ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠭᠰᠠᠨ ᠪᠠᠢ᠌ᠳᠠᠯ᠎ᠢ ᠮᠡᠳᠡᠭᠳᠡᠬᠦ᠎ᠨᠢ
ᠨᠡᠶᠢᠲᠡᠯᠡᠭᠰᠡᠨ ᠴᠠᠭ᠄ 2018-12-21

                       
      ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠨᠢᠭᠡᠳᠤᠯᠳᠠᠢ ᠪᠠᠢ᠌ᠷᠢᠯᠠᠭᠤᠯᠤᠯᠳᠠ ᠶᠣᠰᠤᠭ᠋ᠠᠷ  ᠂ ᠦᠪᠡᠷᠳᠡᠭᠡᠨ ᠵᠠᠰᠠᠬᠤ ᠤᠷᠤᠨ᠎ᠤ   ᠨᠠᠮ᠎ᠤᠨ ᠬᠤᠷᠢᠶᠠᠨ᠎ᠤ ᠳᠤᠯᠤᠳᠤᠭ᠋ᠠᠷ ᠳᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ 2018 ᠤᠨ᠎ᠤ  3 ᠳ᠋ᠤᠭ᠋ᠠᠷ   ᠰᠠᠷ᠎ᠡ ᠵᠢᠨ 7᠎ᠤ ᠡᠳᠤᠷ᠎ᠠᠴᠠ 5 ᠳ᠋ᠤᠭ᠋ᠠᠷ ᠰᠠᠷ᠎ᠡ ᠵᠢᠨ 31᠎ᠤ ᠡᠳᠤᠷ ᠪᠤᠯᠳᠠᠯ᠎ᠠ ᠦᠪᠡᠷᠳᠡᠭᠡᠨ ᠵᠠᠰᠠᠬᠤ   ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠳᠤᠭᠤᠷᠢᠨ ᠪᠠᠢ᠌ᠴᠠᠭ᠋ᠠᠪᠠ᠃ 2018   ᠤᠨ᠎ᠤ 7 ᠳ᠋ᠤᠭ᠋ᠠᠷ ᠰᠠᠷ᠎ᠡ ᠵᠢᠨ 5᠎ᠤ ᠡᠳᠤᠷ᠂ ᠦᠪᠡᠷᠳᠡᠭᠡᠨ   ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠦᠪᠡᠷᠳᠡᠭᠡᠨ ᠵᠠᠰᠠᠬᠤ ᠤᠷᠤᠨ᠎ᠤ   ᠠᠷᠠᠳ᠎ᠤᠨ ᠶᠠᠪᠤᠳᠠᠯ᠎ᠤᠨ ᠳᠢᠩᠬᠢᠮ᠎ᠳᠤ ᠳᠤᠭᠤᠷᠢᠨ   ᠪᠠᠢ᠌ᠴᠠᠭ᠋ᠠᠭᠰᠠᠨ ᠰᠠᠨᠠᠯ ᠵᠶ᠋ᠡᠨ ᠬᠠᠷᠢᠭᠤ ᠳᠤᠰᠬᠠᠪᠠ᠃ ᠤᠳᠤ ᠳᠤᠭᠤᠷᠢᠨ ᠪᠠᠢ᠌ᠴᠠᠭ᠋ᠠᠵᠤ ᠴᠡᠭᠴᠡᠯᠡᠨ ᠵᠠᠰᠠᠭᠰᠠᠨ ᠪᠠᠢ᠌ᠳᠠᠯ᠎ᠢ ᠨᠡᠢ᠌ᠳᠡᠯᠡᠶ᠎ᠡ᠃
      ᠨᠢᠭᠡ᠂ ᠤᠯᠤᠰ ᠳᠦᠷᠦ ᠵᠢᠨ ᠵᠤᠬᠰᠤᠯᠳᠠ᠎ᠪᠠᠨ ᠳᠡᠭᠡᠭᠰᠢᠯᠡᠬᠦᠯᠵᠤ᠂ ᠳᠤᠭᠤᠷᠢᠨ   ᠪᠠᠢ᠌ᠴᠠᠭ᠋ᠠᠵᠤ ᠴᠡᠭᠴᠡᠯᠠᠨ ᠵᠠᠰᠠᠬᠤ ᠭᠤᠤᠯ ᠴᠤᠭᠴᠠ ᠵᠢᠨ ᠬᠠᠷᠢᠭᠤᠴᠠᠯᠭ᠎ᠠ᠎ᠪᠠᠨ ᠦᠨᠨᠡᠬᠦ   ᠡᠬᠦᠷᠭᠡᠯᠡᠪᠡ᠃
     (ᠨᠢᠭᠡ) ᠳᠤᠭᠤᠷᠢᠨ   ᠪᠠᠢ᠌ᠴᠠᠭ᠋ᠠᠵᠤ ᠴᠡᠭᠴᠡᠯᠠᠨ ᠵᠠᠰᠠᠬᠤ ᠬᠠᠷᠢᠭᠤᠴᠠᠯᠭ᠎ᠠ ᠵᠢᠨ ᠤᠬᠠᠮᠰᠠᠷ ᠪᠤᠯᠤᠨ ᠤᠯᠤᠰ ᠳᠦᠷᠦ ᠵᠢᠨ ᠡᠬᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠪᠠ᠃  7 ᠳ᠋ᠤᠭ᠋ᠠᠷ ᠰᠠᠷ᠎ᠡ ᠵᠢᠨ 5᠎ᠤ ᠡᠳᠤᠷ᠎ᠤᠨ ᠦᠳᠡ ᠵᠢᠨ ᠬᠤᠢ᠌ᠨ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠤᠯᠤᠳᠤᠭ᠋ᠠᠷ ᠳᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠳᠤ ᠳᠤᠭᠤᠷᠢᠨ   ᠪᠠᠢ᠌ᠴᠠᠭ᠋ᠠᠭᠰᠠᠨ ᠰᠠᠨᠠᠯ ᠵᠶ᠋ᠡᠨ ᠬᠠᠷᠢᠭᠤ   ᠳᠤᠰᠬᠠᠬᠤ ᠬᠤᠷᠠᠯ ᠳᠠᠭᠤᠰᠤᠭᠰᠠᠨ᠎ᠤ ᠳᠠᠷᠠᠭ᠎ᠠ᠂ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠢᠩᠬᠢᠮ᠎ᠤᠨ ᠳᠠᠷᠤᠭ᠎ᠠ ᠳ᠋ᠸᠩ ᠶᠤᠸᠠᠢ ᠯᠸᠤ ᠳᠠᠷᠤᠢ ᠳᠦᠷᠭᠡᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠢᠵᠤ᠂ ᠶᠡᠷᠦᠩᠭᠡᠢ ᠱᠦᠵᠢ ᠰᠢ ᠵᠢᠨ ᠫᠢᠩ᠎ᠤᠨ ᠳᠤᠭᠤᠷᠢᠨ ᠪᠠᠢ᠌ᠴᠠᠭ᠋ᠠᠬᠤ ᠠᠵᠢᠯ᠎ᠤᠨ ᠳᠤᠬᠠᠢ   ᠴᠢᠬᠤᠯᠠ ᠵᠢᠭ᠋ᠠᠪᠤᠷᠢ ᠵᠢ ᠰᠤᠷᠤᠯᠴᠠᠨ᠂   ᠦᠪᠡᠷᠳᠡᠭᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠨᠠᠮ᠎ᠤᠨ ᠬᠤᠷᠢᠶᠠᠨ᠎ᠤ ᠭᠤᠷᠪᠠᠳᠤᠭ᠋ᠠᠷ   ᠡᠭᠡᠯᠵᠢ ᠵᠢᠨ ᠳᠤᠭᠤᠷᠢᠨ ᠪᠠᠢ᠌ᠴᠠᠭ᠋ᠠᠭᠰᠠᠨ ᠪᠠᠢ᠌ᠳᠠᠯ᠎ᠤᠨ ᠳᠤᠬᠠᠢ ᠬᠠᠷᠢᠭᠤ ᠮᠡᠳᠡᠬᠦᠯᠦᠯᠳᠡ ᠵᠢ ᠰᠤᠨᠤᠰᠤᠭᠰᠠᠨ᠎ᠤ ᠳᠠᠷᠠᠭ᠎ᠠ ᠯᠢ ᠵᠢᠢ ᠡᠾᠸᠩ ᠱᠦᠵᠢ ᠵᠢᠨ   ᠳᠠᠯᠪᠢᠭᠰᠠᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠤᠯᠠᠮᠵᠢᠯᠠᠵᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠤᠭᠤᠷᠢᠨ ᠪᠠᠢ᠌ᠴᠠᠭ᠋ᠠᠬᠤ ᠠᠯᠪᠠᠨ ᠭᠡᠷ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠬᠤᠯᠪᠤᠭᠳᠠᠯ ᠪᠦᠬᠦᠢ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ᠂ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠤᠭᠰᠠᠨ ᠪᠦᠭᠡᠳ ᠤᠳᠤᠷᠢᠳᠬᠤ ᠪᠠᠭ᠎ᠤᠨ ᠪᠦᠷᠢᠯᠳᠦᠬᠦᠨ ᠰᠠᠨᠠᠭ᠋ᠠᠴᠢᠯᠠᠭ᠎ᠠ᠎ᠠᠴᠠ᠎ᠪᠠᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠡᠬᠦᠷᠭᠡ ᠵᠢ ᠳᠠᠭ᠋ᠠᠭ᠋ᠠᠴᠢᠯᠠᠵᠤ ᠠᠪᠤᠨ᠂ ᠤᠯᠤᠰ ᠳᠦᠷᠦ ᠵᠢ ᠡᠷᠬᠢᠮᠯᠡᠬᠦ ᠦᠨᠳᠦᠷᠴᠡ᠎ᠠᠴᠠ ᠤᠯᠤᠰ ᠳᠦᠷᠦ ᠵᠢᠨ ᠳᠤᠭᠤᠷᠢᠨ ᠪᠠᠢ᠌ᠴᠠᠭ᠋ᠠᠯᠳᠠ ᠪᠠ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠳᠤᠬᠠᠢ ᠳᠠᠨᠢᠯᠳᠠ᠎ᠪᠠᠨ ᠬᠦᠨᠵᠡᠭᠡᠢ᠌ᠷᠡᠬᠦᠯᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠵᠢ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠪᠠᠢ᠌ᠭᠤᠯᠤᠯᠳᠠ ᠵᠢ ᠴᠢᠩᠭ᠋ᠠᠳᠬᠠᠬᠤ᠂ ᠰᠤᠷᠳᠠᠯ ᠵᠶ᠋ᠡᠨ ᠬᠠᠯᠠᠨ ᠰᠠᠢ᠌ᠵᠢᠷᠠᠭᠤᠯᠬᠤ᠂ ᠠᠵᠢᠯ ᠵᠶ᠋ᠡᠨ ᠠᠬᠢᠭᠤᠯᠬᠤ ᠴᠢᠬᠤᠯᠠ ᠠᠵᠠ ᠳᠤᠬᠢᠶᠠᠯ   ᠪᠤᠯᠭ᠋ᠠᠵᠤ᠂ ᠳᠡᠭᠡᠳᠤ ᠭᠡᠮᠵᠢᠶᠡᠨ᠎ᠤ ᠤᠯᠤᠰ ᠳᠦᠷᠦ ᠵᠢᠨ ᠬᠠᠷᠢᠭᠤᠴᠠᠯᠭ᠋ᠠᠳᠤ ᠤᠪᠤᠷ ᠵᠶ᠋ᠡᠷ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠡᠯ᠎ᠡ ᠵᠦᠢ᠍ᠯ᠎ᠤᠨ ᠡᠬᠦᠷᠭᠡ ᠵᠢ ᠨᠡᠮᠡᠯᠳᠡ ᠬᠠᠰᠤᠯᠳᠠ ᠦᠭᠡᠢ᠎ᠪᠠᠷ ᠪᠡᠶᠡᠯᠡᠬᠦᠯᠬᠦ ᠭᠡᠷᠡᠭᠳᠡᠢ ᠭᠡᠵᠤ ᠱᠠᠭ᠋ᠠᠷᠳᠠᠵᠠᠢ᠃ 9 ᠳ᠋ᠤᠭᠡᠷ ᠰᠠᠷ᠎ᠡ ᠵᠢᠨ 17᠎ᠤ ᠡᠳᠤᠷ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠤᠭᠤᠷᠢᠨ ᠪᠠᠢ᠌ᠴᠠᠭ᠋ᠠᠬᠤ ᠠᠯᠪᠠᠨ ᠭᠡᠷ ᠠᠷᠠᠳ᠎ᠤᠨ ᠶᠠᠪᠤᠳᠠᠯ᠎ᠤᠨ ᠳᠢᠩᠬᠢᠮ᠎ᠳᠤ ᠳᠤᠭᠤᠷᠢᠨ ᠪᠠᠢ᠌ᠴᠠᠭ᠋ᠠᠵᠤ ᠬᠢᠨᠠᠭᠰᠠᠨ ᠎ᠤ ᠳᠠᠷᠠᠭ᠎ᠠ᠂ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠳᠠᠷᠠᠭ᠋ᠠᠴᠢ ᠵᠢᠨ     ᠳᠤᠭᠤᠷᠢᠨ ᠪᠠᠢ᠌ᠴᠠᠭ᠋ᠠᠬᠤ ᠠᠵᠢᠯ᠎ᠢ ᠰᠠᠢ᠌ᠳᠤᠷ ᠬᠢᠬᠦ ᠳᠤᠬᠠᠢ ᠱᠠᠭ᠋ᠠᠷᠳᠠᠯᠭ᠎ᠠ ᠵᠢ ᠵᠢᠷᠤᠮᠯᠠᠨ ᠳᠤᠰᠪᠤᠷᠢ  9 ᠳ᠋ᠤᠭᠡᠷ ᠰᠠᠷ᠎ᠡ ᠵᠢᠨ 19 ᠂ 29 ᠂ 30᠎ᠤ ᠡᠳᠤᠷ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠢᠵᠤ᠂ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠰᠠᠨ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠤᠨ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠢ ᠬᠦᠨᠵᠡᠭᠡᠢ᠌ᠷᠡᠬᠦᠯᠬᠦ ᠳᠤᠰᠬᠠᠢ ᠰᠡᠳᠤᠪ ᠵᠶ᠋ᠡᠷ   ᠶᠠᠷᠢᠯᠴᠠᠨ ᠪᠠᠢ᠌ᠷᠢᠯᠠᠭᠤᠯᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠢ ᠪᠦᠬᠦ ᠳᠠᠯ᠎ᠠ᠎ᠪᠠᠷ ᠳᠤᠬᠢᠷᠠᠭᠤᠯᠤᠨ ᠵᠢᠯᠤᠭᠤᠳᠴᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠵᠤ 《ᠡᠷᠬᠢᠵᠤ ᠬᠠᠷᠠᠬᠤ》 ᠠᠵᠢᠯ ᠵᠶ᠋ᠠᠨ   ᠪᠠᠢ᠌ᠷᠢᠯᠠᠭᠤᠯᠤᠨ᠂ ᠦᠨᠡᠨ ᠪᠤᠳᠠᠳᠠᠢ   ᠪᠦᠳᠦᠮᠵᠢ ᠤᠯᠬᠤ ᠵᠢ ᠪᠠᠳᠤᠯᠠᠪᠠ᠃ 11 ᠳ᠋ᠤᠭᠡᠷ ᠰᠠᠷ᠎ᠠ ᠵᠢᠨ 5᠎ᠤ ᠡᠳᠤᠷ᠂ ᠳᠢᠩᠬᠢᠮ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠵᠢ ᠬᠢᠨᠠᠨ   ᠪᠠᠢ᠌ᠴᠠᠭ᠋ᠠᠭᠰᠠᠨ ᠮᠡᠳᠡᠭᠳᠡᠯ᠎ᠳᠤ   ᠳᠤᠰᠬᠠᠬᠰᠠᠨ ᠠᠰᠠᠭᠤᠳᠠᠯ᠎ᠢ ᠳᠤᠰᠢᠶᠠᠨ ᠬᠦᠢ᠍ᠴᠡᠳᠭᠡᠬᠦᠯᠬᠦ ᠳᠤᠰᠬᠠᠢ ᠬᠤᠷᠠᠯ ᠬᠢᠵᠤ᠂ ᠴᠡᠭᠴᠡᠯᠠᠨ ᠵᠠᠰᠠᠬᠤ ᠡᠬᠦᠷᠭᠡ ᠵᠢ ᠤᠯᠠᠮ ᠵᠶ᠋ᠡᠷ ᠳᠤᠳᠤᠷᠬᠠᠢ᠌ᠯᠠᠨ᠂ ᠴᠡᠭᠴᠡᠯᠠᠨ ᠵᠠᠰᠠᠬᠤ ᠱᠠᠭ᠋ᠠᠷᠳᠠᠯᠭ᠎ᠠ ᠳᠤᠷᠠᠳᠪᠠ᠃ 11 ᠳ᠋ᠤᠭᠡᠷ ᠰᠠᠷ᠎ᠡ ᠵᠢᠨ 9᠎ᠤ ᠡᠳᠤᠷ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠪᠠᠰᠠ ᠳᠤᠰᠬᠠᠢ᠌ᠯᠠᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠵᠤ 《ᠡᠷᠬᠢᠵᠤ   ᠬᠠᠷᠠᠭᠰᠠᠨ》 ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠴᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠳ᠋ᠦᠩᠨᠡᠯᠳᠡ ᠵᠢ ᠰᠠᠢ᠌ᠳᠤᠷ ᠬᠢᠬᠦ ᠳᠤᠬᠠᠢ ᠪᠠᠢ᠌ᠷᠢᠯᠠᠭᠤᠯᠪᠡ᠃
     (ᠬᠤᠶᠠᠷ) ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ   ᠭᠤᠤᠯ ᠡᠬᠦᠷᠭᠡ ᠪᠤᠯᠤᠨ ᠠᠵᠢᠯ᠎ᠤᠨ ᠱᠠᠭ᠋ᠠᠷᠳᠠᠯᠭ᠎ᠠ  ᠎ᠪᠠᠨ ᠳᠤᠳᠤᠷᠬᠠᠢ᠌ᠯᠠᠪᠠ᠃ 7 ᠳ᠋ᠤᠭ᠋ᠠᠷ   ᠰᠠᠷ᠎ᠡ ᠵᠢᠨ 12᠎ᠤᠨ ᠡᠳᠤᠷ ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠡᠷ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠢ ᠰᠤᠳᠤᠯᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠳᠦᠰᠦᠯ᠎ᠢ ᠳᠤᠭᠳᠠᠭ᠋ᠠᠭᠰᠠᠨ ᠵᠢᠴᠢ ᠡᠬᠦᠷᠭᠡ ᠵᠢᠨ ᠬᠤᠪᠢᠶᠠᠷᠢᠯᠠᠯ᠎ᠤᠨ ᠳᠤᠬᠠᠢ   ᠬᠠᠷᠢᠭᠤ ᠮᠡᠳᠡᠬᠦᠯᠦᠯᠳᠡ ᠵᠢ ᠰᠤᠨᠤᠰᠪᠠ᠃  《ᠦᠪᠡᠷᠳᠡᠭᠡᠨ   ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠤᠯᠤᠳᠤᠭ᠋ᠠᠷ ᠳᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ ᠠᠷᠠᠳ᠎ᠤᠨ ᠶᠠᠪᠤᠳᠠᠯ᠎ᠤᠨ ᠳᠢᠩᠬᠢᠮ᠎ᠳᠤ ᠳᠤᠭᠤᠷᠢᠨ   ᠪᠠᠢ᠌ᠴᠠᠭ᠋ᠠᠵᠤ ᠬᠠᠷᠢᠭᠤ ᠳᠤᠰᠬᠠᠬᠰᠠᠨ ᠠᠰᠠᠭᠤᠳᠠᠯ᠎ᠢ ᠴᠡᠭᠴᠡᠯᠡᠨ ᠵᠠᠰᠠᠬᠤ ᠳᠤᠬᠠᠢ ᠳᠦᠰᠦᠯ》᠎ᠢ ᠳᠤᠭᠳᠠᠭ᠋ᠠᠨ᠂ ᠳᠤᠭᠤᠷᠢᠨ ᠪᠠᠢ᠌ᠴᠠᠭ᠋ᠠᠵᠤ ᠬᠠᠷᠢᠭᠤ ᠳᠤᠰᠬᠠᠬᠰᠠᠨ ᠰᠠᠨᠠᠯ᠎ᠳᠤ ᠳᠤᠷᠠᠳᠤᠭᠰᠠᠨ 7 ᠳᠠᠯ᠎ᠠ 17 ᠳᠦᠷᠦᠯ᠎ᠤᠨ ᠠᠰᠠᠭᠤᠳᠠᠯ᠎ᠢ 34 ᠵᠦᠢ᠍ᠯ᠎ᠤᠨ ᠠᠰᠠᠭᠤᠳᠠᠯ ᠪᠤᠯᠭ᠋ᠠᠨ   ᠪᠤᠳᠠᠳᠠᠢ᠌ᠵᠢᠭᠤᠯᠵᠤ᠂   ᠴᠡᠭᠴᠡᠯᠡᠨ   ᠵᠠᠰᠠᠬᠤ ᠡᠬᠦᠷᠭᠡ ᠵᠢ ᠤᠯᠠᠮ ᠵᠶ᠋ᠡᠷ ᠳᠤᠳᠤᠷᠬᠠᠢ᠌ᠯᠠᠨ᠂ ᠴᠡᠭᠴᠡᠯᠡᠨ ᠵᠠᠰᠠᠬᠤ ᠠᠷᠭ᠎ᠠ ᠵᠢ ᠨᠠᠷᠢᠯᠢᠭᠵᠢᠭᠤᠯᠵᠤ᠂ ᠴᠡᠭᠴᠡᠯᠡᠨ ᠵᠠᠰᠠᠬᠤ ᠪᠠᠢ᠌ᠩᠭᠤ ᠵᠢᠨ ᠪᠦᠳᠦᠮᠵᠢᠳᠤ ᠳᠤᠭᠳᠠᠴᠠ ᠳᠤᠭᠳᠠᠭ᠋ᠠᠪᠠ᠃ 7 ᠳ᠋ᠤᠭ᠋ᠠᠷ ᠰᠠᠷ᠎ᠡ ᠵᠢᠨ 1᠎ᠤ ᠡᠳᠤᠷ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠨᠢ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠡᠬᠦᠷᠭᠡ ᠵᠢ ᠳᠤᠰᠢᠶᠠᠨ ᠦᠭᠬᠦ ᠬᠤᠷᠠᠯ ᠬᠢᠵᠤ᠂   ᠴᠡᠭᠴᠡᠯᠡᠨ ᠵᠠᠰᠠᠬᠤ   ᠡᠬᠦᠷᠭᠡ ᠵᠢ ᠪᠠᠭᠤᠯᠭ᠋ᠠᠨ᠂   ᠨᠡᠢ᠌ᠳᠡᠮ᠎ᠤᠨ ᠴᠢᠨᠠᠷ᠎ᠲᠠᠢ ᠠᠰᠠᠭᠤᠳᠠᠯ   ᠪᠠ ᠪᠤᠳᠠᠭ᠋ᠠᠯᠢ ᠴᠢᠨᠠᠷ᠎ᠲᠠᠢ ᠠᠰᠠᠭᠤᠳᠠᠯ᠎ᠢ ᠳᠦᠷᠦᠯ ᠬᠤᠪᠢᠶᠠᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ   ᠴᠢᠬᠤᠯᠠ᠎ᠲᠠᠢ ᠨᠡᠢ᠌ᠳᠡᠮ᠎ᠤᠨ ᠴᠢᠨᠠᠷ᠎ᠲᠠᠢ   ᠠᠰᠠᠭᠤᠳᠠᠯ᠎ᠢ ᠪᠤᠢ ᠪᠦᠬᠦᠢ ᠪᠠᠢ᠌ᠭᠤᠯᠭ᠎ᠠ ᠨᠢᠭᠡᠴᠢ᠎ᠳᠤ ᠨᠠᠢ᠌ᠳᠠᠪᠤᠷᠢᠵᠢᠭᠤᠯᠤᠨ᠂   ᠴᠡᠭᠴᠡᠯᠡᠨ ᠵᠠᠰᠠᠬᠤ ᠴᠢᠬᠤᠯᠠ᠎ᠲᠠᠢ 34 ᠵᠦᠢ᠍ᠯ᠎ᠤᠨ ᠪᠤᠳᠠᠳᠠᠢ ᠠᠰᠠᠭᠤᠳᠠᠯ᠎ᠢ 16 ᠭᠤᠤᠯᠳᠠᠯᠭ᠎ᠠ᠎ᠲᠠᠢ   ᠭᠠᠵᠠᠷ᠂ ᠠᠯᠪᠠᠨ ᠭᠡᠷ᠂ ᠪᠠᠢ᠌ᠭᠤᠯᠭ᠎ᠠ ᠨᠢᠭᠡᠴᠢ᠎ᠳᠤ ᠨᠠᠢ᠌ᠳᠠᠪᠤᠷᠢᠵᠢᠭᠤᠯᠤᠨ ᠦᠭᠪᠡ᠃
      (ᠭᠤᠷᠪᠠ) ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠵᠤᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ ᠪᠤᠯᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠪᠠ᠃ ᠴᠡᠭᠴᠡᠯᠠᠨ ᠵᠠᠰᠠᠬᠤ   ᠳᠤᠰᠬᠠᠢ ᠠᠵᠢᠯ᠎ᠤᠨ ᠳᠤᠭᠤᠢ᠌ᠯᠠᠩ ᠳᠠᠪᠤ ᠪᠠᠢ᠌ᠭᠤᠯᠵᠤ᠂ ᠠᠵᠢᠯ᠎ᠤᠨ ᠳᠦᠰᠦᠯ ᠳᠤᠭᠳᠠᠭ᠋ᠠᠨ᠂ ᠬᠢᠨᠠᠯᠳᠠ ᠳᠠᠯᠪᠢᠨ ᠪᠠᠢ᠌ᠴᠠᠭ᠋ᠠᠬᠤ ᠵᠢ ᠴᠢᠩᠭ᠋ᠠᠳᠬᠠᠨ᠂ ᠺᠠᠳ᠋ᠷ᠎ᠤᠨ ᠬᠠᠷᠢᠭᠤᠴᠠᠬᠤ ᠦᠭᠡᠢ᠂ ᠠᠵᠢᠯ ᠬᠢᠬᠦ ᠦᠭᠡᠢ᠂ ᠳᠦᠷᠦᠯ ᠵᠦᠢ᠍ᠯ᠎ᠤᠨ ᠪᠡᠯᠡ ᠮᠦᠩᠬᠦ ᠵᠢᠨ ᠬᠠᠮᠢᠶᠠᠷᠤᠯᠳᠠ᠂ ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ ᠵᠢᠨ ᠠᠷᠢᠭᠤᠨ ᠴᠢᠭᠡᠴᠢ ᠵᠢᠨ ᠠᠶᠤᠯ ᠳᠦᠭᠰᠢᠬᠦᠷᠢ᠂ ᠬᠦᠮᠦᠨ ᠰᠤᠩᠭᠤᠨ ᠭᠡᠷᠡᠭᠯᠡᠬᠦ᠂   ᠰᠢᠭᠤᠳ ᠬᠠᠷᠢᠶ᠎ᠠ ᠪᠠᠢ᠌ᠭᠤᠯᠭ᠎ᠠ ᠨᠢᠭᠡᠴᠢ ᠵᠢᠨ ᠬᠠᠮᠢᠶᠠᠷᠤᠯᠳᠠ ᠵᠡᠷᠭᠡ ᠳᠠᠪᠤᠨ ᠳᠠᠯ᠎ᠠ᠎ᠳᠤ ᠤᠷᠤᠰᠢᠵᠤ ᠪᠠᠢ᠌ᠭ᠎ᠠ ᠠᠰᠠᠭᠤᠳᠠᠯ᠎ᠢ ᠭᠤᠤᠯᠳᠠᠯᠭ᠎ᠠ᠎ᠲᠠᠢ ᠳᠤᠰᠬᠠᠢ ᠴᠡᠭᠴᠡᠯᠠᠨ ᠵᠠᠰᠠᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠢ ᠪᠦᠳᠦᠮᠵᠢᠳᠡᠢ ᠠᠬᠢᠭᠤᠯᠪᠠ᠃ 8 ᠳ᠋ᠤᠭ᠋ᠠᠷ ᠰᠠᠷ᠎ᠠ ᠵᠢᠨ ᠡᠬᠢ᠎ᠪᠠᠷ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠳᠠ ᠵᠢᠨ ᠬᠠᠭ᠋ᠠᠰ ᠵᠢᠯ᠎ᠤᠨ ᠠᠵᠢᠯ᠎ᠢ ᠰᠢᠪᠠᠳᠠᠨ   ᠪᠠᠢ᠌ᠴᠠᠭ᠋ᠠᠬᠤ᠎ᠲᠠᠢ ᠤᠶᠠᠯᠳᠤᠭᠤᠯᠤᠨ ᠡᠯ᠎ᠡ ᠭᠠᠵᠠᠷ᠂   ᠠᠯᠪᠠᠨ ᠭᠡᠷ᠂ ᠪᠠᠢ᠌ᠭᠤᠯᠭ᠎ᠠ ᠨᠢᠭᠡᠴᠢ ᠵᠢᠨ ᠳᠤᠭᠤᠷᠢᠨ ᠪᠠᠢ᠌ᠴᠠᠭ᠋ᠠᠵᠤ ᠴᠡᠭᠴᠡᠯᠠᠨ   ᠵᠠᠰᠠᠭᠰᠠᠨ ᠪᠠᠢ᠌ᠳᠠᠯ᠎ᠢ ᠰᠤᠭᠤᠴᠢᠨ ᠪᠠᠢ᠌ᠴᠠᠭ᠋ᠠᠪᠠ᠃ 9 ᠳ᠋ᠤᠭᠡᠷ ᠰᠠᠷ᠎ᠡ ᠵᠢᠨ 6   ᠪᠠ 7᠎ᠤ ᠡᠳᠤᠷ ᠳᠤᠰᠪᠤᠷᠢ ᠡᠯ᠎ᠡ ᠬᠠᠷᠢᠭᠤᠴᠠᠯᠭ᠋ᠠᠳᠤ ᠭᠠᠵᠠᠷ᠂ ᠠᠯᠪᠠᠨ ᠭᠡᠷ᠂ ᠪᠠᠢ᠌ᠭᠤᠯᠭ᠎ᠠ ᠨᠢᠭᠡᠴᠢ ᠵᠢᠨ ᠴᠡᠭᠴᠡᠯᠠᠨ ᠵᠠᠰᠠᠬᠰᠠᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠴᠤ᠂ ᠴᠡᠭᠴᠡᠯᠠᠨ ᠵᠠᠰᠠᠬᠤ ᠶᠠᠪᠤᠴᠠ᠎ᠳᠤ ᠢᠯᠡᠷᠭᠰᠡᠨ ᠠᠰᠠᠭᠤᠳᠠᠯ᠎ᠢ ᠶᠠᠷᠢᠯᠴᠠᠵᠤ ᠰᠢᠢ᠍ᠳᠪᠤᠷᠢᠯᠡᠨ᠂ ᠴᠡᠭᠴᠡᠯᠡᠨ ᠵᠠᠰᠠᠬᠤ ᠠᠵᠢᠯ᠎ᠢ ᠢᠳᠡᠪᠬᠢᠳᠡᠢ ᠠᠬᠢᠭᠤᠯᠪᠠ᠃ 9 ᠳ᠋ᠤᠭᠡᠷ   ᠰᠠᠷ᠎ᠡ ᠵᠢᠨ 9᠎ᠤ ᠡᠳᠤᠷ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠰᠠᠨ ᠳᠤᠰᠬᠠᠢ ᠰᠡᠳᠤᠪᠳᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠰᠠᠨ ᠠᠵᠢᠯ ᠵᠶ᠋ᠠᠨ ᠳ᠋ᠦᠩᠨᠡᠭᠰᠡᠨ ᠰᠠᠭᠤᠷᠢᠨ ᠳᠡᠭᠡᠷ᠎ᠡ ᠳᠤᠭᠤᠷᠢᠨ ᠪᠠᠢ᠌ᠴᠠᠭ᠋ᠠᠵᠤ ᠬᠠᠷᠢᠭᠤ ᠳᠤᠰᠬᠠᠬᠰᠠᠨ ᠠᠰᠠᠭᠤᠳᠠᠯ᠎ᠳᠤ ᠴᠢᠭᠯᠡᠬᠦᠯᠦᠨ   ᠬᠦᠨᠵᠡᠭᠡᠢ ᠡᠷᠬᠢᠴᠡᠬᠦᠯᠦᠨ ᠪᠤᠳᠤᠵᠤ᠂ ᠰᠢᠯᠳᠠᠭ᠋ᠠᠨ᠎ᠢ᠎ᠨᠢ ᠵᠠᠳᠠᠯᠤᠨ᠂ ᠴᠢᠩᠭ᠎ᠠ ᠳᠦᠪᠯᠡᠬᠦᠨ ᠵᠶ᠋ᠡᠷ ᠰᠢᠬᠦᠮᠵᠢᠯᠡᠯ ᠪᠠ ᠦᠪᠡᠷ᠎ᠤᠨ ᠰᠢᠬᠦᠮᠵᠢᠯᠡᠯ ᠦᠷᠨᠢᠬᠦᠯᠵᠤ᠂ ᠴᠢᠷᠮᠠᠢ᠌ᠬᠤ ᠴᠢᠭᠯᠡᠯ ᠪᠤᠯᠤᠨ ᠬᠠᠯᠠᠨ ᠰᠠᠢ᠌ᠵᠢᠷᠠᠭᠤᠯᠬᠤ ᠠᠷᠭ᠎ᠠ ᠭᠡᠮᠵᠢᠶ᠎ᠡ᠎ᠪᠠᠨ ᠤᠯᠠᠮ ᠵᠶ᠋ᠡᠷ ᠳᠤᠳᠤᠷᠬᠠᠢ᠌ᠯᠠᠪᠠ᠃ ᠳᠢᠩᠬᠢᠮ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠨᠢ ᠦᠢ᠍ᠯᠡᠳᠤᠯ ᠵᠶ᠋ᠡᠨ ᠢᠳᠡᠪᠬᠢᠳᠡᠢ ᠪᠠᠳᠠᠷᠠᠭᠤᠯᠵᠤ᠂ ᠴᠠᠭ ᠳᠠᠷᠤᠢ᠎ᠳᠤ᠎ᠨᠢ ᠳᠤᠬᠢᠷᠠᠭᠤᠯᠬᠤ᠂ ᠴᠠᠭ ᠳᠠᠷᠤᠢ᠎ᠳᠤ᠎ᠨᠢ ᠪᠠᠢ᠌ᠴᠠᠭ᠋ᠠᠬᠤ᠂ ᠴᠠᠭ   ᠳᠠᠷᠤᠢ᠎ᠳᠤ᠎ᠨᠢ ᠬᠠᠷᠢᠭᠤ ᠮᠡᠳᠡᠬᠦᠯᠬᠦ᠂ ᠴᠠᠭ ᠳᠠᠷᠤᠢ᠎ᠳᠤ᠎ᠨᠢ ᠵᠠᠷᠯᠠᠨ ᠮᠡᠳᠡᠭᠳᠡᠬᠦ ᠱᠠᠭ᠋ᠠᠷᠳᠠᠯᠭ᠎ᠠ ᠵᠢ ᠵᠢᠷᠤᠮᠯᠠᠨ᠂ ᠨᠡᠮ᠎ᠤᠨ ᠡᠬᠦᠷ᠎ᠤᠨ ᠳᠡᠮᠳᠡᠭᠯᠡᠯ᠎ᠢ ᠪᠠᠢ᠌ᠴᠠᠭ᠋ᠠᠬᠤ᠂ ᠤᠳᠠᠰᠤ᠎ᠪᠠᠷ ᠰᠢᠪᠠᠳᠠᠬᠤ  ᠂ ᠬᠤᠯᠪᠤᠭᠳᠠᠯ ᠪᠦᠬᠦᠢ ᠮᠠᠲᠸᠷᠢᠶᠠᠯ᠎ᠢ ᠪᠠᠢ᠌ᠴᠠᠭ᠋ᠠᠨ ᠰᠢᠪᠠᠳᠠᠵᠤ   ᠬᠢᠯᠭᠡᠬᠦ᠂ ᠨᠡᠮ᠎ᠤᠨ ᠡᠬᠦᠷ᠎ᠤᠨ ᠬᠤᠷᠠᠯ᠎ᠳᠤ᠎ᠨᠢ ᠤᠷᠤᠯᠴᠠᠵᠤ   ᠵᠢᠭ᠋ᠠᠨ ᠵᠢᠯᠤᠭᠤᠳᠬᠤ ᠵᠡᠷᠭᠡ ᠠᠷᠭ᠎ᠠ ᠎ᠪᠠᠷ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠢ   ᠠᠬᠢᠭᠤᠯᠵᠠᠢ᠃ 《ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠪᠠ 〈ᠡᠷᠬᠢᠵᠤ ᠬᠠᠷᠠᠬᠤ〉 ᠠᠵᠢᠯ᠎ᠢ   ᠬᠦᠨᠵᠡᠭᠡᠢ᠌ᠷᠡᠬᠦᠯᠤᠨ ᠨᠠᠢ᠌ᠳᠠᠪᠤᠷᠢᠵᠢᠭᠤᠯᠬᠤ ᠳᠤᠬᠠᠢ ᠮᠡᠳᠡᠭᠳᠡᠯ》 ᠪᠠᠭᠤᠯᠭ᠋ᠠᠨ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠵᠢ ᠰᠢᠪᠠᠳᠠᠨ ᠪᠠᠢ᠌ᠴᠠᠭ᠋ᠠᠭᠰᠠᠨ ᠪᠠᠢ᠌ᠳᠠᠯ ᠵᠶ᠋ᠠᠨ 2 ᠤᠳᠠᠭ᠎ᠠ ᠵᠠᠷᠯᠠᠨ  ᠂ ᠠᠵᠢᠯ᠎ᠤᠨ ᠳᠠᠷᠤᠯᠳᠠ ᠵᠢ ᠱᠠᠲᠤ ᠱᠠᠲᠤ᠎ᠪᠠᠷ ᠦᠨᠳᠦᠰᠤᠨ ᠱᠠᠳᠤᠨ᠎ᠳᠤ ᠬᠦᠷᠳᠡᠯ᠎ᠡ ᠨᠠᠢ᠌ᠳᠠᠪᠤᠷᠢᠵᠢᠭᠤᠯᠪᠠ᠃ 9 ᠳ᠋ᠤᠭᠡᠷ   ᠰᠠᠷ᠎ᠠ ᠵᠢᠨ 28᠎ᠤ ᠡᠳᠤᠷ ᠳᠢᠩᠬᠢᠮ᠎ᠤᠨ ᠴᠡᠭᠴᠡᠯᠠᠨ ᠵᠠᠰᠠᠬᠤ ᠠᠯᠪᠠᠨ ᠭᠡᠷ᠎ᠤᠨ᠎ᠬᠢᠨ ᠡᠯ᠎ᠡ ᠨᠠᠮ᠎ᠤᠨ ᠡᠬᠦᠷ᠎ᠤᠨ ᠴᠡᠭᠴᠡᠯᠠᠨ ᠵᠠᠰᠠᠬᠤ ᠵᠢ   ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠳᠦᠪᠯᠡᠷᠡᠩᠬᠦᠢ ᠪᠠᠢ᠌ᠴᠠᠭ᠋ᠠᠵᠤ᠂ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠮᠡᠳᠡᠬᠦᠯᠤᠨ ᠢᠷᠡᠬᠦᠯᠦᠭᠰᠡᠨ   ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠵᠢ ᠬᠦᠨᠵᠡᠭᠡᠢ᠌ᠷᠡᠬᠦᠯᠬᠦ ᠳᠦᠰᠦᠯ᠂ ᠨᠡᠮ᠎ᠤᠨ ᠡᠬᠦᠷ᠎ᠤᠨ ᠤᠳᠤᠷᠢᠳᠬᠤ ᠪᠠᠭ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠳᠤᠰᠬᠠᠢ ᠰᠡᠳᠤᠪᠳᠤ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ᠎ᠤᠨ ᠬᠠᠷᠢᠴᠠᠭᠤᠯᠤᠨ ᠪᠠᠢ᠌ᠴᠠᠭ᠋ᠠᠭᠰᠠᠨ ᠮᠠᠲᠸᠷᠢᠶᠠᠯ᠂ ᠴᠢᠭᠡᠴᠢ ᠵᠠᠰᠠᠭ᠎ᠤᠨ ᠠᠶᠤᠯ ᠳᠦᠭᠰᠢᠬᠦᠷᠢ᠎ᠤᠨ ᠴᠡᠭ᠂ ᠺᠠᠳ᠋ᠷ᠎ᠤᠨ ᠬᠠᠷᠢᠭᠤᠴᠠᠬᠤ ᠦᠭᠡᠢ᠂ ᠠᠵᠢᠯ ᠬᠢᠬᠦ ᠦᠭᠡᠢ ᠪᠠᠢ᠌ᠳᠠᠯ᠂   ᠴᠡᠭᠡᠷ ᠬᠤᠷᠢᠭ᠎ᠠ ᠵᠢᠨ ᠨᠠᠷᠢᠨ ᠳᠠᠩᠰᠠ ᠵᠡᠷᠭᠡ ᠵᠢ ᠪᠠᠢ᠌ᠴᠠᠭ᠋ᠠᠪᠠ᠃   ᠡᠯ᠎ᠡ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ᠎ᠨᠢ ᠴᠤ᠌ ᠳᠤᠰᠪᠤᠷᠢ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ   ᠳᠤᠰᠬᠠᠢ ᠰᠡᠳᠤᠪᠳᠤ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ ᠬᠢᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠠᠵᠢᠯ᠎ᠢ ᠪᠦᠬᠦ ᠳᠠᠯ᠎ᠠ  ᠎ᠪᠠᠷ ᠳᠦᠯᠬᠢᠨ ᠠᠬᠢᠭᠤᠯᠪᠠ᠃
      (ᠳᠦᠷᠪᠡ) ᠪᠤᠷᠤᠭᠤ᠎ᠪᠠᠨ ᠮᠡᠳᠡᠪᠡᠯ ᠳᠠᠷᠤᠢ᠎ᠳᠤ᠎ᠨᠢ ᠵᠠᠯᠠᠷᠠᠭᠤᠯᠬᠤ ᠪᠠ ᠬᠠᠷᠢᠭᠤᠴᠠᠯᠭ᠎ᠠ ᠨᠡᠭᠡᠮᠵᠢᠯᠡᠬᠦ ᠵᠢ ᠭᠡᠷᠡᠭᠵᠢᠬᠦᠯᠪᠡ᠃ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠳᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠤᠰᠢᠶᠠᠨ ᠦᠭᠬᠦᠭᠰᠡᠨ 7   ᠵᠦᠢ᠍ᠯ᠎ᠤᠨ ᠳᠦᠷᠭᠡᠨ ᠵᠠᠰᠠᠨ ᠵᠠᠯᠠᠷᠠᠭᠤᠯᠬᠤ ᠴᠢᠬᠤᠯᠠ᠎ᠲᠠᠢ ᠠᠰᠠᠭᠤᠳᠠᠯ᠎ᠢ ᠪᠦᠬᠦᠨ᠎ᠢ ᠰᠢᠢ᠍ᠳᠪᠤᠷᠢᠯᠡᠵᠤ  ᠂ ᠳᠡᠭᠡᠷ᠎ᠡ ᠤᠳᠠᠭ᠋ᠠᠨ᠎ᠤ   ᠳᠤᠭᠤᠷᠢᠨ ᠪᠠᠢ᠌ᠴᠠᠭ᠋ᠠᠯᠳᠠ᠎ᠳᠤ ᠬᠤᠯᠪᠤᠭᠳᠠᠭᠰᠠᠨ ᠠᠰᠠᠭᠤᠳᠠᠯ᠂ ᠮᠡᠳᠡᠭᠡ ᠵᠠᠩᠬᠢ ᠵᠢᠨ ᠬᠠᠮᠢᠶᠠᠷᠤᠯᠳᠠ᠂ ᠬᠤᠪᠢ ᠬᠦᠮᠦᠨ᠎ᠤ ᠭᠡᠷᠡᠭ ᠶᠠᠪᠤᠳᠠᠯ᠎ᠤᠨ ᠮᠡᠳᠡᠬᠦᠯᠦᠯᠳᠡ᠂ ᠨᠠᠢ᠍ᠮᠠᠨ ᠵᠣᠷᠪᠣᠰ ᠳᠤᠭᠳᠠᠭ᠋ᠠᠯ᠎ᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ᠂ ᠵᠡᠮᠳᠡᠭᠴᠤᠳ᠎ᠤᠨ ᠦᠨᠡᠮᠯᠡᠯ ᠤᠯᠭᠤᠬᠤ ᠬᠦᠷᠢᠶ᠎ᠡ ᠴᠠᠷᠠᠭ᠎ᠠ ᠵᠢᠨ ᠬᠠᠷᠢᠭᠤᠴᠠᠯᠭ᠋ᠠᠳᠤ ᠬᠦᠮᠦᠨ᠎ᠢ ᠰᠢᠬᠦᠮᠵᠢᠯᠡᠨ   ᠬᠦᠮᠦᠵᠢᠬᠦᠯᠵᠤ᠂ ᠶᠠᠷᠢᠯᠴᠠᠵᠤ   ᠰᠡᠷᠡᠮᠵᠢᠯᠡᠬᠦᠯᠦᠨ᠂ ᠵᠠᠷᠢᠮ᠎ᠳᠤ᠎ᠨᠢ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠭᠡᠯ ᠦᠭᠬᠦᠨ᠂ ᠰᠡᠷᠡᠮᠵᠢᠯᠡᠬᠦᠯᠦᠨ ᠰᠦᠷᠳᠡᠬᠦᠯᠬᠦ ᠦᠢ᠍ᠯᠡᠳᠤᠯ ᠦᠵᠡᠬᠦᠯᠪᠡ᠃
      (ᠳᠠᠪᠤ) ᠳᠤᠭᠤᠷᠢᠨ ᠪᠠᠢ᠌ᠴᠠᠭ᠋ᠠᠵᠤ ᠬᠠᠷᠢᠭᠤ ᠳᠤᠰᠬᠠᠬᠰᠠᠨ ᠠᠰᠠᠭᠤᠳᠠᠯ᠎ᠤᠨ ᠴᠡᠭᠴᠡᠯᠠᠨ ᠵᠠᠰᠠᠯᠲᠠ ᠪᠠ ᠪᠠᠢ᠌ᠩᠭᠤ ᠵᠢᠨ ᠪᠦᠳᠦᠮᠵᠢᠳᠤ ᠳᠤᠭᠳᠠᠴᠠ ᠵᠢᠨ ᠪᠠᠢ᠌ᠭᠤᠯᠤᠯᠳᠠ ᠵᠢ ᠳᠦᠷᠭᠡᠳᠭᠡᠪᠡ᠃ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠦᠨᠠᠨ᠎ᠠᠴᠠ ᠵᠦᠪ᠎ᠢ ᠡᠷᠢᠬᠦ᠂   ᠳᠦᠷᠦᠯ ᠬᠤᠪᠢᠶᠠᠨ ᠴᠡᠭᠴᠡᠯᠠᠨ   ᠵᠠᠰᠠᠬᠤ᠂   ᠳᠠᠷᠤᠢ᠎ᠳᠤᠨᠢ   ᠴᠡᠭᠴᠡᠯᠠᠨ ᠵᠠᠰᠠᠬᠤ ᠨᠦᠬᠦᠴᠡᠯ᠎ᠲᠠᠢ ᠠᠰᠠᠭᠤᠳᠠᠯ᠎ᠢ ᠳᠦᠷᠭᠡᠨ ᠴᠡᠭᠴᠡᠯᠠᠨ ᠵᠠᠰᠠᠬᠤ ᠵᠢ ᠪᠠᠷᠢᠮᠳᠠᠯᠠᠪᠠ᠃ ᠵᠠᠷᠢᠮ   ᠨᠠᠷᠢᠨ ᠪᠤᠳᠤᠯᠢᠶᠠᠨᠳᠠᠢ᠂ ᠨᠡᠯᠢᠶᠡᠳ ᠬᠤᠭᠤᠴᠠᠭ᠎ᠠ ᠭᠡᠷᠡᠭᠰᠡᠨ ᠴᠡᠭᠴᠡᠯᠠᠨ ᠵᠠᠰᠠᠬᠤ ᠴᠢᠬᠤᠯᠠ᠎ᠲᠠᠢ ᠠᠰᠠᠭᠤᠳᠠᠯ᠎ᠢ ᠴᠡᠭᠴᠡᠯᠠᠨ ᠵᠠᠰᠠᠬᠤ ᠴᠠᠭ᠎ᠤᠨ ᠬᠢᠵᠠᠭ᠋ᠠᠷ ᠳᠤᠭᠳᠠᠭ᠋ᠠᠨ  ᠂ ᠬᠢᠨᠠᠨ ᠪᠠᠢ᠌ᠴᠠᠭ᠋ᠠᠬᠤ᠎ᠪᠠᠨ   ᠴᠢᠩᠭ᠋ᠠᠳᠬᠠᠵᠤ᠂ ᠡᠮᠬᠢ ᠵᠢᠷᠤᠮ᠎ᠲᠠᠢ᠎ᠪᠠᠷ ᠠᠬᠢᠭᠤᠯᠪᠠ᠃   ᠡᠬᠦᠨ᠎ᠤ ᠬᠠᠮᠳᠤ ᠨᠢᠭᠡ᠎ᠠᠴᠠ ᠵᠦᠢ᠍ᠴᠢᠯᠡᠵᠤ ᠨᠦᠬᠦᠭᠡ ᠵᠢ ᠮᠡᠳᠡᠬᠦ᠂ ᠬᠠᠨᠳᠤᠰᠢ᠎ᠳᠤ᠎ᠨᠢ ᠳᠤᠬᠢᠷᠠᠭᠤᠯᠤᠨ ᠴᠢᠳᠠᠮᠠᠭ᠋ᠠᠢ᠎ᠪᠠᠷ ᠵᠢᠯᠤᠭᠤᠳᠬᠤ ᠂ ᠳᠦᠷᠢᠮ᠎ᠤᠨ ᠳᠤᠭᠳᠠᠴᠠ ᠵᠢ ᠪᠠᠢ᠌ᠭᠤᠯᠤᠨ   ᠳᠡᠬᠦᠯᠳᠡᠷᠵᠢᠬᠦᠯᠬᠦ ᠵᠢ ᠪᠠᠷᠢᠮᠳᠠᠯᠠᠨ᠂ 《ᠬᠠᠭᠤᠴᠢᠨ   ᠭᠡᠮ᠎ᠨᠢ ᠬᠦᠳᠡᠯᠬᠦ》 ᠵᠢ ᠴᠢᠩᠭ᠎ᠠ ᠰᠡᠷᠭᠡᠢ᠌ᠯᠡᠪᠡ᠃ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ᠎ᠲᠠᠢ ᠤᠶᠠᠯᠳᠤᠭᠤᠯᠵᠤ᠂   ᠬᠦᠮᠦᠨ ᠰᠤᠩᠭᠤᠵᠤ ᠭᠡᠷᠡᠭᠯᠡᠬᠦ᠂ ᠡᠳ᠋᠎ᠤᠨ ᠶᠠᠪᠤᠳᠠᠯ᠎ᠤᠨ ᠪᠡᠯᠡ ᠮᠦᠩᠬᠦᠨ᠎ᠤ ᠬᠠᠮᠢᠶᠠᠷᠤᠯᠳᠠ᠂ ᠦᠵᠡᠯ ᠤᠬᠠᠮᠰᠠᠷ᠎ᠤᠨ ᠭᠡᠯᠪᠡᠷᠢ ᠵᠢᠨ ᠪᠡᠬᠢᠯᠡᠯᠳᠡ ᠵᠢᠨ ᠬᠠᠮᠢᠶᠠᠷᠤᠯᠳᠠ ᠡᠵᠡᠮᠳᠡᠯ᠂   ᠪᠠᠢ᠌ᠭᠤᠯᠭ᠎ᠠ ᠵᠢᠨ ᠰᠤᠷᠳᠠᠯ᠎ᠤᠨ ᠪᠠᠢ᠌ᠭᠤᠯᠤᠯᠳᠠ ᠵᠡᠷᠭᠡ ᠨᠡᠢ᠌ᠳᠡ 26   ᠵᠦᠢ᠍ᠯ᠎ᠤᠨ   ᠳᠦᠷᠢᠮ ᠳᠤᠭᠳᠠᠭ᠋ᠠᠯ᠎ᠳᠤ ᠵᠠᠰᠠᠪᠤᠷᠢ ᠤᠷᠤᠭᠤᠯᠤᠨ ᠳᠡᠬᠦᠯᠳᠡᠷᠵᠢᠬᠦᠯᠦᠭᠰᠡᠨ ᠪᠤᠶᠤ ᠰᠢᠨ᠎ᠠ᠎ᠪᠠᠷ ᠳᠤᠭᠳᠠᠭ᠋ᠠᠪᠠ᠃ ᠡᠬᠦᠨ᠎ᠤ ᠵᠡᠷᠭᠡᠪᠡᠷ ᠴᠡᠭᠴᠡᠯᠠᠨ ᠵᠠᠰᠠᠭᠰᠠᠨ ᠦᠷ᠎ᠡ ᠪᠦᠳᠦᠮᠵᠢ ᠵᠢ ᠶᠡᠷᠦᠩᠭᠡᠢ᠌ᠯᠡᠨ ᠠᠰᠢᠭᠯᠠᠬᠤ ᠵᠢ ᠴᠢᠩᠭ᠋ᠠᠳᠬᠠᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠵᠢ  《ᠬᠤᠶᠠᠷ᠎ᠢ ᠰᠤᠷᠤᠯᠴᠠᠨ ᠬᠢᠷᠢ ᠳᠡᠩᠴᠡᠭᠰᠡᠨ ᠨᠠᠮ᠎ᠤᠨ ᠭᠡᠰᠢᠬᠦᠨ ᠪᠤᠯᠬᠤ》   ᠰᠤᠷᠤᠯᠴᠠᠯᠭ᠎ᠠ ᠬᠦᠮᠦᠵᠢᠯ  ᠎ᠲᠠᠢ ᠪᠠᠢ᠌ᠩᠭᠤᠵᠢᠭᠤᠯᠤᠨ ᠳᠦᠷᠢᠮᠵᠢᠬᠦᠯᠬᠦ᠂ ᠨᠠᠮ᠎ᠤᠨ ᠪᠠᠢ᠌ᠭᠤᠯᠤᠯᠳᠠ ᠵᠢ ᠠᠳᠬᠤᠬᠤ᠂ ᠳᠤᠭᠳᠠᠭᠤᠨ ᠪᠠᠢ᠌ᠳᠠᠯ᠎ᠢ ᠠᠬᠢᠭᠤᠯᠬᠤ᠂ ᠬᠦᠭᠵᠢᠯᠳᠡ ᠵᠢ ᠠᠬᠢᠭᠤᠯᠬᠤ᠎ᠲᠠᠢ ᠤᠷᠭ᠋ᠠᠨᠢᠭ ᠵᠶ᠋ᠡᠷ ᠤᠶᠠᠯᠳᠤᠭᠤᠯᠤᠨ᠂ ᠠᠷᠠᠳ᠎ᠤᠨ ᠶᠠᠪᠤᠳᠠᠯ᠎ᠤᠨ ᠠᠵᠢᠯ᠎ᠤᠨ ᠭᠠᠷᠳᠠᠴᠠ᠂ ᠰᠢᠪᠳᠤᠯᠤᠯᠳᠠ ᠵᠢᠨ ᠴᠡᠭ᠎ᠢ ᠤᠨᠤᠴᠢᠳᠠᠢ ᠡᠵᠡᠮᠰᠢᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ᠎ᠪᠠᠷ ᠠᠷᠠᠳ᠎ᠤᠨ ᠶᠠᠪᠤᠳᠠᠯ᠎ᠤᠨ ᠠᠵᠢᠯ ᠵᠶ᠋ᠡᠨ ᠰᠢᠨ᠎ᠠ ᠳᠡᠭᠳᠡᠷ᠎ᠲᠤ ᠠᠬᠢᠭᠤᠯᠪᠠ᠃
      ᠬᠤᠶᠠᠷ᠂ ᠠᠰᠠᠭᠤᠳᠠᠯ ᠵᠶ᠋ᠡᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠨ᠂ ᠳᠤᠭᠤᠷᠢᠨ ᠪᠠᠢ᠌ᠴᠠᠭ᠋ᠠᠵᠤ ᠬᠠᠷᠢᠭᠤ ᠳᠤᠰᠬᠠᠬᠰᠠᠨ ᠰᠠᠨᠠᠯ᠎ᠢ ᠴᠡᠭᠴᠡᠯᠠᠨ ᠵᠠᠰᠠᠵᠤ ᠨᠠᠢ᠌ᠳᠠᠪᠤᠷᠢᠵᠢᠭᠤᠯᠬᠤ ᠵᠢ ᠬᠦᠴᠦᠳᠡᠢ ᠠᠳᠬᠤᠪᠠ
     (  ᠨᠢᠭᠡ)   ᠨᠠᠮ᠎ᠤᠨ ᠤᠯᠤᠰ ᠳᠦᠷᠦ ᠵᠢᠨ ᠪᠠᠢ᠌ᠭᠤᠯᠤᠯᠳᠠ ᠵᠢᠨ ᠳᠠᠯ᠎ᠠ᠎ᠪᠠᠷ
     1. 《  ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠡᠷᠭᠡ ᠠᠰᠢᠭ᠎ᠢ ᠪᠠᠳᠤᠯᠠᠬᠤ ᠳᠦᠷᠢᠮ》 ᠳᠤᠭᠳᠠᠭ᠋ᠠᠬᠤ ᠠᠵᠢᠯ᠎ᠤᠨ ᠠᠬᠢᠴᠠ ᠤᠳᠠᠭ᠋ᠠᠰᠢᠷᠠᠭᠰᠠᠨ ᠪᠠᠢ᠌ᠳᠠᠯ᠎ᠳᠤ ᠴᠢᠭᠯᠡᠬᠦᠯᠦᠨ ᠪᠦᠳᠦᠮᠵᠢᠳᠡᠢ ᠠᠷᠭ᠎ᠠ ᠭᠡᠮᠵᠢᠶ᠎ᠡ ᠠᠪᠴᠤ᠂ 《ᠳᠦᠷᠢᠮ》᠎ᠢ ᠪᠠᠳᠤᠯᠠᠨ ᠨᠡᠢ᠌ᠲᠡᠯᠡᠬᠦ ᠵᠢ ᠲᠦᠷᠭᠡᠳᠬᠡᠪᠡ  ᠃ 2018 ᠤᠨ᠎ᠳᠤ ᠦᠪᠡᠷᠳᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠠᠯᠪᠠᠨ ᠭᠡᠷ᠎ᠲᠠᠢ ᠬᠠᠮᠳᠤᠷᠠᠨ 《ᠳᠦᠷᠢᠮ》᠎ᠤᠨ ᠳᠤᠬᠠᠢ ᠪᠠᠢ᠌ᠴᠠᠭ᠋ᠠᠨ ᠰᠤᠳᠤᠯᠤᠯᠳᠠ ᠬᠢᠵᠤ᠂ ᠨᠡᠢ᠌ᠭᠡᠮ᠎ᠤᠨ ᠡᠯ᠎ᠡ ᠡᠳᠡᠭᠡᠳ᠎ᠤᠨ ᠰᠠᠨᠠᠯ᠎ᠢ ᠬᠤᠷᠢᠶᠠᠬᠤ ᠬᠤᠷᠠᠯ ᠬᠢᠭᠰᠡᠨ ᠰᠠᠭᠤᠷᠢᠨ ᠳᠡᠭᠡᠷ᠎ᠠ 《ᠳᠦᠷᠢᠮ》᠎ᠤᠨ ᠬᠢᠨᠠᠨ ᠵᠦᠪᠯᠡᠬᠦ ᠡᠭᠡ ᠨᠤᠤᠷᠠᠭ᠎ᠢ ᠨᠤᠤᠷᠠᠭᠯᠠᠵᠤ᠂ 7 ᠳ᠋ᠤᠭ᠋ᠠᠷ ᠰᠠᠷ᠎ᠠ ᠵᠢᠨ 9 ᠎ᠤ ᠡᠳᠤᠷ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠪᠠᠢ᠌ᠩᠭᠤ ᠵᠢᠨ ᠬᠤᠷᠡᠯ ᠵᠶ᠋ᠡᠷ ᠬᠢᠨᠠᠨ ᠪᠠᠳᠤᠯᠠᠭᠤᠯᠬᠤ᠎ᠪᠠᠷ ᠮᠡᠳᠡᠬᠦᠯᠵᠤ᠂ 7 ᠳ᠋ᠤᠭ᠋ᠠᠷ ᠰᠠᠷ᠎ᠡ ᠵᠢᠨ 24᠎ᠤ ᠡᠳᠤᠷ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠵᠢᠷᠭᠤᠳᠤᠭ᠋ᠠᠷ ᠬᠤᠷᠠᠯ ᠵᠶ᠋ᠡᠷ ᠳᠤᠭᠤᠢ᠌ᠯᠠᠩ ᠬᠤᠪᠢᠶᠠᠨ ᠬᠢᠨᠠᠨ ᠵᠦᠪᠯᠡᠵᠤ᠂ ᠵᠠᠰᠠᠪᠤᠷᠢ ᠤᠷᠤᠭᠤᠯᠬᠤ ᠰᠠᠨᠠᠯ ᠳᠤᠷᠠᠳᠪᠠ᠃   ᠬᠤᠷᠠᠯ᠎ᠤᠨ ᠳᠠᠷᠠᠭ᠎ᠠ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠵᠢᠨ ᠠᠵᠢᠯ᠎ᠤᠨ ᠵᠦᠪᠯᠡᠯ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠠᠢ᠌ᠭᠤᠯᠤᠨ᠂ 《ᠳᠦᠷᠢᠮ》᠎ᠳᠤ   ᠬᠤᠯᠪᠤᠭᠳᠠᠭᠰᠠᠨ ᠨᠢᠭᠡ ᠪᠦᠯᠦᠭ ᠴᠢᠬᠤᠯᠠ ᠠᠰᠠᠭᠤᠳᠠᠯ᠎ᠳᠤ ᠬᠠᠤᠯᠢ ᠳᠤᠭᠳᠠᠭ᠋ᠠᠬᠤ ᠪᠠᠢ᠌ᠴᠠᠭ᠋ᠠᠨ ᠰᠤᠳᠤᠯᠤᠯᠳᠠ ᠬᠢᠬᠦ ᠵᠢᠨ ᠬᠠᠮᠳᠤ ᠬᠤᠯᠪᠤᠭᠳᠠᠯ ᠪᠦᠬᠦᠢ ᠳᠤᠰᠬᠠᠢ ᠮᠡᠷᠭᠡᠵᠢᠯᠳᠡᠨ᠎ᠢ ᠵᠤᠬᠢᠶᠠᠨ ᠪᠠᠢ᠌ᠭᠤᠯᠤᠨ ᠨᠤᠳᠠᠯᠠᠬᠤ ᠬᠤᠷᠠᠯ ᠬᠢᠵᠤ᠂ 《ᠳᠦᠷᠢᠮ》᠎ᠤᠨ ᠡᠭᠡ ᠨᠤᠤᠷᠠᠭ᠎ᠢ ᠰᠤᠨᠢᠨ ᠮᠡᠳᠡᠭᠡᠨ᠎ᠤ ᠵᠠᠭᠤᠴᠢᠯᠠᠭᠤᠷ ᠳᠡᠭᠡᠷ᠎ᠡ ᠨᠡᠢ᠌ᠳᠡᠯᠡᠨ᠂ ᠨᠡᠢ᠌ᠭᠡᠮ᠎ᠤᠨ ᠡᠯ᠎ᠡ ᠡᠳᠡᠭᠡᠳ᠎ᠠᠴᠠ ᠰᠠᠨᠠᠯ ᠬᠤᠷᠢᠶᠠᠪᠠ᠃ ᠡᠬᠦᠨ᠎ᠤ ᠰᠠᠭᠤᠷᠢᠨ ᠳᠡᠭᠡᠷ᠎ᠡ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠵᠢᠨ ᠠᠵᠢᠯ᠎ᠤᠨ ᠵᠦᠪᠯᠡᠯ᠂   ᠬᠠᠤᠯᠢ ᠴᠠᠭ᠋ᠠᠵᠠ ᠵᠢᠨ ᠵᠦᠪᠯᠡᠯ᠂ ᠬᠠᠤᠯᠢ ᠴᠠᠭ᠋ᠠᠵᠠ ᠵᠢᠨ ᠠᠯᠪᠠᠨ ᠭᠡᠷ᠂ ᠠᠷᠠᠳ᠎ᠤᠨ ᠶᠠᠪᠤᠳᠠᠯ᠎ᠤᠨ ᠳᠢᠩᠬᠢᠮ ᠬᠠᠮᠳᠤᠷᠠᠨ 《ᠳᠦᠷᠢᠮ》᠎ᠤᠨ ᠡᠭᠡ ᠨᠤᠤᠷᠠᠭ᠎ᠲᠤ ᠵᠠᠰᠠᠪᠤᠷᠢ ᠤᠷᠤᠭᠤᠯᠬᠤ ᠳᠤᠬᠠᠢ ᠶᠠᠷᠢᠯᠴᠠᠨ ᠵᠦᠪᠳᠡᠯᠴᠡᠵᠤ᠂ 9 ᠳ᠋ᠤᠭᠡᠷ ᠰᠠᠷ᠎ᠠ ᠵᠢᠨ 14᠎ᠤ ᠡᠳᠤᠷ ᠬᠠᠤᠯᠢ ᠵᠢᠨ ᠠᠵᠢᠯ᠎ᠤᠨ ᠵᠦᠪᠯᠡᠯ 《ᠳᠦᠷᠢᠮ》᠎ᠢ ᠬᠢᠨᠠᠨ ᠵᠦᠪᠯᠡᠵᠤ᠂ 10 ᠳ᠋ᠤᠭ᠋ᠠᠷ ᠰᠠᠷ᠎ᠡ ᠵᠢᠨ 13᠎ᠤ ᠡᠳᠤᠷ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠬᠤᠷᠠᠯ ᠵᠶ᠋ᠡᠷ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠡᠷᠭᠡ ᠠᠰᠢᠭ᠎ᠢ ᠪᠠᠳᠤᠯᠠᠬᠤ ᠳᠦᠷᠢᠮ》 ᠎ᠢ ᠬᠢᠨᠠᠨ ᠪᠠᠳᠤᠯᠠᠵᠤ᠂ 2019 ᠤᠨ᠎ᠤ 1 ᠳ᠋ᠤᠭᠡᠷ ᠰᠠᠷ᠎ᠡ ᠵᠢᠨ 1 ᠎ᠤ ᠡᠳᠤᠷ᠎ᠠᠴᠠ ᠵᠢᠩᠬᠢᠨᠢ᠎ᠪᠠᠷ   ᠭᠡᠷᠡᠭᠵᠢᠬᠦᠯᠬᠦ᠎ᠪᠠᠷ ᠨᠡᠢ᠌ᠳᠡᠯᠡᠪᠡ᠃ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠡᠷᠭᠡ ᠠᠰᠢᠭ᠎ᠢ ᠪᠠᠳᠤᠯᠠᠬᠤ ᠳᠦᠷᠢᠮ》  ᠎ᠨᠢ 2018   ᠤᠨ᠎ᠤ ᠦᠪᠦᠷ ᠮᠤᠩᠭᠤᠯ᠎ᠤᠨ ᠦᠪᠡᠷᠳᠡᠭᠡᠨ   ᠵᠠᠰᠠᠬᠤ ᠤᠷᠤᠨ᠎ᠤ 《  ᠬᠠᠤᠯᠢ᠎ᠪᠠᠷ ᠵᠠᠰᠠᠬᠤ ᠠᠷᠪᠠᠨ ᠶᠡᠭᠡ ᠭᠡᠷᠡᠭ》᠎ᠲᠤ ᠳᠡᠮᠳᠡᠭᠯᠡᠭᠳᠡᠪᠡ᠃
     2. 《ᠤᠯᠤᠰ ᠳᠦᠷᠦ ᠵᠢᠨ ᠰᠡᠷᠭᠡᠭ ᠴᠢᠨᠠᠷ ᠴᠢᠩᠭ᠎ᠠ ᠪᠢᠰᠢ᠂ ᠤᠯᠤᠰ᠎ᠤᠨ ᠪᠠᠢ᠌ᠭᠤᠯᠭ᠎ᠠ ᠵᠢᠨ ᠠᠵᠢᠯᠳᠠᠨ  ᠎ᠳᠤ ᠵᠡᠮᠳᠡᠭᠴᠤᠳ᠎ᠤᠨ ᠦᠨᠡᠮᠯᠡᠯ ᠤᠯᠭᠤᠭᠰᠠᠨ》   ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠦᠪᠡᠷᠳᠡᠭᠡᠨ ᠵᠠᠰᠠᠬᠤ ᠤᠷᠤᠨ᠎ᠤ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶᠠᠨ᠎ᠤ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠎ᠪᠠᠷ   ᠳᠤᠭᠤᠢ᠌ᠯᠠᠩ᠎ᠤᠨ ᠳᠠᠷᠤᠭ᠎ᠠ ᠪᠤᠯᠭ᠋ᠠᠭᠰᠠᠨ ᠳᠤᠰᠬᠠᠢ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠤᠨ᠂   ᠳᠤᠤᠷ᠎ᠡ᠎ᠨᠢ 1 ᠠᠯᠪᠠᠨ ᠭᠡᠷ 7 ᠳᠤᠭᠤᠢ᠌ᠯᠠᠩ ᠭᠠᠷᠭ᠋ᠠᠵᠤ᠂ 《1 + 7  》 ᠳᠤᠰᠬᠠᠢ   ᠵᠠᠰᠠᠬᠤ ᠠᠵᠢᠯ᠎ᠤᠨ ᠳᠦᠰᠦᠯ ᠳᠤᠭᠳᠠᠭ᠋ᠠᠨ᠂ ᠳᠠᠩᠰᠠ ᠡᠪᠭᠡᠮᠡᠯ᠎ᠢ ᠬᠢᠨᠠᠨ ᠪᠠᠢ᠌ᠴᠠᠭ᠋ᠠᠬᠤ᠂ ᠵᠡᠮᠳᠡᠭᠴᠤᠳ᠎ᠤᠨ ᠪᠠᠢ᠌ᠳᠠᠯ᠎ᠢ ᠳᠠᠬᠢᠨ ᠬᠠᠷᠭᠤᠭᠤᠯᠬᠤ᠂ ᠦᠨᠡᠮᠯᠡᠯ ᠪᠠ ᠵᠤᠭᠤᠰ᠎ᠢ ᠪᠤᠴᠠᠭ᠋ᠠᠬᠤ   ᠠᠵᠢᠯ᠎ᠢ ᠦᠷᠨᠢᠬᠦᠯᠪᠡ᠃ ᠬᠤᠶᠠᠷ᠎ᠲᠤ᠂ ᠬᠤᠯᠪᠤᠭᠳᠠᠯ ᠪᠦᠬᠦ ᠠᠢ᠌ᠮᠠᠭ   ᠬᠤᠳᠠ᠂ ᠬᠤᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠬᠤᠯᠪᠤᠭᠳᠠᠯ ᠪᠦᠬᠦᠢ ᠬᠦᠮᠤᠰ᠂ ᠬᠠᠷᠢᠭᠤᠴᠠᠯᠭ᠋ᠠᠲᠠᠨ ᠎ᠤ ᠠᠰᠠᠭᠤᠳᠠᠯ᠎ᠢ ᠰᠢᠢ᠍ᠳᠪᠤᠷᠢᠯᠡᠬᠦ᠂ ᠠᠰᠠᠭᠤᠳᠠᠯ᠎ᠤᠨ ᠰᠦᠪᠡᠭᠴᠢ ᠵᠢ ᠰᠢᠯᠵᠢᠬᠦᠯᠦᠨ ᠳᠤᠰᠢᠶᠠᠬᠤ᠂   ᠵᠡᠮᠳᠡᠭ᠎ᠤᠨ ᠵᠡᠷᠭᠡ ᠳᠡᠰ ᠪᠤᠯᠤᠨ ᠠᠰᠠᠷᠠᠮᠵᠢ ᠎ᠳᠤ ᠳᠤᠬᠢᠷᠠᠭᠤᠯᠤᠯᠳᠠ ᠬᠢᠬᠦ ᠠᠵᠢᠯ᠎ᠢ ᠰᠢᠪᠠᠳᠠᠨ   ᠵᠢᠯᠤᠭᠤᠳᠴᠤ᠂ ᠵᠢᠱ᠌ᠢᠭᠰᠡᠨ ᠪᠦᠳᠦᠮᠵᠢ᠎ᠳᠤ᠎ᠪᠠᠨ   ᠬᠦᠷᠪᠡ᠃ ᠭᠤᠷᠪᠠ᠎ᠳᠤ᠂ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠯᠤᠰ᠎ᠤᠨ ᠪᠠᠢ᠌ᠭᠤᠯᠭ᠎ᠠ ᠵᠢᠨ ᠠᠵᠢᠯᠳᠠᠨ᠎ᠤ ᠭᠡᠮᠳᠤᠵᠤ ᠰᠢᠷᠬᠠᠳᠤᠨ ᠵᠡᠮᠳᠡᠭ ᠪᠤᠯᠤᠭᠰᠠᠨ᠎ᠢ ᠬᠢᠨᠠᠨ ᠳᠤᠭᠳᠠᠭ᠋ᠠᠬᠤ ᠳᠤᠬᠠᠢ ᠳᠦᠷ ᠭᠡᠷᠡᠭᠵᠢᠬᠦᠯᠬᠦ ᠳᠦᠷᠢᠮ》 ᠳᠤᠭᠳᠠᠭ᠋ᠠᠨ᠂   ᠵᠡᠮᠳᠡᠭ ᠪᠤᠯᠤᠭᠰᠠᠨ᠎ᠢ ᠬᠢᠨᠠᠨ ᠳᠤᠭᠳᠠᠭ᠋ᠠᠬᠤ ᠠᠵᠢᠯ᠎ᠤᠨ ᠠᠯᠬᠤᠮ ᠳᠠᠷᠠᠭ᠎ᠠ ᠪᠠ ᠱᠠᠭ᠋ᠠᠷᠳᠠᠯᠭ᠎ᠠ ᠵᠢ ᠨᠠᠷᠢᠯᠢᠭᠵᠢᠭᠤᠯᠤᠨ ᠳᠦᠷᠢᠮᠵᠢᠬᠦᠯᠵᠤ᠂ ᠵᠡᠮᠳᠡᠭᠴᠤᠳ᠎ᠤᠨ ᠦᠨᠡᠮᠯᠡᠯ ᠤᠯᠭᠤᠬᠤ ᠠᠵᠢᠯ ᠎ᠳᠤ ᠤᠷᠤᠰᠢᠵᠤ ᠪᠠᠢ᠌ᠭ᠎ᠠ ᠠᠰᠠᠭᠤᠳᠠᠯ᠎ᠢ ᠴᠢᠷᠮᠠᠢ᠌ᠨ ᠰᠢᠢ᠍ᠳᠪᠤᠷᠢᠯᠡᠵᠤ᠂ ᠪᠠᠢ᠌ᠴᠠᠭ᠋ᠠᠬᠤ ᠪᠠ ᠰᠢᠪᠠᠳᠠᠨ   ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠪᠠᠢ᠌ᠩᠭᠤ ᠵᠢᠨ ᠪᠦᠳᠦᠮᠵᠢᠳᠤ ᠳᠤᠭᠳᠠᠴᠠ ᠵᠢ ᠪᠠᠢ᠌ᠭᠤᠯᠤᠨ ᠳᠡᠬᠦᠯᠳᠡᠷᠵᠢᠬᠦᠯᠪᠡ᠃
     3. 《ᠨᠠᠮ᠎ᠤᠨ ᠳᠤᠳᠤᠭ᠋ᠠᠳᠤ ᠵᠢᠨ ᠤᠯᠤᠰ ᠳᠦᠷᠦ ᠵᠢᠨ ᠠᠮᠢᠳᠤᠷᠠᠯ ᠴᠢᠨᠠᠷᠯᠢᠭ ᠪᠤᠰᠤ》 ᠵᠡᠷᠭᠡ ᠠᠰᠠᠭᠤᠳᠠᠯ᠎ᠳᠤ ᠴᠢᠭ᠍ᠯᠠᠬᠦᠯᠦᠨ᠂ ᠨᠢᠭᠡ᠎ᠳᠤ᠂ 9 ᠳ᠋ᠤᠭᠡᠷ   ᠰᠠᠷ᠎ᠡ ᠵᠢᠨ 9᠎ᠤ ᠡᠳᠤᠷ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠰᠠᠨ ᠳᠤᠰᠬᠠᠢ ᠰᠡᠳᠤᠪᠳᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠵᠤ᠂ 《ᠵᠢᠷᠭᠤᠭ᠎ᠠ ᠵᠢᠨ ᠳᠤᠭᠤᠷᠢᠨ᠎ᠳᠤ᠂ ᠨᠢᠭᠡ ᠵᠢ ᠴᠢᠩᠭ᠋ᠠᠳᠬᠠᠬᠤ》 ᠳᠠᠯ᠎ᠠ ᠵᠢᠨ ᠤᠷᠤᠰᠢᠵᠤ ᠪᠠᠢ᠌ᠭ᠎ᠠ ᠠᠰᠠᠭᠤᠳᠠᠯ᠎ᠢ ᠬᠦᠨᠵᠡᠭᠡᠢ ᠪᠠᠢ᠌ᠴᠠᠭ᠋ᠠᠨ᠂ ᠤᠳᠤᠷᠢᠳᠬᠤ   ᠪᠠᠭ᠎ᠤᠨ ᠪᠦᠷᠢᠯᠳᠦᠬᠦᠨ ᠨᠠᠷᠢᠨ ᠬᠢᠨᠠᠮᠠᠭ᠋ᠠᠢ᠎ᠪᠠᠷ ᠰᠢᠬᠦᠮᠵᠢᠯᠡᠯ ᠪᠡ ᠦᠪᠡᠷ᠎ᠤᠨ ᠰᠢᠬᠦᠮᠵᠢᠯᠡᠯ ᠬᠢᠪᠡ᠃   ᠬᠤᠶᠠᠷ᠎ᠲᠤ᠂ 5 ᠳ᠋ᠤᠭ᠋ᠠᠷ ᠰᠠᠷ᠎ᠡ ᠵᠢᠨ 17᠎ᠤ ᠡᠳᠤᠷ ᠠᠷᠠᠳ᠎ᠤᠨ ᠶᠠᠪᠤᠳᠠᠯ᠎ᠤᠨ ᠳᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶ᠎ᠠ ᠳᠤᠰᠬᠠᠢ ᠰᠡᠳᠤᠪᠳᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠡ᠃ ᠭᠤᠷᠪᠠ᠎ᠳᠤ᠂ 9 ᠳ᠋ᠤᠭᠡᠷ ᠰᠠᠷ᠎ᠡ ᠵᠢᠨ ᠰᠡᠬᠦᠯᠴᠢ᠎ᠠᠴᠠ ᠡᠮᠤᠨ᠎ᠠ ᠳᠢᠩᠬᠢᠮ᠎ᠤᠨ ᠬᠠᠷᠢᠶ᠎ᠠ 27 ᠦᠨᠳᠦᠰᠤᠨ ᠱᠠᠳᠤᠨ᠎ᠤ   ᠵᠤᠬᠢᠶᠠᠨ ᠪᠠᠢ᠌ᠭᠤᠯᠤᠯᠳᠠ ᠪᠦᠬᠦᠨ ᠵᠶ᠋ᠡᠷ ᠵᠶ᠋ᠡᠨ ᠨᠢᠭᠡ ᠤᠳᠠᠭ᠋ᠠᠨ᠎ᠤ ᠳᠤᠭᠤᠷᠢᠨ ᠪᠠᠢ᠌ᠴᠠᠭ᠋ᠠᠵᠤ ᠴᠡᠭᠴᠡᠯᠠᠨ   ᠵᠠᠰᠠᠬᠰᠠᠨ ᠳᠤᠰᠬᠠᠢ ᠰᠡᠳᠤᠪᠳᠤ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ᠎ᠢ ᠨᠡᠮᠡᠨ ᠬᠢᠵᠤ᠂ ᠨᠡᠢ᠌ᠳᠡᠮ᠎ᠤᠨ ᠴᠢᠨᠠᠷ᠎ᠲᠠᠢ ᠪᠠ ᠪᠤᠳᠠᠭ᠋ᠠᠯᠢ ᠴᠢᠨᠠᠷ᠎ᠲᠠᠢ ᠠᠰᠠᠭᠤᠳᠠᠯ᠎ᠢ ᠦᠪᠡᠷ᠎ᠤᠨ ᠪᠡᠶ᠎ᠡ᠂ ᠬᠠᠷᠢᠭᠤᠴᠠᠯᠭ᠎ᠠ᠂ ᠠᠵᠢᠯ᠎ᠲᠠᠢ᠎ᠪᠠᠨ ᠤᠶᠠᠯᠳᠤᠭᠤᠯᠤᠨ ᠬᠦᠨᠵᠡᠭᠡᠢ ᠬᠠᠷᠢᠴᠠᠭᠤᠯᠤᠨ ᠪᠠᠢ᠌ᠴᠠᠭ᠋ᠠᠵᠤ᠂ ᠨᠢᠭᠡ᠎ᠠᠴᠠ ᠵᠦᠢ᠍ᠴᠢᠯᠠᠵᠤ ᠨᠦᠬᠦᠭᠡ ᠵᠢ ᠮᠡᠳᠡᠬᠦ  ᠎ᠳᠤ   ᠬᠦᠷᠴᠦ ᠴᠢᠳᠠᠪᠠ᠃
     4. 《ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠬᠤ ᠤᠯᠤᠰ ᠳᠦᠷᠦ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠵᠶ᠋ᠡᠷ ᠳᠤᠳᠠᠮᠠᠭ》 ᠵᠡᠷᠭᠡ ᠠᠰᠠᠭᠤᠳᠠᠯ᠎ᠳᠤ ᠴᠢᠭ᠍ᠯᠠᠬᠦᠯᠦᠨ᠂ ᠨᠢᠭᠡ᠎ᠳᠤ᠂ 3 ᠳ᠋ᠤᠭ᠋ᠠᠷ ᠰᠠᠷ᠎ᠡ ᠵᠢᠨ 28᠎ᠤ ᠡᠳᠤᠷ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ 《ᠠᠷᠠᠳ᠎ᠤᠨ ᠶᠠᠪᠤᠳᠠᠯ᠎ᠤᠨ ᠳᠢᠩᠬᠢᠮ᠎ᠤᠨ 2018 ᠤᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠳᠤᠬᠢᠷᠠᠭᠤᠯᠤᠯᠳᠠ》 ᠵᠢ ᠰᠤᠳᠤᠯᠤᠨ   ᠶᠠᠷᠢᠯᠴᠠᠵᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠬᠢᠭᠡᠳ ᠤᠳᠤᠷᠢᠳᠬᠤ ᠪᠠᠭ᠎ᠤᠨ ᠪᠦᠷᠢᠯᠳᠦᠬᠦᠨ᠂ ᠤᠳᠤᠷᠢᠳᠬᠤ ᠪᠠᠭ᠎ᠤᠨ ᠪᠦᠷᠢᠯᠳᠤᠭᠦᠨ ᠬᠢᠭᠡᠳ ᠬᠤᠪᠢᠳᠠᠨ ᠬᠠᠷᠢᠭᠤᠴᠠᠵᠤ ᠪᠠᠢ᠌ᠭ᠎ᠠ ᠠᠯᠪᠠᠨ ᠭᠡᠷ᠂   ᠭᠠᠵᠠᠷ᠂   ᠪᠠᠢ᠌ᠭᠤᠯᠭ᠎ᠠ ᠨᠢᠭᠡᠴᠢ᠎ᠲᠠᠢ ᠳᠤᠰᠪᠤᠷᠢ 《2018 ᠤᠨ᠎ᠤ ᠨᠠᠮ᠎ᠤᠨ ᠪᠠᠢ᠌ᠭᠤᠯᠤᠯᠳᠠ ᠪᠤᠯᠤᠨ ᠨᠠᠮ᠎ᠤᠨ ᠰᠤᠷᠳᠠᠯ ᠪᠠ ᠴᠢᠭᠡᠴᠢ ᠵᠠᠰᠠᠭ᠎ᠤᠨ ᠪᠠᠢ᠌ᠭᠤᠯᠤᠯᠳᠠ ᠵᠢᠨ ᠬᠠᠷᠢᠭᠤᠴᠠᠯᠭ᠎ᠠ ᠵᠢᠨ ᠪᠢᠴᠢᠭ》   ᠳᠤᠭᠳᠠᠪᠠ᠃ 6 ᠳ᠋ᠤᠭ᠋ᠠᠷ ᠰᠠᠷ᠎ᠡ ᠵᠢᠨ 28᠎ᠤ ᠡᠳᠤᠷ ᠪᠠ 9 ᠳ᠋ᠤᠭᠡᠷ ᠰᠠᠷ᠎ᠡ ᠵᠢᠨ 7᠎ᠤ ᠡᠳᠤᠷ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ  ᠎ᠨᠢ ᠪᠠᠢ᠌ᠭᠤᠯᠭ᠎ᠠ ᠵᠢᠨ ᠨᠠᠮ᠎ᠤᠨ ᠬᠤᠷᠢᠶᠠᠨ᠎ᠤ ᠨᠠᠮ᠎ᠤᠨ ᠰᠤᠷᠳᠠᠯ ᠪᠠ ᠴᠢᠭᠡᠴᠢ   ᠵᠠᠰᠠᠭ᠎ᠤᠨ ᠪᠠᠢ᠌ᠭᠤᠯᠤᠯᠳᠠ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠤᠨ᠂ ᠨᠡᠢ᠌ᠳᠡᠪᠤᠷᠢᠵᠢᠭᠤᠯᠤᠯᠳᠠ ᠵᠢ ᠠᠬᠢᠭᠤᠯᠬᠤ ᠳᠤᠬᠠᠢ   ᠰᠤᠳᠤᠯᠤᠨ ᠪᠠᠢ᠌ᠷᠢᠯᠠᠭᠤᠯᠪᠠ᠃ ᠬᠤᠶᠠᠷ᠎ᠲᠤ᠂ ᠳᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ ᠬᠤᠪᠢᠳᠠᠨ ᠬᠠᠷᠢᠭᠤᠴᠠᠵᠤ ᠪᠠᠢ᠌ᠭ᠎ᠠ ᠠᠯᠪᠠᠨ ᠭᠡᠷ᠂ ᠭᠠᠵᠠᠷ᠂ ᠪᠠᠢ᠌ᠭᠤᠯᠭ᠎ᠠ   ᠨᠢᠭᠡᠴᠢ ᠵᠢᠨ ᠨᠠᠮ᠎ᠤᠨ ᠪᠠᠢ᠌ᠭᠤᠯᠤᠯᠳᠠ᠂ ᠨᠠᠮ᠎ᠤᠨ ᠰᠤᠷᠳᠠᠯ ᠪᠠ ᠴᠢᠭᠡᠴᠢ ᠵᠠᠰᠠᠭ᠎ᠤᠨ ᠪᠠᠢ᠌ᠭᠤᠯᠤᠯᠳᠠ᠂   ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠬᠤ ᠵᠢᠨ ᠬᠠᠮᠳᠤ ᠳᠤᠰᠬᠠᠢ ᠰᠡᠳᠤᠪ ᠵᠶ᠋ᠡᠷ ᠶᠠᠷᠢᠯᠴᠠᠨ ᠪᠠᠢ᠌ᠷᠢᠯᠠᠭᠤᠯᠤᠯᠳᠠ ᠬᠢᠵᠤ᠂ 《ᠨᠢᠭᠡ ᠪᠠᠢ᠌ᠷᠢ ᠵᠢᠨ ᠬᠤᠤᠰ ᠬᠠᠷᠢᠭᠤᠴᠠᠯᠭ᠎ᠠ》 ᠵᠢᠨ   ᠳᠦᠷᠢᠮ᠎ᠢ ᠤᠯᠠᠮ ᠵᠶ᠋ᠡᠷ ᠨᠠᠢ᠌ᠳᠠᠪᠤᠷᠢᠵᠢᠭᠤᠯᠪᠠ᠃ ᠭᠤᠷᠪᠠ᠎ᠳᠤ᠂ 4 ᠳ᠋ᠤᠭᠡᠷ ᠰᠠᠷ᠎ᠡ ᠵᠢᠨ 27᠎ᠤ ᠡᠳᠤᠷ ᠪᠠᠢ᠌ᠭᠤᠯᠭ᠎ᠠ ᠵᠢᠨ ᠨᠠᠮ᠎ᠤᠨ   ᠬᠤᠷᠢᠶᠠᠨ᠎ᠤ᠎ᠬᠢᠨ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠠᠪᠴᠠᠯᠳᠤᠭᠤᠯᠬᠤ ᠵᠢᠴᠢ ᠨᠠᠮ᠎ᠤᠨ ᠡᠬᠦᠷ᠎ᠤᠨ ᠱᠦᠵᠢ ᠵᠢᠨ ᠨᠠᠮ᠎ᠤᠨ ᠠᠵᠢᠯ᠎ᠤᠨ ᠮᠡᠳᠡᠯᠭᠡ᠎ᠤᠨ ᠪᠤᠯᠪᠠᠰᠤᠷᠠᠯ᠎ᠤᠨ ᠬᠤᠷᠠᠯ ᠬᠢᠵᠤ᠂ ᠪᠠᠢ᠌ᠭᠤᠯᠭ᠎ᠠ ᠵᠢᠨ ᠨᠠᠮ᠎ᠤᠨ ᠬᠤᠷᠢᠶᠠᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠪᠠᠢ᠌ᠷᠢᠯᠠᠭᠤᠯᠤᠭᠰᠠᠨ ᠪᠦᠭᠡᠳ 《ᠭᠤᠷᠪᠠᠨ ᠬᠤᠷᠠᠯ ᠨᠢᠭᠡ   ᠬᠢᠴᠢᠶᠠᠯ》᠎ᠤᠨ ᠪᠤᠯᠪᠠᠰᠤᠷᠠᠯ ᠬᠦᠷᠳᠡᠭᠡᠨ᠂ ᠨᠠᠮ᠎ᠤᠨ ᠡᠬᠦᠷ᠎ᠤᠨ ᠱᠦᠵᠢ᠎ᠳᠤ ᠨᠡᠮ᠎ᠤᠨ ᠭᠡᠰᠢᠬᠦᠨ ᠡᠯᠰᠡᠬᠦ᠂ ᠨᠡᠮ᠎ᠤᠨ ᠳᠠᠳᠠᠪᠤᠷᠢ ᠳᠤᠰᠢᠶᠠᠬᠤ ᠵᠡᠷᠭᠡ ᠨᠠᠮ᠎ᠤᠨ ᠠᠵᠢᠯ᠎ᠤᠨ ᠠᠭᠤᠯᠭ᠎ᠠ ᠱᠠᠭ᠋ᠠᠷᠳᠠᠯᠭ᠎ᠠ᠂ ᠠᠷᠭ᠎ᠠ ᠭᠡᠮᠵᠢᠶ᠎ᠡ ᠵᠢ ᠤᠯᠠᠮ ᠬᠦᠨᠵᠡᠭᠡᠢ ᠳᠠᠨᠢᠭᠤᠯᠪᠠ᠃
     5. 《ᠰᠢᠨᠵᠢᠯᠡᠬᠦ ᠤᠬᠠᠭ᠋ᠠᠨᠴᠢ ᠠᠷᠠᠳᠴᠢᠯᠠᠯ᠎ᠤᠨ ᠰᠢᠢ᠍ᠳᠪᠤᠷᠢᠳᠤ ᠠᠷᠭ᠎ᠠ ᠪᠤᠳᠤᠯᠭ᠎ᠠ ᠳᠤᠳᠠᠮᠠᠭ》 ᠵᠡᠷᠭᠡ ᠠᠰᠠᠭᠤᠳᠠᠯ᠎ᠳᠤ ᠴᠢᠭ᠍ᠯᠠᠬᠦᠯᠦᠨ᠂ ᠨᠢᠭᠡ᠎ᠳᠤ᠂ 《ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ   ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠷᠡᠭ   ᠵᠦᠪᠯᠡᠵᠤ ᠰᠢᠢ᠍ᠳᠪᠤᠷᠢᠳᠤ ᠠᠷᠭ᠎ᠠ ᠪᠤᠳᠤᠯᠭ᠎ᠠ ᠳᠤᠭᠳᠠᠭ᠋ᠠᠬᠤ ᠳᠦᠷᠢᠮ》᠎ᠳᠤ ᠵᠠᠰᠠᠪᠤᠷᠢ ᠤᠷᠤᠭᠤᠯᠤᠨ ᠳᠡᠬᠦᠯᠳᠡᠷᠵᠢᠬᠦᠯᠪᠡ᠃ ᠬᠤᠶᠠᠷ᠎ᠲᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠂ ᠳᠢᠩᠬᠢᠮ᠎ᠤᠨ ᠭᠡᠷᠡᠭ ᠶᠡᠪᠤᠳᠠᠯ᠎ᠤᠨ ᠬᠤᠷᠠᠯ᠎ᠤᠨ ᠰᠤᠳᠤᠯᠤᠨ ᠶᠠᠷᠢᠯᠴᠠᠬᠤ ᠵᠦᠢ᠍ᠯ᠎ᠤᠨ ᠠᠭᠤᠯᠭ᠎ᠠ ᠪᠤᠯᠤᠨ ᠬᠦᠷᠢᠶ᠎ᠠ ᠭᠡᠪᠴᠢᠶ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ 《ᠭᠤᠷᠪᠠᠨ ᠴᠢᠬᠤᠯᠠ ᠨᠢᠭᠡ ᠶᠡᠭᠡ》   ᠵᠡᠷᠭᠡ ᠶᠡᠭᠡ ᠭᠡᠷᠡᠭ ᠤᠴᠢᠷ᠎ᠢ ᠤᠯᠠᠮ ᠵᠶ᠋ᠡᠷ ᠳᠤᠳᠤᠷᠬᠠᠢ᠌ᠯᠠᠨ᠂   ᠤᠨᠴᠠᠭ᠋ᠠᠢ᠌ᠯᠠᠨ ᠠᠷᠠᠳ᠎ᠤᠨ ᠶᠠᠪᠤᠳᠠᠯ᠎ᠤᠨ ᠳᠤᠰᠬᠠᠢ ᠪᠡᠯᠡ ᠮᠦᠩᠬᠦ ᠵᠢᠨ ᠬᠤᠪᠢᠶᠠᠷᠢᠯᠠᠯᠳᠠ ᠭᠡᠷᠡᠭᠯᠡᠯᠳᠡ ᠵᠢ ᠴᠦᠮ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠡᠷ ᠰᠤᠳᠤᠯᠤᠨ ᠶᠠᠷᠢᠯᠴᠠᠬᠤ᠎ᠪᠠᠷ ᠳᠤᠭᠳᠠᠭ᠋ᠠᠪᠠ᠃ ᠭᠤᠷᠪᠠ᠎ᠳᠤ᠂ ᠬᠤᠷᠠᠯ᠎ᠠᠴᠠ ᠡᠮᠤᠨᠡᠬᠢ   ᠪᠡᠯᠡᠳᠭᠡᠯ᠎ᠢ ᠴᠢᠩᠭ᠋ᠠᠳᠬᠠᠵᠤ᠂ ᠳᠤᠭᠳᠠᠭᠰᠠᠨ ᠰᠡᠳᠤᠪ ᠶᠤᠰᠤᠭ᠋ᠠᠷ ᠰᠠᠨᠠᠯ ᠬᠤᠷᠢᠶᠠᠨ᠂ ᠶᠠᠷᠢᠯᠴᠠᠵᠤ᠂ ᠮᠠᠲᠸᠷᠢᠶᠠᠯ ᠪᠤᠯᠭ᠋ᠠᠵᠤ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠳᠤ ᠳᠤᠰᠢᠶᠠᠨ ᠵᠦᠪᠳᠡᠬᠦᠯᠬᠦ᠎ᠪᠠᠷ ᠳᠤᠭᠳᠠᠭ᠋ᠠᠪᠠ᠃ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠡᠷ ᠬᠢᠨᠠᠨ ᠵᠦᠪᠳᠡᠵᠤ ᠰᠢᠢ᠍ᠳᠪᠤᠷᠢᠳᠤ ᠪᠤᠳᠤᠯᠭ᠎ᠠ ᠳᠤᠭᠳᠠᠭ᠋ᠠᠬᠤ  ᠎ᠳᠤ᠎ᠪᠠᠨ ᠤᠳᠤᠷᠢᠳᠬᠤ ᠪᠠᠭ᠎ᠤᠨ ᠪᠦᠷᠢᠯᠳᠦᠬᠦᠨ ᠬᠠᠮᠳᠤᠪᠠᠷ ᠶᠠᠷᠢᠯᠴᠠᠵᠤ᠂ ᠨᠢᠭᠡ ᠨᠢᠭᠡ᠎ᠪᠠᠷ ᠰᠠᠨᠠᠯ ᠵᠶ᠋ᠡᠨ ᠢᠯᠡᠳᠭᠡᠨ᠂ ᠤᠳᠤᠷᠢᠳᠬᠤ ᠪᠠᠭ᠎ᠤᠨ ᠪᠦᠷᠢᠯᠳᠦᠬᠦᠨ ᠨᠡᠷ ᠬᠤᠪᠢᠳᠠᠨ ᠬᠠᠷᠢᠭᠤᠴᠠᠵᠤ ᠪᠠᠢ᠌ᠭ᠎ᠠ ᠪᠤᠰᠤ ᠠᠵᠢᠯ᠎ᠳᠤ ᠴᠤ᠌ ᠪᠦᠳᠦᠭᠡᠯᠴᠢ ᠴᠢᠨᠠᠷ᠎ᠲᠠᠢ ᠰᠠᠨᠠᠯ ᠵᠦᠪᠯᠡᠯᠭᠡ ᠦᠭᠴᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠴᠢᠨᠠᠷ᠂   ᠪᠦᠳᠦᠮᠵᠢ ᠵᠢ ᠦᠨᠡᠨᠬᠦ ᠳᠡᠭᠡᠭᠰᠢᠯᠡᠬᠦᠯᠦᠨ᠂ ᠰᠢᠢ᠍ᠳᠪᠤᠷᠢᠳᠤ ᠠᠷᠭ᠎ᠠ ᠪᠤᠳᠤᠯᠭ᠎ᠠ ᠵᠢᠨ ᠠᠷᠠᠳᠴᠢᠯᠠᠯ᠎ᠤᠨ ᠪᠠ ᠰᠢᠨᠵᠢᠯᠡᠬᠦ ᠤᠬᠠᠭ᠋ᠠᠨᠴᠢ ᠴᠢᠨᠠᠷ᠎ᠢ ᠪᠠᠳᠤᠯᠠᠪᠠ᠃
     6. 《ᠬᠦᠮᠦᠨ ᠠᠮᠠ ᠵᠢᠨ ᠨᠠᠰᠤᠵᠢᠯ᠎ᠢ ᠠᠷᠭ᠋ᠠᠴᠠᠵᠤ ᠨᠠᠰᠤᠲᠠᠳ  ᠎ᠢ ᠠᠰᠠᠷᠠᠬᠤ ᠦᠢ᠍ᠯᠡᠴᠢᠯᠡᠭᠡ ᠵᠢ ᠠᠬᠢᠭᠤᠯᠬᠤ ᠳᠠᠯ᠎ᠠ᠎ᠪᠠᠷ   ᠳᠤᠳᠠᠮᠠᠭ》 ᠵᠡᠷᠭᠡ ᠠᠰᠠᠭᠤᠳᠠᠯ᠎ᠳᠤ ᠴᠢᠭ᠍ᠯᠠᠬᠦᠯᠦᠨ᠂ ᠨᠢᠭᠡ᠎ᠳᠤ᠂ 《  ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠨᠠᠰᠤᠲᠠᠳ ᠎ᠢ ᠬᠠᠢ᠌ᠷᠠᠯᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠳᠤᠬᠠᠢ ᠭᠡᠷᠡᠭᠵᠢᠬᠦᠯᠬᠦ ᠰᠠᠨᠠᠯ》  ᠂ 《  ᠦᠪᠡᠷᠳᠡᠭᠡᠨ ᠵᠠᠰᠠᠬᠤ ᠤᠷᠤᠨ᠎ᠤ ᠳᠤᠰ ᠱᠠᠳᠤᠨ᠎ᠤ   ᠯᠤᠲᠲᠸᠷᠢ ᠵᠢᠨ ᠨᠡᠢ᠌ᠳᠡ ᠵᠢᠨ ᠠᠰᠠᠷᠠᠮᠵᠢ ᠵᠢᠨ ᠮᠦᠩᠬᠦ᠎ᠪᠠᠷ ᠬᠢᠯᠢ   ᠬᠢᠵᠠᠭ᠋ᠠᠷ᠎ᠤᠨ ᠬᠤᠰᠢᠭᠤ ᠬᠤᠳᠠ᠂ ᠤᠯᠤᠰ᠎ᠤᠨ ᠳᠡᠰ᠎ᠤᠨ ᠶᠠᠳᠠᠭᠤ ᠬᠦᠴᠢᠷᠳᠡᠯ᠎ᠲᠠᠢ ᠬᠤᠰᠢᠭᠤ ᠰᠢᠶᠠᠨ ᠬᠤᠳᠠ ᠵᠢᠨ ᠨᠠᠰᠤᠲᠠᠳ  ᠎ᠢ ᠠᠰᠠᠷᠠᠬᠤ ᠳᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠳᠠ ᠵᠢ ᠳᠡᠮᠵᠢᠬᠦ ᠳᠤᠬᠠᠢ ᠮᠡᠳᠡᠭᠳᠡᠯ》 ᠪᠤᠯᠤᠨ 《ᠤᠯᠤᠰ᠎ᠤᠨ ᠳᠡᠰ᠎ᠤᠨ ᠶᠠᠳᠠᠭᠤ ᠬᠦᠴᠢᠷᠳᠡᠯ᠎ᠲᠠᠢ ᠬᠤᠰᠢᠭᠤ ᠰᠢᠶᠠᠨ ᠬᠤᠳᠠ ᠪᠠ ᠬᠢᠯᠢ ᠬᠢᠵᠠᠭ᠋ᠠᠷ᠎ᠤᠨ ᠬᠤᠰᠢᠭᠤ ᠬᠤᠳᠠ ᠵᠢᠨ ᠨᠠᠰᠤᠲᠠᠳ  ᠎ᠢ ᠠᠰᠠᠷᠠᠬᠤ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠳᠠ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠵᠢᠯᠤᠭᠤᠳᠬᠤ   ᠳᠦᠯᠦᠪᠯᠡᠭᠡ》 ᠵᠡᠷᠭᠡ ᠵᠢ ᠳᠤᠭᠳᠠᠭ᠋ᠠᠨ ᠪᠠᠭᠤᠯᠭ᠋ᠠᠵᠤ᠂ ᠭᠡᠷ᠎ᠲᠤ᠎ᠪᠠᠨ ᠦᠯᠡᠳᠡᠭᠰᠡᠨ ᠨᠠᠰᠤᠲᠠᠳ ᠎ᠢ ᠬᠠᠢ᠌ᠷᠠᠯᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠰᠢᠰᠲᠸᠮ᠎ᠢ ᠳᠡᠬᠦᠯᠳᠡᠷᠵᠢᠬᠦᠯᠦᠨ᠂ ᠨᠠᠰᠤᠲᠠᠳ ᠎ᠢ ᠠᠰᠠᠷᠠᠬᠤ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠳᠡ ᠲᠡᠩᠴᠡᠭᠦᠷᠢ   ᠪᠤᠰᠤ ᠠᠰᠠᠭᠤᠳᠠᠯ᠎ᠢ ᠴᠢᠷᠮᠠᠢ᠌ᠨ ᠰᠢᠢ᠍ᠳᠪᠤᠷᠢᠯᠡᠪᠡ᠃ ᠡᠷᠡᠬᠦᠯ ᠬᠠᠮᠠᠭ᠋ᠠᠯᠠᠯ ᠳᠦᠯᠦᠪᠯᠡᠭᠡᠳᠤ ᠦᠷᠡᠵᠢᠯ᠎ᠤᠨ ᠵᠦᠪᠯᠡᠯ᠎ᠲᠠᠢ ᠬᠠᠮᠳᠤᠷᠠᠨ 《  ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠮᠨᠡᠵᠤ ᠠᠰᠠᠷᠠᠬᠤ ᠵᠢ ᠤᠶᠠᠯᠳᠤᠭᠤᠯᠬᠤ ᠵᠢ ᠭᠡᠷᠡᠭᠵᠢᠬᠦᠯᠬᠦ ᠳᠦᠰᠦᠯ》 ᠳᠤᠭᠳᠠᠭ᠋ᠠᠨ᠂   ᠨᠠᠰᠤᠲᠠᠳ᠎ᠢ ᠠᠰᠠᠷᠠᠬᠤ 519 ᠪᠠᠢ᠌ᠭᠤᠯᠤᠮᠵᠢ᠎ᠳᠤ ᠡᠮᠨᠡᠵᠤ ᠠᠰᠠᠷᠠᠬᠤ ᠵᠢ ᠤᠶᠠᠯᠳᠤᠭᠤᠯᠬᠤ ᠵᠢ ᠭᠡᠷᠡᠭᠵᠢᠬᠦᠯᠵᠤ᠂   ᠡᠨᠡ᠎ᠨᠢ ᠨᠠᠰᠤᠲᠠᠳ  ᠎ᠢ ᠠᠰᠠᠷᠠᠬᠤ ᠪᠠᠢ᠌ᠭᠤᠯᠤᠮᠵᠢ ᠵᠢᠨ 74%᠎ᠳᠤ ᠬᠦᠷᠴᠤ᠂ ᠵᠠᠭᠤᠨ᠎ᠤ ᠬᠠᠷᠢᠴᠠᠯ ᠵᠶ᠋ᠡᠷ 4 ᠬᠤᠪᠢ ᠨᠡᠮᠡᠭᠳᠡᠵᠤ᠂ ᠨᠠᠰᠤᠳᠠᠢ᠌ᠴᠤᠳ᠎ᠤᠨ ᠡᠳᠤᠷ ᠢᠷᠡᠬᠦᠶ᠎ᠡ ᠨᠡᠮᠡᠭᠳᠡᠵᠤ ᠪᠠᠢ᠌ᠭ᠎ᠠ ᠭᠡᠷ᠎ᠠᠴᠠ᠎ᠪᠠᠨ ᠣᠢ᠌ᠷ᠎ᠠ ᠠᠰᠠᠷᠠᠭᠤᠯᠵᠤ ᠡᠮᠨᠡᠬᠦᠯᠬᠦ ᠭᠡᠷᠡᠭᠴᠡᠭᠡ ᠱᠠᠭ᠋ᠠᠷᠳᠠᠯᠭ᠎ᠠ ᠵᠢ ᠵᠤᠬᠢᠬᠤ ᠭᠡᠮᠵᠢᠶ᠎ᠡ᠎ᠪᠠᠷ ᠬᠠᠩᠭ᠋ᠠᠪᠠ᠃ ᠬᠤᠶᠠᠷ᠎ᠲᠤ᠂ ᠨᠠᠰᠤᠲᠠᠳ  ᠎ᠢ ᠠᠰᠠᠷᠠᠬᠤ ᠪᠠᠢ᠌ᠭᠤᠯᠤᠮᠵᠢ ᠵᠢ ᠠᠯᠪᠠᠨ᠎ᠠᠴᠠ ᠪᠠᠢ᠌ᠭᠤᠯᠵᠤ ᠠᠷᠠᠳ᠎ᠠᠴᠠ ᠡᠵᠡᠩᠨᠡᠬᠦ ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠤ᠂ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠯᠪᠠᠨ᠎ᠠᠴᠠ ᠡᠷᠬᠢᠯᠡᠭᠰᠡᠨ ᠨᠠᠰᠤᠲᠠᠳ ᠎ᠢ ᠠᠰᠠᠷᠠᠬᠤ ᠪᠠᠢ᠌ᠭᠤᠯᠤᠮᠵᠢ ᠵᠢ ᠠᠯᠪᠠᠨ᠎ᠠᠴᠠ ᠪᠠᠢ᠌ᠭᠤᠯᠵᠤ ᠠᠷᠠᠳ᠎ᠠᠴᠠ ᠡᠵᠡᠩᠨᠡᠬᠦ ᠵᠢ ᠭᠡᠷᠡᠭᠵᠢᠬᠦᠯᠬᠦ ᠠᠷᠭ᠎ᠠ》 ᠵᠢ ᠳᠤᠭᠳᠠᠭ᠋ᠠᠨ ᠪᠠᠭᠤᠯᠭ᠋ᠠᠵᠤ᠂ ᠨᠠᠰᠤᠲᠠᠳ  ᠎ᠢ ᠠᠰᠠᠷᠠᠬᠤ ᠪᠠᠢ᠌ᠭᠤᠯᠤᠮᠵᠢ ᠵᠢᠨ ᠠᠮᠢᠵᠢᠷᠠᠯ᠎ᠤᠨ ᠬᠦᠴᠦᠨ ᠪᠠ ᠦᠷᠢᠰᠦᠯᠳᠦᠬᠦ ᠴᠢᠳᠠᠪᠤᠷᠢ ᠵᠢ ᠬᠦᠭᠵᠢᠭᠡᠨ᠂ ᠠᠯᠪᠠᠨ᠎ᠠᠴᠠ ᠪᠠᠢ᠌ᠭᠤᠯᠵᠤ ᠠᠷᠠᠳ᠎ᠠᠴᠠ ᠡᠵᠡᠩᠨᠡᠭᠰᠡᠨ ᠪᠠᠢ᠌ᠭᠤᠯᠤᠮᠵᠢ ᠵᠢ 24 ᠪᠤᠯᠭ᠋ᠠᠨ ᠨᠡᠮᠡᠭᠳᠡᠬᠦᠯᠪᠡ᠃ ᠭᠤᠷᠪᠠ᠎ᠳᠤ᠂ ᠡᠯ᠎ᠡ ᠠᠢ᠌ᠮᠠᠭ ᠬᠤᠳᠠ ᠵᠢᠨ ᠨᠠᠰᠤᠲᠠᠳ ᠎ᠢ ᠠᠰᠠᠷᠠᠬᠤ ᠦᠢ᠍ᠯᠡᠴᠢᠯᠡᠭᠡᠨ᠎ᠤ 128 ᠪᠠᠢ᠌ᠭᠤᠯᠤᠮᠵᠢ ᠵᠢᠨ ᠠᠮᠤᠷ ᠳᠦᠪᠰᠢᠨ᠎ᠢ ᠴᠢᠩᠭ᠋ᠠᠳᠬᠠᠬᠤ᠂ ᠡᠳ᠋᠎ᠤᠨ ᠶᠠᠪᠤᠳᠠᠯ᠎ᠤᠨ ᠳᠦᠷᠢᠮ᠎ᠢ ᠦᠭᠡᠷᠡᠴᠢᠯᠡᠨ ᠳᠡᠬᠦᠯᠳᠡᠷᠵᠢᠬᠦᠯᠬᠦ᠂ 68 ᠨᠡᠢ᠌ᠭᠡᠮ ᠳᠤᠭᠤᠷᠢᠭ᠎ᠤᠨ   ᠨᠠᠰᠤᠲᠠᠳ᠎ᠢ ᠡᠳᠤᠷ ᠵᠶ᠋ᠡᠷ ᠬᠠᠷᠠᠭ᠋ᠠᠯᠵᠠᠬᠤ ᠳᠦᠪ᠂ ᠮᠠᠯᠵᠢᠬᠤ ᠳᠠᠷᠢᠶᠠᠯᠠᠬᠤ ᠤᠷᠤᠨ᠎ᠤ   ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ 41 ᠦᠷᠳᠡᠭᠡᠨ᠎ᠤ ᠠᠮᠤᠷ ᠳᠦᠪᠰᠢᠨ᠎ᠢ ᠴᠢᠩᠭ᠋ᠠᠳᠬᠠᠬᠤ᠂ ᠡᠳ᠋᠎ᠤᠨ ᠶᠠᠪᠤᠳᠠᠯ ᠪᠠ ᠬᠠᠮᠢᠶᠠᠷᠤᠯᠳᠠ ᠵᠢᠨ ᠳᠦᠷᠢᠮ᠎ᠢ ᠳᠤᠭᠳᠠᠭ᠋ᠠᠨ ᠳᠡᠬᠦᠯᠳᠡᠷᠵᠢᠬᠦᠯᠬᠦ ᠵᠢ ᠵᠢᠭ᠋ᠠᠨ ᠵᠢᠯᠤᠭᠤᠳᠴᠤ᠂ ᠠᠮᠤᠷ ᠳᠦᠪᠰᠢᠨ ᠎ᠤ ᠬᠠᠮᠢᠶᠠᠷᠤᠯᠳᠠ᠂ ᠳᠦᠷᠢᠮ᠎ᠤᠨ ᠳᠠᠯ᠎ᠠ᠎ᠪᠠᠷ ᠪᠦᠷᠢᠨ ᠳᠡᠬᠦᠯᠳᠡᠷ ᠪᠤᠰᠤ 13 ᠨᠡᠢ᠌ᠭᠡᠮ ᠳᠤᠭᠤᠷᠢᠭ᠎ᠤᠨ   ᠨᠠᠰᠤᠲᠠᠳ᠎ᠢ ᠡᠳᠤᠷ ᠵᠶ᠋ᠡᠷ ᠬᠠᠷᠠᠭ᠋ᠠᠯᠵᠠᠬᠤ ᠳᠦᠪ᠂ ᠮᠠᠯᠵᠢᠬᠤ   ᠲᠠᠷᠢᠶᠠᠯᠠᠬᠤ ᠤᠷᠤᠨ᠎ᠤ ᠨᠠᠰᠤᠲᠠᠳ  ᠎ᠢ ᠠᠰᠠᠷᠠᠬᠤ ᠦᠢ᠍ᠯᠡᠴᠢᠯᠡᠭᠡᠨ᠎ᠤ 5 ᠦᠷᠳᠡᠭᠡᠨ᠎ᠤ ᠠᠵᠢᠯᠯᠠᠬᠤ ᠵᠢ ᠵᠤᠭᠰᠤᠭ᠋ᠠᠨ᠂ ᠨᠡᠢ᠌ᠭᠡᠮ ᠳᠤᠭᠤᠷᠢᠭ᠎ᠤᠨ ᠨᠠᠰᠤᠲᠠᠳ ᠎ᠢ ᠡᠳᠤᠷ ᠵᠶ᠋ᠡᠷ ᠬᠠᠷᠠᠭ᠋ᠠᠯᠵᠠᠬᠤ 1 ᠳᠦᠪ᠎ᠢ ᠨᠤᠷᠠᠭ᠋ᠠᠵᠤ᠂ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠤᠷ ᠳᠦᠪᠰᠢᠨ᠎ᠤ ᠬᠠᠮᠢᠶᠠᠷᠤᠯᠳᠠ ᠪᠠ ᠡᠳ᠋᠎ᠤᠨ ᠶᠠᠪᠤᠳᠠᠯ᠎ᠤᠨ ᠬᠠᠮᠢᠶᠠᠷᠤᠯᠳᠠ ᠵᠢᠨ ᠳᠦᠷᠢᠮ᠎ᠢ ᠳᠤᠭᠳᠠᠭ᠋ᠠᠨ ᠳᠡᠬᠦᠯᠳᠡᠷᠵᠢᠬᠦᠯᠪᠡ᠃
     7. 《ᠠᠷᠠᠳ᠎ᠤᠨ ᠠᠮᠢᠳᠤᠷᠠᠯ᠎ᠢ ᠪᠠᠳᠤᠯᠠᠬᠤ ᠪᠠ ᠶᠠᠳᠠᠭᠤ᠎ᠠᠴᠠ ᠠᠩᠬᠢᠵᠢᠷᠠᠭᠤᠯᠬᠤ   ᠪᠤᠭᠤᠮᠳᠠ ᠰᠢᠪᠳᠤᠯᠬᠤ ᠳᠠᠯ᠎ᠠ᠎ᠪᠠᠷ ᠨᠡᠢ᠌ᠭᠡᠮ᠎ᠤᠨ ᠳᠤᠰᠠᠯᠠᠮᠵᠢ ᠵᠢᠨ ᠶᠠᠳᠠᠭᠤ ᠬᠦᠴᠢᠷᠳᠡᠯ᠎ᠲᠠᠢ ᠬᠦᠮᠦᠨ ᠪᠦᠬᠦᠨ᠎ᠢ ᠳᠤᠰᠠᠯᠠᠬᠤ ᠦᠢ᠍ᠯᠡᠳᠤᠯ᠎ᠢ ᠪᠠᠳᠠᠷᠠᠭᠤᠯᠤᠭᠰᠠᠨ ᠵᠶ᠋ᠡᠷ ᠳᠤᠳᠠᠮᠠᠭ》 ᠵᠡᠷᠭᠡ ᠠᠰᠠᠭᠤᠳᠠᠯ᠎ᠳᠤ ᠴᠢᠭᠯᠡᠬᠦᠯᠦᠨ᠂   ᠨᠢᠭᠡ᠎ᠳᠤ᠂ 《  ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠳᠦᠷᠢᠮ   ᠬᠢᠭᠡᠳ ᠶᠠᠳᠠᠭᠤ ᠵᠢ ᠳᠡᠳᠬᠦᠵᠤ ᠨᠡᠭᠡᠭᠡᠨ ᠬᠦᠭᠵᠢᠬᠦᠯᠬᠦ ᠳᠦᠷᠦ ᠵᠢᠨ ᠪᠤᠳᠤᠯᠭ᠎ᠠ ᠵᠢ ᠪᠦᠳᠦᠮᠵᠢᠳᠡᠢ ᠵᠣᠯᠭ᠋ᠠᠭᠤᠯᠬᠣ ᠵᠢ ᠤᠯᠠᠮ ᠵᠶ᠋ᠡᠷ ᠴᠢᠩᠭ᠋ᠠᠳᠬᠠᠬᠤ   ᠨᠦᠬᠦᠪᠤᠷᠢ ᠰᠠᠨᠠᠯ᠎ᠤᠨ ᠳᠤᠬᠠᠢ ᠮᠡᠳᠡᠭᠳᠡᠯ》 ᠪᠠᠭᠤᠯᠭ᠋ᠠᠨ᠂ ᠤᠤᠯ᠎ᠤᠨ ᠵᠤᠭᠤᠰ ᠦᠭᠴᠤ ᠳᠡᠳᠬᠦᠳᠡᠭ ᠪᠠᠢ᠌ᠭᠰᠠᠨ ᠶᠠᠳᠠᠭᠤ ᠬᠦᠴᠢᠷᠳᠡᠯ᠎ᠲᠠᠢ ᠭᠡᠷ ᠪᠦᠯᠢ ᠵᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠤᠯᠭᠤᠬᠤ ᠭᠡᠪᠴᠢᠶᠠᠨ᠎ᠳᠤ ᠤᠷᠤᠭᠤᠯᠤᠭᠰᠠᠨ ᠮᠦᠷᠳᠡᠭᠡᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠭᠡᠪᠴᠢᠶ᠎ᠠ ᠵᠢ ᠵᠤᠬᠢᠬᠤ ᠭᠡᠮᠵᠢᠶ᠎ᠡ᠎ᠪᠠᠷ ᠠᠭᠤᠵᠢᠮ ᠪᠤᠯᠭ᠋ᠠᠵᠤ᠂ ᠭᠡᠷ ᠪᠦᠯᠢ ᠵᠢᠨ ᠤᠷᠤᠯᠭ᠎ᠠ ᠵᠢ ᠪᠤᠳᠤᠬᠤ ᠠᠷᠭ᠎ᠠ ᠵᠢ ᠨᠠᠷᠢᠯᠢᠬ᠍ᠵᠢᠭᠤᠯᠤᠨ᠂ ᠭᠡᠷ ᠪᠦᠯᠢ ᠵᠢᠨ ᠪᠦᠷᠢᠯᠳᠦᠬᠦᠨ ᠎ᠨᠢ ᠵᠡᠮᠳᠡᠭ ᠪᠤᠶᠤ ᠡᠪᠡᠳᠴᠢᠨ᠎ᠲᠠᠢ ᠵᠡᠷᠭᠡ᠎ᠠᠴᠠ ᠪᠤᠯᠵᠤ ᠵᠠᠷᠤᠯᠭ᠎ᠠ᠎ᠨᠢ ᠨᠡᠮᠡᠭᠳᠡᠭᠰᠡᠨ   ᠪᠠᠢ᠌ᠳᠠᠯ᠎ᠢ   ᠪᠤᠳᠤᠯᠬᠢᠯᠠᠨ᠂ ᠳᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠡᠷᠦᠭᠡ ᠵᠢᠨ ᠬᠦᠮᠦᠨ ᠳᠤᠮᠳᠠᠴᠢ ᠵᠢᠨ ᠤᠷᠤᠯᠭ᠎ᠠ᠎ᠨᠢ ᠳᠤᠬᠠᠢ ᠵᠢᠨ ᠭᠠᠵᠠᠷ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠤᠯᠭᠤᠬᠤ ᠡᠷᠦᠭᠡ ᠵᠢᠨ ᠪᠠᠷᠢᠮᠵᠢᠶ᠎ᠠ᠎ᠠᠴᠠ ᠳᠠᠪᠠᠭᠰᠠᠳ  ᠎ᠲᠤ  12᠎ᠠᠴᠠ 24 ᠰᠠᠷ᠎ᠡ ᠵᠢᠨ 《ᠠᠭ᠋ᠠᠵᠢᠮ ᠵᠶ᠋ᠡᠷ ᠤᠬᠤᠷᠢᠨ ᠭᠠᠷᠬᠤ》   ᠬᠤᠭᠤᠴᠠᠭ᠎ᠠ ᠦᠭᠴᠤ᠂ ᠳᠡᠳᠡᠨ᠎ᠢ ᠬᠠᠪᠰᠤᠷᠤᠨ   ᠶᠠᠳᠠᠭᠤ᠎ᠠᠴᠠ ᠳᠤᠭᠳᠠᠭᠤᠨ ᠵᠶ᠋ᠡᠷ ᠠᠩᠬᠢᠵᠢᠷᠠᠭᠤᠯᠪᠠ᠃ ᠬᠤᠶᠠᠷ᠎ᠲᠤ᠂ 《ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠᠵᠢᠯ᠎ᠤᠨ ᠵᠢᠷᠤᠮᠵᠢᠭᠰᠠᠨ ᠠᠵᠢᠯᠯᠠᠭ᠎ᠠ ᠵᠢᠨ ᠵᠢᠯᠤᠭᠤᠳᠤᠮᠵᠢ (ᠳᠤᠷᠰᠢᠨ ᠭᠡᠷᠡᠭᠵᠢᠬᠦᠯᠬᠦ)》 ᠳᠤᠭᠳᠠᠭ᠋ᠠᠨ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠬᠦᠮᠦᠨ᠎ᠢ ᠶᠡᠷᠦᠩᠭᠡᠢ᠌ᠯᠡᠨ ᠨᠣᠲᠠᠯᠠᠨ   ᠳᠤᠭᠳᠠᠭ᠋ᠠᠬᠤ ᠪᠠᠷᠢᠮᠵᠢᠶᠠᠵᠢᠬᠰᠠᠨ ᠰᠢᠰᠲᠸᠮ᠎ᠢ ᠳᠡᠬᠦᠯᠳᠡᠷᠵᠢᠬᠦᠯᠵᠤ᠂ ᠬᠦᠴᠢᠷᠳᠡᠯ᠎ᠲᠠᠢ ᠤᠯᠠᠨ ᠳᠦᠮᠡᠨ᠎ᠤ ᠦᠨᠳᠦᠰᠤᠨ ᠠᠮᠢᠳᠤᠷᠠᠯ᠎ᠢ ᠪᠦᠳᠦᠮᠵᠢᠳᠡᠢ ᠪᠠᠳᠤᠯᠠᠪᠠ᠃ ᠤᠯᠠᠭ᠋ᠠᠨᠬᠠᠳᠠ ᠬᠤᠳᠠ ᠵᠢᠨ ᠪᠠᠭ᠋ᠠᠷᠢᠨ ᠵᠡᠬᠦᠨ ᠬᠤᠰᠢᠭᠤᠨ᠎ᠤ ᠠᠷᠠᠳ᠎ᠤᠨ ᠶᠠᠪᠤᠳᠠᠯ᠎ᠤᠨ ᠳᠤᠪᠴᠢᠶ᠎ᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠬᠦᠮᠦᠨ᠎ᠢ ᠨᠣᠲᠠᠯᠠᠨ   ᠳᠤᠭᠳᠠᠭ᠋ᠠᠬᠤ ᠠᠷᠭ᠎ᠠ ᠪᠠ ᠬᠠᠮᠢᠶᠠᠷᠤᠯᠳᠠ ᠵᠢᠨ ᠰᠢᠰᠲᠸᠮ᠎ᠨᠢ ᠪᠦᠬᠦ ᠤᠯᠤᠰ᠎ᠤᠨ ISO9001 ᠶᠠᠰᠤ ᠴᠢᠨᠠᠷ᠎ᠤᠨ ᠬᠠᠮᠢᠶᠠᠷᠤᠯᠳᠠ ᠵᠢᠨ ᠰᠢᠰᠲᠸᠮ᠎ᠤᠨ ᠪᠠᠷᠢᠮᠵᠢᠶ᠎ᠠ᠎ᠳᠤ ᠬᠦᠷᠴᠤ᠂ ᠪᠦᠬᠦ ᠤᠯᠤᠰ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠬᠦᠮᠤᠰ  ᠎ᠢ ᠨᠣᠲᠠᠯᠠᠨ ᠳᠤᠭᠳᠠᠭ᠋ᠠᠬᠤ ᠪᠠ ᠬᠠᠮᠢᠶᠠᠷᠤᠯᠳᠠ ᠵᠢᠨ ᠠᠵᠢᠯ᠎ᠳᠠᠬᠢ ᠠᠩᠬᠠᠳᠠᠭᠴᠢ ISO9001 ᠶᠠᠰᠤ ᠴᠢᠨᠠᠷ᠎ᠤᠨ ᠬᠠᠮᠢᠶᠠᠷᠤᠯᠳᠠ ᠵᠢᠨ ᠰᠢᠰᠲᠸᠮ᠎ᠤᠨ ᠪᠠᠷᠢᠮᠵᠢᠶ᠎ᠠ᠎ᠳᠤ ᠬᠦᠷᠦᠭᠰᠡᠨ   ᠨᠢᠭᠡᠴᠢ ᠪᠤᠯᠪᠠ᠃ ᠭᠤᠷᠪᠠ᠎ᠳᠤ᠂ 《  ᠳᠠᠩᠰᠠ ᠺᠠᠷᠲ᠎ᠲᠠᠢ ᠶᠠᠳᠠᠭᠤ ᠬᠦᠴᠢᠷᠳᠡᠯ  ᠎ᠲᠠᠢ ᠬᠦᠮᠦᠨ᠎ᠤ ᠬᠦᠨᠳᠤ ᠶᠡᠭᠡ ᠤᠨᠴᠠ ᠡᠪᠡᠳᠴᠢᠨ᠎ᠤ ᠡᠮᠨᠡᠯᠭᠡ ᠵᠢᠨ ᠳᠤᠰᠠᠯᠠᠮᠵᠢ ᠵᠢᠨ ᠠᠵᠢᠯ᠎ᠢ ᠤᠯᠠᠮ ᠰᠠᠢ᠌ᠳᠤᠷ ᠬᠢᠬᠦ ᠳᠤᠬᠠᠢ ᠵᠢᠯᠤᠭᠤᠳᠬᠤ ᠰᠠᠨᠠᠯ》 ᠳᠤᠭᠳᠠᠭ᠋ᠠᠨ᠂ ᠡᠮᠨᠡᠯᠭᠡ ᠵᠢᠨ ᠳᠤᠰᠠᠯᠠᠮᠵᠢ ᠵᠢᠨ ᠶᠠᠳᠠᠭᠤ᠎ᠠᠴᠠ ᠠᠩᠬᠢᠵᠢᠷᠠᠭᠤᠯᠬᠤ   ᠪᠤᠭᠤᠮᠳᠠ ᠰᠢᠪᠳᠤᠯᠬᠤ ᠶᠠᠪᠤᠴᠠ᠎ᠳᠠᠬᠢ ᠬᠠᠷᠢᠭᠤᠴᠠᠯᠭ᠎ᠠ ᠵᠢ ᠤᠯᠠᠮ ᠵᠶ᠋ᠡᠷ ᠳᠤᠳᠤᠷᠬᠠᠢ᠌ᠯᠠᠪᠠ᠃ ᠳᠦᠪ᠎ᠤᠨ ᠡᠳ᠋᠎ᠤᠨ ᠵᠠᠰᠠᠭ᠎ᠠᠴᠠ 2.49 ᠳ᠋ᠦᠩᠰᠢᠭᠤᠷ ᠳᠦᠬᠦᠷᠢᠭ᠎ᠤᠨ ᠡᠮᠨᠡᠯᠭᠡ ᠵᠢᠨ ᠠᠪᠤᠷᠠᠨ ᠳᠤᠰᠠᠯᠠᠯᠳᠠ ᠵᠢᠨ ᠵᠤᠭᠤᠰ ᠨᠡᠮᠡᠵᠤ ᠤᠯᠵᠤ ᠠᠪᠴᠢᠷᠠᠨ᠂ ᠡᠬᠦᠨ ᠵᠶ᠋ᠡᠨ ᠡᠯ᠎ᠡ ᠠᠢ᠌ᠮᠠᠭ ᠬᠤᠳᠠ᠎ᠳᠤ ᠪᠠᠭᠤᠯᠭ᠋ᠠᠵᠤ᠂ ᠪᠦᠬᠦ ᠤᠷᠤᠨ᠎ᠤ ᠡᠮᠨᠡᠯᠭᠡ ᠵᠢᠨ ᠳᠤᠰᠠᠯᠠᠮᠵᠢ ᠵᠢᠨ ᠳᠦᠪᠰᠢᠨ᠎ᠢ ᠤᠯᠠᠮ ᠳᠡᠭᠡᠭᠰᠢᠯᠡᠬᠦᠯᠪᠡ᠃
      (ᠬᠤᠶᠠᠷ)   ᠨᠠᠮ᠎ᠤᠨ ᠦᠵᠡᠯ ᠰᠠᠨᠠᠭ᠋ᠠᠨ᠎ᠤ ᠪᠠᠢ᠌ᠭᠤᠯᠤᠯᠳᠠ ᠵᠢᠨ ᠳᠠᠯ᠎ᠠ᠎ᠪᠠᠷ
     8. 《ᠰᠤᠷᠤᠯᠴᠠᠬᠤ   ᠠᠭᠤᠷ ᠠᠮᠢᠰᠬᠤᠯ ᠬᠦᠭᠵᠢᠭᠡᠨ᠎ᠲᠠᠢ ᠪᠤᠰᠤ᠂ ᠤᠢ᠌ᠯᠠᠭ᠋ᠠᠵᠤ ᠨᠡᠪᠳᠡᠷᠡᠬᠦ ᠳᠠᠯ᠎ᠠ᠎ᠪᠠᠷ ᠳᠤᠳᠠᠮᠠᠭ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ 《ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠤᠤᠯ ᠳᠤᠭᠤᠢ᠌ᠯᠠᠩ᠎ᠤᠨ 2018 ᠤᠨ᠎ᠤ ᠰᠤᠷᠤᠯᠴᠠᠬᠤ ᠳᠦᠯᠦᠪᠯᠡᠭᠡ》 ᠳᠤᠭᠳᠠᠭ᠋ᠠᠨ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠤᠤᠯ ᠳᠤᠭᠤᠢ᠌ᠯᠠᠩ᠎ᠤᠨ ᠰᠤᠷᠤᠯᠴᠠᠯᠭ᠎ᠠ ᠵᠢ 19 ᠤᠳᠠᠭ᠎ᠠ᠂ ᠬᠠᠮᠳᠤᠪᠠᠷ ᠰᠤᠳᠤᠯᠤᠨ ᠶᠠᠷᠢᠯᠴᠠᠬᠤ ᠵᠢ 10 ᠤᠳᠠᠭ᠎ᠠ ᠡᠷᠬᠢᠯᠡᠨ ᠬᠢᠵᠤ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠤᠯᠤᠨ ᠨᠠᠮ᠎ᠤᠨ ᠠᠷᠪᠠ ᠶᠢᠰᠦᠳᠦᠭᠡᠷ ᠶᠡᠭᠡ   ᠬᠤᠷᠠᠯ᠎ᠤᠨ ᠵᠤᠷᠢᠭ ᠰᠠᠨᠠᠭ᠎ᠠ ᠵᠢ ᠭᠤᠤᠯᠳᠠᠯᠭ᠎ᠠ᠎ᠲᠠᠢ ᠰᠤᠷᠤᠯᠴᠠᠨ᠂ ᠶᠡᠷᠦᠩᠭᠡᠢ ᠱᠦᠵᠢ ᠰᠢ ᠵᠢᠨ ᠫᠢᠩ᠎ᠤᠨ ᠨᠠᠮ᠎ᠤᠨ ᠪᠠᠢ᠌ᠭᠤᠯᠤᠯᠳᠠ ᠪᠠ ᠦᠵᠡᠯ ᠤᠬᠠᠮᠰᠠᠷ᠎ᠤᠨ ᠭᠡᠯᠪᠡᠷᠢ ᠵᠢ ᠴᠢᠩᠭ᠋ᠠᠳᠬᠠᠬᠤ ᠳᠤᠬᠠᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠰᠤᠷᠤᠯᠴᠠᠵᠤ᠂   ᠨᠠᠮ᠎ᠤᠨ ᠳᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠰᠢᠢ᠍ᠳᠪᠤᠷᠢᠳᠤ   ᠪᠠᠢ᠌ᠷᠢᠯᠠᠭᠤᠯᠤᠯᠳᠠ ᠵᠢ ᠴᠠᠭ ᠳᠤᠬᠠᠢ᠎ᠳᠤ᠎ᠨᠢ ᠰᠤᠷᠤᠯᠴᠠᠵᠤ ᠳᠤᠤᠱᠯᠠᠭᠤᠯᠪᠠ᠃ ᠬᠤᠶᠠᠷ᠎ᠲᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ᠂ ᠨᠠᠮ᠎ᠤᠨ ᠰᠤᠷᠳᠠᠯ   ᠪᠠ ᠴᠢᠭᠡᠴᠢ ᠵᠠᠰᠠᠭ᠎ᠤᠨ ᠪᠠᠢ᠌ᠭᠤᠯᠤᠯᠳᠠ ᠵᠢᠨ ᠳᠤᠬᠠᠢ ᠬᠤᠯᠪᠤᠭᠳᠠᠯ ᠪᠦᠬᠦᠢ ᠳᠤᠭᠳᠠᠭ᠋ᠠᠯ᠂ ᠦᠵᠡᠯ ᠤᠬᠠᠮᠰᠠᠷ᠎ᠤᠨ ᠭᠡᠯᠪᠡᠷᠢ ᠵᠢᠨ ᠮᠡᠳᠡᠯᠭᠡ   ᠵᠡᠷᠭᠡ᠎ᠪᠠᠷ ᠭᠤᠤᠯ ᠠᠭᠤᠯᠭ᠎ᠠ ᠪᠤᠯᠭ᠋ᠠᠬᠰᠠᠨ 《ᠠᠷᠠᠳ᠎ᠤᠨ ᠶᠠᠪᠤᠳᠠᠯ᠎ᠤᠨ ᠳᠢᠩᠬᠢᠮ᠎ᠤᠨ 〈ᠬᠤᠶᠠᠷ᠎ᠢ ᠰᠤᠷᠤᠯᠴᠠᠨ ᠬᠢᠷᠢ   ᠳᠡᠩᠴᠡᠭᠰᠡᠨ ᠨᠠᠮ᠎ᠤᠨ ᠭᠡᠰᠢᠬᠦᠨ ᠪᠤᠯᠬᠤ  〉 ᠰᠤᠷᠤᠯᠴᠠᠯᠭ᠎ᠠ ᠬᠦᠮᠦᠵᠢᠯ᠎ᠢ ᠪᠠᠢ᠌ᠩᠭᠤᠵᠢᠭᠤᠯᠤᠨ ᠳᠦᠷᠢᠮᠵᠢᠬᠦᠯᠬᠦ ᠨᠠᠮ᠎ᠤᠨ ᠭᠡᠰᠢᠬᠦᠨ᠎ᠤ ᠰᠤᠷᠤᠯᠴᠠᠬᠤ ᠭᠠᠷ ᠠᠪᠤᠯᠭ᠎ᠠ》 ᠵᠢ ᠨᠠᠢ᠌ᠷᠠᠭᠤᠯᠤᠨ ᠭᠡᠪᠯᠡᠵᠤ᠂ ᠡᠯ᠎ᠡ ᠨᠡᠮ᠎ᠤᠨ ᠡᠬᠦᠷ ᠪᠦᠬᠦ ᠨᠠᠮ᠎ᠤᠨ ᠭᠡᠰᠢᠬᠦᠨ᠎ᠤ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ   ᠬᠦᠨᠵᠡᠭᠡᠢ ᠰᠤᠷᠤᠯᠴᠠᠬᠤ ᠵᠢ ᠪᠠᠳᠤᠯᠠᠪᠠ᠃
     9. 《  ᠰᠤᠷᠤᠯᠴᠠᠭᠰᠠᠨ ᠦᠷ᠎ᠡ ᠪᠦᠳᠦᠮᠵᠢ ᠪᠠ   ᠦᠢ᠍ᠯᠡᠳᠦᠯᠭᠡᠵᠢᠬᠦᠯᠬᠦ ᠲᠠᠯ᠎ᠠ᠎ᠪᠠᠷ ᠵᠦᠷᠢᠶ᠎ᠡ᠎ᠲᠠᠢ   ᠪᠠᠢ᠌ᠬᠤ》 ᠵᠡᠷᠭᠡ ᠠᠰᠠᠭᠤᠳᠠᠯ᠎ᠳᠤ ᠴᠢᠭᠯᠡᠬᠦᠯᠦᠨ᠂   ᠨᠢᠭᠡ᠎ᠳᠤ᠂ 《ᠬᠤᠶᠠᠷ᠎ᠢ ᠰᠤᠷᠤᠯᠴᠠᠨ ᠬᠢᠷᠢ ᠳᠡᠩᠴᠡᠭᠰᠡᠨ ᠨᠠᠮ᠎ᠤᠨ ᠭᠡᠰᠢᠬᠦᠨ ᠪᠤᠯᠬᠤ  》 ᠰᠤᠷᠤᠯᠴᠠᠯᠭ᠎ᠠ ᠬᠦᠮᠦᠵᠢᠯ᠎ᠢ ᠪᠠᠢ᠌ᠩᠭᠤᠵᠢᠭᠤᠯᠤᠨ ᠳᠦᠷᠢᠮᠵᠢᠬᠦᠯᠬᠦ ᠵᠢ ᠬᠦᠨᠵᠡᠭᠡᠢ ᠠᠬᠢᠭᠤᠯᠤᠨ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ   ᠰᠤᠷᠤᠯᠴᠠᠨ ᠳᠤᠤᠱᠯᠠᠭᠤᠯᠬᠤ᠎ᠪᠠᠷ ᠭᠤᠤᠯ ᠠᠭᠤᠯᠭ᠎ᠠ ᠪᠤᠯᠭ᠋ᠠᠵᠤ᠂ ᠰᠤᠷᠤᠯᠴᠠᠵᠤ ᠤᠢ᠌ᠯᠠᠭ᠋ᠠᠵᠤ ᠪᠤᠳᠠᠳᠠᠢ ᠦᠢ᠍ᠯᠡᠳᠦᠯᠭᠡᠵᠢᠬᠦᠯᠬᠦ ᠵᠢᠨ ᠳᠤᠭᠤᠷᠢᠨ᠎ᠳᠤ ᠠᠷᠠᠳ᠎ᠤᠨ ᠶᠠᠪᠤᠳᠠᠯ᠎ᠤᠨ ᠠᠵᠢᠯ᠎ᠲᠠᠢ᠎ᠪᠠᠨ ᠤᠶᠠᠯᠳᠤᠭᠤᠯᠤᠨ   ᠰᠤᠷᠤᠯᠴᠠᠵᠤ ᠶᠠᠷᠢᠯᠴᠠᠬᠤ᠂ ᠳᠤᠰᠬᠠᠢ ᠪᠤᠯᠪᠠᠰᠤᠷᠠᠭᠤᠯᠬᠤ᠂ ᠭᠤᠤᠯ ᠰᠡᠳᠤᠪᠳᠤ ᠨᠠᠮ᠎ᠤᠨ ᠬᠢᠴᠢᠶᠠᠯ ᠤᠷᠤᠬᠤ ᠵᠡᠷᠭᠡ ᠤᠯᠡᠨ ᠠᠷᠭ᠎ᠠ ᠭᠡᠯᠪᠡᠷᠢ᠎ᠪᠠᠷ ᠰᠤᠷᠤᠯᠴᠠᠯᠭ᠎ᠠ ᠵᠢ ᠠᠬᠢᠭᠤᠯᠪᠠ᠃ ᠰᠦᠯᠵᠢᠶ᠎ᠠ᠂   ᠵᠢᠷᠬᠢᠶ᠎ᠠ ᠵᠡᠷᠭᠡ᠎ᠪᠠᠷ ᠳᠠᠮᠵᠢᠭᠤᠯᠤᠨ ᠦᠷᠭᠡᠨ ᠤᠯᠠᠨ ᠨᠠᠮ᠎ᠤᠨ ᠭᠡᠰᠢᠬᠦᠨ᠎ᠤ ᠰᠤᠷᠤᠯᠴᠠᠵᠤ ᠣᠢ᠌ᠯᠠᠭ᠋ᠠᠬᠤ᠂ ᠳᠡᠷᠢᠬᠢᠨ᠎ᠳᠤ᠎ᠪᠠᠨ ᠰᠠᠭᠤᠯᠭ᠋ᠠᠵᠤ ᠰᠡᠳᠬᠢᠯ᠎ᠳᠤ᠎ᠪᠠᠨ ᠰᠢᠩᠭᠡᠭᠡᠬᠦ ᠵᠢ ᠠᠬᠢᠭᠤᠯᠪᠠ᠃ ᠬᠤᠶᠠᠷ᠎ᠲᠤ᠂ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠭᠡᠰᠢᠬᠦᠨ ᠺᠠᠳ᠋ᠷ᠎ᠢ ᠵᠤᠬᠢᠶᠠᠨ ᠪᠠᠢ᠌ᠭᠤᠯᠤᠨ᠂ ᠨᠠᠮ᠎ᠤᠨ ᠠᠵᠢᠯᠯᠠᠬᠤ ᠬᠤᠷᠢᠶᠠᠨ᠎ᠤ ᠵᠤᠬᠢᠶᠠᠨ ᠪᠠᠢ᠌ᠭᠤᠯᠤᠭᠰᠠᠨ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠭᠰᠠᠨ ᠣᠢ᠌ᠯᠠᠭ᠋ᠠᠯᠳᠠ᠎ᠪᠠᠨ ᠰᠦᠯᠵᠢᠶᠡᠨ ᠳᠡᠭᠡᠷ᠎ᠡ ᠬᠠᠷᠢᠭᠤᠯᠬᠤ ᠤᠷᠤᠯᠳᠤᠭ᠋ᠠᠨ᠎ᠳᠤ ᠤᠷᠤᠯᠴᠠᠭᠤᠯᠪᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠤᠨᠤᠯ᠎ᠤᠨ ᠮᠡᠳᠡᠯᠭᠡ ᠵᠢᠨ ᠰᠢᠯᠭ᠋ᠠᠯᠳᠠ ᠬᠢᠵᠤ᠂   ᠬᠢᠷᠢ   ᠳᠡᠩᠴᠡᠭᠰᠡᠨ ᠨᠤᠷᠮ᠎ᠡ᠎ᠨᠢ 97%᠎ᠳᠤ ᠬᠦᠷᠪᠡ᠃ ᠭᠤᠷᠪᠠ᠎ᠳᠤ᠂   ᠰᠢᠨ᠎ᠠ᠎ᠪᠠᠷ ᠵᠠᠰᠠᠪᠤᠷᠢ ᠤᠷᠤᠭᠤᠯᠤᠭᠰᠠᠨ 《  ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠭᠡᠯ ᠦᠭᠬᠦ ᠳᠦᠷᠢᠮ》᠎ᠢ ᠰᠤᠷᠤᠯᠴᠠᠨ ᠤᠬᠠᠭᠤᠯᠬᠤ ᠠᠵᠢᠯᠯᠠᠭ᠎ᠠ ᠦᠷᠨᠢᠬᠦᠯᠵᠤ᠂ ᠳᠢᠩᠬᠢᠮ᠎ᠤᠨ ᠬᠠᠷᠢᠶ᠎ᠠ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢ ᠵᠤᠬᠢᠶᠠᠨ ᠪᠠᠢ᠌ᠭᠤᠯᠤᠨ 《  ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠭᠡᠯ ᠦᠭᠬᠦ ᠳᠦᠷᠢᠮ》 ᠎ᠤᠨ ᠳᠤᠬᠠᠢ ᠮᠡᠳᠡᠯᠭᠡ ᠵᠢᠨ ᠰᠢᠯᠭ᠋ᠠᠯᠳᠠ ᠬᠢᠵᠤ᠂ ᠠᠷᠠᠳ᠎ᠤᠨ ᠶᠠᠪᠤᠳᠠᠯ᠎ᠤᠨ ᠰᠢᠰᠲᠸᠮ᠎ᠤᠨ 210 ᠨᠠᠮ᠎ᠤᠨ ᠭᠡᠰᠢᠬᠦᠨ ᠰᠢᠯᠭ᠋ᠠᠯᠳᠠ᠎ᠳᠤ ᠤᠷᠤᠯᠴᠠᠨ᠂ ᠳᠡᠭᠰᠢᠳᠭᠡᠭᠰᠡᠨ   ᠬᠤᠪᠢ᠎ᠨᠢ 84.5᠎ᠳᠤ ᠬᠦᠷᠴᠤ᠂ ᠬᠢᠷᠢ   ᠳᠡᠩᠴᠡᠭᠰᠡᠨ ᠨᠤᠷᠮ᠎ᠠ᠎ᠨᠢ 99.5%  ᠎ᠳᠤ ᠬᠦᠷᠪᠡ᠃
     10.  《ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ   ᠳᠦᠢ᠍ᠯ᠎ᠤᠨ ᠴᠢᠬᠤᠯᠠ ᠴᠢᠨᠠᠷ᠎ᠢ ᠳᠠᠨᠢᠬᠤ ᠳᠠᠯ᠎ᠠ᠎ᠪᠠᠷ ᠳᠤᠳᠠᠮᠠᠭ》 ᠵᠡᠷᠭᠡ   ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠦᠵᠡᠯ ᠤᠬᠠᠮᠰᠠᠷ᠎ᠤᠨ ᠭᠡᠯᠪᠡᠷᠢ ᠵᠢᠨ ᠬᠦᠷᠢᠶ᠎ᠡ ᠴᠠᠷᠠᠭ᠎ᠠ ᠎ᠳᠤ   ᠬᠤᠯᠪᠤᠭᠳᠠᠬᠤ ᠳᠦᠷᠦ ᠵᠢᠨ ᠪᠤᠳᠤᠯᠭ᠎ᠠ ᠵᠢ ᠰᠤᠷᠤᠯᠴᠠᠵᠤ   ᠳᠤᠤᠱᠯᠠᠭᠤᠯᠬᠤ᠎ᠪᠠᠨ ᠳᠠᠰᠤᠷᠠᠯᠳᠠ ᠦᠭᠡᠢ ᠴᠢᠩᠭ᠋ᠠᠳᠬᠠᠵᠤ᠂ ᠳᠢᠩᠬᠢᠮ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠨᠢ ᠨᠠᠮ᠎ᠤᠨ ᠳᠦᠪ ᠬᠤᠷᠢᠶᠠᠨ᠎ᠤ ᠠᠯᠪᠠᠨ ᠳᠢᠩᠬᠢᠮ᠎ᠤᠨ 《  ᠨᠠᠮ᠎ᠤᠨ   ᠬᠤᠷᠢᠶᠠᠨ (ᠨᠠᠮ᠎ᠤᠨ   ᠳᠤᠭᠤᠢ᠌ᠯᠠᠩ) ᠎ᠤ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠭᠡᠷᠡᠭᠵᠢᠬᠦᠯᠬᠦ ᠠᠷᠭ᠎ᠠ》   ᠪᠤᠯᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ 《ᠭᠡᠷᠡᠭᠵᠢᠬᠦᠯᠬᠦ ᠨᠠᠷᠢᠨ ᠳᠦᠷᠢᠮ》᠎ᠢ ᠳᠤᠰᠬᠠᠢ᠌ᠯᠠᠨ ᠰᠤᠷᠤᠯᠴᠠᠵᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠤᠤᠯ ᠳᠤᠭᠤᠢ᠌ᠯᠠᠩ᠎ᠤᠨ 13   ᠳ᠋ᠤᠭ᠋ᠠᠷ ᠤᠳᠠᠭ᠋ᠠᠨ᠎ᠤ ᠰᠤᠷᠤᠯᠴᠠᠬᠤ   ᠬᠤᠷᠠᠯ ᠳᠡᠭᠡᠷ᠎ᠡ ᠨᠠᠮ᠎ᠤᠨ ᠳᠦᠪ ᠬᠤᠷᠢᠶᠠᠨ᠎ᠤ ᠠᠯᠪᠠᠨ ᠳᠢᠩᠬᠢᠮ᠎ᠤᠨ 《  ᠣᠷᠴᠢᠮ᠎ᠤᠨ ᠬᠤᠭᠤᠴᠠᠭ᠋ᠠᠨ᠎ᠤ ᠦᠵᠡᠯ ᠤᠬᠠᠮᠰᠠᠷ᠎ᠤᠨ ᠭᠡᠯᠪᠡᠷᠢ ᠵᠢᠨ ᠪᠠᠢ᠌ᠳᠠᠯ᠎ᠤᠨ ᠳᠤᠬᠠᠢ ᠵᠠᠷᠯᠠᠯ》 ᠪᠤᠯᠤᠨ ᠬᠤᠯᠪᠤᠭᠳᠠᠯ ᠪᠦᠬᠦᠢ ᠤᠳᠤᠷᠢᠳᠬᠤ ᠨᠦᠬᠦᠳ᠎ᠤᠨ ᠦᠪᠡᠷᠳᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ᠎ᠤ ᠵᠤᠷᠢᠭ ᠰᠠᠨᠠᠭ᠎ᠠ ᠵᠢ ᠰᠤᠷᠤᠯᠴᠠᠪᠠ᠃ 9 ᠳ᠋ᠤᠭᠡᠷ ᠰᠠᠷ᠎ᠠ ᠵᠢᠨ 3᠎ᠤ ᠡᠳᠤᠷ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠳᠤᠰᠬᠠᠢ ᠬᠤᠷᠠᠯ ᠬᠢᠵᠤ ᠶᠡᠷᠦᠩᠭᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠬᠤᠷᠠᠯ ᠳᠡᠭᠡᠷᠡᠬᠢ   ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠰᠤᠷᠤᠯᠴᠠᠵᠤ᠂ ᠳᠢᠩᠬᠢᠮ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠠᠷᠢᠭᠤ ᠮᠡᠳᠡᠬᠦᠯᠦᠯᠳᠡ ᠵᠢ ᠰᠤᠨᠤᠰᠤᠨ᠂ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠡᠢ᠌ᠳᠡᠪᠤᠷᠢᠵᠢᠭᠤᠯᠬᠤ ᠵᠢ ᠪᠠᠢ᠌ᠷᠢᠯᠠᠭᠤᠯᠪᠠ᠃10 ᠳ᠋ᠤᠭ᠋ᠠᠷ   ᠰᠠᠷ᠎ᠡ ᠵᠢᠨ 10᠎ᠤ ᠡᠳᠤᠷ ᠳᠢᠩᠬᠢᠮ᠎ᠤᠨ ᠨᠠᠮ᠎ᠤᠨ ᠤᠳᠤᠣᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠤᠤᠯ ᠳᠤᠭᠤᠢ᠌ᠯᠠᠩ 14 ᠳ᠋ᠤᠭᠡᠷ ᠤᠳᠠᠭ᠋ᠠᠨ᠎ᠤ ᠰᠤᠷᠤᠯᠴᠠᠬᠤ ᠬᠤᠷᠠᠯ ᠬᠢᠵᠤ᠂ ᠪᠦᠬᠦ ᠤᠷᠤᠨ᠎ᠤ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠵᠤ᠂ ᠤᠨᠤᠯ ᠰᠤᠷᠤᠯᠴᠠᠬᠤ ᠭᠤᠤᠯ ᠳᠤᠭᠤᠢ᠌ᠯᠠᠩ᠎ᠤᠨ ᠪᠦᠷᠢᠯᠳᠦᠬᠦᠨ ᠬᠤᠷᠠᠯ᠎ᠤᠨ ᠵᠤᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠨ ᠳᠤᠤᠱᠯᠠᠭᠤᠯᠬᠤ ᠵᠢᠨ ᠳᠤᠭᠤᠷᠢᠨ᠎ᠳᠤ   ᠶᠠᠷᠢᠯᠴᠠᠭ᠎ᠠ ᠦᠷᠨᠢᠬᠦᠯᠦᠨ ᠰᠠᠨᠠᠯ ᠵᠶ᠋ᠡᠨ ᠰᠤᠯᠢᠯᠴᠠᠪᠠ᠃ ᠬᠤᠶᠠᠷ᠎ᠲᠤ᠂ ᠨᠠᠮ᠎ᠤᠨ ᠭᠡᠰᠢᠬᠦᠨ ᠺᠠᠳ᠋ᠷ᠎ᠢ ᠵᠤᠬᠢᠶᠠᠨ ᠪᠠᠢ᠌ᠭᠤᠯᠤᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠳᠤᠰᠬᠠᠢ ᠰᠡᠳᠤᠪᠳᠤ ᠳᠠᠢ᠌ᠯᠤᠮᠵᠢ ᠬᠢᠵᠤ᠂ ᠤᠳᠤᠬᠠᠨ᠎ᠤ ᠦᠵᠡᠯ ᠤᠬᠠᠮᠰᠠᠠᠷ᠎ᠤᠨ ᠭᠡᠯᠪᠡᠷᠢ ᠵᠢᠨ ᠬᠦᠷᠢᠶ᠎ᠡ ᠴᠠᠷᠠᠭ᠎ᠠ ᠵᠢᠨ ᠪᠠᠢ᠌ᠳᠠᠯ ᠪᠤᠯᠤᠨ ᠡᠬᠦᠷᠭᠡ ᠵᠢ ᠤᠢ᠌ᠯᠠᠭ᠋ᠠᠭᠤᠯᠵᠤ᠂   ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠭᠡᠰᠢᠬᠦᠨ ᠺᠠᠳ᠋ᠷ ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ   ᠴᠢᠬᠤᠯᠠ ᠴᠢᠨᠠᠷ᠎ᠤᠨ ᠳᠤᠬᠠᠢ ᠳᠠᠨᠢᠯᠳᠠ ᠵᠢ ᠦᠨᠡᠬᠦ   ᠬᠦᠨᠵᠡᠭᠡᠢ᠌ᠷᠡᠬᠦᠯᠪᠡ᠃
     11.  《ᠦᠵᠡᠯ ᠤᠬᠠᠮᠰᠠᠷ᠎ᠤᠨ ᠭᠡᠯᠪᠡᠷᠢ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠵᠶ᠋ᠡᠷ ᠳᠤᠳᠠᠮᠠᠭ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ 4 ᠳ᠋ᠤᠭᠡᠷ ᠰᠠᠷ᠎ᠡ ᠵᠢᠨ 12᠎ᠤᠨ ᠡᠳᠤᠷ ᠳᠢᠩᠬᠢᠮ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠣᠷᠢᠳᠬᠤ ᠳᠤᠭᠤᠢ᠌ᠯᠠᠩ᠎ᠤᠨ ᠬᠤᠷᠠᠯ ᠬᠢᠵᠤ᠂   ᠳᠢᠩᠬᠢᠮ᠎ᠤᠨ ᠨᠠᠮ᠎ᠤᠨ ᠤᠳᠤᠷᠢᠳᠬᠤ   ᠳᠤᠭᠤᠢ᠌ᠯᠠᠩ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠳᠤ ᠳᠤᠬᠢᠷᠠᠭᠤᠯᠤᠯᠳᠠ ᠬᠢᠵᠤ᠂ 《ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠳᠦᠷᠢᠮ》 ᠂ 《ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠬᠠᠷᠢᠭᠤᠴᠠᠯᠭ᠎ᠠ》 ᠵᠢ ᠳᠤᠭᠳᠠᠭ᠋ᠠᠨ᠂ ᠳᠦᠷᠢᠮ ᠳᠤᠭᠳᠠᠭ᠋ᠠᠯ᠎ᠢ ᠳᠡᠬᠦᠯᠳᠡᠷᠵᠢᠬᠦᠯᠵᠤ᠂ ᠬᠠᠷᠢᠭᠤᠴᠠᠯᠭ᠎ᠠ ᠵᠢ ᠳᠤᠳᠤᠷᠬᠠᠢ᠌ᠯᠠᠨ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ   ᠨᠢᠭᠡᠳᠤᠯᠳᠠᠢ ᠤᠳᠤᠷᠢᠳᠬᠤ᠂   ᠪᠠᠢ᠌ᠭᠤᠯᠭ᠎ᠠ ᠵᠢᠨ ᠨᠠᠮ᠎ᠤᠨ ᠬᠤᠷᠢᠶ᠎ᠠ ᠵᠤᠬᠢᠶᠠᠨ   ᠪᠠᠢ᠌ᠭᠤᠯᠤᠨ ᠵᠤᠬᠢᠴᠠᠭᠤᠯᠬᠤ᠂ ᠬᠤᠯᠪᠤᠭᠳᠠᠯ ᠪᠦᠬᠦᠢ ᠠᠯᠪᠠᠨ ᠭᠡᠷ᠂ ᠭᠠᠵᠠᠷ᠂ ᠪᠠᠢ᠌ᠭᠤᠯᠭ᠎ᠠ ᠨᠢᠭᠡᠴᠢ ᠬᠤᠪᠢᠳᠠᠨ ᠬᠠᠷᠢᠭᠤᠴᠠᠬᠤ ᠪᠠᠢ᠌ᠳᠠᠯ᠎ᠢ ᠪᠤᠢ ᠪᠤᠯᠭ᠋ᠠᠪᠠ᠃ ᠬᠤᠶᠠᠷ᠎ᠲᠤ᠂ 《ᠦᠵᠡᠯ ᠤᠬᠠᠮᠰᠠᠷ᠎ᠤᠨ ᠭᠡᠯᠪᠡᠷᠢ ᠵᠢᠨ ᠬᠠᠷᠢᠭᠤᠴᠠᠯᠭ᠎ᠠ ᠵᠢᠨ ᠳᠦᠷᠢᠮ᠎ᠢ ᠭᠡᠷᠡᠭᠵᠢᠬᠦᠯᠬᠦ ᠳᠦᠰᠦᠯ》᠎ᠢ ᠳᠡᠬᠦᠯᠳᠡᠷᠵᠢᠬᠦᠯᠦᠨ᠂   ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠭᠡᠷ᠎ᠡ ᠬᠠᠭ᠋ᠠᠰ ᠵᠢᠯ᠎ᠤᠨ ᠪᠠ ᠭᠤᠷᠪᠠᠳᠤᠭ᠋ᠠᠷ ᠤᠯᠠᠷᠢᠯ ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠡᠨ ᠱᠠᠭ᠋ᠠᠷᠳᠠᠯᠭ᠎ᠠ ᠶᠤᠰᠤᠭ᠋ᠠᠷ ᠳ᠋ᠦᠩᠨᠡᠨ   ᠮᠡᠳᠡᠬᠦᠯᠪᠡ᠃ ᠭᠤᠷᠪᠠ᠎ᠳᠤ᠂ 9 ᠳ᠋ᠤᠭᠡᠷ ᠰᠠᠷ᠎ᠡ ᠵᠢᠨ 19᠎ᠤ ᠡᠳᠤᠷ ᠳᠢᠩᠬᠢᠮ᠎ᠤᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠳᠤᠰᠬᠠᠢ ᠬᠤᠷᠠᠯ ᠬᠢᠵᠤ᠂ 《  ᠮᠠᠨ᠎ᠤ ᠤᠷᠤᠨ᠎ᠤ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠪᠠᠢ᠌ᠳᠠᠯ᠎ᠤᠨ ᠳᠤᠬᠠᠢ ᠵᠠᠷᠯᠠᠯ》 ᠵᠢ ᠰᠤᠷᠤᠯᠴᠠᠨ ᠤᠯᠠᠮᠵᠢᠯᠠᠵᠤ᠂ ᠨᠠᠮ᠎ᠤᠨ ᠬᠤᠷᠢᠶᠠᠨ᠎ᠤ ᠤᠬᠠᠭᠤᠯᠬᠤ ᠭᠡᠯᠳᠡᠰ᠎ᠤᠨ 《  ᠠᠷᠪᠠᠳᠤᠭ᠋ᠠᠷ ᠬᠤᠭᠤᠴᠠᠭ᠋ᠠᠨ᠎ᠤ   ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠭᠤᠷᠪᠠᠳᠤᠭ᠋ᠠᠷ ᠡᠭᠡᠯᠵᠢ ᠵᠢᠨ ᠳᠤᠭᠤᠷᠢᠨ ᠪᠠᠢ᠌ᠴᠠᠭ᠋ᠠᠯᠳᠠ᠎ᠪᠠᠷ ᠢᠯᠡᠷᠡᠬᠦᠯᠦᠭᠰᠡᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠳᠠᠯ᠎ᠠ᠎ᠪᠠᠷ ᠤᠷᠤᠰᠢᠵᠤ ᠪᠠᠢ᠌ᠭ᠎ᠠ ᠳᠤᠪᠤᠢ᠌ᠮ᠎ᠠ ᠠᠰᠠᠭᠤᠳᠠᠯ᠎ᠤᠨ ᠳᠤᠬᠠᠢ   ᠵᠠᠷᠯᠠᠯ》᠎ᠢ ᠤᠯᠠᠮᠵᠢᠯᠠᠵᠤ᠂ ᠵᠠᠷᠯᠠᠯ᠎ᠳᠤ ᠳᠤᠷᠠᠳᠤᠭᠰᠠᠨ ᠮᠠᠨ᠎ᠤ ᠳᠢᠩᠬᠢᠮ ᠎ᠳᠤ ᠤᠷᠤᠰᠢᠵᠤ ᠪᠠᠢ᠌ᠭ᠎ᠠ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠰᠤᠷᠤᠯᠴᠠᠯᠭ᠎ᠠ   ᠶᠠᠷᠢᠯᠴᠠᠯᠭ᠎ᠠ   ᠬᠦᠨᠵᠡᠭᠡᠢ ᠪᠤᠰᠤ᠂ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠢ ᠵᠠᠳᠠᠯᠤᠨ ᠰᠤᠳᠤᠯᠬᠤ ᠳᠤᠭᠳᠠᠴᠠ ᠪᠦᠷᠢᠨ   ᠪᠤᠰᠤ᠂ ᠦᠵᠡᠯ ᠤᠬᠠᠮᠰᠠᠷ᠎ᠤᠨ ᠭᠡᠯᠪᠡᠷᠢ ᠵᠢᠨ ᠳᠤᠤᠷ ᠰᠦᠯᠵᠢᠶᠠᠨ᠎ᠤ ᠬᠠᠮᠢᠶᠠᠷᠤᠯᠳᠠ ᠰᠤᠯᠠ ᠵᠡᠷᠭᠡ ᠠᠰᠠᠭᠤᠳᠠᠯ᠎ᠢ ᠨᠠᠷᠢᠨ ᠬᠢᠨᠠᠮᠠᠭ᠋ᠠᠢ ᠵᠠᠳᠠᠯᠤᠨ᠂ ᠬᠠᠯᠠᠨ ᠵᠠᠯᠠᠷᠠᠭᠤᠯᠬᠤ ᠠᠷᠭ᠎ᠠ ᠭᠡᠮᠵᠢᠶ᠎ᠡ ᠵᠢ ᠰᠦᠪᠡᠭᠴᠢᠯᠠᠨ ᠰᠤᠳᠤᠯᠪᠠ᠃ ᠬᠤᠷᠠᠯ ᠳᠡᠭᠡᠷ᠎ᠡ᠂ ᠬᠤᠯᠪᠤᠭᠳᠠᠯ ᠪᠦᠬᠦᠢ ᠠᠯᠪᠠᠨ ᠭᠡᠷ᠂ ᠭᠠᠵᠠᠷ᠂ ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠳᠠᠨ ᠦᠵᠡᠯ ᠤᠬᠠᠮᠰᠠᠷ᠎ᠤᠨ ᠭᠡᠯᠪᠡᠷᠢ ᠵᠢᠨ ᠲᠠᠯ᠎ᠠ᠎ᠳᠤ᠎ᠬᠢ   ᠠᠵᠢᠯ ᠵᠶ᠋ᠡᠨ ᠬᠠᠷᠢᠭᠤ ᠮᠠᠳᠡᠬᠦᠯᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ ᠵᠢᠨ ᠦᠵᠡᠯ ᠤᠬᠠᠮᠰᠠᠷ᠎ᠤᠨ ᠭᠡᠯᠪᠡᠷᠢ ᠵᠢᠨ ᠪᠠᠢ᠌ᠳᠠᠯ᠎ᠢ ᠵᠠᠳᠠᠯᠤᠨ ᠶᠠᠷᠢᠯᠴᠠᠪᠠ᠃ ᠬᠤᠷᠠᠯ᠎ᠤᠨ ᠳᠠᠷᠠᠭ᠎ᠠ᠂ ᠤᠷᠤᠰᠢᠵᠤ ᠪᠠᠢ᠌ᠭ᠎ᠠ ᠠᠰᠠᠭᠤᠳᠠᠯ᠎ᠢ ᠴᠡᠭᠴᠡᠯᠠᠨ ᠵᠠᠰᠠᠵᠤ᠂   ᠴᠡᠭᠴᠡᠯᠠᠨ   ᠵᠠᠰᠠᠭᠰᠠᠨ ᠪᠠᠢ᠌ᠳᠠᠯ ᠵᠶ᠋ᠡᠨ ᠱᠠᠭ᠋ᠠᠷᠳᠠᠯᠭ᠎ᠠ ᠶᠤᠰᠤᠭ᠋ᠠᠷ ᠳᠡᠭᠡᠭᠰᠢ ᠮᠡᠳᠡᠬᠦᠯᠪᠡ᠃ ᠳᠦᠷᠪᠡ᠎ᠳᠤ᠂ ᠨᠠᠵᠠᠭ᠋ᠠᠢ ᠳᠠᠯ᠎ᠠ ᠵᠢᠨ ᠶᠠᠷᠢᠶ᠎ᠠ ᠭᠡᠯᠡᠯᠴᠡᠭᠡ ᠵᠢᠨ ᠮᠡᠳᠡᠭᠡ ᠵᠠᠩᠬᠢ ᠵᠢ ᠴᠠᠭ ᠳᠠᠷᠤᠢ᠎ᠳᠤ᠎ᠨᠢ   ᠠᠷᠭ᠋ᠠᠴᠠᠵᠤ   ᠰᠢᠢ᠍ᠳᠪᠤᠷᠢᠯᠡᠪᠡ᠃ ᠳᠤᠰᠬᠠᠢ ᠬᠦᠮᠦᠨ ᠳᠤᠬᠢᠷᠠᠭᠤᠯᠤᠨ ᠡᠳᠤᠷ ᠳᠤᠳᠤᠮ᠎ᠤᠨ ᠳᠤᠤᠷ ᠰᠦᠯᠵᠢᠶᠠᠨ᠎ᠤ ᠶᠡᠷᠢᠶ᠎ᠡ ᠭᠡᠯᠡᠯᠴᠡᠭᠡ ᠵᠢ ᠬᠢᠨᠠᠨ ᠡᠵᠡᠮᠳᠡᠵᠤ᠂ ᠨᠠᠵᠠᠭ᠋ᠠᠢ ᠳᠠᠯ᠎ᠠ ᠵᠢᠨ ᠶᠡᠷᠢᠶ᠎ᠡ ᠭᠡᠯᠡᠯᠴᠡᠭᠡ ᠵᠢ ᠳᠠᠷᠤᠢ ᠳᠦᠷᠭᠡᠨ ᠳᠡᠭᠡᠭᠰᠢ   ᠮᠡᠳᠡᠬᠦᠯᠬᠦ᠂   ᠳᠠᠷᠤᠢ ᠳᠦᠷᠭᠡᠨ ᠵᠠᠳᠠᠯᠤᠨ ᠰᠤᠳᠤᠯᠬᠤ᠂   ᠳᠠᠷᠤᠢ ᠳᠦᠷᠭᠡᠨ ᠠᠷᠭ᠋ᠠᠴᠠᠨ   ᠰᠢᠢ᠍ᠳᠪᠤᠷᠢᠯᠡᠬᠦ ᠵᠢ ᠪᠠᠳᠤᠯᠠᠨ᠂ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠤᠷᠢᠳᠬᠤ ᠡᠷᠭᠡ ᠪᠤᠯᠤᠨ ᠭᠤᠤᠯᠯᠠᠬᠤ ᠡᠷᠭᠡ ᠵᠢ   ᠡᠵᠡᠮᠰᠢᠵᠤ᠂   ᠵᠦᠪ ᠵᠢᠯᠤᠭᠤᠳᠤᠮᠵᠢ ᠵᠢ   ᠪᠠᠷᠢᠮᠳᠠᠯᠠᠨ᠂ ᠳᠠᠭ᠋ᠠᠭᠤᠯᠤᠨ ᠵᠢᠯᠤᠭᠤᠳᠬᠤ   ᠬᠦᠴᠦᠨ ᠵᠶ᠋ᠠᠨ   ᠨᠡᠮᠡᠭᠳᠡᠬᠦᠯᠪᠡ᠃
     12. 《ᠦᠵᠡᠯ ᠤᠬᠠᠮᠰᠠᠷ᠎ᠤᠨ ᠭᠡᠯᠪᠡᠷᠢ ᠵᠢᠨ ᠪᠡᠬᠢᠯᠡᠯᠳᠡ ᠪᠤᠯᠤᠨ ᠳᠤᠤᠷ ᠰᠦᠯᠵᠢᠶᠡᠨ᠎ᠤ ᠶᠠᠷᠢᠶ᠎ᠡ ᠭᠡᠯᠡᠯᠴᠡᠭᠡ ᠵᠢ ᠬᠢᠨᠠᠨ ᠬᠠᠮᠢᠶᠠᠷᠬᠤ᠎ᠪᠠᠷ ᠳᠤᠳᠠᠮᠠᠭ》   ᠵᠡᠷᠭᠡ ᠠᠰᠠᠭᠤᠳᠠᠯ᠎ᠳᠤ ᠴᠢᠭᠯᠡᠬᠦᠯᠦᠨ᠂   ᠨᠢᠭᠡ᠎ᠳᠤ᠂ ᠦᠵᠡᠯ ᠤᠬᠠᠮᠰᠠᠷ᠎ᠤᠨ ᠭᠡᠯᠪᠡᠷᠢ ᠵᠢᠨ ᠪᠡᠬᠢᠯᠡᠯᠳᠡ ᠪᠤᠯᠤᠨ ᠳᠤᠤᠷ ᠰᠦᠯᠵᠢᠶᠡᠨ᠎ᠤ ᠶᠡᠷᠢᠶ᠎ᠡ ᠭᠡᠯᠡᠯᠴᠡᠭᠡ ᠵᠢᠨ ᠬᠢᠨᠠᠨ ᠬᠠᠮᠢᠶᠠᠷᠤᠯᠳᠠ ᠵᠢ ᠴᠢᠩᠭ᠋ᠠᠳᠬᠠᠪᠠ᠃ 《  ᠰᠡᠳᠬᠦᠯ ᠰᠦᠯᠵᠢᠶ᠎ᠡ ᠵᠢᠨ ᠡᠭᠡ ᠪᠢᠴᠢᠭ᠎ᠢ ᠪᠢᠴᠢᠵᠤ ᠨᠠᠢ᠌ᠷᠠᠭᠤᠯᠬᠤ ᠬᠢᠨᠠᠵᠤ ᠬᠠᠷᠭᠤᠭᠤᠯᠬᠤ ᠵᠢ ᠴᠢᠩᠭ᠋ᠠᠳᠬᠠᠬᠤ ᠳᠤᠬᠠᠢ ᠭᠡᠷᠡᠭᠵᠢᠬᠦᠯᠬᠦ ᠳᠦᠰᠦᠯ》᠎ᠢ ᠨᠠᠢ᠌ᠳᠠᠪᠤᠷᠢᠵᠢᠭᠤᠯᠤᠨ᠂ 《ᠠᠷᠠᠳ᠎ᠤᠨ ᠶᠠᠪᠤᠳᠠᠯ᠎ᠤᠨ ᠳᠢᠩᠬᠢᠮ᠎ᠤᠨ ᠰᠦᠯᠵᠢᠶᠠᠨ᠎ᠤ ᠬᠠᠮᠠᠭ᠋ᠠᠯᠠᠯᠳᠠ ᠬᠠᠮᠢᠶᠠᠷᠤᠯᠳᠠ ᠬᠢᠭᠡᠳ ᠮᠡᠳᠡᠭᠡ ᠵᠠᠩᠬᠢ ᠨᠠᠢ᠌ᠳᠠᠯᠡᠬᠦ ᠳᠦᠷᠢᠮ》᠂ 《  ᠠᠷᠠᠳ᠎ᠤᠨ ᠶᠠᠪᠤᠳᠠᠯ᠎ᠤᠨ ᠳᠢᠩᠬᠢᠮ᠎ᠤᠨ ᠰᠦᠯᠵᠢᠶᠡᠨ᠎ᠤ ᠭᠡᠷᠡᠭᠯᠡᠯᠳᠡ ᠬᠠᠮᠢᠶᠠᠷᠤᠯᠳᠠ ᠵᠢᠨ ᠳᠦᠷᠢᠮ》  ᠎ᠳᠤ ᠵᠠᠰᠠᠪᠤᠷᠢ ᠤᠷᠤᠭᠤᠯᠤᠨ ᠳᠡᠬᠦᠯᠳᠡᠷᠵᠢᠬᠦᠯᠪᠡ᠃ ᠠᠷᠠᠳ᠎ᠤᠨ ᠶᠠᠪᠤᠳᠠᠯ᠎ᠤᠨ ᠰᠦᠯᠵᠢᠶᠡᠨ᠎ᠤ ᠰᠢᠰᠲᠸᠮ᠎ᠢ ᠳᠡᠰ ᠳᠡᠪᠰᠢᠬᠦᠯᠬᠦ ᠶᠠᠪᠤᠴᠠ᠎ᠳᠤ ᠢᠯᠡᠷᠡᠭᠰᠡᠨ ᠨᠠᠵᠠᠭ᠋ᠠᠢ ᠳᠠᠯ᠎ᠠ ᠵᠢᠨ ᠮᠡᠳᠡᠭᠡ ᠵᠠᠩᠬᠢ ᠵᠢ ᠳᠠᠷᠤᠢ ᠳᠦᠷᠭᠡᠨ ᠴᠡᠭᠴᠡᠯᠠᠨ ᠵᠠᠰᠠᠵᠤ᠂   ᠳᠠᠷᠤᠢ ᠳᠦᠷᠭᠡᠨ ᠬᠠᠰᠤᠵᠤ ᠦᠭᠡᠢ᠌ᠰᠭᠡᠨ᠂ ᠳᠤᠰᠬᠠᠢ ᠬᠤᠷᠠᠯ ᠬᠢᠵᠤ ᠨᠠᠵᠠᠭ᠋ᠠᠢ ᠳᠠᠯ᠎ᠠ ᠵᠢᠨ ᠮᠡᠳᠡᠭᠡ ᠵᠠᠩᠬᠢ ᠵᠢᠨ ᠪᠤᠢ ᠪᠤᠯᠤᠭᠰᠠᠨ ᠰᠢᠯᠳᠠᠭ᠋ᠠᠨ᠎ᠢ ᠵᠠᠳᠠᠯᠤᠨ ᠰᠤᠳᠤᠯᠵᠤ᠂ ᠪᠠᠢ᠌ᠩᠭᠤ ᠵᠢᠨ ᠪᠦᠳᠦᠮᠵᠢᠳᠤ ᠬᠢᠨᠠᠨ ᠬᠠᠮᠢᠶᠠᠷᠬᠤ ᠳᠤᠭᠳᠠᠴᠠ ᠳᠤᠭᠳᠠᠭ᠋ᠠᠪᠠ᠃ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠳᠡᠭᠡᠷ᠎ᠡ ᠬᠤᠯᠪᠤᠭᠳᠠᠯ ᠪᠦᠬᠦᠢ ᠤᠳᠤᠷᠢᠳᠤᠯᠭ᠎ᠠ ᠪᠤᠯᠤᠨ   ᠬᠠᠷᠢᠭᠤᠴᠠᠯᠭ᠋ᠠᠲᠠᠨ᠎ᠢ ᠬᠦᠨ ᠬᠦᠨᠵᠡᠭᠡᠢ ᠪᠠᠢ᠌ᠴᠠᠭ᠋ᠠᠯᠳᠠ ᠬᠢᠯᠭᠡᠵᠤ᠂ ᠰᠦᠯᠵᠢᠶ᠎ᠠ ᠵᠢ ᠬᠠᠮᠠᠭ᠋ᠠᠯᠠᠵᠤ ᠬᠠᠮᠢᠶᠠᠷᠬᠤ ᠺᠤᠮᠫᠠᠨᠢ᠎ᠠᠴᠠ ᠬᠠᠷᠢᠭᠤᠴᠠᠯᠭ᠎ᠠ ᠨᠡᠭᠡᠮᠵᠢᠯᠡᠨ᠂ ᠪᠠᠳᠤᠯᠠᠭ᠎ᠠ ᠵᠢᠨ ᠮᠦᠩᠬᠦ᠎ᠠᠴᠠ᠎ᠨᠢ ᠬᠠᠰᠤᠵᠤ ᠳᠤᠷᠭ᠋ᠠᠪᠠ᠃ 8 ᠳ᠋ᠤᠭ᠋ᠠᠷ ᠰᠠᠷ᠎ᠡ᠎ᠳᠤ᠂ ᠮᠡᠳᠡᠭᠡ ᠵᠠᠩᠬᠢ ᠵᠢᠨ ᠳᠦᠪ᠎ᠤᠨ᠎ᠬᠢᠨ ᠵᠠᠰᠠᠭ᠎ᠤᠨ ᠤᠷᠳᠤᠨ᠎ᠤ ᠠᠯᠪᠠᠨ ᠳᠢᠩᠬᠢᠮ᠎ᠤᠨ 《ᠬᠤᠤᠷ   ᠬᠦᠨᠦᠭᠡᠯ᠎ᠲᠠᠢ ᠮᠡᠳᠡᠭᠡ ᠵᠠᠩᠬᠢ ᠵᠢ ᠴᠡᠪᠡᠷᠯᠡᠨ ᠠᠷᠢᠯᠭ᠋ᠠᠬᠤ ᠠᠵᠢᠯ᠎ᠢ ᠪᠦᠬᠦ ᠳᠠᠯ᠎ᠠ᠎ᠪᠠᠷ ᠦᠷᠬᠦᠯᠵᠢᠯᠡᠨ ᠦᠷᠨᠢᠬᠦᠯᠬᠦ ᠳᠤᠬᠠᠢ ᠮᠡᠳᠡᠭᠳᠡᠯ》 ᠎ᠤᠨ ᠱᠠᠭ᠋ᠠᠷᠳᠠᠯᠭ᠎ᠠ ᠵᠢ ᠵᠢᠷᠤᠮᠯᠠᠨ᠂ ᠳᠢᠩᠬᠢᠮ᠎ᠤᠨ ᠬᠠᠷᠢᠶ᠎ᠠ ᠰᠦᠯᠵᠢᠶ᠎ᠠ ᠵᠢ ᠳᠠᠬᠢᠨᠳᠠ ᠪᠦᠬᠦ ᠳᠠᠯ᠎ᠠ᠎ᠪᠠᠷ   ᠪᠠᠢ᠌ᠴᠠᠭ᠋ᠠᠨ ᠴᠡᠪᠡᠷᠯᠡᠵᠤ᠂ ᠬᠤᠤᠷ ᠬᠦᠨᠦᠭᠡᠯ᠎ᠲᠠᠢ ᠮᠡᠳᠡᠭᠡ ᠵᠠᠩᠬᠢ ᠵᠢ ᠬᠢᠨᠠᠨ ᠡᠵᠡᠮᠳᠡᠵᠤ ᠴᠡᠪᠡᠷᠯᠡᠨ ᠠᠷᠢᠯᠭ᠋ᠠᠬᠤ ᠠᠵᠢᠯ ᠵᠶ᠋ᠠᠨ   ᠦᠷᠬᠦᠯᠵᠢᠯᠡᠬᠦᠯᠪᠡ᠃ ᠬᠤᠶᠠᠷ᠎ᠲᠤ᠂ ᠳᠤᠳᠤᠭ᠋ᠠᠳᠤ ᠰᠡᠳᠬᠦᠯ᠎ᠤᠨ ᠬᠢᠨᠠᠨ ᠬᠠᠮᠢᠶᠠᠷᠤᠯᠳᠠ ᠵᠢ ᠴᠢᠩᠭ᠋ᠠᠳᠬᠠᠪᠠ᠃ 《ᠦᠪᠦᠷ ᠮᠤᠩᠭᠤᠯ᠎ᠤᠨ ᠠᠷᠠᠳ᠎ᠤᠨ ᠶᠠᠪᠤᠳᠠᠯ》᠎ᠢ   ᠨᠠᠢ᠌ᠷᠠᠭᠤᠯᠤᠨ ᠭᠡᠪᠯᠡᠬᠦ ᠵᠢ ᠵᠢᠷᠤᠮᠵᠢᠭᠤᠯᠤᠨ᠂ 《  ᠴᠡᠷᠢᠭ᠎ᠠᠴᠠ ᠠᠮᠠᠷᠠᠭᠰᠠᠳ᠎ᠤᠨ ᠠᠮᠢᠳᠤᠷᠠᠯ》᠎ᠢ ᠵᠤᠭᠰᠤᠭ᠋ᠠᠵᠤ᠂ ᠠᠷᠠᠳ᠎ᠤᠨ ᠶᠠᠪᠤᠳᠠᠯ᠎ᠤᠨ 《ᠬᠤᠶᠠᠷ ᠰᠡᠳᠬᠦᠯ ᠨᠢᠭᠡ ᠰᠦᠯᠵᠢᠶ᠎ᠡ》 ᠵᠢᠨ ᠬᠢᠨᠠᠨ ᠬᠠᠮᠢᠶᠠᠷᠤᠯᠳᠠ ᠵᠢ ᠴᠢᠩᠭ᠋ᠠᠳᠬᠠᠨ᠂ ᠵᠦᠪ ᠳᠠᠯ᠎ᠠ ᠵᠢᠨ ᠵᠢᠯᠤᠭᠤᠳᠤᠮᠵᠢ ᠬᠢᠬᠦ᠂   ᠵᠦᠪ ᠳᠠᠯ᠎ᠠ ᠵᠢᠨ ᠤᠬᠠᠭᠤᠯᠭ᠎ᠠ ᠬᠢᠬᠦ᠂ ᠵᠦᠪ ᠳᠠᠯ᠎ᠠ᠎ᠪᠠᠷ ᠤᠷᠢᠶᠠᠯᠠᠨ ᠳᠠᠭ᠋ᠠᠭᠤᠯᠬᠤ ᠵᠢ ᠪᠠᠷᠢᠮᠳᠠᠯᠠᠵᠤ᠂ ᠵᠦᠪ ᠴᠢᠭᠯᠡᠯ᠎ᠢ ᠪᠠᠷᠢᠮᠳᠠᠯᠠᠪᠠ᠃ ᠭᠤᠷᠪᠠ᠎ᠳᠤ᠂ 《ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠠᠵᠢᠯᠯᠠᠭ᠎ᠠ ᠵᠢ ᠵᠢᠷᠤᠮᠵᠢᠭᠤᠯᠬᠤ》᠂ 《ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠠᠵᠢᠯᠯᠠᠭ᠎ᠠ ᠵᠢ ᠬᠠᠮᠢᠶᠠᠷᠬᠤ ᠠᠷᠭ᠎ᠠ》 ᠵᠢ ᠴᠢᠩᠭ᠎ᠠ ᠭᠡᠷᠡᠭᠵᠢᠬᠦᠯᠵᠤ᠂ ᠨᠡᠢ᠌ᠭᠡᠮ᠎ᠤᠨ ᠵᠤᠬᠢᠶᠠᠨ   ᠪᠠᠢ᠌ᠭᠤᠯᠤᠯᠳᠠ ᠵᠢᠨ ᠳᠠᠩᠰᠠᠯᠠᠯᠳᠠ᠂ ᠤᠨ᠎ᠤ ᠪᠠᠢ᠌ᠴᠠᠭ᠋ᠠᠯᠳᠠ᠂ ᠵᠡᠷᠭᠡ ᠳᠡᠰ ᠳᠤᠭᠳᠠᠭ᠋ᠠᠬᠤ᠂ ᠳᠤᠭᠳᠠᠮᠠᠯ ᠪᠤᠰᠤ᠎ᠪᠠᠷ ᠰᠤᠭᠤᠴᠢᠨ ᠪᠠᠢ᠌ᠴᠠᠭ᠋ᠠᠬᠤ᠎ᠲᠠᠢ ᠤᠶᠠᠯᠳᠤᠭᠤᠯᠤᠨ ᠬᠤᠯᠪᠤᠭᠳᠠᠯ ᠪᠦᠬᠦᠢ ᠬᠢᠨᠠᠨ ᠬᠠᠮᠢᠶᠠᠷᠤᠯᠳᠠ ᠵᠢᠨ ᠳᠦᠷᠢᠮ   ᠳᠤᠭᠳᠠᠭ᠋ᠠᠪᠠ᠃   ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠳᠤᠤᠷ ᠰᠦᠯᠵᠢᠶ᠎ᠠ᠂ ᠭᠡᠪᠯᠡᠭᠳᠡᠬᠦᠨ᠂ ᠮᠡᠳᠡᠬᠦᠯᠦᠯᠳᠡ ᠵᠢᠨ ᠬᠤᠷᠠᠯ᠂ ᠰᠤᠳᠤᠯᠤᠨ ᠶᠠᠷᠢᠯᠴᠠᠬᠤ ᠬᠤᠷᠠᠯ᠎ᠤᠨ ᠬᠢᠨᠠᠨ ᠬᠠᠮᠢᠶᠠᠷᠤᠯᠳᠠ ᠪᠤᠯᠤᠨ ᠰᠢᠯᠭ᠋ᠠᠨ ᠪᠠᠢ᠌ᠴᠠᠭ᠋ᠠᠯᠳᠠ ᠵᠢ ᠴᠢᠩᠭ᠋ᠠᠳᠬᠠᠪᠠ᠃
     (ᠭᠤᠷᠪᠠ) ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠪᠦᠳᠦᠭᠡᠨ ᠪᠠᠢ᠌ᠭᠤᠯᠤᠯᠳᠠ ᠵᠢᠨ ᠳᠠᠯ᠎ᠠ᠎ᠪᠠᠷ
     13. 《  ᠰᠤᠩᠭᠤᠨ ᠳᠠᠨᠢᠯᠴᠠᠭᠤᠯᠬᠤ ᠰᠢᠯᠭ᠋ᠠᠨ ᠪᠠᠢ᠌ᠴᠠᠭ᠋ᠠᠬᠤ ᠰᠢᠯᠢᠨ ᠭᠡᠷᠡᠭᠯᠡᠬᠦ ᠪᠤᠭᠤᠮᠳᠠ ᠵᠢ ᠠᠳᠬᠤᠭᠰᠠᠨ ᠵᠶ᠋ᠡᠷ ᠳᠤᠳᠠᠮᠠᠭ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂   ᠵᠦᠪ ᠤᠨᠤᠪᠴᠢᠳᠠᠢ ᠬᠦᠮᠦᠨ ᠰᠤᠩᠭᠤᠵᠤ   ᠭᠡᠷᠡᠭᠯᠡᠬᠦ ᠵᠢᠯᠤᠭᠤᠳᠤᠮᠵᠢ ᠵᠢ ᠪᠤᠢ ᠪᠤᠯᠭ᠋ᠠᠪᠠ᠃ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ᠎ᠲᠠᠢ ᠰᠠᠢ᠌ᠨ ᠺᠠᠳ᠋ᠷ᠎ᠢ ᠰᠢᠯᠢᠨ ᠭᠡᠷᠡᠭᠯᠡᠬᠦ ᠪᠠᠷᠢᠮᠵᠢᠶ᠎ᠠ ᠵᠢ ᠵᠢᠷᠤᠮᠯᠠᠵᠤ᠂ ᠢᠳᠡᠭᠡᠯ ᠪᠠᠳᠤ᠂ ᠤᠯᠤᠰ ᠳᠦᠷᠦ ᠵᠢᠨ ᠵᠤᠬᠰᠤᠯᠳᠠ ᠪᠠᠳᠤ᠂ ᠬᠠᠷᠢᠭᠤᠴᠠᠯᠭ᠎ᠠ᠎ᠲᠠᠢ᠂ ᠴᠢᠳᠠᠪᠤᠷᠢ᠎ᠲᠠᠢ᠂   ᠳᠦᠪ ᠰᠤᠷᠳᠠᠯ᠎ᠲᠠᠢ ᠪᠠᠢ᠌ᠬᠤ ᠵᠢ ᠳᠤᠪᠤᠢ᠌ᠯᠭ᠋ᠠᠨ᠂ ᠵᠦᠪᠭᠡᠨ ᠪᠢᠯᠸᠲ᠎ᠤᠨ   ᠳᠤᠭ᠎ᠠ᠎ᠪᠠᠷ ᠪᠠᠷᠢᠮᠵᠢᠶᠠᠯᠠᠬᠤ ᠦᠭᠡᠢ᠂ ᠬᠢᠷᠢ ᠭᠡᠮ ᠵᠶ᠋ᠡᠷ᠎ᠨᠢ ᠵᠡᠷᠭᠡ ᠳᠤᠰᠢᠶᠠᠯ ᠤᠯᠭᠤᠬᠤ ᠦᠭᠡᠢ ᠪᠠᠢ᠌ᠵᠤ᠂ ᠦᠨᠡᠨ᠎ᠠᠴᠠ ᠵᠦᠪ᠎ᠢ ᠡᠷᠢᠬᠦ ᠵᠠᠷᠴᠢᠮ ᠵᠶ᠋ᠡᠷ ᠺᠠᠳ᠋ᠷ᠎ᠢ ᠦᠨᠡᠯᠡᠬᠦ᠂ ᠳᠦᠪ ᠭᠤᠤᠯᠴᠢ᠎ᠪᠠᠷ ᠺᠠᠳ᠋ᠷ᠎ᠢ ᠭᠡᠷᠡᠭᠯᠡᠬᠦ ᠵᠢ ᠪᠠᠷᠢᠮᠳᠠᠯᠠᠨ᠂ ᠬᠦᠮᠦᠨ   ᠰᠤᠩᠭᠤᠵᠤ ᠭᠡᠷᠡᠭᠯᠡᠬᠦ ᠭᠤᠭᠴᠤᠭ᠋ᠠᠨ᠎ᠳᠠᠬᠢ ᠳᠦᠪ ᠪᠤᠰᠤ ᠰᠤᠷᠳᠠᠯ᠎ᠢ ᠴᠡᠭᠴᠡᠯᠠᠨ ᠵᠠᠰᠠᠬᠤ ᠠᠵᠢᠯ᠎ᠢ ᠴᠢᠩᠭ᠋ᠠᠳᠬᠠᠪᠠ᠃ ᠭᠤᠷᠪᠠ᠎ᠳᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠠᠷᠠᠳᠴᠢᠯᠠᠯ ᠳᠦᠪᠯᠡᠷᠡᠯ᠎ᠤᠨ ᠵᠠᠷᠴᠢᠮ᠎ᠢ ᠴᠢᠩᠭ᠎ᠠ ᠪᠠᠷᠢᠮᠳᠠᠯᠠᠨ᠂ ᠰᠤᠩᠭᠤᠨ ᠳᠠᠨᠢᠯᠴᠠᠭᠤᠯᠬᠤ᠂ ᠰᠢᠯᠭ᠋ᠠᠨ ᠪᠠᠢ᠌ᠴᠠᠭ᠋ᠠᠬᠤ᠂ ᠰᠢᠯᠢᠨ ᠭᠡᠷᠡᠭᠯᠡᠬᠦ᠎ᠳᠤ᠎ᠪᠠᠨ ᠠᠷᠠᠳᠴᠢᠯᠠᠯ ᠵᠶ᠋ᠡᠷ ᠶᠠᠷᠢᠯᠴᠠᠭᠤᠯᠵᠤ᠂   ᠰᠢᠯᠢᠨ ᠭᠡᠷᠡᠭᠯᠡᠬᠦ᠎ᠪᠠᠷ ᠪᠠᠢ᠌ᠭ᠎ᠠ ᠬᠦᠮᠦᠨ᠎ᠤ ᠠᠷᠢᠭᠤᠨ ᠴᠢᠭᠡᠴᠢ᠎ᠪᠠᠷ ᠪᠡᠶ᠎ᠡ᠎ᠪᠠᠨ ᠪᠠᠷᠢᠭᠰᠠᠨ ᠳ᠋ᠦᠩᠨᠡᠯᠳᠡ ᠵᠢᠨ ᠴᠢᠨᠠᠷ᠎ᠲᠠᠢ ᠰᠠᠨᠠᠯ᠎ᠳᠤ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠪᠤᠯᠤᠨ ᠰᠠᠬᠢᠯᠭ᠎ᠠ ᠪᠠᠳᠤ ᠪᠠᠢ᠌ᠴᠠᠭ᠋ᠠᠬᠤ   ᠳᠤᠭᠤᠢ᠌ᠯᠠᠩ᠎ᠤᠨ ᠳᠠᠷᠤᠭ᠎ᠠ ᠭᠠᠷ᠎ᠤᠨ ᠦᠰᠦᠭ ᠵᠢᠷᠤᠬᠤ ᠳᠦᠷᠢᠮ  ᠎ᠢ ᠴᠢᠩᠭ᠎ᠠ ᠨᠠᠢ᠌ᠳᠠᠪᠤᠷᠢᠵᠢᠭᠤᠯᠤᠨ᠂ ᠺᠠᠳ᠋ᠷ᠎ᠤᠨ ᠵᠠᠩ ᠴᠢᠨᠠᠷ᠎ᠤᠨ ᠪᠤᠭᠤᠮᠳᠠ᠂ ᠰᠤᠷᠳᠠᠯ᠎ᠤᠨ ᠪᠤᠭᠤᠮᠳᠠ᠂ ᠠᠷᠢᠭᠤᠨ ᠴᠢᠭᠡᠴᠢ ᠵᠢᠨ ᠪᠤᠭᠤᠮᠳᠠ ᠵᠢ ᠦᠨᠡᠨᠬᠦ ᠴᠢᠩᠭ᠎ᠠ ᠰᠠᠬᠢᠪᠠ᠃ ᠵᠤᠬᠢᠶᠠᠨ ᠪᠠᠢ᠌ᠭᠤᠯᠬᠤ ᠰᠠᠯᠠᠭ᠎ᠠ ᠮᠦᠴᠢᠷ ᠪᠠ ᠠᠵᠢᠯᠳᠠᠨ᠎ᠤ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠰᠠᠬᠢᠯᠭ᠎ᠠ ᠪᠠᠳᠤ ᠪᠠᠢ᠌ᠴᠠᠭ᠋ᠠᠬᠤ   ᠬᠢᠨᠠᠨ ᠪᠠᠢ᠌ᠴᠠᠭ᠋ᠠᠬᠤ ᠰᠠᠯᠠᠭ᠎ᠠ ᠮᠦᠴᠢᠷ᠎ᠲᠠᠢ ᠢᠮᠡᠭ᠍ᠳᠡ   ᠬᠠᠷᠢᠴᠠᠨ ᠤᠢ᠌ᠯᠠᠭ᠋ᠠᠯᠴᠠᠵᠤ᠂ ᠤᠨᠴᠠᠭ᠋ᠠᠢ᠌ᠯᠠᠨ ᠺᠠᠳ᠋ᠷ᠎ᠤᠨ ᠠᠷᠢᠭᠤᠨ ᠴᠢᠭᠡᠴᠢ᠎ᠪᠠᠷ ᠪᠡᠶ᠎ᠡ᠎ᠪᠠᠨ ᠪᠠᠷᠢᠭᠰᠠᠨ ᠪᠠᠢ᠌ᠳᠠᠯ᠎ᠢ ᠤᠢ᠌ᠯᠠᠭ᠋ᠠᠨ᠂ ᠠᠰᠠᠭᠤᠳᠠᠯ ᠢᠯᠡᠷᠡᠪᠡᠯ ᠳᠠᠷᠤᠢ᠎ᠳᠤ᠎ᠨᠢ ᠰᠡᠷᠡᠮᠵᠢᠯᠡᠬᠦᠯᠵᠤ ᠳᠠᠷᠤᠢ᠎ᠳᠤ᠎ᠨᠢ ᠵᠠᠯᠠᠷᠠᠭᠤᠯᠵᠤ᠂ ᠪᠠᠭ᠎ᠠ ᠶᠠᠪᠤᠳᠠᠯ ᠶᠡᠭᠡ ᠤᠴᠢᠷ   ᠪᠤᠯᠵᠤ ᠬᠤᠪᠢᠷᠠᠬᠤ ᠵᠢ ᠰᠡᠷᠭᠡᠢ᠌ᠯᠡᠪᠡ᠃ ᠭᠤᠷᠪᠠ᠎ᠳᠤ᠂ ᠺᠠᠳ᠋ᠷ᠎ᠢ ᠰᠢᠯᠭ᠋ᠠᠨ ᠪᠠᠢ᠌ᠴᠠᠭ᠋ᠠᠬᠤ ᠤᠨᠤᠪᠴᠢᠳᠤ ᠴᠢᠨᠠᠷ ᠪᠤᠯᠤᠨ ᠰᠢᠨᠵᠢᠯᠡᠬᠦ ᠤᠬᠠᠭ᠋ᠠᠨᠴᠢ ᠴᠢᠨᠠᠷ   ᠵᠶ᠋ᠠᠨ ᠳᠡᠭᠡᠭᠰᠢᠯᠡᠬᠦᠯᠪᠡ᠃ ᠡᠯ᠎ᠡ ᠳᠠᠯ᠎ᠠ ᠵᠢᠨ ᠰᠠᠨᠠᠯ᠎ᠢ ᠦᠷᠭᠡᠨ ᠵᠶ᠋ᠡᠷ ᠰᠤᠨᠤᠰᠴᠤ᠂   ᠺᠠᠳ᠋ᠷ᠎ᠤᠨ ᠤᠷᠮ᠎ᠠ ᠵᠤᠷᠢᠭ᠎ᠤᠨ ᠪᠠᠢ᠌ᠳᠠᠯ᠂ ᠰᠤᠷᠳᠠᠯ᠎ᠤᠨ ᠪᠠᠢ᠌ᠳᠠᠯ᠂ ᠠᠵᠢᠯ᠎ᠤᠨ ᠤᠪᠤᠷ᠂ ᠤᠯᠠᠨ ᠳᠦᠮᠡᠨ᠎ᠤ ᠳᠤᠰᠬᠠᠯ ᠵᠡᠷᠭᠡ ᠤᠯᠠᠨ ᠳᠠᠯ᠎ᠠ ᠵᠢ ᠤᠢ᠌ᠯᠠᠭ᠋ᠠᠬᠤ᠎ᠪᠠᠷ ᠳᠠᠮᠵᠢᠨ᠂ ᠺᠠᠳ᠋ᠷ᠎ᠤᠨ ᠡᠳᠤᠷ ᠳᠤᠳᠤᠮ᠎ᠤᠨ ᠠᠵᠢᠯ᠎ᠤᠨ ᠢᠯᠡᠷᠡᠯ᠂ ᠴᠢᠬᠤᠯᠠ ᠶᠡᠭᠡ ᠭᠡᠷᠡᠭ ᠶᠠᠪᠤᠳᠠᠯ᠎ᠳᠤ ᠬᠠᠷᠢᠭᠤᠴᠠᠯᠭ᠎ᠠ ᠡᠬᠦᠷᠭᠡᠯᠡᠬᠦ ᠵᠤᠷᠢᠭ ᠰᠠᠨᠠᠭ᠎ᠠ ᠵᠢ ᠤᠢ᠌ᠯᠭ᠋ᠠᠨ ᠡᠵᠡᠮᠰᠢᠵᠤ᠂ ᠵᠤᠬᠢᠶᠠᠨ ᠪᠠᠢ᠌ᠭᠤᠯᠤᠯᠳᠠ ᠰᠡᠳᠬᠢᠯ ᠬᠠᠨᠤᠮᠵᠢᠳᠠᠢ᠂   ᠤᠯᠠᠨ ᠳᠦᠮᠡᠨ ᠰᠡᠳᠬᠢᠯ ᠬᠠᠨᠤᠮᠵᠢᠳᠠᠢ ᠰᠠᠢ᠌ᠨ ᠺᠠᠳ᠋ᠷ᠎ᠢ ᠰᠢᠯᠢᠨ ᠭᠡᠷᠡᠭᠯᠡᠬᠦ ᠵᠢ ᠪᠠᠳᠤᠯᠠᠪᠠ᠃
     14. 《ᠺᠠᠳ᠋ᠷ᠎ᠢ ᠰᠢᠯᠢᠨ ᠭᠡᠷᠡᠭᠯᠡᠬᠦ ᠶᠠᠪᠤᠴᠠ   ᠳᠦᠷᠢᠮᠵᠢᠭᠰᠡᠨ ᠪᠤᠰᠤ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ 《  ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ   ᠶᠠᠪᠤᠳᠠᠯ᠎ᠤᠨ ᠳᠢᠩᠬᠢᠮ᠎ᠤᠨ ᠺᠠᠳ᠋ᠷ᠎ᠢ ᠰᠤᠩᠭᠤᠨ ᠭᠡᠷᠡᠭᠯᠡᠬᠦ ᠠᠵᠢᠯ᠎ᠤᠨ ᠳᠦᠷᠢᠮ》᠂ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠬᠤᠪᠢ ᠬᠦᠮᠦᠨ᠎ᠤ ᠬᠤᠯᠪᠤᠭᠳᠠᠯ ᠪᠦᠬᠦᠢ ᠭᠡᠷᠡᠭ ᠶᠠᠪᠤᠳᠠᠯ᠎ᠤᠨ ᠮᠡᠳᠡᠬᠦᠯᠦᠯᠳᠡ ᠵᠢ ᠪᠠᠢ᠌ᠴᠠᠭ᠋ᠠᠨ ᠬᠠᠷᠭᠤᠭᠤᠯᠬᠤ ᠠᠵᠢᠯ᠎ᠤᠨ ᠳᠦᠷᠢᠮ》᠂ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠺᠠᠳ᠋ᠷ᠎ᠤᠨ ᠳᠠᠩᠰᠠ ᠡᠪᠭᠡᠮᠡᠯ᠎ᠢ ᠬᠢᠨᠠᠨ ᠬᠠᠷᠭᠤᠭᠤᠯᠬᠤ ᠠᠵᠢᠯ᠎ᠤᠨ ᠳᠦᠷᠢᠮ》 ᠵᠡᠷᠭᠡ ᠳᠦᠷᠢᠮ ᠳᠤᠭᠳᠠᠭ᠋ᠠᠯ᠎ᠢ   ᠳᠤᠭᠳᠠᠭ᠋ᠠᠨ᠂ ᠺᠠᠳ᠋ᠷ᠎ᠢ ᠰᠤᠩᠭᠤᠨ ᠭᠡᠷᠡᠭᠯᠡᠬᠦ ᠠᠵᠢᠯ᠎ᠤᠨ ᠶᠠᠪᠤᠴᠠ ᠵᠢ   ᠤᠯᠠᠮ ᠵᠶ᠋ᠡᠷ ᠵᠢᠷᠤᠮᠵᠢᠭᠤᠯᠪᠠ᠃ 《ᠨᠠᠮ ᠵᠠᠰᠠᠭ᠎ᠤᠨ ᠤᠳᠤᠷᠢᠳᠬᠤ ᠺᠠᠳ᠋ᠷ᠎ᠢ ᠰᠤᠩᠭᠤᠨ ᠭᠡᠷᠡᠭᠯᠡᠬᠦ ᠠᠵᠢᠯ᠎ᠤᠨ ᠳᠦᠷᠢᠮ》᠂ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠳᠤᠳᠤᠭ᠋ᠠᠳᠤ᠎ᠳᠤ ᠬᠢᠨᠠᠯᠳᠠ ᠳᠠᠯᠪᠢᠬᠤ ᠳᠦᠷᠢᠮ》 ᠪᠤᠯᠤᠨ 《 〈ᠡᠮᠵᠡᠭ〉᠎ᠲᠠᠢ ᠺᠠᠳ᠋ᠷ᠎ᠢ ᠳᠡᠪᠰᠢᠬᠦᠯᠬᠦ ᠵᠢ ᠰᠡᠷᠭᠡᠢ᠌ᠯᠡᠬᠦ ᠳᠤᠬᠠᠢ ᠰᠠᠨᠠᠯ》᠂ 《ᠺᠠᠳ᠋ᠷ᠎ᠢ ᠰᠤᠩᠭᠤᠨ ᠭᠡᠷᠡᠭᠯᠡᠬᠦ ᠠᠵᠢᠯ᠎ᠳᠤ ᠬᠢᠨᠠᠯᠳᠠ ᠳᠠᠯᠪᠢᠬᠤ ᠵᠢ ᠴᠢᠩᠭ᠋ᠠᠳᠬᠠᠬᠤ ᠳᠤᠬᠠᠢ ᠰᠠᠨᠠᠯ》 ᠵᠢᠴᠢ 《ᠨᠠᠮ᠎ᠤᠨ   ᠬᠤᠷᠢᠶᠠᠨ (ᠨᠠᠮ᠎ᠤᠨ ᠳᠤᠭᠤᠢ᠌ᠯᠠᠩ  )᠎ᠤ ᠺᠠᠳ᠋ᠷ᠎ᠢ ᠳᠤᠰᠢᠶᠠᠯ᠎ᠳᠤ ᠳᠤᠮᠢᠯᠠᠬᠤ ᠳᠤᠰᠢᠶᠠᠯ᠎ᠠᠴᠠ ᠪᠠᠭᠤᠯᠭ᠋ᠠᠬᠤ ᠵᠢ ᠶᠠᠷᠢᠯᠴᠠᠨ ᠳᠤᠭᠳᠠᠭ᠋ᠠᠬᠤ   ᠳᠦᠷᠢᠮ》 ᠵᠡᠷᠭᠡ ᠨᠠᠮ᠎ᠤᠨ ᠳᠤᠳᠤᠭ᠋ᠠᠳᠤ ᠵᠢᠨ ᠬᠠᠤᠯᠢ ᠳᠦᠷᠢᠮ ᠪᠤᠯᠤᠨ ᠬᠤᠯᠪᠤᠭᠳᠠᠯ ᠪᠦᠬᠦᠢ ᠳᠤᠭᠳᠠᠭ᠋ᠠᠯ᠎ᠢ ᠵᠢᠷᠤᠮᠯᠠᠨ᠂ ᠺᠠᠳ᠋ᠷ᠎ᠢ ᠰᠤᠩᠭᠤᠨ ᠭᠡᠷᠡᠭᠯᠡᠬᠦ ᠠᠵᠢᠯ᠎ᠤᠨ ᠶᠠᠪᠤᠴᠠ ᠵᠢ   ᠪᠦᠬᠦ ᠳᠠᠯ᠎ᠠ᠎ᠪᠠᠷ ᠰᠢᠯᠤᠭᠤᠳᠬᠠᠵᠤ᠂ ᠺᠠᠳ᠋ᠷ᠎ᠢ ᠰᠢᠯᠭ᠋ᠠᠨ ᠪᠠᠢ᠌ᠴᠠᠭ᠋ᠠᠬᠤ ᠳᠦᠰᠦᠯ ᠳᠤᠭᠳᠠᠭ᠋ᠠᠨ᠂ ᠠᠷᠠᠳᠴᠢᠯᠠᠯ ᠵᠶ᠋ᠡᠷ ᠦᠨᠡᠯᠡᠬᠦ   ᠭᠤᠭᠴᠤᠭ᠎ᠠ ᠪᠠ ᠺᠠᠳ᠋ᠷ᠎ᠢ ᠰᠤᠩᠭᠤᠨ ᠳᠤᠰᠢᠶᠠᠯ᠎ᠳᠤ ᠳᠤᠮᠢᠯᠠᠬᠤ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠺᠠᠳ᠋ᠷ ᠰᠤᠩᠭᠤᠨ ᠭᠡᠷᠡᠭᠯᠡᠬᠦ ᠠᠵᠢᠯ᠎ᠤᠨ ᠬᠢᠨᠠᠨ ᠬᠠᠮᠢᠶᠠᠷᠤᠯᠳᠠ᠎ᠪᠠᠨ   ᠴᠢᠩᠭ᠋ᠠᠳᠬᠠᠪᠠ᠃   ᠬᠤᠶᠠᠷ᠎ᠲᠤ᠂ ᠺᠠᠳ᠋ᠷ᠎ᠢ ᠰᠤᠩᠭᠤᠨ ᠭᠡᠷᠡᠭᠯᠡᠬᠦ ᠠᠵᠢᠯ᠎ᠤᠨ ᠶᠠᠪᠤᠴᠠ᠎ᠳᠤ ᠳᠢᠩᠬᠢᠮ᠎ᠳᠤ ᠰᠠᠭᠤᠭ᠎ᠠ ᠰᠠᠬᠢᠯᠭ᠎ᠠ ᠪᠠᠳᠤ ᠪᠠᠢ᠌ᠴᠠᠭ᠋ᠠᠬᠤ ᠳᠤᠭᠤᠢ᠌ᠯᠠᠩ᠎ᠤᠨ ᠬᠢᠨᠠᠯᠳᠠ ᠳᠠᠯᠪᠢᠬᠤ ᠳᠤᠭᠳᠠᠴᠠ ᠵᠢ ᠨᠠᠷᠢᠨ ᠬᠢᠨᠠᠮᠠᠭ᠋ᠠᠢ ᠭᠡᠷᠡᠭᠵᠢᠬᠦᠯᠵᠤ᠂ ᠰᠠᠨᠠᠭ᠋ᠠᠴᠢᠯᠠᠬᠤ᠂ ᠠᠷᠠᠳᠴᠢᠯᠠᠯ ᠵᠶ᠋ᠡᠷ ᠳᠠᠨᠢᠯᠴᠠᠭᠤᠯᠬᠤ᠂ ᠰᠢᠯᠭ᠋ᠠᠨ ᠪᠠᠢ᠌ᠴᠠᠭ᠋ᠠᠬᠤ᠂ ᠶᠠᠷᠢᠯᠴᠠᠵᠤ ᠳᠤᠭᠳᠠᠭ᠋ᠠᠬᠤ᠂ ᠳᠤᠰᠢᠶᠠᠯ᠎ᠳᠤ ᠳᠤᠮᠢᠯᠠᠬᠤ ᠵᠡᠷᠭᠡ ᠡᠯ᠎ᠡ ᠭᠤᠭᠴᠤᠭ᠋ᠠᠨ᠎ᠳᠤ ᠬᠢᠨᠠᠯᠳᠠ ᠳᠠᠯᠪᠢᠬᠤ᠎ᠪᠠᠨ ᠴᠢᠩᠭ᠋ᠠᠳᠬᠠᠨ᠂ ᠺᠠᠳ᠋ᠷ᠎ᠢ ᠰᠤᠩᠭᠤᠨ ᠭᠡᠷᠡᠭᠯᠡᠬᠦ ᠠᠵᠢᠯ᠎ᠤᠨ ᠢᠯᠡ ᠳᠤᠳᠤ᠂ ᠳᠦᠪ ᠭᠤᠤᠯᠴᠢ᠂ ᠵᠢᠷᠤᠮᠵᠢᠯ᠎ᠲᠠᠢ   ᠶᠠᠪᠤᠭᠳᠠᠬᠤ ᠵᠢ ᠪᠠᠳᠤᠯᠠᠪᠠ᠃
     15. 《ᠺᠠᠳ᠋ᠷ᠎ᠤᠨ   ᠬᠢᠨᠠᠯᠳᠠ ᠬᠠᠮᠢᠶᠠᠷᠤᠯᠳᠠ ᠴᠢᠩᠭ᠎ᠠ ᠪᠤᠰᠤ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠳᠤᠰᠢᠶᠠᠯ᠎ᠤᠨ ᠳᠤᠭ᠋ᠠᠨ᠎ᠤ ᠬᠠᠮᠢᠶᠠᠷᠤᠯᠳᠠ ᠵᠢ ᠵᠢᠷᠤᠮᠵᠢᠭᠤᠯᠵᠤ᠂ ᠶᠠᠭᠤᠨ᠎ᠤ ᠤᠷᠢᠳ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠭ᠎ᠢ ᠳᠤᠬᠢᠷᠠᠭᠤᠯᠤᠨ ᠴᠢᠩᠭ᠋ᠠᠳᠬᠠᠪᠠ᠃ ᠪᠠᠢ᠌ᠭᠤᠯᠤᠮᠵᠢ ᠵᠢᠨ ᠦᠭᠡᠷᠡᠴᠢᠯᠡᠯᠳᠡ ᠳᠠᠭᠤᠰᠤᠭᠰᠠᠨ᠎ᠤ ᠳᠠᠷᠠᠭ᠎ᠠ᠂ ᠳᠤᠳᠠᠭᠤ ᠵᠢ   ᠨᠦᠬᠦᠨ᠂ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠭ᠎ᠢ ᠳᠤᠬᠢᠷᠠᠭᠤᠯᠤᠨ ᠪᠦᠷᠢᠳᠦᠬᠦᠯᠵᠤ᠂ ᠳᠡᠳ᠋ ᠳᠠᠷᠤᠭ᠎ᠠ ᠤᠷᠳᠤ ᠬᠤᠭᠤᠴᠠᠭ᠎ᠠ᠎ᠪᠠᠷ ᠭᠤᠤᠯ ᠠᠵᠢᠯ᠎ᠢ ᠬᠠᠷᠢᠭᠤᠴᠠᠵᠤ ᠪᠠᠢ᠌ᠭ᠎ᠠ ᠦᠵᠡᠭᠳᠡᠯ ᠪᠤᠯᠤᠨ ᠳᠡᠳ᠋ ᠭᠠᠵᠠᠷ᠎ᠤᠨ ᠳᠡᠰ᠎ᠤᠨ ᠺᠠᠳ᠋ᠷ᠎ᠤᠨ ᠳᠤᠭ᠎ᠠ ᠳᠠᠪᠠᠵᠤ ᠪᠠᠢ᠌ᠭ᠎ᠠ ᠠᠰᠠᠭᠤᠳᠠᠯ᠎ᠢ ᠰᠢᠢ᠍ᠳᠪᠤᠷᠢᠯᠡᠨ᠎ᠡ᠃ ᠬᠤᠶᠠᠷ᠎ᠲᠤ᠂ ᠵᠢᠭᠡᠯᠡᠨ ᠭᠡᠷᠡᠭᠯᠡᠵᠤ ᠪᠠᠢ᠌ᠭ᠎ᠠ ᠬᠦᠮᠦᠨ ᠎ᠤ ᠬᠠᠮᠢᠶᠠᠷᠤᠯᠳᠠ ᠵᠢᠨ ᠠᠵᠢᠯ᠎ᠢ ᠵᠢᠷᠤᠮᠵᠢᠭᠤᠯᠤᠨ᠂ 《  ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠵᠢᠭᠡᠯᠡᠨ ᠭᠡᠷᠡᠭᠯᠡᠵᠤ ᠪᠠᠢ᠌ᠭ᠎ᠠ ᠬᠦᠮᠦᠨ᠎ᠤ ᠬᠠᠮᠢᠶᠠᠷᠤᠯᠳᠠ ᠵᠢᠨ ᠠᠷᠭ᠎ᠠ》 ᠵᠢ ᠳᠤᠭᠳᠠᠭ᠋ᠠᠵᠤ᠂ 《ᠳᠢᠩᠬᠢᠮ᠎ᠤᠨ ᠪᠠᠢ᠌ᠭᠤᠯᠭ᠎ᠠ ᠵᠢᠨ ᠵᠢᠭᠡᠯᠡᠨ ᠭᠡᠷᠡᠭᠯᠡᠵᠤ ᠪᠠᠢ᠌ᠭ᠎ᠠ ᠬᠦᠮᠦᠨ᠎ᠢ ᠪᠤᠴᠠᠭ᠋ᠠᠬᠤ ᠳᠤᠬᠠᠢ ᠮᠡᠳᠡᠭᠳᠡᠯ᠎ᠤᠨ ᠪᠢᠴᠢᠭ》 ᠪᠠᠭᠤᠯᠭ᠋ᠠᠵᠤ᠂ ᠵᠢᠭᠡᠯᠡᠨ ᠭᠡᠷᠡᠭᠯᠡᠵᠤ ᠪᠠᠢ᠌ᠭᠰᠠᠨ 8 ᠬᠦᠮᠦᠨ ᠎ᠤ ᠭᠠᠷᠳᠠᠮ ᠎ᠢ ᠬᠦᠢ᠍ᠴᠡᠳᠭᠡᠵᠤ ᠤᠤᠯ ᠪᠠᠢ᠌ᠭᠤᠯᠭ᠎ᠠ᠎ᠳᠤ᠎ᠨᠢ ᠪᠤᠴᠠᠭ᠋ᠠᠨ᠂ ᠳᠤᠷᠰᠢᠨ ᠭᠡᠷᠡᠭᠯᠡᠬᠦ ᠬᠤᠭᠤᠴᠠᠭ᠎ᠠ᠎ᠨᠢ ᠬᠦᠢ᠍ᠴᠡᠭᠰᠡᠨ 7   ᠺᠠᠳ᠋ᠷ᠎ᠢ ᠵᠢᠩᠬᠢᠨᠢᠴᠢᠯᠠᠪᠠ᠃ ᠭᠤᠷᠪᠠ᠎ᠳᠤ᠂   ᠬᠤᠯᠪᠤᠭᠳᠠᠯ ᠪᠦᠬᠦᠢ ᠳᠦᠷᠦ ᠵᠢᠨ ᠪᠤᠳᠤᠯᠭ᠎ᠠ ᠵᠢᠨ ᠳᠤᠭᠳᠠᠭ᠋ᠠᠯ ᠪᠤᠯᠤᠨ ᠵᠤᠬᠢᠶᠠᠨ ᠪᠠᠢ᠌ᠭᠤᠯᠤᠯᠳᠠ ᠵᠢᠨ ᠳᠡᠰ ᠳᠡᠷᠠᠭ᠋ᠠᠯᠠᠯ᠎ᠢ ᠦᠨᠳᠦᠰᠦᠯᠡᠨ᠂ 2014   ᠤᠨ᠎ᠳᠤ ᠡᠷᠬᠢᠯᠡᠭᠴᠢ ᠠᠵᠢᠯᠳᠠᠨ ᠵᠶ᠋ᠡᠷ ᠪᠤᠷᠤᠭᠤ ᠳᠤᠭᠳᠠᠭ᠋ᠠᠭᠰᠠᠨ 1 ᠬᠦᠮᠦᠨ᠎ᠢ ᠳᠠᠬᠢᠨ ᠳᠡᠳ᠋ ᠡᠷᠬᠢᠯᠡᠭᠴᠢ ᠠᠵᠢᠯᠳᠠᠨ ᠵᠶ᠋ᠡᠷ ᠵᠠᠯᠠᠷᠠᠭᠤᠯᠤᠨ ᠳᠤᠭᠳᠠᠭ᠋ᠠᠪᠠ᠃
     16. 《ᠺᠠᠳ᠋ᠷ᠎ᠤᠨ ᠡᠩᠨᠡᠭᠡᠨ᠎ᠤ ᠪᠠᠢ᠌ᠭᠤᠯᠤᠯᠳᠠ ᠴᠢᠩᠭ᠎ᠠ ᠪᠤᠰᠤ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ 《  ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠺᠠᠳ᠋ᠷ᠎ᠤᠨ ᠠᠵᠢᠯ᠎ᠤᠨ ᠪᠠᠢ᠌ᠷᠢ ᠵᠢ ᠬᠠᠷᠢᠯᠴᠠᠨ ᠰᠤᠯᠢᠬᠤ ᠬᠠᠮᠢᠶᠠᠷᠤᠯᠳᠠ ᠵᠢᠨ ᠠᠷᠭ᠎ᠠ》 ᠳᠤᠭᠳᠠᠭ᠋ᠠᠨ᠂ ᠠᠵᠢᠯ᠎ᠤᠨ ᠪᠠᠢ᠌ᠷᠢ ᠵᠢ ᠬᠠᠷᠢᠯᠴᠠᠨ ᠰᠤᠯᠢᠬᠤ ᠪᠠᠢ᠌ᠴᠠᠭ᠋ᠠᠨ ᠰᠤᠳᠤᠯᠤᠯᠳᠠ ᠬᠢᠵᠤ᠂ ᠭᠤᠤᠯᠳᠠᠯᠭ᠎ᠠ᠎ᠲᠠᠢ ᠰᠠᠯᠠᠭ᠎ᠠ ᠮᠦᠴᠢᠷ᠂ ᠵᠠᠩᠬᠢᠯᠠᠭ᠎ᠠ ᠵᠢᠨ ᠪᠠᠢ᠌ᠷᠢ ᠵᠢᠨ ᠺᠠᠳ᠋ᠷ᠎ᠢ ᠬᠠᠷᠢᠯᠴᠠᠨ ᠰᠤᠯᠢᠪᠠ᠃   ᠬᠤᠶᠠᠷ᠎ᠲᠤ᠂ ᠪᠡᠯᠡᠳᠭᠡᠯ ᠺᠠᠳ᠋ᠷ᠎ᠤᠨ ᠡᠩᠨᠡᠭᠡᠨ᠎ᠤ ᠪᠠᠢ᠌ᠭᠤᠯᠤᠯᠳᠠ ᠵᠢ   ᠴᠢᠩᠭ᠋ᠠᠳᠬᠠᠨ᠂ ᠨᠢᠭᠡ ᠪᠦᠯᠦᠭ ᠰᠢᠯᠢᠳᠡᠭ ᠴᠢᠳᠠᠪᠤᠷᠢᠳᠠᠨ᠎ᠢ ᠢᠯᠡᠷᠡᠬᠦᠯᠦᠨ ᠨᠦᠭᠡᠴᠡᠯᠡᠵᠤ᠂ ᠵᠠᠯᠠᠭᠤ ᠺᠠᠳ᠋ᠷ᠎ᠢ ᠬᠦᠮᠦᠵᠢᠬᠦᠯᠬᠦ ᠪᠠ   ᠭᠡᠷᠡᠭᠯᠡᠬᠦ ᠵᠢ   ᠡᠷᠴᠢᠮᠵᠢᠬᠦᠯᠦᠨ᠂ ᠳᠡᠳᠡᠨ᠎ᠳᠤ ᠨᠦᠬᠦᠴᠡᠯ   ᠬᠠᠩᠭ᠋ᠠᠬᠤ ᠮᠦᠷᠳᠡᠭᠡᠨ ᠡᠬᠦᠷᠭᠡ ᠳᠠᠷᠤᠯᠳᠠ   ᠨᠡᠮᠡᠵᠤ᠂ ᠳᠡᠯᠳᠡ ᠬᠦᠴᠦᠨ᠎ᠲᠠᠢ ᠵᠠᠯᠠᠭᠤ ᠺᠠᠳ᠋ᠷ᠎ᠢ ᠢᠳᠡᠪᠬᠢᠳᠡᠢ᠎ᠪᠠᠷ ᠢᠯᠡᠷᠡᠬᠦᠯᠦᠨ ᠵᠤᠷᠢᠭᠳᠠᠢ᠎ᠪᠠᠷ   ᠭᠡᠷᠡᠭᠯᠡᠵᠤ᠂ ᠺᠠᠳ᠋ᠷ᠎ᠤᠨ ᠡᠩᠨᠡᠭᠡᠨ᠎ᠤ ᠪᠦᠳᠦᠴᠡ᠎ᠪᠠᠨ ᠳᠠᠰᠤᠷᠠᠯᠳᠠ ᠦᠭᠡᠢ ᠰᠢᠯᠢᠳᠡᠭᠵᠢᠬᠦᠯᠪᠡ᠃
     17. 《ᠪᠠᠢ᠌ᠭᠤᠯᠭ᠎ᠠ ᠵᠢᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠠᠵᠢᠯ ᠰᠤᠯᠠ ᠵᠠᠳᠠᠭ᠋ᠠᠢ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠨ᠂ 《ᠪᠠᠢ᠌ᠭᠤᠯᠭ᠎ᠠ ᠵᠢᠨ ᠨᠠᠮ᠎ᠤᠨ ᠬᠤᠷᠢᠶᠠᠨ᠎ᠤ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠬᠤ ᠳᠤᠬᠠᠢ ᠰᠠᠨᠠᠯ》᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《2018 ᠤᠨ᠎ᠤ ᠪᠠᠢ᠌ᠭᠤᠯᠭ᠎ᠠ ᠵᠢᠨ ᠨᠠᠮ᠎ᠤᠨ ᠬᠤᠷᠢᠶᠠᠨ᠎ᠤ ᠠᠵᠢᠯ᠎ᠤᠨ ᠳᠤᠬᠢᠷᠠᠭᠤᠯᠤᠯᠳᠠ》 ᠵᠢ ᠳᠤᠭᠳᠠᠭ᠋ᠠᠨ᠂ ᠠᠷᠠᠳ᠎ᠤᠨ ᠶᠠᠪᠤᠳᠠᠯ᠎ᠤᠨ ᠳᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶᠠᠨ᠎ᠤ (ᠦᠷᠭᠡᠳᠭᠡᠭᠰᠡᠨ)  4   ᠳ᠋ᠤᠭᠡᠷ ᠤᠳᠠᠭ᠎ᠠ ᠵᠢᠨ ᠬᠤᠷᠠᠯ᠎ᠢ ᠬᠤᠷᠠᠯᠳᠤᠭᠤᠯᠵᠤ᠂ 2018 ᠤᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠠᠪᠴᠠᠯᠳᠤᠭᠤᠯᠬᠤ ᠵᠢᠴᠢ ᠨᠡᠮ᠎ᠤᠨ ᠡᠬᠦᠷ᠎ᠤᠨ ᠱᠦᠵᠢ ᠵᠢᠨ ᠨᠠᠮ᠎ᠤᠨ ᠠᠵᠢᠯ᠎ᠤᠨ ᠮᠡᠳᠡᠯᠭᠡ ᠵᠢᠨ ᠪᠤᠯᠪᠠᠰᠤᠷᠠᠯ᠎ᠤᠨ ᠬᠤᠷᠠᠯ᠎ᠢ ᠡᠷᠬᠢᠯᠡᠨ ᠬᠢᠵᠤ᠂ ᠪᠠᠢ᠌ᠭᠤᠯᠭ᠎ᠠ ᠵᠢᠨ ᠨᠠᠮ᠎ᠤᠨ   ᠬᠤᠷᠢᠶᠠᠨ᠎ᠤ ᠪᠦᠬᠦ ᠭᠡᠰᠢᠬᠦᠨ᠂ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶᠠᠨ᠎ᠤ ᠭᠡᠰᠢᠬᠦᠨ᠂ ᠡᠯ᠎ᠡ ᠨᠠᠮ᠎ᠤᠨ ᠡᠬᠦᠷ᠎ᠤᠨ ᠱᠦᠵᠢ᠂ ᠨᠠᠮ᠎ᠤᠨ ᠠᠵᠢᠯᠳᠠᠨ᠎ᠳᠤ 《ᠭᠤᠷᠪᠠᠨ ᠬᠤᠷᠠᠯ ᠨᠢᠭᠡ ᠬᠢᠴᠢᠶᠡᠯ》 ᠂   ᠨᠠᠮ᠎ᠤᠨ ᠡᠬᠦᠷ᠎ᠤᠨ ᠬᠤᠭᠤᠴᠠᠭ᠎ᠠ ᠰᠤᠯᠢᠬᠤ᠂ ᠨᠠᠮ᠎ᠤᠨ   ᠭᠡᠰᠢᠬᠦᠨ ᠡᠯᠰᠡᠬᠦ ᠵᠡᠷᠭᠡ ᠨᠠᠮ᠎ᠤᠨ ᠠᠵᠢᠯ᠎ᠤᠨ ᠬᠦᠮᠦᠵᠢᠯ ᠬᠦᠷᠳᠡᠭᠡᠪᠡ᠃ ᠬᠤᠶᠠᠷ᠎ᠲᠤ᠂ 《ᠨᠠᠮ᠎ᠤᠨ ᠡᠬᠦᠷ᠎ᠤᠨ ᠪᠠᠷᠢᠮᠵᠢᠶᠠᠵᠢᠭᠰᠠᠨ ᠪᠦᠳᠦᠭᠡᠨ ᠪᠠᠢ᠌ᠭᠤᠯᠤᠯᠳᠠ ᠵᠢ ᠭᠡᠷᠡᠭᠵᠢᠬᠦᠯᠬᠦ ᠳᠤᠬᠠᠢ ᠰᠠᠨᠠᠯ》᠎ᠢ ᠳᠤᠤᠱᠯᠠᠭᠤᠯᠤᠨ ᠨᠠᠢ᠌ᠳᠠᠪᠤᠷᠢᠵᠢᠭᠤᠯᠵᠤ᠂ ᠤᠯᠤᠰ ᠳᠦᠷᠦ ᠵᠢᠨ ᠵᠤᠷᠰᠢᠯ ᠬᠤᠷᠠᠯ᠂ 《ᠭᠤᠷᠪᠠᠨ ᠬᠤᠷᠠᠯ ᠨᠢᠭᠡ ᠬᠢᠴᠢᠶᠠᠯ》᠎ᠤᠨ ᠳᠦᠷᠢᠮ᠎ᠢ ᠴᠢᠩᠭ᠋ᠠᠳᠬᠠᠨ᠂ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ᠎ᠤᠨ ᠪᠠᠷᠢᠮᠵᠢᠶᠠᠵᠢᠬᠰᠠᠨ ᠱᠠᠭ᠋ᠠᠷᠳᠠᠯᠭ᠎ᠠ᠎ᠳᠤ ᠬᠦᠷᠦᠬᠦᠯᠪᠡ᠃ ᠨᠠᠮ᠎ᠤᠨ ᠳᠦᠪ ᠬᠤᠷᠢᠶᠠᠨ᠎ᠤ ᠠᠯᠪᠠᠨ ᠳᠢᠩᠬᠢᠮ᠎ᠤᠨ 《  ᠨᠠᠮ᠎ᠤᠨ ᠦᠨᠳᠦᠰᠤᠨ ᠱᠠᠳᠤᠨ᠎ᠤ ᠵᠤᠬᠢᠶᠠᠨ ᠪᠠᠢ᠌ᠭᠤᠯᠤᠯᠳᠠ ᠵᠢᠨ ᠳᠤᠰᠢᠶᠠᠯ᠎ᠤᠨ ᠬᠤᠭᠤᠴᠠᠭ᠎ᠠ ᠵᠢᠨ ᠳᠤᠬᠠᠢ ᠰᠠᠨᠠᠯ》 ᠎ᠢ ᠰᠤᠷᠤᠯᠴᠠᠨ ᠳᠤᠤᠱᠯᠠᠭᠤᠯᠵᠤ᠂ ᠳᠤᠰᠢᠶᠠᠯ᠎ᠤᠨ ᠬᠤᠭᠤᠴᠠᠭ᠎ᠠ᠎ᠨᠢ ᠬᠦᠢ᠍ᠴᠡᠭᠰᠡᠨ 19 ᠨᠠᠮ᠎ᠤᠨ ᠡᠬᠦᠷ᠎ᠤᠨ ᠬᠤᠭᠤᠴᠠᠭ᠎ᠠ ᠰᠤᠯᠢᠬᠤ ᠰᠤᠩᠭᠤᠭᠤᠯᠢ ᠵᠢ ᠵᠢᠯᠤᠭᠤᠳᠤᠨ ᠪᠡᠶᠡᠯᠡᠬᠦᠯᠪᠡ᠃ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠂ ᠨᠠᠮ᠎ᠤᠨ ᠡᠬᠦᠷ᠎ᠤᠨ ᠬᠤᠷᠠᠯ᠎ᠤᠨ ᠳᠡᠮᠳᠡᠭᠯᠡᠯ᠎ᠨᠢ ᠵᠢᠷᠤᠮᠵᠢᠭᠰᠠᠨ ᠪᠤᠰᠤ ᠵᠡᠷᠭᠡ ᠠᠰᠠᠭᠤᠳᠠᠯ᠎ᠢ ᠳᠠᠷᠤᠢ᠎ᠳᠤ᠎ᠨᠢ ᠬᠠᠯᠠᠨ ᠦᠭᠡᠷᠡᠴᠢᠯᠡᠵᠤ᠂ 2017 ᠤᠨ᠎ᠤ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠳᠦᠷᠦᠯ ᠬᠤᠪᠢᠶᠠᠨ ᠳᠡᠰ ᠳᠤᠭᠳᠠᠭ᠋ᠠᠬᠤ ᠵᠢ ᠱᠠᠭ᠋ᠠᠷᠳᠠᠯᠭ᠎ᠠ ᠶᠤᠰᠤᠭ᠋ᠠᠷ ᠪᠡᠶᠡᠯᠡᠬᠦᠯᠬᠦ ᠵᠢᠨ ᠬᠠᠮᠳᠤ ᠦᠨᠳᠦᠰᠤᠨ ᠱᠠᠳᠤᠨ᠎ᠤ ᠡᠯ᠎ᠡ ᠨᠠᠮ᠎ᠤᠨ ᠵᠤᠬᠢᠶᠠᠨ ᠪᠠᠢ᠌ᠭᠤᠯᠤᠯᠳᠠ ᠵᠢ ᠵᠢᠯᠤᠭᠤᠳᠤᠨ ᠣᠨ᠎ᠤ   ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ᠎ᠢ ᠬᠢᠯᠭᠡᠪᠡ᠃
     18. 《ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠠᠵᠢᠯ ᠰᠤᠯᠠ ᠳᠤᠷᠤᠢ》 ᠵᠡᠷᠭᠡ ᠠᠰᠠᠭᠤᠳᠠᠯ᠎ᠳᠤ ᠴᠢᠭᠯᠡᠬᠦᠯᠦᠨ᠂   ᠨᠢᠭᠡ᠎ᠳᠤ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ   ᠪᠠᠢ᠌ᠭᠤᠯᠤᠯᠳᠠ ᠵᠢᠨ ᠶᠠᠷᠢᠯᠴᠠᠬᠤ ᠬᠤᠷᠠᠯ ᠪᠤᠯᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠤᠨ ᠬᠤᠯᠪᠤᠭ᠋ᠠᠳᠤ   ᠬᠤᠷᠠᠯᠳᠤᠭ᠋ᠠᠨ᠎ᠢ ᠳᠤᠭᠳᠠᠮᠠᠯ ᠬᠤᠭᠤᠴᠠᠭ᠎ᠠ  ᠎ᠲᠠᠢ᠎ᠪᠠᠷ ᠬᠢᠵᠤ᠂ ᠦᠪᠡᠷᠳᠡᠭᠡᠨ ᠵᠠᠰᠠᠬᠤ ᠤᠷᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠵᠢᠯᠴᠠᠨ᠂ ᠪᠦᠬᠦ ᠤᠷᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠪᠠᠢ᠌ᠭᠤᠯᠤᠭ᠋ᠠᠳᠤᠢ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠎ᠳᠤ ᠨᠡᠮ᠎ᠤᠨ ᠵᠤᠬᠢᠶᠠᠨ ᠪᠠᠢ᠌ᠭᠤᠯᠤᠯᠳᠠ ᠪᠠᠢ᠌ᠭᠤᠯᠬᠤ ᠵᠢ ᠵᠢᠭ᠋ᠠᠨ ᠵᠢᠯᠤᠭᠤᠳᠴᠤ᠂ 2020   ᠤᠨ ᠪᠤᠯᠬᠤ᠎ᠳᠤ 《ᠳᠠᠪᠤ ᠵᠢ ᠨᠡᠢ᠌ᠳᠡᠮ ᠪᠦᠷᠬᠦᠬᠦᠯᠬᠦ》 ᠵᠢ ᠪᠠᠳᠤᠯᠠᠬᠤ ᠰᠠᠭᠤᠷᠢ ᠳᠠᠯᠪᠢᠪᠠ᠃ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠳᠤᠰᠬᠠᠢ ᠮᠡᠷᠭᠡᠵᠢᠯᠳᠡᠨ᠎ᠢ ᠵᠤᠬᠢᠶᠠᠨ ᠪᠠᠢ᠌ᠭᠤᠯᠤᠨ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠠᠵᠢᠯ᠎ᠳᠤ ᠪᠠᠢ᠌ᠴᠠᠭ᠋ᠠᠨ ᠰᠤᠳᠤᠯᠤᠯᠳᠠ ᠬᠢᠵᠤ᠂   ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠪᠦᠷᠬᠦᠴᠡ ᠵᠢᠨ ᠨᠤᠷᠮ᠎ᠠ ᠵᠢ ᠤᠯᠠᠮ ᠵᠶ᠋ᠡᠷ ᠳᠡᠭᠡᠭᠰᠢᠯᠡᠬᠦᠯᠪᠡ᠃ ᠬᠤᠶᠠᠷ᠎ᠲᠤ᠂ 《  ᠤᠷᠤᠨ᠎ᠤ ᠰᠢᠭᠤᠳ ᠬᠠᠷᠢᠶ᠎ᠠ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠳᠤᠳᠤᠷ᠎ᠠ  〈ᠵᠢᠷᠭᠤᠭ᠋ᠠᠨ ᠰᠠᠢ᠌ᠨᠳᠠᠢ〉   ᠨᠠᠮ᠎ᠤᠨ ᠵᠤᠬᠢᠶᠠᠨ ᠪᠠᠢ᠌ᠭᠤᠯᠤᠯᠳᠠ ᠪᠠᠢ᠌ᠭᠤᠯᠬᠤ ᠪᠠ 〈ᠨᠠᠢ᠍ᠮᠠ ᠪᠠᠢ᠌ᠬᠤ〉 ᠪᠠᠷᠢᠮᠵᠢᠶᠠᠵᠢᠬᠰᠠᠨ ᠨᠠᠮ ᠪᠠ ᠤᠯᠠᠨ ᠳᠦᠮᠡᠨ᠎ᠤ ᠠᠵᠢᠯᠯᠠᠭ᠋ᠠᠨ᠎ᠤ ᠳᠠᠰᠤᠭ ᠪᠠᠢ᠌ᠭᠤᠯᠬᠤ   ᠠᠵᠢᠯᠯᠠᠭ᠎ᠠ ᠦᠷᠨᠢᠬᠦᠯᠬᠦ   ᠳᠤᠬᠠᠢ ᠮᠡᠳᠡᠭᠳᠡᠯ》 ᠪᠠᠭᠤᠯᠭ᠋ᠠᠨ᠂ 2018 ᠤᠨ᠎ᠤ ᠡᠴᠤᠰ ᠪᠤᠯᠬᠤ᠎ᠳᠤ 50%   ᠵᠢ 《ᠵᠢᠷᠭᠤᠭ᠋ᠠᠨ   ᠰᠠᠢ᠌ᠨᠳᠠᠢ》 ᠵᠢᠨ ᠪᠠᠷᠢᠮᠵᠢᠶ᠎ᠠ᠎ᠳᠤ ᠬᠦᠷᠭᠡᠬᠦ᠎ᠪᠠᠷ ᠱᠠᠭ᠋ᠠᠷᠳᠠᠪᠠ᠃ ᠭᠤᠷᠪᠠ᠎ᠳᠤ᠂ 《ᠢᠨᠲᠸᠷ ᠰᠦᠯᠵᠢᠶ᠎ᠠ +》᠂ ᠵᠢᠷᠬᠢᠶ᠎ᠡ ᠵᠢᠨ ᠳᠠᠪᠴᠠᠩ ᠵᠡᠷᠭᠡ ᠠᠴᠢᠶᠠᠯᠠᠪᠤᠷᠢ᠎ᠳᠤ ᠳᠦᠰᠢᠭᠯᠡᠨ᠂   ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠳᠤᠳᠤᠷ᠎ᠡ ᠪᠠᠢ᠌ᠩᠭᠤ ᠵᠢᠨ ᠴᠢᠨᠠᠷ᠎ᠲᠠᠢ ᠰᠠᠭᠤᠷᠢ ᠴᠢᠨᠠᠷ᠎ᠲᠠᠢ ᠰᠤᠷᠤᠯᠴᠠᠯᠭ᠎ᠠ ᠬᠦᠮᠦᠵᠢᠯ ᠦᠷᠨᠢᠬᠦᠯᠵᠤ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠭᠡᠰᠢᠬᠦᠨ᠎ᠤ ᠬᠦᠮᠦᠵᠢᠯ ᠬᠠᠮᠢᠶᠠᠷᠤᠯᠳᠠ ᠵᠢ ᠴᠢᠩᠭ᠋ᠠᠳᠬᠠᠪᠠ᠃ ᠳᠤᠷᠰᠢᠯᠭ᠎ᠠ ᠰᠤᠷᠭ᠋ᠠᠮᠵᠢ᠎ᠪᠠᠨ ᠰᠤᠯᠢᠯᠴᠠᠬᠤ᠂ ᠳᠤᠬᠠᠢ ᠵᠢᠨ ᠳᠠᠯᠠᠪᠠᠢ᠎ᠪᠠᠷ᠎ᠨᠢ ᠳᠤᠭᠤᠷᠢᠨ ᠰᠤᠷᠤᠯᠴᠠᠬᠤ᠂ ᠳᠤᠰᠬᠠᠢ ᠪᠤᠯᠪᠠᠰᠤᠷᠠᠯ ᠬᠢᠬᠦ ᠵᠡᠷᠭᠡ ᠠᠷᠭ᠎ᠠ᠎ᠪᠠᠷ ᠳᠠᠮᠵᠢᠨ ᠦᠯᠢᠭᠡᠷ ᠵᠢᠱ᠌ᠢᠶ᠎ᠠ ᠦᠵᠡᠬᠦᠯᠬᠦ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ ᠢᠳᠡᠪᠬᠢᠳᠡᠢ ᠬᠦᠮᠦᠵᠢᠬᠦᠯᠦᠨ ᠪᠤᠢ᠌ᠵᠢᠭᠤᠯᠪᠠ᠃
     (ᠳᠦᠷᠪᠡ) ᠨᠠᠮ᠎ᠤᠨ ᠰᠤᠷᠳᠠᠯ᠎ᠤᠨ ᠪᠠᠢ᠌ᠭᠤᠯᠤᠯᠳᠠ ᠵᠢᠨ ᠳᠠᠯ᠎ᠠ᠎ᠪᠠᠷ
     19. 《ᠵᠦᠪᠬᠡᠨ ᠪᠢᠴᠢᠭ ᠮᠠᠲᠸᠷᠢᠶᠠᠯ ᠪᠠᠭᠤᠯᠭ᠋ᠠᠵᠤ ᠬᠤᠷᠠᠯ ᠬᠢᠬᠦ ᠵᠢ ᠯᠠ ᠮᠡᠳᠡᠬᠦ ᠠᠵᠢᠯ᠎ᠤᠨ ᠰᠤᠷᠳᠠᠯ᠎ᠳᠤ   ᠦᠭᠡᠷᠡᠴᠢᠯᠡᠯᠳᠡ ᠬᠢᠭᠰᠡᠨ ᠵᠶ᠋ᠠᠷ ᠬᠦᠷᠦᠯᠴᠡᠬᠦ ᠦᠭᠡᠢ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠪᠢᠴᠢᠭ   ᠮᠠᠲᠸᠷᠢᠶᠠᠯ᠎ᠤᠨ ᠴᠢᠨᠠᠷ᠎ᠢ ᠳᠠᠰᠤᠷᠠᠯᠳᠠ ᠦᠭᠡᠢ ᠳᠡᠭᠡᠭᠰᠢᠯᠡᠬᠦᠯᠪᠡ᠃ ᠪᠢᠴᠢᠭ ᠮᠠᠲᠸᠷᠢᠶᠠᠯ᠎ᠳᠤ ᠤᠯᠤᠰ ᠳᠦᠷᠦ ᠵᠢᠨ ᠴᠢᠨᠠᠷ᠂ ᠦᠵᠡᠯ ᠰᠠᠨᠠᠭ᠋ᠠᠨ᠎ᠤ ᠴᠢᠨᠠᠷ᠂ ᠴᠢᠭᠯᠡᠬᠦᠯᠬᠦ ᠴᠢᠨᠠᠷ   ᠪᠤᠯᠤᠨ ᠬᠢᠵᠤ ᠬᠦᠢ᠍ᠴᠡᠳᠭᠡᠬᠦ ᠴᠢᠨᠠᠷ᠎ᠢ ᠳᠤᠪᠤᠢ᠌ᠯᠭ᠋ᠠᠨ᠂ ᠳᠦᠬᠦᠮ ᠪᠦᠭᠡᠳ ᠭᠡᠷᠡᠭᠴᠡᠭᠡᠳᠡᠢ ᠪᠤᠯᠭ᠋ᠠᠵᠤ᠂ ᠡᠯ᠎ᠡ ᠠᠯᠪᠠᠨ ᠭᠡᠷ᠂ ᠭᠠᠵᠠᠷ᠎ᠤᠨ᠎ᠬᠢᠨ᠎ᠤ ᠳᠦᠷᠦ ᠵᠢᠨ ᠪᠤᠳᠤᠯᠭ᠎ᠠ ᠵᠢᠨ ᠡᠬᠦᠳᠦᠯᠳᠡ ᠵᠢᠨ ᠴᠢᠨᠠᠷ᠎ᠲᠠᠢ ᠪᠢᠴᠢᠭ ᠮᠠᠲᠸᠷᠢᠶᠠᠯ ᠨᠤᠤᠷᠠᠭᠯᠠᠬᠤ᠎ᠳᠤ ᠪᠤᠳᠠᠳᠠᠢ ᠳᠤᠤᠱᠯᠠᠭᠤᠯᠵᠤ ᠨᠡᠢ᠌ᠳᠡᠪᠤᠷᠢᠵᠢᠭᠤᠯᠬᠤ ᠰᠠᠨᠠᠯ ᠵᠦᠪᠯᠡᠯᠭᠡ ᠳᠤᠷᠠᠳᠤᠨ᠂ ᠠᠵᠢᠯ᠎ᠤᠨ ᠠᠷᠭ᠎ᠠ ᠭᠡᠮᠵᠢᠶ᠎ᠡ ᠪᠤᠯᠤᠨ ᠬᠠᠷᠠᠯᠳᠠ ᠱᠠᠭ᠋ᠠᠷᠳᠠᠯᠭ᠎ᠠ ᠵᠢ᠎ᠨᠢ ᠨᠠᠷᠢᠯᠢᠬ᠍ᠵᠢᠭᠤᠯᠵᠤ᠂ ᠳᠡᠷᠡ ᠭᠡᠪ ᠵᠶ᠋ᠡᠷ᠎ᠨᠢ ᠨᠡᠬᠦᠯᠭᠡᠨ ᠳᠤᠬᠤᠬᠤ ᠪᠠ ᠦᠯᠢᠭᠡᠷ ᠭᠡᠪ᠎ᠢ ᠦᠬᠦᠨ ᠳᠠᠭᠤᠷᠢᠶᠠᠬᠤ᠎ᠠᠴᠠ ᠰᠡᠷᠭᠡᠢ᠌ᠯᠡᠪᠡ᠃ ᠬᠤᠶᠠᠷ᠎ᠲᠤ᠂ ᠦᠨᠳᠦᠰᠤᠨ ᠱᠠᠳᠤᠨ᠎ᠤ   ᠪᠠᠢ᠌ᠴᠠᠭ᠋ᠠᠨ ᠰᠤᠳᠤᠯᠤᠯᠳᠠ ᠵᠢ ᠴᠢᠩᠭ᠋ᠠᠳᠬᠠᠪᠠ᠃ ᠪᠠᠢ᠌ᠴᠠᠭ᠋ᠠᠨ ᠰᠤᠳᠤᠯᠤᠯᠳᠠ ᠬᠢᠬᠦ  ᠎ᠳᠤ᠎ᠪᠠᠨ ᠭᠤᠤᠯᠳᠠᠯᠭ᠎ᠠ ᠵᠢ ᠠᠳᠬᠤᠨ  ᠂ ᠭᠤᠤᠯᠳᠠᠯᠭ᠎ᠠ᠎ᠲᠠᠢ ᠳᠦᠷᠦᠯ ᠵᠦᠢ᠍ᠯ ᠪᠤᠯᠤᠨ ᠳᠦᠷᠦ ᠵᠢᠨ   ᠪᠤᠳᠤᠯᠭ᠎ᠠ ᠠᠷᠭ᠎ᠠ ᠭᠡᠮᠵᠢᠶ᠎ᠡ ᠳᠤᠭᠳᠠᠭ᠋ᠠᠬᠤ᠎ᠲᠠᠢ ᠨᠢᠬᠳᠠ ᠤᠶᠠᠯᠳᠤᠭᠤᠯᠵᠤ᠂ ᠪᠠᠢ᠌ᠴᠠᠭ᠋ᠠᠨ ᠰᠤᠳᠤᠯᠤᠯᠳᠠ ᠬᠢᠬᠦ᠂ ᠦᠭᠡᠷᠡᠴᠢᠯᠡᠯᠳᠡ ᠬᠢᠵᠤ ᠰᠢᠨ᠎ᠠ ᠵᠢ ᠡᠬᠦᠳᠬᠦ ᠵᠢ ᠰᠦᠪᠡᠭᠴᠢᠯᠡᠬᠦ᠎ᠪᠠᠷ ᠳᠠᠮᠵᠢᠭᠤᠯᠤᠨ ᠬᠦᠴᠢᠷ ᠠᠰᠠᠭᠤᠳᠠᠯ᠎ᠢ ᠰᠢᠢ᠍ᠳᠪᠤᠷᠢᠯᠡᠬᠦ ᠠᠷᠭ᠎ᠠ ᠵᠠᠮ᠎ᠢ ᠤᠯᠤᠨ᠂ ᠪᠠᠢ᠌ᠴᠠᠭ᠋ᠠᠨ ᠰᠤᠳᠤᠯᠤᠯᠳᠠ ᠬᠢᠭᠰᠡᠨ ᠦᠷ᠎ᠡ ᠪᠦᠳᠦᠮᠵᠢ᠎ᠪᠠᠨ ᠬᠤᠪᠢᠷᠠᠭᠤᠯᠤᠨ ᠳᠦᠷᠦ ᠵᠢᠨ ᠪᠤᠳᠤᠯᠭ᠎ᠠ ᠵᠢᠨ ᠳᠦᠷᠢᠮ ᠳᠤᠭᠳᠠᠭ᠋ᠠᠯ ᠪᠤᠶᠤ ᠠᠵᠢᠯ᠎ᠤᠨ ᠰᠢᠢ᠍ᠳᠪᠤᠷᠢᠳᠤ ᠪᠤᠳᠤᠯᠭ᠎ᠠ ᠪᠤᠯᠭ᠋ᠠᠵᠤ᠂ ᠦᠨᠳᠦᠰᠣᠨ   ᠱᠠᠳᠤ ᠪᠤᠯᠤᠨ ᠤᠯᠠᠨ ᠳᠦᠮᠡᠨ᠎ᠤ ᠬᠠᠮᠤᠭ᠎ᠤᠨ ᠰᠢᠭᠤᠳ᠂   ᠬᠠᠮᠤᠭ᠎ᠤᠨ ᠪᠤᠳᠠᠳᠠᠢ᠂ ᠬᠠᠮᠤᠭ᠎ᠠᠴᠠ ᠠᠩᠬᠠᠷᠴᠤ ᠪᠠᠢ᠌ᠭ᠎ᠠ ᠠᠰᠠᠭᠤᠳᠠᠯ᠎ᠢ ᠰᠢᠢ᠍ᠳᠪᠤᠷᠢᠯᠡᠪᠡ᠃   ᠭᠤᠷᠪᠠ᠎ᠳᠤ᠂ ᠬᠤᠷᠠᠯ᠎ᠤᠨ ᠦᠷ᠎ᠡ ᠪᠦᠳᠦᠮᠵᠢ ᠵᠢ ᠦᠨᠡᠨᠬᠦ ᠳᠡᠭᠡᠭᠰᠢᠯᠡᠬᠦᠯᠪᠡ᠃ 《ᠤᠬᠤᠷ ᠬᠤᠷᠠᠯ ᠬᠢᠵᠤ ᠤᠬᠤᠷ ᠶᠠᠷᠢᠶ᠎ᠠ ᠳᠠᠯᠪᠢᠬᠤ》 ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠰᠬᠠᠢ ᠬᠤᠷᠠᠯ᠎ᠠᠴᠠ ᠪᠤᠰᠤᠳ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠂ ᠳᠢᠩᠬᠢᠮ᠎ᠤᠨ ᠠᠵᠢᠯ ᠶᠠᠪᠤᠳᠠᠯ᠎ᠤᠨ ᠬᠤᠷᠠᠯ᠂ ᠳᠢᠩᠬᠢᠮ᠎ᠤᠨ ᠳᠠᠷᠤᠭ᠎ᠠ ᠵᠢᠨ ᠠᠵᠢᠯ᠎ᠤᠨ ᠬᠤᠷᠠᠯ ᠳᠡᠭᠡᠷ᠎ᠡ ᠬᠠᠷᠢᠭᠤ ᠮᠡᠳᠡᠬᠦᠯᠦᠯᠳᠡ ᠬᠢᠬᠦ᠎ᠳᠤ᠎ᠪᠠᠨ ᠰᠡᠳᠤᠪ ᠪᠦᠷᠢ ᠵᠢ ᠵᠠᠷᠴᠢᠮ ᠳᠡᠭᠡᠷ᠎ᠡ᠎ᠪᠠᠨ 10 ᠮᠢᠨᠦᠢ᠍ᠲ᠎ᠠᠴᠠ ᠳᠠᠪᠠᠭᠤᠯᠬᠤ ᠦᠭᠡᠢ᠂ ᠪᠦᠬᠦ   ᠬᠤᠷᠠᠯ᠎ᠢ 2 ᠴᠠᠭ᠎ᠠᠴᠠ ᠳᠠᠪᠠᠭᠤᠯᠬᠤ ᠦᠭᠡᠢ᠎ᠪᠠᠷ ᠬᠢᠵᠠᠭ᠋ᠠᠷᠯᠠᠪᠠ᠃ ᠬᠤᠷᠠᠯ᠎ᠠᠴᠠ ᠡᠮᠤᠨᠡᠬᠢ ᠪᠡᠯᠡᠳᠭᠡᠯ᠎ᠢ ᠰᠠᠢ᠌ᠳᠤᠷ ᠬᠢᠵᠤ᠂ ᠪᠤᠯᠪᠠᠰᠤᠷᠠᠩᠭᠤᠢ ᠪᠤᠯᠤᠭᠰᠠᠨ ᠦᠭᠡᠢ ᠰᠡᠳᠤᠪ᠎ᠢ ᠬᠤᠷᠠᠯ ᠵᠶ᠋ᠡᠷ ᠶᠠᠷᠢᠯᠴᠠᠬᠤ ᠦᠭᠡᠢ᠂ ᠬᠤᠷᠠᠯ ᠵᠶ᠋ᠡᠷ ᠰᠤᠳᠤᠯᠤᠨ ᠳᠤᠭᠳᠠᠭ᠋ᠠᠭᠰᠠᠨ ᠵᠦᠢ᠍ᠯ᠎ᠢ ᠨᠠᠮᠡᠯᠳᠡ ᠬᠠᠰᠤᠯᠳᠠ ᠦᠭᠡᠢ᠎ᠪᠠᠷ ᠭᠡᠷᠡᠭᠵᠢᠬᠦᠯᠬᠦ ᠵᠢ ᠨᠠᠢ᠌ᠳᠠᠪᠤᠷᠢᠵᠢᠭᠤᠯᠪᠠ᠃ ᠳᠦᠷᠪᠡ᠎ᠳᠤ᠂ ᠪᠠᠷᠢᠮᠵᠢᠶ᠎ᠠ᠎ᠠᠴᠠ ᠳᠠᠪᠠᠭᠰᠠᠨ ᠠᠯᠪᠠᠨ ᠭᠡᠷ᠎ᠢ ᠴᠡᠭᠴᠡᠯᠠᠨ ᠬᠠᠰᠤᠬᠤ ᠠᠵᠢᠯ᠎ᠢ ᠴᠢᠩᠭ᠋ᠠᠳᠬᠠᠪᠠ᠃ ᠬᠤᠯᠪᠤᠭᠳᠠᠯ ᠪᠦᠬᠦᠢ ᠬᠠᠷᠢᠭᠤᠴᠠᠯᠭ᠋ᠠᠳᠤ ᠬᠦᠮᠤᠰ᠎ᠲᠠᠢ ᠶᠠᠷᠢᠯᠴᠠᠵᠤ ᠰᠡᠷᠡᠮᠵᠢᠯᠡᠬᠦᠯᠵᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠪᠢᠴᠢᠭ᠎ᠤᠨ ᠪᠠᠢ᠌ᠴᠠᠭ᠋ᠠᠯᠳᠠ ᠬᠢᠪᠡ᠃
     20. 《  ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ ᠪᠤᠯᠪᠠᠰᠤᠷᠠᠭᠤᠯᠬᠤ ᠠᠵᠢᠯ᠎ᠤᠨ ᠪᠠᠢ᠌ᠴᠠᠭ᠋ᠠᠨ ᠰᠤᠳᠤᠯᠤᠯᠳᠠ᠎ᠨᠢ ᠭᠡᠯᠪᠡᠷᠢ ᠵᠢᠨ ᠳᠡᠳᠤᠢ ᠪᠠᠢ᠌ᠵᠤ ᠬᠠᠰᠢ ᠶᠠᠰᠢ᠎ᠪᠠᠷ ᠦᠩᠭᠡᠷᠡᠬᠦᠯᠵᠤ   ᠪᠠᠢ᠌ᠬᠤ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ 8 ᠳ᠋ᠤᠭ᠋ᠠᠷ ᠰᠠᠷ᠎ᠠ ᠵᠢᠨ 19᠎ᠤ ᠡᠳᠤᠷ᠎ᠠᠴᠠ 29᠎ᠤ ᠡᠳᠤᠷ ᠪᠤᠯᠳᠠᠯ᠎ᠠ᠂ ᠳᠦᠩᠯᠢᠶᠤᠤ ᠬᠤᠳᠠ᠂ ᠤᠯᠠᠭ᠋ᠠᠨᠬᠠᠳᠠ ᠬᠤᠳᠠ᠂ ᠰᠢᠯᠢ ᠵᠢᠨ ᠭᠤᠤᠯ ᠠᠢ᠌ᠮᠠᠭ ᠪᠤᠯᠤᠨ ᠪᠠᠶᠠᠨᠨᠠᠭᠤᠷ ᠬᠤᠳᠠ ᠵᠡᠷᠭᠡ 4 ᠠᠢ᠌ᠮᠠᠭ ᠬᠤᠳᠠ ᠵᠢᠨ ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ ᠪᠤᠯᠪᠠᠰᠤᠷᠠᠭᠤᠯᠵᠤ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠦᠭᠡᠳ 《ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ ᠪᠤᠯᠪᠠᠰᠤᠷᠠᠭᠤᠯᠬᠤ ᠵᠢ ᠤᠯᠠᠮ ᠵᠶ᠋ᠡᠷ ᠵᠢᠷᠤᠮᠵᠢᠭᠤᠯᠬᠤ ᠵᠢᠴᠢ ᠬᠢᠨᠠᠨ ᠵᠢᠯᠤᠭᠤᠳᠴᠤ ᠪᠠᠢ᠌ᠴᠠᠭ᠋ᠠᠬᠤ ᠠᠵᠢᠯ᠎ᠢ ᠴᠢᠩᠭ᠋ᠠᠳᠬᠠᠬᠤ ᠳᠤᠬᠠᠢ   ᠮᠡᠳᠡᠭᠳᠡᠯ》 ᠪᠠᠭᠤᠯᠭ᠋ᠠᠨ᠂ ᠠᠢ᠌ᠮᠠᠭ ᠬᠤᠳᠠ᠂ ᠬᠤᠰᠢᠭᠤ ᠰᠢᠶᠠᠨ᠂ ᠳᠠᠭ᠋ᠠᠭ᠋ᠠᠴᠢᠯᠠᠨ ᠬᠦᠮᠦᠵᠢᠬᠦᠯᠵᠤ ᠪᠤᠯᠪᠠᠰᠤᠷᠠᠭᠤᠯᠬᠤ   ᠳᠡᠭᠡᠳᠤ ᠰᠤᠷᠭ᠋ᠠᠭᠤᠯᠢ ᠵᠢᠨ ᠬᠠᠷᠢᠭᠤᠴᠠᠯᠭ᠎ᠠ ᠵᠢ ᠳᠤᠳᠤᠷᠬᠠᠢ᠌ᠯᠠᠵᠤ᠂ ᠠᠢ᠌ᠮᠠᠭ ᠬᠤᠳᠠ ᠵᠢᠨ ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠵᠬᠦᠯᠵᠤ ᠪᠤᠯᠪᠠᠰᠤᠷᠠᠭᠤᠯᠬᠤ ᠵᠢ ᠵᠢᠭ᠋ᠠᠨ ᠵᠢᠯᠤᠭᠤᠳᠪᠠ᠃ ᠴᠡᠷᠢᠭ᠎ᠠᠴᠠ ᠪᠠᠭᠤᠭᠰᠠᠨ 2 ᠬᠦᠮᠦᠨ᠎ᠢ ᠪᠦᠬᠦ ᠤᠯᠤᠰ᠎ᠤᠨ ᠬᠠᠮᠤᠭ᠎ᠤᠨ ᠭᠤᠶᠤ ᠴᠡᠷᠢᠭ᠎ᠠᠴᠠ ᠪᠠᠭᠤᠭᠰᠠᠨ ᠬᠦᠮᠦᠨ ᠵᠶ᠋ᠡᠷ ᠰᠤᠩᠭᠤᠨ   ᠳᠠᠨᠢᠯᠴᠠᠭᠤᠯᠵᠤ᠂ ᠡᠬᠦᠨ᠎ᠠᠴᠠ 1᠎ᠨᠢ ᠪᠦᠬᠦ ᠤᠯᠤᠰ᠎ᠤᠨ ᠬᠠᠮᠤᠭ᠎ᠤᠨ   ᠭᠤᠶᠤ   ᠴᠡᠷᠢᠭ᠎ᠠᠴᠠ ᠪᠠᠭᠤᠭᠰᠠᠨ ᠬᠦᠮᠦᠨ ᠵᠶ᠋ᠡᠷ ᠰᠤᠩᠭᠤᠭᠳᠠᠨ  ᠂ ᠨᠠᠮ᠎ᠤᠨ ᠳᠦᠪ ᠬᠤᠷᠢᠶᠠᠨ᠎ᠤ ᠤᠬᠠᠭᠤᠯᠬᠤ ᠭᠡᠯᠳᠡᠰ᠂ ᠴᠡᠷᠢᠭ᠎ᠤᠨ ᠠᠯᠪᠠ᠎ᠠᠴᠠ   ᠬᠠᠯᠠᠭᠳᠠᠭᠰᠠᠳ᠎ᠤᠨ ᠶᠠᠪᠤᠳᠠᠯ᠎ᠤᠨ ᠶᠠᠮᠤᠨ᠎ᠤ ᠬᠦᠬᠢᠬᠦᠯᠦᠯ᠎ᠢ ᠤᠯᠪᠠ᠃ ᠬᠤᠶᠠᠷ᠎ᠲᠤ᠂ 《〈ᠴᠢᠯᠦᠭᠡᠳᠤ ᠰᠤᠷᠭ᠋ᠠᠨ ᠬᠦᠮᠦᠵᠢᠯ᠎ᠢ ᠴᠡᠷᠢᠭ᠎ᠤᠨ ᠬᠤᠸᠠᠷᠠᠠ᠎ᠳᠤ ᠤᠷᠤᠭᠤᠯᠬᠤ ᠳᠦᠯᠦᠪᠯᠡᠭᠡ〉 ᠵᠢ ᠳᠦᠷ ᠵᠤᠬᠰᠤᠭ᠋ᠠᠬᠤ   ᠪᠢᠴᠢᠭ》 ᠪᠠᠭᠤᠯᠭ᠋ᠠᠵᠤ᠂  2018   ᠤᠨ᠎ᠤ 9 ᠳ᠋ᠤᠭᠡᠷ   ᠰᠠᠷ᠎ᠠ ᠎ᠠᠴᠠ ᠡᠬᠢᠯᠡᠨ  《ᠴᠢᠯᠦᠭᠡᠳᠤ ᠰᠤᠷᠭ᠋ᠠᠨ ᠬᠦᠮᠦᠵᠢᠯ᠎ᠢ ᠴᠡᠷᠢᠭ᠎ᠤᠨ ᠬᠤᠸᠠᠷᠠᠨ᠎ᠳᠤ ᠤᠷᠤᠭᠤᠯᠬᠤ ᠳᠦᠯᠦᠪᠯᠡᠭᠡ 》 ᠵᠢᠨ ᠰᠤᠷᠤᠭᠴᠢ ᠡᠯᠰᠡᠬᠦ ᠠᠵᠢᠯ᠎ᠢ ᠵᠤᠬᠰᠤᠭ᠋ᠠᠬᠤ ᠵᠢᠨ ᠬᠠᠮᠳᠤ ᠦᠪᠦᠷ ᠮᠤᠩᠭᠤᠯ᠎ᠤᠨ ᠷᠠᠳᠢᠤ᠋ ᠲᠸᠯᠸᠢᠰ ᠶᠡᠭᠡ ᠰᠤᠷᠭ᠋ᠠᠭᠤᠯᠢ ᠵᠢᠨ᠎ᠬᠢᠨ᠎ᠢ ᠤᠷᠤᠰᠢᠵᠤ ᠪᠠᠢ᠌ᠭ᠎ᠠ ᠠᠰᠠᠭᠤᠳᠠᠯ ᠵᠶ᠋ᠠᠨ ᠨᠠᠷᠢᠨ ᠨᠢᠮᠪᠠᠢ ᠴᠡᠭᠴᠡᠯᠠᠨ ᠵᠠᠰᠠᠬᠤ ᠵᠢ ᠱᠠᠭ᠋ᠠᠷᠳᠠᠵᠤ᠂ ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ ᠪᠤᠯᠪᠠᠰᠤᠷᠠᠭᠤᠯᠬᠤ ᠠᠵᠢᠯ᠎ᠤᠨ ᠳᠦᠷᠦ ᠵᠢᠨ ᠪᠤᠳᠤᠯᠭ᠎ᠠ ᠳᠡᠬᠦᠯᠳᠡᠷ ᠪᠤᠰᠤ ᠵᠡᠷᠭᠡ ᠠᠰᠠᠭᠤᠳᠠᠯ᠎ᠢ ᠦᠨᠡᠨᠬᠦ ᠰᠢᠢ᠍ᠳᠪᠤᠷᠢᠯᠡᠨ᠂ ᠪᠦᠬᠦ ᠤᠷᠤᠨ᠎ᠤ ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ ᠪᠤᠯᠠᠪᠰᠤᠷᠠᠭᠤᠯᠬᠤ ᠠᠵᠢᠯ᠎ᠤᠨ ᠵᠢᠷᠤᠮᠵᠢᠯᠳᠠ ᠵᠢ ᠠᠬᠢᠭᠤᠯᠪᠠ᠃   ᠭᠤᠷᠪᠠ᠎ᠳᠤ᠂ ᠤᠯᠤᠰ᠎ᠠᠴᠠ ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ ᠪᠤᠯᠪᠠᠰᠤᠷᠠᠭᠤᠯᠬᠤ ᠠᠵᠢᠯ᠎ᠤᠨ ᠳᠤᠬᠠᠢ ᠬᠤᠯᠪᠤᠭᠳᠠᠯ ᠪᠦᠬᠦᠢ ᠳᠦᠷᠦ ᠪᠤᠳᠤᠯᠭ᠎ᠠ ᠵᠢ ᠵᠢᠩᠬᠢᠨᠢ᠎ᠪᠠᠷ ᠳᠤᠭᠳᠠᠭ᠋ᠠᠭᠰᠠᠨ᠎ᠤ ᠳᠠᠷᠠᠭ᠎ᠠ᠂ ᠴᠡᠷᠢᠭ ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠳᠢᠩᠬᠢᠮ᠎ᠠᠴᠠ ᠢᠳᠡᠪᠬᠢᠳᠡᠢ᠎ᠪᠠᠷ ᠵᠤᠬᠢᠴᠠᠭᠤᠯᠤᠨ ᠰᠤᠷᠭ᠋ᠠᠨ ᠬᠦᠮᠦᠵᠢᠬᠦᠯᠵᠤ᠂ ᠠᠵᠢᠯᠳᠠᠨ᠎ᠤ ᠶᠠᠪᠤᠳᠠᠯ᠎ᠤᠨ ᠰᠠᠯᠠᠭ᠎ᠠ ᠮᠦᠴᠢᠷ ᠵᠡᠷᠭᠡ ᠰᠠᠯᠠᠭ᠎ᠠ ᠮᠦᠴᠢᠷ᠎ᠲᠤ ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ ᠪᠤᠯᠪᠠᠰᠤᠷᠠᠭᠤᠯᠬᠤ ᠠᠵᠢᠯ ᠎ᠤᠨ ᠰᠢᠰᠲᠸᠮ ᠪᠠᠢ᠌ᠭᠤᠯᠤᠨ᠂ ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ ᠪᠤᠯᠪᠠᠰᠤᠷᠠᠭᠤᠯᠬᠤ ᠠᠵᠢᠯ᠎ᠢ ᠦᠨᠡᠨᠬᠦ ᠴᠢᠩᠭ᠋ᠠᠳᠬᠠᠪᠠ  ᠃ ᠳᠦᠷᠪᠡ᠎ᠳᠤ᠂ 2016 ᠤᠨ᠂ 2017 ᠤᠨ᠎ᠤ ᠤᠨᠴᠠᠯᠠᠨ ᠬᠠᠯᠠᠮᠵᠢᠯᠠᠬᠤ ᠠᠵᠢᠯ ᠦᠢ᠍ᠯᠡᠰ᠎ᠤᠨ ᠨᠢᠭᠡᠴᠢ ᠵᠢᠨ ᠪᠤᠳᠠᠳᠠᠢ ᠴᠡᠭᠴᠡᠯᠠᠨ ᠵᠠᠰᠠᠭᠰᠠᠨ ᠪᠠᠢ᠌ᠳᠠᠯ᠎ᠢ ᠬᠢᠨᠠᠨ ᠪᠠᠢ᠌ᠴᠠᠭ᠋ᠠᠵᠤ᠂ ᠤᠷᠤᠰᠢᠵᠤ ᠪᠠᠢ᠌ᠭᠰᠠᠨ   ᠭᠤᠤᠯᠳᠠᠯᠭ᠎ᠠ᠎ᠲᠠᠢ ᠠᠰᠠᠭᠤᠳᠠᠯ᠎ᠢ ᠰᠢᠢ᠍ᠳᠪᠤᠷᠢᠯᠡᠬᠦ ᠵᠢᠨ ᠬᠠᠮᠳᠤ ᠬᠤᠯᠪᠤᠭᠳᠠᠯ ᠪᠦᠬᠦᠢ ᠠᠢ᠌ᠮᠠᠭ ᠬᠤᠳᠠ ᠵᠢᠨ ᠴᠡᠭᠴᠡᠯᠠᠨ ᠵᠠᠰᠠᠬᠤ ᠠᠵᠢᠯ᠎ᠢ ᠱᠠᠯᠠᠪᠳᠠᠭᠤᠯᠪᠠ᠃
     21. 《ᠨᠠᠰᠤᠲᠠᠳ ᠎ᠢ ᠠᠰᠠᠷᠠᠬᠤ ᠪᠠᠢ᠌ᠭᠤᠯᠤᠮᠵᠢ ᠵᠢ ᠰᠢᠪᠠᠳᠠᠨ   ᠪᠠᠢ᠌ᠴᠠᠭ᠋ᠠᠬᠤ ᠵᠢ ᠴᠢᠬᠤᠯᠠᠴᠢᠯᠠᠭ᠋ᠠᠳ ᠪᠤᠳᠠᠳᠤ ᠦᠷ᠎ᠡ ᠪᠦᠳᠦᠮᠵᠢ ᠵᠢ ᠤᠮᠳᠤᠭ᠋ᠠᠢ᠌ᠯᠠᠭᠰᠠᠨ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠪᠠᠶᠠᠨᠨᠠᠭᠤᠷ ᠬᠤᠳᠠ ᠵᠢᠨ   ᠵᠦᠪᠰᠢᠶᠡᠷᠡᠯ᠎ᠤᠨ ᠦᠨᠡᠮᠯᠠᠯ ᠦᠭᠡᠢ᠎ᠪᠠᠷ ᠡᠵᠡᠩᠨᠡᠯᠳᠡ ᠬᠢᠭᠰᠡᠨ ᠨᠠᠰᠤᠲᠠᠳ ᠎ᠢ ᠠᠰᠠᠷᠠᠬᠤ 5 ᠪᠠᠢ᠌ᠭᠤᠯᠤᠮᠵᠢ ᠵᠢ ᠴᠡᠭᠴᠡᠯᠠᠨ ᠵᠠᠰᠠᠬᠤ ᠵᠢ ᠵᠢᠭ᠋ᠠᠨ ᠵᠢᠯᠤᠭᠤᠳᠴᠤ᠂ ᠠᠷᠠᠳ᠎ᠤᠨ ᠶᠠᠪᠤᠳᠠᠯ᠎ᠤᠨ ᠶᠠᠮᠤᠨ᠎ᠤ 48   ᠳ᠋ᠤᠭᠡᠷ ᠳᠤᠭ᠋ᠠᠳᠤ ᠵᠠᠷᠯᠢᠭ ᠶᠤᠰᠤᠭ᠋ᠠᠷ ᠨᠠᠰᠤᠲᠠᠳ ᠎ᠢ ᠠᠰᠠᠷᠠᠬᠤ 4   ᠪᠠᠢ᠌ᠭᠤᠯᠤᠮᠵᠢ ᠵᠢᠨ ᠡᠵᠡᠩᠨᠡᠯᠳᠡ ᠵᠢ ᠵᠤᠭᠰᠤᠭ᠋ᠠᠨ᠂ 1   ᠪᠠᠢ᠌ᠭᠤᠯᠤᠮᠵᠢ᠎ᠳᠤ᠎ᠨᠢ ᠭᠡᠷ ᠤᠷᠤᠨ᠎ᠤ ᠦᠮᠴᠢᠯᠠᠯ᠎ᠤᠨ ᠦᠨᠡᠮᠯᠡᠯ᠂ ᠨᠠᠰᠤᠲᠠᠳ ᠎ᠢ ᠠᠰᠠᠷᠠᠬᠤ   ᠵᠦᠪᠰᠢᠶᠡᠷᠡᠯ᠎ᠤᠨ ᠦᠨᠠᠮᠯᠠᠯ ᠭᠤᠶᠤᠴᠢᠯᠠᠵᠤ ᠦᠭᠪᠡ᠃ ᠬᠤᠶᠠᠷ᠎ᠲᠤ᠂ 12349   ᠠᠷᠠᠳ᠎ᠲᠤ ᠳᠦᠭᠦᠮ ᠦᠵᠡᠭᠦᠯᠵᠤ ᠨᠠᠰᠤᠲᠠᠳ᠎ᠲᠤ   ᠦᠢ᠍ᠯᠡᠴᠢᠯᠡᠬᠦ ᠳᠠᠪᠴᠠᠩ ᠎ᠤᠨ ᠬᠢᠨᠠᠨ ᠬᠠᠮᠢᠶᠠᠷᠤᠯᠳᠠ ᠵᠢ ᠴᠢᠩᠭ᠋ᠠᠳᠬᠠᠨ᠂   ᠰᠢᠰᠲᠸᠮ᠎ᠢ ᠳᠡᠰ ᠳᠡᠪᠰᠢᠬᠦᠯᠬᠦ᠂ ᠳᠤᠨᠤᠭ ᠳᠦᠬᠦᠭᠡᠷᠦᠮᠵᠢ ᠵᠢ ᠰᠠᠯᠪᠢᠨ   ᠵᠠᠰᠠᠬᠤ   ᠠᠵᠢᠯ᠎ᠢ   ᠵᠤᠬᠢᠴᠠᠭᠤᠯᠤᠨ ᠰᠢᠢ᠍ᠳᠪᠤᠷᠢᠯᠡᠵᠤ᠂ ᠪᠦᠬᠦ ᠤᠷᠤᠨ᠎ᠤ 12349   ᠠᠷᠠᠳ᠎ᠲᠤ ᠳᠦᠭᠦᠮ ᠦᠵᠡᠭᠦᠯᠵᠤ ᠨᠠᠰᠤᠲᠠᠳ᠎ᠲᠤ   ᠦᠢ᠍ᠯᠡᠴᠢᠯᠡᠬᠦ ᠳᠠᠪᠴᠠᠩ ᠪᠦᠬᠦᠨ᠎ᠢ ᠡᠷᠡᠬᠦᠯ ᠵᠶ᠋ᠡᠷ ᠠᠵᠢᠯᠯᠠᠬᠤ ᠪᠤᠯᠭ᠋ᠠᠪᠠ᠃
     22. 《ᠨᠠᠰᠤᠲᠠᠳ ᠎ᠢ ᠠᠰᠠᠷᠠᠬᠤ ᠪᠠᠢ᠌ᠭᠤᠯᠤᠮᠵᠢ ᠵᠡᠷᠭᠡ᠎ᠳᠤ ᠠᠮᠤᠷ ᠳᠦᠪᠰᠢᠨ᠎ᠤ ᠳᠠᠯᠳᠠ ᠭᠡᠮ ᠤᠷᠤᠰᠢᠵᠤ ᠪᠠᠢ᠌ᠬᠤ᠂ ᠬᠤᠶᠠᠷ ᠵᠢᠯ ᠳᠠᠷᠠᠭ᠋ᠠᠯᠠᠨ ᠤᠨ᠎ᠤ ᠪᠠᠢ᠌ᠴᠭ᠋ᠠᠠᠯᠳᠠ᠎ᠳᠤ ᠤᠷᠤᠯᠴᠠᠭᠰᠠᠨ ᠦᠭᠡᠢ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ   ᠬᠠᠰᠤᠭᠰᠠᠨ ᠦᠭᠡᠢ᠂ ᠬᠠᠷᠢᠭᠤᠴᠠᠯᠭ᠎ᠠ ᠡᠬᠦᠷᠭᠡᠯᠡᠬᠦ ᠤᠬᠠᠮᠰᠠᠷ ᠳᠤᠷᠤᠢ》 ᠵᠡᠷᠭᠡ ᠠᠰᠠᠭᠤᠳᠠᠯ᠎ᠳᠤ ᠴᠢᠭ᠍ᠯᠠᠬᠦᠯᠦᠨ᠂ ᠨᠢᠭᠡ᠎ᠳᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠰᠢᠪᠠᠳᠠᠨ ᠪᠠᠢ᠌ᠴᠠᠭ᠋ᠠᠵᠤ ᠵᠢᠭ᠋ᠠᠨ ᠵᠢᠯᠤᠭᠤᠳᠬᠤ ᠦᠢ᠍ᠯᠡᠳᠤᠯ᠎ᠢ ᠪᠠᠳᠠᠷᠠᠭᠤᠯᠤᠨ᠂ ᠠᠢ᠌ᠮᠠᠭ ᠬᠤᠳᠠ᠂ ᠬᠤᠰᠢᠭᠤ ᠰᠢᠶᠠᠨ᠎ᠤ ᠭᠠᠯ ᠰᠡᠷᠭᠡᠢ᠌ᠯᠡᠵᠤ ᠭᠠᠯ ᠤᠨᠳᠠᠷᠠᠭ᠋ᠠᠬᠤ ᠰᠠᠯᠠᠭ᠎ᠠ ᠮᠦᠴᠢᠷ᠎ᠢ   ᠳᠠᠢ᠌ᠴᠢᠯᠠᠨ ᠠᠰᠠᠷᠠᠨ ᠬᠠᠷᠠᠭ᠋ᠠᠯᠵᠠᠬᠤ ᠬᠦᠷᠢᠶᠡᠯᠡᠩ᠂ ᠠᠰᠠᠷᠠᠮᠵᠢ ᠵᠢᠨ ᠬᠦᠷᠢᠶᠡᠯᠡᠩ᠂   ᠢᠷᠠᠭᠤ   ᠠᠯᠳᠠᠷᠳᠠᠨ᠎ᠤ ᠬᠦᠷᠢᠶᠡᠯᠡᠩ ᠵᠡᠷᠭᠡ ᠨᠠᠰᠤᠲᠠᠳ ᠎ᠢ ᠠᠰᠠᠷᠠᠬᠤ   ᠪᠠᠢ᠌ᠭᠤᠯᠤᠮᠵᠢ ᠵᠢ ᠰᠢᠯᠭ᠋ᠠᠨ ᠪᠠᠳᠤᠯᠠᠵᠤ᠂ ᠭᠠᠯ ᠰᠡᠷᠭᠡᠢ᠌ᠯᠡᠵᠤ ᠭᠠᠯ ᠤᠨᠳᠠᠷᠠᠭ᠋ᠠᠨ ᠠᠮᠤᠷ ᠳᠦᠪᠰᠢᠨ᠎ᠢ ᠪᠠᠳᠤᠯᠠᠬᠤ ᠨᠦᠬᠦᠴᠡᠯ᠎ᠳᠤ ᠬᠦᠷᠬᠦ ᠦᠭᠡᠢ ᠪᠠᠢ᠌ᠭᠤᠯᠤᠮᠵᠢ ᠵᠢ ᠱᠠᠯᠠᠪᠳᠠᠭᠤᠯᠤᠨ ᠴᠡᠭᠴᠡᠯᠠᠨ   ᠵᠠᠰᠠᠵᠤ᠂ ᠳᠤᠨᠤᠭ ᠳᠦᠬᠦᠭᠡᠷᠦᠮᠵᠢ ᠵᠢ ᠳᠡᠬᠦᠯᠳᠡᠷᠵᠢᠬᠦᠯᠦᠨ᠂ ᠨᠦᠬᠦᠴᠡᠯ᠎ᠳᠤ ᠬᠦᠷᠦᠭᠰᠡᠨ᠎ᠤ ᠳᠠᠷᠠᠭ᠎ᠠ ᠳᠠᠬᠢᠨ ᠰᠢᠯᠭ᠋ᠠᠨ ᠪᠠᠳᠤᠯᠠᠪᠠ᠃ ᠬᠤᠶᠠᠷ᠎ᠲᠤ᠂ 《ᠨᠡᠢ᠌ᠭᠡᠮ᠎ᠤᠨ ᠪᠦᠯᠬᠦᠮ᠎ᠤᠨ ᠳᠠᠩᠰᠠᠯᠠᠯᠲᠠ ᠵᠢᠨ   ᠳᠦᠷᠢᠮ》᠂ 《ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠪᠤᠰᠤ ᠨᠢᠭᠡᠴᠢ ᠵᠢ ᠳᠠᠩᠰᠠᠯᠠᠨ ᠬᠠᠮᠢᠶᠠᠷᠬᠤ ᠳᠦᠷᠢᠮ》᠂ 《ᠰᠠᠭᠤᠷᠢ ᠮᠦᠩᠬᠦᠨ᠎ᠤ ᠨᠡᠢ᠌ᠭᠡᠮᠯᠢᠭ᠎ᠤᠨ ᠬᠠᠮᠢᠶᠠᠷᠤᠯᠳᠠ ᠵᠢᠨ ᠳᠦᠷᠢᠮ》᠎ᠢ ᠴᠢᠩᠭ᠎ᠠ ᠭᠡᠷᠡᠭᠵᠢᠬᠦᠯᠦᠨ᠂ ᠳᠤᠰ ᠳᠤᠰ 4 ᠳ᠋ᠤᠭᠡᠷ   ᠰᠠᠷ᠎ᠠ ᠵᠢᠨ 23᠎ᠤ ᠡᠳᠤᠷ᠂ 5 ᠳ᠋ᠤᠭ᠋ᠠᠷ ᠰᠠᠷ᠎ᠠ ᠵᠢᠨ 10 ᠎ᠤ ᠡᠳᠤᠷ᠂ 9 ᠳ᠋ᠤᠭᠡᠷ ᠰᠠᠷ᠎ᠠ ᠵᠢᠨ 11᠎ᠤ ᠡᠳᠤᠷ ᠬᠤᠷᠠᠯ ᠬᠢᠵᠤ᠂ ᠬᠤᠶᠠᠷ ᠵᠢᠯ ᠳᠠᠷᠠᠭ᠋ᠠᠯᠠᠨ ᠤᠨ᠎ᠤ ᠪᠠᠢ᠌ᠴᠭ᠋ᠠᠠᠯᠳᠠ᠎ᠳᠤ ᠤᠷᠤᠯᠴᠠᠭᠰᠠᠨ ᠦᠭᠡᠢ 206 ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ ᠭᠤᠷᠪᠠᠨ ᠪᠦᠯᠦᠭ ᠬᠤᠪᠢᠶᠠᠨ ᠵᠠᠰᠠᠭ ᠵᠠᠬᠢᠷᠭ᠋ᠠᠨ᠎ᠤ ᠳᠤᠷᠭ᠋ᠠᠭᠤᠯᠢ ᠦᠭᠴᠤ᠂   ᠡᠬᠦᠨ᠎ᠳᠤ 2 ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠎ᠨᠢ ᠦᠪᠡᠷ᠎ᠲᠡᠭᠡᠨ ᠬᠠᠰᠤᠭᠤᠯᠬᠤ᠎ᠪᠠᠷ ᠭᠤᠶᠤᠴᠢᠯᠠᠨ᠂ 147 ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ ᠬᠠᠰᠤᠵᠤ᠂ 57 ᠨᠠᠢ᠌ᠭᠡᠮ᠎ᠤᠨ ᠵᠤᠬᠢᠶᠠᠨ   ᠪᠠᠢ᠌ᠭᠤᠯᠤᠯᠳᠠ᠎ᠳᠤ ᠵᠠᠰᠠᠭ ᠵᠠᠬᠢᠷᠠᠭ᠋ᠠᠨ᠎ᠤ ᠳᠤᠩᠭᠤᠳᠬᠤ ᠰᠢᠢ᠍ᠳᠭᠡᠯ ᠦᠭᠪᠡ᠃
     23. 《ᠨᠠᠰᠤᠲᠠᠳ ᠎ᠢ ᠠᠰᠠᠷᠠᠬᠤ ᠦᠢ᠍ᠯᠡᠴᠢᠯᠡᠭᠡ ᠪᠡ ᠭᠠᠮᠰᠢᠭ᠎ᠠᠴᠠ ᠠᠪᠤᠷᠠᠬᠤ ᠵᠡᠷᠭᠡ   ᠠᠵᠢᠯ᠎ᠤᠨ   ᠡᠬᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠬᠦ ᠤᠬᠠᠮᠰᠠᠷ ᠳᠤᠳᠠᠮᠠᠭ᠂ ᠪᠦᠬᠦ ᠤᠷᠤᠨ᠎ᠤ ᠨᠠᠰᠤᠳᠠᠨ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠪᠤᠯᠤᠨ ᠳᠠᠯᠠᠪᠤᠷ᠎ᠤᠨ ᠳᠤᠭ᠎ᠠ ᠭᠡᠮᠵᠢᠶ᠎ᠡ ᠵᠡᠷᠭᠡ ᠵᠢ   ᠡᠵᠡᠮᠰᠢᠭᠰᠡᠨ ᠵᠶ᠋ᠡᠷ ᠳᠤᠳᠠᠮᠠᠭ》 ᠵᠡᠷᠭᠡ ᠠᠰᠠᠭᠤᠳᠠᠯ᠎ᠳᠤ ᠴᠢᠭᠯᠡᠬᠦᠯᠦᠨ᠂   ᠨᠢᠭᠡ᠎ᠳᠤ᠂ ᠡᠯ᠎ᠡ ᠠᠢ᠌ᠮᠠᠭ ᠬᠤᠳᠠ᠎ᠠᠴᠠ ᠮᠡᠳᠡᠬᠦᠯᠦᠨ ᠢᠷᠡᠬᠦᠯᠬᠦ ᠳᠤᠭ᠎ᠠ ᠪᠦᠷᠢᠳᠭᠡᠯ᠎ᠳᠤ ᠬᠢᠨᠠᠯᠳᠠ ᠳᠠᠯᠪᠢᠨ ᠵᠢᠭ᠋ᠠᠨ ᠵᠢᠯᠤᠭᠤᠳᠬᠤ᠎ᠪᠠᠨ ᠡᠷᠴᠢᠮᠵᠢᠬᠦᠯᠵᠤ᠂ ᠬᠠᠮᠢᠶᠠᠷᠤᠯᠳᠠ ᠵᠢ ᠴᠢᠩᠭ᠋ᠠᠳᠬᠠᠨ᠂ ᠦᠨᠳᠦᠰᠤᠨ ᠳᠤᠭ᠎ᠠ ᠳᠤᠳᠤᠷᠬᠠᠢ ᠪᠠᠢ᠌ᠬᠤ ᠵᠢ ᠪᠡᠶᠡᠯᠡᠬᠦᠯᠪᠡ᠃ 《ᠪᠠᠢ᠌ᠭ᠋ᠠᠯᠢ ᠵᠢᠨ ᠭᠠᠮᠰᠢᠭ᠎ᠤᠨ ᠪᠠᠢ᠌ᠳᠠᠯ᠎ᠢ ᠪᠦᠷᠢᠳᠭᠡᠬᠦ ᠳᠦᠷᠢᠮ》᠎ᠤᠨ ᠱᠠᠭ᠋ᠠᠷᠳᠠᠯᠭ᠎ᠠ ᠵᠢ ᠵᠢᠷᠤᠮᠯᠠᠨ᠂ ᠭᠠᠮᠰᠢᠭᠳᠠᠭᠰᠠᠨ ᠭᠠᠵᠠᠷ ᠤᠷᠤᠨ᠎ᠤ ᠭᠠᠮᠰᠢᠭ᠎ᠤᠨ ᠪᠠᠢ᠌ᠳᠠᠯ᠎ᠢ ᠪᠦᠬᠦ ᠳᠠᠯ᠎ᠠ᠎ᠪᠠᠷ᠂ ᠵᠦᠪ ᠤᠨᠤᠪᠴᠢᠳᠠᠢ ᠪᠦᠷᠢᠳᠭᠡᠬᠦ ᠵᠢ ᠵᠢᠭ᠋ᠠᠨ ᠵᠢᠯᠤᠭᠤᠳᠪᠠ᠃ ᠬᠤᠶᠠᠷ᠎ᠲᠤ᠂ 《ᠴᠢᠯᠦᠭᠡᠳᠤ ᠰᠤᠷᠭ᠋ᠠᠨ ᠬᠦᠮᠦᠵᠢᠯ᠎ᠢ   ᠴᠡᠷᠢᠭ᠎ᠤᠨ ᠬᠤᠸᠠᠷᠠᠨ᠎ᠳᠤ ᠤᠷᠤᠭᠤᠯᠬᠤ  》 ᠠᠵᠢᠯ᠎ᠤᠨ ᠵᠢᠭ᠋ᠠᠨ ᠰᠤᠷᠭ᠋ᠠᠯᠳᠠ ᠪᠠ ᠰᠢᠯᠭ᠋ᠠᠯᠳᠠ ᠵᠡᠷᠭᠡ ᠡᠯ᠎ᠡ ᠭᠤᠭᠴᠤᠭ᠋ᠠᠨ᠎ᠳᠤ ᠳᠤᠭᠳᠠᠮᠠᠯ ᠬᠤᠭᠤᠴᠠᠭ᠎ᠠ᠎ᠲᠠᠢ᠎ᠪᠠᠷ ᠬᠢᠨᠠᠯᠳᠠ ᠳᠠᠯᠪᠢᠨ ᠪᠠᠢ᠌ᠴᠠᠭ᠋ᠠᠬᠤ ᠠᠵᠢᠯ ᠦᠷᠨᠢᠬᠦᠯᠪᠡ᠃ ᠪᠦᠬᠦ ᠤᠷᠤᠨ᠎ᠤ ᠴᠡᠷᠢᠭ᠎ᠠᠴᠠ ᠪᠠᠭᠤᠭᠰᠠᠨ ᠪᠠᠢ᠌ᠯᠳᠤᠭᠴᠢᠳ᠎ᠢ ᠬᠦᠮᠦᠵᠢᠬᠦᠯᠵᠤ   ᠪᠤᠯᠪᠠᠰᠤᠷᠠᠭᠤᠯᠬᠤ ᠠᠵᠢᠯ᠂ ᠪᠤᠯᠪᠠᠰᠤᠷᠠᠭᠤᠯᠬᠤ ᠪᠠᠷᠢᠮᠵᠢᠶ᠎ᠠ᠂   ᠬᠢᠨᠠᠨ ᠰᠢᠯᠭ᠋ᠠᠬᠤ ᠠᠷᠭ᠎ᠠ ᠪᠤᠯᠤᠨ ᠪᠡᠯᠡ ᠮᠦᠩᠬᠦᠨ᠎ᠤ ᠬᠠᠮᠢᠶᠠᠷᠤᠯᠳᠠ ᠵᠢᠨ ᠳᠦᠷᠢᠮ᠎ᠢ ᠰᠦᠪᠡᠭᠴᠢᠯᠠᠨ ᠳᠤᠭᠳᠠᠭ᠋ᠠᠵᠤ᠂ ᠬᠦᠮᠦᠵᠢᠯ   ᠪᠤᠯᠪᠠᠰᠤᠷᠠᠯ᠎ᠤᠨ ᠪᠦᠳᠦᠮᠵᠢᠳᠡᠢ ᠶᠠᠪᠤᠭᠳᠠᠬᠤ ᠵᠢ ᠪᠠᠳᠤᠯᠠᠪᠠ᠃ ᠭᠤᠷᠪᠠ᠎ᠳᠤ᠂   ᠳᠤᠰᠬᠠᠢ ᠳᠦᠷᠦᠯ᠎ᠤᠨ ᠪᠡᠯᠡ ᠮᠦᠩᠬᠦᠨ᠎ᠤ ᠬᠠᠮᠢᠶᠠᠷᠤᠯᠳᠠ ᠵᠢ   ᠵᠢᠷᠤᠮᠵᠢᠭᠤᠯᠬᠤ᠂ ᠭᠡᠷᠡᠭᠯᠡᠯᠳᠡ᠎ᠳᠤ ᠬᠢᠨᠠᠯᠳᠠ ᠳᠠᠯᠪᠢᠬᠤ᠂ ᠬᠠᠷᠢᠭᠤᠴᠠᠯᠭ᠎ᠠ ᠨᠡᠭᠡᠮᠵᠢᠯᠡᠬᠦ ᠵᠡᠷᠭᠡ ᠵᠢ ᠤᠯᠠᠮ ᠵᠶ᠋ᠡᠷ ᠴᠢᠩᠭ᠋ᠠᠷᠠᠭᠤᠯᠤᠨ᠂ ᠳᠤᠰᠬᠠᠢ ᠳᠦᠷᠦᠯ᠎ᠤᠨ ᠪᠡᠯᠡ ᠮᠦᠩᠬᠦ ᠵᠢ ᠰᠢᠯᠵᠢᠬᠦᠯᠦᠨ ᠦᠭᠬᠦ ᠪᠠ ᠭᠡᠷᠡᠭᠯᠡᠬᠦ ᠳᠤᠭᠳᠠᠴᠠ ᠵᠢ ᠳᠡᠬᠦᠯᠳᠡᠷᠵᠢᠬᠦᠯᠵᠤ᠂ ᠪᠡᠯᠡ ᠮᠦᠩᠬᠦ ᠵᠢ ᠴᠠᠭ ᠳᠤᠬᠠᠢ᠎ᠳᠤ᠎ᠨᠢ ᠤᠨᠤᠪᠴᠢᠳᠠᠢ ᠭᠡᠷᠡᠭᠯᠡᠬᠦ ᠵᠢ ᠪᠠᠳᠤᠯᠠᠪᠠ᠃
     24. 《2016 ᠤᠨ᠎ᠠᠴᠠ ᠨᠠᠭ᠋ᠠᠰᠢ᠂ ᠠᠷᠠᠳ᠎ᠤᠨ ᠶᠠᠪᠤᠳᠠᠯ᠎ᠤᠨ ᠰᠢᠰᠲᠸᠮ᠎ᠤᠨ 34 ᠠᠵᠢᠯᠳᠠᠨ   ᠳᠦᠷᠢᠮ᠎ᠢ ᠵᠦᠷᠢᠴᠠᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠭᠠᠷᠳᠠᠮ ᠬᠦᠢ᠍ᠴᠡᠳᠭᠡᠵᠤ   ᠦᠭᠬᠦᠭᠰᠡᠨ᠂ 〈ᠠᠭᠤᠯᠠᠨ᠎ᠠᠴᠠ ᠤᠢ᠌ᠷ᠎ᠡ᠎ᠨᠢ ᠮᠤᠳᠤ ᠳᠦᠯᠡᠬᠦ〉 ᠠᠰᠠᠭᠤᠳᠠᠯ ᠬᠦᠨᠳᠤ ᠭᠡᠴᠡᠬᠦᠤ ᠤᠷᠤᠰᠢᠵᠤ ᠪᠠᠢ᠌ᠬᠤ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠎ᠲᠠᠢ   ᠰᠦᠯᠵᠢᠶᠠᠨ ᠳᠡᠭᠡᠷᠡᠬᠢ ᠨᠡᠪᠳᠡᠷᠡᠯᠴᠡᠭᠡ᠎ᠪᠠᠨ ᠢᠳᠡᠪᠬᠢᠳᠡᠢ ᠠᠬᠢᠭᠤᠯᠤᠨ᠂ ᠠᠰᠠᠷᠠᠨ ᠬᠠᠷᠠᠭ᠋ᠠᠯᠵᠠᠵᠤ ᠪᠠᠢ᠌ᠭ᠎ᠠ ᠬᠦᠮᠤᠰ᠎ᠤᠨ ᠮᠡᠳᠡᠭᠡ ᠵᠠᠩᠬᠢ ᠵᠢ ᠳᠤᠭᠳᠠᠮᠠᠯ ᠬᠤᠭᠤᠴᠠᠭ᠎ᠠ᠎ᠲᠠᠢ᠎ᠪᠠᠷ ᠡᠯ᠎ᠡ ᠱᠠᠳᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠲᠠᠢ   ᠨᠡᠪᠳᠡᠷᠡᠯᠴᠡᠬᠦ ᠳᠤᠭᠳᠠᠴᠠ ᠵᠢ ᠪᠠᠢ᠌ᠭᠤᠯᠪᠠ᠃ ᠬᠤᠶᠠᠷ᠎ᠲᠤ᠂ ᠬᠠᠤᠯᠢ ᠴᠠᠭ᠋ᠠᠵᠠ ᠵᠢᠨ   ᠰᠠᠯᠠᠭ᠎ᠠ ᠮᠦᠴᠢᠷ᠎ᠲᠠᠢ   ᠰᠦᠯᠵᠢᠶ᠎ᠡ ᠨᠡᠪᠳᠡᠷᠡᠵᠤ᠂   ᠬᠤᠤᠷ ᠳᠠᠳᠠᠬᠤ ᠵᠢ ᠠᠯᠪᠠᠳᠠᠯᠭ᠎ᠠ᠎ᠪᠠᠷ ᠴᠠᠭ᠋ᠠᠵᠠᠯᠠᠵᠤ ᠪᠠᠢ᠌ᠭ᠎ᠠ ᠬᠦᠮᠤᠰ᠎ᠤᠨ ᠮᠡᠳᠡᠭᠡ ᠵᠠᠩᠬᠢ ᠵᠢ ᠳᠤᠭᠳᠠᠮᠠᠯ ᠬᠤᠭᠤᠴᠠᠭ᠎ᠠ᠎ᠲᠠᠢ᠎ᠪᠠᠷ ᠡᠯ᠎ᠡ ᠱᠠᠳᠤᠨ᠎ᠤ ᠬᠠᠤᠯᠢ ᠴᠠᠭ᠋ᠠᠵᠠ ᠵᠢᠨ ᠰᠠᠯᠠᠭ᠎ᠠ ᠮᠦᠴᠢᠷ᠎ᠲᠠᠢ ᠨᠡᠪᠳᠡᠷᠡᠯᠴᠡᠬᠦ ᠳᠤᠭᠳᠠᠴᠠ ᠵᠢ ᠪᠠᠢ᠌ᠭᠤᠯᠪᠠ᠃ ᠭᠤᠷᠪᠠ᠎ᠳᠤ᠂ ᠡᠯ᠎ᠡ ᠱᠠᠳᠤᠨ᠎ᠤ ᠳᠤᠳᠤᠭ᠋ᠠᠳᠤ ᠵᠢ ᠬᠠᠮᠠᠭ᠋ᠠᠯᠠᠬᠤ ᠰᠠᠯᠠᠭ᠎ᠠ ᠮᠦᠴᠢᠷ᠂ ᠠᠷᠠᠳ᠎ᠤᠨ ᠶᠠᠪᠤᠳᠠᠯ᠎ᠤᠨ ᠭᠡᠷᠡᠭ ᠶᠠᠪᠤᠳᠠᠯ᠎ᠤᠨ ᠰᠠᠯᠠᠭ᠎ᠠ ᠮᠦᠴᠢᠷ᠎ᠲᠠᠢ ᠰᠦᠯᠵᠢᠶ᠎ᠠ ᠨᠡᠪᠳᠡᠷᠡᠯᠴᠠᠵᠤ᠂ ᠨᠠᠰᠤ ᠪᠠᠷᠠᠭᠰᠠᠨ ᠬᠦᠮᠤᠰ᠎ᠤᠨ   ᠮᠡᠳᠡᠭᠡ ᠵᠠᠩᠬᠢ ᠵᠢ ᠳᠤᠭᠳᠠᠮᠠᠯ ᠬᠤᠭᠤᠴᠠᠭ᠎ᠠ᠎ᠲᠠᠢ᠎ᠪᠠᠷ ᠡᠯ᠎ᠡ ᠱᠠᠳᠤᠨ᠎ᠤ ᠳᠤᠳᠤᠭ᠋ᠠᠳᠤ ᠵᠢ ᠬᠠᠮᠠᠭ᠋ᠠᠯᠠᠬᠤ ᠰᠠᠯᠠᠭ᠎ᠠ ᠮᠦᠴᠢᠷ   ᠪᠤᠯᠤᠨ ᠠᠷᠠᠳ᠎ᠤᠨ ᠶᠠᠪᠤᠳᠠᠯ᠎ᠤᠨ ᠭᠡᠷᠡᠭ ᠶᠡᠪᠤᠳᠠᠯ᠎ᠤᠨ ᠰᠠᠯᠠᠭ᠎ᠠ ᠮᠦᠴᠢᠷ᠎ᠲᠠᠢ ᠨᠡᠪᠳᠡᠷᠡᠯᠴᠡᠬᠦ ᠳᠤᠭᠳᠠᠴᠠ ᠳᠤᠭᠳᠠᠭ᠋ᠠᠪᠠ᠃ ᠡᠬᠦᠨ᠎ᠤ ᠬᠠᠮᠳᠤ ᠰᠤᠮᠤ ᠰᠢᠶᠠᠩ   ᠪᠠᠯᠭ᠋ᠠᠰᠤ ᠵᠢ ᠱᠠᠭ᠋ᠠᠷᠳᠠᠨ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠬᠦᠮᠤᠰ᠎ᠢ ᠳᠤᠭᠳᠠᠮᠠᠯ ᠬᠤᠭᠤᠴᠠᠭ᠎ᠠ᠎ᠲᠠᠢ ᠳᠠᠬᠢᠨ ᠬᠢᠨᠠᠬᠤ ᠳᠤᠭᠳᠠᠭ᠋ᠠᠯ᠎ᠢ ᠨᠠᠢ᠌ᠳᠠᠪᠤᠷᠢᠵᠢᠭᠤᠯᠬᠤ ᠵᠢ ᠤᠯᠠᠮ ᠵᠶ᠋ᠡᠷ ᠠᠬᠢᠭᠤᠯᠪᠠ  ᠃ ᠳᠦᠷᠪᠡ᠎ᠳᠤ᠂ 《ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠡᠷᠭᠡ ᠨᠡᠢ᠌ᠭᠡᠮ᠎ᠤᠨ   ᠳᠤᠰᠠᠯᠠᠮᠵᠢ   ᠵᠢᠨ ᠳᠤᠬᠠᠢ᠌ᠯᠠᠭᠰᠠᠨ ᠠᠵᠢᠯ᠎ᠤᠨ ᠰᠢᠰᠲᠸᠮ᠎ᠤᠨ ᠳ᠋ᠠᠢ᠌ᠲ᠋ᠠ ᠵᠢ ᠰᠢᠩᠭᠡᠭᠡᠨ ᠤᠷᠤᠭᠤᠯᠬᠤ ᠵᠢ ᠤᠯᠠᠮ ᠵᠶ᠋ᠡᠷ ᠴᠢᠩᠭ᠋ᠠᠳᠬᠠᠬᠤ ᠳᠤᠬᠠᠢ ᠪᠠᠴᠢᠮ ᠮᠡᠳᠡᠭᠳᠡᠯ》 ᠪᠠᠭᠤᠯᠭ᠋ᠠᠨ᠂ ᠳᠤᠭᠳᠠᠮᠠᠯ ᠬᠤᠭᠤᠴᠠᠭ᠎ᠠ᠎ᠲᠠᠢ᠎ᠪᠠᠷ ᠳᠠᠬᠢᠨ ᠬᠢᠨᠠᠬᠤ᠂ ᠬᠦᠳᠡᠯᠦᠩᠬᠦᠢ ᠬᠠᠮᠢᠶᠠᠷᠤᠯᠳᠠ ᠬᠢᠬᠦ᠂ ᠳᠤᠬᠠᠢ᠌ᠯᠠᠭᠰᠠᠨ ᠠᠵᠢᠯ᠎ᠤᠨ ᠰᠢᠰᠲᠸᠮ᠎ᠤᠨ ᠳ᠋ᠠᠢ᠌ᠲ᠋ᠠ ᠵᠢ ᠴᠠᠭ   ᠳᠠᠷᠤᠢ᠎ᠳᠤ᠎ᠨᠢ ᠰᠢᠨᠡᠳᠭᠡᠬᠦ ᠵᠢ ᠱᠠᠭ᠋ᠠᠷᠳᠠᠵᠤ᠂ ᠮᠡᠳᠡᠭᠡ ᠵᠠᠩᠬᠢ ᠵᠤᠬᠢᠴᠠᠬᠤ ᠦᠭᠡᠢ᠂ ᠳ᠋ᠠᠢ᠌ᠲ᠋ᠠ ᠵᠢ   ᠰᠢᠨᠡᠳᠭᠡᠭᠰᠡᠨ ᠦᠭᠡᠢ᠎ᠠᠴᠠ ᠪᠤᠯᠵᠤ ᠡᠨᠳᠡᠯ ᠤᠰᠤᠯ ᠭᠠᠷᠬᠤ ᠵᠢ ᠰᠡᠷᠭᠡᠢ᠌ᠯᠡᠪᠡ᠃
     25. 《ᠠᠵᠢᠯᠯᠠᠭᠰᠠᠨ ᠦᠭᠡᠢ᠎ᠪᠠᠷ   ᠴᠠᠯᠢᠩ ᠮᠦᠩᠬᠦ ᠤᠯᠵᠤ ᠮᠠᠭᠤ ᠨᠦᠯᠦᠭᠡ ᠦᠵᠡᠬᠦᠯᠦᠭᠰᠡᠨ》 ᠵᠡᠷᠭᠡ ᠠᠰᠠᠭᠤᠳᠠᠯ᠎ᠳᠤ ᠴᠢᠭ᠍ᠯᠠᠬᠦᠯᠦᠨ᠂ ᠨᠢᠭᠡ᠎ᠳᠤ᠂ ᠳᠢᠩᠬᠢᠮ᠎ᠤᠨ ᠰᠢᠭᠤᠳ ᠬᠠᠷᠢᠶ᠎ᠠ ᠨᠢᠭᠡᠴᠢ ᠵᠢᠨ ᠨᠢᠭᠡ ᠠᠵᠢᠯᠳᠠᠨ 2016 ᠤᠨ᠎ᠤ 1 ᠳ᠋ᠤᠭᠡᠷ ᠰᠠᠷ᠎ᠠ᠎ᠠᠴᠠ ᠡᠨᠡ ᠵᠢᠯ᠎ᠤᠨ 4 ᠳ᠋ᠤᠭᠡᠷ ᠰᠠᠷ᠎ᠡ ᠪᠤᠯᠳᠠᠯ᠎ᠠ ᠠᠵᠢᠯᠯᠠᠭᠰᠠᠨ ᠦᠭᠡᠢ᠎ᠪᠠᠷ ᠴᠠᠯᠢᠩ ᠮᠦᠩᠬᠦ ᠤᠯᠤᠭᠰᠠᠨ ᠠᠰᠠᠭᠤᠳᠠᠯ᠎ᠢ ᠰᠢᠢ᠍ᠳᠪᠤᠷᠢᠯᠡᠵᠤ᠂ ᠠᠵᠢᠯᠯᠠᠭᠰᠠᠨ ᠦᠭᠡᠢ ᠬᠤᠭᠤᠴᠠᠭ᠋ᠠᠨ᠎ᠳᠤ ᠤᠯᠤᠭᠰᠠᠨ ᠴᠠᠯᠢᠩ ᠮᠦᠩᠬᠦ᠂ 《ᠳᠠᠪᠤᠨ ᠳᠠᠭ᠋ᠠᠳᠬᠠᠯ   ᠨᠢᠭᠡ ᠮᠦᠩᠬᠦ》 ᠵᠡᠷᠭᠡ ᠵᠢᠨ ᠤᠷᠤᠯᠭ᠎ᠠ ᠵᠢ ᠪᠤᠴᠠᠭ᠋ᠠᠯᠭ᠋ᠠᠬᠤ ᠵᠢᠨ ᠬᠠᠮᠳᠤ ᠵᠠᠰᠠᠭ ᠵᠠᠬᠢᠷᠭ᠋ᠠᠨ᠎ᠤ ᠳᠤᠩᠭᠤᠳᠬᠤ ᠰᠢᠢ᠍ᠳᠭᠡᠯ ᠦᠭᠪᠡ᠃ ᠮᠦᠨ ᠳᠡᠬᠦᠨ᠎ᠤ   ᠳᠤᠰᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠵᠦᠪᠰᠢᠶᠡᠷᠡᠵᠤ᠂ ᠠᠵᠢᠯᠳᠠᠨ᠎ᠤ ᠶᠠᠪᠤᠳᠠᠯ᠎ᠤᠨ ᠳᠠᠩᠰᠠ ᠡᠪᠭᠡᠮᠡᠯ ᠪᠤᠯᠤᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠴᠠᠭ᠎ᠠ ᠵᠢ᠎ᠨᠢ ᠰᠢᠯᠵᠢᠬᠦᠯᠵᠤ ᠭᠠᠷᠭ᠋ᠠᠪᠠ᠃ ᠬᠤᠶᠠᠷ᠎ᠲᠤ᠂ ᠪᠠᠢ᠌ᠭᠤᠯᠭ᠎ᠠ ᠨᠢᠭᠡᠴᠢ ᠵᠢᠨ ᠤᠳᠤᠷᠢᠳᠤᠯᠭ᠎ᠠ᠎ᠨᠢ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠪᠢᠴᠢᠭ ᠵᠶ᠋ᠡᠷ ᠪᠠᠢ᠌ᠴᠠᠭ᠋ᠠᠯᠳᠠ ᠬᠢᠬᠦ ᠵᠢᠨ ᠬᠠᠮᠳᠤ ᠨᠠᠮ᠎ᠤᠨ ᠡᠬᠦᠷ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ   ᠵᠠᠰᠠᠭᠰᠠᠨ ᠳᠤᠰᠬᠠᠢ ᠰᠡᠳᠤᠪᠳᠤ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ ᠳᠡᠭᠡᠷ᠎ᠠ ᠬᠠᠷᠢᠴᠠᠭᠤᠯᠤᠨ ᠪᠠᠢ᠌ᠴᠠᠭ᠋ᠠᠵᠤ᠂ ᠦᠪᠡᠷ᠎ᠤᠨ ᠰᠢᠬᠦᠮᠵᠢᠯᠡᠯ ᠬᠢᠪᠡ᠃ ᠭᠤᠷᠪᠠ᠎ᠳᠤ᠂ ᠳᠢᠩᠬᠢᠮ᠎ᠤᠨ ᠰᠢᠰᠲᠸᠮ᠎ᠳᠤ  《ᠠᠵᠢᠯᠯᠠᠭᠰᠠᠨ ᠦᠭᠡᠢ  ᠎ᠪᠠᠷ ᠴᠠᠯᠢᠩ ᠮᠦᠩᠬᠦ ᠤᠯᠬᠤ》 ᠵᠢ   ᠵᠠᠰᠠᠬᠤ᠂ 《  ᠡᠷᠬᠢᠨ   ᠬᠠᠷᠠᠵᠤ》   ᠬᠢᠨᠠᠨ ᠪᠠᠢ᠌ᠴᠠᠭ᠋ᠠᠬᠤ ᠠᠵᠢᠯᠯᠠᠭ᠎ᠠ ᠦᠷᠨᠢᠬᠦᠯᠵᠤ᠂ 《ᠠᠵᠢᠯᠯᠠᠭᠰᠠᠨ ᠦᠭᠡᠢ᠎ᠪᠠᠷ ᠴᠠᠯᠢᠩ ᠮᠦᠩᠬᠦ ᠤᠯᠬᠤ》 ᠠᠰᠠᠭᠤᠳᠠᠯ᠎ᠢ ᠪᠦᠬᠦ ᠳᠠᠯ᠎ᠠ᠎ᠪᠠᠷ ᠪᠠᠢ᠌ᠴᠠᠭ᠋ᠠᠪᠠ᠃   ᠳᠦᠷᠪᠡ᠎ᠳᠤ᠂ 《〈ᠠᠵᠢᠯᠯᠠᠭᠰᠠᠨ ᠦᠭᠡᠢ᠎ᠪᠠᠷ ᠴᠠᠯᠢᠩ ᠮᠦᠩᠬᠦ ᠤᠯᠬᠤ〉 ᠵᠢ ᠰᠡᠷᠭᠡᠢ᠌ᠯᠡᠨ ᠵᠠᠰᠠᠬᠤ ᠪᠠᠢ᠌ᠩᠭᠤ ᠵᠢᠨ ᠪᠦᠳᠦᠮᠵᠢᠳᠤ ᠳᠤᠭᠳᠠᠴᠠ ᠪᠠᠢ᠌ᠭᠤᠯᠬᠤ ᠳᠤᠬᠠᠢ ᠮᠡᠳᠡᠭᠳᠡᠯ》 ᠪᠠᠭᠤᠯᠭ᠋ᠠᠨ᠂ 《ᠠᠵᠢᠯᠯᠠᠭᠰᠠᠨ ᠦᠭᠡᠢ  ᠎ᠪᠠᠷ ᠴᠠᠯᠢᠩ ᠮᠦᠩᠬᠦ ᠤᠯᠬᠤ》 ᠵᠢ ᠵᠠᠰᠠᠨ ᠬᠠᠮᠢᠶᠠᠷᠬᠤ ᠪᠤᠳᠠᠳᠠᠢ ᠠᠷᠭ᠎ᠠ ᠭᠡᠮᠵᠢᠶ᠎ᠡ ᠵᠢ ᠳᠤᠳᠤᠷᠬᠠᠢ᠌ᠯᠠᠨ᠂ ᠪᠠᠢ᠌ᠩᠭᠤ ᠵᠢᠨ ᠪᠦᠳᠦᠮᠵᠢᠳᠤ ᠳᠤᠭᠳᠠᠴᠠ ᠵᠢ ᠪᠠᠢ᠌ᠭᠤᠯᠪᠠ᠃
     (ᠳᠠᠪᠤ) ᠨᠠᠮ᠎ᠤᠨ ᠰᠠᠬᠢᠯᠭ᠎ᠠ ᠪᠠᠳᠤ ᠵᠢᠨ ᠪᠠᠢ᠌ᠭᠤᠯᠤᠯᠳᠠ ᠵᠢᠨ ᠳᠠᠯ᠎ᠠ᠎ᠪᠠᠷ
     26. 《ᠰᠠᠬᠢᠯᠭ᠎ᠠ ᠪᠠᠳᠤ ᠵᠢᠨ ᠬᠦᠮᠦᠵᠢᠯ ᠬᠦᠨᠵᠡᠭᠡᠢ ᠪᠤᠰᠤ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠴᠢᠭᠡᠴᠢ ᠵᠠᠰᠠᠭ᠎ᠤᠨ ᠬᠦᠮᠦᠵᠢᠯ᠎ᠤᠨ ᠮᠡᠳᠡᠬᠦᠯᠦᠯᠳᠡ ᠵᠢᠨ ᠬᠤᠷᠠᠯ ᠬᠢᠵᠤ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠰᠠᠬᠢᠯᠭ᠎ᠠ ᠪᠠᠳᠤ ᠪᠠᠢ᠌ᠴᠠᠭ᠋ᠠᠬᠤ ᠠᠵᠢᠯ᠎ᠤᠨ ᠬᠤᠷᠢᠶ᠎ᠠ ᠵᠢᠨ ᠱᠦᠵᠢ ᠹᠠᠩ ᠶᠢᠩ᠎ᠢ ᠤᠷᠢᠨ 《ᠬᠠᠷᠢᠭᠤᠴᠠᠯᠭ᠎ᠠ ᠨᠡᠭᠡᠮᠵᠢᠯᠡᠬᠦ ᠳᠦᠷᠢᠮ》᠎ᠢ ᠰᠤᠷᠤᠯᠴᠠᠨ ᠳᠤᠤᠱᠯᠠᠭᠤᠯᠬᠤ ᠳᠤᠬᠠᠢ ᠳᠤᠰᠬᠠᠢ ᠰᠡᠳᠤᠪᠳᠤ ᠳᠠᠢ᠌ᠯᠤᠮᠵᠢ ᠬᠢᠯᠭᠡᠵᠤ᠂ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠭᠡᠰᠢᠬᠦᠨ ᠺᠠᠳ᠋ᠷ᠎ᠲᠤ ᠬᠦᠮᠦᠵᠢᠬᠦᠯᠵᠤ ᠰᠡᠷᠡᠮᠵᠢᠯᠡᠬᠦᠯᠬᠦ ᠦᠢ᠍ᠯᠡᠳᠤᠯ ᠦᠵᠡᠬᠦᠯᠪᠡ᠃ 11 ᠳ᠋ᠤᠭᠡᠷ ᠰᠠᠷ᠎ᠠ ᠵᠢᠨ 9 ᠎ᠤ ᠡᠳᠤᠷ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠰᠡᠷᠡᠮᠵᠢᠯᠡᠯ ᠬᠦᠮᠦᠵᠢᠯ᠎ᠤᠨ ᠶᠡᠭᠡ ᠬᠤᠷᠠᠯ ᠬᠢᠵᠤ᠂ ᠳᠢᠩᠬᠢᠮ᠎ᠤᠨ ᠰᠢᠰᠲᠸᠮ᠎ᠤᠨ ᠨᠠᠮ᠎ᠤᠨ ᠭᠡᠰᠢᠬᠦᠨ ᠺᠠᠳ᠋ᠷ᠎ᠲᠤ ᠰᠡᠷᠡᠮᠵᠢᠯᠡᠯ ᠬᠦᠮᠦᠵᠢᠯ ᠬᠦᠷᠳᠡᠭᠡᠨ᠂ ᠳᠢᠩᠬᠢᠮ᠎ᠤᠨ ᠰᠢᠭᠤᠳ ᠬᠠᠷᠢᠶ᠎ᠠ ᠡᠯ᠎ᠡ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ᠎ᠨᠢ ᠴᠤ᠌ ᠳᠤᠰ ᠳᠤᠰ ᠪᠦᠬᠦ ᠨᠠᠮ᠎ᠤᠨ ᠭᠡᠰᠢᠬᠦᠨ ᠵᠶ᠋ᠡᠨ ᠵᠤᠬᠢᠶᠠᠨ ᠪᠠᠢ᠌ᠭᠤᠯᠤᠨ ᠳᠤᠮᠳᠠᠳᠤ ᠤᠯᠤᠰ᠎ᠤᠨ ᠠᠰᠠᠷᠠᠮᠵᠢ ᠵᠢᠨ ᠯᠤᠲᠲᠸᠷᠢ ᠵᠢᠨ ᠳᠠᠷᠬᠠᠭ᠋ᠠᠯᠳᠠ ᠬᠠᠮᠢᠶᠠᠷᠤᠯᠳᠠ ᠵᠢᠨ ᠳᠦᠪ᠎ᠤᠨ ᠤᠤᠯ᠎ᠤᠨ 4 ᠬᠠᠷᠢᠭᠤᠴᠠᠯᠭ᠋ᠠᠳᠠᠨ᠎ᠤ ᠬᠠᠷᠠᠮᠰᠠᠵᠤ ᠭᠡᠮᠰᠢᠭᠰᠡᠨ ᠸᠢᠳᠢᠤ᠋ ᠵᠢ ᠦᠵᠡᠬᠦᠯᠵᠤ᠂ ᠠᠷᠠᠳ᠎ᠤᠨ ᠶᠠᠪᠤᠳᠠᠯ᠎ᠤᠨ ᠰᠢᠰᠲᠸᠮ᠎ᠳᠤ ᠭᠠᠷᠤᠭᠰᠠᠨ ᠪᠤᠷᠤᠭᠤ ᠳᠠᠯ᠎ᠠ ᠵᠢᠨ ᠵᠢᠱ᠌ᠢᠭ ᠵᠶ᠋ᠡᠷ   ᠦᠨᠳᠦᠰᠤᠨ ᠱᠠᠳᠤᠨ᠎ᠤ   ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠭᠡᠰᠢᠬᠦᠨ ᠺᠠᠳ᠋ᠷ᠎ᠲᠤ ᠠᠶᠤᠵᠤ ᠡᠮᠢᠶᠡᠬᠦ ᠵᠢ ᠮᠡᠳᠡᠬᠦ᠂ ᠴᠡᠭᠡᠷ ᠬᠤᠷᠢᠭ᠎ᠠ ᠵᠢ ᠰᠠᠬᠢᠬᠤ᠂ ᠠᠶᠤᠯ ᠳᠦᠭᠰᠢᠬᠦᠷᠢ ᠵᠢ ᠰᠡᠷᠭᠡᠢ᠌ᠯᠡᠬᠦ ᠬᠦᠮᠦᠵᠢᠯ ᠬᠦᠷᠳᠡᠭᠡᠪᠡ᠃ ᠬᠤᠶᠠᠷ᠎ᠲᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠤᠤᠯ ᠳᠤᠭᠤᠢ᠌ᠯᠠᠩ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠭᠡᠯ ᠦᠭᠬᠦ ᠳᠦᠷᠢᠮ》᠎ᠢ ᠰᠤᠷᠤᠯᠴᠠᠨ ᠨᠠᠢ᠌ᠳᠠᠪᠤᠷᠢᠵᠢᠭᠤᠯᠵᠤ᠂ ᠪᠠᠢ᠌ᠭᠤᠯᠭ᠎ᠠ ᠵᠢᠨ ᠨᠠᠮ᠎ᠤᠨ ᠬᠤᠷᠢᠶ᠎ᠠ   《ᠮᠡᠳᠡᠭᠳᠡᠯ》 ᠪᠠᠭᠤᠯᠭ᠋ᠠᠨ᠂   ᠳᠢᠩᠬᠢᠮ᠎ᠤᠨ ᠰᠢᠭᠤᠳ ᠬᠠᠷᠢᠶ᠎ᠠ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠳᠤᠳᠤᠷ᠎ᠠ  《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠭᠡᠯ ᠦᠭᠬᠦ ᠳᠦᠷᠢᠮ  》᠎ᠢ ᠰᠤᠷᠤᠯᠴᠠᠬᠤ ᠠᠵᠢᠯᠯᠠᠭ᠎ᠠ ᠦᠷᠨᠢᠬᠦᠯᠬᠦ ᠵᠢ ᠱᠠᠭ᠋ᠠᠷᠳᠠᠵᠤ᠂ ᠨᠠᠮ᠎ᠤᠨ ᠭᠡᠰᠢᠬᠦᠨ ᠺᠠᠳ᠋ᠷ᠎ᠤᠨ ᠰᠠᠬᠢᠯᠭ᠎ᠠ ᠪᠠᠳᠤ ᠵᠢᠨ ᠤᠬᠠᠮᠰᠠᠷ᠎ᠢ ᠳᠠᠰᠤᠷᠠᠯᠳᠠ ᠦᠭᠡᠢ ᠳᠡᠭᠡᠭᠰᠢᠯᠡᠬᠦᠯᠪᠡ᠃ ᠭᠤᠷᠪᠠ᠎ᠳᠤ᠂ ᠨᠡᠢ᠌ᠳᠡᠯᠢᠭ ᠵᠢᠱ᠌ᠢᠭ᠎ᠢ ᠵᠠᠷᠯᠠᠨ ᠮᠡᠳᠡᠭᠳᠡᠬᠦ ᠳᠦᠷᠢᠮ ᠳᠤᠭᠳᠠᠭ᠋ᠠᠨ᠂ ᠤᠷᠤᠨ᠎ᠤ ᠳᠤᠳᠤᠨ᠎ᠠ ᠭᠠᠳᠠᠨ᠎ᠠ ᠵᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ ᠵᠢᠨ   ᠨᠡᠢ᠌ᠳᠡᠯᠢᠭ ᠵᠢᠱ᠌ᠢᠭ᠎ᠢ ᠴᠤᠭᠯᠠᠭᠤᠯᠤᠨ ᠡᠮᠬᠢᠯᠡᠵᠤ᠂ ᠬᠠᠭ᠋ᠠᠰ ᠵᠢᠯ᠎ᠳᠤ ᠨᠢᠭᠡ ᠤᠳᠠᠭ᠎ᠠ ᠵᠠᠷᠯᠠᠨ ᠮᠡᠳᠡᠭᠳᠡᠬᠦ ᠵᠢ ᠪᠡᠶᠡᠯᠡᠬᠦᠯᠪᠡ᠃
     27.  《  ᠰᠠᠬᠢᠯᠭ᠎ᠠ ᠪᠠᠳᠤ ᠵᠢᠨ ᠬᠢᠨᠠᠯᠳᠠ ᠳᠠᠯᠪᠢᠬᠤ᠎ᠪᠠᠷ ᠬᠦᠷᠦᠯᠴᠡᠬᠦ ᠦᠭᠡᠢ》 ᠵᠡᠷᠭᠡ ᠠᠰᠠᠭᠤᠳᠠᠯ᠎ᠳᠤ ᠴᠢᠭᠯᠡᠬᠦᠯᠦᠨ᠂   ᠨᠢᠭᠡ᠎ᠳᠤ᠂ 《 〈ᠠᠷᠠᠳ᠎ᠤᠨ ᠶᠠᠪᠤᠳᠠᠯ᠎ᠤᠨ ᠳᠢᠩᠬᠢᠮ᠎ᠤᠨ ᠺᠠᠳ᠋ᠷ ᠠᠵᠢᠯᠳᠠᠨ᠎ᠤ ᠶᠠᠪᠤᠳᠠᠯ᠎ᠤᠨ ᠳᠠᠩᠰᠠ ᠡᠪᠭᠡᠮᠡᠯ᠎ᠢ ᠬᠢᠨᠠᠨ ᠬᠠᠷᠭᠤᠭᠤᠯᠬᠤ ᠠᠵᠢᠯ᠎ᠤᠨ   ᠳᠤᠭᠳᠠᠭ᠋ᠠᠯ〉 〈ᠬᠤᠪᠢ ᠬᠦᠮᠦᠨ᠎ᠤ ᠬᠤᠯᠪᠤᠭᠳᠠᠯ ᠪᠦᠬᠦᠢ ᠭᠡᠷᠡᠭ ᠶᠠᠪᠤᠳᠠᠯ᠎ᠤᠨ   ᠮᠡᠳᠡᠬᠦᠯᠦᠯᠳᠡ ᠵᠢ ᠬᠠᠷᠭᠤᠭᠤᠯᠤᠨ ᠪᠠᠢ᠌ᠴᠠᠭ᠋ᠠᠬᠤ ᠠᠵᠢᠯ᠎ᠤᠨ   ᠳᠤᠭᠳᠠᠭ᠋ᠠᠯ〉᠎ᠢ ᠳᠠᠷᠤᠮᠠᠯᠯᠠᠨ ᠳᠠᠷᠬᠠᠭ᠋ᠠᠬᠤ ᠳᠤᠬᠠᠢ ᠮᠡᠳᠡᠭᠳᠡᠯ》 ᠪᠠᠭᠤᠯᠭ᠋ᠠᠨ᠂   ᠺᠠᠳ᠋ᠷᠴᠤᠳ᠎ᠤᠨ ᠬᠤᠯᠪᠤᠭᠳᠠᠯ ᠪᠦᠬᠦᠢ ᠳᠦᠷᠦ ᠵᠢᠨ ᠪᠤᠳᠤᠯᠭ᠎ᠠ ᠵᠢ   ᠰᠤᠷᠤᠯᠴᠠᠵᠤ ᠭᠡᠷᠡᠭᠵᠢᠬᠦᠯᠬᠦ ᠵᠢ ᠬᠢᠨᠠᠨ   ᠬᠠᠮᠢᠶᠠᠷᠬᠤ᠎ᠪᠠᠨ ᠤᠯᠠᠮ ᠵᠶ᠋ᠡᠷ ᠴᠢᠩᠭ᠋ᠠᠳᠬᠠᠪᠠ᠃ 4 ᠳ᠋ᠤᠭᠡᠷ ᠰᠠᠷ᠎ᠠ ᠵᠢᠨ 20᠎ᠤ ᠡᠳᠤᠷ ᠬᠤᠷᠠᠯᠳᠤᠭᠰᠠᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠳᠡᠭᠡᠷ᠎ᠡ ᠺᠠᠳ᠋ᠷ᠎ᠤᠨ ᠬᠤᠪᠢ ᠬᠦᠮᠦᠨ᠎ᠤ ᠬᠤᠯᠪᠤᠭᠳᠠᠯ ᠪᠦᠬᠦᠢ ᠭᠡᠷᠡᠭ ᠶᠠᠪᠤᠳᠠᠯ᠎ᠤᠨ   ᠮᠡᠳᠡᠬᠦᠯᠦᠯᠳᠡ ᠵᠢᠷᠤᠮᠵᠢᠭᠰᠠᠨ ᠪᠤᠰᠤ ᠠᠰᠠᠭᠤᠳᠠᠯ᠎ᠢ ᠳᠤᠰᠬᠠᠢ ᠶᠠᠷᠢᠯᠴᠠᠵᠤ᠂ ᠬᠤᠯᠪᠤᠭᠳᠠᠯ ᠪᠦᠬᠦᠢ ᠬᠦᠮᠦᠨ᠎ᠳᠤ ᠵᠤᠬᠢᠶᠠᠨ ᠪᠠᠢ᠌ᠭᠤᠯᠤᠯᠳᠠ ᠵᠢᠨ ᠰᠢᠢ᠍ᠳᠭᠡᠯ᠂ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠭᠡᠯ ᠦᠭᠪᠡ᠃   ᠬᠤᠶᠠᠷ᠎ᠲᠤ᠂ 4 ᠳ᠋ᠤᠭᠡᠷ ᠰᠠᠷ᠎ᠠ ᠵᠢᠨ 18᠎ᠤ ᠡᠳᠤᠷ ᠳᠢᠩᠬᠢᠮ᠎ᠤᠨ ᠪᠠᠢ᠌ᠭᠤᠯᠭ᠎ᠠ ᠵᠢᠨ ᠠᠯᠪᠠᠨ ᠭᠡᠷ᠂   ᠭᠠᠵᠠᠷ᠂ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠳᠠᠨ᠎ᠤ ᠬᠤᠷᠠᠯ ᠬᠢᠵᠤ᠂ ᠺᠠᠳ᠋ᠷ᠎ᠤᠨ ᠠᠵᠢᠯ᠎ᠳᠤ ᠭᠠᠷᠬᠤ ᠵᠢ ᠳᠡᠮᠳᠡᠭᠯᠡᠨ ᠬᠠᠮᠢᠶᠠᠷᠬᠤ ᠪᠠ ᠴᠢᠯᠦᠭᠡ ᠭᠤᠶᠤᠵᠤ ᠴᠢᠯᠦᠭᠡ ᠳᠠᠢ᠌ᠯᠬᠤ ᠵᠢᠴᠢ ᠠᠮᠠᠷᠠᠯᠳᠠ ᠵᠢᠨ ᠬᠠᠮᠢᠶᠠᠷᠤᠯᠳᠠ ᠵᠢ ᠴᠢᠩᠭ᠋ᠠᠳᠬᠠᠪᠠ᠃ ᠳᠤᠭᠤᠷᠢᠨ ᠪᠠᠢ᠌ᠴᠠᠭ᠋ᠠᠬᠰᠠᠨ᠎ᠠᠴᠠ ᠨᠠᠭ᠋ᠠᠰᠢ 15 ᠬᠦᠮᠦᠨ ᠤᠬᠠᠮᠰᠠᠷ᠎ᠠᠴᠠ᠎ᠪᠠᠨ ᠴᠢᠯᠦᠭᠡ ᠭᠤᠶᠤᠵᠤ ᠴᠢᠯᠦᠭᠡ ᠳᠠᠢ᠌ᠯᠬᠤ ᠭᠠᠷᠳᠠᠮ ᠬᠦᠢ᠍ᠴᠡᠳᠭᠡᠵᠤ᠂   ᠡᠬᠦᠨ᠎ᠳᠤ 3   ᠬᠦᠮᠦᠨ᠎ᠨᠢ ᠡᠪᠡᠳᠴᠢᠨ ᠵᠶ᠋ᠡᠷ ᠴᠢᠯᠦᠭᠡ ᠭᠤᠶᠤᠨ᠂12 ᠬᠦᠮᠦᠨ ᠤᠴᠢᠷ ᠶᠠᠪᠤᠳᠠᠯ ᠵᠶ᠋ᠡᠷ ᠴᠢᠯᠦᠭᠡ ᠭᠤᠶᠤᠪᠠ᠃   ᠴᠢᠯᠦᠭᠡ ᠭᠤᠶᠤᠭᠰᠠᠨ ᠬᠤᠭᠤᠴᠠᠭ᠋ᠠᠨ᠎ᠳᠠᠬᠢ ᠴᠠᠯᠢᠩ ᠬᠦᠯᠦᠰᠤ ᠵᠢ ᠬᠤᠯᠪᠤᠭᠳᠠᠯ ᠪᠦᠬᠦᠢ ᠳᠤᠭᠳᠠᠭ᠋ᠠᠯ ᠵᠶ᠋ᠡᠷ ᠭᠡᠷᠡᠭᠵᠢᠬᠦᠯᠪᠡ᠃ 9 ᠳ᠋ᠤᠭᠡᠷ ᠰᠠᠷ᠎ᠠ ᠵᠢᠨ 10 ᠎ᠤ ᠡᠳᠤᠷ 《  ᠠᠵᠢᠯ᠎ᠤᠨ ᠰᠠᠬᠢᠯᠭ᠎ᠠ ᠪᠠᠳᠤ ᠵᠢ ᠤᠯᠠᠮ ᠵᠶ᠋ᠡᠷ ᠡᠷᠴᠢᠮᠵᠢᠬᠦᠯᠦᠨ   ᠴᠢᠯᠦᠭᠡ ᠭᠤᠶᠤᠵᠤ ᠴᠢᠯᠦᠭᠡ ᠳᠠᠢ᠌ᠯᠬᠤ ᠳᠦᠷᠢᠮ᠎ᠢ ᠴᠢᠩᠭ᠋ᠠᠳᠬᠠᠬᠤ ᠳᠤᠬᠠᠢ ᠮᠡᠳᠡᠭᠳᠡᠯ》 ᠪᠠᠭᠤᠯᠭ᠋ᠠᠵᠤ᠂ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠭᠰᠠᠨ ᠦᠷ᠎ᠡ ᠪᠦᠳᠦᠭᠡᠯ᠎ᠢ ᠤᠯᠠᠮ ᠵᠶ᠋ᠡᠷ ᠪᠡᠬᠢᠵᠢᠬᠦᠯᠤᠨ᠂   ᠠᠵᠢᠯᠳᠠᠨ᠎ᠤ ᠬᠠᠮᠢᠶᠠᠷᠤᠯᠳᠠ ᠵᠢ ᠴᠢᠩᠭ᠋ᠠᠳᠬᠠᠪᠠ᠃
     28. 《ᠪᠡᠯᠡ ᠮᠦᠩᠬᠦᠨ᠎ᠤ ᠬᠠᠮᠢᠶᠠᠷᠤᠯᠳᠠ   ᠴᠢᠩᠭ᠎ᠠ ᠪᠤᠰᠤ》 ᠵᠡᠷᠭᠡ ᠠᠰᠠᠭᠤᠳᠠᠯ᠎ᠳᠤ ᠴᠢᠭᠯᠡᠬᠦᠯᠦᠨ᠂ ᠨᠢᠭᠡ᠎ᠳᠤ᠂ ᠯᠤᠲᠲᠸᠷᠢ ᠵᠢᠨ ᠨᠡᠢ᠌ᠳᠡ ᠵᠢᠨ ᠠᠰᠠᠷᠠᠮᠵᠢ ᠵᠢᠨ ᠬᠠᠮᠢᠶᠠᠷᠤᠯᠳᠠ ᠭᠡᠷᠡᠭᠯᠡᠯᠳᠡ ᠵᠢᠨ ᠳᠦᠷᠢᠮ᠎ᠢ ᠳᠡᠬᠦᠯᠳᠡᠷᠵᠢᠬᠦᠯᠵᠤ᠂ 《  ᠦᠪᠦᠷ ᠮᠤᠩᠭᠤᠯ᠎ᠤᠨ ᠦᠪᠡᠷᠳᠡᠭᠡᠨ   ᠵᠠᠰᠠᠬᠤ ᠤᠷᠤᠨ᠎ᠤ ᠳᠤᠰ ᠱᠠᠳᠤᠨ᠎ᠤ ᠦᠯᠡᠳᠡᠭᠡᠨ ᠭᠡᠷᠡᠭᠯᠡᠬᠦ ᠯᠤᠲᠲᠸᠷᠢ ᠵᠢᠨ ᠨᠡᠢ᠌ᠳᠡ ᠵᠢᠨ ᠠᠰᠠᠷᠠᠮᠵᠢ ᠵᠢᠨ ᠮᠦᠩᠬᠦᠨ᠎ᠤ ᠭᠡᠷᠡᠭᠯᠡᠯᠳᠡ ᠬᠠᠮᠢᠶᠠᠷᠤᠯᠳᠠ ᠵᠢᠨ ᠠᠷᠭ᠎ᠠ》᠂ 《ᠳᠦᠪ᠎ᠤᠨ ᠳᠤᠰᠬᠠᠢ   ᠯᠤᠲᠲᠸᠷᠢ ᠵᠢᠨ   ᠨᠡᠢ᠌ᠳᠡ ᠵᠢᠨ ᠠᠰᠠᠷᠠᠮᠵᠢ ᠵᠢᠨ ᠮᠦᠩᠬᠦ᠎ᠪᠠᠷ ᠦᠪᠦᠷ ᠮᠤᠩᠭᠤᠯ᠎ᠤᠨ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠤᠨ ᠬᠦᠭᠵᠢᠯᠳᠡ ᠵᠢ ᠳᠡᠮᠵᠢᠬᠦ ᠪᠡᠯᠡ ᠮᠦᠩᠬᠦᠨ ᠬᠠᠮᠢᠶᠠᠷᠤᠯᠳᠠ ᠵᠢᠨ ᠠᠷᠭ᠎ᠠ》 ᠵᠡᠷᠭᠡ ᠪᠡᠯᠡ ᠮᠦᠩᠬᠦᠨ᠎ᠤ ᠬᠠᠮᠢᠶᠠᠷᠤᠯᠳᠠ ᠵᠢᠨ   ᠠᠷᠭ᠎ᠠ ᠳᠦᠷᠢᠮ ᠳᠤᠭᠳᠠᠭ᠋ᠠᠵᠤ᠂ 《  ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠤᠰ ᠱᠠᠳᠤᠨ᠎ᠤ ᠯᠤᠲᠲᠸᠷᠢ ᠵᠢᠨ   ᠨᠠᠢ᠌ᠳᠠ ᠵᠢᠨ ᠠᠰᠠᠷᠠᠮᠵᠢ ᠵᠢᠨ ᠮᠦᠩᠬᠦᠨ᠎ᠤ ᠳᠡᠳᠬᠦᠬᠦ ᠳᠦᠷᠦᠯ ᠵᠦᠢ᠍ᠯ᠎ᠤᠨ ᠪᠡᠯᠡ ᠮᠦᠩᠬᠦᠨ᠎ᠤ ᠬᠠᠮᠢᠶᠠᠷᠤᠯᠳᠠ ᠵᠢᠨ ᠠᠷᠭ᠎ᠠ》 ᠵᠢ ᠳᠤᠭᠳᠠᠭ᠋ᠠᠨ᠂ ᠯᠤᠲᠲᠸᠷᠢ ᠵᠢᠨ ᠨᠡᠢ᠌ᠳᠡ ᠵᠢᠨ ᠠᠰᠠᠷᠠᠮᠵᠢ ᠵᠢᠨ ᠮᠦᠩᠬᠦ ᠵᠢ ᠭᠡᠷᠡᠭᠯᠡᠬᠦ ᠭᠡᠪᠴᠢᠶ᠎ᠠ᠂ ᠪᠡᠯᠡ ᠮᠦᠩᠬᠦᠨ᠎ᠤ ᠬᠤᠪᠢᠶᠠᠷᠢᠯᠠᠯᠳᠠ᠂ ᠳᠦᠷᠦᠯ ᠵᠦᠢ᠍ᠯ᠎ᠢ ᠮᠡᠳᠡᠬᠦᠯᠵᠤ ᠵᠦᠪᠰᠢᠶᠡᠷᠡᠬᠦᠯᠬᠦ᠂ ᠳᠦᠰᠦᠪ᠎ᠢ ᠭᠡᠷᠡᠭᠵᠢᠬᠦᠯᠬᠦ᠂ ᠬᠢᠨᠠᠯᠳᠠ ᠳᠠᠯᠪᠢᠨ ᠬᠠᠮᠢᠶᠠᠷᠬᠤ ᠵᠡᠷᠭᠡ ᠵᠠᠩᠬᠢᠯᠠᠭ᠎ᠠ ᠵᠢᠨ ᠭᠤᠭᠴᠤᠭ᠎ᠠ ᠵᠢ ᠵᠢᠷᠤᠮᠵᠢᠭᠤᠯᠤᠨ᠂ ᠯᠤᠲᠲᠸᠷᠢ ᠵᠢᠨ ᠨᠠᠢ᠌ᠳᠠ ᠵᠢᠨ   ᠠᠰᠠᠷᠠᠮᠵᠢ ᠵᠢᠨ ᠮᠦᠩᠬᠦᠨ᠎ᠤ ᠬᠠᠮᠢᠶᠠᠷᠤᠯᠳᠠ ᠵᠢ ᠴᠢᠩᠭ᠋ᠠᠳᠬᠠᠪᠠ᠃   ᠬᠤᠶᠠᠷ᠎ᠲᠤ᠂ ᠬᠦᠯᠦᠨ ᠪᠤᠢ᠌ᠷ ᠬᠤᠳᠠ ᠵᠢ ᠰᠢᠪᠠᠳᠠᠨ ᠠᠷᠤᠨ ᠬᠤᠰᠢᠭᠤ᠂ ᠵᠠᠯᠠᠨ ᠠᠢ᠌ᠯ ᠬᠤᠳᠠ ᠵᠢᠨ ᠨᠠᠰᠤᠲᠠᠳ ᠎ᠢ ᠠᠰᠠᠷᠠᠬᠤ ᠬᠦᠷᠢᠶᠡᠯᠡᠩ ᠪᠤᠯᠤᠨ ᠬᠦᠳᠡᠭᠡ ᠳᠤᠰᠬᠤᠨ᠎ᠤ ᠦᠯᠵᠡᠢ᠌ᠳᠤ ᠬᠦᠷᠢᠶᠡᠯᠡᠩ᠎ᠤᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠤᠨ ᠪᠡᠯᠡ ᠮᠦᠩᠬᠦ ᠵᠢᠨ ᠭᠡᠷᠡᠭᠯᠡᠭᠰᠡᠨ ᠪᠠᠢ᠌ᠳᠠᠯ᠎ᠢ ᠬᠢᠨᠠᠨ ᠪᠠᠢ᠌ᠴᠠᠭ᠋ᠠᠯᠭ᠋ᠠᠵᠤ᠂ ᠯᠤᠲᠲᠸᠷᠢ ᠵᠢᠨ ᠨᠠᠢ᠌ᠳ᠋ᠨ ᠵᠢᠨ ᠠᠰᠠᠷᠠᠮᠵᠢ ᠵᠢᠨ ᠮᠦᠩᠬᠦ᠎ᠠᠴᠠ ᠭᠠᠷᠭ᠋ᠠᠠᠭᠰᠠᠨ 47 ᠳᠦᠮᠡᠨ ᠳᠦᠬᠦᠷᠢᠭ᠎ᠤᠨ ᠰᠠᠯᠪᠢᠨ ᠵᠠᠰᠠᠬᠤ ᠵᠠᠷᠤᠳᠠᠯ ᠪᠠ 75.5 ᠳᠦᠮᠡᠨ ᠳᠦᠬᠦᠷᠢᠭ᠎ᠤᠨ ᠪᠦᠳᠦᠭᠡᠨ ᠪᠠᠢ᠌ᠭᠤᠯᠤᠯᠳᠠ ᠵᠢᠨ ᠵᠠᠷᠤᠳᠠᠯ᠎ᠢ ᠵᠤᠬᠢᠰᠳᠠᠢ ᠠᠰᠢᠭᠯᠠᠬᠤ ᠵᠢ ᠪᠠᠳᠤᠯᠠᠪᠠ᠃ ᠭᠤᠷᠪᠠ᠎ᠳᠤ᠂ ᠡᠳ᠋᠎ᠤᠨ ᠵᠠᠰᠠᠭ᠎ᠤᠨ ᠳᠢᠩᠬᠢᠮ᠎ᠲᠠᠢ ᠬᠠᠮᠵᠢᠯᠴᠠᠨ   ᠮᠠᠨ᠎ᠤ ᠳᠢᠩᠬᠢᠮ᠎ᠤᠨ ᠦᠩᠭᠡᠷᠡᠭᠰᠡᠨ ᠵᠢᠯ᠎ᠤᠳ᠎ᠤᠨ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠡᠳ᠋ ᠬᠦᠷᠦᠩᠭᠡ ᠵᠢ ᠪᠠᠢ᠌ᠴᠠᠭ᠋ᠠᠭᠰᠠᠨ ᠳ᠋ᠦᠩ᠎ᠢ ᠬᠢᠨᠠᠨ ᠳᠤᠭᠳᠠᠭ᠋ᠠᠪᠠ᠃ ᠳᠦᠷᠪᠡ᠎ᠳᠤ᠂ ᠯᠤᠲᠲᠸᠷᠢ ᠵᠢᠨ ᠠᠰᠠᠷᠠᠮᠵᠢ ᠵᠢᠨ ᠳᠡᠮᠳᠡᠭ᠎ᠤᠨ ᠳᠠᠷᠬᠠᠭ᠋ᠠᠯᠳᠠ ᠬᠠᠮᠢᠶᠠᠷᠤᠯᠳᠠ ᠵᠢᠨ ᠳᠦᠪ ᠎ᠠᠴᠠ ᠵᠢᠭᠡᠯᠡᠭᠰᠡᠨ 37.41 ᠳᠦᠮᠡᠨ ᠳᠦᠬᠦᠷᠢᠭ᠎ᠤᠨ ᠫᠷᠤᠭ᠌ᠷᠡᠮ ᠦᠢ᠍ᠯᠡᠳᠬᠦ ᠵᠠᠷᠤᠳᠠᠯ ᠎ᠢ ᠳᠠᠩᠰᠠᠨ᠎ᠠᠴᠠ ᠳᠠᠢ᠌ᠯᠤᠭ᠋ᠠᠳᠤᠢ ᠤᠴᠢᠷ᠎ᠲᠤ ᠯᠤᠲᠲᠸᠷᠢ ᠵᠢᠨ ᠳᠡᠮᠳᠡᠭ᠎ᠤᠨ ᠳᠠᠷᠬᠠᠭ᠋ᠠᠯᠳᠠ ᠬᠠᠮᠢᠶᠠᠷᠤᠯᠳᠠ ᠵᠢᠨ ᠳᠦᠪ ᠎ᠤᠨ᠎ᠬᠢᠨ᠎ᠲᠠᠢ ᠵᠦᠪᠳᠡᠵᠤ  《ᠯᠤᠲᠲᠸᠷᠢ ᠵᠢᠨ ᠤᠳᠤᠨ》 ᠫᠷᠦᠭᠷᠡᠮ᠎ᠤᠨ ᠮᠠᠲᠸᠷᠢᠶᠠᠯ᠂ ᠤᠤᠯ ᠪᠠᠷᠢᠮᠳᠠ ᠵᠡᠷᠭᠡ ᠵᠢ ᠬᠢᠨᠠᠨ ᠬᠠᠷᠭᠤᠭᠤᠯᠬᠤ ᠵᠢᠨ ᠳᠠᠭ᠋ᠠᠤ ᠬᠠᠮᠳᠤᠪᠠᠷ ᠶᠠᠷᠢᠯᠴᠠᠭ᠋ᠠᠳ 37.41 ᠳᠦᠮᠡᠨ ᠳᠦᠬᠦᠷᠢᠭ᠎ᠤᠨ ᠫᠷᠦᠭᠷᠡᠮ ᠦᠢ᠍ᠯᠡᠳᠬᠦ ᠵᠠᠷᠤᠳᠠᠯ᠎ᠢ ᠳᠠᠩᠰᠠᠨ᠎ᠠᠴᠠ ᠳᠠᠢ᠌ᠯᠬᠤ᠎ᠪᠠᠷ ᠪᠤᠯᠪᠠ᠃ ᠡᠬᠦᠨ᠎ᠠᠴᠠ ᠭᠠᠳᠠᠨ᠎ᠠ ᠭᠠᠮᠰᠢᠭ᠎ᠢ ᠪᠠᠭ᠋ᠠᠰᠬᠠᠬᠤ ᠳᠦᠪ᠎ᠤᠨ᠎ᠬᠢᠨ᠎ᠢ ᠰᠢᠪᠠᠳᠠᠨ   ᠬᠤᠪᠢ ᠬᠦᠮᠦᠨ᠎ᠳᠤ ᠵᠢᠭᠡᠯᠡᠨ ᠦᠭᠬᠦᠭᠰᠡᠨ 25.9 ᠳᠦᠮᠡᠨ ᠳᠦᠬᠦᠷᠢᠭ᠎ᠢ ᠪᠤᠴᠠᠭ᠋ᠠᠨ ᠠᠪᠴᠢᠷᠠᠪᠠ᠃ ᠳᠡᠭᠡᠷᠡᠬᠢ ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠳᠠᠨ ᠪᠠ ᠬᠤᠯᠪᠤᠭᠳᠠᠯ ᠪᠦᠬᠦᠢ ᠬᠠᠷᠢᠭᠤᠴᠠᠯᠭ᠎ᠠ᠎ᠲᠠᠢ ᠬᠦᠮᠤᠰ ᠎ᠢ ᠴᠢᠩᠭ᠎ᠠ   ᠰᠢᠬᠦᠮᠵᠢᠯᠡᠵᠤ᠂ ᠡᠢ᠌ᠮᠦᠷᠬᠦ ᠭᠡᠷᠡᠭ ᠳᠠᠬᠢᠨ ᠭᠠᠷᠬᠤ ᠵᠢ ᠬᠤᠷᠢᠭᠯᠠᠪᠠ᠃
     29. 《ᠡᠳ᠋ ᠬᠦᠷᠦᠩᠭᠡ ᠵᠢᠨ ᠬᠢᠨᠠᠨ ᠬᠠᠮᠢᠶᠠᠷᠤᠯᠳᠠ ᠬᠦᠷᠦᠯᠴᠡᠬᠦ ᠦᠭᠡᠢ》 ᠵᠡᠷᠭᠡ ᠠᠰᠭᠤᠳᠠᠯ᠎ᠳᠤ ᠴᠢᠭᠯᠡᠬᠦᠯᠦᠨ᠂ ᠨᠢᠭᠡ᠎ᠳᠤ᠂ ᠳᠢᠩᠬᠢᠮ᠎ᠤᠨ ᠰᠢᠭᠤᠳ ᠬᠠᠷᠢᠶ᠎ᠠ ᠨᠢᠭᠡᠴᠢ ᠵᠢᠨ ᠡᠳ᠋ ᠬᠦᠷᠦᠩᠭᠡ ᠵᠢᠨ   ᠬᠠᠮᠢᠶᠠᠷᠤᠯᠳᠠ ᠵᠢ ᠴᠢᠩᠭ᠋ᠠᠳᠬᠠᠵᠤ᠂ ᠳᠢᠩᠬᠢᠮ᠎ᠤᠨ 2 ᠬᠠᠷᠢᠭᠤᠴᠠᠯᠭ᠋ᠠᠳᠠᠨ ᠵᠶ᠋ᠡᠷ ᠳᠦᠷᠦᠬᠦᠯᠡᠬᠦᠯᠦᠭᠰᠡᠨ ᠳᠤᠰᠬᠠᠢ ᠠᠵᠢᠯ᠎ᠤᠨ ᠳᠤᠭᠤᠢ᠌ᠯᠠᠩ   ᠪᠠᠢ᠌ᠭᠤᠯᠪᠠ᠃   ᠠᠵᠢᠯ᠎ᠤᠨ   ᠳᠤᠭᠤᠢ᠌ᠯᠠᠩ᠎ᠨᠢ 9 ᠳ᠋ᠤᠭᠡᠷ   ᠰᠠᠷ᠎ᠠ ᠵᠢᠨ ᠰᠡᠬᠦᠯᠴᠢ᠎ᠠᠴᠠ 10 ᠳ᠋ᠤᠭ᠋ᠠᠷ   ᠰᠠᠷ᠎ᠠ ᠵᠢᠨ ᠰᠡᠬᠦᠯᠴᠢ ᠪᠤᠯᠳᠠᠯ᠎ᠠ ᠭᠤᠷᠪᠠ ᠤᠳᠠᠭ᠎ᠠ ᠬᠤᠷᠠᠯ ᠬᠢᠵᠤ ᠠᠷᠠᠳ᠎ᠤᠨ ᠶᠠᠪᠤᠳᠠᠯ᠎ᠤᠨ ᠠᠰᠠᠷ᠎ᠤᠨ   ᠳᠦᠷᠢᠶᠡᠰᠤᠨ ᠮᠦᠩᠬᠦ ᠵᠢ ᠪᠦᠬᠦᠨ᠎ᠢ ᠬᠤᠷᠢᠶᠠᠭ᠋ᠠᠳᠤᠢ ᠠᠰᠠᠭᠤᠳᠠᠯ᠎ᠢ ᠭᠡᠷᠬᠢᠨ ᠰᠢᠢ᠍ᠳᠪᠤᠷᠢᠯᠡᠬᠦ ᠳᠤᠬᠠᠢ ᠰᠤᠳᠤᠯᠤᠨ   ᠶᠠᠷᠢᠯᠴᠠᠵᠤ᠂ ᠤᠯᠠᠭ᠋ᠠᠨᠪᠤᠬ᠎ᠠ ᠠᠮᠢ ᠠᠬᠤᠢ ᠵᠢᠨ ᠳᠠᠷᠢᠶᠠᠯᠠᠩ᠎ᠢ ᠶᠡᠷᠦᠩᠭᠡᠢ᠌ᠯᠡᠨ ᠠᠰᠢᠭᠯᠠᠬᠤ ᠰᠤᠳᠤᠯᠭ᠋ᠠᠨ᠎ᠤ ᠳᠦᠪ᠎ᠤᠨ ᠬᠤᠪᠢ ᠣᠷᠣᠭᠤᠯᠤᠯᠲᠠ ᠵᠢᠨ   ᠳᠦᠷᠢᠮᠳᠤ ᠡᠵᠡᠩᠨᠡᠯᠳᠡ ᠵᠢᠨ ᠳᠤᠬᠠᠢ ᠬᠤᠯᠪᠤᠭᠳᠠᠯ ᠪᠦᠬᠦᠢ ᠠᠰᠠᠭᠤᠳᠠᠯ᠎ᠢ ᠶᠠᠷᠢᠯᠴᠠᠪᠠ᠃   ᠬᠤᠶᠠᠷ᠎ᠲᠤ᠂ ᠤᠯᠠᠭ᠋ᠠᠨᠴᠠᠪ ᠬᠤᠳᠠ ᠵᠢᠨ   ᠭᠠᠳᠠᠨ᠎ᠠ᠎ᠠᠴᠠ ᠢᠷᠡᠭᠰᠡᠨ ᠬᠦᠯᠦᠰᠤᠨ ᠠᠵᠢᠯᠳᠠᠨ᠎ᠤ ᠬᠠᠮᠢᠶᠠᠷᠤᠯᠳᠠ ᠵᠢ ᠴᠢᠩᠭ᠋ᠠᠳᠬᠠᠬᠤ ᠪᠠ   ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠢ ᠳᠡᠳᠬᠦᠨ ᠳᠡᠮᠵᠢᠬᠦ ᠵᠢᠨ ᠳᠤᠯᠠᠳᠠ᠂ ᠳᠢᠩᠬᠢᠮ᠎ᠤᠨ ᠨᠠᠮ᠎ᠤᠨ ᠤᠳᠣᠷᠢᠳᠬᠤ ᠳᠤᠭᠤᠢ᠌ᠯᠠᠩ᠎ᠤᠨ ᠬᠤᠷᠠᠯ ᠵᠶ᠋ᠡᠷ ᠰᠤᠳᠤᠯᠤᠨ ᠶᠠᠷᠢᠯᠴᠠᠭ᠋ᠠᠳ ᠤᠯᠠᠭ᠋ᠠᠨᠴᠠᠪ ᠬᠤᠳᠠ ᠵᠢᠨ ᠬᠦᠮᠤᠨ᠎ᠤ ᠬᠦᠴᠤᠨ᠎ᠤ ᠡᠬᠢ ᠪᠠᠶᠠᠯᠢᠭ ᠬᠢᠭᠡᠳ ᠨᠡᠢ᠌ᠭᠡᠮ᠎ᠤᠨ ᠪᠠᠳᠤᠯᠠᠪᠤᠷᠢ ᠵᠢᠨ ᠳᠤᠪᠴᠢᠶ᠎ᠠ ᠵᠢᠨ ᠠᠷᠠᠳ᠎ᠤᠨ ᠶᠠᠪᠤᠳᠠᠯ᠎ᠤᠨ ᠵᠤᠴᠢᠳ᠎ᠤᠨ ᠪᠠᠭᠤᠳᠠᠯ᠎ᠳᠤ ᠦᠷᠢᠳᠦᠵᠤ ᠪᠠᠢ᠌ᠭᠰᠠᠨ   ᠳᠦᠷᠢᠶᠡᠰᠤᠨ ᠮᠦᠩᠬᠦ ᠵᠢᠨ ᠨᠢᠭᠡ ᠪᠦᠯᠦᠭ᠎ᠢ ᠬᠠᠰᠤᠵᠤ   ᠬᠡᠯᠳᠦᠷᠢᠬᠦᠯᠬᠦ᠎ᠪᠠᠷ ᠳᠤᠭᠳᠠᠵᠤ᠂  2014 ᠤᠨ᠎ᠠᠴᠠ 2018 ᠤᠨ ᠪᠤᠯᠳᠠᠯᠠᠬᠢ   ᠳᠦᠷᠢᠶᠡᠰᠤᠨ ᠮᠦᠩᠬᠦ  90 ᠳᠦᠮᠡᠨ   ᠳᠦᠬᠦᠷᠢᠭ᠎ᠢ ᠬᠤᠷᠢᠶᠠᠨ ᠠᠪᠤᠪᠠ᠃ ᠡᠬᠦᠨ᠎ᠤ ᠬᠠᠮᠲᠤ ᠠᠷᠠᠳ᠎ᠤᠨ ᠶᠠᠪᠤᠳᠠᠯ᠎ᠤᠨ ᠵᠤᠴᠢᠳ᠎ᠤᠨ ᠪᠠᠭᠤᠳᠠᠯ᠎ᠤᠨ ᠠᠵᠢᠯᠳᠠᠨ᠎ᠤ ᠦᠯᠡᠳᠡᠭᠳᠡᠯ ᠠᠰᠠᠭᠤᠳᠠᠯ᠎ᠢ ᠵᠤᠬᠢᠰᠳᠠᠢ ᠰᠢᠢ᠍ᠳᠪᠤᠷᠢᠯᠡᠪᠡ᠃   ᠭᠤᠷᠪᠠ᠎ᠳᠤ᠂   ᠭᠡᠷ ᠬᠦᠷᠦᠩᠭᠡ ᠵᠢᠨ ᠳᠦᠷᠢᠶᠡᠰᠤᠨ ᠮᠦᠩᠬᠦ ᠵᠢ ᠳᠤᠷ᠎ᠠ᠎ᠪᠠᠷ ᠵᠶ᠋ᠡᠨ ᠬᠠᠰᠤᠵᠤ ᠭᠡᠯᠳᠦᠷᠢᠬᠦᠯᠦᠭᠰᠡᠨ ᠰᠢᠭᠤᠳ ᠬᠠᠷᠢᠶ᠎ᠠ ᠨᠢᠭᠡᠴᠢ ᠵᠢᠨ 2 ᠬᠠᠷᠢᠭᠤᠴᠠᠯᠭ᠋ᠠᠳᠠᠨ᠎ᠲᠠᠢ   ᠴᠢᠭᠡᠴᠢ ᠵᠠᠰᠠᠭ᠎ᠤᠨ ᠶᠠᠷᠢᠯᠴᠠᠭ᠎ᠠ ᠬᠢᠵᠤ᠂   ᠰᠢᠬᠦᠮᠵᠢᠯᠡᠵᠤ ᠬᠦᠮᠦᠵᠢᠬᠦᠯᠦᠭᠰᠡᠨ ᠪᠦᠭᠡᠳ ᠪᠢᠴᠢᠭ ᠵᠶ᠋ᠡᠷ ᠪᠠᠢ᠌ᠴᠠᠭ᠋ᠠᠯᠳᠠ ᠬᠢᠯᠭᠡᠵᠤ᠂ 《  ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ   ᠶᠠᠪᠤᠳᠠᠯ᠎ᠤᠨ ᠳᠢᠩᠬᠢᠮ᠎ᠤᠨ ᠠᠯᠪᠠᠨ᠎ᠳᠤ ᠭᠡᠷᠡᠭᠯᠡᠬᠦ ᠭᠡᠷ᠎ᠤᠨ ᠬᠠᠮᠢᠶᠠᠷᠤᠯᠳᠠ ᠵᠢᠨ ᠠᠷᠭ᠎ᠠ》 ᠵᠢ ᠴᠢᠩᠭ᠎ᠠ᠎ᠪᠠᠷ ᠭᠡᠷᠡᠭᠵᠢᠬᠦᠯᠦᠨ᠂ ᠬᠢᠨᠡᠨ ᠵᠦᠪᠰᠢᠶᠡᠷᠡᠬᠦ ᠬᠦᠢ᠍ᠴᠡᠳᠭᠡᠯ᠎ᠢ ᠳᠡᠬᠦᠯᠳᠡᠷᠵᠢᠬᠦᠯᠵᠤ᠂ ᠤᠯᠤᠰ᠎ᠤᠨ ᠦᠮᠴᠢᠯᠠᠯ᠎ᠤᠨ ᠡᠳ᠋ ᠬᠦᠷᠦᠩᠭᠡ ᠵᠢᠨ ᠬᠠᠮᠢᠶᠠᠷᠤᠯᠳᠠ ᠡᠵᠡᠮᠳᠡᠯ᠎ᠢ ᠴᠢᠩᠭ᠋ᠠᠳᠬᠠᠪᠠ᠃
      (ᠵᠢᠷᠭᠤᠭ᠎ᠠ) ᠢᠯᠵᠡᠷᠡᠯ ᠎ᠢ ᠡᠰᠡᠷᠬᠦᠴᠬᠦ ᠳᠡᠮᠡᠴᠡᠯ᠎ᠤᠨ ᠢᠯᠡᠯᠳᠡ ᠤᠯᠬᠤ ᠵᠢ ᠠᠳᠬᠤᠬᠰᠠᠨ ᠳᠠᠯ᠎ᠠ᠎ᠪᠠᠷ
     30. 《ᠨᠠᠮ᠎ᠤᠨ ᠰᠤᠷᠳᠠᠯ ᠪᠠ ᠴᠢᠭᠡᠴᠢ ᠵᠠᠰᠠᠭ᠎ᠤᠨ ᠪᠠᠢ᠌ᠭᠤᠯᠤᠯᠳᠠ ᠪᠤᠯᠤᠨ ᠢᠯᠵᠡᠷᠡᠯ ᠎ᠢ ᠡᠰᠡᠷᠬᠦᠴᠡᠬᠦ ᠠᠵᠢᠯ᠎ᠳᠤ ᠬᠢᠨᠠᠯᠳᠠ ᠳᠠᠯᠪᠢᠵᠤ ᠪᠠᠢ᠌ᠴᠠᠭ᠋ᠠᠬᠤ ᠳᠤᠭᠳᠠᠴᠠ ᠳᠡᠬᠦᠯᠳᠡᠷ ᠪᠤᠰᠤ᠂ ᠬᠢᠨᠠᠨ ᠰᠢᠯᠭ᠋ᠠᠯᠳᠠ ᠵᠢ ᠬᠦᠢ᠍ᠴᠡᠳᠭᠡᠬᠦ᠎ᠳᠤ ᠰᠢᠯᠤᠭᠤᠨ ᠪᠤᠰᠤ》 ᠵᠡᠷᠭᠡ ᠠᠰᠠᠭᠤᠳᠠᠯ᠎ᠳᠤ ᠴᠢᠭᠯᠡᠬᠦᠯᠦᠨ᠂   ᠨᠢᠭᠡ᠎ᠳᠤ᠂ ᠨᠠᠮ᠎ᠤᠨ ᠰᠤᠷᠳᠠᠯ   ᠪᠠ ᠴᠢᠭᠡᠴᠢ ᠵᠠᠰᠠᠭ᠎ᠤᠨ ᠪᠠᠢ᠌ᠭᠤᠯᠤᠯᠳᠠ ᠵᠢ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠡᠳᠤᠷ ᠳᠤᠳᠤᠮ᠎ᠤᠨ ᠵᠦᠪᠯᠡᠬᠦ ᠵᠦᠢ᠍ᠯ᠎ᠳᠤ ᠤᠷᠤᠭᠤᠯᠤᠨ᠂ 《2018 ᠤᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ   ᠳᠤᠬᠢᠷᠠᠭᠤᠯᠤᠯᠳᠠ》 ᠪᠤᠯᠤᠨ 《  ᠨᠠᠮ᠎ᠤᠨ ᠪᠠᠢ᠌ᠭᠤᠯᠤᠯᠳᠠ ᠵᠢᠨ ᠬᠠᠷᠢᠭᠤᠴᠠᠯᠭ᠎ᠠ ᠵᠢᠨ ᠪᠢᠴᠢᠭ》᠎ᠤᠨ ᠴᠢᠬᠤᠯᠠ ᠠᠭᠤᠯᠭ᠎ᠠ ᠪᠤᠯᠭ᠋ᠠᠵᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠳᠡᠭᠡᠳᠤ ᠬᠠᠭ᠋ᠠᠰ ᠵᠢᠯ᠎ᠤᠨ ᠨᠠᠮ᠎ᠤᠨ ᠰᠤᠷᠳᠠᠯ ᠪᠠ   ᠴᠢᠭᠡᠴᠢ ᠵᠠᠰᠠᠭ᠎ᠤᠨ ᠪᠠᠢ᠌ᠭᠤᠯᠤᠯᠳᠠ ᠵᠢᠨ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠤᠨ᠂ ᠭᠤᠤᠯ ᠴᠤᠭᠴᠠ ᠵᠢᠨ ᠬᠠᠷᠢᠭᠤᠴᠠᠯᠭ᠎ᠠ ᠵᠢ ᠦᠨᠡᠨᠬᠦ ᠨᠠᠢ᠌ᠳᠠᠪᠤᠷᠢᠵᠢᠭᠤᠯᠪᠠ᠃ ᠤᠳᠤᠷᠢᠳᠬᠤ ᠪᠠᠭ᠎ᠤᠨ ᠪᠦᠷᠢᠯᠳᠦᠬᠦᠨ 《ᠨᠢᠭᠡ ᠪᠠᠢ᠌ᠷᠢ ᠵᠢᠨ ᠬᠤᠤᠰ ᠬᠠᠷᠢᠭᠤᠴᠠᠯᠭ᠎ᠠ》 ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠬᠤᠪᠢᠳᠠᠨ ᠬᠠᠷᠢᠭᠤᠴᠠᠵᠤ ᠪᠠᠢ᠌ᠭ᠎ᠠ ᠬᠦᠷᠢᠶ᠎ᠡ ᠴᠠᠷᠠᠭ᠎ᠠ ᠵᠢᠨ ᠨᠠᠮ᠎ᠤᠨ ᠰᠤᠷᠳᠠᠯ ᠪᠠ ᠴᠢᠭᠡᠴᠢ ᠵᠠᠰᠠᠭ᠎ᠤᠨ ᠪᠠᠢ᠌ᠭᠤᠯᠤᠯᠳᠠ ᠪᠤᠯᠤᠨ ᠢᠯᠵᠡᠷᠡᠯ ᠎ᠢ ᠡᠰᠡᠷᠬᠦᠴᠡᠬᠦ ᠠᠵᠢᠯ᠎ᠢ ᠵᠢᠭ᠋ᠠᠨ ᠵᠢᠯᠤᠭᠤᠳᠬᠤ᠎ᠪᠠᠨ ᠴᠢᠩᠭ᠋ᠠᠳᠬᠠᠪᠠ᠃   ᠬᠤᠶᠠᠷ᠎ᠲᠤ᠂ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠺᠠᠳ᠋ᠷ᠎ᠤᠨ ᠬᠠᠮᠢᠶᠠᠷᠤᠯᠳᠠ ᠵᠢ ᠴᠢᠩᠭ᠋ᠠᠳᠬᠠᠬᠤ ᠵᠢ ᠳᠡᠭᠡᠳᠤ ᠭᠡᠮᠵᠢᠶ᠎ᠡ᠎ᠪᠠᠷ   ᠴᠢᠬᠤᠯᠠᠴᠢᠯᠠᠨ᠂ ᠨᠠᠷᠢᠨ ᠬᠢᠨᠠᠮᠠᠭ᠋ᠠᠢ᠎ᠪᠠᠷ ᠴᠡᠭᠴᠡᠯᠠᠨ ᠵᠠᠰᠠᠬᠤ ᠵᠢ ᠪᠠᠷᠢᠮᠳᠠᠯᠠᠵᠤ᠂ ᠵᠡᠮᠳᠡᠭᠴᠤᠳ᠎ᠤᠨ ᠦᠨᠡᠮᠯᠡᠯ ᠬᠦᠢ᠍ᠴᠡᠳᠭᠡᠵᠤ ᠦᠭᠬᠦ ᠵᠡᠷᠭᠡ ᠬᠦᠷᠢᠶ᠎ᠡ ᠴᠠᠷᠠᠭ᠎ᠠ ᠎ᠳᠤ ᠤᠷᠤᠰᠢᠵᠤ ᠪᠠᠢ᠌ᠭ᠎ᠠ ᠠᠰᠠᠭᠤᠳᠠᠯ᠎ᠢ ᠴᠡᠭᠴᠡᠯᠠᠨ ᠵᠠᠰᠠᠪᠠ᠃ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠂ ᠠᠵᠢᠯ᠎ᠤᠨ ᠳᠤᠬᠢᠷᠠᠭᠤᠯᠤᠯᠳᠠ ᠵᠢᠨ ᠬᠤᠷᠠᠯ᠂ ᠭᠤᠤᠯ ᠡᠬᠦᠷᠭᠡ ᠵᠢ ᠠᠬᠢᠭᠤᠯᠬᠤ ᠬᠤᠷᠠᠯ᠎ᠢ ᠤᠯᠠᠨ ᠤᠳᠠᠭ᠎ᠠ ᠬᠢᠵᠤ᠂ ᠵᠡᠮᠳᠡᠭᠴᠤᠳ᠎ᠤᠨ ᠦᠨᠡᠮᠯᠡᠯ᠎ᠢ ᠴᠡᠭᠴᠡᠠᠨ ᠵᠠᠰᠠᠬᠤ ᠪᠠ ᠺᠠᠳ᠋ᠷ᠎ᠤᠨ ᠬᠠᠮᠢᠶᠠᠷᠤᠯᠳᠠ ᠵᠢ ᠴᠡᠭᠴᠡᠯᠠᠨ ᠵᠠᠰᠠᠬᠤ ᠠᠵᠢᠯ᠎ᠢ ᠰᠤᠳᠤᠯᠤᠨ ᠶᠠᠷᠢᠯᠴᠠᠵᠤ᠂ ᠵᠡᠮᠳᠡᠭᠴᠤᠳ᠎ᠤᠨ ᠦᠨᠡᠮᠯᠡᠯ᠎ᠤᠨ ᠭᠠᠷᠳᠠᠮ ᠬᠦᠢ᠍ᠴᠡᠳᠭᠡᠬᠦ ᠬᠦᠷᠢᠶ᠎ᠡ ᠴᠠᠷᠠᠭ᠎ᠠ ᠵᠢᠨ ᠵᠠᠰᠠᠯᠳᠠ ᠪᠡ ᠺᠠᠳ᠋ᠷ᠎ᠤᠨ   ᠬᠠᠮᠢᠶᠠᠷᠤᠯᠳᠠ ᠵᠢᠨ ᠵᠠᠰᠠᠯᠳᠠ ᠵᠢ ᠪᠦᠳᠦᠮᠵᠢᠳᠡᠢ ᠠᠬᠢᠠᠭᠤᠯᠪᠠ᠃   ᠭᠤᠷᠪᠠ᠎ᠳᠤ᠂ ᠭᠣᠣᠯᠳᠠᠯᠭ᠎ᠠ  ᠎ᠲᠠᠢ ᠬᠦᠷᠢᠶ᠎ᠡ ᠴᠠᠷᠠᠭ᠎ᠠ ᠵᠢᠨ ᠠᠷᠢᠭᠤᠨ ᠴᠢᠭᠡᠴᠢ ᠵᠢᠨ ᠠᠶᠤᠯ ᠳᠦᠭᠰᠢᠬᠦᠷᠢ ᠵᠢᠨ   ᠳᠤᠰᠬᠠᠢ ᠵᠠᠰᠠᠬᠤ ᠠᠵᠢᠯ᠎ᠢ ᠨᠠᠷᠢᠨ ᠬᠢᠨᠠᠮᠠᠭ᠋ᠠᠢ ᠦᠷᠨᠢᠬᠦᠯᠵᠤ᠂ 《ᠠᠷᠢᠭᠤᠨ ᠴᠢᠭᠡᠴᠢ ᠵᠢᠨ ᠠᠶᠤᠯ ᠳᠦᠭᠰᠢᠬᠦᠷᠢ ᠵᠢ ᠰᠡᠷᠭᠡᠢ᠌ᠯᠡᠨ ᠬᠢᠵᠠᠭ᠋ᠠᠷᠯᠠᠬᠤ ᠵᠢ ᠤᠯᠠᠮ ᠵᠶ᠋ᠡᠷ ᠰᠢᠯᠤᠭᠤᠳᠬᠠᠬᠤ ᠳᠤᠬᠠᠢ ᠮᠡᠳᠡᠭᠳᠡᠯ》 ᠪᠠᠭᠤᠯᠭ᠋ᠠᠨ᠂ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠳᠤᠬᠠᠢ᠌ᠯᠠᠭᠰᠠᠨ ᠠᠵᠢᠯ᠎ᠢ ᠵᠢᠭ᠋ᠠᠨ ᠵᠢᠯᠤᠭᠤᠳᠴᠤ᠂ 27 ᠦᠨᠳᠤᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ 222 ᠵᠦᠢ᠍ᠯ᠎ᠤᠨ ᠠᠶᠤᠯ ᠳᠦᠭᠰᠢᠬᠦᠷᠢ ᠵᠢ ᠳᠤᠳᠤᠷᠬᠠᠢ᠌ᠯᠠᠬᠤ ᠵᠢᠨ ᠬᠠᠮᠳᠤ ᠵᠤᠬᠢᠴᠠᠭᠰᠠᠨ ᠰᠡᠷᠭᠡᠢ᠌ᠯᠡᠨ ᠬᠢᠵᠠᠭ᠋ᠠᠷᠯᠠᠬᠤ ᠠᠷᠭ᠎ᠠ ᠳᠤᠭᠳᠠᠭ᠋ᠠᠨ᠂ ᠠᠶᠤᠯ ᠳᠦᠭᠰᠢᠬᠦᠷᠢ ᠵᠢ ᠰᠡᠷᠭᠡᠢ᠌ᠯᠡᠨ ᠬᠢᠵᠠᠭ᠋ᠠᠷᠯᠠᠬᠤ ᠵᠢ ᠬᠦᠨᠵᠡᠭᠡᠢ᠌ᠷᠡᠬᠦᠯᠪᠡ᠃ ᠰᠢᠭᠤᠳ ᠬᠠᠷᠢᠶ᠎ᠠ ᠨᠢᠭᠡᠴᠢ ᠵᠢᠨ ᠠᠵᠢᠯᠳᠠᠨ᠎ᠤ ᠶᠠᠪᠤᠳᠠᠯ ᠪᠤᠯᠤᠨ ᠡᠳ᠋᠎ᠤᠨ ᠶᠠᠪᠤᠳᠠᠯ᠎ᠢ ᠬᠤᠪᠢᠳᠠᠨ ᠬᠠᠷᠢᠭᠤᠴᠠᠵᠤ ᠪᠠᠢ᠌ᠭ᠎ᠠ 4 ᠬᠠᠷᠢᠭᠤᠴᠠᠯᠭ᠋ᠠᠳᠠᠨ᠎ᠲᠠᠢ ᠴᠢᠭᠡᠴᠢ ᠵᠠᠰᠠᠭ᠎ᠤᠨ ᠶᠠᠷᠢᠯᠴᠠᠭ᠎ᠠ ᠬᠢᠪᠡ᠃ ᠳᠦᠷᠪᠡ᠎ᠳᠤ᠂ ᠺᠠᠳ᠋ᠷ᠎ᠤᠨ ᠬᠠᠷᠢᠭᠤᠴᠠᠬᠤ ᠦᠭᠡᠢ᠂ ᠠᠵᠢᠯ ᠬᠢᠬᠦ ᠦᠭᠡᠢ ᠪᠠᠢ᠌ᠳᠠᠯ᠎ᠢ ᠳᠤᠰᠬᠠᠢ ᠴᠡᠭᠴᠡᠯᠠᠨ   ᠵᠠᠰᠠᠪᠠ᠃ ᠳᠢᠩᠬᠢᠮ᠎ᠤᠨ ᠬᠠᠷᠢᠶ᠎ᠠ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ᠎ᠨᠢ ᠨᠤᠶᠠᠨᠴᠢ ᠦᠵᠡᠯ᠂ ᠭᠡᠯᠪᠡᠷᠢ ᠵᠢᠨ ᠦᠵᠡᠯ᠎ᠤᠨ 《ᠠᠷᠪᠠᠨ ᠵᠦᠢ᠍ᠯ᠎ᠤᠨ ᠰᠢᠨ᠎ᠠ ᠢᠯᠡᠷᠡᠯ》᠎ᠢ ᠬᠠᠷᠢᠴᠠᠭᠤᠯᠤᠨ ᠪᠠᠢ᠌ᠴᠠᠭ᠋ᠠᠬᠤ ᠱᠠᠭ᠋ᠠᠷᠳᠠᠯᠭ᠎ᠠ ᠶᠤᠰᠤᠭ᠋ᠠᠷ ᠬᠦᠨ ᠬᠦᠨᠵᠡᠭᠡᠢ ᠪᠠᠢ᠌ᠴᠠᠭ᠋ᠠᠨ ᠳᠡᠯᠭᠡᠵᠤ᠂ ᠺᠠᠳ᠋ᠷ᠎ᠤᠨ ᠬᠠᠷᠢᠭᠤᠴᠠᠬᠤ ᠦᠭᠡᠢ᠂   ᠠᠵᠢᠯ ᠬᠢᠬᠦ ᠦᠭᠡᠢ ᠪᠠᠢ᠌ᠳᠠᠯ᠎ᠤᠨ ᠨᠠᠵᠠᠭ᠋ᠠᠢ ᠳᠠᠯ᠎ᠠ ᠵᠢᠨ ᠨᠠᠷᠢᠨ ᠳᠠᠩᠰᠠ ᠵᠢ ᠨᠠᠷᠢᠨ ᠬᠢᠨᠠᠮᠠᠭ᠋ᠠᠢ ᠰᠤᠳᠤᠯᠤᠨ᠂ ᠡᠳᠤᠭᠡ  27 ᠨᠠᠮ᠎ᠤᠨ ᠡᠬᠦᠷ᠎ᠨᠢ ᠨᠢᠭᠡᠨᠲᠡ ᠺᠠᠳ᠋ᠷ᠎ᠤᠨ ᠬᠠᠷᠢᠭᠤᠴᠠᠬᠤ ᠦᠭᠡᠢ᠂ ᠠᠵᠢᠯ ᠬᠢᠬᠦ ᠦᠭᠡᠢ ᠪᠠᠢ᠌ᠳᠠᠯ᠎ᠤᠨ ᠨᠠᠷᠢᠨ ᠳᠠᠩᠰᠠ ᠪᠠᠢ᠌ᠭᠤᠯᠵᠤ᠂ 258 ᠵᠦᠢ᠍ᠯ᠎ᠤᠨ ᠨᠠᠵᠠᠭ᠋ᠠᠢ ᠳᠠᠯ᠎ᠠ ᠵᠢᠨ ᠦᠢ᠍ᠯᠡ ᠭᠡᠷᠡᠭ᠎ᠢ ᠳᠤᠳᠤᠷᠬᠠᠢ᠌ᠯᠠᠬᠤ ᠵᠢᠨ ᠬᠠᠮᠳᠤ ᠵᠤᠬᠢᠴᠠᠭᠰᠠᠨ ᠴᠡᠭᠴᠡᠯᠠᠨ ᠵᠠᠰᠠᠬᠤ ᠠᠷᠭ᠎ᠠ ᠭᠡᠮᠵᠢᠶ᠎ᠡ ᠳᠤᠭᠳᠠᠭ᠋ᠠᠪᠠ᠃
     31. 《ᠵᠠᠩᠬᠢᠯᠠᠭ᠎ᠠ ᠵᠢᠨ ᠴᠦᠭᠡᠨ ᠳᠤᠭ᠋ᠠᠳᠠᠨ ᠪᠤᠯᠤᠨ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠎ᠳᠤ ᠬᠢᠨᠠᠯᠳᠠ ᠳᠠᠯᠪᠢᠨ ᠪᠠᠢ᠌ᠴᠠᠭ᠋ᠠᠬᠤ  ᠎ᠪᠠᠷ ᠳᠤᠳᠠᠮᠠᠭ᠂  〈ᠳᠠᠩᠨᠠᠨ ᠪᠠᠢ᠌ᠴᠠᠭ᠋ᠠᠬᠤ〉 ᠦᠢ᠍ᠯᠡᠳᠤᠯ ᠵᠶ᠋ᠡᠨ ᠪᠠᠳᠠᠷᠠᠭᠤᠯᠤᠭᠰᠠᠨ ᠵᠶ᠋ᠡᠷ ᠰᠤᠯᠠ》 ᠵᠡᠷᠭᠡ ᠠᠰᠠᠭᠤᠳᠠᠯ᠎ᠳᠤ ᠴᠢᠭᠯᠡᠬᠦᠯᠦᠨ᠂   ᠨᠢᠭᠡ᠎ᠳᠤ᠂ 《  ᠦᠪᠦᠷ ᠮᠤᠩᠭᠤᠯ᠎ᠤᠨ ᠦᠪᠡᠷᠳᠡᠭᠡᠨ   ᠵᠠᠰᠠᠬᠤ ᠤᠷᠤᠨ᠎ᠤ   ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶᠠᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠳᠤ ᠰᠠᠭᠤᠭ᠎ᠠ ᠰᠠᠬᠢᠯᠭ᠎ᠠ ᠪᠠᠳᠤ ᠪᠠᠢ᠌ᠴᠠᠭ᠋ᠠᠬᠤ ᠳᠤᠭᠤᠢ᠌ᠯᠠᠩ᠎ᠤᠨ   ᠶᠡᠷᠦᠩᠭᠡᠢ᠌ᠯᠡᠭᠰᠡᠨ ᠬᠢᠨᠠᠯᠳᠠ ᠳᠠᠯᠪᠢᠬᠤ ᠨᠢᠭᠡᠴᠢ ᠵᠢᠨ 〈ᠭᠤᠷᠪᠠᠨ ᠴᠢᠬᠤᠯᠠ ᠨᠢᠭᠡ ᠶᠡᠭᠡ〉 ᠭᠡᠷᠡᠭ ᠎ᠲᠤ ᠬᠢᠨᠠᠯᠳᠠ ᠳᠠᠯᠪᠢᠬᠤ ᠠᠷᠭ᠎ᠠ》 ᠵᠢ ᠳᠤᠭᠳᠠᠭ᠋ᠠᠨ ᠪᠠᠭᠤᠯᠭ᠋ᠠᠵᠤ᠂ ᠭᠠᠵᠠᠷ᠎ᠤᠨ ᠳᠡᠰ᠎ᠠᠴᠠ ᠳᠡᠭᠡᠭᠰᠢᠬᠢ ᠤᠳᠤᠷᠢᠳᠬᠤ ᠺᠠᠳ᠋ᠷ ᠵᠡᠷᠭᠡ 《ᠵᠠᠩᠬᠢᠯᠠᠭ᠎ᠠ ᠵᠢᠨ ᠴᠦᠭᠡᠨ ᠳᠤᠭ᠋ᠠᠳᠠᠨ》 ᠪᠤᠯᠤᠨ ᠪᠡᠯᠡ ᠮᠦᠩᠬᠦ ᠬᠤᠪᠢᠶᠠᠨ ᠪᠠᠭᠤᠯᠭ᠋ᠠᠬᠤ ᠭᠡᠮᠵᠢᠶ᠎ᠡ ᠶᠡᠭᠡ᠂ ᠠᠷᠠᠳ᠎ᠤᠨ ᠠᠮᠢᠳᠤᠷᠠᠯ᠎ᠤᠨ ᠳᠦᠷᠦᠯ ᠵᠦᠢ᠍ᠯ ᠣᠯᠠᠨᠲᠠᠢ ᠭᠠᠵᠠᠷ᠂   ᠠᠯᠪᠠᠨ   ᠭᠡᠷ᠂ ᠪᠠᠢ᠌ᠭᠤᠯᠭ᠎ᠠ ᠨᠢᠭᠡᠴᠢ ᠵᠡᠷᠭᠡ ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ ᠵᠢ ᠴᠢᠩᠭ᠎ᠠ ᠠᠩᠬᠠᠷᠤᠨ᠂ ᠡᠯ᠎ᠡ ᠨᠢᠭᠡᠴᠢ ᠵᠢᠨ 《ᠭᠤᠷᠪᠠᠨ ᠴᠢᠬᠤᠯᠠ ᠨᠢᠭᠡ ᠶᠡᠭᠡ》 ᠭᠡᠷᠡᠭ ᠎ᠤᠨ ᠰᠢᠢ᠍ᠳᠪᠤᠷᠢᠳᠤ ᠭᠡᠷᠡᠭ ᠶᠠᠪᠤᠳᠠᠯ᠎ᠳᠤ ᠬᠢᠨᠠᠯᠳᠠ ᠳᠠᠯᠪᠢᠬᠤ᠂ ᠬᠠᠷᠢᠭᠤᠴᠠᠯᠭ᠎ᠠ ᠵᠢ ᠬᠢᠨᠠᠨ ᠪᠠᠢ᠌ᠴᠠᠭ᠋ᠠᠬᠤ᠂ ᠠᠰᠠᠭᠤᠳᠠᠯ᠎ᠢ ᠢᠯᠡᠷᠡᠬᠦᠯᠵᠤ ᠰᠢᠢ᠍ᠳᠪᠤᠷᠢᠯᠡᠬᠦ ᠵᠢ ᠴᠢᠩᠭ᠋ᠠᠳᠬᠠᠪᠠ᠃ ᠬᠤᠶᠠᠷ᠎ᠲᠤ᠂ ᠢᠯᠡᠴᠢᠯᠡᠨ ᠮᠡᠳᠡᠬᠦᠯᠬᠦ ᠵᠠᠮ ᠱᠤᠭᠤᠮ᠎ᠢ ᠰᠢᠯᠤᠭᠤᠳᠬᠠᠵᠤ᠂ ᠤᠯᠠᠨ ᠳᠦᠮᠡᠨ᠎ᠤ ᠬᠢᠨᠠᠯᠳᠠ ᠳᠠᠯᠪᠢᠬᠤ ᠪᠠ ᠰᠠᠬᠢᠯᠭ᠎ᠠ ᠪᠠᠳᠤ ᠵᠢᠨ ᠬᠢᠨᠠᠯᠳᠠ ᠳᠠᠯᠪᠢᠬᠤ ᠵᠢ ᠴᠢᠬᠤᠯᠠᠴᠢᠯᠠᠪᠠ᠃ ᠭᠤᠷᠪᠠ᠎ᠳᠤ᠂ ᠦᠪᠡᠷᠳᠡᠭᠡᠨ ᠵᠠᠰᠠᠬᠤ ᠤᠷᠤᠨ᠎ᠤ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶ᠎ᠠ ᠬᠢᠨᠠᠨ ᠪᠠᠢ᠌ᠴᠠᠭ᠋ᠠᠬᠤ ᠵᠦᠪᠯᠡᠯ᠎ᠤᠨ 《ᠳᠦᠷᠪᠡᠨ ᠨᠢᠭᠡ》 ᠵᠢᠨ ᠳᠦᠷᠢᠮ᠂ ᠳᠢᠩᠬᠢᠮ᠎ᠳᠤ ᠳᠤᠮᠢᠯᠠᠨ ᠰᠠᠭᠤᠭ᠎ᠠ ᠪᠠᠢ᠌ᠭᠤᠯᠤᠮᠵᠢ ᠵᠢᠨ   ᠠᠵᠢᠯ᠎ᠤᠨ ᠳᠦᠷᠢᠮ ᠵᠡᠷᠭᠡ ᠳᠦᠷᠪᠡᠨ ᠳᠦᠷᠢᠮ᠎ᠢ ᠨᠠᠷᠢᠨ ᠨᠢᠮᠪᠠᠢ ᠰᠤᠷᠤᠯᠴᠠᠨ ᠭᠡᠷᠡᠭᠵᠢᠬᠦᠯᠵᠤ᠂ 2017 ᠤᠨ᠎ᠠᠴᠠ ᠨᠠᠭ᠋ᠠᠰᠢ ᠬᠦᠯᠢᠶᠡᠨ ᠠᠪᠤᠭᠰᠠᠨ ᠵᠠᠬᠢᠳᠠᠯ ᠰᠤᠷᠪᠤᠯᠵᠢᠯᠠᠭ᠎ᠠ ᠵᠢ ᠨᠢᠭᠡᠳ ᠨᠢᠭᠡ᠎ᠪᠠᠷ ᠪᠠᠢ᠌ᠴᠠᠭ᠋ᠠᠨ ᠦᠵᠡᠵᠤ᠂ ᠵᠠᠬᠢᠳᠠᠯ ᠰᠤᠷᠪᠤᠯᠵᠢᠯᠠᠭ᠎ᠠ ᠵᠢ ᠬᠦᠯᠢᠶᠠᠨ ᠠᠪᠬᠤ᠂ ᠰᠢᠢ᠍ᠳᠪᠤᠷᠢᠯᠡᠬᠦ ᠶᠠᠪᠤᠴᠠ ᠵᠢ ᠤᠯᠠᠮ   ᠵᠢᠷᠤᠮᠵᠢᠭᠤᠯᠪᠠ᠃ ᠤᠯᠠᠨ ᠬᠦᠮᠦᠨ ᠨᠢᠭᠡ ᠠᠰᠠᠭᠤᠳᠠᠯ᠎ᠢ ᠢᠯᠡᠴᠢᠯᠡᠨ ᠮᠡᠳᠡᠬᠦᠯᠦᠭᠰᠡᠨ ᠪᠠᠢ᠌ᠳᠠᠯ᠎ᠢ ᠳᠠᠬᠢᠨ ᠳᠠᠩᠰᠠᠯᠠᠵᠤ᠂ ᠳᠤᠳᠤᠷᠬᠠᠢ᠌ᠯᠠᠵᠤ᠂ ᠰᠢᠢ᠍ᠳᠪᠤᠷᠢᠯᠡᠪᠡ᠃
     (  ᠳᠤᠯᠤᠭ᠎ᠠ) ᠳᠡᠭᠡᠷ᠎ᠡ ᠨᠢᠭᠡ ᠡᠭᠡᠯᠵᠢ ᠵᠢᠨ ᠳᠤᠭᠤᠷᠢᠨ ᠪᠠᠢ᠌ᠴᠠᠭ᠋ᠠᠵᠤ ᠬᠠᠷᠢᠭᠤ ᠳᠤᠰᠬᠠᠬᠰᠠᠨ ᠠᠰᠠᠭᠤᠳᠠᠯ᠎ᠢ ᠴᠡᠭᠴᠡᠯᠠᠨ ᠵᠠᠰᠠᠭᠰᠠᠨ ᠳᠠᠯ᠎ᠠ᠎ᠪᠠᠷ
     32. 《〈ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠵᠤᠬᠢᠶᠠᠨ ᠪᠠᠢ᠌ᠭᠤᠯᠤᠯᠳᠠ ᠵᠢᠨ   ᠠᠵᠢᠯᠯᠠᠭ᠋ᠠᠨ᠎ᠤ ᠭᠡᠯᠪᠡᠷᠢ ᠳᠠᠩ   ᠴᠣᠯᠭᠤᠢ ᠪᠠᠢ᠌ᠬᠤ〉 ᠠᠰᠭᠤᠳᠠᠯ᠎ᠢ ᠳᠦᠢ᠍ᠯᠪᠤᠷᠢᠳᠡᠢ ᠵᠠᠰᠠᠨ ᠰᠠᠢ᠌ᠵᠢᠷᠠᠭᠤᠯᠤᠭᠰᠠᠨ ᠦᠭᠡᠢ》 ᠠᠰᠠᠭᠤᠳᠠᠯ᠎ᠳᠤ ᠴᠢᠭᠯᠡᠬᠦᠯᠦᠨ᠂ ᠨᠠᠮ᠎ᠤᠨ ᠡᠬᠦᠷ᠎ᠤᠨ ᠪᠠᠷᠢᠮᠵᠢᠶᠠᠵᠢᠭᠰᠠᠨ ᠪᠠᠢ᠌ᠭᠤᠯᠤᠯᠳᠠ ᠵᠢ ᠬᠦᠨᠵᠡᠭᠡᠢ ᠠᠬᠢᠭᠤᠯᠵᠤ᠂ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠪᠠᠢ᠌ᠭᠤᠯᠤᠯᠳᠠ ᠵᠢ ᠴᠢᠩᠭ᠋ᠠᠳᠬᠠᠪᠠ᠃ ᠨᠠᠮ᠎ᠤᠨ ᠡᠬᠦᠷ᠎ᠤᠨ ᠠᠵᠢᠯᠯᠠᠭ᠋ᠠᠨ᠎ᠤ ᠭᠡᠯᠪᠡᠷᠢ ᠵᠢ ᠪᠠᠶᠠᠯᠢᠬ᠍ᠵᠢᠭᠤᠯᠤᠨ᠂ ᠨᠠᠮ᠎ᠤᠨ ᠡᠬᠦᠷ᠎ᠤᠨ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠢ ᠠᠯᠬᠤᠮ ᠠᠯᠬᠤᠮ ᠵᠶ᠋ᠡᠷ ᠪᠠᠷᠢᠮᠵᠢᠶᠠᠵᠢᠭᠤᠯᠵᠤ᠂ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠵᠤᠬᠢᠶᠠᠨ ᠪᠠᠢ᠌ᠭᠤᠯᠤᠯᠳᠠ ᠵᠢᠨ ᠠᠵᠢᠯᠯᠠᠭ᠋ᠠᠨ᠎ᠤ ᠭᠡᠯᠪᠡᠷᠢ ᠳᠠᠩ ᠴᠤᠯᠭᠤᠢ ᠪᠠᠢ᠌ᠬᠤ ᠠᠰᠠᠭᠤᠳᠠᠯ᠎ᠢ ᠰᠢᠢ᠍ᠳᠪᠤᠷᠢᠡᠯᠪᠡ᠃
     33. 《ᠦᠪᠦᠷ ᠮᠤᠩᠭᠤᠯ᠎ᠤᠨ ᠢᠷᠠᠭᠤ ᠠᠯᠳᠠᠷᠳᠤ ᠴᠡᠷᠢᠭ᠎ᠤᠨ ᠡᠷᠡᠭᠦᠯᠵᠢᠯ᠎ᠤᠨ ᠡᠮᠨᠡᠯᠭᠡ ᠵᠢᠨ ᠬᠤᠷᠢᠶ᠎ᠠ ᠵᠢᠨ ᠠᠯᠪᠠᠨ ᠦᠢ᠍ᠯᠡᠴᠢᠯᠡᠭᠴᠢ ᠤᠷᠤᠨ ᠳᠤᠭ᠎ᠠ᠎ᠠᠴᠠ ᠳᠠᠪᠠᠭᠰᠠᠨ》 ᠠᠰᠠᠭᠤᠳᠠᠯ᠎ᠳᠤ ᠴᠢᠭᠯᠡᠬᠦᠯᠦᠨ᠂ ᠴᠡᠭᠴᠡᠯᠠᠨ ᠵᠠᠰᠠᠬᠤ ᠳᠦᠰᠦᠯ ᠳᠤᠷᠠᠳᠴᠤ᠂   ᠠᠯᠬᠤᠮ ᠠᠯᠬᠤᠮ ᠵᠶ᠋ᠡᠷ ᠰᠢᠢ᠍ᠳᠪᠤᠷᠢᠯᠡᠬᠦ᠎ᠪᠠᠷ ᠳᠤᠭᠳᠠᠭ᠋ᠠᠪᠠ᠃
        ᠭᠤᠷᠪᠠ᠂ ᠴᠡᠭᠴᠡᠯᠠᠨ ᠵᠠᠰᠠᠭᠰᠠᠨ ᠦᠷ᠎ᠡ ᠪᠦᠳᠦᠮᠵᠢ ᠵᠢ ᠪᠡᠬᠢᠵᠢᠬᠦᠯᠵᠤ᠂ ᠠᠷᠠᠳ᠎ᠤᠨ ᠶᠠᠪᠤᠳᠠᠯ᠎ᠤᠨ ᠪᠦᠬᠦᠯᠢ ᠴᠤᠭᠴᠠ ᠵᠢᠨ ᠠᠵᠢᠯ ᠵᠶ᠋ᠡᠨ ᠰᠢᠨ᠎ᠠ ᠳᠡᠭᠳᠡᠷ᠎ᠲᠤ ᠠᠬᠢᠭᠤᠯᠪᠠ
      (  ᠨᠢᠭᠡ) 《ᠳᠦᠷᠪᠡᠨ ᠤᠬᠠᠮᠰᠠᠷ》᠎ᠢ ᠪᠠᠳᠤᠳᠬᠠᠵᠤ᠂ ᠰᠢ ᠵᠢᠨ ᠫᠢᠩ ᠨᠦᠬᠦᠷ ᠵᠶ᠋ᠡᠷ ᠭᠤᠯᠯᠠᠭᠴᠢ ᠪᠤᠯᠭ᠋ᠠᠭᠰᠠᠨ ᠨᠠᠮ᠎ᠤᠨ ᠳᠦᠪ ᠬᠤᠷᠢᠶ᠎ᠠ᠎ᠲᠠᠢ ᠳᠡᠭᠡᠳᠤ ᠭᠡᠮᠵᠢᠶ᠎ᠡ᠎ᠪᠠᠷ ᠨᠢᠭᠡᠳᠤᠯᠳᠠᠢ ᠪᠠᠢ᠌ᠬᠤ ᠵᠢ ᠡᠷᠡᠰ ᠪᠠᠷᠢᠮᠳᠠᠯᠠᠪᠠ᠃ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠤᠯᠤᠨ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠬᠦᠨ ᠬᠦᠨᠵᠡᠭᠡᠢ   ᠰᠤᠷᠤᠯᠴᠠᠨ ᠳᠤᠤᠱᠯᠠᠭᠤᠯᠵᠤ᠂ ᠨᠠᠮ᠎ᠤᠨ ᠤᠯᠤᠰ ᠳᠦᠷᠦ ᠵᠢᠨ ᠪᠠᠢ᠌ᠭᠤᠯᠤᠯᠳᠠ᠎ᠪᠠᠷ ᠶᠡᠷᠦᠩᠭᠡᠢ᠌ᠯᠡᠨ ᠵᠠᠬᠢᠷᠬᠤ ᠵᠢ ᠪᠠᠷᠢᠮᠳᠠᠯᠠᠨ᠂ ᠨᠠᠮ᠎ᠤᠨ ᠤᠯᠤᠰ ᠳᠦᠷᠦ ᠵᠢᠨ ᠪᠠᠢ᠌ᠭᠤᠯᠤᠯᠳᠠ᠂ ᠦᠵᠡᠯ ᠰᠠᠨᠠᠭ᠋ᠠᠨ ᠎ᠤ ᠪᠠᠢ᠌ᠭᠤᠯᠤᠯᠳᠠ᠂ ᠵᠤᠬᠢᠶᠠᠨ ᠪᠠᠢ᠌ᠭᠤᠯᠤᠯᠳᠠ ᠵᠢᠨ ᠪᠠᠢ᠌ᠭᠤᠯᠤᠯᠳᠠ᠂ ᠰᠤᠷᠳᠠᠯ᠎ᠤᠨ ᠪᠠᠢ᠌ᠭᠤᠯᠤᠯᠳᠠ ᠵᠢ ᠪᠦᠬᠦ ᠳᠡᠯ᠎ᠡ᠎ᠪᠠᠷ ᠠᠬᠢᠭᠤᠯᠵᠤ᠂   ᠢᠯᠵᠡᠷᠡᠯ᠎ᠢ ᠡᠰᠡᠷᠬᠦᠴᠡᠬᠦ ᠳᠡᠮᠡᠴᠡᠯ᠎ᠢ ᠬᠦᠨᠵᠡᠭᠡᠢ ᠠᠬᠢᠭᠤᠯᠤᠨ᠂ 《ᠳᠦᠷᠪᠡᠨ ᠤᠬᠠᠮᠰᠠᠷ》᠎ᠢ ᠪᠠᠳᠤᠳᠬᠠᠵᠤ᠂ 《ᠳᠦᠷᠪᠡᠨ ᠢᠳᠡᠭᠡᠯ》᠎ᠢ ᠢᠮᠡᠭ᠍ᠳᠡ ᠪᠠᠷᠢᠮᠳᠠᠯᠠᠨ᠂ 《  ᠳᠦᠷᠪᠡ ᠵᠢ ᠳᠠᠭ᠋ᠠᠬᠤ》 ᠵᠢ ᠤᠬᠠᠮᠰᠠᠷ᠎ᠠᠴᠠ᠎ᠪᠠᠨ ᠪᠡᠶᠡᠯᠡᠬᠦᠯᠵᠤ᠂ ᠶᠡᠷᠦᠩᠭᠡᠢ ᠱᠦᠵᠢ ᠰᠢ ᠵᠢᠨ ᠫᠢᠩ ᠵᠢᠨ ᠨᠠᠮ᠎ᠤᠨ ᠳᠦᠪ ᠬᠤᠷᠢᠶᠠᠨ᠎ᠤ ᠭᠤᠤᠯ ᠪᠠᠢ᠌ᠷᠢ ᠰᠠᠭᠤᠷᠢ ᠵᠢ ᠡᠷᠡᠰ ᠬᠠᠮᠠᠭ᠋ᠠᠠᠯᠵᠤ᠂ ᠨᠠᠮ᠎ᠤᠨ ᠳᠦᠪ ᠬᠤᠷᠢᠶᠠᠨ᠎ᠤ ᠡᠷᠭᠡ ᠰᠦᠷ ᠪᠤᠯᠤᠨ ᠳᠦᠪᠯᠡᠷᠡᠩᠬᠦᠢ ᠨᠢᠭᠡᠳᠤᠯᠳᠠᠢ ᠤᠳᠤᠷᠢᠳᠤᠯᠭ᠎ᠠ ᠵᠢ ᠡᠷᠡᠰ ᠬᠠᠮᠠᠭ᠋ᠠᠯᠠᠪᠠ᠃
     (ᠬᠤᠶᠠᠷ) ᠨᠠᠮ᠎ᠢ ᠪᠦᠬᠦ ᠳᠠᠯ᠎ᠠ᠎ᠪᠠᠷ   ᠴᠢᠩᠭ᠎ᠠ ᠵᠠᠰᠠᠬᠤ ᠱᠠᠭ᠋ᠠᠷᠳᠠᠯᠭ᠎ᠠ ᠵᠢ ᠵᠢᠷᠤᠮᠯᠠᠨ᠂   ᠭᠤᠤᠯ ᠴᠤᠭᠴᠠ ᠵᠢᠨ ᠬᠠᠷᠢᠭᠤᠴᠠᠯᠭ᠎ᠠ ᠪᠤᠯᠤᠨ ᠬᠢᠨᠠᠯᠳᠠ ᠳᠠᠯᠪᠢᠬᠤ ᠬᠠᠷᠢᠭᠤᠴᠠᠯᠭ᠎ᠠ᠎ᠪᠠᠨ ᠦᠨᠡᠨᠬᠦ ᠬᠦᠢ᠍ᠴᠡᠳᠭᠡᠪᠡ᠃ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠳᠤᠬᠠᠢ᠌ᠯᠠᠭᠰᠠᠨ ᠠᠵᠢᠯ᠎ᠲᠠᠢ᠎ᠪᠠᠨ ᠨᠢᠬᠳᠠ ᠤᠶᠠᠯᠳᠤᠭᠤᠯᠤᠨ᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠪᠤᠯᠤᠨ ᠪᠠᠭᠤᠷᠠᠢ ᠭᠤᠭᠴᠤᠭ᠋ᠠᠨ᠎ᠤ ᠳᠤᠭᠤᠷᠢᠨ᠎ᠳᠤ᠂   ᠠᠰᠠᠭᠤᠳᠠᠯ᠎ᠤᠨ ᠦᠨᠳᠦᠰᠤ ᠰᠤᠷᠪᠤᠯᠵᠢ ᠵᠢ ᠡᠷᠢᠵᠤ᠂ ᠭᠠᠷᠳᠠᠴᠠ ᠎ᠪᠠᠨ ᠤᠨᠤᠪᠴᠢᠳᠠᠢ ᠡᠵᠡᠮᠳᠡᠨ᠂ ᠳᠤᠬᠠᠢ᠌ᠯᠠᠬᠰᠠᠨ ᠠᠵᠢᠯ ᠪᠤᠯᠤᠨ ᠨᠠᠮ᠎ᠤᠨ ᠠᠵᠢᠯ᠂ ᠡᠩᠨᠡᠭᠡᠨ᠎ᠤ ᠪᠠᠢ᠌ᠭᠤᠯᠤᠯᠳᠠ ᠵᠢ   ᠠᠭᠤᠰᠤᠯᠴᠠᠭᠤᠯᠵᠤ᠂ ᠤᠯᠤᠰ ᠳᠦᠷᠦ ᠵᠢᠨ ᠳᠡᠭᠡᠳᠤ ᠭᠡᠮᠵᠢᠶ᠎ᠡ  ᠎ᠠᠴᠠ ᠨᠠᠮ᠎ᠤᠨ ᠤᠳᠤᠷᠢᠳᠤᠯᠭ᠎ᠠ ᠵᠢ ᠳᠤᠪᠤᠢ᠌ᠯᠭ᠋ᠠᠬᠤ᠂ ᠤᠯᠤᠰ ᠳᠦᠷᠦ ᠵᠢᠨ ᠱᠠᠭ᠋ᠠᠷᠳᠠᠯᠭ᠎ᠠ᠎ᠪᠠᠷ ᠨᠠᠮ᠎ᠤᠨ ᠪᠠᠢ᠌ᠭᠤᠯᠤᠯᠳᠠ ᠵᠢ ᠠᠳᠬᠤᠬᠤ᠂ ᠤᠯᠤᠰ ᠳᠦᠷᠦ ᠵᠢᠨ ᠪᠠᠢ᠌ᠷᠢ ᠳᠤᠭᠳᠠᠭ᠋ᠠᠯᠳᠠ᠎ᠪᠠᠷ ᠨᠠᠮ᠎ᠢ ᠪᠦᠬᠦ ᠳᠠᠯ᠎ᠠ᠎ᠪᠠᠷ   ᠴᠢᠩᠭ᠎ᠠ ᠵᠠᠰᠠᠬᠤ ᠵᠢ ᠪᠠᠷᠢᠮᠳᠠᠯᠠᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠤᠯᠠᠮ ᠵᠶ᠋ᠡᠷ ᠠᠬᠢᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠦᠭᠡᠷᠡᠴᠢᠯᠡᠯᠳᠡ ᠬᠦᠭᠵᠢᠯᠳᠡ᠎ᠳᠤ ᠡᠷᠡᠰ ᠴᠢᠩᠭ᠎ᠠ ᠤᠯᠤᠰ ᠳᠦᠷᠦ ᠵᠢᠨ ᠪᠠᠳᠤᠯᠠᠭ᠎ᠠ ᠬᠠᠩᠭ᠋ᠠᠪᠠ᠃
     (ᠭᠤᠷᠪᠠ) ᠰᠠᠬᠢᠯᠭ᠎ᠠ ᠪᠠᠳᠤ ᠵᠢ ᠭᠡᠷᠡᠭᠵᠢᠬᠦᠯᠦᠨ ᠬᠠᠷᠢᠭᠤᠴᠠᠯᠭ᠎ᠠ ᠨᠡᠭᠡᠮᠵᠢᠯᠡᠬᠦ ᠵᠢ ᠴᠢᠩᠭ᠋ᠠᠳᠬᠠᠵᠤ᠂ ᠨᠠᠮ᠎ᠤᠨ ᠰᠤᠷᠳᠠᠯ   ᠪᠠ ᠴᠢᠭᠡᠴᠢ ᠵᠠᠰᠠᠭ᠎ᠤᠨ ᠪᠠᠢ᠌ᠭᠤᠯᠤᠯᠳᠠ ᠪᠤᠯᠤᠨ ᠢᠯᠵᠡᠷᠡᠯ ᠎ᠢ ᠡᠰᠡᠷᠬᠦᠴᠡᠬᠦ ᠳᠡᠮᠡᠴᠡᠯ᠎ᠢ ᠭᠣᠢ᠌ᠪᠢᠰᠢ ᠦᠭᠡᠢ ᠠᠳᠬᠤᠪᠠ᠃ ᠨᠠᠮ᠎ᠤᠨ ᠰᠤᠷᠳᠠᠯ   ᠪᠠ ᠴᠢᠭᠡᠴᠢ ᠵᠠᠰᠠᠭ᠎ᠤᠨ ᠪᠠᠢ᠌ᠭᠤᠯᠤᠯᠳᠠ ᠵᠢᠨ ᠬᠠᠷᠢᠭᠤᠴᠠᠯᠭ᠎ᠠ ᠵᠢᠨ ᠳᠦᠷᠢᠮ᠎ᠢ ᠦᠨᠡᠨᠬᠦ ᠭᠡᠷᠡᠭᠵᠢᠬᠦᠯᠵᠤ᠂ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠬᠤ ᠳᠤᠭᠳᠠᠴᠠ ᠪᠤᠯᠤᠨ ᠳᠦᠷᠢᠮ᠎ᠤᠨ ᠪᠠᠢ᠌ᠭᠤᠯᠤᠯᠳᠠ ᠵᠢ ᠴᠢᠩᠭ᠋ᠠᠳᠬᠠᠨ᠂ ᠳᠢᠩᠬᠢᠮ᠎ᠳᠤ ᠰᠠᠭᠤᠭ᠎ᠠ ᠰᠠᠬᠢᠯᠭ᠎ᠠ ᠪᠠᠳᠤ ᠪᠠᠢ᠌ᠴᠠᠭ᠋ᠠᠬᠤ ᠳᠤᠭᠤᠢ᠌ᠯᠠᠩ᠎ᠤᠨ   ᠬᠢᠨᠠᠯᠳᠠ ᠳᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠬᠠᠷᠢᠭᠤᠴᠠᠯᠭ᠎ᠠ᠎ᠪᠠᠨ ᠬᠦᠢ᠍ᠴᠡᠳᠭᠡᠬᠦ ᠵᠢ ᠳᠤᠭ ᠳᠡᠮᠳᠡᠭ ᠳᠤᠳᠤᠷᠬᠠᠢ᠎ᠪᠠᠷ ᠳᠡᠮᠵᠢᠵᠤ᠂ ᠪᠠᠢ᠌ᠭᠤᠯᠭ᠎ᠠ ᠵᠢᠨ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶᠠᠨ᠎ᠤ ᠦᠢ᠍ᠯᠡᠳᠤᠯ ᠵᠶ᠋ᠡᠨ ᠬᠦᠢ᠍ᠴᠡᠳ ᠪᠠᠳᠠᠷᠠᠭᠤᠯᠪᠠ᠃ 《ᠳᠤᠮᠳᠠᠳᠤ   ᠤᠯᠤᠰ᠎ᠤᠨ ᠡᠪ ᠬᠠᠮᠳᠤ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠭᠡᠯ ᠦᠭᠬᠦ ᠳᠦᠷᠢᠮ》᠂ 《  ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠠᠷᠢᠭᠤᠴᠠᠯᠭ᠎ᠠ ᠨᠡᠭᠡᠮᠵᠢᠯᠡᠬᠦ ᠳᠦᠷᠢᠮ》᠎ᠢ ᠨᠠᠷᠢᠨ ᠬᠢᠨᠠᠮᠠᠭ᠋ᠠᠢ   ᠭᠡᠷᠡᠭᠵᠢᠬᠦᠯᠵᠤ᠂ ᠬᠠᠷᠢᠭᠤᠴᠠᠯᠭ᠎ᠠ ᠨᠡᠭᠡᠮᠵᠢᠯᠡᠬᠦ ᠳᠤᠭᠳᠠᠴᠠ ᠵᠢ ᠳᠡᠬᠦᠯᠳᠡᠷᠵᠢᠬᠦᠯᠦᠨ᠂ ᠡᠯ᠎ᠡ ᠵᠦᠢ᠍ᠯ᠎ᠤᠨ ᠰᠠᠬᠢᠯᠭ᠎ᠠ ᠪᠠᠳᠤ ᠳᠦᠷᠢᠮ ᠳᠤᠭᠳᠠᠭ᠋ᠠᠯ᠎ᠢ ᠵᠦᠷᠢᠴᠡᠭᠰᠡᠨ ᠭᠡᠷᠡᠭ᠎ᠢ ᠦᠯᠦ ᠠᠭᠤᠴᠢᠯᠠᠬᠤ ᠵᠢ ᠪᠡᠶᠡᠯᠡᠬᠦᠯᠪᠡ᠃ ᠨᠠᠮ᠎ᠤᠨ   ᠳᠦᠪ ᠬᠤᠷᠢᠶᠠᠨ᠎ᠤ ᠨᠠᠢ᠍ᠮᠠᠨ ᠵᠣᠷᠪᠣᠰ ᠳᠤᠭᠳᠠᠭ᠋ᠠᠯ ᠎ᠤᠨ ᠵᠤᠷᠢᠭ ᠰᠠᠨᠠᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ 《ᠳᠦᠷᠪᠡᠨ ᠰᠤᠷᠳᠠᠯ》᠎ᠢ ᠡᠰᠡᠷᠬᠦᠴᠡᠬᠦ ᠵᠢ ᠤᠷᠳᠤ ᠬᠤᠭᠤᠴᠠᠭ᠎ᠠ᠎ᠪᠠᠷ ᠪᠠᠷᠢᠮᠳᠠᠯᠠᠵᠤ᠂ ᠨᠠᠮ᠎ᠢ   ᠪᠦᠬᠦ ᠳᠠᠯ᠎ᠠ᠎ᠪᠠᠷ   ᠴᠢᠩᠭ᠎ᠠ ᠵᠠᠰᠠᠭᠰᠠᠨ ᠦᠷ᠎ᠡ ᠪᠦᠳᠦᠮᠵᠢ ᠵᠢ ᠳᠠᠰᠤᠷᠠᠯᠳᠠ ᠦᠭᠡᠢ   ᠪᠡᠬᠢᠵᠢᠬᠦᠯᠪᠡ᠃
     (ᠳᠦᠷᠪᠡ)   ᠰᠠᠢ᠌ᠨ ᠺᠠᠳ᠋ᠷ᠎ᠤᠨ ᠪᠠᠷᠢᠮᠵᠢᠶ᠎ᠠ᠎ᠪᠠᠷ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ᠎ᠲᠠᠢ ᠨᠠᠮ᠎ᠤᠨ ᠭᠡᠰᠢᠬᠦᠨ ᠺᠠᠳ᠋ᠷ᠎ᠤᠨ ᠡᠩᠨᠡᠭᠡ ᠵᠢ ᠪᠠᠢ᠌ᠭᠤᠯᠪᠠ᠃   ᠴᠢᠩᠭ᠎ᠠ ᠪᠠᠷᠢᠮᠵᠢᠶ᠎ᠠ᠂ ᠴᠢᠩᠭ᠎ᠠ   ᠰᠢᠯᠭ᠋ᠠᠯᠳᠠ᠂   ᠴᠢᠩᠭ᠎ᠠ ᠬᠢᠵᠠᠭ᠋ᠠᠷᠯᠠᠯ᠂ ᠴᠢᠩᠭ᠎ᠠ   ᠭᠡᠷᠡᠭᠵᠢᠬᠦᠯᠦᠯᠳᠡ ᠵᠢ ᠪᠠᠷᠢᠮᠳᠠᠠᠯᠵᠤ᠂ ᠬᠦᠮᠦᠨ ᠰᠤᠩᠭᠤᠵᠤ ᠭᠡᠷᠡᠭᠯᠡᠬᠦ ᠪᠤᠭᠤᠮᠳᠠ ᠵᠢ ᠰᠠᠢ᠌ᠳᠤᠷ ᠠᠳᠬᠤᠪᠠ᠃   ᠬᠤᠪᠢ ᠬᠦᠮᠦᠨ᠎ᠤ ᠬᠤᠯᠪᠤᠭᠳᠠᠯ ᠪᠦᠬᠦᠢ ᠭᠡᠷᠡᠭ ᠶᠠᠪᠤᠳᠠᠯ᠎ᠤᠨ ᠮᠡᠳᠡᠬᠦᠯᠦᠯᠳᠡ ᠵᠢᠨ ᠳᠦᠷᠢᠮ  ᠂ ᠺᠠᠳ᠋ᠷ ᠰᠤᠩᠭᠤᠨ ᠳᠡᠪᠰᠢᠬᠦᠯᠬᠦ ᠪᠦᠬᠦ ᠶᠠᠪᠤᠴᠠ ᠵᠢᠨ ᠳᠡᠮᠳᠡᠭᠯᠡᠯ ᠵᠢᠴᠢ ᠵᠠᠢ᠌ᠯᠠᠭᠤᠯᠬᠤ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠦᠮᠦᠨ ᠰᠤᠩᠭᠤᠵᠤ ᠭᠡᠷᠡᠭᠯᠡᠬᠦ ᠵᠢ ᠵᠢᠷᠤᠮᠵᠢᠭᠤᠯᠵᠤ ᠳᠦᠷᠢᠮᠵᠢᠬᠦᠯᠪᠡ᠃ ᠡᠳᠤᠷ ᠳᠤᠳᠤᠮ᠎ᠤᠨ ᠬᠢᠨᠠᠯᠳᠠ ᠳᠠᠯᠪᠢᠵᠤ ᠬᠠᠮᠢᠶᠠᠷᠬᠤ ᠵᠢ ᠴᠢᠩᠭ᠋ᠠᠳᠬᠠᠵᠤ᠂ ᠨᠠᠮ᠎ᠤᠨ ᠭᠡᠰᠢᠬᠦᠨ ᠺᠠᠳ᠋ᠷ᠎ᠲᠤ ᠰᠠᠬᠢᠯᠭ᠎ᠠ ᠪᠠᠳᠤ ᠵᠢ ᠡᠷᠬᠢᠮᠯᠡᠬᠦ᠂ ᠶᠤᠰᠤ ᠳᠦᠷᠢᠮ᠎ᠢ ᠣᠢ᠌ᠯᠠᠭ᠋ᠠᠬᠤ᠂ ᠴᠡᠭᠡᠷ ᠬᠤᠷᠢᠭ᠎ᠠ ᠵᠢ ᠰᠠᠬᠢᠬᠤ ᠬᠦᠮᠦᠵᠢᠯ ᠬᠢᠵᠤ᠂ ᠳᠡᠭᠡᠳᠤ ᠪᠤᠯᠪᠠᠰᠤᠷᠠᠯ ᠪᠦᠬᠦᠢ ᠠᠷᠠᠳ᠎ᠤᠨ ᠶᠠᠪᠤᠳᠠᠯ᠎ᠤᠨ ᠺᠠᠳ᠋ᠷ᠎ᠤᠨ ᠡᠩᠨᠡᠭᠡᠨ᠎ᠤ ᠪᠠᠢ᠌ᠭᠤᠯᠤᠯᠳᠠ ᠵᠢ ᠠᠬᠢᠭᠤᠯᠪᠠ᠃
     (ᠳᠠᠪᠤ) ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠬᠤ ᠭᠤᠤᠯ ᠴᠤᠭᠴᠠ ᠵᠢᠨ ᠬᠠᠷᠢᠭᠤᠴᠠᠯᠭ᠎ᠠ ᠵᠢ ᠨᠡᠢ᠌ᠳᠡᠪᠤᠷᠢᠵᠢᠭᠤᠯᠵᠤ᠂ ᠳᠤᠭᠤᠷᠢᠨ ᠪᠠᠢ᠌ᠴᠭ᠋ᠠᠠᠵᠤ ᠴᠡᠭᠴᠡᠯᠠᠨ ᠵᠠᠰᠠᠬᠰᠠᠨ ᠦᠷ᠎ᠡ ᠪᠦᠳᠦᠮᠵᠢ ᠵᠢ ᠪᠡᠬᠢᠵᠢᠬᠦᠯᠵᠤ   ᠬᠦᠨᠵᠡᠭᠡᠢ᠌ᠷᠡᠬᠦᠯᠪᠡ᠃   ᠴᠡᠭᠴᠡᠯᠠᠨ ᠵᠠᠰᠠᠬᠤ ᠡᠬᠦᠷᠭᠡ᠎ᠪᠠᠨ ᠨᠢᠭᠡᠨᠳᠡ ᠪᠡᠶᠡᠯᠡᠬᠦᠯᠦᠭᠰᠡᠨ ᠨᠢᠭᠡᠴᠢ᠎ᠳᠤ ᠪᠠᠢ᠌ᠩᠭᠤ ᠵᠢᠨ ᠪᠦᠳᠦᠮᠵᠢᠳᠤ ᠳᠤᠭᠳᠠᠴᠠ ᠳᠤᠭᠳᠠᠭ᠋ᠠᠨ᠂ ᠦᠷ᠎ᠡ ᠪᠦᠳᠦᠮᠵᠢ ᠵᠢ ᠦᠷᠬᠦᠯᠵᠢᠯᠡᠨ ᠪᠡᠬᠢᠵᠢᠬᠦᠯᠵᠤ᠂ ᠠᠰᠠᠭᠤᠳᠠᠯ ᠳᠠᠬᠢᠨ ᠰᠡᠷᠬᠦᠬᠦ᠎ᠠᠴᠠ ᠰᠠᠷᠭᠡᠢ᠌ᠯᠡᠪᠡ;   ᠴᠡᠭᠴᠡᠯᠠᠨ ᠵᠠᠰᠠᠬᠤ   ᠡᠬᠦᠷᠭᠡ᠎ᠪᠠᠨ ᠪᠡᠶᠡᠯᠡᠬᠦᠯᠦᠭᠡᠳᠦᠢ ᠨᠢᠭᠡ ᠪᠦᠯᠦᠭ ᠨᠢᠭᠡᠴᠢ ᠵᠢ ᠴᠢᠩᠭ᠎ᠠ ᠠᠩᠬᠠᠷᠤᠨ᠂   ᠳᠤᠭᠳᠠᠭᠰᠠᠨ ᠬᠤᠭᠤᠴᠠᠭ᠋ᠠᠨ᠎ᠳᠤ ᠪᠡᠶᠡᠯᠡᠬᠦᠯᠬᠦ ᠵᠢ ᠱᠠᠭ᠋ᠠᠷᠳᠠᠪᠠ᠃ ᠪᠠᠢ᠌ᠭᠤᠯᠤᠮᠵᠢ ᠵᠢᠨ ᠦᠭᠡᠷᠡᠴᠢᠯᠡᠯᠳᠡ ᠵᠡᠷᠭᠡ ᠰᠢᠯᠳᠠᠭ᠋ᠠᠨ᠎ᠠᠴᠠ ᠪᠤᠯᠵᠤ ᠴᠡᠭᠴᠡᠯᠠᠨ ᠵᠠᠰᠠᠬᠤ   ᠡᠬᠦᠷᠭᠡ᠎ᠪᠠᠨ ᠪᠡᠶᠡᠯᠡᠬᠦᠯᠦᠭᠡᠳᠦᠢ   ᠨᠢᠭᠡᠴᠢ᠎ᠳᠤ ᠪᠡᠯᠡᠳᠭᠡᠯ ᠠᠵᠢᠯ᠎ᠢ ᠰᠠᠢ᠌ᠳᠤᠷ ᠬᠢᠵᠤ᠂   ᠪᠠᠢ᠌ᠭᠤᠯᠤᠮᠵᠢ ᠵᠢᠨ ᠦᠭᠡᠷᠡᠴᠢᠯᠡᠯᠳᠡ   ᠳᠠᠭᠤᠰᠪᠠᠯ ᠨᠠᠷᠢᠨ ᠬᠢᠨᠠᠮᠠᠭ᠋ᠠᠢ ᠪᠡᠶᠡᠯᠡᠬᠦᠯᠬᠦ ᠵᠢ ᠱᠠᠭ᠋ᠠᠷᠳᠠᠪᠠ᠃ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠭᠰᠠᠨ ᠦᠷ᠎ᠡ ᠪᠦᠳᠦᠮᠵᠢ ᠵᠢ ᠬᠤᠪᠢᠷᠠᠭᠤᠯᠤᠨ   ᠠᠰᠢᠭᠯᠠᠬᠤ ᠵᠢ ᠴᠢᠬᠤᠯᠠᠴᠢᠯᠠᠵᠤ᠂ ᠳᠦᠷᠢᠮ ᠳᠤᠭᠳᠠᠭ᠋ᠠᠯ᠎ᠢ ᠴᠢᠩᠭ᠋ᠠᠳᠬᠠᠨ᠂ ᠴᠡᠭᠴᠡᠯᠠᠨ ᠵᠠᠰᠠᠭᠰᠠᠨ ᠦᠨᠡᠨ ᠪᠤᠳᠠᠳᠠᠢ ᠪᠦᠳᠦᠮᠵᠢ᠎ᠪᠠᠷ ᠵᠶ᠋ᠡᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠳᠤ ᠬᠠᠨᠤᠮᠵᠢᠳᠠᠢ ᠬᠠᠷᠢᠬᠭᠤᠯᠳᠠ ᠦᠭᠬᠦᠨ᠎ᠡ᠃
      ᠦᠷᠭᠡᠨ ᠤᠯᠠᠨ ᠺᠠᠳ᠋ᠷ ᠤᠯᠠᠨ ᠳᠦᠮᠡᠨ᠎ᠤ ᠳᠤᠭᠤᠷᠢᠨ ᠪᠠᠢ᠌ᠴᠭ᠋ᠠᠠᠵᠤ ᠴᠡᠭᠴᠡᠯᠠᠨ ᠵᠠᠰᠠᠬᠤ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ   ᠬᠢᠨᠠᠯᠳᠠ ᠳᠠᠯᠪᠢᠬᠤ ᠵᠢ ᠪᠠᠶᠠᠷᠯᠠᠨ ᠤᠭᠳᠤᠨ᠎ᠠ᠃ ᠰᠠᠨᠠᠯ ᠵᠦᠪᠯᠡᠯᠭᠡ ᠪᠠᠢ᠌ᠪᠠᠯ ᠴᠠᠭ ᠳᠠᠷᠤᠢ᠎ᠳᠤ᠎ᠨᠢ ᠪᠢᠳᠠᠨ᠎ᠳᠤ   ᠳᠤᠰᠬᠠᠬᠤ ᠵᠢ ᠬᠦᠰᠡᠨ᠎ᠡ᠃   ᠬᠠᠷᠢᠯᠴᠠᠬᠤ ᠠᠷᠭ᠎ᠠ᠂ ᠤᠳᠠᠰᠤ᠄ 0471 — 6944887; ᠰᠢᠤᠳᠠᠨ ᠬᠠᠢ᠌ᠷᠴᠠᠭ᠄   ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠪᠠᠢ᠌ᠭᠤᠯᠭ᠎ᠠ ᠵᠢᠨ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶ᠎ᠠ (ᠰᠢᠨᠬᠤᠸᠠ ᠵᠡᠭᠡᠯᠢ ᠵᠢᠨ 63   ᠳ᠋ᠤᠭ᠋ᠠᠷ ᠨᠤᠮᠸᠷ᠎ᠤᠨ 6   ᠳ᠋ᠤᠭ᠋ᠠᠷ ᠠᠰᠠᠷ᠎ᠤᠨ 813 ᠭᠡᠷ); ᠢᠮᠸᠯ᠄ mztjgjw163com᠃
      ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ   ᠵᠠᠰᠠᠬᠤ ᠤᠷᠤᠨ᠎ᠤ   ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ
                           2018   ᠤᠨ᠎ᠤ 12 ᠳ᠋ᠤᠭ᠋ᠠᠷ ᠰᠠᠷ᠎ᠠ ᠵᠢᠨ 18᠎ᠤ ᠡᠳᠤᠷ

ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠵᠢᠴᠢ 2020 ᠣᠨ᠎ᠤ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ ᠳᠡᠭᠡᠷᠡᠬᠢ᠎ᠤ ᠶᠠᠷᠢᠶᠠᠨ᠎ᠤ ᠳᠣᠪᠴᠢᠯᠠᠯ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ
ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ ᠬᠦᠴᠢᠷᠳᠡᠯ᠎ᠢ ᠮᠠᠨ᠎ᠤ ᠤᠷᠤᠨ ᠨᠠᠢ᠍ᠮᠨᠨ ᠠᠷᠭ᠎ᠠ᠎ᠪᠠᠷ ᠰᠢᠢ᠍ᠳᠪᠤᠷᠢᠯᠡᠵᠤ ᠪᠠᠢ᠌ᠨ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ 《ᠪᠢ ᠤᠯᠠᠨ ᠲᠦᠮᠡᠨ᠎ᠳᠤ ᠪᠤᠳᠠᠳᠠᠢ ᠶᠠᠪᠤᠳᠠᠯ ᠬᠢᠵᠤ ᠦᠭᠭᠦᠨ᠎ᠡ》 ᠦᠢ᠍ᠯᠡᠳᠤᠯᠬᠡ ᠵᠢᠨ ᠠᠵᠢᠯᠯᠠᠭ᠎ᠠ ᠵᠢᠨ ᠰᠠᠨᠠᠯ ᠰᠠᠨᠠᠭᠤᠯᠭ᠎ᠠ ᠬᠦᠰᠡᠬᠦ ᠠᠯᠪᠠᠨ ᠵᠠᠷ
ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠠᠩᠬᠢᠮ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢᠨ ᠠᠵᠢᠯ᠎ᠤᠨ ᠵᠢᠯᠤᠭᠤᠳᠤᠮᠵᠢ》 ᠨᠡᠢ᠌ᠲᠡᠯᠡᠵᠦ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠬᠦᠭᠵᠢᠭᠦᠯᠬᠦ᠎ᠪᠠᠷ ᠲᠤᠭᠲᠠᠪᠠ
 
            