯᠭ᠎ᠠ ᠵᠢᠨ ᠠᠵᠢᠯ᠎ᠢ ᠨᠢᠮᠪᠠᠢ ᠵᠣᠬᠢᠶᠠᠨ ᠪᠠᠶ᠋ᠢᠭᠤᠯᠵᠤ᠂ ᠬᠤᠶ᠋ᠢᠨᠠᠬᠢ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠨ᠂ ᠦᠪᠡᠷᠲᠡᠭᠡᠨ ᠵᠠᠰᠠᠬᠤ ᠣᠷᠣᠨ᠎ᠤ ᠬᠠᠮᠤᠭ ᠶᠡᠭᠡ ᠶᠡᠷᠦᠩᠬᠡᠶ᠋ᠢᠯᠡᠭᠰᠡᠨ ᠴᠢᠨᠠᠷᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠦᠨᠡᠨᠬᠦ ᠪᠤᠳᠠᠳᠠᠢ᠎ᠪᠠᠷ ᠴᠢᠩᠭ᠎ᠠ ᠠᠳᠬᠤᠵᠤ᠂ ᠥᠷᠭᠡᠨ ᠣᠯᠠᠨ ᠮᠠᠯᠴᠢᠨ ᠲᠡᠷᠢᠶᠠᠴᠢᠳ᠎ᠲᠤ ᠤᠷᠲᠤ ᠬᠤᠭᠤᠴᠠᠭ᠎ᠠ᠎ᠪᠠᠷ ᠠᠰᠢᠭ ᠲᠤᠰᠠ ᠬᠦᠷᠲᠡᠭᠡᠨ᠎ᠡ᠃ ᠠᠳᠠᠯ ᠦᠢ᠍ᠯᠡᠰ ᠴᠣᠭᠴᠠᠯᠠᠵᠤ ᠠᠵᠢᠯ ᠣᠯᠭᠤᠬᠤ ᠢᠨᠵᠧᠨᠧᠷᠢᠩ᠎ᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠤᠬᠤ᠎ᠪᠠᠷ ᠭᠤᠣᠯᠳᠠᠯᠭ᠎ᠠ ᠪᠣᠯᠭ᠋ᠠᠨ᠂ ᠮᠠᠯᠴᠢᠨ ᠲᠠᠷᠢᠶᠠᠴᠢᠳ᠎ᠢ ᠰᠢᠯᠵᠢᠭᠦᠯᠦᠨ ᠠᠵᠢᠯ ᠣᠯᠭᠤᠬᠤ᠂ ᠨᠤᠲᠤᠭ᠎ᠲᠠᠭᠠᠨ ᠪᠣᠴᠠᠵᠤ ᠠᠳᠠᠯ ᠦᠢ᠍ᠯᠡᠰ ᠴᠣᠭᠴᠠᠯᠠᠬᠤ ᠪᠠ ᠬᠤᠲᠠ ᠪᠠᠯᠭ᠋ᠠᠰᠤ ᠵᠢᠨ ᠠᠵᠢᠯ ᠠᠯᠳᠠᠭᠰᠠᠳ᠂ ᠠᠵᠢᠯ ᠣᠯᠬᠤ᠎ᠳᠤ ᠬᠦᠴᠢᠷᠲᠡᠢ ᠬᠦᠮᠦᠰ᠎ᠲᠤ ᠠᠵᠢᠯ ᠣᠯᠭᠤᠬᠤ ᠠᠵᠢᠯ᠎ᠢ ᠨᠢᠭᠡᠲᠦᠯᠲᠡᠢ ᠲᠦᠯᠦᠪᠯᠡᠵᠦ ᠰᠠᠶ᠋ᠢᠲᠤᠷ ᠬᠢᠨ᠎ᠡ᠃ ᠠᠳᠠᠯ ᠦᠢ᠍ᠯᠡᠰ ᠴᠣᠭᠴᠠᠯᠠᠬᠤ ᠣᠷᠴᠢᠨ ᠠᠬᠤᠢ ᠵᠢ ᠰᠢᠯᠢᠳᠡᠭᠵᠢᠭᠦᠯᠵᠦ᠂ ᠦᠷᠬᠡᠨ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠬᠤ᠂ ᠬᠤᠲᠠᠯᠠ ᠤᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢ ᠠᠬᠢᠭᠤᠯᠵᠤ᠂ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠤᠬᠤ ᠵᠢ ᠳᠠᠶ᠋ᠢᠴᠢᠯᠠᠨ᠎ᠠ᠃ ᠬᠦᠳᠡᠯᠮᠦᠷᠢ ᠨᠢᠭᠲᠠᠷᠠᠭᠰᠠᠨ ᠬᠡᠯᠪᠡᠷᠢ ᠪᠦᠬᠦᠢ ᠠᠵᠤ ᠦᠢ᠍ᠯᠡᠰ᠂ ᠦᠢ᠍ᠯᠡᠴᠢᠯᠡᠭᠡ ᠵᠢᠨ ᠦᠢ᠍ᠯᠡᠰ ᠪᠣᠯᠣᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠥᠭᠵᠢᠯᠲᠡ ᠵᠢ ᠬᠦᠴᠦᠳᠠᠢ ᠲᠡᠳᠭᠦᠵᠦ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠠᠵᠢᠯ ᠣᠯᠭᠤᠬᠤ ᠦᠢ᠍ᠯᠡᠴᠢᠯᠡᠭᠡ ᠵᠢᠨ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠨ᠂ 《ᠨᠢᠭᠡ᠎ᠨᠢ ᠴᠦ᠍ ᠠᠵᠢᠯ ᠣᠯᠣᠭᠰᠠᠨ ᠦᠭᠡᠢ》 ᠭᠡᠷ ᠪᠦᠯᠢ ᠵᠢᠨ᠎ᠬᠢᠨ᠎ᠤ ᠬᠦᠳᠡᠯᠦᠩᠭᠦᠢ ᠪᠠᠶ᠋ᠢᠳᠠᠯ᠎ᠢ ᠦᠬᠡᠶ᠋ᠢᠰᠬᠡᠬᠦᠪᠠᠨ ᠪᠠᠳᠤᠯᠠᠬᠤ᠂ ᠬᠤᠲᠠ ᠪᠠᠯᠭ᠋ᠠᠰᠤ ᠵᠢᠨ 25 ᠲᠦᠮᠡᠡ ᠬᠦᠮᠦᠨ᠎ᠳᠤ ᠰᠢᠨ᠎ᠡ᠎ᠪᠠᠷ ᠠᠵᠢᠯ ᠣᠯᠭᠤᠬᠤ ᠵᠢ ᠨᠡᠮᠡᠭᠳᠡᠭᠦᠯᠬᠦ᠂ ᠬᠤᠲᠠ ᠪᠠᠯᠭ᠋ᠠᠰᠤ ᠵᠢᠨ ᠳᠠᠩᠰᠠᠯᠠᠭᠤᠯᠤᠭᠰᠠᠨ ᠠᠵᠢᠯ ᠠᠯᠳᠠᠬᠰᠠᠨ ᠨᠣᠷᠮ᠎ᠡ ᠵᠢ 4% ᠵᠢᠨ ᠲᠣᠳᠤᠷ᠎ᠠ ᠬᠢᠵᠠᠭ᠋ᠠᠷᠯᠠᠬᠤ ᠬᠠᠷᠠᠯᠲᠠ᠎ᠪᠠᠨ ᠦᠨᠡᠨᠬᠦ ᠪᠠᠳᠤᠯᠠᠨ ᠪᠡᠶᠡᠯᠡᠬᠦᠯᠦᠨ᠎ᠠ᠃ ᠶᠠᠳᠠᠭᠤ ᠵᠢ ᠲᠡᠳᠭᠦᠨ ᠪᠤᠭᠤᠮᠲᠠ ᠰᠢᠪᠲᠤᠯᠠᠬᠤ ᠢᠨᠵᠧᠨᠧᠷᠢᠩ᠎ᠢ ᠬᠦᠨᠵᠡᠭᠡᠢ ᠲᠦᠯᠬᠢᠨ ᠠᠬᠢᠭᠤᠯᠵᠤ᠂ ᠤᠳᠤᠷᠢᠳᠬᠤ ᠺᠠᠳ᠋ᠷᠴᠤᠳ ᠶᠠᠳᠠᠭᠤ ᠬᠦᠴᠢᠷᠳᠡᠯᠲᠡᠢ ᠴᠢᠬᠯᠤᠭᠠ ᠬᠠᠷᠢᠯᠴᠠᠬᠤ ᠳᠦᠷᠢᠮ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ 《ᠭᠤᠷᠪᠠ ᠵᠢ ᠲᠤᠰᠬᠤᠨ ᠬᠢᠭᠡᠳ ᠡᠷᠦᠬᠡ᠎ᠳᠤ ᠬᠦᠷᠭᠡᠬᠦ》 ᠬᠠᠪᠰᠤᠷᠤᠨ ᠲᠡᠳᠭᠦᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠳᠤᠷ ᠠᠳᠬᠤᠵᠤ᠂ ᠮᠦᠩᠭᠦᠨ ᠭᠦᠢ᠍ᠯᠭᠡᠭᠡ ᠰᠤᠷᠭ᠋ᠠᠨ ᠬᠦᠮᠦᠵᠢᠯ ᠪᠠ ᠨᠡᠶ᠋ᠢᠭᠡᠮ᠎ᠤᠨ ᠶᠠᠳᠠᠭᠤ ᠵᠢ ᠲᠡᠳᠭᠦᠬᠦ ᠠᠵᠢᠯ ᠵᠶ᠋ᠠᠨ ᠦᠨᠡᠨᠬᠦ ᠰᠠᠶ᠋ᠢᠲᠤᠷ ᠠᠳᠬᠤᠵᠤ᠂ ᠶᠡᠭᠡ ᠬᠢᠩᠭ᠋ᠠᠨ ᠳᠠᠪᠠᠭ᠎ᠠ ᠵᠢᠨ ᠡᠮᠦᠨ᠎ᠡ ᠬᠤᠷᠮᠣᠢ ᠵᠢᠨ ᠬᠡᠰᠡᠭᠷᠡᠨ ᠵᠠᠯᠭ᠋ᠠᠯᠳᠤᠭᠰᠠᠨ ᠣᠨᠴᠠ ᠬᠦᠴᠢᠷᠳᠡᠯᠲᠡᠢ ᠣᠷᠣᠨ ᠪᠠ ᠶᠠᠨ ᠱᠠᠨ ᠠᠭᠤᠯᠠ —ᠲᠠᠢ ᠬᠠᠩ ᠱᠠᠨ ᠠᠭᠤᠯᠠ ᠬᠦᠷᠲᠡᠯᠡᠬᠢ ᠬᠡᠰᠡᠭ ᠣᠷᠣᠨ᠎ᠤ ᠶᠠᠳᠠᠭᠤ ᠵᠢ ᠲᠡᠳᠭᠦᠨ ᠪᠣᠭᠤᠮᠲᠠ ᠰᠢᠪᠲᠤᠯᠬᠤ ᠲᠦᠯᠦᠪᠵᠢᠭᠦᠯᠭᠡ ᠵᠢ ᠲᠦᠷᠭᠡᠳᠭᠡᠨ ᠬᠡᠷᠡᠭᠵᠢᠭᠦᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠵᠢ 40 ᠲᠦᠮᠡ ᠪᠠᠭ᠋ᠠᠰᠬᠠᠬᠤ᠎ᠪᠠᠨ ᠦᠨᠡᠨᠬᠦ ᠪᠠᠲᠤᠯᠠᠨ᠎ᠠ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠋ᠠᠲᠤ ᠭᠡᠷ ᠪᠦᠯᠢ ᠵᠢᠨ ᠤᠶᠤᠳᠠᠨᠤ ᠰᠤᠷᠭ᠋ᠠᠭᠤᠯᠢ᠎ᠳᠤ ᠣᠷᠣᠬᠤ ᠵᠢ ᠲᠤᠰᠠᠯᠠᠬᠤ ᠪᠠ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭᠠᠲᠠᠢ ᠭᠡᠷ ᠪᠦᠯᠢ᠎ᠳᠤ ᠳᠤᠯᠠᠭ᠋ᠠᠯᠠᠯᠭ᠎ᠠ ᠵᠢᠨ ᠨᠡᠭᠦᠷᠡᠰᠦ ᠵᠢ ᠲᠦᠯᠦᠪᠦᠷᠢ ᠦᠭᠡᠢ ᠬᠦᠷᠬᠡᠨ ᠦᠭᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃ ᠠᠷᠠᠳ ᠲᠦᠮᠡᠨ᠎ᠤ ᠬᠢᠮᠳᠠ ᠤᠷᠤᠨ ᠰᠠᠭᠤᠴᠠ ᠵᠢᠨ ᠢᠨᠵᠧᠨᠧᠷᠢᠩ᠎ᠢ ᠶᠡᠬᠡᠪᠡᠷ ᠲᠦᠯᠬᠢᠨ ᠠᠬᠢᠭᠤᠯᠵᠤ᠂ ᠪᠠᠲᠤᠯᠠᠭ᠎ᠠ ᠵᠢᠨ ᠴᠢᠨᠠᠷᠲᠠᠢ ᠬᠢᠮᠳᠠ ᠤᠷᠤᠨ ᠰᠠᠭᠤᠴᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠳᠠ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠰᠢᠨᠡᠳᠭᠡᠨ ᠵᠠᠰᠠᠬᠤ ᠠᠯᠬᠤᠴᠠ ᠵᠢ ᠲᠦᠷᠭᠡᠳᠭᠡᠨ᠂ ᠪᠤᠭᠤᠳᠤ ᠵᠢᠨ ᠬᠦᠷᠡᠯ ᠰᠢᠯᠢ᠂ ᠤᠯᠠᠭ᠋ᠠᠠᠬᠠᠳᠠ ᠵᠢᠨ ᠲᠡᠮᠦᠷ ᠵᠠᠮ᠎ᠤᠨ ᠡᠮᠦᠨ᠎ᠡ᠂ ᠬᠢᠩᠭ᠋ᠠᠨ ᠠᠶ᠋ᠢᠮᠠᠭ᠎ᠤᠨ ᠷᠠᠰᠢᠶᠠᠨ ᠵᠡᠷᠭᠡ ᠭᠤᠣᠯᠳᠠᠯᠭ᠎ᠠ᠎ᠲᠠᠢ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ᠎ᠢ ᠰᠢᠨᠡᠳᠭᠡᠨ ᠵᠠᠰᠠᠬᠤ ᠪᠠᠷᠢᠯᠭ᠎ᠠ ᠵᠢ ᠬᠦᠴᠦ ᠵᠠᠷᠤᠴᠠᠭᠤᠯᠤᠨ ᠰᠠᠶ᠋ᠢᠲᠤᠷ ᠬᠢᠵᠦ᠂ ᠪᠠᠲᠤᠯᠠᠭ᠎ᠠ ᠵᠢᠨ ᠭᠡᠷ ᠪᠠᠶ᠋ᠢᠰᠢᠩ᠎ᠤᠨ ᠬᠤᠪᠢᠶᠠᠷᠢᠯᠠᠯᠲᠠ ᠬᠠᠮᠢᠶᠠᠷᠤᠯᠲᠠ ᠵᠢ ᠴᠢᠩᠭ᠋ᠠᠳᠬᠠᠵᠦ᠂ ᠳᠦᠭᠦᠮ ᠪᠦᠳᠦᠭᠦᠯᠢᠭ ᠣᠷᠣᠨ ᠰᠠᠭᠤᠴᠠ ᠵᠢ ᠰᠢᠨᠡᠳᠭᠡᠨ ᠵᠠᠰᠠᠬᠤ᠎ᠪᠠᠨ ᠵᠣᠭᠤᠰᠵᠢᠭᠤᠯᠤᠨ ᠲᠦᠪᠬᠢᠨᠡᠬᠦᠯᠬᠦ ᠵᠢ ᠲᠦᠯᠬᠢᠨ ᠠᠬᠢᠭᠤᠯᠵᠤ᠂ 24.2 ᠲᠦᠮᠡᠨ ᠢᠵᠢ ᠪᠠᠲᠤᠯᠠᠭ᠎ᠠ ᠵᠢᠨ ᠴᠢᠨᠠᠷᠲᠠᠢ ᠬᠢᠮᠳᠠ ᠤᠷᠤᠨ ᠰᠠᠭᠤᠴᠠ ᠵᠢ ᠰᠢᠨ᠎ᠡ᠎ᠪᠠᠷ ᠪᠠᠷᠢᠯᠭ᠎ᠠ ᠡᠬᠢᠯᠡᠭᠦᠯᠬᠦ ᠵᠢ ᠦᠨᠡᠨᠬᠦ ᠪᠠᠲᠤᠯᠠᠵᠤ᠂ 16 ᠲᠦᠮᠡᠨ ᠢᠵᠢ ᠭᠡᠷ ᠪᠠᠶ᠋ᠢᠰᠢᠩ᠎ᠢ ᠦᠨᠳᠦᠰᠦᠨ᠎ᠳᠡᠭᠡᠨ ᠪᠠᠶ᠋ᠢᠭᠤᠯᠤᠨ ᠳᠠᠭᠤᠰᠬᠠᠵᠤ᠂ ᠮᠠᠯᠵᠢᠬᠤ ᠲᠠᠷᠢᠶᠠᠯᠠᠬᠤ ᠣᠷᠣᠨ᠎ᠳᠠᠬᠢ 17 ᠲᠦᠮᠡᠨ ᠡᠷᠦᠬᠡ ᠵᠢᠨ ᠨᠤᠷᠠᠬᠤ ᠠᠶᠤᠯᠲᠠᠢ ᠭᠡᠷ ᠪᠠᠶ᠋ᠢᠰᠢᠩ᠎ᠤᠨ ᠰᠢᠨᠡᠳᠭᠡᠨ ᠵᠠᠰᠠᠬᠤ ᠠᠵᠢᠯ᠎ᠢ ᠪᠡᠶᠡᠯᠡᠭᠦᠯᠦᠨ᠎ᠡ᠃
(ᠳᠤᠯᠤᠭ᠎ᠠ) ᠰᠤᠶᠣᠯ᠎ᠤᠨ ᠴᠡᠴᠡᠭᠯᠡᠯᠲᠡ ᠬᠥᠭᠵᠢᠯᠲᠡ ᠵᠢ ᠠᠬᠢᠭᠤᠯᠵᠤ᠂ ᠥᠷᠭᠡᠨ ᠣᠯᠠᠨ ᠲᠦᠮᠡᠨ᠎ᠤ ᠣᠶᠣᠨ ᠰᠠᠨᠠᠭ᠋ᠠᠨ᠎ᠤ ᠰᠤᠶᠤᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠨ᠎ᠠ
ᠬᠠᠮᠲᠤ ᠵᠢᠨ ᠣᠶᠣᠨ ᠰᠠᠨᠠᠭ᠋ᠠᠨ᠎ᠤ ᠬᠦᠰᠡᠯᠡᠩ᠎ᠤᠨ ᠣᠷᠣᠨ᠎ᠢ ᠬᠦᠴᠦᠯᠡᠨ ᠪᠦᠲᠦᠭᠡᠨ ᠪᠠᠶ᠋ᠢᠭᠤᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠣᠨᠣᠯ ᠪᠣᠯᠣᠨ ᠳᠤᠮᠳᠠᠳᠤ ᠵᠢᠨ ᠵᠡᠭᠦᠳᠦ᠎ᠪᠠᠷ ᠨᠡᠶ᠋ᠢᠳᠡ ᠤᠯᠠᠨ᠎ᠤ ᠲᠠᠨᠢᠯᠲᠠ ᠵᠢ ᠨᠢᠭᠲᠠᠷᠠᠭᠤᠯᠬᠤ ᠵᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠭᠤᠣᠯᠯᠠᠬᠤ ᠥᠷᠳᠡᠭ᠎ᠤᠨ ᠦᠵᠡᠯᠲᠡ ᠵᠢ ᠪᠤᠢ ᠪᠤᠯᠭ᠋ᠠᠬᠤ ᠪᠠ ᠦᠢ᠍ᠯᠡᠳᠦᠯᠭᠡᠵᠢᠭᠦᠯᠬᠦ᠎ᠳᠤ ᠬᠡᠷᠡᠭᠵᠢᠭᠦᠯᠬᠦ ᠰᠠᠨᠠᠯ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ 《ᠳᠤᠮᠳᠠᠳᠤ ᠵᠢᠨ ᠵᠡᠭᠦᠳᠦ · ᠬᠠᠷᠢᠭᠤᠴᠠᠯᠭ᠎ᠠ᠎ᠪᠠᠨ ᠭᠦᠢ᠍ᠴᠡᠳᠭᠡᠵᠦ ᠬᠦᠰᠡᠯ ᠵᠡᠭᠦᠳᠦ᠎ᠪᠠᠨ ᠲᠡᠷᠭᠡᠯᠰᠢᠭᠦᠯᠬᠦ》 ᠰᠢᠷᠢᠰ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠦᠷᠨᠢᠬᠦᠯᠵᠦ᠂ ᠬᠠᠮᠲᠤ᠎ᠪᠠᠷ ᠪᠦᠯᠬᠦᠮᠳᠡᠨ ᠲᠡᠮᠡᠴᠡᠬᠦ ᠦᠵᠡᠯ ᠰᠠᠨᠠᠭ᠋ᠠᠨ᠎ᠤ ᠰᠠᠭᠤᠷᠢ ᠵᠢ ᠪᠠᠬᠢᠵᠢᠭᠦᠯᠦᠨ᠎ᠡ᠃ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠳᠣᠪᠤᠶ᠋ᠢᠯᠭ᠋ᠠᠵᠤ᠂ ᠠᠵᠢᠯᠯᠠᠭ᠋ᠠᠨ᠎ᠤ ᠠᠴᠢᠶᠠᠯᠠᠪᠤᠷᠢ ᠵᠢ ᠪᠠᠶᠠᠯᠢᠬ᠍ᠵᠢᠭᠤᠯᠤᠨ᠂ ᠨᠡᠶ᠋ᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠳᠡ ᠵᠢ ᠪᠤᠢ ᠪᠤᠯᠭ᠋ᠠᠬᠤ ᠪᠠ ᠦᠢ᠍ᠯᠡᠳᠦᠯᠭᠡᠵᠢᠬᠦᠯᠬᠦ᠎ᠪᠠᠨ ᠤᠶᠤᠨ᠎ᠤ ᠪᠣᠯᠪᠠᠰᠤᠨ᠎ᠢ ᠴᠤᠭᠴᠠᠯᠠᠬᠤ᠂ ᠤᠯᠠᠨ ᠲᠦᠮᠡᠨ᠎ᠤ ᠰᠤᠶᠤᠯ᠎ᠤᠨ ᠠᠵᠢᠯᠯᠠᠭ᠎ᠠ᠎ᠲᠠᠢ ᠤᠶᠠᠯᠳᠤᠭᠤᠯᠵᠤ᠂ ᠭᠤᠣᠯ ᠬᠥᠭ ᠠᠶᠠᠰ᠎ᠢ ᠴᠤᠤᠷᠢᠶᠠᠳᠠᠭᠤᠯᠤᠨ᠂ ᠢᠳᠡᠪᠬᠢ ᠬᠦᠴᠦᠨ᠎ᠢ ᠨᠢᠭᠲᠠᠷᠠᠭᠤᠯᠵᠤ᠂ ᠠᠷᠠᠳ ᠢᠷᠭᠡᠳ᠎ᠤᠨ ᠶᠤᠰᠤ ᠮᠤᠷᠠᠯ᠎ᠤᠨ ᠬᠡᠪ ᠪᠤᠯᠪᠠᠰᠤᠷᠠᠯ ᠪᠣᠯᠣᠨ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠳᠤᠮᠳᠠᠳᠤ ᠵᠢᠨ ᠵᠡᠭᠦᠳᠦ ᠵᠢ ᠪᠡᠶᠡᠯᠡᠭᠦᠯᠬᠦ ᠤᠶᠤᠨ ᠰᠠᠨᠠᠭ᠋ᠠᠨ᠎ᠤ ᠬᠦᠳᠡᠯᠭᠡᠬᠦ ᠬᠦᠴᠦᠨ᠎ᠢ ᠬᠥᠭᠵᠢᠭᠡᠨ᠎ᠡ᠃
ᠰᠤᠶᠤᠯ᠎ᠤᠨ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃ ᠣᠯᠠᠨ ᠨᠡᠶ᠋ᠢᠲᠡ ᠵᠢᠨ ᠰᠤᠶᠣᠯ᠎ᠤᠨ ᠦᠢ᠍ᠯᠡᠴᠢᠯᠡᠭᠡ ᠵᠢᠨ ᠰᠢᠰᠲ᠋ᠧᠮᠵᠢ ᠵᠢ ᠪᠠᠷᠢᠮᠵᠢᠶᠠᠵᠢᠭᠤᠯᠬᠤ᠂ ᠲᠡᠩᠴᠡᠭᠦᠷᠢᠵᠢᠭᠦᠯᠬᠦ ᠪᠦᠲᠦᠭᠡᠨ ᠪᠠᠶ᠋ᠢᠭᠤᠯᠤᠯᠲᠠ ᠵᠢ ᠲᠦᠷᠬᠡᠳᠬᠡᠨ᠂ ᠣᠳᠣ ᠦᠶ᠎ᠡ ᠵᠢᠨ ᠰᠣᠶᠣᠯ᠎ᠤᠨ ᠦᠢ᠍ᠯᠡᠴᠢᠯᠡᠭᠡ ᠵᠢᠨ ᠰᠢᠰᠲ᠋ᠧᠮᠵᠢ ᠵᠢ ᠴᠤᠬ᠍ᠴᠠᠯᠠᠬᠤ ᠵᠢᠨ ᠬᠡᠷᠡᠭᠵᠢᠭᠦᠯᠬᠦ ᠰᠠᠨᠠᠯ ᠪᠣᠯᠣᠨ ᠣᠯᠠᠨ ᠨᠡᠶ᠋ᠢᠲᠡ ᠵᠢᠨ ᠰᠤᠶᠤᠯ᠎ᠤᠨ ᠦᠨᠳᠦᠰᠦᠨ ᠦᠢ᠍ᠯᠡᠴᠢᠯᠡᠭᠡ ᠵᠢ ᠵᠢᠯᠤᠭᠤᠳᠬᠤ ᠪᠠᠷᠢᠮᠵᠢᠶ᠎ᠠ ᠵᠢ ᠨᠡᠶ᠋ᠢᠳᠡᠯᠡᠨ᠎ᠡ᠃ ᠰᠤᠶᠤᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠲᠣᠭ᠋ᠠᠴᠢᠯᠠᠭᠰᠠᠨ ᠨᠣᠮ᠎ᠤᠨ ᠰᠠᠩ ᠵᠡᠷᠭᠡ ᠰᠤᠶᠤᠯ᠎ᠤᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ 《ᠲᠤᠭ᠋ᠠᠴᠢᠯᠠᠭᠰᠠᠨ ᠰᠤᠶᠤᠯ᠎ᠢ ᠮᠤᠩᠭᠤᠯ ᠭᠡᠷ᠎ᠲᠤ ᠣᠷᠤᠭᠤᠯᠬᠤ》 ᠢᠨᠵᠧᠨᠧᠷᠢᠩ᠎ᠤᠨ ᠬᠠᠮᠤᠷᠬᠤ ᠬᠡᠪᠴᠢᠶ᠎ᠡ ᠵᠢ ᠦᠷᠭᠡᠳᠭᠡᠵᠦ᠂ ᠬᠢᠯᠢ ᠬᠢᠵᠠᠭ᠋ᠠᠷ᠎ᠤᠨ ᠬᠤᠰᠢᠭᠤ ᠰᠢᠶᠠᠨ᠎ᠨᠤᠭᠤᠳ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠶ᠋ᠠᠷ ᠬᠢᠯᠢ ᠬᠢᠵᠠᠭ᠋ᠠᠷ ᠵᠶ᠋ᠠᠨ ᠪᠠᠬᠢᠵᠢᠬᠦᠯᠬᠦ ᠢᠨᠵᠧᠨᠧᠷᠢᠩ᠎ᠢ ᠬᠡᠷᠡᠭᠵᠢᠭᠦᠯᠦᠨ᠂ ᠦᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ ᠣᠯᠠᠨ ᠨᠡᠶ᠋ᠢᠲᠡ ᠵᠢᠨ ᠰᠤᠶᠤᠯ᠎ᠤᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠤᠳ᠎ᠤᠨ ᠡᠭᠦᠳᠦᠨ ᠪᠠᠶ᠋ᠢᠭᠤᠯᠬᠤ ᠵᠢ ᠠᠬᠢᠭᠤᠯᠤᠨ᠎ᠠ᠃ ᠰᠣᠳᠣᠨ ᠪᠦᠲᠦᠭᠡᠯ ᠵᠤᠬᠢᠶᠠᠨ ᠪᠦᠲᠦᠭᠡᠵᠤ ᠲᠣᠭᠯᠠᠬᠤ ᠵᠢ ᠲᠡᠳᠭᠦᠵᠦ ᠬᠦᠲᠦᠯᠦᠨ ᠵᠢᠯᠤᠭᠤᠳᠬᠤ᠎ᠪᠠᠨ ᠴᠢᠩᠭ᠋ᠠᠳᠬᠠᠵᠤ᠂ 《ᠳᠤᠮᠳᠠᠳᠤ ᠵᠢᠨ ᠵᠡᠭᠦᠳᠦ》 ᠵᠢᠨ ᠭᠤᠣᠯ ᠰᠡᠳᠦᠪᠲᠦ ᠤᠳᠬ᠎ᠠ ᠤᠷᠠᠯᠢᠭ᠎ᠤᠨ ᠵᠤᠬᠢᠶᠠᠨ ᠪᠦᠲᠦᠭᠡᠬᠦ ᠠᠵᠢᠯᠯᠠᠭ᠎ᠠ᠎ᠪᠠᠷ ᠠᠳᠬᠤᠴᠠ ᠪᠣᠯᠭ᠋ᠠᠨ᠂ ᠦᠪᠦᠷ ᠮᠤᠩᠭᠤᠯ᠎ᠤᠨ ᠰᠤᠶᠤᠯ ᠤᠷᠠᠯᠢᠭ᠎ᠤᠨ ᠤᠷᠲᠤ ᠬᠤᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠭᠤᠣᠯᠳᠠᠯᠭ᠎ᠠ᠎ᠲᠠᠢ ᠲᠠᠶ᠋ᠢᠰᠠᠨ᠎ᠤ ᠵᠦᠴᠦᠭᠡ ᠵᠢᠨ ᠰᠤᠳᠤᠨ ᠪᠦᠳᠦᠭᠡᠯ᠎ᠢ ᠵᠤᠬᠢᠶᠠᠵᠤ ᠪᠦᠲᠦᠭᠡᠬᠦ᠂ ᠲᠠᠯ᠎ᠠ ᠨᠤᠲᠤᠭ᠎ᠤᠨ ᠤᠷᠠᠨ ᠵᠣᠬᠢᠶᠠᠯ᠎ᠤᠨ ᠰᠣᠳᠤᠨ ᠪᠦᠲᠦᠭᠡᠯ ᠵᠤᠬᠢᠶᠠᠬᠤ ᠪᠠ ᠮᠤᠩᠭᠤᠯ ᠬᠡᠯᠡᠨ᠎ᠤ ᠰᠢᠯᠢᠳᠡᠭ ᠵᠣᠬᠢᠶᠠᠯ ᠪᠦᠲᠦᠭᠡᠯ᠎ᠤᠨ ᠣᠷᠴᠢᠭᠤᠯᠬᠤ ᠢᠨᠵᠧᠨᠧᠷᠢᠩ᠎ᠢ ᠦᠷᠭᠦᠯᠵᠢᠯᠡᠨ ᠰᠠᠶ᠋ᠢᠳᠤᠷ ᠠᠳᠬᠤᠨ᠎ᠠ᠃ ᠭᠤᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ ᠪᠣᠳᠠᠰ᠎ᠤᠨ ᠪᠤᠰᠤ ᠰᠤᠶᠤᠯ᠎ᠤᠨ ᠥᠪ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠦᠨᠳᠦᠰᠦᠲᠡᠨ᠎ᠤ ᠰᠢᠯᠢᠳᠡᠭ ᠰᠤᠶᠤᠯ᠎ᠢ ᠤᠯᠠᠮᠵᠢᠯᠠᠨ ᠬᠠᠮᠠᠭ᠋ᠠᠯᠠᠬᠤ ᠪᠠ ᠰᠢᠨ᠎ᠡ ᠡᠬᠦᠳᠦᠯᠳᠡ᠎ᠲᠠᠢ᠎ᠪᠠᠷ ᠬᠦᠭᠵᠢᠬᠦ ᠵᠢ ᠠᠬᠢᠭᠤᠯᠤᠨ᠎ᠠ᠃ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠠᠵᠤ ᠦᠢ᠍ᠯᠡᠰ᠎ᠢ ᠴᠡᠴᠡᠭᠯᠡᠨ ᠬᠥᠭᠵᠢᠭᠦᠯᠵᠦ᠂ ᠰᠢᠨ᠎ᠡ ᠮᠠᠶᠢᠭ᠎ᠤᠨ ᠵᠠᠭᠤᠴᠢᠯᠠᠭᠤᠷ ᠬᠢᠭᠡᠳ ᠤᠯᠠᠮᠵᠢᠯᠠᠯᠲᠤ ᠵᠠᠭᠤᠴᠢᠯᠠᠭᠤᠷ᠎ᠢ ᠬᠠᠮᠲᠤᠷᠠᠯᠴᠠᠨ ᠬᠦᠳᠦᠯᠦᠯᠴᠡᠵᠦ ᠠᠭᠤᠰᠤᠯᠴᠠᠨ ᠬᠦᠭᠵᠢᠬᠦ ᠵᠢ ᠠᠬᠢᠭᠤᠯᠤᠨ᠎ᠠ᠃
ᠣᠨᠴᠠᠯᠢᠭ ᠪᠦᠬᠦᠢ ᠰᠤᠶᠤᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠢᠳᠡᠪᠬᠢᠲᠡᠢ᠎ᠪᠠᠷ ᠠᠬᠢᠭᠤᠯᠤᠨ᠎ᠠ᠃ ᠰᠤᠶᠤᠯ᠎ᠤᠨ ᠠᠵᠤ ᠦᠢ᠍ᠯᠡᠰ᠎ᠤᠨ ᠤᠷᠳᠤᠪᠳᠤᠷ ᠪᠠ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠲᠦᠯᠦᠪᠵᠢᠭᠦᠯᠭᠡ ᠵᠢ ᠬᠡᠷᠡᠭᠵᠢᠭᠦᠯᠵᠦ᠂ ᠣᠨᠴᠠᠯᠢᠬ᠍ᠵᠢᠭᠰᠠᠨ᠂ ᠵᠦᠷᠢᠶᠡᠵᠢᠭᠰᠡᠨ ᠬᠥᠭᠵᠢᠯᠲᠡ ᠵᠢ ᠠᠬᠢᠭᠤᠯᠤᠨ᠎ᠠ᠃ ᠭᠤᠣᠯᠳᠠᠯᠭ᠎ᠠ᠎ᠲᠠᠢ ᠰᠤᠶᠤᠯ᠎ᠤᠨ ᠠᠵᠤ ᠦᠢ᠍ᠯᠡᠰ᠎ᠤᠨ ᠲᠦᠷᠦᠯ ᠵᠦᠢ᠍ᠯ᠎ᠤᠨ ᠬᠦᠮᠦᠷᠭᠡ ᠵᠢ ᠪᠦᠷᠢᠨᠰᠢᠭᠦᠯᠵᠦ᠂ ᠰᠤᠶᠤᠯ᠎ᠤᠨ ᠠᠵᠤ ᠦᠢ᠍ᠯᠡᠰ᠎ᠤᠨ ᠭᠤᠣᠯ ᠴᠤᠭᠴᠠ ᠵᠢ ᠪᠤᠶ᠋ᠢᠵᠢᠭᠤᠯᠵᠤ᠂ ᠲᠤᠮᠤ ᠠᠵᠤ ᠠᠬᠤᠶ᠋ᠢᠯᠠᠯ ᠶᠡᠭᠡ ᠲᠦᠷᠦᠯ ᠵᠦᠢ᠍ᠯ᠎ᠤᠨ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠣᠨᠴᠠᠯᠢᠭ ᠪᠦᠬᠦᠢ ᠳᠤᠮᠳᠠ ᠵᠢᠵᠢᠭ ᠪᠢᠴᠢᠯ ᠰᠤᠶᠤᠯ᠎ᠤᠨ ᠠᠵᠤ ᠠᠬᠤᠶ᠋ᠢᠯᠠᠯ᠎ᠢ ᠲᠡᠳᠭᠦᠨ ᠬᠥᠭᠵᠢᠭᠦᠯᠵᠦ᠂ ᠭᠤᠣᠯᠯᠠᠬᠤ ᠦᠷᠢᠰᠦᠯᠳᠦᠬᠦ ᠬᠦᠴᠦᠨ᠎ᠲᠠᠢ ᠨᠢᠭᠡ ᠪᠦᠯᠦᠭ ᠣᠨᠴᠠᠯᠢᠭ ᠪᠦᠬᠦᠢ ᠰᠤᠶᠤᠯ᠎ᠤᠨ ᠠᠵᠤ ᠠᠬᠤᠶ᠋ᠢᠯᠠᠯ ᠪᠤᠯᠤᠨ ᠨᠡᠷᠡᠲᠦ ᠲᠡᠮᠲᠡᠭᠲᠦ ᠵᠢ ᠪᠣᠢ ᠪᠣᠯᠭ᠋ᠠᠨ ᠣᠨᠴᠠᠯᠢᠭ ᠪᠦᠬᠦᠢ ᠨᠢᠭᠡ ᠪᠦᠯᠦᠭ ᠰᠤᠶᠤᠯ᠎ᠤᠨ ᠵᠢᠭᠤᠯᠴᠢᠯᠠᠯ᠎ᠤᠨ ᠲᠦᠷᠦᠯ ᠵᠦᠢ᠍ᠯ᠎ᠢ ᠬᠦᠲᠦᠯᠦᠨ ᠵᠢᠯᠤᠭᠤᠳᠴᠤ ᠨᠡᠭᠡᠭᠡᠨ ᠬᠥᠭᠵᠢᠭᠦᠯᠦᠨ᠎ᠠ᠃ ᠦᠪᠡᠷᠲᠡᠭᠡᠨ ᠵᠠᠰᠠᠬᠤ ᠣᠷᠣᠨ᠎ᠤ ᠰᠤᠶᠤᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠵᠢᠨ ᠲᠡᠪᠴᠡᠩ᠎ᠢ ᠪᠠᠶ᠋ᠢᠭᠤᠯᠵᠤ᠂ ᠰᠤᠶᠤᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠤᠰᠬᠠᠢ ᠲᠦᠷᠦᠯ᠎ᠤᠨ ᠪᠡᠯᠡ ᠮᠦᠩᠭᠦ ᠵᠢᠨ ᠬᠡᠪᠴᠢᠶ᠎ᠡ ᠵᠢ ᠦᠷᠭᠡᠳᠬᠡᠨ᠎ᠡ᠃
ᠭᠠᠳᠠᠭ᠋ᠠᠲᠤᠯᠤᠭᠠ ᠵᠢᠨ ᠰᠤᠶᠤᠯ᠎ᠤᠨ ᠰᠤᠯᠢᠯᠴᠠᠭ᠎ᠠ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠎ᠡ᠃ ᠤᠯᠤᠰ᠎ᠠᠴᠠ ᠡᠷᠬᠢᠯᠡᠭᠰᠡᠨ ᠭᠠᠳᠠᠭ᠋ᠠᠲᠤᠯᠤᠭᠠ ᠵᠢᠨ ᠰᠤᠶᠤᠯ᠎ᠤᠨ ᠰᠤᠯᠢᠯᠴᠠᠭ᠋ᠠᠨ᠎ᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠮᠠᠨ᠎ᠤ ᠣᠷᠣᠨ᠎ᠤ ᠦᠨᠳᠦᠰᠦᠲᠡᠨ᠎ᠤ ᠰᠢᠯᠢᠳᠡᠭ ᠰᠤᠶᠤᠯ᠎ᠤᠨ ᠨᠡᠩ ᠰᠠᠶ᠋ᠢᠨ ᠵᠶ᠋ᠠᠷ ᠭᠠᠷᠴᠤ ᠶᠠᠪᠤᠬᠤ ᠵᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ᠎ᠤ ᠭᠠᠳᠠᠭ᠋ᠠᠲᠤ ᠤᠬᠠᠭᠤᠯᠭ᠎ᠠ ᠵᠢᠨ ᠠᠵᠢᠯ᠎ᠢ ᠴᠢᠩᠭ᠋ᠠᠳᠬᠠᠬᠤ ᠲᠣᠬᠠᠢ ᠰᠠᠨᠠᠯ᠎ᠤᠨ ᠱᠠᠭ᠋ᠠᠷᠳᠠᠯᠭ᠎ᠠ ᠶᠤᠰᠤᠭ᠋ᠠᠷ᠂ ᠭᠤᠣᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠵᠤ᠂ ᠤᠷᠲᠤ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢ ᠪᠠᠶ᠋ᠢᠭᠤᠯᠵᠤ᠂ ᠰᠣᠯᠢᠯᠴᠠᠨ ᠬᠠᠮᠲᠤᠷᠠᠯᠴᠠᠬᠤ ᠬᠦᠷᠢᠶ᠎ᠡ ᠴᠠᠷᠠᠭ᠎ᠠ ᠵᠢ ᠦᠷᠭᠡᠳᠭᠡᠨ᠂ ᠦᠭᠡ ᠬᠡᠯᠡᠨ᠎ᠤ ᠰᠢᠰᠲ᠋ᠧᠮᠵᠢ ᠪᠣᠯᠣᠨ ᠢᠯᠡᠳᠭᠡᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠳᠤᠮᠳᠠᠳᠤ ᠵᠢᠨ ᠪᠣᠯᠣᠨ ᠦᠪᠦᠷ ᠮᠣᠩᠭᠤᠯ᠎ᠤᠨ ᠦᠯᠢᠭᠡᠷ ᠲᠡᠤᠬᠡ ᠵᠢ ᠰᠠᠶ᠋ᠢᠲᠤᠷ ᠲᠤᠭ᠋ᠠᠴᠢᠨ ᠤᠬᠠᠭᠤᠯᠤᠨ᠎ᠠ᠃ ᠰᠤᠶᠤᠯ᠎ᠤᠨ ᠦᠢ᠍ᠯᠡᠳᠭᠦᠨ ᠪᠣᠯᠣᠨ ᠦᠢ᠍ᠯᠡᠴᠢᠯᠡᠭᠡᠨ᠎ᠤ ᠭᠠᠳᠠᠭ᠋ᠠᠲᠤ ᠭᠠᠷᠭ᠋ᠠᠯᠲᠠ ᠵᠢ ᠦᠷᠭᠡᠳᠭᠡᠨ᠂ ᠲᠠᠯ᠎ᠠ ᠨᠤᠲᠤᠭ᠎ᠤᠨ ᠰᠤᠶᠤᠯ᠎ᠤᠨ ᠭᠠᠳᠠᠭ᠋ᠠᠲᠤ᠎ᠳᠠᠬᠢ ᠨᠦᠯᠦᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃
(ᠨᠠᠢ᠍ᠮᠠ) ᠨᠡᠶ᠋ᠢᠭᠡᠮ᠎ᠤᠨ ᠦᠢ᠍ᠯᠡᠰ᠎ᠢ ᠶᠡᠬᠡᠪᠡᠷ ᠬᠥᠭᠵᠢᠭᠦᠯᠵᠦ᠂ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠵᠤ ᠰᠢᠨ᠎ᠡ ᠵᠢ ᠡᠭᠦᠳᠦᠨ᠎ᠡ
ᠨᠡᠶ᠋ᠢᠭᠡᠮ᠎ᠤᠨ ᠡᠯ᠎ᠡ ᠵᠦᠢ᠍ᠯ᠎ᠤᠨ ᠦᠢ᠍ᠯᠡᠰ᠎ᠢ ᠳᠦᠷᠬᠡᠳᠬᠡᠨ ᠬᠦᠭᠵᠢᠬᠦᠯᠦᠨ᠎ᠡ᠃ ᠰᠤᠷᠭ᠋ᠠᠨ ᠬᠦᠮᠦᠵᠢᠯ᠎ᠤᠨ ᠣᠷᠣᠭᠤᠯᠤᠯᠲᠠ ᠵᠢ ᠦᠷᠭᠦᠯᠵᠢᠯᠡᠨ ᠨᠡᠮᠡᠭᠳᠡᠭᠦᠯᠦᠨ᠎ᠠ᠃ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠢ ᠲᠡᠩᠴᠡᠭᠦᠷᠢᠲᠡᠢ ᠬᠥᠭᠵᠢᠭᠦᠯᠬᠦ ᠲᠣᠬᠠᠢ ᠦᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ᠎ᠢ ᠨᠠᠶ᠋ᠢᠳᠠᠪᠤᠷᠢᠵᠢᠭᠤᠯᠤᠨ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠲᠡᠩᠴᠡᠭᠦᠷᠢᠲᠡᠢ ᠬᠥᠭᠵᠢᠭᠦᠯᠬᠦ ᠬᠤᠰᠢᠭᠤ ᠰᠢᠶᠠᠨ᠎ᠳᠠᠬᠢ ᠬᠠᠮᠤᠷᠬᠤ ᠬᠡᠪᠴᠢᠶ᠎ᠠ ᠵᠢ ᠥᠷᠭᠡᠳᠭᠡᠨ᠎ᠡ᠃ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠦᠮᠦᠵᠢᠯ᠂ ᠦᠨᠳᠦᠰᠦᠲᠡᠨ᠎ᠤ ᠰᠤᠷᠭ᠋ᠠᠨ ᠬᠦᠮᠦᠵᠢᠯ᠂ ᠣᠨᠴᠤᠭᠤᠢ ᠰᠤᠷᠭ᠋ᠠᠨ ᠬᠦᠮᠦᠵᠢᠯ᠂ ᠠᠷᠠᠳ᠎ᠠᠴᠠ ᠡᠷᠬᠢᠯᠡᠭᠰᠡᠨ ᠰᠤᠷᠭ᠋ᠠᠨ ᠬᠦᠮᠦᠵᠢᠯ ᠪᠣᠯᠣᠨ ᠥᠷᠭᠦᠯᠵᠢᠯᠡᠭᠰᠡᠨ ᠰᠤᠷᠭ᠋ᠠᠨ ᠬᠦᠮᠦᠵᠢᠯ᠎ᠤᠨ ᠬᠥᠭᠵᠢᠯᠲᠡ ᠵᠢ ᠨᠢᠭᠡᠲᠦᠯᠲᠡᠢ ᠲᠦᠯᠦᠪᠯᠡᠨ ᠠᠬᠢᠭᠤᠯᠵᠤ᠂ ᠡᠩ᠎ᠤᠨ ᠦᠨᠳᠦᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠣᠯᠠᠨ ᠶᠠᠩᠵᠤᠴᠢᠯᠠᠬᠤ᠂ ᠣᠨᠴᠠᠯᠢᠬ᠍ᠵᠢᠭᠤᠯᠬᠤ ᠪᠠ ᠳᠡᠭᠡᠳᠦ ᠵᠡᠷᠭᠡ ᠵᠢᠨ ᠰᠤᠷᠭ᠋ᠠᠨ ᠬᠦᠮᠦᠵᠢᠯ᠎ᠤᠨ ᠠᠭᠤᠯᠣᠭᠳᠠᠬᠤᠨ᠎ᠲᠤ ᠮᠠᠶᠢᠭ᠎ᠤᠨ ᠬᠦᠭᠵᠢᠯᠳᠡ ᠵᠢ ᠠᠬᠢᠭᠤᠯᠵᠤ᠂ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠰᠢᠰᠲ᠋ᠧᠮᠵᠢ ᠵᠢ ᠢᠳᠡᠪᠬᠢᠲᠡᠢ᠎ᠪᠠᠷ ᠴᠤᠬ᠍ᠴᠠᠯᠠᠬᠤ᠂ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠤᠨ ᠦᠭᠡᠷᠡᠴᠢᠯᠡᠯᠲᠡ ᠵᠢᠨ ᠲᠣᠬᠠᠢ ᠦᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ ᠵᠢ ᠨᠡᠶ᠋ᠢᠲᠡᠯᠡᠨ᠎ᠡ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠶᠡᠬᠡᠪᠡᠷ ᠬᠦᠭᠵᠢᠬᠦᠯᠵᠦ᠂ ᠦᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠭᠤᠣᠯᠳᠠᠯᠭ᠎ᠠ᠎ᠲᠠᠢ ᠡᠷᠡᠭᠦᠯ ᠬᠠᠮᠠᠭ᠋ᠠᠯᠠᠯ᠎ᠤᠨ ᠲᠦᠷᠦᠯ ᠵᠦᠢ᠍ᠯ ᠪᠣᠯᠣᠨ ᠠᠶ᠋ᠢᠮᠠᠭ ᠬᠤᠲᠠ᠂ ᠬᠤᠰᠢᠭᠤ ᠰᠢᠶᠠᠨ ᠵᠢᠴᠢ ᠦᠨᠳᠦᠰᠦᠨ ᠱᠠᠲᠤᠨ᠎ᠤ ᠡᠮᠴᠢᠯᠡᠭᠡ ᠵᠢᠨ ᠦᠢ᠍ᠯᠡᠴᠢᠯᠡᠬᠦ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠂ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠶᠠᠪᠤᠭᠳᠠᠭᠤᠯᠵᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠨᠳᠦᠰᠦᠨ ᠦᠢ᠍ᠯᠡᠴᠢᠯᠡᠭᠡ ᠵᠢᠨ ᠬᠦᠮᠦᠨ ᠪᠦᠷᠢ ᠵᠢᠨ ᠳᠤᠮᠳᠠᠴᠢ ᠵᠠᠷᠤᠳᠠᠯ᠎ᠤᠨ ᠪᠠᠷᠢᠮᠵᠢᠶ᠎ᠠ ᠵᠢ 40 ᠲᠦᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠡᠮ᠎ᠤᠨ ᠵᠦᠢ᠍ᠯ᠎ᠤᠨ ᠦᠨᠳᠦᠰᠦᠨ ᠳᠦᠷᠢᠮ ᠪᠣᠯᠣᠨ ᠦᠨᠳᠦᠰᠦᠨ ᠱᠠᠲᠤᠨ᠎ᠤ ᠠᠵᠢᠯᠯᠠᠭ᠋ᠠᠨ᠎ᠤ ᠲᠣᠭᠲᠠᠴᠠ ᠵᠢ ᠦᠷᠭᠦᠯᠵᠢᠯᠡᠨ ᠪᠠᠬᠢᠵᠢᠭᠦᠯᠵᠦ᠂ ᠡᠮ᠎ᠤᠨ ᠵᠦᠢ᠍ᠯ᠎ᠤᠨ ᠦᠨᠳᠦᠰᠦᠨ ᠳᠦᠷᠢᠮ᠎ᠤᠨ ᠬᠡᠷᠡᠭᠵᠢᠭᠦᠯᠬᠦ ᠬᠡᠪᠴᠢᠶ᠎ᠡ ᠵᠢ ᠦᠷᠭᠡᠳᠭᠡᠨ᠎ᠡ᠃ ᠮᠣᠩᠭᠤᠯ ᠬᠢᠲᠠᠳ ᠡᠮ ᠡᠮᠨᠡᠯᠭᠡ ᠵᠢᠨ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠡᠬᠢᠯᠡᠭᠦᠯᠵᠦ᠂ ᠮᠣᠩᠭᠤᠯ ᠡᠮ ᠡᠮᠨᠡᠯᠭᠡ ᠵᠢᠨ ᠪᠠᠷᠢᠮᠵᠢᠶᠠᠵᠢᠭᠰᠠᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠬᠦᠨᠳᠦ ᠡᠪᠡᠳᠴᠢᠨ ᠡᠮᠬᠡᠭ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠣᠭᠲᠠᠴᠠ ᠵᠢ ᠪᠦᠷᠢᠨᠰᠢᠭᠦᠯᠦᠨ᠎ᠡ᠃ ᠦᠨᠳᠦᠰᠦᠨ ᠱᠠᠳᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠴᠢᠳᠠᠪᠤᠷᠢᠳᠠᠨ᠎ᠢ ᠬᠦᠮᠦᠵᠢᠬᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠤᠯᠠᠨ ᠨᠡᠶ᠋ᠢᠳᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢᠨ ᠪᠠᠶ᠋ᠢᠭᠤᠯᠤᠮᠵᠢ ᠵᠢᠨ ᠳᠡᠩᠴᠡᠭᠦᠷᠢᠵᠢᠯᠢ ᠳᠦᠯᠬᠢᠨ ᠠᠬᠢᠭᠤᠯᠬᠤ᠎ᠳᠤ ᠴᠢᠳᠠᠪᠤᠷᠢᠳᠠᠨ᠎ᠤ ᠪᠠᠳᠤᠯᠠᠭ᠎ᠠ ᠬᠠᠨᠭ᠌ᠭ᠋ᠠᠨ ᠦᠭᠬᠦᠨ᠎ᠡ᠃ ᠣᠷᠣᠯᠳᠤᠭ᠋ᠠᠨᠤ ᠪᠡᠶ᠎ᠡ ᠵᠢᠨ ᠲᠠᠮᠢᠷ ᠬᠢᠭᠡᠳ ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠵᠣᠬᠢᠴᠠᠩᠭᠤᠢ᠎ᠪᠠᠷ ᠬᠥᠭᠵᠢᠬᠦ ᠵᠢ ᠠᠬᠢᠭᠤᠯᠵᠤ᠂ ᠪᠡᠶ᠎ᠡ ᠵᠢᠨ ᠲᠡᠮᠢᠷ᠎ᠤᠨ ᠠᠵᠤ ᠦᠢ᠍ᠯᠡᠰ᠎ᠤᠨ ᠬᠦᠭᠵᠢᠯᠳᠡ ᠵᠢᠨ ᠬᠢᠷᠢ ᠳᠦᠪᠰᠢᠨ᠎ᠢ ᠳᠡᠭᠡᠭᠰᠢᠯᠡᠬᠦᠯᠵᠦ᠂ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠦᠬᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠰᠠᠶ᠋ᠢᠲᠤᠷ ᠡᠷᠬᠢᠯᠡᠨ᠎ᠡ᠃ ᠬᠥᠯ ᠪᠦᠮᠪᠦᠭᠡ ᠵᠢᠨ ᠦᠢ᠍ᠯᠡᠰ᠎ᠤᠨ ᠬᠥᠭᠵᠢᠯᠲᠡ ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠭᠦᠢ᠍ᠴᠡᠳᠬᠡᠵᠦ᠂ ᠤᠯᠤᠰ᠎ᠤᠨ (ᠤᠮᠠᠷᠠᠲᠤ ᠣᠷᠣᠨ) ᠬᠥᠯ ᠪᠦᠮᠪᠦᠭᠡ ᠵᠢᠨ ᠰᠤᠷᠢᠯᠳᠠ ᠵᠢᠨ ᠰᠠᠭᠤᠷᠢᠨ ᠭᠠᠵᠠᠷ ᠪᠣᠯᠣᠨ ᠤᠯᠤᠰ᠎ᠤᠨ (ᠤᠮᠠᠷᠠᠲᠤ ᠣᠷᠣᠨ) ᠵᠠᠯᠠᠭᠤᠴᠤᠳ ᠪᠠᠭ᠋ᠠᠴᠤᠳ᠎ᠤᠨ ᠬᠥᠯ ᠪᠦᠮᠪᠦᠭᠡ ᠵᠢᠨ ᠵᠤᠰᠠᠯᠠᠩ᠎ᠤᠨ ᠠᠵᠢᠯᠯᠠᠭ᠋ᠠᠨ᠎ᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠲᠦᠯᠦᠪᠯᠡᠭᠡᠲᠦ ᠦᠷᠡᠵᠢᠯ᠎ᠤᠨ ᠲᠠᠯ᠎ᠠ᠎ᠪᠠᠷ᠎ᠬᠢ ᠤᠯᠤᠰ᠎ᠤᠨ ᠦᠨᠳᠦᠰᠦᠨ ᠪᠣᠳᠣᠯᠭ᠎ᠠ ᠵᠢ ᠪᠠᠷᠢᠮᠲᠠᠯᠠᠵᠤ᠂ ᠳᠦᠷᠦᠭᠰᠡᠨ ᠬᠦᠮᠦᠨ ᠠᠮᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠬᠦᠮᠦᠨ ᠠᠮᠠ ᠵᠢᠨ ᠤᠷᠲᠤ ᠬᠤᠭᠤᠴᠠᠭ᠋ᠠᠨ᠎ᠤ ᠲᠡᠩᠴᠡᠭᠦᠷᠢᠲᠡᠢ ᠬᠥᠭᠵᠢᠯᠲᠡ ᠵᠢ ᠠᠬᠢᠭᠤᠯᠤᠨ᠎ᠠ᠃ ᠡᠮᠡᠭᠲᠡᠶ᠋ᠢᠴᠦᠳ ᠬᠡᠦᠬᠡᠳ᠂ ᠦᠳᠡᠬᠦᠰ᠎ᠤᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠤᠨ᠎ᠠ᠃
ᠦᠨᠳᠦᠰᠦᠲᠡᠨ ᠱᠠᠰᠢᠨ ᠰᠤᠷᠲᠠᠬᠤᠨ᠎ᠤ ᠠᠵᠢᠯ᠎ᠢ ᠦᠨᠡᠨᠬᠦ ᠰᠠᠶ᠋ᠢᠲᠤᠷ ᠠᠳᠬᠤᠨ᠎ᠠ᠃ ᠦᠨᠳᠦᠰᠦᠳᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠤᠨᠴᠠᠯᠢᠬ ᠪᠦᠬᠦᠢ ᠵᠦᠪ ᠤᠨᠤᠪᠴᠢᠳᠠᠢ ᠵᠠᠮ ᠵᠶ᠋ᠠᠷ ᠡᠷᠡᠰ ᠰᠢᠭᠤᠷᠬᠠᠢ ᠵᠠᠮᠨᠠᠵᠤ᠂ ᠦᠨᠳᠦᠰᠦᠲᠡᠨ᠎ᠤ ᠠᠵᠢᠯ᠎ᠤᠨ ᠲᠤᠬᠠᠢ ᠨᠠᠮ᠎ᠤᠨ ᠳᠦᠷᠦ ᠵᠢᠨ ᠪᠤᠳᠤᠯᠭ᠎ᠠ ᠵᠢ ᠪᠦᠬᠦ ᠳᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠤ ᠣᠷᠣᠨ᠎ᠤ ᠦᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠳᠡᠨ᠎ᠨᠦᠭᠦᠳ᠎ᠤᠨ ᠬᠤᠭᠤᠷᠤᠨᠳᠤᠬᠢ ᠶᠠᠪᠤᠯᠴᠠᠭ᠎ᠠ ᠰᠤᠯᠢᠯᠴᠠᠭ᠎ᠠ ᠤᠶᠠᠯᠳᠤᠯ᠎ᠢ ᠪᠠᠷᠢᠮᠳᠠᠯᠠᠨ᠂ ᠪᠠᠷᠭ᠋ᠠᠯᠠᠨ ᠰᠠᠬᠢᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ ᠪᠠᠶ᠋ᠢᠭ᠋ᠠᠳ 《ᠳᠥᠷᠪᠠᠨ ᠬᠠᠮᠲᠤ ᠵᠢᠨ ᠲᠠᠨᠢᠯᠲᠠ》 ᠪᠠ 《ᠭᠤᠷᠪᠠᠨ ᠰᠠᠯᠵᠤ ᠪᠣᠯᠣᠰᠢ ᠦᠭᠡᠢ》 ᠦᠵᠡᠯ ᠰᠠᠨᠠᠭ᠎ᠠ ᠵᠢ ᠬᠦᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠤᠨ᠎ᠠ᠃ ᠬᠦᠭᠵᠢᠯᠳᠡ᠎ᠪᠠᠷ ᠦᠨᠳᠦᠰᠦᠳᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢᠨ ᠦᠨᠳᠦᠰᠦᠨ ᠠᠷᠭ᠎ᠠ ᠵᠠᠮ ᠪᠤᠯᠭ᠋ᠠᠵᠤ᠂ ᠴᠦᠭᠡᠨ ᠳᠤᠭ᠋ᠠᠳᠤ ᠦᠨᠳᠦᠰᠦᠳᠡᠨ ᠪᠤᠯᠤᠨ ᠦᠨᠳᠦᠰᠦᠲᠡᠨ᠎ᠨᠦᠭᠦᠳ᠎ᠤᠨ ᠳᠦᠪᠯᠡᠷᠡᠨ ᠰᠠᠭᠤᠷᠢᠰᠢᠵᠦ ᠪᠠᠶ᠋ᠢᠭ᠎ᠠ ᠭᠠᠵᠠᠷ ᠤᠷᠤᠨ᠎ᠤ ᠬᠦᠭᠵᠢᠯᠳᠡ ᠵᠢ ᠬᠦᠴᠦᠳᠠᠢ ᠠᠬᠢᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠳᠠᠯ᠎ᠠ᠎ᠪᠠᠷ ᠴᠤᠬ᠍ᠴᠠᠯᠠᠬᠤ ᠠᠯᠬᠤᠴᠠ ᠵᠢ ᠳᠦᠷᠬᠡᠳᠬᠡᠨ᠎ᠡ᠃ ᠬᠢᠯᠢ ᠬᠢᠵᠠᠭ᠋ᠠᠷ ᠵᠶ᠋ᠠᠨ ᠬᠥᠭᠵᠢᠭᠦᠯᠦᠨ ᠠᠷᠠᠳ ᠵᠶ᠋ᠠᠨ ᠪᠠᠶᠠᠵᠢᠭᠤᠯᠬᠤ ᠠᠵᠢᠯᠯᠠᠭ᠎ᠠ ᠵᠢ ᠯᠠᠪᠳᠠᠭᠤᠨ ᠠᠬᠢᠭᠤᠯᠵᠤ᠂ ᠬᠦᠮᠦᠨ ᠠᠮᠠ᠎ᠪᠠᠷ ᠨᠡᠯᠢᠶᠡᠳ ᠴᠦᠬᠡᠨ ᠪᠠᠶ᠋ᠢᠭ᠎ᠠ ᠦᠨᠳᠦᠰᠦᠲᠡᠨ᠎ᠤ ᠬᠥᠭᠵᠢᠯᠲᠡ ᠵᠢ ᠲᠡᠳᠬᠦᠨ᠎ᠡ᠃ ᠬᠤᠳᠠ ᠵᠢᠨ ᠦᠨᠳᠦᠰᠦᠳᠡᠨ᠎ᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠮᠤᠩᠭᠤᠯ ᠬᠡᠯᠡ ᠦᠰᠦᠭ ᠪᠢᠴᠢᠭ᠎ᠢ ᠳᠦᠷᠢᠮᠵᠢᠬᠦᠯᠦᠨ ᠬᠡᠷᠡᠭᠯᠡᠬᠦ᠎ᠳᠤ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠭᠤᠯᠵᠤ᠂ ᠮᠣᠩᠭᠤᠯ ᠬᠡᠯᠡ ᠪᠢᠴᠢᠭ᠎ᠤᠨ ᠬᠠᠤᠯᠢᠵᠢᠬᠤ᠂ ᠵᠢᠷᠤᠮᠵᠢᠬᠤ᠂ ᠪᠠᠷᠢᠮᠵᠢᠶᠠᠵᠢᠬᠤ ᠪᠠ ᠮᠡᠳᠡᠭᠡ ᠵᠠᠩᠭᠢᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠳᠦᠯᠬᠢᠨ ᠠᠬᠢᠭᠤᠯᠤᠨ᠎ᠠ᠃ ᠱᠠᠰᠢᠨ ᠰᠤᠷᠲᠠᠬᠤᠨ᠎ᠤ ᠠᠵᠢᠯ᠎ᠤᠨ ᠲᠤᠬᠠᠢ ᠨᠠᠮ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠠᠬᠢ ᠱᠠᠰᠢᠨ ᠰᠤᠷᠲᠠᠬᠤᠨ᠎ᠤ ᠡᠲᠡᠭᠡᠳ᠎ᠤᠨ᠎ᠬᠢᠨ ᠪᠣᠯᠣᠨ ᠱᠠᠰᠢᠨ ᠰᠢᠳᠦᠭᠴᠢ ᠣᠯᠠᠨ ᠲᠦᠮᠡᠨ᠎ᠤ ᠢᠳᠡᠪᠬᠢ ᠦᠢ᠍ᠯᠡᠳᠦᠯ᠎ᠢ ᠪᠠᠳᠠᠷᠠᠭᠤᠯᠤᠨ᠎ᠠ᠃
ᠨᠡᠶ᠋ᠢᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠳᠠᠯ᠎ᠢ ᠪᠦᠬᠦ ᠬᠦᠴᠦᠨ ᠵᠶ᠋ᠠᠷ ᠵᠶ᠋ᠠᠨ ᠬᠠᠮᠠᠭ᠋ᠠᠯᠠᠨ᠎ᠠ᠃ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ ᠵᠢ ᠬᠠᠮᠠᠭ᠋ᠠᠯᠠᠬᠤ᠎ᠲᠠᠢ ᠬᠤᠯᠪᠣᠭᠳᠠᠬᠤ ᠳᠦᠷᠢᠮ᠎ᠢ ᠲᠡᠭᠦᠯᠳᠡᠷᠵᠢᠭᠦᠯᠵᠦ᠂ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠲᠤᠭᠳᠠᠭ᠋ᠠᠵᠦ ᠨᠡᠶ᠋ᠢᠭᠡᠮ᠎ᠤᠨ ᠲᠣᠭᠲᠠᠭᠤᠨ᠎ᠤ ᠲᠠᠯ᠎ᠠ᠎ᠪᠠᠷ᠎ᠬᠢ ᠠᠶᠤᠯ ᠲᠥᠭᠰᠢᠭᠦᠷᠢ ᠵᠢ ᠦᠨᠡᠯᠡᠨ ᠵᠢᠱ᠌ᠢᠬᠦ ᠲᠣᠭᠲᠠᠴᠠ ᠵᠢ ᠴᠢᠩᠭ᠎ᠠ ᠬᠡᠷᠡᠭᠵᠢᠭᠦᠯᠦᠨ᠎ᠡ᠃ ᠬᠦᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠲᠣᠭᠲᠠᠴᠠ᠎ᠪᠠᠨ ᠪᠦᠷᠢᠨᠰᠢᠬᠦᠯᠵᠦ᠂ ᠠᠵᠤ ᠠᠬᠤᠶ᠋ᠢᠯᠠᠯ᠎ᠤᠨ ᠠᠵᠢᠯᠲᠠᠨ ᠬᠡᠷᠡᠭᠯᠡᠬᠦ ᠡᠮᠬᠢ ᠵᠢᠷᠤᠮ᠎ᠢ ᠵᠢᠷᠤᠮᠵᠢᠭᠤᠯᠤᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳ᠎ᠲᠤ ᠴᠠᠯᠢᠩ᠎ᠢ᠎ᠨᠢ ᠦᠷᠢᠳᠦᠵᠦ ᠪᠠᠶ᠋ᠢᠭ᠎ᠠ ᠠᠰᠠᠭᠤᠳᠠᠯ᠎ᠢ ᠬᠢᠨᠠᠮᠠᠭ᠋ᠠᠢ ᠰᠢᠢ᠍ᠳᠪᠦᠷᠢᠯᠡᠵᠦ᠂ ᠬᠦᠳᠡᠯᠮᠦᠷᠢᠴᠢᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠨ᠎ᠠ᠃ ᠨᠡᠶ᠋ᠢᠭᠡᠮ ᠲᠣᠭᠤᠷᠢᠭ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠵᠤ᠂ ᠨᠡᠶ᠋ᠢᠭᠡᠮ ᠲᠣᠭᠤᠷᠢᠭ᠎ᠤᠨ ᠵᠠᠰᠠᠵᠦ ᠦᠢ᠍ᠯᠡᠴᠢᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠭᠠᠴᠠᠭ᠎ᠠ ᠲᠤᠰᠬᠤᠨ᠎ᠤ ᠠᠷᠠᠳ᠎ᠤᠨ ᠵᠦᠪᠯᠡᠯ᠎ᠤᠨ ᠬᠤᠭᠤᠴᠠᠭ᠎ᠠ ᠰᠤᠯᠢᠬᠤ ᠠᠵᠢᠯ᠎ᠢ ᠬᠠᠤᠯᠢ ᠶᠤᠰᠤᠭ᠋ᠠᠷ ᠰᠠᠶ᠋ᠢᠳᠤᠷ ᠬᠢᠨ᠎ᠡ᠃ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠦᠷᠬᠡᠳᠬᠡᠨ᠂ ᠪᠦᠬᠦ ᠨᠡᠶ᠋ᠢᠭᠡᠮ᠎ᠢ ᠬᠠᠮᠤᠷᠠᠭᠰᠠᠨ ᠢᠲᠡᠭᠡᠮᠵᠢ ᠣᠯᠬᠤ ᠰᠢᠰᠲ᠋ᠧᠮᠵᠢ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃ ᠵᠠᠬᠢᠳᠠᠯ ᠰᠤᠷᠪᠤᠯᠵᠢᠯᠠᠯ᠎ᠢ ᠬᠠᠤᠯᠢ᠎ᠪᠠᠷ ᠵᠠᠰᠠᠬᠤ ᠵᠠᠮ᠎ᠳᠤ ᠣᠷᠤᠭᠤᠯᠵᠤ᠂ ᠡᠷᠬᠡ᠎ᠪᠠᠨ ᠬᠠᠤᠯᠢ ᠶᠤᠰᠤᠭ᠋ᠠᠷ ᠬᠠᠮᠠᠭ᠋ᠠᠯᠠᠬᠤ ᠪᠠ ᠵᠢᠭᠤᠷᠠᠭ᠋ᠠᠨ᠎ᠢ ᠠᠷᠢᠯᠭ᠋ᠠᠬᠤ ᠲᠣᠭᠲᠠᠴᠠ ᠵᠢ ᠪᠦᠷᠢᠨᠰᠢᠭᠦᠯᠦᠨ᠂ ᠭᠠᠵᠠᠷ ᠰᠢᠷᠤᠢ ᠲᠠᠲᠠᠪᠤᠷᠢᠯᠠᠨ ᠭᠡᠷ ᠪᠠᠶ᠋ᠢᠰᠢᠩ ᠨᠤᠷᠠᠭ᠋ᠠᠵᠤ ᠨᠡᠭᠦᠯᠭᠡᠬᠦ᠂ ᠬᠦᠳᠡᠯᠮᠦᠷᠢ ᠨᠡᠶ᠋ᠢᠭᠡᠮ᠎ᠤᠨ ᠪᠠᠲᠤᠯᠠᠭ᠎ᠠ᠂ ᠡᠬᠢ ᠪᠠᠶᠠᠯᠢᠭ᠎ᠤᠨ ᠨᠡᠭᠡᠭᠡᠯᠲᠡ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠭᠤᠣᠯᠳᠠᠯᠭ᠎ᠠ᠎ᠲᠠᠢ ᠬᠦᠷᠢᠶ᠎ᠠ ᠴᠠᠷᠠᠭ᠎ᠠ᠎ᠳᠠᠬᠢ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠨ᠎ᠡ᠃ 《ᠠᠮᠤᠭᠤᠯᠠᠩ ᠲᠠᠶ᠋ᠢᠪᠣᠩ ᠦᠪᠦᠷ ᠮᠣᠩᠭᠤᠯ》᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠨᠡᠶ᠋ᠢᠭᠡᠮ᠎ᠤᠨ ᠠᠮᠦᠷ ᠲᠥᠪᠰᠢᠨ᠎ᠢ ᠶᠡᠷᠦᠩᠬᠡᠶ᠋ᠢᠯᠡᠨ ᠵᠠᠰᠠᠬᠤ᠎ᠪᠠᠨ ᠴᠢᠩᠭ᠋ᠠᠳᠬᠠᠨ᠂ ᠪᠣᠰᠤᠭ᠎ᠠ ᠴᠣᠭᠴᠠᠵᠠᠲᠤ ᠨᠡᠶ᠋ᠢᠭᠡᠮ᠎ᠤᠨ ᠠᠮᠥᠷ ᠲᠥᠪᠰᠢᠨ᠎ᠤ ᠰᠡᠷᠭᠡᠶ᠋ᠢᠯᠡᠨ ᠡᠵᠡᠮᠳᠡᠬᠦ ᠰᠢᠰᠲ᠋ᠧᠮᠵᠢ ᠵᠢ ᠲᠦᠷᠭᠡᠳᠭᠡᠨ ᠲᠡᠭᠦᠯᠳᠡᠷᠵᠢᠭᠦᠯᠵᠦ᠂ ᠡᠯ᠎ᠡ ᠲᠦᠷᠦᠯ᠎ᠤᠨ ᠬᠠᠤᠯᠢ᠎ᠠᠴᠠ ᠵᠦᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠤᠰᠤᠭ᠋ᠠᠷ ᠴᠢᠩᠭ᠎ᠠ ᠴᠣᠬᠢᠯᠲᠠ ᠥᠭᠴᠦ᠂ ᠨᠢᠭᠤᠴᠠ ᠹᠷᠣᠨᠲ᠎ᠤᠨ ᠠᠵᠢᠯ ᠪᠠ ᠳᠠᠶ᠋ᠢᠰᠤᠩᠨᠠᠭᠴᠢ ᠡᠲᠡᠭᠡᠳ᠎ᠯᠦᠭᠡ ᠲᠡᠮᠡᠴᠡᠬᠦ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠪᠦᠬᠦ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠨ᠎ᠠ᠃ ᠰᠦᠯᠵᠢᠶ᠎ᠡ ᠵᠢᠨ ᠬᠢᠨᠠᠯᠳᠠ ᠬᠠᠮᠢᠶᠠᠷᠤᠯᠳᠠ ᠪᠠ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠦᠲᠦᠯᠦᠨ ᠵᠢᠯᠤᠭᠤᠳᠬᠤ᠎ᠪᠠᠨ ᠴᠢᠩᠭ᠋ᠠᠳᠬᠠᠵᠤ᠂ ᠢᠨᠲ᠋ᠧᠷᠨᠧᠲ ᠰᠦᠯᠵᠢᠶ᠎ᠠ ᠵᠢᠨ ᠠᠵᠢᠯᠯᠠᠭ᠋ᠠᠨ᠎ᠤ ᠠᠮᠦᠷ ᠲᠥᠪᠰᠢᠨ᠎ᠢ ᠪᠠᠲᠤᠯᠠᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠋ᠠᠷᠠᠭᠤᠯᠵᠦ᠂ ᠠᠭᠤᠷᠬᠠᠢ ᠵᠢᠨ ᠦᠢ᠍ᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯᠲᠠᠢ ᠬᠢᠮᠢ ᠵᠢᠨ ᠵᠦᠢ᠍ᠯ ᠵᠡᠷᠭᠡ ᠬᠦᠷᠢᠶ᠎ᠡ ᠴᠠᠷᠠᠭ᠎ᠠ ᠵᠢᠨ ᠠᠮᠦᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢ ᠦᠨᠡᠨᠬᠦ ᠴᠢᠩᠭ᠋ᠠᠳᠬᠠᠨ᠂ ᠲᠣᠮᠣ ᠬᠡᠪᠴᠢᠶᠡᠨ᠎ᠤ ᠠᠵᠢᠯᠯᠠᠭ᠎ᠠ ᠵᠢᠨ ᠠᠮᠦᠷ᠎ᠢ ᠬᠠᠮᠠᠭ᠋ᠠᠯᠠᠬᠤ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠭᠠᠯ ᠰᠡᠷᠭᠡᠶ᠋ᠢᠯᠡᠬᠦ ᠠᠮᠥᠷ ᠲᠥᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠳᠠᠯᠳᠠ ᠠᠶᠤᠯ᠎ᠢ ᠵᠢᠭᠰᠠᠭ᠋ᠠᠨ ᠪᠠᠶ᠋ᠢᠴᠠᠭ᠋ᠠᠬᠤ ᠪᠠ ᠲᠤᠰᠬᠠᠶ᠋ᠢᠯᠠᠨ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠵᠤ᠂ ᠡᠯ᠎ᠡ ᠲᠦᠷᠦᠯ᠎ᠤᠨ ᠣᠨᠴᠤᠭᠤᠢ ᠬᠦᠨᠳᠦ ᠶᠡᠭᠡ ᠠᠳᠡᠯ ᠭᠠᠷᠬᠤ ᠵᠢ ᠡᠷᠡᠰ ᠰᠡᠷᠭᠡᠶ᠋ᠢᠯᠡᠨ᠎ᠡ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠳᠠ ᠬᠠᠮᠢᠶᠠᠷᠤᠯᠳᠠ ᠵᠢ ᠴᠢᠩᠭ᠋ᠠᠷᠠᠭᠤᠯᠵᠤ᠂ ᠢᠳᠡᠭᠡᠨ ᠪᠠ ᠡᠮ᠎ᠤᠨ ᠵᠦᠢ᠍ᠯ᠎ᠤᠨ ᠬᠠᠤᠯᠢ᠎ᠠᠴᠠ ᠵᠦᠷᠢᠴᠡᠭᠰᠡᠨ ᠶᠠᠯᠠᠳᠤ ᠠᠵᠢᠯᠯᠠᠭ᠎ᠠ᠎ᠳᠤ ᠬᠠᠤᠯᠢ ᠶᠤᠰᠤᠭ᠋ᠠᠷ ᠬᠦᠨᠳᠦ ᠮᠦᠷᠳᠡᠭᠡᠨ ᠳᠦᠷᠭᠡᠨ ᠴᠤᠬᠢᠯᠳᠠ ᠦᠭᠬᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠳᠠ ᠵᠢ ᠴᠢᠩᠭ᠋ᠠᠳᠬᠠᠵᠤ᠂ ᠭᠠᠮᠰᠢᠬ᠎ᠢ ᠰᠡᠷᠬᠡᠶ᠋ᠢᠯᠡᠬᠦ ᠪᠠ ᠪᠠᠭ᠋ᠠᠰᠬᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠤᠳᠤᠬᠢᠴᠢᠯᠠᠯᠳᠠ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ ᠪᠣᠯᠣᠨ ᠪᠡᠯᠡᠳᠭᠡᠯ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ ᠪᠠ ᠴᠡᠷᠢᠭ ᠠᠷᠠᠳ᠎ᠤᠨ ᠤᠶᠠᠯᠳᠤᠨ ᠬᠥᠭᠵᠢᠬᠦ ᠵᠢ ᠳᠦᠯᠬᠢᠨ ᠠᠬᠢᠭᠤᠯᠤᠨ᠎ᠠ᠃
(ᠶᠢᠰᠦ) ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠢᠳᠡᠪᠬᠢᠳᠠᠢ ᠠᠬᠢᠭᠤᠯᠵᠤ᠂ ᠠᠮᠢ ᠠᠬᠤᠢ ᠵᠢᠨ ᠠᠮᠦᠷ ᠲᠥᠪᠰᠢᠨ᠎ᠤ ᠬᠠᠯᠬᠠᠪᠴᠢ ᠵᠢ ᠤᠯᠠᠮ ᠨᠢᠭᠡ ᠠᠯᠬᠤᠮ ᠪᠠᠬᠢᠵᠢᠭᠦᠯᠦᠨ᠎ᠡ
ᠠᠮᠢ ᠠᠬᠤᠢ ᠵᠢᠨ ᠬᠠᠮᠠᠭ᠋ᠠᠯᠠᠯᠲᠠ ᠪᠠ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠨ᠎ᠠ᠃ ᠦᠨᠳᠦᠰᠦᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠳᠦᠷᠢᠮ᠎ᠢ ᠴᠢᠩᠭ᠎ᠠ ᠬᠡᠷᠡᠭᠵᠢᠬᠦᠯᠵᠦ᠂ ᠪᠡᠯᠴᠢᠭᠡᠷ ᠮᠠᠯ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠱᠠᠲᠤ ᠦᠶᠡᠯᠡᠯ᠎ᠤᠨ ᠴᠢᠨᠠᠷᠲᠠᠢ᠎ᠪᠠᠷ ᠮᠠᠯᠵᠢᠬᠤ ᠵᠢ ᠵᠣᠭᠰᠣᠭ᠋ᠠᠵᠤ᠂ ᠪᠡᠯᠴᠢᠭᠡᠷ ᠦᠨᠵᠢᠬᠦᠯᠬᠦ᠂ ᠪᠡᠯᠴᠢᠭᠡᠷ ᠡᠭᠡᠯᠵᠢᠯᠡᠬᠦ ᠠᠷᠭ᠎ᠠ ᠬᠡᠮᠵᠢᠶ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠨᠦᠬᠦᠪᠦᠷᠢ ᠥᠭᠴᠦ ᠱᠠᠩᠨᠠᠬᠤ ᠲᠣᠭᠲᠠᠴᠠ ᠵᠢ ᠦᠷᠭᠦᠯᠵᠢᠯᠡᠨ ᠬᠡᠷᠡᠭᠵᠢᠭᠦᠯᠵᠦ᠂ 4000 ᠲᠦᠮᠡᠨ ᠮᠦ᠍᠎ᠠᠴᠠ ᠳᠡᠭᠡᠭᠰᠢᠬᠢ ᠳᠠᠯᠠᠪᠠᠢ ᠵᠢᠨ ᠨᠤᠲᠤᠭ ᠪᠡᠯᠴᠢᠭᠡᠷ᠎ᠤᠨ ᠪᠠᠶ᠋ᠢᠭᠤᠯᠤᠯᠲᠠ ᠵᠢ ᠪᠡᠶᠡᠯᠡᠭᠦᠯᠬᠦ᠎ᠪᠠᠨ ᠦᠨᠡᠨᠬᠦ ᠪᠠᠲᠤᠯᠠᠨ᠎ᠠ᠃ ᠪᠠᠶ᠋ᠢᠭ᠋ᠠᠯᠢ ᠵᠢᠨ ᠣᠢ ᠰᠢᠭᠤᠢ ᠵᠢᠨ ᠬᠠᠮᠠᠭ᠋ᠠᠯᠠᠯᠲᠠ ᠪᠡᠭᠡᠵᠢᠩ ᠳᠢᠶᠠᠨᠵᠢᠨᠤ ᠡᠷᠬᠢᠨ ᠳᠤᠭᠤᠷᠢᠨ᠎ᠤ ᠡᠯᠡᠰᠦᠨ᠎ᠤ ᠡᠬᠢ ᠵᠢ ᠵᠠᠰᠠᠬᠤ ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠢ ᠰᠠᠶ᠋ᠢᠲᠤᠷ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ 1000 ᠲᠦᠮᠡᠨ ᠮᠦ᠍ ᠳᠠᠯᠠᠪᠠᠢ ᠵᠢᠨ ᠣᠢ ᠰᠢᠭᠤᠢ ᠵᠢᠨ ᠠᠮᠢ ᠠᠬᠤᠢ ᠵᠢᠨ ᠪᠠᠶ᠋ᠢᠭᠤᠯᠤᠯᠲᠠ᠂ 200 ᠲᠦᠮᠡᠨ ᠮᠦ᠍ ᠭᠤᠣᠯᠳᠠᠯᠭ᠎ᠠ᠎ᠲᠠᠢ ᠣᠷᠣᠨ᠎ᠤ ᠨᠣᠭᠤᠭ᠋ᠠᠷᠠᠭᠤᠯᠤᠯᠲᠠ ᠵᠢ ᠪᠡᠶᠡᠯᠡᠭᠦᠯᠦᠨ᠎ᠡ᠃ ᠤᠰᠤ ᠰᠢᠷᠤᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ 650 ᠲᠦᠮᠡᠨ ᠮᠦ᠍ ᠳᠠᠯᠠᠪᠠᠢ ᠵᠢᠨ ᠬᠦᠷᠦᠰᠦ ᠰᠢᠷᠤᠢ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ᠎ᠪᠠᠨ ᠪᠡᠶᠡᠯᠡᠬᠦᠯᠦᠨ᠎ᠠ᠃ ᠬᠦᠯᠦᠨ ᠨᠠᠭᠤᠷ ᠪᠣᠯᠣᠨ ᠤᠯᠠᠭ᠋ᠠᠨᠰᠤᠬᠠᠢ ᠨᠠᠭᠤᠷ᠎ᠤᠨ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠮᠢ ᠠᠬᠤᠢ ᠵᠢᠨ ᠴᠢᠳᠠᠪᠬᠢ ᠣᠷᠣᠨ ᠪᠠ ᠤᠰᠤᠯᠢᠬ ᠨᠤᠭᠤ ᠭᠠᠵᠠᠷ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠣᠢ ᠰᠢᠭᠤᠢ᠂ ᠡᠯᠡᠰᠦ᠂ ᠡᠪᠡᠰᠦᠨ᠎ᠤ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃
ᠣᠷᠴᠢᠨ ᠲᠣᠭᠤᠷᠢᠨ᠎ᠢ ᠶᠡᠷᠦᠩᠬᠡᠶ᠋ᠢᠯᠡᠨ ᠵᠠᠰᠠᠬᠤ ᠵᠢ ᠬᠦᠨᠵᠡᠭᠡᠢ ᠦᠷᠨᠢᠭᠦᠯᠦᠨ᠎ᠡ᠃ ᠠᠭ᠋ᠠᠷ ᠮᠠᠨᠳᠠᠯ᠂ ᠤᠰᠤ᠂ ᠬᠦᠷᠦᠰᠦ ᠰᠢᠷᠤᠢ ᠪᠣᠯᠣᠨ ᠬᠦᠨᠳᠦ ᠲᠡᠮᠦᠷᠯᠢᠭ᠎ᠤᠨ ᠪᠣᠬᠢᠷᠳᠤᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠷᠠᠭᠤᠯᠵᠦ᠂ ᠪᠤᠬᠢᠷᠳᠣᠯ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠵᠤ ᠪᠣᠬᠢᠷᠳᠤᠯ᠎ᠢ ᠵᠠᠰᠠᠬᠤ ᠭᠤᠣᠯᠳᠠᠯᠭ᠎ᠠ᠎ᠲᠠᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠣᠬᠢᠷᠳᠤᠯ ᠪᠤᠳᠠᠰ ᠭᠠᠳᠠᠭᠰᠢᠯᠠᠭᠤᠯᠬᠤ ᠡᠷᠬᠡ ᠵᠢ ᠲᠦᠯᠦᠪᠦᠷᠢ᠎ᠲᠠᠢ ᠬᠡᠷᠡᠭᠯᠡᠬᠦ ᠪᠠ ᠰᠤᠯᠢᠯᠴᠠᠬᠤ ᠲᠣᠷᠰᠢᠯᠲᠠ ᠵᠢᠨ ᠴᠢᠬᠢ ᠲᠦᠯᠬᠢᠨ ᠠᠬᠢᠭᠤᠯᠵᠤ᠂ ᠣᠷᠴᠢᠨ ᠲᠣᠭᠤᠷᠢᠨ᠎ᠤ ᠪᠣᠬᠢᠷᠳᠤᠯ᠎ᠤᠨ ᠭᠤᠷᠪᠠᠳᠠᠬᠢ ᠡᠲᠡᠭᠡᠳ᠎ᠠᠴᠠ ᠵᠠᠰᠠᠬᠤ ᠵᠠᠭᠪᠣᠷᠢ ᠰᠦᠪᠡᠭᠴᠢᠯᠡᠨ ᠶᠠᠪᠤᠭᠳᠠᠭᠤᠯᠬᠤ ᠪᠠ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠠᠭᠤᠷᠢ ᠮᠦᠩᠭᠦ ᠵᠢ ᠪᠠᠶ᠋ᠢᠭᠤᠯᠵᠤ᠂ ᠣᠯᠠᠨ ᠲᠦᠮᠡᠨ᠎ᠤ ᠡᠷᠡᠭᠦᠯ ᠮᠡᠨᠳᠦ᠎ᠳᠤ ᠬᠤᠣᠷᠲᠠᠢ ᠣᠷᠴᠢᠨ ᠲᠣᠭᠤᠷᠢᠨ᠎ᠤ ᠪᠤᠬᠢᠷᠳᠤᠯ᠎ᠤᠨ ᠳᠤᠪᠤᠶ᠋ᠢᠮ᠎ᠠ ᠠᠰᠠᠭᠤᠳᠠᠯ᠎ᠢ ᠰᠢᠢ᠍ᠳᠪᠦᠷᠢᠯᠡᠨ᠎ᠡ᠃ ᠣᠷᠴᠢᠨ ᠲᠣᠭᠤᠷᠢᠨ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠪᠠ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠣᠷᠴᠢᠨ ᠲᠣᠭᠤᠷᠢᠨ᠎ᠤ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ 《ᠦᠴᠦᠬᠡᠨ ᠴᠤ᠌ ᠠᠭᠤᠴᠢᠯᠠᠬᠤ ᠦᠭᠡᠢ》 ᠪᠤᠯᠭ᠋ᠠᠨ᠎ᠠ᠃ ᠡᠨᠧᠷᠬᠢ ᠵᠢ ᠠᠷᠪᠢᠯᠠᠵᠤ ᠪᠤᠬᠢᠷᠳᠣᠯ ᠪᠤᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠠ ᠵᠢ ᠲᠡᠬᠦᠯᠳᠡᠷᠵᠢᠬᠦᠯᠵᠦ᠂ ᠠᠷᠪᠠᠨ ᠲᠣᠮᠣ ᠭᠤᠣᠯᠳᠠᠯᠭ᠎ᠠ᠎ᠲᠠᠢ ᠡᠨᠧᠷᠬᠢ ᠠᠷᠪᠢᠯᠠᠬᠤ ᠢᠨᠵᠧᠨᠧᠷᠢᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠭᠤᠣᠯᠳᠠᠯᠭ᠎ᠠ᠎ᠲᠠᠢ ᠠᠵᠢᠯ ᠲᠦᠷᠦᠯ᠎ᠤᠨ᠎ᠬᠢᠨ ᠪᠤᠯᠤᠨ ᠭᠤᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠡᠨᠧᠷᠬᠢ ᠠᠷᠪᠢᠯᠠᠵᠤ ᠬᠤᠷᠤᠭᠳᠠᠯ᠎ᠢ ᠪᠠᠭ᠋ᠠᠰᠬᠠᠬᠤ ᠮᠡᠷᠭᠡᠵᠢᠯ᠎ᠤᠨ ᠦᠭᠡᠷᠡᠴᠢᠯᠡᠯᠲᠡ ᠵᠢ ᠲᠦᠷᠬᠡᠳᠬᠡᠵᠦ᠂ ᠨᠡᠭᠦᠷᠡᠰᠦᠳᠦ᠋ᠷᠦᠭᠴᠢ ᠵᠢ ᠭᠠᠳᠠᠭᠰᠢᠯᠠᠭᠤᠯᠬᠤ᠂ ᠨᠡᠭᠦᠷᠡᠰᠦᠳᠦ᠋ᠷᠦᠭᠴᠢ ᠵᠢ ᠰᠣᠯᠢᠯᠴᠠᠬᠤ ᠳᠦᠷᠢᠮ᠎ᠤᠨ ᠰᠢᠰᠲ᠋ᠧᠮᠵᠢ ᠵᠢ ᠰᠦᠪᠡᠭᠴᠢᠯᠡᠨ ᠪᠠᠶ᠋ᠢᠭᠤᠯᠵᠤ᠂ ᠳᠣᠣᠷ᠎ᠠ ᠨᠡᠭᠦᠷᠡᠰᠦᠳᠦ᠋ᠷᠦᠭᠴᠢᠲᠦ ᠲᠣᠷᠰᠢᠯᠲᠠ ᠵᠢᠨ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠬᠤᠴᠤᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠦᠷᠬᠦᠯᠵᠢᠯᠡᠨ ᠰᠢᠯᠢᠭᠳᠡᠬᠦᠯᠦᠨᠠ᠃ ᠲᠡᠷᠢᠶᠠᠯᠠᠩ ᠮᠠᠯ ᠠᠵᠤ ᠠᠬᠤᠢ ᠵᠢᠨ ᠴᠡᠪᠡᠷ ᠦᠢ᠍ᠯᠡᠳᠪᠦᠷᠢᠯᠡᠯ᠂ ᠠᠵᠤ ᠦᠢ᠍ᠯᠡᠳᠪᠦᠷᠢ ᠵᠢᠨ ᠡᠷᠬᠢᠯᠳᠡᠳᠤ ᠠᠰᠢᠭᠯᠠᠯᠲᠠ ᠵᠢᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠂ ᠵᠢᠱ᠌ᠢᠶ᠎ᠡ ᠦᠵᠡᠬᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠵᠦ᠂ ᠬᠦᠷᠦᠰᠤᠨ ᠲᠣᠣᠷᠠᠬᠢ ᠤᠰᠤ ᠵᠢ ᠠᠷᠪᠢᠯᠠᠵᠤ ᠬᠠᠮᠠᠭ᠋ᠠᠯᠠᠬᠤ᠎ᠪᠠᠨ ᠴᠢᠩᠭ᠋ᠠᠳᠬᠠᠨ᠎ᠠ᠃ ᠠᠭᠤᠷᠬᠠᠢ ᠵᠢᠨ ᠭᠠᠵᠠᠷ᠎ᠤᠨ ᠣᠷᠴᠢᠨ ᠲᠤᠭᠤᠷᠢᠨ᠂ ᠭᠠᠵᠠᠷ ᠬᠦᠷᠦᠰᠤ ᠵᠢᠨ ᠭᠠᠢ ᠭᠠᠮᠰᠢᠭ ᠵᠢᠴᠢ ᠨᠡᠭᠦᠷᠡᠰᠦᠨ᠎ᠤ ᠠᠢ ᠰᠠᠪᠠ ᠵᠢᠨ ᠭᠠᠯ ᠨᠣᠴᠤᠭᠰᠠᠨ ᠣᠷᠣᠨ᠂ ᠴᠦᠮᠦᠷᠡᠭᠰᠡᠨ ᠣᠷᠣᠨ᠎ᠤ ᠣᠷᠴᠢᠨ ᠲᠣᠭᠤᠷᠢᠨ᠎ᠢ ᠵᠠᠰᠠᠬᠤ᠎ᠪᠠᠨ ᠴᠢᠩᠭ᠋ᠠᠳᠬᠠᠨ᠎ᠠ᠃
ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠪᠠᠶ᠋ᠢᠭᠤᠯᠤᠯᠲᠠ ᠵᠢ ᠢᠳᠡᠪᠬᠢᠲᠡᠢ᠎ᠪᠠᠷ ᠲᠦᠯᠬᠢᠨ ᠠᠬᠢᠭᠤᠯᠤᠨ᠎ᠠ᠃ ᠡᠬᠢ ᠡᠭᠦᠰᠦᠯ᠎ᠠᠴᠠ᠎ᠨᠢ ᠴᠢᠩᠭ᠎ᠠ ᠰᠡᠷᠭᠡᠶ᠋ᠢᠯᠡᠵᠦ᠂ ᠶᠠᠪᠤᠴᠠ ᠵᠢ᠎ᠨᠢ ᠴᠢᠩᠭ᠎ᠠ ᠬᠠᠮᠢᠶᠠᠷᠤᠨ᠂ ᠦᠷ᠎ᠡ ᠳ᠋ᠦᠩ ᠵᠶ᠋ᠠᠷ᠎ᠨᠢ ᠴᠢᠩᠭ᠎ᠠ ᠰᠢᠳᠭᠡᠵᠦ᠂ ᠦᠩᠭᠡᠨ ᠲᠠᠯ᠎ᠠ ᠪᠠ ᠦᠨᠳᠦᠰᠦᠨ᠎ᠠᠴᠠ᠎ᠨᠢ ᠵᠠᠰᠠᠬᠤ ᠵᠢ ᠤᠯᠠᠨ ᠲᠠᠯ᠎ᠠ᠎ᠪᠠᠷ ᠵᠡᠷᠭᠡ᠎ᠳᠤ᠎ᠨᠢ ᠪᠡᠶᠡᠯᠡᠭᠦᠯᠵᠦ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠪᠠᠶ᠋ᠢᠭᠤᠯᠤᠯᠲᠠ ᠵᠢ ᠲᠦᠷᠭᠡᠳᠭᠡᠨ᠂ ᠠᠮᠢ ᠠᠬᠤᠶ᠋ᠢᠲᠤ ᠡᠳ᠋ ᠬᠦᠷᠦᠩᠭᠡ ᠵᠢ ᠬᠠᠮᠤᠭ᠎ᠤᠨ ᠶᠡᠭᠡ ᠬᠡᠮᠵᠢᠶ᠎ᠠ᠎ᠪᠠᠷ ᠨᠡᠮᠡᠭᠳᠡᠭᠦᠯᠵᠦ᠂ ᠣᠷᠴᠢᠨ ᠲᠣᠭᠤᠷᠢᠨ᠎ᠤ ᠥᠷᠢ ᠥᠭᠴᠡᠭᠡ ᠵᠢ ᠪᠠᠭ᠋ᠠᠰᠬᠠᠨ᠎ᠠ᠃ ᠭᠤᠣᠯ ᠴᠣᠭᠴᠠ ᠵᠢᠨ ᠴᠢᠳᠠᠪᠬᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠣᠷᠰᠢᠯᠲᠠ ᠵᠢᠨ ᠴᠢᠬ᠎ᠤᠨ ᠵᠢᠱ᠌ᠢᠶ᠎ᠠ ᠦᠵᠡᠭᠦᠯᠬᠦ ᠵᠢ ᠦᠷᠭᠦᠯᠵᠢᠯᠡᠨ ᠦᠷᠨᠢᠭᠦᠯᠵᠦ᠂ ᠠᠮᠢ ᠠᠬᠤᠢ ᠵᠢᠨ ᠤᠯᠠᠭ᠋ᠠᠨ ᠱᠤᠭᠤᠮ ᠪᠠ ᠦᠨᠳᠦᠰᠦᠨ ᠨᠤᠲᠤᠭ ᠪᠡᠯᠴᠢᠭᠡᠷ᠎ᠤᠨ ᠤᠯᠠᠭ᠋ᠠᠨ ᠱᠤᠭᠤᠮ᠎ᠢ ᠢᠯᠭ᠋ᠠᠨ ᠲᠣᠭᠲᠠᠭ᠋ᠠᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠩᠭᠡ ᠵᠢᠨ ᠰᠦᠢ᠍ᠳᠤᠯᠤᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠩᠭᠡ᠎ᠳᠤ ᠤᠳᠤᠷᠢᠳᠬᠤ ᠺᠠᠳ᠋ᠷᠴᠤᠳ ᠲᠤᠰᠢᠶᠠᠯ᠎ᠠᠴᠠ᠎ᠪᠠᠨ ᠰᠠᠯᠤᠭᠰᠠᠨ ᠴᠦ᠍ ᠬᠢᠨᠠᠨ ᠪᠤᠳᠤᠯᠳᠠ ᠬᠢᠬᠦ᠂ ᠠᠮᠢ ᠠᠬᠤᠢ ᠵᠢᠨ ᠣᠷᠴᠢᠨ ᠲᠣᠭᠤᠷᠢᠨ᠎ᠢ ᠬᠤᠬᠢᠷᠠᠭᠤᠯᠤᠭᠰᠠᠨ ᠬᠠᠷᠢᠭᠤᠴᠠᠯᠭ᠎ᠠ ᠵᠢ ᠨᠠᠰᠤᠨ ᠲᠣᠷᠰᠢ ᠨᠡᠭᠡᠮᠵᠢᠯᠡᠬᠦ ᠳᠦᠷᠢᠮ᠎ᠤᠨ ᠭᠤᠷᠪᠠᠨ ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ ᠡᠬᠢ ᠪᠠᠶᠠᠯᠢᠭ᠎ᠢ ᠲᠦᠯᠦᠪᠦᠷᠢ᠎ᠲᠠᠢ ᠬᠡᠷᠡᠭᠯᠡᠭᠦᠯᠬᠦ ᠳᠦᠷᠢᠮ ᠪᠠ ᠠᠮᠢ ᠠᠬᠤᠢ ᠵᠢᠨ ᠨᠦᠬᠦᠪᠦᠷᠢ ᠥᠭᠬᠦ ᠳᠦᠷᠢᠮ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠠᠮᠢ ᠠᠬᠤᠢ ᠵᠢᠨ ᠪᠣᠯᠪᠠᠰᠤᠨ᠎ᠤ ᠱᠠᠭ᠋ᠠᠷᠳᠠᠯᠭ᠎ᠠ ᠵᠢ ᠢᠯᠡᠷᠡᠭᠦᠯᠵᠦ ᠦᠨᠡᠯᠡᠨ ᠵᠢᠱ᠌ᠢᠬᠦ᠂ ᠬᠠᠷᠠᠯᠲᠠ ᠪᠤᠯᠤᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠪᠦᠷᠢᠨᠰᠢᠭᠦᠯᠦᠨ᠎ᠡ᠃
(ᠠᠷᠪᠠ) ᠵᠠᠰᠠᠭ᠎ᠤᠨ ᠣᠷᠳᠤᠨ᠎ᠤ ᠲᠤᠰ ᠪᠡᠶ᠎ᠡ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠦ᠂ ᠵᠠᠰᠠᠭ᠎ᠤᠨ ᠣᠷᠳᠤᠨ᠎ᠤ ᠬᠡᠷᠡᠭᠵᠢᠭᠦᠯᠬᠦ ᠬᠦᠴᠦᠨ ᠪᠠ ᠨᠡᠶ᠋ᠢᠲᠡ᠎ᠳᠤ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠦᠨ᠎ᠡ
ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠬᠦᠨᠵᠡᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠬᠡᠷᠡᠭᠵᠢᠭᠦᠯᠵᠦ᠂ ᠤᠯᠤᠰ᠎ᠢ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠵᠢᠨ ᠤᠳᠤᠬᠢᠴᠢᠯᠠᠯᠲᠠ ᠵᠢ ᠲᠦᠯᠬᠢᠨ ᠠᠬᠢᠭᠤᠯᠬᠤ ᠱᠠᠭ᠋ᠠᠷᠳᠠᠯᠭ᠎ᠠ ᠶᠤᠰᠤᠭ᠋ᠠᠷ᠂ ᠬᠠᠤᠯᠢ᠎ᠪᠠᠷ ᠵᠠᠰᠠᠬᠤ᠂ ᠰᠢᠨ᠎ᠡ ᠵᠢ ᠡᠭᠦᠳᠬᠦ᠂ ᠠᠷᠢᠭᠤᠨ ᠴᠢᠭᠡᠴᠢ ᠪᠤᠯᠤᠨ ᠦᠢ᠍ᠯᠡᠴᠢᠯᠡᠭᠡᠨ᠎ᠤ ᠮᠠᠶᠢᠭ᠎ᠤᠨ ᠵᠠᠰᠠᠭ᠎ᠤᠨ ᠣᠷᠳᠤᠨ᠎ᠢ ᠲᠦᠷᠭᠡᠳᠭᠡᠨ ᠪᠠᠶ᠋ᠢᠭᠤᠯᠤᠨ᠎ᠠ᠃ ᠬᠠᠤᠯᠢ ᠶᠤᠰᠤᠭ᠋ᠠᠷ ᠵᠠᠰᠠᠭ ᠶᠠᠪᠤᠭᠤᠯᠬᠤ ᠵᠢ ᠲᠦᠯᠬᠢᠨ ᠠᠬᠢᠭᠤᠯᠤᠨ᠎ᠠ᠃ ᠵᠠᠰᠠᠭ᠎ᠤᠨ ᠣᠷᠳᠤᠨ᠎ᠤ ᠠᠵᠢᠯ᠎ᠢ ᠬᠠᠤᠯᠢ᠎ᠪᠠᠷ ᠵᠠᠰᠠᠬᠤ ᠵᠠᠮ᠎ᠳᠤ ᠪᠦᠬᠦ ᠲᠠᠯ᠎ᠠ᠎ᠪᠠᠷ ᠦᠨᠡᠨᠬᠦ ᠣᠷᠤᠭᠤᠯᠵᠤ᠂ ᠬᠠᠤᠯᠢ᠎ᠪᠠᠷ ᠵᠠᠰᠠᠬᠤ ᠰᠡᠳᠬᠢᠬᠦᠢ ᠪᠤᠯᠤᠨ ᠠᠷᠭ᠎ᠠ ᠮᠠᠶᠢᠭ᠎ᠢ ᠬᠡᠷᠡᠭᠯᠡᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠨ᠎ᠡ᠃ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶ᠎ᠠ ᠵᠢᠨ ᠰᠢᠢ᠍ᠳᠪᠦᠷᠢ᠂ ᠲᠣᠭᠲᠠᠭ᠋ᠠᠯ᠎ᠢ ᠬᠢᠨᠠᠮᠠᠭ᠋ᠠᠢ ᠬᠡᠷᠡᠭᠵᠢᠭᠦᠯᠵᠦ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠤᠷᠢᠶ᠎ᠠ᠎ᠳᠤ ᠬᠠᠤᠯᠢ ᠶᠤᠰᠤᠭ᠋ᠠᠷ ᠠᠵᠢᠯ ᠵᠶ᠋ᠠᠨ ᠮᠡᠳᠡᠭᠦᠯᠦᠨ᠂ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ ᠵᠢᠴᠢ ᠳᠡᠭᠦᠨ᠎ᠤ ᠪᠠᠶ᠋ᠢᠡᠭᠭᠤ ᠵᠢᠨ ᠬᠤᠷᠢᠶ᠎ᠠ ᠵᠢᠨ ᠬᠠᠤᠯᠢ ᠴᠠᠭ᠋ᠠᠵᠠ ᠵᠢᠨ ᠬᠢᠨᠠᠯᠳᠠ ᠳᠠᠯᠪᠢᠬᠤ᠂ ᠠᠵᠢᠯ᠎ᠤᠨ ᠬᠢᠨᠠᠯᠳᠠ ᠳᠠᠯᠪᠢᠬᠤ ᠪᠠ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠲᠦᠯᠦᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ ᠳᠤᠷᠠᠳᠤᠯᠭ᠎ᠠ ᠵᠢ ᠬᠢᠨᠠᠮᠠᠭ᠋ᠠᠢ ᠭᠦᠢ᠍ᠴᠡᠳᠭᠡᠵᠦ᠂ ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠤᠨ ᠪᠠ ᠤᠯᠤᠰ ᠲᠥᠷᠥ ᠵᠢᠨ ᠵᠦᠪᠯᠡᠯᠭᠡᠨ᠎ᠤ ᠣᠨ᠎ᠤ ᠵᠦᠪᠳᠡᠯᠴᠡᠬᠦ ᠲᠦᠯᠦᠪᠯᠡᠭᠡ ᠵᠢ ᠢᠳᠡᠪᠬᠢᠲᠡᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠤᠭ᠋ᠠᠳᠤ ᠬᠤᠷᠠᠯ᠂ ᠨᠠᠮ ᠪᠦᠯᠦᠭ᠎ᠤᠨ ᠪᠣᠰᠤ ᠠᠷᠠᠳᠴᠢᠯᠠᠭᠰᠠᠨ ᠬᠦᠮᠦᠰ ᠪᠤᠯᠤᠨ ᠠᠷᠠᠳ᠎ᠤᠨ ᠪᠦᠯᠬᠦᠮ᠎ᠤᠨ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠰᠤᠨᠤᠰᠤᠨ᠎ᠠ᠃ ᠵᠠᠰᠠᠭ᠎ᠤᠨ ᠣᠷᠳᠤᠨ᠎ᠤ ᠬᠠᠤᠯᠢ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠣᠯᠭ᠎ᠠ᠎ᠳᠤ ᠬᠠᠤᠯᠢ᠎ᠪᠠᠷ ᠲᠣᠭᠲᠠᠭ᠋ᠠᠭᠰᠠᠨ ᠵᠢᠷᠤᠮᠵᠢᠯ᠎ᠢ ᠴᠢᠩᠭ᠎ᠠ ᠵᠢᠷᠤᠮᠯᠡᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠦᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠴᠢᠩᠭ᠎ᠠ ᠵᠢᠷᠤᠮᠵᠢᠯ᠎ᠲᠠᠢ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠦᠨ᠎ᠡ᠃ ᠵᠠᠰᠠᠭ᠎ᠤᠨ ᠶᠠᠪᠤᠳᠠᠯ᠎ᠢ ᠢᠯᠠ ᠪᠣᠯᠭ᠋ᠠᠬᠤ ᠵᠢ ᠶᠡᠬᠡᠪᠡᠷ ᠬᠡᠷᠡᠭᠵᠢᠭᠦᠯᠵᠦ᠂ ᠠᠷᠠᠳ ᠲᠦᠮᠡᠨ᠎ᠤ ᠪᠠᠶ᠋ᠢᠳᠠᠯ ᠣᠶ᠋ᠢᠯᠠᠭ᠋ᠠᠬᠤ ᠡᠷᠬᠡ᠂ ᠣᠷᠣᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ ᠲᠠᠯᠪᠢᠬᠤ ᠡᠷᠬᠡ ᠵᠢ ᠪᠠᠲᠤᠯᠠᠨ᠎ᠠ᠃ ᠬᠠᠮᠢᠶᠠᠷᠤᠯᠲᠠ ᠪᠣᠯᠣᠨ ᠦᠢ᠍ᠯᠡᠴᠢᠯᠡᠭᠡ᠎ᠳᠤ ᠰᠢᠨ᠎ᠡ ᠵᠢ ᠡᠭᠦᠳᠦᠨ᠎ᠡ᠃ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠵᠠᠭᠪᠤᠷ᠎ᠢ ᠲᠡᠭᠦᠯᠳᠡᠷᠵᠢᠭᠦᠯᠵᠦ᠂ ᠵᠠᠰᠠᠭ᠎ᠤᠨ ᠣᠷᠳᠤᠨ᠎ᠤ᠎ᠬᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠬᠡᠪᠴᠢᠶ᠎ᠠ ᠵᠢ ᠦᠷᠭᠡᠳᠭᠡᠨ᠎ᠡ᠃ ᠨᠠᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠳᠤ ᠰᠢᠨ᠎ᠡ ᠵᠢ ᠡᠭᠦᠳᠴᠦ᠂ ᠵᠠᠬ᠎ᠠ ᠳᠡᠯᠭᠡᠭᠦᠷ ᠪᠣᠯᠣᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠪᠠᠷ ᠨᠡᠩ ᠣᠯᠠᠨ ᠠᠵᠢᠯ ᠶᠠᠪᠤᠳᠠᠯ᠎ᠢ ᠡᠭᠦᠷᠭᠡᠯᠡᠭᠦᠯᠦᠨ᠎ᠡ᠃ ᠨᠢᠭᠡᠳᠦᠯᠲᠡᠢ ᠵᠢᠷᠤᠮᠵᠢᠭᠰᠠᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠰᠤᠯᠢᠯᠴᠠᠭ᠋ᠠᠨ᠎ᠤ ᠲᠡᠪᠴᠡᠩ᠎ᠢ ᠪᠠᠶ᠋ᠢᠭᠤᠯᠵᠤ᠂ ᠵᠠᠰᠠᠭ᠎ᠤᠨ ᠶᠠᠪᠤᠳᠠᠯ᠎ᠤᠨ ᠶᠡᠭᠡ ᠲᠠᠩᠬᠢᠮ ᠪᠠ ᠡᠯᠧᠺᠳ᠋ᠷᠣᠨ ᠵᠠᠰᠠᠭ᠎ᠤᠨ ᠶᠠᠪᠤᠳᠠᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ ᠠᠬᠢᠭᠤᠯᠵᠤ᠂ ᠶᠡᠷᠦᠩᠬᠡᠶ᠋ᠢᠯᠡᠭᠰᠡᠨ ᠦᠨᠳᠦᠷ ᠪᠦᠲᠦᠮᠵᠢᠲᠡᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠤᠨ᠎ᠠ᠃ ᠰᠤᠷᠲᠠᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠨᠠᠮ᠎ᠢ ᠴᠢᠩᠭ᠎ᠠ᠎ᠪᠠᠷ ᠵᠠᠰᠠᠬᠤ ᠨᠠᠢ᠍ᠮᠠᠨ ᠵᠦᠢ᠍ᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠦ᠂ ᠨᠠᠮ᠎ᠤᠨ ᠤᠯᠤᠰ ᠲᠦᠷᠥ ᠵᠢᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠬᠦᠯᠵᠦ᠂ ᠡᠷᠡᠰ ᠰᠢᠭᠤᠷᠬᠠᠢ ᠪᠦᠬᠡᠳ ᠤᠬᠠᠮᠰᠠᠷ᠎ᠠᠴᠠ᠎ᠪᠠᠨ ᠨᠠᠮ᠎ᠤᠨ ᠲᠥᠪ ᠬᠤᠷᠢᠶ᠎ᠠ᠎ᠯᠤᠭ᠎ᠠ ᠳᠡᠭᠡᠳᠦ ᠬᠡᠮᠵᠢᠶᠠᠨ᠎ᠤ ᠨᠢᠭᠡᠲᠦᠯᠲᠡᠢ ᠪᠠᠶ᠋ᠢᠬᠤ ᠵᠢ ᠪᠠᠳᠤᠯᠠᠵᠦ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ ᠲᠤᠤᠱᠯᠠᠭᠤᠯᠤᠨ᠎ᠠ᠃ ᠵᠣᠷᠢᠯᠲᠠ ᠵᠢᠨ ᠦᠵᠡᠯ ᠤᠬᠠᠮᠰᠠᠷ ᠵᠶ᠋ᠠᠨ ᠲᠠᠰᠤᠷᠠᠯᠳᠠ ᠦᠬᠡᠢ ᠴᠢᠩᠭ᠋ᠠᠷᠠᠭᠤᠯᠵᠤ᠂ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠤᠯᠪᠤᠭᠳᠠᠭᠰᠠᠨ ᠬᠦᠴᠢᠷ᠎ᠲᠠᠢ᠂ ᠬᠠᠯᠠᠮᠰᠢᠯ ᠠᠰᠠᠭᠤᠳᠠᠯ᠎ᠢ ᠦᠨᠡᠨᠬᠦ ᠰᠠᠶ᠋ᠢᠲᠤᠷ ᠰᠢᠢ᠍ᠳᠪᠦᠷᠢᠯᠡᠵᠦ᠂ ᠰᠤᠷᠲᠠᠯ᠎ᠤᠨ ᠪᠦᠲᠦᠭᠡᠨ ᠪᠠᠶ᠋ᠢᠭᠤᠯᠤᠯᠲᠠ ᠵᠢᠨ ᠪᠤᠳᠠᠳᠤ ᠦᠷ᠎ᠠ ᠪᠦᠳᠦᠮᠵᠢ᠎ᠪᠠᠷ ᠠᠷᠠᠳ ᠢᠷᠭᠡᠳ᠎ᠤᠨ ᠢᠲᠡᠭᠡᠯ᠎ᠢ ᠣᠯᠣᠨ᠎ᠠ᠃ ᠤᠯᠠᠨ ᠲᠦᠮᠡᠨᠴᠢ ᠱᠤᠭᠤᠮ᠎ᠤᠨ ᠬᠦᠮᠦᠵᠢᠯ ᠦᠢ᠍ᠯᠡᠳᠦᠯᠭᠡ ᠵᠢᠨ ᠠᠵᠢᠯᠯᠠᠭ᠋ᠠᠨ᠎ᠤ ᠦᠷ᠎ᠡ ᠪᠦᠳᠦᠬᠡᠯ᠎ᠢ ᠪᠠᠬᠢᠵᠢᠭᠦᠯᠦᠨ ᠦᠷᠭᠡᠳᠭᠡᠵᠦ᠂ ᠴᠡᠭᠴᠡᠯᠡᠨ ᠵᠠᠰᠠᠵᠤ ᠨᠠᠶ᠋ᠢᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠭᠡᠪ ᠪᠠᠶ᠋ᠢᠳᠠᠯᠵᠢᠬᠤ ᠵᠢ ᠲᠦᠯᠬᠢᠨ ᠠᠬᠢᠭᠤᠯᠤᠨ᠎ᠠ᠃ ᠡᠷᠬᠡ ᠵᠢ ᠬᠠᠤᠯᠢ ᠶᠤᠰᠤᠭ᠋ᠠᠷ ᠵᠠᠰᠠᠬᠤ ᠵᠢ ᠪᠠᠷᠢᠮᠲᠠᠯᠠᠨ᠎ᠠ᠃ ᠡᠷᠬᠡ ᠵᠢᠨ ᠨᠠᠷᠢᠨ ᠬᠠᠭᠤᠳᠠᠰᠤ ᠵᠢᠨ ᠳᠦᠷᠢᠮ᠎ᠢ ᠬᠡᠷᠡᠭᠵᠢᠭᠦᠯᠵᠦ᠂ ᠡᠷᠬᠡ ᠵᠢᠨ ᠠᠵᠢᠯᠯᠠᠭ᠋ᠠᠨ᠎ᠤ ᠶᠠᠪᠤᠴᠠ ᠵᠢ ᠬᠠᠤᠯᠢ ᠶᠤᠰᠤᠭ᠋ᠠᠷ ᠢᠯᠡ ᠪᠣᠯᠭ᠋ᠠᠨ᠂ ᠡᠭᠦᠷᠭᠡ ᠴᠢᠳᠠᠪᠤᠷᠢ᠎ᠳᠤ ᠰᠠᠯᠠᠭ᠎ᠠ ᠮᠦᠴᠢᠷ᠎ᠤᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠥᠯᠥ ᠬᠢᠬᠦ᠂ ᠳᠤᠷ᠎ᠠ᠎ᠪᠠᠷ ᠦᠢ᠍ᠯᠡᠳᠬᠦ ᠵᠢ ᠡᠷᠡᠰ ᠴᠡᠭᠴᠡᠯᠡᠨ ᠵᠠᠰᠠᠨ᠎ᠠ᠃ ᠴᠢᠬᠤᠯᠠ ᠬᠦᠷᠢᠶ᠎ᠡ ᠴᠠᠷᠠᠭ᠎ᠠ᠂ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ᠎ᠳᠠᠬᠢ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠪᠠ ᠬᠢᠨᠠᠨ ᠪᠤᠳᠤᠵᠦ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠲᠤᠯᠭ᠋ᠠᠬᠤ ᠡᠷᠴᠢᠮ᠎ᠢ ᠴᠢᠩᠭ᠋ᠠᠷᠠᠭᠤᠯᠤᠨ᠎ᠠ᠃ ᠨᠠᠮ᠎ᠤᠨ ᠰᠤᠷᠲᠠᠯ ᠪᠠ ᠠᠷᠢᠭᠤᠨ ᠴᠢᠭᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠢᠯᠵᠠᠷᠠᠯ᠎ᠢ ᠡᠰᠡᠷᠬᠦᠴᠡᠨ ᠠᠷᠢᠭᠤᠨ ᠴᠢᠬᠡᠴᠢ ᠵᠢ ᠡᠷᠬᠢᠮᠯᠡᠬᠦ ᠲᠦᠷᠢᠮ᠎ᠤᠨ ᠪᠠᠶ᠋ᠢᠭᠤᠯᠤᠯᠳᠠ ᠵᠢ ᠴᠢᠩᠭ᠋ᠠᠳᠬᠠᠵᠦ᠂ ᠵᠠᠰᠠᠭ᠎ᠤᠨ ᠣᠷᠳᠤᠨ᠎ᠤ ᠰᠢᠰᠲ᠋ᠧᠮ᠎ᠤᠨ ᠠᠷᠢᠭᠤᠨ ᠴᠢᠭᠡᠴᠢ ᠵᠠᠰᠠᠭ ᠪᠠᠷᠢᠬᠤ ᠵᠢᠨ ᠲᠥᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠢᠰᠲ᠋ᠧᠮᠵᠢ ᠵᠢ ᠪᠦᠷᠢᠨᠰᠢᠭᠦᠯᠦᠨ᠂ ᠡᠷᠬᠡ ᠵᠢᠨ ᠠᠵᠢᠯᠯᠠᠭ᠋ᠠᠨ᠎ᠢ ᠬᠢᠨᠠᠬᠤ ᠪᠠ ᠬᠦᠯᠢᠶᠡᠰᠤᠯᠡᠬᠦ ᠵᠢ ᠴᠢᠩᠭ᠋ᠠᠳᠬᠠᠨ᠎ᠠ᠃
ᠲᠦᠯᠦᠭᠡᠯᠡᠭᠴᠢᠳ ᠡ᠂ ᠡᠨᠡ ᠵᠢᠯ ᠪᠣᠯ 《12 · 5》 ᠵᠢᠨ ᠲᠦᠯᠦᠪᠵᠢᠭᠦᠯᠭᠡ ᠵᠢᠨ ᠠᠵᠢᠯ ᠲᠠᠭᠤᠰᠬᠤ ᠨᠢᠭᠡ ᠵᠢᠯ ᠪᠣᠯᠣᠨ᠎ᠠ᠂ ᠪᠢᠳᠡ ᠠᠵᠢᠯ ᠵᠶ᠋ᠠᠨ ᠪᠦᠬᠦ ᠲᠠᠯ᠎ᠠ᠎ᠪᠠᠷ ᠳ᠋ᠦᠩᠨᠡᠬᠦ ᠵᠢᠨ ᠬᠠᠮᠲᠤ᠂ 《13 · 5》 ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠲᠦᠷᠭᠡᠳᠭᠡᠨ ᠠᠬᠢᠭᠤᠯᠵᠤ᠂ ᠡᠯ᠎ᠡ ᠲᠠᠯ᠎ᠠ ᠵᠢᠨ ᠬᠦᠴᠦᠨ᠎ᠢ ᠢᠳᠡᠪᠬᠢᠲᠡᠢ ᠳᠠᠶ᠋ᠢᠴᠢᠯᠠᠨ᠂ ᠬᠦᠨᠵᠡᠭᠡᠢ ᠪᠠᠶ᠋ᠢᠴᠠᠭ᠋ᠠᠨ ᠰᠤᠳᠤᠯᠵᠤ᠂ ᠥᠷᠭᠡᠨ ᠵᠶ᠋ᠠᠷ ᠰᠠᠨᠠᠯ ᠬᠤᠷᠢᠶᠠᠨ᠂ ᠦᠪᠡᠷᠳᠡᠬᠡᠨ ᠵᠠᠰᠠᠬᠤ ᠤᠷᠤᠨ᠎ᠤ ᠪᠦᠬᠦ ᠲᠠᠯ᠎ᠠ ᠪᠠ ᠠᠯᠤᠰ ᠬᠡᠳᠤ ᠵᠢᠨ ᠬᠥᠭᠵᠢᠯᠲᠡ᠎ᠲᠠᠢ ᠬᠤᠯᠪᠤᠭᠳᠠᠭᠰᠠᠨ ᠴᠢᠬᠤᠯᠠ ᠶᠡᠭᠡ ᠲᠥᠷᠥ ᠵᠢᠨ ᠪᠣᠳᠣᠯᠭ᠎ᠠ᠂ ᠠᠷᠭ᠎ᠠ ᠬᠡᠮᠵᠢᠶ᠎ᠠ ᠪᠠ ᠲᠦᠷᠦᠯ ᠵᠦᠢ᠍ᠯ᠎ᠢ ᠰᠠᠶ᠋ᠢᠲᠤᠷ ᠰᠤᠳᠤᠯᠤᠨ ᠲᠦᠰᠦᠪᠯᠡᠵᠦ᠂ ᠰᠢᠨᠵᠢᠯᠡᠬᠦ ᠤᠬᠠᠭ᠋ᠠᠨᠴᠢ᠎ᠪᠠᠷ ᠬᠥᠭᠵᠢᠭᠦᠯᠬᠦ᠂ ᠠᠷᠠᠳ ᠵᠶ᠋ᠠᠨ ᠪᠠᠶᠠᠵᠢᠭᠤᠯᠵᠤ ᠣᠷᠣᠨ ᠵᠶ᠋ᠠᠨ ᠬᠦᠴᠦᠷᠭᠡᠭᠵᠢᠭᠦᠯᠬᠦ ᠵᠢ ᠪᠡᠶᠡᠯᠡᠭᠦᠯᠬᠦ᠎ᠳᠤ ᠬᠦᠴᠦᠳᠡᠢ ᠲᠦᠰᠢᠭ ᠲᠤᠯᠭ᠋ᠠᠭᠤᠷᠢ ᠬᠠᠩᠭ᠋ᠠᠬᠤ ᠵᠢᠨ ᠬᠠᠮᠲᠤ᠂ ᠦᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 70 ᠵᠢᠯ᠎ᠤᠨ ᠣᠢ ᠵᠢᠨ ᠡᠯ᠎ᠡ ᠵᠦᠢ᠍ᠯ᠎ᠤᠨ ᠪᠡᠯᠡᠳᠭᠡᠯ ᠠᠵᠢᠯ᠎ᠢ ᠯᠠᠪᠲᠠᠭᠤᠨ ᠪᠠᠲᠤᠲᠠᠢ ᠰᠠᠶ᠋ᠢᠲᠤᠷ ᠬᠢᠵᠦ᠂ ᠴᠢᠬᠤᠯᠠ ᠶᠡᠭᠡ ᠤᠭᠲᠣᠵᠦ ᠪᠡᠯᠭᠡᠯᠡᠬᠦ ᠲᠦᠷᠦᠯ ᠵᠦᠢ᠍ᠯ ᠵᠶ᠋ᠠᠷ ᠭᠤᠤᠯᠳᠠᠭᠤᠯᠵᠦ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠲᠦᠯᠬᠢᠨ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠪᠦᠲᠦᠭᠡᠨ ᠪᠠᠶ᠋ᠢᠭᠤᠯᠤᠯᠲᠠ ᠵᠢᠨ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠢ᠃
ᠲᠦᠯᠦᠭᠡᠯᠡᠭᠴᠢᠳ ᠡ᠂ ᠰᠢᠨ᠎ᠡ ᠨᠢᠭᠡ ᠵᠢᠯ᠎ᠢ ᠪᠠᠷᠠᠯᠠᠬᠤᠶ᠎ᠠ᠂ ᠮᠠᠨ᠎ᠤ ᠡᠮᠦᠨ᠎ᠡ ᠲᠤᠯᠭ᠋ᠠᠷᠠᠵᠤ ᠪᠠᠶ᠋ᠢᠭ᠎ᠠ ᠡᠭᠦᠷᠭᠡ ᠬᠠᠲᠠᠭᠤ ᠪᠡᠷᠬᠡᠰᠢᠶᠡᠯᠲᠡᠢ ᠨᠦᠰᠡᠷ ᠬᠦᠨᠳᠦ ᠪᠠᠶ᠋ᠢᠵᠤ᠂ ᠡᠭᠦᠷᠭᠡᠯᠡᠵᠦ ᠪᠠᠶ᠋ᠢᠭ᠎ᠠ ᠬᠠᠷᠢᠭᠤᠴᠠᠯᠭ᠎ᠠ ᠬᠦᠨᠳᠦ ᠶᠡᠭᠡ ᠪᠦᠭᠡᠳ ᠦᠩᠭᠡ ᠭᠡᠷᠡᠯᠲᠡᠢ ᠪᠠᠶ᠋ᠢᠨ᠎ᠠ᠃ ᠪᠢᠳᠡ ᠰᠢ ᠵᠢᠨ ᠫᠢᠩ ᠨᠦᠬᠦᠷ ᠵᠶ᠋ᠠᠷ ᠶᠡᠷᠦᠩᠬᠡᠢ ᠱᠦᠵᠢ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠦᠨᠳᠦᠷ ᠮᠠᠨᠳᠤᠭᠤᠯᠵᠤ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ ᠪᠤᠯᠤᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠨ᠂ ᠰᠢ ᠵᠢᠨ ᠫᠢᠩ ᠶᠡᠷᠦᠩᠬᠡᠢ ᠱᠦᠵᠢ ᠵᠢᠨ ᠠᠯᠢ ᠣᠯᠠᠨ ᠴᠢᠬᠤᠯᠠ ᠶᠡᠷᠢᠶ᠎ᠠ ᠪᠠ ᠦᠪᠦᠷ ᠮᠤᠩᠭᠤᠯ᠎ᠳᠤ ᠰᠢᠨᠵᠢᠯᠡᠨ ᠪᠠᠶ᠋ᠢᠴᠠᠭ᠋ᠠᠬᠤ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠵᠤ᠂ ᠵᠣᠷᠢᠭ ᠲᠡᠭᠦᠯᠳᠡᠷ ᠵᠶ᠋ᠠᠷ ᠮᠡᠷᠡᠶ᠋ᠢᠨ ᠴᠢᠷᠮᠠᠶ᠋ᠢᠵᠤ᠂ ᠦᠨᠡᠨ ᠠᠳᠬᠤᠵᠤ ᠪᠣᠲᠠᠲᠠᠢ᠎ᠪᠠᠷ ᠠᠵᠢᠯᠯᠠᠵᠤ᠂ ᠦᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶ᠋ᠢᠯᠭ᠋ᠠᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠡᠬᠡ ᠤᠯᠤᠰ᠎ᠤᠨ ᠤᠮᠠᠷᠠᠲᠤ ᠬᠢᠯᠢ ᠬᠢᠵᠠᠭ᠋ᠠᠷ᠎ᠤᠨ ᠦᠵᠡᠮᠵᠢ ᠵᠢᠨ ᠤᠷᠤᠨ ᠵᠶ᠋ᠠᠨ ᠨᠡᠩ ᠦᠵᠡᠰᠭᠦᠯᠡᠩ ᠰᠠᠶ᠋ᠢᠬᠠᠨ᠎ᠲᠠᠢ ᠪᠣᠯᠭ᠋ᠠᠨ ᠴᠤᠭᠴᠠᠯᠠᠨ ᠪᠠᠶ᠋ᠢᠭᠤᠯᠬᠤ᠎ᠪᠠᠷ ᠴᠢᠷᠮᠠᠶ᠋ᠢᠨ ᠲᠡᠮᠡᠴᠡᠵᠡᠭᠡᠶ᠎ᠡ᠃