ᠪᠦᠬᠦ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠪᠣᠯᠣᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠦᠷᠦ ᠵᠢᠨ ᠪᠣᠳᠣᠯᠭ᠎ᠠ ᠪᠠ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠴᠠᠭ᠋ᠠᠵᠨ᠂ ᠳᠦᠷᠢᠮ ᠲᠣᠭᠲᠠᠭ᠋ᠠᠯ᠎ᠤᠨ ᠲᠥᠰᠥᠯ ᠢ ᠲᠤᠭᠤᠷᠪᠢᠨ᠎ᠠ᠃ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢ ᠪᠠᠶ᠋ᠢᠭᠤᠯᠬᠤ᠂ ᠬᠦᠴᠦᠨ ᠦᠭᠡᠢ ᠪᠣᠯᠭ᠋ᠠᠬᠤ᠂ ᠨᠡᠷ᠎ᠡ ᠵᠢ᠎ᠨᠢ ᠬᠠᠯᠠᠬᠤ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠢ ᠬᠤᠪᠢᠷᠠᠭᠤᠯᠬᠤ ᠪᠠ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ᠎ᠢ ᠨᠡᠭᠦᠯᠭᠡᠬᠦ ᠵᠦᠢ᠍ᠯᠡᠰ᠎ᠢ ᠬᠢᠨᠠᠨ ᠬᠠᠷᠭᠤᠭᠤᠯᠤᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠪᠠᠶ᠋ᠢᠭᠤᠯᠬᠤ᠂ ᠬᠠᠰᠤᠬᠤ᠂ ᠨᠡᠷ᠎ᠡ ᠵᠢ᠎ᠨᠢ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠵᠢ ᠬᠤᠪᠢᠷᠠᠭᠤᠯᠬᠤ ᠪᠠ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ᠎ᠢ ᠨᠡᠭᠦᠯᠭᠡᠬᠦ ᠵᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ᠎ᠢ ᠳᠠᠭ᠋ᠠᠭ᠋ᠠᠨ ᠬᠢᠨ᠎ᠡ᠃ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠢ ᠬᠠᠢ᠌ᠨ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠵᠣᠬᠢᠶᠠᠨ ᠪᠠᠢ᠌ᠭᠤᠯᠤᠨ ᠵᠢᠯᠣᠭᠣᠳᠤᠨ᠎ᠠ᠃ ᠪᠦᠬᠦ ᠣᠷᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠡᠷᠬᠡ ᠮᠡᠳᠡᠯ᠎ᠤᠨ ᠶᠣᠰᠣᠭ᠋ᠠᠷ ᠬᠠᠷᠢᠭᠤᠴᠠᠨ᠎ᠠ᠃ ᠬᠣᠲᠠ ᠬᠥᠳᠡᠭᠡ ᠵᠢᠨ ᠭᠠᠵᠠᠷ᠎ᠤᠨ ᠨᠡᠷᠡᠰ᠎ᠤᠨ ᠲᠡᠮᠳᠡᠭ᠎ᠢ ᠪᠠᠢ᠌ᠷᠢᠯᠠᠭᠤᠯᠬᠤ ᠪᠠ ᠬᠠᠮᠢᠶᠠᠷᠬᠤ ᠠᠵᠢᠯ᠎ᠢ ᠵᠢᠯᠣᠭᠣᠳᠤᠨ᠎ᠠ᠃ ᠪᠠᠷᠢᠮᠵᠢᠶᠠᠲᠤ ᠭᠠᠵᠠᠷ᠎ᠤᠨ ᠨᠡᠷ᠎ᠡ ᠵᠢᠨ ᠬᠡᠪᠯᠡᠭᠳᠡᠬᠦᠨ᠎ᠢ ᠬᠢᠨᠠᠨ ᠲᠣᠭᠲᠠᠭ᠋ᠠᠨ᠎ᠠ᠃