ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠭᠣᠣᠯ ᠡᠷᠬᠡ ᠲᠤᠰᠢᠶᠠᠯ
ᠨᠡᠶᠢᠲᠡᠯᠡᠭᠰᠡᠨ ᠴᠠᠭ᠄ 2023-12-04

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠭᠦᠨ ᠰᠠᠯᠠᠭ᠎ᠠ ᠮᠥᠴᠢᠷ᠂ ᠵᠢᠩᠬᠢᠨᠢ ᠲᠢᠡᠭᠭᠢᠮ᠎ᠤᠨ ᠲᠡᠰ᠎ᠤᠨ ᠪᠠᠢ᠌ᠭᠤᠯᠭ᠎ᠠ ᠶᠤᠮ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠲᠥᠪ ᠬᠣᠷᠢᠶ᠎ᠠ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠭᠯᠡᠯᠲᠡ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠨᠠᠮ᠎ᠤᠨ ᠠᠷᠠᠳ᠎ᠤᠨ ᠶᠠᠪᠤᠳᠠᠯ᠎ᠤᠨ ᠠᠵᠢᠯ᠎ᠳᠤ᠎ᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃
  ᠨᠢᠭᠡ᠂ ᠪᠠᠢ᠌ᠭᠤᠯᠭ᠎ᠠ ᠵᠢᠨ ᠡᠷᠬᠡ ᠲᠤᠰᠢᠶᠠᠯ
    (ᠨᠢᠭᠡ) ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠲᠥᠯᠥᠪᠵᠢᠭᠦᠯᠬᠦ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠥᠯ᠎ᠢ ᠲᠤᠭᠤᠷᠪᠢᠨ᠎ᠠ᠃
  (ᠬᠣᠶᠠᠷ) ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠂ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠡᠷᠭᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠲᠥᠯᠦᠪᠵᠢᠭᠦᠯᠭᠡ ᠪᠠ ᠬᠠᠮᠢᠶᠠᠷᠤᠯᠲᠠ ᠵᠢᠨ ᠠᠷᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠠᠤᠯᠢ ᠶᠣᠰᠣᠭ᠋ᠠᠷ ᠲᠠᠨᠭ᠌ᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠨ᠎ᠠ᠃
  (ᠭᠤᠷᠪᠠ) ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠨᠡᠢ᠌ᠭᠡᠮ᠎ᠤᠨ   ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ᠂ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ  ᠎ᠤᠨ ᠲᠤᠰᠠᠯᠠᠮᠵᠢ᠂ ᠠᠮᠢᠳᠤᠷᠠᠬᠤ ᠵᠢᠨ ᠠᠷᠭ᠎ᠠ ᠦᠭᠡᠢ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠎ᠢ ᠲᠤᠰᠠᠯᠠᠬᠤ ᠠᠵᠢᠯ᠎ᠢ ᠬᠠᠷᠢᠭᠤᠴᠠᠨ᠎ᠠ᠃
  (ᠳᠥᠷᠪᠡ) ᠬᠤᠳᠠ ᠬᠥᠳᠡᠭᠡ ᠵᠢᠨ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠪᠠᠢ᠌ᠭᠤᠯᠤᠯᠲᠠ ᠪᠠ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠲᠦᠷᠦ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠬᠤᠳᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠵᠢᠯᠤᠭᠣᠳᠴᠤ᠂ ᠬᠤᠳᠠ ᠬᠥᠳᠡᠭᠡ ᠵᠢᠨ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠪᠠᠢ᠌ᠭᠤᠯᠤᠯᠲᠠ ᠵᠢ ᠴᠢᠩᠭ᠋ᠠᠳᠬᠠᠨ ᠰᠠᠢ᠌ᠵᠢᠷᠠᠭᠤᠯᠬᠤ ᠰᠠᠨᠠᠭᠤᠯᠭ᠎ᠠ ᠵᠢ ᠳᠤᠷᠠᠳᠴᠤ᠂ ᠦᠨᠳᠦᠰᠦᠨ ᠱᠠᠲᠤᠨ᠎ᠤ ᠠᠷᠠᠳᠴᠢᠯᠠᠭᠰᠠᠨ ᠤᠯᠤᠰ ᠲᠦᠷᠦ ᠵᠢᠨ ᠪᠠᠢ᠌ᠭᠤᠯᠤᠯᠲᠠ ᠵᠢ   ᠠᠬᠢᠭᠤᠯᠤᠨ᠎ᠠ᠃
   (ᠲᠠᠪᠤ) ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠢᠶᠠᠷᠤᠯᠲᠠ ᠪᠠ ᠭᠠᠵᠠᠷ᠎ᠤᠨ   ᠨᠡᠷᠡᠰ᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠤᠪᠢᠷᠠᠭᠤᠯᠤᠯᠲᠠ ᠵᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ᠎ᠢ ᠳᠠᠭ᠋ᠠᠭ᠋ᠠᠨ ᠡᠭᠦᠷᠭᠡᠯᠡᠵᠦ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠢ ᠬᠠᠢ᠌ᠨ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠵᠣᠬᠢᠶᠠᠨ ᠪᠠᠢ᠌ᠭᠤᠯᠤᠨ ᠵᠢᠯᠤᠭᠣᠳᠴᠤ᠂ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
      (ᠵᠢᠷᠭᠤᠭ᠎ᠠ) ᠤᠷᠦᠬ᠎ᠤᠨ ᠬᠠᠮᠢᠶᠠᠷᠤᠯᠲᠠ ᠵᠢᠨ ᠲᠤᠢ᠌ᠷᠦ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠤᠷᠦᠬ᠎ᠤᠨ ᠵᠠᠩᠰᠢᠯ᠎ᠤᠨ ᠥᠭᠡᠷᠡᠴᠢᠯᠡᠯᠲᠡ ᠵᠢ ᠠᠬᠢᠭᠤᠯᠤᠨ᠎ᠠ᠃
  (ᠳᠣᠯᠣᠭ᠎ᠠ) ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ᠂ ᠦᠢ᠍ᠯᠡᠴᠢᠯᠡᠭᠡᠨ᠎ᠤ ᠵᠢᠷᠤᠮᠵᠢᠯ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠵᠢᠨ ᠥᠭᠡᠷᠡᠴᠢᠯᠡᠯᠲᠡ ᠵᠢ ᠠᠬᠢᠭᠤᠯᠤᠨ᠎ᠠ᠃
  (ᠨᠠᠢ᠍ᠮᠠ) ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂   ᠱᠠᠯᠠᠪᠳᠠᠭᠤᠯᠤᠨ ᠵᠢᠯᠤᠭᠣᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ᠎ᠤᠨ ᠦᠢ᠍ᠯᠡᠴᠢᠯᠡᠭᠡᠨ᠎ᠤ   ᠰᠢᠰᠲᠸᠮ᠎ᠤᠨ ᠪᠠᠢ᠌ᠭᠤᠯᠤᠯᠲᠠ ᠵᠢᠨ ᠲᠥᠯᠦᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠨᠠᠰᠤᠲᠠᠢ᠌ᠴᠤᠳ᠎ᠤᠨ ᠠᠰᠠᠷᠠᠮᠵᠢ ᠪᠠ   ᠤᠨᠴᠨ ᠬᠦᠴᠢᠷᠳᠡᠯᠲᠡᠢ ᠨᠠᠰᠤᠲᠠᠢ᠌ᠴᠤᠳ᠎ᠢ ᠲᠤᠰᠠᠯᠠᠬᠤ ᠠᠵᠢᠯ᠎ᠢ ᠡᠭᠦᠷᠭᠡᠯᠡᠨ᠎ᠡ᠃
  (ᠶᠢᠰᠦ) ᠵᠡᠮᠳᠡᠭᠴᠦᠳ᠎ᠤᠨ ᠡᠷᠬᠡ ᠠᠰᠢᠭ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠵᠡᠮᠳᠡᠭᠴᠦᠳ᠎ᠤᠨ ᠠᠰᠠᠷᠠᠮᠵᠢ ᠵᠢᠨ ᠳᠦᠷᠢᠮ᠎ᠤᠨ ᠪᠠᠢ᠌ᠭᠤᠯᠤᠯᠲᠠ ᠪᠠ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃
  (ᠠᠷᠪᠠ) ᠬᠡᠦᠬᠡᠳ᠎ᠤᠨ ᠠᠰᠠᠷᠠᠮᠵᠢ᠂ ᠥᠨᠥᠴᠢᠨ ᠬᠡᠦᠬᠡᠳ᠎ᠤᠨ ᠪᠠᠲᠤᠯᠠᠭ᠎ᠠ᠂ ᠬᠡᠦᠬᠡᠳ᠎ᠢ ᠡᠷᠭᠦᠨ ᠲᠡᠵᠢᠭᠡᠬᠦ᠂ ᠬᠡᠦᠬᠡᠳ᠎ᠢ ᠲᠤᠰᠠᠯᠠᠵᠤ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ   ᠰᠢᠰᠲᠸᠮ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠦᠨ᠎ᠡ᠃
   (ᠠᠷᠪᠠᠨ ᠨᠢᠭᠡ) ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠦᠷᠦ ᠵᠢᠨ ᠪᠣᠳᠣᠯᠭ᠎ᠠ ᠵᠢ ᠵᠣᠬᠢᠶᠠᠨ ᠪᠠᠢ᠌ᠭᠤᠯᠤᠨ ᠲᠤᠭᠤᠷᠪᠢᠨ ᠲᠣᠭᠲᠠᠭ᠋ᠠᠵᠤ᠂ ᠨᠡᠢ᠌ᠭᠡᠮ᠎ᠤᠨ ᠬᠠᠨᠳᠢᠪᠯᠡᠨ ᠲᠤᠰᠠᠯᠠᠬᠤ ᠠᠵᠢᠯ᠎ᠢ ᠵᠢᠯᠤᠭᠣᠳᠴᠤ᠂ ᠠᠰᠠᠷᠠᠮᠵᠢ ᠵᠢᠨ   ᠱᠠᠡᠭᠨᠠᠯᠳᠤ ᠰᠤᠭᠤᠯᠤᠭ᠎ᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
    (ᠠᠷᠪᠠᠨ ᠬᠣᠶᠠᠷ) ᠨᠡᠢ᠌ᠭᠡᠮ᠎ᠤᠨ ᠠᠵᠢᠯ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲ᠋ᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠪᠣᠯᠣᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡᠨ᠎ᠤ ᠪᠠᠢ᠌ᠭᠤᠯᠤᠯᠲᠠ ᠵᠢ ᠠᠬᠢᠭᠤᠯᠤᠨ᠎ᠠ᠃
   (ᠠᠷᠪᠠᠨ ᠭᠤᠷᠪᠠ) ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
   (ᠠᠷᠪᠠᠨ ᠳᠥᠷᠪᠡ) ᠡᠭᠦᠷᠭᠡ ᠴᠢᠳᠠᠪᠤᠷᠢ ᠵᠢ ᠬᠤᠪᠢᠷᠠᠭᠤᠯᠬᠤ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠳ᠋᠊ ᠰᠢᠪᠳᠤᠯᠤᠯᠳᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂   ᠤᠨᠴᠠᠭ᠋ᠠᠢ ᠬᠦᠮᠦᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠣᠯᠠᠨ ᠲᠦᠮᠡᠨ᠎ᠤ ᠠᠩᠬᠠᠷᠤᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ᠎ᠪᠠᠨ ᠨᠠᠩ ᠰᠠᠢ᠌ᠲᠤᠷ ᠭᠦᠢ᠍ᠴᠡᠳᠬᠡᠵᠦ᠂ ᠬᠦᠴᠢᠷᠳᠡᠯᠲᠡᠢ ᠣᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠵᠡᠮᠳᠡᠭ ᠥᠨᠥᠴᠢᠨ ᠬᠡᠦᠬᠡᠳ ᠵᠡᠷᠭᠡ ᠣᠨᠴᠠᠭ᠋ᠠᠶ ᠬᠦᠮᠦᠰ᠎ᠲᠤ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡ ᠬᠠᠩᠭ᠋ᠠᠵᠤ᠂ ᠡᠬᠢ ᠪᠠᠶᠠᠯᠢᠭ᠎ᠢ ᠪᠠᠭᠤᠷᠠᠢ ᠭᠠᠵᠠᠷ ᠣᠷᠣᠨ᠂ ᠬᠦᠷᠢᠶ᠎ᠡ ᠬᠡᠪᠴᠢᠶ᠎ᠡ ᠪᠠ ᠭᠣᠭᠴᠣᠭ᠎ᠠ ᠲᠡᠢ᠌ᠰᠢ ᠬᠡᠯᠪᠡᠢ᠌ᠯᠭᠡᠬᠦ ᠵᠢ ᠠᠬᠢᠭᠤᠯᠤᠨ᠎ᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠣᠣᠯ ᠴᠣᠭᠴᠠ ᠵᠢ ᠢᠳᠡᠪᠬᠢᠲᠡᠢ᠎ᠪᠠᠷ ᠪᠣᠢ᠌ᠵᠢᠭᠤᠯᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠪᠠ ᠨᠡᠢ᠌ᠭᠡᠮ ᠲᠣᠭᠣᠷᠢᠭ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠬᠤ ᠵᠢ ᠠᠬᠢᠭᠤᠯᠤᠨ᠎ᠠ᠃

  ᠬᠣᠶᠠᠷ᠂ ᠬᠠᠶᠢᠭ᠂ ᠠᠵᠢᠯᠯᠠᠬᠤ ᠴᠠᠭ᠂ ᠬᠠᠷᠢᠯᠴᠠᠬᠤ ᠤᠳᠠᠰᠤ᠂ ᠬᠠᠷᠢᠭᠤᠴᠠᠯᠭ᠋ᠠᠲᠠᠨ

  ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠵᠡᠭᠡᠯᠢ ᠵᠢᠨ 63 ᠳ᠋ᠤᠭ᠋ᠠᠷ ᠬᠦᠷᠢᠶᠡᠨ᠎ᠤ 6 ᠳ᠋ᠤᠭ᠋ᠠᠷ ᠠᠰᠠᠷ

ᠬᠠᠷᠢᠯᠴᠠᠬᠤ   ᠤᠳᠠᠰᠤ᠄ 0471-6944678

ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00 ᠦᠳᠡ ᠵᠢᠨ ᠬᠣᠢ᠌ᠨᠠᠬᠢ 13᠄ 30 — 17᠄ 00

ᠬᠠᠷᠢᠭᠤᠴᠠᠯᠭ᠋ᠠᠲᠠᠨ᠄ ᠵᠢᠶᠠᠩ ᠬᠣᠩ

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠰᠦᠯᠵᠢᠶ᠎ᠡ ᠵᠢᠨ ᠮᠤᠡᠭᠭᠤᠯ ᠭᠡᠯᠡᠨ᠎ᠤ ᠦᠷᠳᠡᠬᠡ ᠵᠢᠨ ᠵᠤᠬᠢᠶᠠᠨ ᠪᠠᠢ᠌ᠭᠤᠯᠤᠯᠳᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠰᠦᠯᠵᠢᠶ᠎ᠡ ᠵᠢᠨ ᠮᠤᠡᠭᠭᠤᠯ ᠭᠡᠯᠡᠨ᠎ᠤ ᠦᠷᠳᠡᠬᠡ ᠵᠢᠨ ᠰᠦᠯᠵᠢᠶᠡᠨ᠎ᠤ ᠠᠵᠢᠯ᠎ᠢ ᠬᠦᠢ᠍ᠴᠡᠳᠭᠡᠭᠴᠢ (ᠰᠦᠯᠵᠢᠶᠡᠨ᠎ᠤ ᠨᠠᠢ᠌ᠷᠠᠭᠤᠯᠤᠬ᠍ᠴᠢ) ᠪᠤᠯᠤᠨ ᠡᠬᠦᠷᠬᠡ ᠬᠠᠷᠢᠭᠤᠴᠠᠯᠭ᠎ᠠ ᠵᠢᠨ ᠲᠠᠡᠭᠰᠠᠯᠠᠯ
ᠲᠦᠯᠦᠪᠵᠢᠬᠦᠯᠬᠡ ᠡᠳ᠋᠎ᠤᠨ ᠶᠠᠪᠤᠳᠠᠯ᠎ᠤᠨ ᠭᠠᠵᠠᠷ
ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠳᠠ ᠪᠠ ᠬᠠᠤᠯᠢ ᠬᠡᠷᠡᠭᠵᠢᠬᠦᠯᠤᠯᠳᠡ᠎ᠳᠤ ᠬᠢᠨᠠᠯᠳᠠ ᠲᠠᠯᠪᠢᠬᠤ ᠲᠤᠪᠴᠢᠶ᠎ᠠ (ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠠᠯᠪᠠᠨ ᠬᠡᠷ)
 
            