ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠵᠢᠴᠢ 2020 ᠣᠨ᠎ᠤ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ ᠳᠡᠭᠡᠷᠡᠬᠢ᠎ᠤ ᠶᠠᠷᠢᠶᠠᠨ᠎ᠤ ᠳᠣᠪᠴᠢᠯᠠᠯ
ᠨᠡᠶᠢᠲᠡᠯᠡᠭᠰᠡᠨ ᠴᠠᠭ᠄ 2020-07-22

      ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠵᠢᠴᠢ  2020 ᠣᠨ᠎ᠤ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠲᠧᠯᠸᠢᠰ ᠤᠲᠠᠰᠤᠲᠤ   ᠬᠤᠷᠠᠯ ᠳᠡᠭᠡᠷᠡᠬᠢ᠎ᠤ ᠶᠠᠷᠢᠶᠠᠨ᠎ᠤ ᠳᠣᠪᠴᠢᠯᠠᠯ

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠧᠩ   ᠶᠤᠸᠠᠢ ᠯᠧᠦ
                      (2020 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ)
   
      ᠨᠢᠭᠡᠳᠦᠭᠡᠷ ᠬᠡᠰᠡᠭ   ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠤᠬᠠᠶ

      ᠬᠢᠵᠢᠭ ᠪᠣᠯ ᠵᠠᠷᠯᠢᠭ᠂ ᠰᠡᠷᠭᠡᠶ᠋ᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠂ ᠨᠢᠭᠡ ᠰᠠᠷ᠎ᠠ ᠵᠢᠨ ᠲᠤᠷᠰᠢᠬᠢ 《ᠬᠢᠵᠢᠭ》᠎ᠢ ᠡᠰᠡᠷᠭᠦᠴᠡᠬᠦ ᠠᠵᠢᠯ᠎ᠢ ᠡᠷᠭᠢᠴᠡᠭᠦᠯᠬᠦ᠎ᠳᠤ ᠭᠣᠤᠯᠳᠠᠭᠤ ᠳᠣᠤᠷᠠᠬᠢ ᠮᠡᠲᠦ ᠣᠨᠴᠠᠯᠢᠭ᠎ᠲᠠᠢ᠃
    ᠨᠢᠭᠡᠳᠦᠭᠡᠷ᠎ᠲᠤ᠂ ᠡᠷᠲᠡ᠃ ᠴᠠᠭ᠋ᠠᠨ ᠰᠠᠷ᠎ᠠ᠎ᠠᠴᠠ ᠡᠮᠦᠨ᠎ᠡ (1 ᠳ᠋ᠤᠭᠡᠷ ᠰᠠᠷ᠎ᠠ ᠵᠢᠨ 22᠎ᠤᠨ ᠡᠳᠦᠷ᠂   ᠦᠭᠡᠯᠵᠢᠨ ᠰᠠᠷ᠎ᠠ ᠵᠢᠨ ᠬᠣᠷᠢᠨ ᠨᠠᠢ᠍ᠮᠠᠨ)᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠬᠦᠷᠢᠶᠡᠨ᠎ᠤ ᠬᠢᠵᠢᠭ ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠡᠷᠳᠡ᠎ᠠᠴᠠ ᠪᠠᠶ᠋ᠢᠷᠢᠯᠠᠭᠤᠯᠪᠠ᠃
      ᠬᠣᠶᠠᠳᠤᠭ᠋ᠠᠷ᠎ᠲᠤ᠂ ᠬᠤᠷᠳᠤᠨ᠃  1 ᠳ᠋ᠤᠭᠡᠷ ᠰᠠᠷ᠎ᠠ ᠵᠢᠨ 26᠎ᠤ ᠡᠳᠦᠷ (ᠴᠠᠭ᠋ᠠᠨ ᠰᠠᠷ᠎ᠠ ᠵᠢᠨ ᠰᠢᠨ᠎ᠡ ᠵᠢᠨ ᠬᠣᠶᠠᠷ)᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠡᠭᠦᠰᠬᠦ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠎ᠤᠨ ᠨᠢᠭᠡᠳᠦᠭᠡᠷ ᠳᠡᠰ᠎ᠤᠨ ᠰᠡᠷᠡᠮᠵᠢ ᠵᠢᠨ ᠳᠣᠬᠢᠶ᠎ᠠ ᠵᠢ ᠳᠠᠭ᠋ᠠᠵᠤ   ᠪᠠᠴᠢᠮ ᠬᠤᠷᠠᠯ ᠬᠤᠷᠠᠯᠳᠤᠭᠤᠯᠵᠤ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠠᠶ᠋ᠢᠷᠢᠯᠠᠭᠤᠯᠵᠤ᠂ ᠬᠢᠵᠢᠭ ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠢ᠌ᠭᠤᠯᠵᠤ᠂ 《ᠰᠢᠨ᠎ᠡ ᠳᠢᠳᠢᠮᠯᠢᠭ ᠠᠭᠤᠰᠬᠢᠨ   ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》᠎ᠢ     ᠳᠠᠷᠤᠮᠠᠯᠯᠠᠨ ᠲᠠᠷᠬᠠᠭ᠋ᠠᠪᠠ᠃ 1 ᠳ᠋ᠤᠭᠡᠷ ᠰᠠᠷ᠎ᠠ ᠵᠢᠨ 26᠎ᠤ ᠡᠳᠦᠷ᠎ᠠᠴᠠ 2 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ ᠡᠳᠦᠷ ᠪᠦᠷᠢ ᠠᠵᠢᠯ᠎ᠤᠨ ᠡᠭᠡᠯᠵᠢᠲᠦ ᠬᠤᠷᠠᠯ ᠬᠤᠷᠠᠯᠳᠤᠭᠤᠯᠵᠤ᠂ ᠡᠳᠤᠷᠵᠢᠨ ᠪᠠᠶ᠋ᠢᠷᠢᠯᠠᠭᠤᠯᠤᠯᠲᠠ᠂ ᠲᠣᠬᠢᠷᠠᠭᠤᠯᠤᠯᠲᠠ᠂   ᠬᠢᠨᠠᠯᠲᠠ᠂ ᠬᠢᠵᠤ᠂ ᠡᠳᠤᠷ᠎ᠤᠨ ᠠᠵᠢᠯ᠎ᠢ ᠡᠳᠤᠷ᠎ᠲᠤ᠎ᠨᠢ ᠳᠠᠭᠤᠰᠬᠠᠨ᠂ ᠲᠦᠷᠭᠡᠨ ᠪᠥᠭᠡᠳ ᠥᠨᠳᠥᠷ ᠪᠦᠲᠦᠮᠵᠢᠲᠡᠶ ᠠᠵᠢᠯᠯᠠᠬᠤ   ᠲᠣᠭᠲᠠᠴᠠ ᠵᠢ ᠪᠠᠶ᠋ᠢᠭᠤᠯᠪᠠ᠃  
      ᠭᠤᠷᠪᠠᠳᠤᠭ᠋ᠠᠷ᠎ᠲᠤ᠂ ᠣᠨᠣᠴᠠᠲᠠᠢ  ᠃ ᠨᠠᠰᠤᠲᠠᠢ᠌ᠴᠤᠳ᠎ᠤᠨ ᠬᠦᠷᠢᠶᠡᠯᠡᠩ᠂ ᠨᠠᠰᠤᠲᠠᠳ᠎ᠢ ᠠᠰᠠᠷᠠᠬᠤ ᠬᠦᠷᠢᠶᠡᠯᠡᠩ᠂ ᠵᠣᠯ ᠵᠢᠷᠭ᠋ᠠᠯᠲᠤ ᠬᠦᠷᠢᠶᠡᠯᠡᠩ᠂ ᠳᠤᠰᠠᠯᠠᠮᠵᠢ ᠵᠢᠨ ᠥᠷᠲᠡᠭᠡ᠂ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠂ ᠣᠶᠤᠨ᠎ᠤ ᠠᠰᠠᠷᠠᠮᠵᠢ ᠵᠢᠨ ᠬᠦᠷᠢᠶᠡᠯᠡᠩ ᠵᠡᠷᠭᠡ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠠᠷᠠᠳ᠎ᠤᠨ ᠶᠠᠪᠤᠳᠠᠯ᠎ᠤᠨ ᠬᠦᠷᠢᠶᠡᠨ᠎ᠤ ᠬᠢᠵᠢᠭ ᠎ᠢ ᠰᠡᠷᠭᠡᠢ᠌ᠯᠡᠨ     ᠡᠵᠡᠮᠳᠡᠬᠦ ᠠᠵᠢᠯ᠎ᠤᠨ ᠭᠣᠤᠯᠳᠠᠯᠭ᠎ᠠ ᠵᠢᠨ ᠳᠣᠲᠣᠷᠠᠬᠢ ᠭᠣᠤᠯᠳᠠᠯᠭ᠎ᠠ ᠪᠣᠯᠭ᠋ᠠᠵᠤ᠂ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠠᠵᠢᠯ᠎ᠤᠨ ᠳᠡᠰ ᠳᠠᠷᠠᠭ᠎ᠠ ᠵᠢ ᠲᠣᠭᠲᠠᠭ᠋ᠠᠪᠠ᠃ ᠬᠠᠮᠢᠶᠠᠷᠤᠯᠲᠠ ᠵᠢᠨ ᠠᠵᠢᠯᠲᠠᠨ (ᠬᠦᠷᠢᠶᠡᠯᠡᠩ᠎ᠤᠨ ᠳᠠᠷᠤᠭ᠎ᠠ᠂ ᠳᠡᠳ᠋ ᠳᠠᠷᠤᠭ᠎ᠠ  )᠂ ᠦᠢ᠍ᠯᠡᠴᠢᠯᠡᠭᠴᠢ (ᠠᠰᠠᠷᠠᠭᠴᠢ᠂ ᠲᠣᠭᠣᠭ᠋ᠠᠴᠢ)᠂   ᠠᠵᠢᠯᠴᠢᠨ (ᠬᠤᠳᠠᠯᠳᠤᠨ ᠠᠪᠤᠭᠴᠢ᠂ ᠴᠡᠪᠡᠷᠯᠡᠭᠴᠢ) ᠵᠡᠷᠭᠡ ᠠᠵᠢᠯᠲᠠᠨ᠎ᠤ ᠬᠠᠮᠢᠶᠠᠷᠤᠯᠲᠠ ᠪᠠ ᠰᠡᠷᠭᠡᠢ᠌ᠯᠡᠯᠲᠡ ᠵᠢ ᠴᠢᠩᠭ᠋ᠠᠳᠬᠠᠵᠤ᠂ ᠣᠷᠣᠵᠤ ᠭᠠᠷᠬᠤ ᠬᠦᠮᠤᠰ᠎ᠢ ᠳᠠᠩᠰᠠᠯᠠᠬᠤ᠂ ᠪᠡᠶ᠎ᠡ ᠵᠢᠨ ᠳᠤᠯᠠᠭ᠋ᠠᠨ᠎ᠢ ᠬᠡᠮᠵᠢᠬᠦ᠂ ᠠᠷᠢᠭᠤᠳᠬᠠᠨ ᠴᠡᠪᠡᠷᠯᠡᠬᠦ ᠵᠡᠷᠭᠡ ᠰᠡᠷᠭᠡᠢ᠌ᠯᠡᠨ ᠬᠠᠮᠠᠭ᠋ᠠᠯᠠᠬᠤ ᠴᠢᠩᠭ᠎ᠠ ᠠᠷᠭ᠎ᠠ ᠬᠡᠮᠵᠢᠶ᠎ᠡ ᠵᠢ ᠳᠣᠭᠲᠠᠭ᠋ᠠᠵᠠᠢ  ᠃
      ᠳᠥᠷᠪᠡᠳᠦᠭᠡᠷ᠎ᠲᠤ᠂   ᠨᠠᠷᠢᠯᠢᠭ᠃ ᠨᠠᠰᠤᠵᠢᠯ᠎ᠤᠨ ᠪᠠᠶ᠋ᠢᠭᠤᠯᠤᠮᠵᠢ ᠵᠢᠨ ᠰᠡᠷᠭᠡᠶ᠋ᠢᠯᠡᠨ ᠡᠵᠡᠮᠳᠡᠬᠦ ᠵᠦᠭᠯᠡᠭᠦᠷ᠎ᠤᠨ ᠨᠢᠭᠡᠳᠦᠭᠡᠷ ᠬᠡᠪᠯᠡᠯ (45 ᠵᠣᠷᠪᠣᠰ)᠂ ᠬᠣᠶᠠᠳᠤᠭ᠋ᠠᠷ ᠬᠡᠪᠯᠡᠯ (34 ᠵᠤᠷᠪᠤᠰ)᠂ ᠬᠡᠤᠬᠡᠳ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠰᠡᠷᠭᠡᠶ᠋ᠢᠯᠡᠨ ᠡᠵᠡᠮᠳᠡᠬᠦ ᠵᠦᠭᠯᠡᠭᠦᠷ᠎ᠤᠨ ᠨᠢᠭᠡᠳᠦᠭᠡᠷ ᠬᠡᠪᠯᠡᠯ᠂ 《ᠭᠤᠷᠪᠠᠨ ᠲᠠᠯ᠎ᠠ᠎ᠪᠠᠷ ᠬᠣᠯᠪᠣᠭ᠋ᠠᠯᠠᠨ ᠬᠥᠳᠡᠯᠦᠯᠴᠡᠬᠦ》 ᠠᠵᠢᠯ᠎ᠤᠨ ᠵᠢᠯᠣᠭᠣᠳᠤᠮᠵᠢ᠂ ᠡᠪᠡᠳᠴᠢᠲᠡᠨ᠎ᠤ ᠴᠢᠨᠳᠠᠷ᠎ᠢ ᠰᠢᠢ᠍ᠳᠪᠤᠷᠢᠯᠡᠬᠦ ᠠᠵᠢᠯ᠎ᠤᠨ ᠵᠢᠯᠣᠭᠣᠳᠤᠮᠵᠢ ᠵᠡᠷᠭᠡ ᠰᠢᠷᠢᠰ ᠠᠵᠢᠯ᠎ᠤᠨ ᠵᠦᠭᠯᠡᠭᠦᠷ᠂ ᠵᠢᠯᠣᠭᠣᠳᠤᠮᠵᠢ ᠪᠠ   ᠮᠡᠳᠡᠭᠳᠡᠯ᠎ᠢ ᠳᠠᠷᠬᠠᠭ᠋ᠠᠵᠠᠢ᠃ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ ᠎ᠤ ᠪᠠᠶ᠋ᠢᠭᠤᠯᠤᠮᠵᠢ ᠵᠢᠨ ᠬᠢᠵᠢᠭ᠎ᠢ ᠰᠡᠷᠭᠡᠶ᠋ᠢᠯᠡᠨ ᠡᠵᠡᠮᠳᠡᠬᠦ   ᠠᠷᠪᠠᠨ ᠵᠦᠢ᠍ᠯ᠎ᠤᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠣᠯᠤᠨ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠲᠠᠪᠤᠨ ᠵᠦᠢ᠍ᠯ᠎ᠤᠨ ᠶᠡᠷᠦ ᠪᠤᠰᠤ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠡᠭᠦᠷᠭᠡ ᠪᠣᠯᠤᠨ ᠠᠷᠭ᠎ᠠ ᠬᠡᠮᠵᠢᠶ᠎ᠡ ᠵᠢ ᠨᠠᠷᠢᠨ ᠲᠣᠳᠣᠷᠬᠠᠢ ᠳᠣᠭᠲᠠᠭ᠋ᠠᠵᠠᠢ᠃
      ᠲᠠᠪᠤᠳᠤᠭ᠋ᠠᠷ᠎ᠲᠤ᠂ ᠴᠢᠩᠭ᠎ᠠ᠃ ᠨᠢᠭᠡ᠎ᠳᠤ᠂ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠪᠢᠲᠡᠭᠦᠮᠵᠢᠯᠡᠨ ᠬᠠᠮᠢᠶᠠᠷᠬᠤ ᠵᠢ ᠬᠡᠷᠡᠭᠵᠢᠭᠦᠯᠪᠠ᠃ ᠪᠦᠬᠦ ᠣᠷᠣᠨ᠎ᠤ ᠨᠠᠰᠤᠲᠠᠢ᠌ᠴᠤᠳ᠎ᠤᠨ ᠬᠦᠷᠢᠶᠡᠯᠡᠩ᠂ ᠨᠠᠰᠤᠲᠠᠳ᠎ᠢ ᠠᠰᠠᠷᠠᠬᠤ ᠬᠦᠷᠢᠶᠡᠯᠡᠩ᠂ ᠵᠣᠯ ᠵᠢᠷᠭ᠋ᠠᠯ᠎ᠤᠨ ᠬᠦᠷᠢᠶᠡᠯᠡᠩ᠂ ᠳᠤᠰᠠᠯᠠᠮᠵᠢ ᠵᠢᠨ ᠥᠷᠲᠡᠭᠡ᠂ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠂ ᠣᠶᠤᠨ᠎ᠤ ᠠᠰᠠᠷᠠᠮᠵᠢ ᠵᠢᠨ ᠬᠦᠷᠢᠶᠡᠯᠡᠩ ᠵᠡᠷᠭᠡ ᠦᠢ᠍ᠯᠡᠴᠢᠯᠡᠭᠡᠨ  ᠎ᠤ ᠪᠠᠶ᠋ᠢᠭᠤᠯᠤᠮᠵᠢ᠎ᠨᠤᠭᠤᠳ᠎ᠢ ᠴᠦᠮ ᠪᠢᠲᠡᠭᠦᠮᠵᠢᠯᠡᠨ ᠬᠠᠮᠢᠶᠠᠷᠴᠠᠢ᠃ 2 ᠳ᠋ᠤᠭ᠋ᠠᠷ ᠰᠠᠷ᠎ᠠ ᠵᠢᠨ 2᠎ᠤᠨ ᠡᠳᠦᠷ᠎ᠠᠴᠠ ᠣᠷᠣᠭ ᠳᠠᠩᠰᠠᠯᠠᠬᠤ ᠥᠬᠡᠶ᠂ ᠴᠢᠨᠳᠠᠷ ᠪᠠᠷᠠᠳᠠᠬᠤ ᠦᠭᠡᠢ᠂ ᠳᠠᠬᠢᠯᠭ᠎ᠠ ᠬᠢᠬᠦ ᠦᠭᠡᠢ ᠵᠡᠷᠭᠡ ᠣᠯᠠᠨ᠎ᠤ ᠴᠤᠭᠯᠠᠷᠠᠯ᠎ᠤᠨ ᠴᠢᠨᠠᠷᠲᠠᠶ ᠠᠵᠢᠯᠯᠠᠭ᠎ᠠ ᠵᠢ ᠲᠦᠷ ᠵᠣᠭᠰᠣᠭ᠋ᠠᠪᠠ᠃ ᠬᠣᠶᠠᠷ᠎ᠲᠤ᠂ ᠬᠢᠨᠠᠯᠲᠠ ᠬᠠᠮᠢᠶᠠᠷᠤᠯᠲᠠ ᠴᠢᠩᠭ᠋ᠠᠳᠬᠠᠨ᠂ ᠬᠠᠤᠯᠢ ᠴᠠᠭ᠋ᠠᠵᠠ ᠲᠦᠷᠢᠮ ᠲᠣᠭᠲᠠᠭ᠋ᠠᠯ ᠶᠣᠰᠣᠭ᠋ᠠᠷ ᠨᠢᠭᠦᠯᠡᠰᠦᠩᠭᠦᠶ ᠵᠢᠨ ᠬᠠᠨᠳᠢᠪᠯᠠᠨ ᠬᠦᠷᠭᠡᠭᠰᠡᠨ ᠵᠣᠭᠣᠰ ᠮᠥᠩᠭᠥ ᠡᠳ᠋ ᠪᠣᠳᠠᠰ᠎ᠢ ᠵᠣᠬᠢᠶᠠᠨ ᠪᠠᠶ᠋ᠢᠭᠤᠯᠤᠨ ᠬᠠᠮᠢᠶᠠᠷᠪᠠ᠃ ᠭᠤᠷᠪᠠ᠎ᠳᠤ᠂ ᠲᠢᠩᠬᠢᠮ᠎ᠤᠨ ᠭᠣᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠦᠷᠦᠭᠦᠯᠡᠨ ᠠᠵᠢᠯ᠎ᠤᠨ ᠪᠠᠢ᠌ᠷᠢ᠎ᠪᠠᠨ ᠪᠠᠲᠤ ᠰᠠᠬᠢᠵᠤ᠂ ᠬᠢᠵᠢᠭ᠎ᠢ ᠰᠡᠷᠭᠡᠶ᠋ᠢᠯᠡᠨ ᠡᠵᠡᠮᠳᠡᠬᠦ ᠠᠵᠢᠯ ᠪᠠ ᠪᠠᠶᠠᠷ᠎ᠤᠨ ᠡᠳᠦᠷ᠎ᠤᠨ ᠬᠣᠤᠰ ᠵᠢᠵᠢᠭᠦᠷ᠎ᠢ ᠳᠦᠷᠢᠮᠵᠢᠭᠦᠯᠵᠠᠢ᠃
      ᠵᠢᠷᠭᠤᠳᠤᠭ᠋ᠠᠷ᠎ᠲᠤ᠂ ᠪᠣᠳᠠᠲᠠᠢ᠃ ᠰᠢᠨᠡᠴᠢᠯᠡᠯᠲᠡ ᠬᠢᠵᠤ ᠭᠤᠷᠪᠠᠨ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠵᠦ ᠪᠣᠳᠠᠲᠠᠶ ᠠᠳᠬᠤᠪᠠ᠃ ᠨᠢᠭᠡ᠎ᠳᠤ᠂ ᠰᠤᠭᠤᠴᠢᠨ ᠪᠠᠶ᠋ᠢᠴᠠᠭ᠋ᠠᠵᠤ ᠪᠣᠳᠠᠲᠠᠢ ᠠᠳᠬᠤᠪᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠤ ᠳᠠᠯᠳᠠᠭᠤᠷ ᠰᠤᠷᠪᠤᠯᠵᠢᠯᠠᠬᠤ ᠪᠠ ᠰᠤᠭᠤᠴᠢᠨ ᠪᠠᠶ᠋ᠢᠴᠠᠭ᠋ᠠᠬᠤ ᠠᠵᠢᠯ᠎ᠤᠨ ᠲᠣᠭᠲᠠᠴᠠ ᠵᠢ ᠡᠬᠢᠯᠡᠭᠦᠯᠵᠦ ᠪᠣᠯᠤᠨ ᠬᠡᠷᠡᠭᠵᠢᠭᠦᠯᠵᠠᠢ᠃ 12 ᠠᠶ᠋ᠢᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶᠠᠨ ᠳᠠᠷᠤᠭ᠎ᠠ 50 ᠭᠠᠷᠤᠶ ᠤᠳᠠᠭ᠋ᠠᠨ᠎ᠤ ᠨᠢᠭᠤᠴᠠ ᠰᠤᠷᠪᠤᠯᠵᠢᠯᠠᠭ᠎ᠠ ᠬᠢᠵᠤ᠃ 103 ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠠᠷᠤᠭ᠎ᠠ ᠨᠡᠶ᠋ᠢᠲᠡ 490 ᠤᠳᠠᠭ᠎ᠠ ᠨᠢᠭᠤᠴᠠ᠎ᠪᠠᠷ ᠰᠤᠷᠪᠤᠯᠵᠢᠯᠠᠵᠤ᠂ ᠬᠥᠮᠦᠨ ᠪᠦᠷᠢ ᠳᠤᠮᠳᠠᠴᠢ᠎ᠪᠠᠷ 5 ᠤᠳᠠᠭ᠎ᠠ ᠨᠢᠭᠤᠴᠠ ᠰᠣᠷᠪᠣᠯᠵᠢᠯᠠᠭ᠎ᠠ ᠬᠢᠭᠰᠡᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠪᠠᠶ᠋ᠢᠭ᠋ᠠᠳ 3821 ᠨᠠᠰᠤᠲᠠᠢ᠌ᠴᠤᠳ᠎ᠤᠨ ᠬᠦᠷᠢᠶᠡᠯᠡᠩ᠂ ᠨᠠᠰᠤᠲᠠᠳ᠎ᠢ ᠠᠰᠠᠷᠠᠬᠤ ᠬᠦᠷᠢᠶᠡᠯᠡᠩ᠂ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠵᠡᠷᠭᠡ ᠦᠢ᠍ᠯᠡᠴᠢᠯᠡᠭᠡᠨ᠎ᠤ ᠪᠠᠶ᠋ᠢᠭᠤᠯᠤᠮᠵᠢ ᠪᠠ 965 ᠮᠠᠯᠵᠢᠬᠤ ᠲᠠᠷᠢᠶᠠᠯᠠᠬᠤ ᠣᠷᠣᠨ᠎ᠤ ᠵᠣᠯ ᠵᠢᠷᠭ᠋ᠠᠯ᠎ᠤᠨ ᠬᠦᠷᠢᠶᠡᠯᠡᠩ᠎ᠢ ᠨᠢᠭᠤᠴᠠ᠎ᠪᠠᠷ ᠰᠤᠷᠪᠤᠯᠵᠢᠯᠠᠵᠤ ᠰᠤᠭᠤᠴᠢᠨ ᠪᠠᠶ᠋ᠢᠴᠠᠭ᠋ᠠᠵᠠᠢ᠃ ᠬᠣᠲᠠ ᠬᠥᠳᠡᠭᠡ ᠵᠢᠨ ᠣᠨᠴᠠ ᠬᠦᠴᠢᠷᠳᠡᠯᠲᠡᠶ ᠠᠰᠠᠷᠠᠨ ᠬᠠᠷᠠᠭ᠋ᠠᠯᠵᠠᠬᠤ ᠡᠲᠡᠭᠡᠳ᠎ᠢ 23195 ᠬᠥᠮᠦᠨ ᠤᠳᠠᠭ᠎ᠠ ᠰᠤᠭᠤᠴᠢᠨ ᠪᠠᠶ᠋ᠢᠴᠠᠭ᠋ᠠᠪᠠ᠃ ᠬᠣᠶᠠᠷ᠎ᠲᠤ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠪᠠ᠃ ᠬᠢᠵᠢᠭ ᠎ᠢ ᠰᠡᠷᠭᠡᠶ᠋ᠢᠯᠡᠨ ᠡᠵᠡᠮᠳᠡᠬᠦ ᠤᠳᠤᠷᠢᠳᠤᠯᠭ᠎ᠠ ᠵᠢᠨ ᠬᠠᠷᠢᠭᠤᠴᠠᠯᠭ᠎ᠠ᠂ ᠬᠤᠪᠢᠳᠠᠨ ᠬᠠᠮᠢᠶᠠᠷᠬᠤ ᠬᠠᠷᠢᠭᠤᠴᠠᠯᠭ᠎ᠠ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠪᠠ ᠬᠠᠤᠯᠢ ᠵᠢᠨ ᠡᠷᠬᠡᠲᠡᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠪᠠ᠃ ᠭᠤᠷᠪᠠ᠎ᠳᠤ᠂ ᠬᠠᠨᠳᠢᠪᠯᠠᠨ ᠲᠤᠰᠠᠯᠠᠬᠤ ᠠᠵᠢᠯᠯᠠᠭ᠎ᠠ ᠵᠢ ᠪᠣᠳᠠᠲᠠᠢ᠌ᠵᠢᠭᠤᠯᠪᠠ᠃ ᠰᠦᠢ᠍ᠳᠬᠡᠯ ᠬᠤᠷᠢᠶᠠᠬᠤ ᠦᠭᠡᠢ ᠰᠡᠳᠬᠢᠴᠡ ᠵᠢᠨ ᠵᠦᠪᠯᠡᠯᠭᠡ ᠵᠢᠨ ᠬᠠᠯᠠᠮᠰᠢᠯ ᠤᠲᠠᠰᠤ ᠨᠡᠪᠲᠡᠷᠡᠭᠦᠯᠵᠦ᠂ ᠪᠦᠬᠦ ᠣᠷᠣᠨ᠎ᠤ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠂ ᠨᠡᠶ᠋ᠢᠭᠡᠮ᠎ᠤᠨ ᠠᠵᠢᠯᠲᠠᠨ ᠪᠣᠯᠤᠨ ᠰᠠᠶ᠋ᠢᠨ ᠳᠤᠷᠠᠴᠤᠳ᠎ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠠᠯᠳᠠᠪᠤᠷᠢᠯᠠᠯ ᠪᠤᠶᠤ ᠰᠠᠨᠠᠮᠰᠠᠷ ᠦᠭᠡᠢ ᠡᠨᠳᠡᠯ ᠭᠡᠮᠲᠦᠯ᠎ᠠᠴᠠ ᠪᠣᠯᠵᠤ ᠨᠠᠰᠤ ᠪᠠᠷᠠᠭᠰᠠᠨ ᠪᠤᠶᠤ ᠵᠡᠮᠳᠡᠭ ᠪᠣᠯᠤᠭᠰᠠᠨ ᠲᠤᠰᠬᠠᠶ ᠳᠠᠭ᠋ᠠᠳᠬᠠᠯ᠎ᠢ ᠰᠦᠢ᠍ᠳᠬᠡᠯ ᠬᠤᠷᠢᠶᠠᠬᠤ ᠦᠭᠡᠶ᠎ᠪᠠᠷ ᠬᠠᠩᠭ᠋ᠠᠵᠤ᠂ ᠨᠡᠶ᠋ᠢᠭᠡᠮ ᠲᠣᠭᠣᠷᠢᠭ᠎ᠤᠨ ᠰᠡᠷᠭᠡᠶ᠋ᠢᠯᠡᠨ ᠡᠵᠡᠮᠳᠡᠬᠦ ᠠᠵᠢᠯ᠎ᠤᠨ ᠳᠤᠮᠳᠠᠬᠢ ᠠᠰᠠᠭᠤᠳᠠᠯ ᠬᠦᠴᠢᠷᠳᠡᠯ᠎ᠢ ᠴᠠᠭ ᠲᠤᠬᠠᠶ᠎ᠳᠤᠨᠢ ᠬᠠᠪᠰᠤᠷᠤᠨ ᠰᠢᠢ᠍ᠳᠪᠤᠷᠢᠯᠡᠵᠠᠢ᠃ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠦᠬᠠᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠳᠤ 300 ᠠᠮᠠᠪᠴᠢ ᠬᠠᠨᠳᠢᠪᠯᠠᠪᠠ᠃ ᠠᠰᠠᠷᠠᠮᠵᠢ ᠵᠢᠨ ᠰᠤᠭᠤᠯᠤᠭ᠎ᠠ ᠵᠢᠨ ᠲᠠᠷᠬᠠᠭ᠋ᠠᠯᠲᠠ ᠬᠠᠮᠢᠶᠠᠷᠤᠯᠲᠠ ᠵᠢᠨ ᠲᠥᠪ᠎ᠢ ᠵᠢᠯᠣᠭᠣᠳᠤᠨ᠂   ᠥᠪᠡᠷᠲᠡᠭᠡᠨ ᠵᠠᠰᠠᠬᠤ ᠣᠷᠣᠨ᠎ᠤ ᠬᠢᠵᠢᠭ ᠡᠪᠡᠳᠴᠢᠨ᠎ᠲᠠᠢ ᠤᠯᠤᠰ᠎ᠤᠨ ᠳᠡᠰ᠎ᠤᠨ ᠶᠠᠳᠠᠭᠤ ᠬᠦᠴᠢᠷᠳᠡᠯᠲᠡᠶ ᠬᠣᠰᠢᠭᠤ ᠰᠢᠶᠠᠨ (ᠮᠣᠷᠢᠨ ᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ)᠎ᠳᠤ 30 ᠲᠦᠮᠡᠨ ᠲᠥᠭᠥᠷᠢᠭ ᠵᠣᠭᠣᠰ ᠳᠤᠰᠠᠯᠠᠵᠠᠢ ᠃ ᠳᠥᠷᠪᠡᠳ ᠬᠣᠰᠢᠭᠤ᠂ ᠬᠤᠸᠠᠳᠧ ᠰᠢᠶᠠᠨ᠂ ᠯᠢᠨᠰᠢ ᠰᠢᠶᠠᠨ᠂ ᠮᠣᠷᠢᠨ ᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ ᠵᠡᠷᠭᠡ ᠬᠢᠵᠢᠭ ᠡᠪᠡᠳᠴᠢᠨ᠎ᠲᠠᠢ ᠤᠯᠤᠰ᠎ᠤᠨ ᠲᠡᠰ᠎ᠤᠨ ᠶᠠᠳᠠᠭᠤ ᠬᠦᠴᠢᠷᠳᠡᠯᠲᠡᠶ ᠳᠥᠷᠪᠡᠨ ᠰᠢᠶᠠᠨ᠎ᠳᠤ 230.48 ᠲᠦᠮᠡᠨ ᠲᠥᠭᠥᠷᠢᠭ᠎ᠤᠨ ᠨᠢᠭᠦᠯᠡᠰᠦᠩᠭᠦᠶ ᠵᠢᠨ ᠬᠠᠨᠳᠢᠪᠯᠠᠭᠰᠠᠨ ᠵᠣᠭᠣᠰ ᠥᠭᠪᠡ᠃ ᠰᠢᠯᠢ ᠵᠢᠨ ᠭᠣᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠺᠠᠳ᠋ᠷ ᠠᠵᠢᠯᠲᠠᠨ ᠵᠶ᠋ᠠᠨ ᠵᠣᠬᠢᠶᠠᠨ ᠪᠠᠶ᠋ᠢᠭᠤᠯᠵᠤ ᠦᠬᠠᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠳᠤ 9.79 ᠲᠦᠮᠡᠨ ᠲᠥᠭᠥᠷᠢᠭ ᠬᠠᠨᠳᠢᠪᠯᠠᠪᠠ᠃ ᠳᠥᠷᠪᠡ᠎ᠳᠤ᠂ ᠠᠵᠢᠯ᠎ᠤᠨ ᠰᠤᠷᠲᠠᠯ᠎ᠢ ᠪᠣᠳᠠᠲᠠᠢ ᠠᠳᠬᠤᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠪᠡ᠃ ᠳᠣᠷᠣᠭᠰᠢ ᠪᠠᠭᠤᠯᠭ᠋ᠠᠭᠰᠠᠨ ᠪᠢᠴᠢᠭ ᠮᠡᠳᠡᠭᠳᠡᠯ᠎ᠤᠳ᠎ᠢ ᠲᠣᠪᠴᠢ ᠠᠪᠰᠠᠷᠬᠠᠨ᠂ ᠬᠡᠷᠡᠭᠵᠢᠭᠦᠯᠬᠦ᠎ᠳᠤ ᠲᠦᠬᠦᠮ ᠦᠢ᠍ᠯᠠᠭ᠋ᠠᠮᠵᠢᠲᠠᠢ ᠪᠣᠯᠭ᠋ᠠᠭᠰᠠᠨ ᠪᠠᠢ᠌ᠨ᠎ᠠ᠃ ᠳᠠᠯᠳᠠᠭᠤᠷ ᠰᠤᠷᠪᠤᠯᠵᠢᠯᠠᠵᠤ ᠪᠠᠶ᠋ᠢᠴᠠᠭ᠋ᠠᠯᠲᠠ ᠬᠢᠬᠦ᠎ᠳᠤ᠎ᠪᠠᠨ ᠴᠥᠮ ᠳᠦᠭᠦᠮ ᠬᠥᠩᠭᠡᠨ ᠶᠠᠪᠤᠵᠤ᠂ ᠮᠡᠳᠡᠭᠳᠡᠬᠦ ᠦᠭᠡᠢ᠂ ᠪᠠᠷᠠᠳᠠᠭᠤᠯᠬᠤ ᠦᠭᠡᠢ᠂ ᠦᠨᠳᠦᠰᠦᠨ ᠱᠠᠲᠤᠨ᠎ᠳᠤ ᠰᠢᠭᠤᠳ ᠰᠢᠯᠤᠭᠤᠨ ᠬᠦᠷᠴᠦ᠂ ᠬᠦᠴᠢᠷᠳᠡᠯ  ᠎ᠢ᠎ᠨᠢ ᠬᠠᠪᠰᠤᠷᠤᠨ ᠰᠢᠢ᠍ᠳᠪᠦᠷᠢᠯᠡᠵᠤ ᠦᠭᠭᠦᠭᠰᠡᠨ ᠪᠠᠢ᠌ᠨ᠎ᠠ  ᠃
      ᠬᠢᠵᠢᠭ ᠡᠭᠦᠰᠦᠭᠰᠡᠨ᠎ᠠᠴᠠ ᠨᠠᠰᠢ᠂ ᠪᠥᠬᠥ ᠣᠷᠣᠨ᠎ᠤ ᠡᠯ᠎ᠡ ᠭᠠᠵᠠᠷ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ   ᠭᠤᠶᠤᠴᠢᠯᠠᠭᠰᠠᠨ 12125 ᠬᠥᠮᠦᠨ᠎ᠤ 8689 ᠬᠦᠮᠤᠨ᠎ᠢ᠎ᠨᠢ ᠬᠢᠨᠠᠨ ᠵᠥᠪᠰᠢᠶᠡᠷᠡᠵᠦ ᠪᠠᠲᠤᠯᠠᠭ᠎ᠠ᠎ᠳᠤ ᠣᠷᠣᠭᠤᠯᠪᠠ;     ᠣᠨᠴᠠ ᠬᠦᠴᠢᠷᠳᠡᠯᠲᠡᠶ 829 ᠬᠥᠮᠦᠨ᠎ᠤ 718 ᠵᠢ᠎ᠨᠢ ᠬᠢᠨᠠᠨ   ᠵᠦᠪᠰᠢᠶᠡᠷᠡᠵᠤ ᠪᠠᠲᠤᠯᠠᠪᠠ; ᠲᠦᠷ ᠴᠠᠭ᠎ᠤᠨ ᠳᠤᠰᠠᠯᠠᠮᠵᠢ     ᠭᠤᠶᠤᠴᠢᠯᠠᠭᠰᠠᠨ 60298 ᠬᠥᠮᠦᠨ (ᠤᠳᠠᠭ᠎ᠠ)᠎ᠤ  59284 ᠵᠢ᠎ᠨᠢ ᠬᠢᠨᠠᠨ ᠵᠥᠪᠰᠢᠶᠡᠷᠡᠵᠦ ᠪᠠᠲᠤᠯᠠᠭ᠋ᠠᠳ᠂ ᠨᠡᠶ᠋ᠢᠲᠡ 4783.11 ᠲᠦᠮᠡᠨ ᠲᠥᠭᠥᠷᠢᠭ᠎ᠤᠨ ᠲᠦᠷ ᠴᠠᠭ᠎ᠤᠨ ᠳᠤᠰᠠᠯᠠᠮᠵᠢ ᠵᠢᠨ ᠮᠥᠩᠭᠥ ᠲᠠᠷᠬᠠᠭ᠋ᠠᠪᠠ᠃ ᠲᠡᠨᠦᠭᠦᠴᠢᠯᠡᠨ ᠭᠤᠶ᠋ᠢᠷᠠᠨᠴᠢᠳ᠎ᠢ 662 ᠬᠥᠮᠦᠨ  (ᠤᠳᠠᠭ᠎ᠠ)᠂ (ᠡᠭᠦᠨ᠎ᠳᠤ ᠥᠷᠲᠡᠭᠡᠨ᠎ᠠᠴᠠ 637 ᠬᠥᠮᠦᠨ ᠤᠳᠠᠭ᠎ᠠ᠂ ᠥᠷᠲᠡᠭᠡᠨ᠎ᠠᠴᠠ ᠭᠠᠳᠠᠨ᠎ᠠ 25 ᠬᠥᠮᠦᠨ ᠤᠳᠠᠭ᠎ᠠ) ᠳᠤᠰᠠᠯᠠᠭᠰᠠᠨ ᠪᠦᠭᠡᠳ 5509 ᠬᠣᠣᠰ ᠬᠦᠮᠤᠨ᠎ᠳᠤ ᠤᠷᠤᠭ   ᠳᠠᠩᠰᠠᠯᠠᠭᠤᠯᠵᠤ᠂   ᠣᠷᠣᠰᠢᠭᠤᠯᠭ᠎ᠠ ᠵᠢᠨ ᠦᠢ᠍ᠯᠡᠴᠢᠯᠡᠭᠡ ᠵᠢ   ᠴᠤ᠌ ᠴᠠᠭ ᠲᠤᠬᠠᠢ᠎ᠳᠤᠨᠢ ᠪᠦᠲᠦᠮᠵᠢᠲᠡᠢ ᠦᠷᠨᠢᠭᠦᠯᠤᠭ᠌ᠰᠡᠨ ᠪᠠᠢ᠌ᠨ᠎ᠠ  ᠃
      ᠳᠠᠷᠠᠭ᠋ᠠᠴᠢ ᠵᠢᠨ ᠬᠢᠵᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠤᠬᠠᠶ ᠪᠢ ᠪᠠᠰᠠ ᠳᠦᠷᠪᠡᠨ ᠵᠦᠢ᠍ᠯ ᠎ᠢ ᠴᠢᠬᠤᠯᠠᠴᠢᠯᠠᠶ᠎ᠠ᠄
      ᠨᠢᠭᠡᠳᠤᠭᠡᠷ᠎ᠲᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠡᠷᠡᠰ ᠲᠤᠤᠱᠯᠠᠭᠤᠯᠤᠨ ᠨᠠᠢ᠌ᠲᠠᠪᠤᠷᠢᠵᠢᠭᠤᠯᠵᠤ᠂ ᠬᠠᠯᠳᠠᠪᠤᠷᠢᠯᠠᠬᠤ ᠡᠬᠢ ᠵᠢ ᠦᠨᠡᠨ ᠬᠦ᠌ ᠬᠢᠵᠠᠭ᠋ᠠᠷᠯᠠᠵᠤ᠂ ᠸᠢᠷᠦ᠋ᠰ᠎ᠤᠨ ᠬᠠᠯᠳᠠᠪᠤᠷᠢᠯᠠᠬᠤ ᠠᠷᠭ᠎ᠠ ᠵᠠᠮ  ᠎ᠢ ᠲᠠᠰᠤᠯᠵᠤ᠂ ᠡᠯ᠎ᠡ ᠵᠦᠢ᠍ᠯ᠎ᠤᠨ ᠪᠣᠯᠤᠯᠴᠠᠭ᠎ᠠ ᠪᠦᠬᠦᠢ ᠬᠠᠯᠳᠠᠪᠤᠷᠢᠯᠠᠬᠤ ᠡᠬᠢ ᠰᠤᠷᠪᠤᠯᠵᠢ ᠵᠢ ᠡᠷᠡᠰ ᠬᠣᠷᠢᠭᠯᠠᠬᠤ ᠬᠡᠷᠡᠭᠲᠡᠶ᠃
      ᠪᠢᠳᠡ ᠶᠡᠷᠦᠩᠬᠡᠶ ᠱᠦᠵᠢ ᠰᠢ ᠵᠢᠨ ᠫᠢᠩ᠎ᠤᠨ 2.23᠎ᠤ ᠴᠢᠬᠤᠯᠠ ᠶᠠᠷᠢᠶ᠎ᠠ ᠪᠣᠯᠤᠨ 2.26᠎ᠤ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠬᠣᠷᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠬᠤ   ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠠᠶ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠤᠭ ᠵᠣᠬᠢᠶᠠᠯ᠎ᠢ ᠲᠡᠷᠡ ᠬᠡᠪ ᠵᠶ᠋ᠠᠷ᠎ᠨᠢ ᠰᠤᠷᠤᠯᠴᠠᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠬᠡᠪᠴᠢᠶᠡᠨ᠎ᠤ ᠬᠢᠵᠢᠭ᠎ᠢ ᠰᠡᠷᠭᠡᠶ᠋ᠢᠯᠡᠨ ᠡᠵᠡᠮᠳᠡᠬᠦ ᠬᠣᠷᠢᠭᠯᠠᠯᠲᠠ ᠵᠢᠨ ᠳᠠᠶ᠋ᠢᠨ᠎ᠤ ᠢᠯᠠᠯᠲᠠ ᠵᠢ ᠣᠯᠬᠤ ᠵᠢ ᠨᠢᠭᠡ ᠤᠳᠠᠭ᠋ᠠᠨ᠎ᠤ ᠶᠡᠬᠡ ᠰᠢᠯᠭ᠋ᠠᠯᠲᠠ ᠪᠣᠯᠭ᠋ᠠᠵᠤ᠂ ᠵᠣᠷᠢᠭ ᠰᠠᠨᠠᠭ᠋ᠠᠨ᠎ᠤ ᠴᠢᠬᠤᠯᠠ ᠠᠭᠤᠯᠭ᠎ᠠ ᠵᠢ ᠬᠢᠨᠠᠮᠠᠭ᠋ᠠᠶ ᠰᠤᠷᠤᠯᠴᠠᠨ ᠣᠶ᠋ᠢᠯᠠᠭ᠋ᠠᠵᠤ᠂ ᠵᠣᠷᠢᠭ ᠰᠠᠨᠠᠭ᠋ᠠᠨ᠎ᠤ ᠮᠥᠨ ᠴᠢᠨᠠᠷ᠎ᠢ ᠡᠵᠡᠮᠰᠢᠬᠦ ᠵᠢ ᠴᠢᠬᠤᠯᠠᠴᠢᠯᠠᠨ  ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠲᠥᠪ᠎ᠤᠨ ᠰᠢᠢ᠍ᠳᠪᠤᠷᠢᠲᠤ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠢᠵᠢᠭ᠎ᠢ ᠰᠡᠷᠭᠡᠢ᠌ᠯᠡᠨ ᠡᠵᠡᠮᠳᠡᠬᠦ ᠪᠠ ᠠᠷᠠᠳ᠎ᠤᠨ ᠶᠠᠪᠤᠳᠠᠯ᠎ᠤᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠣᠯᠤᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠨᠡᠮᠡᠭᠳᠡᠭᠦᠯᠬᠦ ᠵᠢ ᠵᠣᠷᠢᠪᠠ  ᠃
      ᠶᠡᠷᠦᠩᠬᠡᠶ ᠱᠦᠵᠢ ᠰᠢ ᠵᠢᠨ ᠫᠢᠩ᠎ᠤᠨ 2.23᠎ᠤ ᠴᠢᠬᠤᠯᠠ ᠶᠠᠷᠢᠶ᠎ᠠ ᠪᠠ 2.26᠎ᠤ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠬᠣᠷᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠲᠠᠢ ᠬᠠᠷᠢᠴᠠᠭᠤᠯᠤᠨ ᠦᠵᠡᠵᠤ᠂ ᠶᠠᠮᠠᠷ ᠶᠠᠮᠠᠷ ᠠᠵᠢᠯ᠎ᠢ ᠨᠢᠭᠡᠨᠲᠡ ᠨᠠᠢ᠌ᠲᠠᠪᠤᠷᠢᠵᠢᠭᠤᠯᠤᠭᠰᠠᠨ? ᠶᠠᠮᠠᠷ ᠶᠠᠮᠠᠷ ᠠᠵᠢᠯ᠎ᠢ ᠪᠠᠰᠠ ᠨᠠᠶ᠋ᠢᠳᠠᠪᠤᠷᠢᠵᠢᠭᠤᠯᠤᠭ᠋ᠠᠳᠤᠶ᠂ ᠶᠠᠮᠠᠷ ᠠᠰᠠᠭᠤᠳᠠᠯ ᠣᠷᠣᠰᠢᠵᠤ ᠪᠠᠢ᠌ᠬᠤ᠂ ᠲᠠᠷᠠᠭ᠋ᠠᠴᠢ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠠᠰᠠᠭᠤᠳᠠᠯ᠎ᠤᠨ ᠨᠠᠷᠢᠨ ᠲᠠᠩᠰᠠ᠂ ᠠᠷᠭ᠎ᠠ ᠬᠡᠮᠵᠢᠶ᠎ᠡ ᠵᠢᠨ ᠨᠠᠷᠢᠨ ᠲᠠᠩᠰᠠ᠂   ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠪᠠᠶ᠋ᠢᠭᠤᠯᠵᠤ᠂ ᠠᠵᠢᠯ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠵᠤ᠂   ᠦᠨᠡᠨ ᠪᠣᠳᠠᠲᠠᠶ ᠳᠤᠭᠤᠰᠢᠯᠠᠭᠳᠠᠬᠤ ᠵᠢ ᠪᠠᠲᠤᠯᠠᠵᠠᠢ ᠠᠬᠤ ᠬᠡᠷᠡᠭᠲᠠᠢ᠃
      ᠬᠣᠶᠠᠳᠤᠭ᠋ᠠᠷ᠎ᠲᠤ᠂ ᠡᠷᠬᠡᠪᠰᠢ ᠳᠡᠭᠡᠳᠦ ᠬᠡᠮᠵᠢᠶ᠎ᠡ᠎ᠪᠠᠷ ᠰᠡᠷᠡᠮᠵᠢᠯᠡᠵᠤ᠂ ᠦᠵᠡᠯ ᠰᠠᠨᠠᠭ᠋ᠠᠨ᠎ᠤ ᠮᠢᠨᠴᠤᠭᠦᠷᠡᠯ᠂ ᠬᠠᠯᠠᠰᠢᠷᠠᠯ  ᠂ ᠵᠠᠯᠬᠠᠭᠤᠷᠠᠯ᠂ ᠰᠤᠯᠠᠷᠠᠯ᠎ᠢ ᠡᠷᠡᠰ ᠳᠡᠪᠴᠢᠬᠦ ᠬᠡᠷᠡᠭᠲᠡᠢ᠃
      ᠡᠨᠳᠡ ᠪᠢ ᠣᠨᠴᠠᠭ᠋ᠠᠢ᠌ᠯᠠᠨ ᠲᠠᠪᠤᠨ ᠱᠠᠭ᠋ᠠᠷᠳᠠᠯᠭ᠎ᠠ ᠳᠤᠷᠠᠳᠤᠶ᠎ᠠ᠄ ᠨᠢᠭᠡ᠎ᠳᠤ᠂ ᠨᠡᠩ ᠴᠢᠩᠭ᠎ᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠭᠠᠳᠠᠨ᠎ᠠ᠎ᠠᠴᠠ ᠬᠠᠯᠳᠠᠪᠤᠷᠢᠯᠠᠬᠤ ᠰᠡᠷᠭᠡᠢ᠌ᠯᠡᠬᠦ ᠬᠡᠷᠡᠭᠲᠡᠢ᠃ ᠬᠣᠶᠠᠷ᠎ᠲᠤ ᠬᠦᠮᠤᠨ ᠪᠦᠬᠦᠨ ᠴᠥᠮ 《ᠮᠢᠨᠴᠦᠭᠦᠷᠡᠬᠦ ᠦᠭᠡᠢ᠂   ᠬᠠᠯᠠᠰᠢᠷᠠᠬᠤ ᠦᠭᠡᠢ᠂ ᠴᠦᠬᠦᠷᠡᠬᠦ ᠦᠭᠡᠢ᠂ ᠰᠤᠯᠠᠷᠠᠬᠤ ᠦᠭᠡᠢ》᠎ᠪᠠᠷ ᠳᠡᠭᠡᠳᠦ ᠬᠡᠮᠵᠢᠶᠡᠨ᠎ᠤ ᠰᠣᠨᠣᠷ ᠰᠡᠷᠡᠮᠵᠢ᠎ᠲᠠᠢ ᠪᠠᠶ᠋ᠢᠬᠤ ᠬᠡᠷᠡᠭᠲᠡᠶ᠃ ᠭᠤᠷᠪᠠ᠎ᠳᠤ᠂ ᠪᠥᠬᠥ ᠣᠷᠣᠨ᠎ᠤ ᠪᠣᠶ ᠪᠥᠬᠥᠶ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠤᠭᠤᠳ ᠴᠢᠩᠭ᠎ᠠ ᠰᠡᠷᠭᠡᠢ᠌ᠯᠡᠨ ᠰᠠᠬᠢᠵᠤ᠂ ᠪᠢᠲᠡᠭᠦᠮᠵᠢᠯᠡᠨ ᠬᠠᠮᠢᠶᠠᠷᠬᠤ᠎ᠪᠠᠨ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠳᠥᠷᠪᠡ᠎ᠳᠤ᠂ ᠬᠠᠮᠢᠶᠠᠷᠤᠯᠲᠠ᠂ ᠦᠢ᠍ᠯᠡᠴᠢᠯᠡᠭᠡᠨ ᠎ᠤ ᠠᠵᠢᠯᠲᠠᠨ᠂ ᠠᠵᠢᠯᠴᠢᠨ 《ᠭᠤᠷᠪᠠᠨ ᠲᠦᠷᠣᠯ᠎ᠤᠨ ᠬᠦᠮᠤᠰ》 ᠎ᠤᠨ   ᠬᠠᠮᠢᠶᠠᠷᠤᠯᠲᠠ ᠵᠢ ᠴᠢᠩᠭ᠋ᠠᠳᠬᠠᠵᠤ᠂ ᠵᠢᠵᠢᠭᠦᠷ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠲᠠᠪᠤ᠎ᠳᠤ᠂ ᠪᠥᠬᠥ ᠣᠷᠣᠨ᠎ᠤ ᠪᠣᠶ ᠪᠥᠬᠥᠶ ᠠᠷᠠᠳ᠎ᠠᠴᠠ ᠡᠷᠭᠢᠯᠡᠭᠰᠡᠨ ᠪᠠᠶ᠋ᠢᠭᠤᠯᠤᠮᠵᠢ ᠵᠢᠨ ᠠᠵᠢᠯᠳᠠᠨ᠎ᠢ   ᠴᠥᠮ ᠭᠡᠷ᠎ᠲᠤ᠎ᠨᠢ ᠬᠠᠷᠢᠭᠤᠯᠬᠤ ᠦᠭᠡᠢ᠎ᠪᠠᠷ ᠪᠢᠲᠡᠭᠦᠮᠵᠢᠯᠡᠨ ᠬᠠᠮᠢᠶᠠᠷᠬᠤ ᠬᠡᠷᠡᠭᠲᠠᠢ  ᠃
      ᠭᠤᠷᠪᠠᠳᠤᠭ᠋ᠠᠷ᠎ᠲᠤ᠂ ᠭᠣᠤᠯᠳᠠᠯᠭ᠎ᠠ ᠵᠢ ᠳᠣᠪᠣᠶ᠋ᠢᠯᠭ᠋ᠠᠨ᠂ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠡᠵᠡᠮᠳᠡᠵᠦ᠂ ᠠᠵᠢᠯ ᠵᠶ᠋ᠠᠨ ᠯᠠᠪᠳᠠᠭᠤᠨ ᠪᠠᠲᠤᠲᠠᠢ ᠨᠠᠢ᠌ᠲᠠᠪᠤᠷᠢᠵᠢᠭᠤᠯᠬᠤ ᠬᠡᠷᠡᠭᠲᠠᠢ᠃
      ᠨᠢᠭᠡ᠎ᠳᠤ᠂ ᠨᠠᠰᠤᠲᠠᠢ᠌ᠴᠤᠳ᠎ᠤᠨ ᠬᠦᠷᠢᠶᠡᠯᠡᠩ᠂ ᠨᠠᠰᠤᠲᠠᠳ᠎ᠢ ᠠᠰᠠᠷᠠᠬᠤ ᠬᠦᠷᠢᠶᠡᠯᠡᠩ᠂ ᠵᠣᠯ ᠵᠢᠷᠭ᠋ᠠᠯ᠎ᠤᠨ ᠬᠦᠷᠢᠶᠡᠯᠡᠩ᠂   ᠳᠤᠰᠠᠯᠠᠮᠵᠢ ᠵᠢᠨ ᠥᠷᠲᠡᠭᠡ᠂ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠂ ᠣᠶᠤᠨ᠎ᠤ ᠠᠰᠠᠷᠠᠮᠵᠢ ᠵᠢᠨ ᠬᠦᠷᠢᠶᠡᠯᠡᠩ ᠵᠡᠷᠭᠡ ᠡᠯ᠎ᠡ ᠲᠥᠷᠥᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠪᠢᠲᠡᠭᠦᠮᠵᠢᠯᠡᠨ ᠬᠠᠮᠢᠶᠠᠷᠬᠤ ᠵᠢ ᠴᠢᠩᠭ᠋ᠠᠳᠬᠠᠨ᠎ᠠ᠃ ᠬᠣᠶᠠᠷ᠎ᠲᠤ᠂ ᠳᠠᠯᠳᠠᠭᠤᠷ ᠰᠤᠷᠪᠤᠯᠵᠢᠯᠠᠵᠤ ᠪᠠᠶ᠋ᠢᠴᠠᠭ᠋ᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂   ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠦᠮᠤᠰ᠎ᠲᠤ ᠬᠠᠯᠳᠠᠪᠤᠷᠢᠯᠠᠬᠤ ᠥᠬᠡᠶ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠠᠢ᠃ ᠭᠤᠷᠪᠠ᠎ᠳᠤ᠂ ᠨᠢᠭᠦᠯᠡᠰᠦᠩᠭᠦᠶ ᠵᠢᠨ ᠬᠠᠨᠳᠢᠪᠯᠠᠨ ᠬᠦᠷᠭᠡᠬᠦ ᠠᠵᠢᠯ᠎ᠳᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠢᠯᠡ ᠲᠣᠳᠣ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠠᠢ᠃ ᠳᠥᠷᠪᠡ᠎ᠳᠤ᠂ ᠨᠡᠶ᠋ᠢᠭᠡᠮ ᠲᠣᠭᠣᠷᠢᠭ᠂ ᠨᠡᠶ᠋ᠢᠭᠡᠮ᠎ᠤᠨ ᠠᠵᠢᠯᠳᠠᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠪᠠᠭᠤᠯᠢᠭ᠎ᠢ ᠪᠠᠳᠠᠷᠠᠭᠤᠯᠵᠤ᠂ ᠬᠡᠷᠡᠭᠴᠡᠭᠡ ᠱᠠᠭ᠋ᠠᠷᠳᠠᠯᠭ᠎ᠠ᠎ᠳᠤ᠎ᠪᠠᠨ ᠵᠣᠬᠢᠴᠠᠭᠤᠯᠤᠨ᠂   ᠬᠢᠵᠢᠭ ᠎ᠢ ᠰᠡᠷᠭᠡᠶ᠋ᠢᠯᠡᠨ ᠡᠵᠡᠮᠳᠡᠬᠦ᠎ᠳᠤ ᠬᠠᠤᠯᠢ ᠶᠣᠰᠣᠭ᠋ᠠᠷ ᠡᠮᠬᠢ ᠵᠢᠷᠤᠮ᠎ᠲᠠᠢ ᠣᠷᠣᠯᠴᠠᠭᠤᠯᠬᠤ ᠬᠡᠷᠡᠭᠲᠠᠢ᠃ ᠲᠠᠪᠤ᠎ᠳᠤ᠂ ᠲᠤᠬᠠᠢ ᠵᠢᠨ ᠭᠠᠵᠠᠷ᠎ᠤᠨ ᠬᠣᠯᠪᠣᠭ᠋ᠠᠯᠠᠨ ᠰᠡᠷᠭᠡᠶ᠋ᠢᠯᠡᠵᠦ ᠡᠵᠡᠮᠳᠡᠬᠦ ᠲᠣᠭᠲᠠᠴᠠ ᠪᠣᠯᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠲᠤ ᠢᠳᠡᠪᠬᠢᠲᠡᠢ᠂ ᠰᠠᠨᠠᠭ᠋ᠠᠴᠢᠯᠠᠭ᠎ᠠ᠎ᠲᠠᠢ᠎ᠪᠠᠷ ᠬᠠᠷᠢᠭᠤ ᠮᠡᠳᠡᠭᠦᠯᠦᠯᠲᠡ ᠬᠢᠬᠦ ᠬᠡᠷᠡᠭᠲᠠᠢ᠃ ᠵᠢᠷᠭᠤᠭ᠎ᠠ᠎ᠳᠤ᠂ ᠠᠯᠪᠠᠨ᠎ᠠᠴᠠ ᠡᠷᠬᠢᠯᠡᠭᠰᠡᠨ ᠪᠤᠰᠤ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠢᠵᠢᠭ᠎ᠤᠨ ᠬᠠᠯᠳᠠᠪᠤᠷᠢᠯᠠᠬᠤ ᠵᠢ ᠡᠷᠡᠰ ᠰᠡᠷᠭᠡᠶ᠋ᠢᠯᠡᠬᠦ ᠬᠡᠷᠡᠭᠲᠡᠶ᠃
      ᠳᠥᠷᠪᠡᠳᠦᠭᠡᠷ᠎ᠲᠤ᠂ 2.23᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ 2.26᠎ᠤ ᠴᠢᠬᠤᠯᠠ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠬᠢᠵᠢᠭ᠎ᠢ ᠰᠡᠷᠭᠡᠶ᠋ᠢᠯᠡᠨ ᠡᠵᠡᠮᠳᠡᠬᠦ ᠪᠠ ᠠᠷᠠᠳ᠎ᠤᠨ ᠶᠠᠪᠤᠳᠠᠯ᠎ᠤᠨ ᠭᠣᠤᠯᠳᠠᠯᠭ᠎ᠠ᠎ᠲᠠᠢ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠠᠢ
      ᠨᠢᠭᠡ᠎ᠳᠤ᠂ ᠬᠦᠴᠢᠷᠳᠡᠯᠲᠡᠶ ᠬᠥᠮᠦᠰ᠎ᠤᠨ ᠦᠨᠳᠦᠰᠦᠨ ᠵᠦᠢ᠍ᠯ ᠎ᠢ ᠪᠠᠲᠤᠯᠠᠬᠤ ᠪᠠᠲᠤᠯᠠᠭ᠎ᠠ ᠵᠢ ᠴᠢᠩᠭ᠋ᠠᠳᠬᠠᠵᠤ᠂ ᠲᠦᠷ ᠴᠠᠭ᠎ᠤᠨ ᠳᠤᠰᠠᠯᠠᠮᠵᠢ ᠵᠢᠨ ᠡᠷᠴᠢᠮ ᠵᠶ᠋ᠠᠨ ᠴᠢᠩᠭ᠍ᠠᠷᠠᠭᠤᠯᠵᠤ᠂ ᠨᠥᠬᠥᠴᠡᠯ᠎ᠳᠤ ᠨᠡᠶ᠋ᠢᠴᠡᠬᠦ ᠬᠦᠴᠢᠷᠳᠡᠯᠲᠡᠶ ᠣᠯᠠᠨ ᠲᠦᠮᠡᠨ᠎ᠢ ᠴᠠᠭ ᠲᠤᠬᠠᠶ᠎ᠳᠤᠨᠢ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠬᠤ ᠬᠡᠷᠡᠭᠲᠠᠢ᠃   ᠬᠣᠶᠠᠷ᠎ᠲᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠦᠮᠤᠰ᠎ᠤᠨ ᠭᠤᠶᠤᠴᠢᠯᠠᠯ᠎ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ᠎ᠢ ᠰᠠᠶ᠋ᠢᠲᠤᠷ ᠬᠢᠬᠦ ᠬᠡᠷᠡᠭᠲᠠᠢ᠃ ᠭᠤᠷᠪᠠ᠎ᠳᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ  ᠎ᠤᠨ 《ᠬᠣᠶᠠᠷ ᠨᠥᠬᠥᠪᠥᠷᠢ》᠂ ᠥᠨᠥᠴᠢᠨ ᠬᠡᠤᠬᠡᠳ᠎ᠤᠨ ᠨᠥᠬᠥᠪᠥᠷᠢ ᠵᠡᠷᠭᠡ ᠳᠤᠰᠠᠯᠠᠮᠵᠢ ᠵᠢᠨ ᠪᠠᠯᠠ ᠮᠦᠩᠭᠦ ᠣᠯᠭᠣᠬᠤ ᠠᠵᠢᠯ᠎ᠢ ᠰᠠᠶ᠋ᠢᠲᠤᠷ ᠬᠢᠵᠦ᠂ ᠳᠤᠰᠠᠯᠠᠮᠵᠢ ᠵᠢᠨ   ᠪᠡᠯᠡ ᠮᠥᠩᠭᠥ ᠵᠢ ᠴᠠᠭ ᠲᠤᠬᠠᠶ᠎ᠳᠤᠨᠢ ᠲᠣᠭ᠎ᠠ ᠶᠣᠰᠣᠭ᠋ᠠᠷ ᠣᠯᠭᠣᠬᠤ ᠵᠢ ᠦᠨᠡᠨᠬᠦ ᠪᠠᠲᠤᠯᠠᠬᠤ   ᠬᠡᠷᠡᠭᠲᠡᠶ᠃ ᠳᠥᠷᠪᠡ᠎ᠳᠤ᠂ ᠨᠡᠶ᠋ᠢᠭᠡᠮ᠎ᠤᠨ ᠳᠤᠰᠠᠯᠠᠮᠵᠢ ᠪᠠ ᠪᠠᠲᠤᠯᠠᠭ᠎ᠠ ᠵᠢᠨ ᠪᠠᠷᠢᠮᠵᠢᠶ᠎ᠠ ᠵᠢ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠣᠯᠪᠣᠭᠳᠠᠭᠤᠯᠬᠤ ᠲᠣᠭᠲᠠᠴᠠ ᠵᠢ ᠡᠬᠢᠯᠡᠭᠦᠯᠬᠦ ᠬᠡᠷᠡᠭᠲᠠᠢ᠃   ᠲᠠᠪᠤ᠎ᠳᠤ᠂ ᠣᠷᠣᠭ ᠳᠠᠩᠰᠠᠯᠠᠬᠤ  ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠳᠡᠩᠰᠡᠯᠡᠨ ᠬᠠᠮᠢᠶᠠᠷᠬᠤ᠂ ᠣᠷᠣᠰᠢᠭᠤᠯᠭ᠎ᠠ ᠵᠢᠨ ᠦᠢ᠍ᠯᠡᠴᠢᠯᠡᠭᠡ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠠᠢ᠃
      ᠬᠣᠶᠠᠳᠤᠭ᠋ᠠᠷ ᠬᠡᠰᠡᠭ  2019 ᠣᠨ᠎ᠤ ᠠᠵᠢᠯ᠎ᠤᠨ ᠳ᠋ᠦᠩᠨᠡᠯᠲᠡ ᠪᠠ 2020 ᠣᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢᠨ ᠳᠤᠬᠠᠢ
      ᠨᠢᠭᠡ᠂ 2019 ᠣᠨ᠎ᠤ ᠠᠵᠢᠯ᠎ᠤᠨ ᠲᠣᠪᠴᠢ ᠡᠷᠭᠢᠴᠡᠭᠦᠯᠦᠯ
      (ᠨᠢᠭᠡ) ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠤᠨᠤᠯ ᠵᠶ᠋ᠠᠷ ᠵᠡᠪᠰᠡᠭᠯᠡᠬᠦ ᠪᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠰᠢᠨ᠎ᠡ ᠦᠷ᠎ᠡ ᠪᠦᠲᠦᠮᠵᠢ ᠤᠯᠪᠠ᠃
      ᠨᠢᠭᠡ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ   ᠨᠡᠶ᠋ᠢᠭᠡᠮ ᠵᠢᠷᠤᠮ  ᠎ᠤᠨ   ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠂ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠦᠢ᠍ᠯᠠᠭ᠋ᠠᠵᠤ᠂ ᠬᠣᠯᠪᠣᠭᠳᠠᠭᠤᠯᠤᠨ ᠰᠤᠷᠤᠯᠴᠠᠵᠤ᠂ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠰᠤᠷᠤᠯᠴᠠᠬᠤ ᠵᠢᠨ ᠬᠠᠮᠲᠤ ᠠᠷᠠᠳ᠎ᠤᠨ ᠶᠠᠪᠤᠳᠠᠯ᠎ᠤᠨ ᠡᠯ᠎ᠡ ᠵᠦᠢ᠍ᠯ᠎ᠤᠨ ᠠᠵᠢᠯ᠎ᠢ   ᠵᠢᠯᠣᠭᠣᠳᠤᠭᠤᠯᠵᠠᠢ᠃ ᠬᠣᠶᠠᠷ᠎ᠲᠤ᠂ ᠤᠯᠤᠰ ᠲᠥᠷᠥ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ ᠵᠢ ᠪᠠᠷᠢᠮᠲᠠᠯᠠᠵᠤ᠂ ᠪᠠᠢ᠌ᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ 《ᠳᠥᠷᠪᠡᠨ ᠤᠬᠠᠮᠰᠠᠷ》᠎ᠢ ᠪᠠᠲᠤ ᠪᠡᠬᠢ   ᠪᠣᠯᠭ᠋ᠠᠨ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠥᠷᠥ ᠵᠢᠨ ᠤᠬᠠᠮᠰᠠᠷ᠂ ᠠᠵᠢᠯᠯᠠᠭ᠋ᠠᠨ᠎ᠤ ᠤᠬᠠᠮᠰᠠᠷ ᠎ᠢ ᠴᠢᠩᠭ᠋ᠠᠳᠬᠠᠵᠠᠢ᠃ ᠭᠤᠷᠪᠠ᠎ᠳᠤ᠂ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠤᠪᠲᠤ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠠᠢ᠃   ᠳᠥᠷᠪᠡ᠎ᠳᠤ᠂ ᠰᠤᠷᠲᠠᠯ᠎ᠤᠨ ᠪᠠᠶ᠋ᠢᠭᠤᠯᠤᠯᠲᠠ ᠵᠢ ᠳᠠᠰᠤᠷᠠᠯᠲᠠ ᠦᠭᠡᠢ ᠴᠢᠩᠭ᠋ᠠᠳᠬᠠᠵᠤ᠂ ᠲᠢᠩᠬᠢᠮ᠎ᠤᠨ ᠪᠠᠶ᠋ᠢᠭᠤᠯᠭ᠎ᠠ᠎ᠳᠤ 《ᠨᠢᠭᠡ   ᠭᠦᠰᠤᠨᠤᠭ᠌ᠲᠤ᠎ᠠᠴᠠ ᠦᠷ᠎ᠡ ᠠᠰᠢᠭ᠂ ᠶᠠᠰᠤ ᠴᠢᠨᠠᠷ᠂ ᠬᠠᠷᠢᠭᠤᠴᠠᠯᠭ᠎ᠠ᠂ ᠣᠪᠣᠷ ᠰᠤᠷᠲᠠᠯ᠂ ᠠᠮᠵᠢᠯᠲᠠ ᠪᠦᠲᠦᠮᠵᠢ᠂ ᠬᠤᠪᠢ ᠨᠡᠮᠡᠷᠢ᠂ ᠬᠠᠷᠢᠭᠤᠴᠠᠯᠭ᠎ᠠ ᠡᠭᠦᠷᠭᠡᠯᠡᠬᠦ᠂ ᠵᠢᠳᠬᠦᠯ ᠴᠢᠷᠮᠠᠶ᠋ᠢᠯᠭ᠎ᠠ》 ᠵᠢ ᠣᠯᠵᠤ ᠦᠵᠡᠬᠦ 《ᠬᠢᠷᠢ ᠪᠦᠲᠦᠮᠵᠢ ᠵᠢᠨ ᠬᠠᠭᠤᠳᠠᠰᠤ》 ᠵᠢᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠪᠠ᠃ ᠲᠠᠪᠤ᠎ᠳᠤ᠂ ᠨᠠᠮ᠎ᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ᠎ᠤᠨ ᠪᠠᠶ᠋ᠢᠴᠠᠭ᠋ᠠᠨ ᠢᠯᠡᠷᠡᠭᠦᠯᠤᠭ᠌ᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠂ ᠲᠥᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠤᠰᠬᠠᠢ ᠲᠣᠭᠣᠷᠢᠨ ᠪᠠᠶ᠋ᠢᠴᠠᠭ᠋ᠠᠯᠲᠠ᠎ᠳᠤ ᠳᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠂ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ   ᠵᠢᠨ ᠦᠷ᠎ᠡ ᠪᠦᠲᠤᠭᠡᠯ᠎ᠢ ᠬᠢᠨᠠᠨ ᠰᠢᠯᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ  ᠂ ᠲᠥᠪ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠤᠨ ᠰᠢᠪᠠᠳᠠᠨ ᠵᠢᠯᠣᠭᠣᠳᠬᠤ᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠂ ᠨᠡᠶ᠋ᠢᠲᠡ ᠵᠢᠨ ᠪᠤᠩᠬᠤᠨ᠎ᠳᠤ᠎ᠬᠢ ᠱᠠᠰᠢᠨ᠎ᠤ ᠱᠤᠭᠤᠮᠠᠯ᠎ᠢ ᠪᠠᠶ᠋ᠢᠴᠠᠭ᠋ᠠᠵᠤ ᠰᠢᠢ᠍ᠳᠪᠦᠷᠢᠯᠡᠬᠦ ᠡᠭᠦᠷᠭᠡ ᠵᠢ ᠨᠡᠯᠢᠶᠡᠳ ᠰᠠᠢ᠍ᠢ᠍ᠨ ᠪᠡᠶᠡᠯᠡᠭᠦᠯᠦᠭᠰᠡᠨ ᠪᠥᠭᠡᠳ ᠵᠣᠬᠢᠴᠠᠩᠭᠤᠢ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠪᠠ᠃
      (ᠬᠣᠶᠠᠷ) ᠶᠡᠷᠦᠩᠬᠡᠶ ᠱᠦᠵᠢ ᠰᠢ ᠵᠢᠨ ᠫᠢᠩ᠎ᠤᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠶ 《ᠭᠤᠷᠪᠠ᠎ᠳᠤ ᠠᠩᠬᠠᠷᠤᠯ ᠵᠶ᠋ᠠᠨ ᠲᠦᠪᠯᠡᠷᠡᠭᠦᠯᠬᠦ》 《ᠭᠤᠷᠪᠠ ᠵᠢ ᠨᠠᠩ ᠰᠠᠶ᠋ᠢᠨ ᠭᠦᠢ᠍ᠴᠡᠳᠬᠡᠬᠦ》 ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠍ᠳᠠᠪᠤᠷᠢᠵᠢᠭᠤᠯᠵᠤ᠂ ᠭᠣᠤᠯᠳᠠᠯᠭ᠎ᠠ᠎ᠲᠠᠢ ᠠᠵᠢᠯ᠎ᠢ ᠲᠦᠯᠬᠢᠨ ᠠᠬᠢᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠤᠯᠪᠠ᠃
     1᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠶᠠᠪᠤᠳᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠦᠢ᠍ᠯᠡᠳᠦᠯ᠎ᠢ ᠰᠠᠢ᠌ᠨ ᠪᠠᠳᠠᠷᠠᠭᠤᠯᠪᠠ  ᠃ ᠨᠢᠭᠡ᠎ᠳᠤ ᠨᠠᠷᠢᠯᠢᠭ ᠣᠨᠣᠴᠠᠲᠠᠶ ᠱᠠᠭ᠋ᠠᠷᠳᠠᠯᠭ᠎ᠠ  ᠎ᠪᠠᠷ ᠨᠠᠭ᠋ᠠᠳᠤ ᠵᠠᠬ᠎ᠠ ᠵᠢᠨ ᠪᠠᠲᠤᠯᠠᠭ᠎ᠠ ᠵᠢ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ᠎ᠲᠠᠢ ᠪᠦᠲᠦᠮᠵᠢᠲᠡᠶ ᠵᠣᠯᠭ᠋ᠠᠭᠤᠯᠵᠤ᠂   ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠶᠠᠳᠠᠭᠤ ᠬᠦᠴᠢᠷᠳᠡᠯᠲᠡᠢ ᠬᠦᠮᠤᠰ᠎ᠢ ᠲᠤᠰᠠᠯᠠᠨ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢ ᠪᠦᠷᠢᠨ ᠪᠡᠶᠡᠯᠡᠭᠦᠯᠤᠭᠡᠳᠤᠢ ᠪᠣᠯ 《ᠪᠠᠷᠢᠮᠵᠢᠶ᠎ᠠ᠎ᠳᠤ ᠬᠦᠷᠭᠡᠬᠦ》 ᠲᠤᠰᠬᠠᠢ ᠠᠵᠢᠯᠯᠠᠭ᠎ᠠ ᠵᠢ ᠪᠣᠳᠠᠲᠠᠢ᠌ᠵᠢᠭᠤᠯᠤᠨ  ᠂ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠡᠶ ᠬᠦᠮᠤᠰ᠎ᠤᠨ ᠳᠣᠲᠣᠷᠠᠬᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠥᠬᠥᠴᠡᠯ᠎ᠳᠤ ᠨᠡᠶ᠋ᠢᠴᠡᠬᠦ ᠬᠥᠮᠦᠰ᠎ᠤᠨ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ᠎ᠳᠤ ᠣᠷᠣᠭᠤᠯᠵᠠᠢ᠃ 2019 ᠣᠨ᠎ᠤ ᠡᠴᠦᠰ ᠪᠣᠯᠲᠠᠯ᠎ᠠ ᠪᠥᠬᠥ ᠣᠷᠣᠨ᠎ᠤ ᠳᠠᠩᠰᠠᠯᠠᠵᠤ ᠺᠠᠷᠲᠯᠠᠭᠰᠠᠨ 39.18 ᠲᠦᠮᠡᠨ ᠶᠠᠳᠠᠭᠤ ᠬᠦᠴᠢᠷᠳᠡᠯᠲᠡᠶ ᠬᠦᠮᠤᠰ᠎ᠢ   ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠪᠠ᠃ 2020 ᠣᠨ᠎ᠤ 1 ᠳ᠋ᠤᠭᠡᠷ ᠰᠠᠷ᠎ᠠ ᠪᠣᠯᠲᠠᠯ᠎ᠠ ᠪᠥᠬᠥ ᠣᠷᠣᠨ᠎ᠤ ᠶᠠᠳᠠᠭᠤ᠎ᠠᠴᠠ ᠠᠩᠭᠢᠵᠢᠷᠠᠭ᠋ᠠᠳᠤᠶ 1.62 ᠲᠦᠮᠡᠨ ᠶᠠᠳᠠᠭᠤ ᠬᠦᠴᠢᠷᠳᠡᠯᠲᠡᠶ ᠬᠦᠮᠤᠰ᠎ᠤᠨ ᠳᠣᠲᠣᠷᠠᠬᠢ 1.03 ᠲᠦᠮᠡ ᠵᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ   ᠪᠠᠲᠤᠯᠠᠭ᠎ᠠ᠎ᠳᠤ ᠣᠷᠣᠭᠤᠯᠪᠠ᠃ ᠬᠣᠶᠠᠷ᠎ᠲᠤ᠂ 1.45 ᠲᠦᠮᠡᠨ ᠲᠠᠩᠰᠠ ᠺᠠᠷᠲ᠎ᠲᠠᠢ   ᠶᠠᠳᠠᠭᠤ ᠬᠦᠴᠢᠷᠳᠡᠯᠲᠡᠶ ᠬᠦᠮᠤᠰ᠎ᠢ ᠣᠨᠴᠠ ᠬᠦᠴᠢᠷᠳᠡᠯᠲᠡᠶ ᠬᠥᠮᠦᠰ ᠵᠶ᠋ᠠᠷ ᠲᠤᠰᠠᠯᠠᠵᠤ᠂ 1.4 ᠲᠦᠮᠡᠨ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠠᠢ ᠬᠦᠮᠤᠰ᠎ᠲᠤ ᠲᠦᠷ ᠴᠠᠭ᠎ᠤᠨ ᠳᠤᠰᠠᠯᠠᠮᠵᠢ ᠣᠯᠭᠤᠪᠠ᠃ ᠭᠤᠷᠪᠠ᠎ᠳᠤ᠂ ᠣᠨᠴᠠ ᠬᠦᠴᠢᠷᠳᠡᠯᠲᠡᠶ ᠭᠠᠵᠠᠷ ᠣᠷᠣᠨ᠎ᠳᠤ ᠪᠠᠯᠠ ᠮᠥᠩᠭᠥ ᠵᠢ ᠢᠯᠡᠭᠦᠤ ᠦᠭᠴᠤ᠂ 2019 ᠣᠨ᠎ᠳᠤ ᠣᠨᠴᠠ ᠬᠦᠴᠢᠷᠳᠡᠯᠲᠡᠶ ᠭᠠᠵᠠᠷ ᠣᠷᠣᠨ᠎ᠳᠤ ᠤᠤᠯ᠎ᠤᠨ ᠬᠢᠨᠢ ᠰᠠᠭᠤᠷᠢᠨ ᠳᠡᠭᠡᠷ᠎ᠡ ᠨᠥᠬᠥᠪᠥᠷᠢ ᠵᠢᠨ ᠪᠠᠯᠠ ᠮᠥᠩᠭᠥ ᠵᠢ 8622 ᠲᠦᠮᠡᠨ ᠲᠥᠭᠥᠷᠢᠭ ᠨᠡᠮᠡᠭᠳᠡᠭᠦᠯᠪᠡ᠃ ᠲᠦᠷᠪᠡ᠎ᠳᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠲᠠᠢ᠍ᠢ᠍ᠴᠢᠯᠠᠵᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠢᠳᠡᠪᠬᠢᠲᠡᠶ ᠣᠷᠣᠯᠴᠠᠭᠤᠯᠪᠠ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ 《ᠭᠠᠷ ᠬᠣᠯᠪᠣᠯᠴᠠᠬᠤ ᠲᠥᠯᠥᠪᠯᠡᠭᠡ》 ᠵᠢᠨ 64 ᠨᠡᠶ᠋ᠢᠭᠡᠮ᠎ᠤᠨ ᠠᠵᠢᠯ ᠎ᠤᠨ ᠬᠠᠮᠵᠢᠯᠴᠠᠭ᠋ᠠᠨ᠎ᠤ ᠲᠥᠷᠥᠯ ᠵᠦᠢ᠍ᠯ᠎ᠢ ᠪᠦᠷ ᠪᠡᠶᠡᠯᠡᠭᠦᠯᠪᠡ᠃
     2᠂ ᠣᠨᠴᠠ ᠬᠦᠴᠢᠷᠳᠡᠯ᠎ᠲᠠᠢ ᠬᠦᠮᠤᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠦᠲᠤᠮᠵᠢᠲᠠᠢ ᠪᠠᠲᠤᠯᠠᠪᠠ᠃ ᠨᠢᠭᠡ᠎ᠳᠤ᠂ ᠬᠦᠴᠢᠷᠳᠡᠯᠲᠡᠶ ᠣᠯᠠᠨ ᠲᠦᠮᠡᠨ᠎ᠤ ᠳᠤᠰᠠᠯᠠᠮᠵᠢ ᠵᠢᠨ ᠪᠠᠷᠢᠮᠵᠢᠶ᠎ᠠ ᠵᠢ   ᠯᠠᠪᠳᠠᠭᠤᠨ ᠵᠶ᠋ᠠᠷ ᠳᠡᠭᠡᠭᠰᠢᠯᠡᠭᠦᠯᠵᠠᠢ᠃ 2019 ᠣᠨ᠎ᠳᠤ ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠲᠣᠰ ᠲᠣᠰ 6.9 % ᠪᠠ 6.6%᠎ᠪᠠᠷ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠶ ᠬᠥᠮᠦᠰ᠎ᠢ ᠳᠡᠳᠬᠦᠨ ᠲᠤᠰᠠᠯᠠᠵᠤ ᠠᠰᠠᠷᠠᠨ ᠬᠠᠷᠠᠭ᠋ᠠᠯᠵᠠᠬᠤ  ᠂ ᠥᠨᠥᠴᠢᠨ ᠬᠡᠤᠬᠡᠳ᠎ᠤᠨ ᠪᠠᠲᠤᠯᠠᠭ᠎ᠠ  ᠂ ᠵᠡᠮᠳᠡᠭᠴᠦᠳ᠎ᠤᠨ 《ᠬᠣᠶᠠᠷ   ᠨᠥᠬᠥᠪᠥᠷᠢ》᠂  〈〈ᠰᠣᠶᠣᠯ᠎ᠤᠨ ᠬᠤᠪᠢᠰᠬᠠᠯ〉〉᠎ᠤᠨ 《ᠭᠤᠷᠪᠠᠨ ᠵᠦᠢ᠍ᠯ᠎ᠤᠨ ᠬᠦᠮᠤᠨ》᠎ᠤ ᠨᠥᠬᠥᠪᠥᠷᠢ ᠵᠡᠷᠭᠡ ᠪᠠᠲᠤᠯᠠᠭ᠎ᠠ ᠵᠢᠨ ᠪᠠᠷᠢᠮᠵᠢᠶ᠎ᠠ ᠵᠢ ᠴᠥᠮ 2018 ᠣᠨ᠎ᠤ᠎ᠬᠢ᠎ᠠᠴᠠ ᠳᠡᠭᠡᠭᠰᠢᠯᠡᠭᠦᠯᠣᠭ᠌ᠰᠡᠨ ᠪᠠᠢ᠌ᠨ᠎ᠠ᠃ ᠬᠣᠶᠠᠷ᠎ᠲᠤ᠂ ᠪᠥᠬᠥ ᠵᠢᠯ᠎ᠳᠤ ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠲᠡᠭᠰᠡᠨ 164.35 ᠲᠦᠮᠡᠨ ᠬᠥᠮᠦᠨ᠂ ᠣᠨᠴᠠ ᠬᠦᠴᠢᠷᠳᠡᠯᠲᠡᠶ 9.43 ᠲᠦᠮᠡᠨ ᠬᠥᠮᠦᠨ᠂ ᠥᠨᠥᠴᠢᠨ ᠬᠡᠤᠬᠡᠳ 3989 ᠬᠦᠮᠤᠨ᠎ᠤ ᠦᠨᠳᠤᠰᠤᠨ ᠠᠮᠢᠳᠤᠷᠠᠯ᠎ᠢ ᠪᠠᠲᠤᠯᠠᠪᠠ᠃ 29.01 ᠲᠦᠮᠡᠨ ᠠᠮᠢᠳᠤᠷᠠᠯ᠎ᠨᠢ ᠬᠦᠴᠢᠷᠳᠡᠯᠲᠡᠶ ᠵᠡᠮᠳᠡᠭᠴᠦᠳ᠎ᠲᠤ ᠠᠮᠢᠳᠤᠷᠠᠯ᠎ᠤᠨ ᠨᠥᠬᠥᠪᠥᠷᠢ ᠣᠯᠭᠣᠵᠤ᠂ 27.58 ᠲᠦᠮᠡᠨ ᠬᠦᠨᠳᠦ ᠵᠡᠮᠲᠡᠭᠴᠤᠳ᠎ᠲᠤ ᠰᠤᠪᠢᠯᠠᠯᠲᠠ ᠵᠢᠨ ᠨᠥᠬᠥᠪᠥᠷᠢ ᠣᠯᠭᠣᠪᠠ᠃ ᠭᠤᠷᠪᠠ᠎ᠳᠤ᠂ ᠪᠥᠬᠥ ᠵᠢᠯ᠎ᠳᠤ ᠨᠡᠶ᠋ᠢᠲᠡ 12.9 ᠲᠦᠮᠡᠨ ᠬᠥᠮᠦᠨ (ᠤᠳᠠᠭ᠎ᠠ)᠎ᠳᠤ ᠲᠦᠷ ᠴᠠᠭ᠎ᠤᠨ ᠳᠤᠰᠠᠯᠠᠮᠵᠢ ᠬᠢᠪᠡ᠃ ᠪᠦᠬᠦ ᠵᠢᠯ᠎ᠳᠤ ᠠᠮᠢᠳᠤᠷᠠᠯ᠎ᠤᠨ ᠲᠦᠰᠢᠭ ᠦᠭᠡᠢ ᠲᠡᠨᠦᠭᠦᠯ ᠭᠤᠶ᠋ᠢᠷᠠᠨᠴᠢ 1.2 ᠲᠦᠮᠡᠨ ᠬᠥᠮᠦᠨ (ᠤᠳᠠᠭ᠎ᠠ)᠎ᠢ   ᠳᠤᠰᠠᠯᠠᠪᠠ᠃ ᠲᠦᠷᠪᠡ᠎ᠳᠤ᠂ ᠨᠡᠶ᠋ᠢᠭᠡᠮ᠎ᠤᠨ ᠳᠤᠰᠠᠯᠠᠮᠵᠢ ᠪᠠ ᠪᠠᠲᠤᠯᠠᠭ᠎ᠠ ᠵᠢᠨ ᠪᠠᠷᠢᠮᠵᠢᠶ᠎ᠠ ᠵᠢ ᠪᠠᠷᠠᠭ᠋ᠠᠨ᠎ᠤ ᠦᠨ᠎ᠡ ᠵᠢᠨ ᠥᠰᠥᠯᠲᠡ᠎ᠲᠠᠢ ᠬᠣᠯᠪᠣᠭᠳᠠᠭᠤᠯᠬᠤ ᠲᠣᠭᠲᠠᠴᠠ ᠵᠢ ᠯᠠᠪᠳᠠᠭᠤᠨ ᠪᠠᠲᠤᠲᠠᠶ ᠨᠠᠶ᠋ᠢᠳᠠᠪᠤᠷᠢᠵᠢᠭᠤᠯᠵᠠᠢ᠃ ᠲᠠᠪᠤ᠎ᠳᠤ᠂ 2019 ᠣᠨ᠎ᠤ 9 ᠳ᠋ᠤᠭᠡᠷ ᠰᠠᠷ᠎ᠠ᠎ᠳᠤ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ ᠥᠷᠨᠢᠭᠦᠯᠦᠭᠰᠡᠨ ᠬᠦᠴᠢᠷᠳᠡᠯᠲᠡᠶ ᠣᠯᠠᠨ ᠲᠦᠮᠡᠨ᠎ᠢ ᠲᠤᠰᠠᠯᠠᠬᠤ ᠠᠵᠢᠯ᠎ᠤᠨ ᠠᠮᠵᠢᠯᠲᠠ   ᠪᠦᠲᠤᠮᠵᠢ ᠵᠢᠨ ᠦᠨᠡᠯᠡᠯᠲᠡ᠎ᠳᠤ ᠮᠠᠨ᠎ᠤ ᠣᠷᠣᠨ ᠶᠡᠷᠦᠩᠬᠡᠶ ᠬᠤᠪᠢ ᠵᠢᠨ ᠨᠢᠭᠡᠳᠦᠭᠡᠷ ᠬᠢᠷᠢ ᠪᠦᠲᠦᠮᠵᠢ᠎ᠪᠠᠷ 《ᠰᠢᠯᠢᠳᠡᠭ ᠲᠠᠰ》 ᠵᠶ᠋ᠠᠷ ᠦᠨᠡᠯᠡᠭᠳᠡᠪᠡ᠃
     3᠂ ᠤᠯᠠᠨ ᠲᠦᠮᠡᠨ᠎ᠤ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠭᠡᠮ᠎ᠤᠨ ᠦᠨᠳᠦᠰᠦᠨ ᠦᠢ᠍ᠯᠡᠴᠢᠯᠡᠭᠡ ᠪᠠ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠬᠢᠷᠢ ᠲᠦᠪᠰᠢᠨ ᠵᠶ᠋ᠠᠨ ᠳᠠᠰᠤᠷᠠᠯ   ᠦᠭᠡᠢ ᠳᠡᠭᠡᠭᠰᠢᠯᠡᠭᠦᠯᠦᠭᠰᠡᠨ ᠪᠠᠢ᠌ᠨ᠎ᠠ᠃ ᠨᠢᠭᠡ᠎ᠳᠤ᠂ ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠶ᠋ᠢᠭᠤᠯᠤᠯᠲᠠ ᠵᠢᠨ ᠲᠤᠰᠬᠠᠶ ᠠᠵᠢᠯᠯᠠᠭ᠎ᠠ ᠵᠢ ᠪᠠᠢ᠌ᠩᠭᠤ ᠥᠷᠨᠢᠭᠦᠯᠵᠦ᠂ ᠪᠥᠬᠥ ᠣᠷᠣᠨ᠎ᠤ ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠵᠤᠤᠬ᠎ᠠ ᠵᠢᠨ ᠳᠤᠯᠠᠭ᠋ᠠᠯᠠᠭ᠎ᠠ ᠪᠠ ᠬᠠᠭᠤᠷᠠᠶ ᠵᠣᠷᠯᠣᠩ᠎ᠢ   ᠪᠦᠷ ᠦᠭᠡᠢ᠌ᠰᠬᠡᠵᠠᠢ᠃ 2019 ᠣᠨ᠎ᠳᠤ ᠪᠥᠬᠥ ᠣᠷᠣᠨ᠎ᠳᠤ ᠨᠡᠶ᠋ᠢᠭᠡᠮ᠎ᠠᠴᠠ ᠡᠷᠭᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ 54 ᠨᠡᠮᠡᠭᠳᠡᠵᠦ᠂ 6485 ᠰᠢᠨ᠎ᠡ ᠣᠷᠣ ᠨᠡᠮᠡᠭᠳᠡᠪᠡ; ᠲᠠᠷᠢᠶᠠᠯᠠᠬᠤ ᠮᠠᠯᠵᠢᠬᠤ ᠣᠷᠣᠨ᠎ᠤ ᠨᠠᠰᠤᠲᠠᠢ᠌ᠴᠤᠳ᠎ᠤᠨ ᠠᠰᠠᠷᠠᠮᠵᠢ ᠵᠢᠨ ᠣᠷᠣ ᠵᠢ 5307   ᠨᠡᠮᠡᠭᠳᠡᠭᠦᠯᠪᠡ᠃ ᠬᠣᠶᠠᠷ᠎ᠲᠤ᠂ ᠨᠡᠶ᠋ᠢᠭᠡᠮ ᠲᠣᠭᠣᠷᠢᠭ ᠪᠠ ᠭᠡᠷ᠎ᠲᠡᠭᠡᠨ ᠰᠠᠭᠤᠵᠤ ᠪᠠᠢ᠌ᠭ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡ ᠵᠢ ᠭᠣᠣᠯᠳᠠᠯᠭ᠎ᠠ᠎ᠲᠠᠢ ᠠᠬᠢᠭᠤᠯᠵᠤ᠂ 《ᠬᠡᠷ᠎ᠲᠡᠭᠡᠨ ᠪᠠ ᠨᠡᠶ᠋ᠢᠭᠡᠮ ᠲᠣᠭᠣᠷᠢᠭ᠎ᠲᠤ᠎ᠬᠢ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠢ   ᠲᠦᠷᠭᠡᠳᠬᠡᠨ ᠠᠬᠢᠭᠤᠯᠬᠤ   ᠲᠤᠬᠠᠶ ᠵᠢᠯᠣᠭᠣᠳᠬᠤ ᠰᠠᠨᠠᠯ》᠎ᠢ ᠨᠡᠶ᠋ᠢᠲᠡᠯᠡᠵᠦ᠂ ᠬᠥᠬᠡᠬᠣᠲᠠ ᠵᠢ ᠳᠥᠷᠪᠡᠳᠦᠭᠡᠷ ᠪᠦᠯᠦᠭ ᠪᠦᠬᠦ ᠤᠯᠤᠰ᠎ᠤᠨ ᠨᠡᠶ᠋ᠢᠭᠡᠮ ᠲᠣᠭᠣᠷᠢᠭ᠎ᠲᠤ ᠪᠠ ᠬᠡᠷ᠎ᠲᠡᠭᠡᠨ ᠰᠠᠭᠤᠭ᠋ᠠᠳ ᠠᠰᠠᠷᠠᠭᠤᠯᠬᠤ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ ᠪᠣᠯᠭ᠋ᠠᠬᠤ᠎ᠪᠠᠷ ᠴᠢᠷᠮᠠᠢ᠌ᠵᠤ ᠪᠣᠢ᠃ ᠭᠤᠷᠪᠠ᠎ᠳᠤ ᠰᠢᠯᠢ ᠵᠢᠨ ᠭᠣᠤᠯ᠎ᠤᠨ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ᠂ ᠬᠢᠩᠭ᠋ᠠᠨ ᠠᠶ᠋ᠢᠮᠠᠭ᠎ᠤᠨ 《ᠨᠢᠭᠡ ᠬᠦᠷᠢᠶᠡᠯᠡᠩ   ᠬᠣᠶᠠᠷ ᠪᠠᠶ᠋ᠢᠭᠤᠯᠤᠯ》᠂ ᠡᠮᠨᠡᠬᠦ ᠠᠰᠠᠷᠠᠬᠤ ᠵᠢ   ᠤᠶᠠᠯᠳᠤᠭᠤᠯᠤᠭᠰᠠᠨ 《ᠳᠥᠷᠪᠡᠨ ᠵᠦᠢ᠍ᠯ᠎ᠤᠨ ᠵᠠᠭᠪᠤᠷ》 ᠵᠡᠷᠭᠡ ᠨᠠᠰᠤᠲᠠᠳ᠎ᠢ ᠠᠰᠠᠷᠠᠬᠤ ᠦᠢ᠍ᠯᠡᠴᠢᠯᠡᠭᠡᠨ  ᠎ᠤ ᠬᠡᠯᠪᠡᠷᠢ ᠮᠠᠶᠢᠭ᠎ᠢ ᠦᠷᠭᠦᠯᠵᠢᠯᠡᠨ ᠳ᠋ᠦᠩᠨᠡᠵᠦ ᠭᠠᠷᠭ᠋ᠠᠪᠠ᠃ ᠪᠦᠬᠦ ᠣᠷᠣᠨ᠎ᠤ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠲᠤᠷᠰᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠵᠤ᠂ ᠠᠷᠠᠳ᠎ᠤᠨ ᠶᠠᠪᠤᠳᠠᠯ᠎ᠤᠨ ᠶᠠᠮᠤᠨ ᠪᠣᠯᠤᠨ ᠬᠡᠰᠡᠭ ᠮᠣᠵᠢ ᠣᠷᠣᠨ᠎ᠤ  ᠎ᠬᠢᠨ ᠬᠤᠷᠠᠯ᠎ᠳᠤ ᠣᠷᠣᠯᠴᠠᠪᠠ᠃ ᠳᠥᠷᠪᠡ᠎ᠳᠤ᠂ ᠣᠷᠣᠰᠢᠭᠤᠯᠭ᠎ᠠ ᠵᠢᠨ ᠦᠢ᠍ᠯᠡᠴᠢᠯᠡᠭᠡᠨ ᠎ᠤ ᠬᠠᠮᠢᠶᠠᠷᠤᠯᠲᠠ ᠵᠢ ᠵᠢᠷᠤᠮᠵᠢᠭᠤᠯᠤᠨ   ᠴᠢᠩᠭ᠋ᠠᠳᠬᠠᠵᠤ᠂ ᠬᠠᠤᠯᠢ ᠳᠦᠷᠢᠮ᠎ᠢ   ᠵᠥᠷᠢᠴᠡᠨ ᠬᠤᠪᠢ᠎ᠪᠠᠷ ᠵᠶ᠋ᠠᠨ 《ᠣᠷᠣᠨ ᠰᠠᠭᠤᠴᠠ ᠮᠠᠶᠢᠭ》᠎ᠤᠨ ᠤᠩᠭᠤᠨ ᠪᠠᠷᠢᠬᠤ ᠵᠢ   ᠴᠡᠭᠴᠡᠯᠡᠨ᠂ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ ᠰᠦᠢ᠍ᠳᠬᠡᠯ   ᠬᠤᠷᠢᠶᠠᠬᠤ ᠵᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠱᠠᠲᠤᠴᠢ ᠴᠢᠨᠠᠷᠲᠠᠶ ᠦᠷ᠎ᠡ ᠪᠦᠲᠦᠮᠵᠢ ᠣᠯᠪᠠ᠃ ᠲᠠᠪᠤ᠎ᠳᠤ᠂ ᠬᠤᠭᠤᠴᠠᠭ᠎ᠠ ᠰᠣᠯᠢᠬᠤ ᠰᠣᠩᠭᠣᠭᠤᠯᠢ ᠵᠢ 《ᠡᠷᠭᠢᠵᠦ ᠬᠠᠷᠠᠵᠤ》᠂ ᠨᠥᠬᠥᠴᠡᠯ᠎ᠳᠤ ᠨᠡᠶ᠋ᠢᠴᠡᠬᠦ ᠥᠬᠡᠶ ᠭᠠᠴᠠᠭ᠎ᠠ ᠲᠣᠰᠬᠣᠨ᠎ᠤ ᠵᠥᠪᠯᠡᠯ᠎ᠤᠨ ᠬᠠᠷᠢᠭᠤᠴᠠᠯᠭ᠋ᠠᠲᠠᠨ 350 ᠬᠥᠮᠦᠨ᠎ᠢ ᠬᠢᠨᠠᠨ ᠪᠠᠶ᠋ᠢᠴᠠᠭ᠋ᠠᠵᠤ ᠴᠡᠪᠡᠷᠯᠡᠨ᠂ ᠪᠦᠬᠦᠨ᠎ᠢ ᠬᠠᠤᠯᠢ ᠲᠣᠭᠲᠠᠭ᠋ᠠᠯ ᠶᠣᠰᠣᠭ᠋ᠠᠷ ᠨᠥᠬᠥᠨ ᠰᠣᠩᠭᠣᠪᠠ᠃ ᠵᠢᠷᠭᠤᠭ᠎ᠠ᠎ᠳᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠂ ᠨᠡᠶ᠋ᠢᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠶ᠋ᠢᠭᠤᠯᠤᠯᠲᠠ᠂ ᠨᠢᠭᠦᠯᠡᠰᠦᠩᠭᠦᠶ ᠵᠢᠨ ᠨᠡᠶ᠋ᠢᠭᠡᠮ᠎ᠤᠨ ᠠᠵᠢᠯᠲᠠᠨ ᠪᠠ ᠭᠠᠵᠠᠷ ᠣᠷᠣᠨ᠎ᠤ ᠬᠤᠪᠢᠶᠠᠷᠢᠯᠠᠯ᠎ᠤᠨ ᠭᠠᠵᠠᠷ᠎ᠤᠨ ᠨᠡᠷ᠎ᠡ ᠵᠡᠷᠭᠡ ᠠᠵᠢᠯ᠎ᠢ ᠪᠦᠬᠦ ᠲᠠᠯ᠎ᠠ᠎ᠪᠠᠷ ᠠᠬᠢᠭᠤᠯᠪᠠ᠃
     (ᠭᠤᠷᠪᠠ) ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠤᠭᠡᠨ ᠪᠠᠢ᠌ᠭᠤᠯᠬᠤ ᠡᠭᠦᠷᠭᠡ ᠬᠠᠷᠠᠯᠲᠠ᠎ᠪᠠᠷ ᠪᠠᠷᠢᠮᠵᠢᠶᠠᠯᠠᠵᠤ  ᠂ ᠳᠤᠲᠠᠭᠤᠳᠠᠯ᠎ᠢ ᠨᠥᠬᠥᠪᠥᠷᠢᠯᠡᠵᠦ ᠪᠠᠭᠤᠷᠠᠶ ᠵᠢ ᠬᠦᠴᠦᠷᠬᠡᠭᠵᠢᠭᠦᠯᠬᠦ ᠲᠠᠯ᠎ᠠ᠎ᠪᠠᠷ ᠰᠢᠨ ᠎ᠡ ᠦᠷ᠎ᠡ ᠪᠦᠲᠦᠮᠵᠢ ᠤᠯᠪᠠ᠃
      ᠨᠢᠭᠡ᠎ᠳᠤ᠂ ᠪᠥᠬᠥ ᠣᠷᠣᠨ᠎ᠤ 106 ᠨᠠᠰᠤᠲᠠᠳ᠎ᠢ ᠠᠰᠠᠷᠠᠬᠤ ᠬᠦᠷᠢᠶᠡᠯᠡᠩ᠎ᠤᠨ 121 ᠨᠡᠭᠦᠷᠡᠰᠤᠨ ᠳᠤᠯᠠᠭ᠋ᠠᠯᠭ᠎ᠠ   ᠵᠢᠨ ᠵᠤᠤᠬ᠎ᠠ ᠪᠠ ᠬᠠᠭᠤᠷᠠᠶ ᠵᠣᠷᠯᠣᠩ᠎ᠤᠨ ᠠᠰᠠᠭᠤᠳᠠᠯ᠎ᠢ ᠪᠦᠬᠦᠨ᠎ᠢ ᠥᠭᠡᠷᠡᠴᠢᠯᠡᠵᠦ ᠳᠠᠭᠤᠰᠬᠠᠪᠠ᠃ ᠬᠣᠶᠠᠷ᠎ᠲᠤ᠂ 2019 ᠣᠨ᠎ᠳᠤ ᠤᠯᠤᠰ᠎ᠤᠨ ᠲᠠᠰ᠎ᠤᠨ ᠶᠠᠳᠠᠭᠤ ᠬᠦᠴᠢᠷᠳᠡᠯᠲᠡᠶ ᠬᠣᠰᠢᠭᠤ ᠰᠢᠶᠠᠨ ᠪᠠ ᠬᠢᠯᠢ ᠵᠢᠨ ᠬᠣᠰᠢᠭᠤ ᠬᠣᠲᠠ᠎ᠳᠤ 20 ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠡᠯᠡᠳᠬᠡᠯ ᠳᠦᠬᠦᠭᠡᠷᠤᠮᠵᠢ ᠪᠠᠶ᠋ᠢᠭᠤᠯᠬᠤ ᠵᠢ ᠳᠡᠮᠵᠢᠪᠡ᠃ ᠭᠤᠷᠪᠠ᠎ᠳᠤ᠂ ᠪᠥᠬᠥ ᠵᠢᠯ᠎ᠳᠤ 12 ᠤᠯᠤᠰ᠎ᠤᠨ ᠳᠡᠰ᠎ᠤᠨ ᠶᠠᠳᠠᠭᠤ ᠬᠦᠴᠢᠷᠳᠡᠯᠲᠡᠶ ᠬᠤᠰᠢᠭᠤ ᠰᠢᠶᠡᠨ ᠪᠠ ᠬᠢᠯᠢ ᠵᠢᠨ ᠬᠣᠰᠢᠭᠤ ᠰᠢᠶᠠᠨ᠎ᠤ ᠴᠢᠨᠲᠠᠷ ᠬᠠᠢ᠌ᠯᠭ᠋ᠠᠬᠤ ᠳᠦᠬᠦᠭᠡᠷᠤᠮᠵᠢ ᠵᠢ ᠰᠢᠨᠡᠳᠬᠡᠨ ᠥᠭᠡᠷᠡᠴᠢᠯᠡᠪᠡ᠃ ᠳᠥᠷᠪᠡ᠎ᠳᠤ᠂ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠭᠠᠯ ᠤᠨᠲᠠᠷᠠᠭ᠋ᠠᠬᠤ ᠠᠮᠤᠷ ᠳᠦᠪᠰᠢᠨ᠎ᠤ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠦ᠂ 52 ᠠᠮᠤᠷ ᠲᠦᠪᠰᠢᠨ᠎ᠤ ᠳᠠᠯᠳᠠ ᠭᠡᠮ  ᠎ᠢ ᠪᠦᠬᠦᠨ᠎ᠢ ᠴᠡᠭᠴᠡᠯᠡᠨ ᠵᠠᠰᠠᠪᠠ᠃  
     (ᠲᠦᠷᠪᠡ) ᠥᠭᠡᠷᠡᠴᠢᠯᠡᠯᠲᠡ ᠰᠢᠨᠡᠴᠢᠯᠡᠯᠲᠡ ᠵᠢᠨ ᠠᠵᠢᠯ ᠰᠢᠨ᠎ᠡ ᠦᠷ᠎ᠡ ᠪᠦᠲᠦᠮᠵᠢ ᠤᠯᠪᠠ᠃
      ᠨᠢᠭᠡ᠎ᠳᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠡᠭᠦᠷᠭᠡ   ᠵᠢ   ᠪᠦᠬᠦ ᠲᠠᠯ᠎ᠠ᠎ᠪᠠᠷ ᠪᠡᠶᠡᠯᠡᠭᠦᠯᠵᠠᠢ᠃ ᠬᠣᠶᠠᠷ᠎ᠲᠤ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ 2019 ᠣᠨ᠎ᠳᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠬᠡ ᠬᠠᠷᠢᠭᠤᠴᠠᠯᠭ᠎ᠠ ᠵᠢᠨ 87 ᠵᠦᠢ᠍ᠯ᠎ᠢ 25 ᠪᠣᠯᠭ᠋ᠠᠨ ᠪᠠᠭ᠋ᠠᠰᠬᠠᠪᠠ᠃ ᠭᠤᠷᠪᠠ᠎ᠳᠤ᠂ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠂ ᠬᠦᠨᠳᠡᠯᠡᠨ ᠲᠣᠭᠣᠷᠢᠭ᠂ ᠤᠯᠠᠭ᠋ᠠᠨᠬᠠᠳᠠ ᠬᠣᠲᠠ ᠵᠢᠨ ᠬᠤᠩᠱ᠌ᠠᠨ ᠲᠣᠭᠣᠷᠢᠭ᠂ ᠡᠷᠢᠶᠡᠨ ᠬᠣᠲᠠ ᠵᠢᠨ ᠨᠡᠶ᠋ᠢᠭᠡᠮ ᠲᠣᠭᠣᠷᠢᠭ᠎ᠤᠨ ᠵᠠᠰᠠᠯᠲᠠ ᠪᠠ ᠦᠢ᠍ᠯᠡᠴᠢᠯᠡᠭᠡᠨ  ᠎ᠤ   ᠰᠢᠨᠡᠴᠢᠯᠡᠯᠲᠡ ᠵᠢᠨ ᠲᠤᠷᠰᠢᠯᠭ᠎ᠠ ᠵᠢ ᠦᠷᠭᠦᠯᠵᠢᠯᠡᠨ ᠳᠡᠯᠭᠡᠷᠡᠭᠦᠯᠵᠦ᠂ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠸᠠᠨ ᠴᠢᠩ ᠵᠠᠮ᠎ᠤᠨ ᠵᠡᠭᠡᠯᠢ ᠭᠤᠳᠤᠮᠵᠢ ᠵᠢᠨ ᠴᠦᠨ ᠭᠤᠸᠠᠩ ᠨᠡᠶ᠋ᠢᠭᠡᠮ ᠲᠣᠭᠣᠷᠢᠭ᠎ᠤᠨ 《ᠲᠠᠪᠤ ᠵᠢ ᠨᠢᠭᠡᠲᠤᠭᠦᠯᠤᠭ᠌ᠰᠡᠨ》 ᠠᠷᠠᠳᠴᠢᠯᠠᠯ ᠵᠶ᠋ᠠᠷ ᠵᠥᠪᠳᠡᠯᠴᠡᠬᠦ ᠨᠡᠶ᠋ᠢᠭᠡᠮ ᠲᠣᠭᠣᠷᠢᠭ᠎ᠤᠨ ᠠᠳᠠᠯ ᠠᠬᠤᠶ ᠵᠢᠨ ᠬᠠᠮᠢᠶᠠᠷᠤᠯᠲᠠ ᠠᠩᠬᠠᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠬᠣᠲᠠ ᠵᠢᠨ ᠵᠠᠰᠠᠯᠲᠠ ᠵᠢᠨ ᠰᠢᠨ᠎ᠡ ᠵᠢ ᠡᠭᠦᠳᠦᠭᠰᠡᠨ ᠱᠠᠩᠨᠠᠯ》᠎ᠤᠨ ᠨᠡᠷ᠎ᠡ᠎ᠳᠤ ᠣᠷᠣᠭᠰᠠᠨ ᠱᠠᠩᠨᠠᠯ᠎ᠢ ᠭᠥᠷᠳᠡᠪᠡ᠃ ᠪᠥᠬᠥ ᠵᠢᠯ 28 ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ 《ᠠᠯᠪᠠᠨ᠎ᠠᠴᠠ ᠡᠷᠬᠢᠯᠡᠵᠤ ᠠᠷᠠᠳ᠎ᠠᠴᠠ ᠡᠵᠡᠩᠨᠡᠬᠦ》 ᠥᠭᠡᠷᠡᠴᠢᠯᠡᠯᠲᠡ ᠬᠢᠵᠠᠢ᠃ ᠮᠠᠨ᠎ᠤ ᠣᠷᠣᠨ᠎ᠤ 12349 ᠠᠷᠠᠳ᠎ᠲᠤ ᠲᠥᠬᠥᠮ ᠦᠵᠡᠭᠦᠯᠵᠦ ᠨᠠᠰᠤᠲᠠᠢ᠌ᠴᠤᠳ᠎ᠲᠤ ᠦᠢ᠍ᠯᠡᠴᠢᠯᠡᠬᠦ   ᠮᠡᠳᠡᠭᠡ ᠵᠠᠩᠭᠢ ᠵᠢᠨ ᠲᠠᠪᠴᠠᠩ᠎ᠢ ᠤᠯᠤᠰ᠎ᠤᠨ ᠠᠵᠤ ᠦᠢ᠍ᠯᠡᠳᠪᠤᠷᠢ   ᠪᠠ ᠮᠡᠳᠡᠭᠡ ᠵᠠᠩᠭᠢᠵᠢᠯᠲᠠ ᠵᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠪᠥᠬᠥ ᠤᠯᠤᠰ᠎ᠤᠨ ᠬᠣᠶᠠᠳᠤᠭ᠋ᠠᠷ ᠪᠦᠯᠦᠭ ᠣᠶᠤᠨᠴᠢ ᠡᠷᠡᠭᠦᠯ ᠮᠡᠨᠳᠦ ᠵᠢᠨ ᠨᠠᠰᠤᠵᠢᠯ᠎ᠤᠨ ᠠᠰᠠᠷᠠᠮᠵᠢ ᠵᠢᠨ ᠬᠡᠷᠡᠭᠯᠡᠭᠡᠨ᠎ᠤ ᠲᠤᠷᠰᠢᠯᠲᠠ ᠵᠢᠨ ᠴᠢᠭ   ᠪᠣᠯᠭ᠋ᠠᠪᠠ᠃
      ᠰᠢᠨ᠎ᠡ ᠪᠠᠢ᠌ᠳᠠᠯ᠂ ᠰᠢᠨ᠎ᠡ ᠡᠭᠦᠷᠭᠡ ᠪᠣᠯᠤᠨ ᠰᠢᠨ᠎ᠡ ᠱᠠᠭ᠋ᠠᠷᠳᠠᠯᠭ᠎ᠠ᠎ᠲᠠᠢ ᠬᠠᠷᠢᠴᠠᠭᠤᠯᠪᠠᠯ᠂ ᠮᠠᠨ᠎ᠤ ᠠᠵᠢᠯ᠎ᠳᠤ ᠪᠠᠰᠠ ᠡᠳᠦᠶ ᠲᠡᠳᠦᠶ ᠳᠤᠲᠠᠭᠤ ᠪᠠᠭᠤᠷᠠᠶ ᠲᠠᠯ᠎ᠠ ᠣᠷᠣᠰᠢᠵᠤ ᠪᠣᠢ᠄ ᠨᠢᠭᠡ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠬᠡᠮ ᠵᠢᠷᠤᠮ᠎ᠤᠨ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠰᠢᠰᠲ᠋ᠧᠮ᠎ᠲᠠᠢ᠂ ᠪᠣᠳᠠᠲᠠᠶ᠎ᠲᠠᠢ ᠤᠶᠠᠯᠳᠤᠭᠤᠯᠤᠨ ᠰᠤᠷᠤᠯᠴᠠᠨ ᠲᠤᠤᠱᠯᠠᠭᠤᠯᠬᠤ ᠲᠠᠯ᠎ᠠ᠎ᠪᠠᠷ ᠪᠠᠰᠠ ᠭᠦᠢ᠍ᠴᠡᠳ ᠥᠬᠡᠶ ᠪᠠᠶ᠋ᠢᠨ᠎ᠠ᠂ ᠰᠤᠷᠤᠯᠴᠠᠨ ᠣᠶ᠋ᠢᠯᠠᠭ᠋ᠠᠵᠤ ᠨᠡᠪᠲᠡᠷᠡᠲᠡᠯ᠎ᠡ ᠣᠶ᠋ᠢᠯᠠᠭ᠋ᠠᠵᠤ ᠪᠣᠳᠠᠲᠠᠢ᠌ᠵᠢᠭᠤᠯᠬᠤ ᠲᠠᠯ᠎ᠠ᠎ᠪᠠᠷ ᠪᠠᠰᠠ ᠵᠥᠷᠢᠶ᠎ᠡ᠎ᠲᠠᠢ ᠪᠠᠶ᠋ᠢᠨ᠎ᠠ᠃ ᠦᠵᠡᠯ ᠰᠠᠨᠠᠭ᠎ᠠ᠎ᠲᠠᠢ᠎ᠪᠠᠨ ᠤᠶᠠᠯᠳᠤᠭᠤᠯᠵᠤ᠂ ᠪᠣᠳᠠᠲᠤ ᠠᠵᠢᠯ᠎ᠲᠠᠢ᠎ᠪᠠᠨ ᠤᠶᠠᠯᠳᠤᠭᠤᠯᠤᠨ ᠰᠤᠷᠤᠯᠴᠠᠵᠤ᠂ ᠠᠰᠠᠭᠤᠳᠠᠯ᠎ᠢ ᠰᠢᠢ᠍ᠳᠪᠤᠷᠢᠯᠡᠬᠦ ᠲᠠᠯ᠎ᠠ᠎ᠪᠠᠷ ᠪᠠᠰᠠ ᠬᠦᠷᠦᠯᠴᠡᠬᠦ ᠦᠭᠡᠢ ᠪᠠᠶ᠋ᠢᠨ᠎ᠠ᠃ ᠬᠣᠶᠠᠷ᠎ᠲᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠬᠦᠭᠵᠢᠯᠲᠡ ᠵᠢ ᠠᠬᠢᠭᠤᠯᠬᠤ ᠲᠠᠯ᠎ᠠ᠎ᠪᠠᠷ ᠪᠠᠰᠠ ᠵᠥᠷᠢᠶ᠎ᠡ᠎ᠲᠠᠢ ᠪᠠ ᠬᠦᠷᠦᠯᠴᠡᠬᠦ ᠦᠭᠡᠢ ᠪᠠᠶ᠋ᠢᠨ᠎ᠠ᠃ ᠭᠤᠷᠪᠠ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠠᠬᠢ ᠳᠤᠲᠠᠭᠤ   ᠪᠠᠭᠤᠷᠠᠢ  ᠎ᠪᠠᠨ ᠰᠠᠢ᠌ᠵᠢᠷᠠᠭᠤᠯᠬᠤ ᠲᠠᠯ᠎ᠠ᠎ᠪᠠᠷ ᠪᠠᠰᠠ ᠬᠦᠷᠦᠯᠴᠡᠬᠦ ᠦᠭᠡᠢ ᠪᠠᠶ᠋ᠢᠨ᠎ᠠ᠃
      ᠬᠣᠶᠠᠷ᠂ 2020 ᠣᠨ᠎ᠤ ᠭᠣᠤᠯᠳᠠᠯᠭ᠎ᠠ᠎ᠲᠠᠢ ᠡᠭᠦᠷᠭᠡ ᠵᠢᠨ ᠲᠤᠬᠠᠶ
      ᠨᠢᠭᠡᠳᠦᠭᠡᠷ᠎ᠲᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠤᠭᠡᠨ ᠪᠠᠢ᠌ᠭᠤᠯᠬᠤ ᠰᠢᠢ᠍ᠳᠪᠦᠷᠢᠲᠦ ᠢᠯᠠᠯᠲᠠ ᠵᠢᠨ ᠵᠢᠯ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠶᠠᠪᠤᠳᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠨᠢᠭᠡ᠎ᠳᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠨᠠᠷᠢᠯᠢᠭ ᠨᠠᠶ᠋ᠢᠳᠠᠪᠤᠷᠢᠵᠢᠭᠤᠯᠬᠤ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠣᠶᠠᠷ ᠵᠦᠢ᠍ᠯ᠎ᠤᠨ ᠠᠵᠢᠯ᠎ᠢ ᠵᠦᠢ ᠵᠣᠬᠢᠰᠲᠠᠢ ᠵᠣᠯᠭ᠋ᠠᠯᠳᠤᠭᠤᠯᠤᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠷᠢᠨ ᠪᠣᠳᠠᠲᠠᠢ ᠨᠠᠶ᠋ᠢᠳᠠᠪᠤᠷᠢᠵᠢᠭᠤᠯᠤᠨ᠎ᠠ᠃ ᠬᠣᠶᠠᠷ᠎ᠲᠤ᠂ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠦᠮᠤᠰ᠎ᠤᠨ ᠦᠨᠳᠦᠰᠦᠨ ᠵᠦᠢ᠍ᠯ᠎ᠤᠨ ᠪᠠᠲᠤᠯᠠᠭ᠎ᠠ᠎ᠳᠤ ᠬᠢᠨᠠᠯᠲᠠ ᠲᠠᠯᠪᠢᠨ᠂ ᠨᠢᠭᠡ ᠬᠥᠮᠦᠨ ᠨᠢᠭᠡ ᠡᠷᠦᠬᠡ ᠵᠢ ᠴᠤ᠌ ᠬᠣᠴᠤᠷᠠᠭᠤᠯᠬᠤ ᠥᠬᠡᠶ᠎ᠪᠠᠷ   ᠪᠦᠭᠦᠳᠡ ᠵᠢ ᠪᠠᠲᠤᠯᠠᠨ᠎ᠠ᠃ ᠭᠤᠷᠪᠠ᠎ᠳᠤ᠂ ᠭᠡᠷ ᠪᠦᠯᠢ᠎ᠨᠢ ᠲᠦᠷ ᠴᠠᠭ᠎ᠤᠨ ᠴᠢᠨᠠᠷᠲᠠᠶ ᠬᠦᠴᠢᠷᠳᠡᠯ᠎ᠳᠤ ᠲᠤᠯᠭ᠋ᠠᠷᠠᠭᠰᠠᠨ ᠶᠠᠳᠠᠭᠤ ᠬᠦᠴᠢᠷᠳᠡᠯᠲᠡᠶ ᠬᠦᠮᠤᠰ᠎ᠲᠤ ᠴᠠᠭ ᠲᠤᠬᠠᠶ᠎ᠳᠤᠨᠢ ᠲᠦᠷ ᠴᠠᠭ᠎ᠤᠨ ᠳᠤᠰᠠᠯᠠᠮᠵᠢ ᠣᠯᠭᠣᠨ᠎ᠠ᠃ ᠲᠦᠷᠪᠡ᠎ᠳᠤ᠂ ᠶᠠᠳᠠᠭᠤ᠎ᠠᠴᠠ ᠠᠩᠭᠢᠵᠢᠷᠠᠭᠰᠠᠨ ᠴᠤ᠌ ᠬᠠᠷᠢᠭᠤᠴᠠᠯᠭ᠎ᠠ᠎ᠪᠠᠨ ᠰᠤᠯᠠᠷᠠᠭᠤᠯᠬᠤ ᠦᠭᠡᠢ᠂ ᠶᠠᠳᠠᠭᠤ᠎ᠠᠴᠠ ᠠᠩᠬᠢᠵᠢᠷᠠᠭᠰᠠᠨ   ᠴᠤ᠌ ᠬᠠᠪᠰᠤᠷᠤᠨ ᠲᠡᠳᠬᠦᠬᠦ  ᠎ᠪᠠᠨ ᠵᠣᠭᠰᠣᠭ᠋ᠠᠬᠤ ᠦᠭᠡᠢ᠂ ᠶᠠᠳᠠᠭᠤ᠎ᠠᠴᠠ ᠠᠩᠭᠢᠵᠢᠷᠠᠭᠰᠠᠨ ᠴᠤ᠌ ᠲᠦᠷᠦ ᠵᠢᠨ ᠪᠤᠳᠤᠯᠭ᠎ᠠ᠎ᠪᠠᠨ ᠬᠤᠪᠢᠷᠭ᠋ᠠᠬᠤ ᠦᠭᠡᠢ᠂ ᠶᠠᠳᠠᠭᠤ᠎ᠠᠴᠠ ᠠᠩᠭᠢᠵᠢᠷᠠᠭᠰᠠᠨ ᠴᠤ᠌ ᠬᠢᠨᠠᠯᠲᠠ ᠬᠠᠮᠢᠶᠠᠷᠤᠯᠲᠠ᠎ᠠᠴᠠ ᠰᠠᠯᠭ᠋ᠠᠬᠤ ᠦᠭᠡᠢ ᠪᠠᠶ᠋ᠢᠬᠤ ᠵᠢ ᠪᠠᠷᠢᠮᠲᠠᠯᠠᠨ᠎ᠠ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ 《ᠠᠭ᠋ᠠᠵᠢᠮ ᠵᠶ᠋ᠠᠷ ᠤᠬᠤᠷᠢᠵᠤ ᠭᠠᠷᠬᠤ》 ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠦᠨᠳᠦᠰᠦᠨ ᠵᠦᠢ᠍ᠯ᠎ᠢ ᠰᠠᠶ᠋ᠢᠲᠤᠷ ᠪᠠᠲᠤᠯᠠᠬᠤ ᠬᠡᠷᠡᠭᠲᠡᠶ᠃ ᠲᠠᠪᠤ᠎ᠳᠤ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ   ᠠᠵᠢᠯᠯᠠᠭ᠋ᠠᠨ᠎ᠤ ᠬᠡᠷᠡᠭᠵᠢᠭᠦᠯᠬᠦ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠠᠷᠠᠳ᠎ᠤᠨ ᠶᠠᠪᠤᠳᠠᠯ᠎ᠤᠨ ᠲᠦᠷᠦ ᠵᠢᠨ ᠪᠤᠳᠤᠯᠭ᠎ᠠ ᠵᠢᠨ ᠪᠡᠯᠡ ᠮᠥᠩᠭᠥ ᠵᠢᠨ ᠲᠦᠷᠦᠯ ᠵᠦᠢ᠍ᠯ᠎ᠢ ᠣᠨᠴᠠ ᠬᠦᠴᠢᠷᠳᠡᠯᠲᠡᠢ ᠭᠠᠵᠠᠷ ᠣᠷᠣᠨ ᠪᠠ ᠶᠠᠳᠠᠭᠤ ᠬᠦᠴᠢᠷᠳᠡᠯᠲᠡᠢ ᠤᠯᠠᠨ ᠲᠦᠮᠡᠨ ᠲᠡᠰᠢ ᠬᠡᠯᠪᠡᠶ᠋ᠢᠯᠭᠡᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠤᠨ᠎ᠠ᠃
      ᠬᠣᠶᠠᠳᠤᠭ᠋ᠠᠷ᠎ᠲᠤ᠂ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠨᠢᠭᠡ᠎ᠳᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠬᠥᠭᠵᠢᠯᠲᠡ ᠵᠢᠨ ᠬᠢᠷᠢ ᠳᠦᠪᠰᠢᠨ᠎ᠯᠦᠭᠡ ᠵᠣᠬᠢᠴᠠᠭᠤᠯᠵᠤ᠂ ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠬᠠᠷᠠᠭ᠋ᠠᠯᠵᠠᠬᠤ ᠵᠡᠷᠭᠡ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠬᠢᠷᠢ ᠳᠦᠪᠰᠢᠨ ᠵᠶ᠋ᠠᠨ ᠵᠦᠶ ᠵᠣᠬᠢᠰᠲᠠᠢ ᠳᠡᠭᠡᠭᠰᠢᠯᠡᠭᠦᠯᠤᠨ᠎ᠠ᠃ ᠬᠣᠰᠢᠭᠤ ᠰᠢᠶᠠᠨ᠎ᠤ᠎ᠬᠢᠨ ᠳᠡᠭᠡᠭᠰᠢ ᠮᠡᠳᠡᠭᠦᠯᠵᠦ ᠬᠢᠨᠠᠨ ᠵᠦᠪᠰᠢᠶᠡᠷᠡᠭᠦᠯᠬᠦ   ᠠᠵᠢᠯ ᠵᠶ᠋ᠠᠨ ᠰᠠᠶ᠋ᠢᠲᠤᠷ ᠰᠢᠪᠠᠳᠠᠨ ᠬᠢᠬᠦ ᠬᠡᠷᠡᠭᠲᠡᠶ᠃ ᠬᠣᠶᠠᠷ᠎ᠲᠤ᠂ ᠬᠢᠵᠢᠭ᠎ᠠᠴᠠ ᠪᠣᠯᠵᠤ᠂ ᠡᠪᠡᠳᠴᠢᠨ᠎ᠠᠴᠠ ᠪᠣᠯᠵᠤ᠂ ᠭᠠᠮᠰᠢᠭ᠎ᠠᠴᠠ ᠪᠣᠯᠵᠤ᠂ ᠵᠡᠮᠳᠡᠭ᠎ᠠᠴᠠ ᠪᠣᠯᠵᠤ᠂ ᠰᠤᠷᠤᠯᠭ᠎ᠠ᠎ᠠᠴᠠ ᠪᠣᠯᠵᠤ ᠦᠨᠳᠦᠰᠦᠨ ᠠᠮᠢᠳᠤᠷᠠᠯ᠎ᠨᠢ ᠬᠦᠴᠢᠷᠳᠡᠯ᠎ᠳᠤ ᠤᠴᠠᠷᠠᠭᠰᠠᠨ ᠣᠯᠠᠨ ᠲᠦᠮᠡᠨ᠎ᠢ ᠴᠠᠭ ᠲᠤᠬᠠᠶ᠎ᠳᠤᠨᠢ ᠳᠤᠰᠠᠯᠠᠬᠤ ᠬᠡᠷᠡᠭᠲᠠᠢ᠃ ᠭᠤᠷᠪᠠ᠎ᠳᠤ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ᠂ ᠪᠣᠳᠠᠲᠠᠶ ᠠᠰᠠᠷᠠᠨ ᠬᠠᠷᠠᠭ᠋ᠠᠯᠵᠠᠬᠤ ᠬᠥᠮᠦᠨ ᠥᠬᠡᠶ ᠬᠡᠤᠬᠡᠳ᠎ᠲᠤ ᠳᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠍ᠳᠠᠪᠤᠷᠢᠵᠢᠭᠤᠯᠤᠨ᠂ ᠵᠡᠮᠳᠡᠭᠴᠦᠳ᠎ᠤᠨ 《ᠬᠣᠶᠠᠷ ᠨᠥᠬᠥᠪᠥᠷᠢ》 ᠵᠢᠨ ᠳᠦᠷᠢᠮ᠎ᠢ   ᠴᠢᠩᠭ᠎ᠠ ᠬᠡᠷᠡᠭᠵᠢᠭᠦᠯᠬᠦ ᠬᠡᠷᠡᠭᠲᠡᠶ᠃ ᠳᠥᠷᠪᠡ᠎ᠳᠤ ᠨᠡᠶ᠋ᠢᠭᠡᠮ᠎ᠤᠨ ᠳᠤᠰᠠᠯᠠᠮᠵᠢ ᠪᠠᠲᠤᠯᠠᠭ᠎ᠠ ᠵᠢᠨ ᠪᠠᠷᠢᠮᠵᠢᠶ᠎ᠠ ᠵᠢ ᠡᠳ᠋ ᠪᠠᠷᠠᠭ᠋ᠠᠨ᠎ᠤ ᠦᠨ᠎ᠡ   ᠦᠰᠤᠯᠲᠡ᠎ᠲᠠᠢ ᠬᠣᠯᠪᠣᠭᠳᠠᠭᠤᠯᠬᠤ ᠲᠣᠭᠲᠠᠴᠠ ᠵᠢ ᠰᠠᠶ᠋ᠢᠲᠤᠷ ᠨᠠᠢ᠍ᠳᠠᠪᠤᠷᠢᠵᠢᠭᠤᠯᠬᠤ ᠬᠡᠷᠡᠭᠲᠠᠢ᠃   ᠲᠠᠪᠤ᠎ᠳᠤ᠂ ᠨᠡᠶ᠋ᠢᠭᠡᠮ᠎ᠤᠨ   ᠳᠤᠰᠠᠯᠠᠮᠵᠢ ᠵᠢᠨ ᠠᠵᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃  
      ᠭᠤᠷᠪᠠᠳᠤᠭ᠋ᠠᠷ᠎ᠲᠤ᠂ ᠨᠡᠶ᠋ᠢᠭᠡᠮ᠎ᠤᠨ ᠦᠢ᠍ᠯᠡᠴᠢᠯᠡᠭᠡ ᠪᠠ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠢᠭᠡ᠎ᠳᠤ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠲᠦᠷᠭᠡᠳᠬᠡᠨ ᠪᠠᠶ᠋ᠢᠭᠤᠯᠤᠨ᠎ᠠ᠃ ᠣᠳᠣᠬᠠᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠪᠣᠯᠤᠨ ᠬᠡᠷᠡᠭᠴᠡᠭᠡᠨ᠎ᠳᠤ   ᠣᠷᠣᠰᠢᠵᠤ ᠪᠠᠶ᠋ᠢᠭ᠎ᠠ ᠪᠦᠲᠦᠴᠡ ᠵᠢᠨ ᠴᠢᠨᠠᠷᠲᠠᠶ ᠵᠥᠷᠢᠴᠡᠯ᠎ᠢ ᠬᠦᠴᠦᠯᠡᠨ ᠰᠢᠢ᠍ᠳᠪᠤᠷᠢᠯᠡᠨ᠎ᠡ᠃ ᠬᠣᠶᠠᠷ᠎ᠲᠤ᠂ ᠲᠥᠷᠥᠯ ᠬᠤᠪᠢᠶᠠᠨ ᠵᠢᠯᠣᠭᠣᠳᠴᠤ᠂ ᠠᠷᠠᠳ᠎ᠠᠴᠠ ᠡᠷᠬᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠳᠠᠮᠵᠢ ᠵᠢ ᠲᠡᠭᠦᠯᠳᠡᠷᠵᠢᠭᠦᠯᠤᠨ᠂   ᠦᠢ᠍ᠯᠡᠴᠢᠯᠡᠭᠡ ᠵᠢ᠎ᠨᠢ ᠰᠢᠯᠢᠳᠡᠭᠵᠢᠭᠦᠯᠦᠨ᠎ᠡ᠃ ᠭᠤᠷᠪᠠ᠎ᠳᠤ᠂ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠠᠯᠠᠪᠤᠷ ᠪᠠ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠳᠬᠤᠵᠤ᠂ ᠬᠥᠬᠡᠬᠣᠲᠠ᠂ ᠪᠤᠭᠤᠲᠤ᠂ ᠦᠬᠠᠢ ᠪᠠ ᠤᠯᠠᠭ᠋ᠠᠨᠬᠠᠳᠠ ᠵᠢᠨ ᠭᠡᠷ᠎ᠲᠤ᠎ᠪᠠᠨ ᠠᠰᠠᠷᠠᠭᠤᠯᠬᠤ ᠦᠢ᠍ᠯᠡᠴᠢᠯᠡᠭᠡᠨ᠎ᠤ ᠲᠤᠷᠰᠢᠯᠲᠠ ᠵᠢᠨ ᠠᠵᠢᠯ᠎ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠳᠥᠷᠪᠡ᠎ᠳᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠷᠢᠮᠵᠢᠶ᠎ᠠ ᠵᠢᠨ ᠬᠡᠷᠡᠭᠵᠢᠭᠦᠯᠦᠯᠲᠡ ᠪᠠ ᠠᠰᠠᠷᠠᠭᠴᠢ   ᠵᠢᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠨ᠎ᠠ᠃ ᠲᠠᠪᠤ᠎ᠳᠤ᠂ ᠲᠣᠭᠲᠠᠴᠠ ᠵᠢ ᠰᠢᠯᠤᠭᠤᠳᠬᠠᠵᠤ  ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠡᠮᠨᠡᠨ ᠰᠤᠪᠢᠯᠠᠬᠤ ᠠᠰᠠᠷᠠᠨ ᠡᠷᠡᠭᠦᠯᠵᠢᠭᠦᠯᠬᠦ ᠤᠶᠠᠯᠳᠤᠯ᠎ᠢ ᠠᠬᠢᠭᠤᠯᠤᠨ᠎ᠠ᠃ ᠵᠢᠷᠭᠤᠭ᠎ᠠ᠎ᠳᠤ᠂   ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠪᠠ ᠨᠡᠶ᠋ᠢᠭᠡᠮ ᠲᠣᠭᠣᠷᠢᠭ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠨ᠎ᠠ᠃ ᠳᠣᠯᠣᠭ᠎ᠠ᠎ᠳᠤ᠂ ᠬᠠᠤᠯᠢ ᠲᠣᠭᠲᠠᠭ᠋ᠠᠯ ᠶᠣᠰᠣᠭ᠋ᠠᠷ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠵᠢᠷᠤᠮᠵᠢᠭᠰᠠᠨ   ᠬᠠᠮᠢᠶᠠᠷᠤᠯᠲᠠ ᠵᠢ ᠴᠢᠩᠭ᠋ᠠᠳᠬᠠᠨ᠎ᠠ᠃ ᠨᠠᠢ᠍ᠮᠠ᠎ᠳᠤ᠂ ᠤᠷᠤᠭ ᠳᠠᠩᠰᠠᠯᠠᠬᠤ᠂ ᠣᠷᠣᠰᠢᠭᠤᠯᠭ᠎ᠠ ᠵᠡᠷᠭᠡ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠦᠷᠭᠦᠯᠵᠢᠯᠡᠨ ᠰᠠᠶ᠋ᠢᠲᠤᠷ ᠬᠢᠵᠦ᠂ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠳᠤᠲᠠᠭᠤᠳᠠᠯ ᠵᠶ᠋ᠠᠨ ᠨᠥᠬᠥᠪᠥᠷᠢᠯᠡᠨ᠎ᠡ᠃ ᠶᠢᠰᠦ᠎ᠳᠤ᠂ ᠨᠢᠭᠦᠯᠡᠰᠦᠩᠭᠦᠶ ᠵᠢᠨ ᠨᠡᠶ᠋ᠢᠭᠡᠮ᠎ᠤᠨ ᠠᠵᠢᠯᠲᠠᠨ ᠪᠠ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ   ᠵᠡᠷᠭᠡ ᠡᠯ᠎ᠡ ᠵᠦᠢ᠍ᠯ᠎ᠤᠨ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠬᠢᠨ᠎ᠡ᠃
      ᠳᠥᠷᠪᠡᠳᠦᠭᠡᠷ᠎ᠲᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠰᠠᠭᠤᠷᠢ ᠠᠵᠢᠯ ᠪᠠ ᠦᠨᠳᠦᠰᠦᠨ ᠱᠠᠲᠤᠨ᠎ᠤ ᠠᠵᠢᠯ᠎ᠢ ᠴᠢᠩᠭ᠋ᠠᠳᠬᠠᠨ᠎ᠠ᠃ ᠨᠢᠭᠡ᠎ᠳᠤ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠡᠯ᠎ᠡ ᠵᠦᠢ᠍ᠯ ᠎ᠤᠨ ᠲᠦᠷᠦ ᠵᠢᠨ ᠪᠤᠳᠤᠯᠭ᠎ᠠ᠂ ᠲᠦᠷᠢᠮ᠂ ᠲᠣᠭᠲᠠᠴᠠ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠶ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃ ᠬᠣᠶᠠᠷ᠎ᠲᠤ᠂ ᠠᠷᠠᠳ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠭᠤᠷᠪᠠ᠎ᠳᠤ᠂ ᠦᠨᠳᠦᠰᠦᠨ ᠱᠠᠲᠤᠨ᠎ᠤ ᠭᠠᠷᠲᠠᠨ ᠭᠦᠢ᠍ᠴᠡᠳᠬᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠲᠦᠷᠪᠡ᠎ᠳᠤ᠂ ᠠᠷᠠᠳ᠎ᠤᠨ ᠶᠠᠪᠤᠳᠠᠯ᠎ᠤᠨ ᠦᠢ᠍ᠯᠡᠰ ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠣᠪᠵᠢᠭᠦᠯᠭᠡ ᠵᠢ ᠡᠬᠢᠯᠡᠨ ᠨᠠᠶ᠋ᠢᠷᠠᠭᠤᠯᠤᠨ ᠵᠣᠬᠢᠶᠠᠵᠤ᠂ ᠬᠥᠭᠵᠢᠯᠲᠡ ᠵᠢᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ ᠲᠠᠪᠤ᠎ᠳᠤ᠂ ᠠᠷᠠᠳ᠎ᠤᠨ ᠶᠠᠪᠤᠳᠠᠯ᠎ᠤᠨ ᠣᠨᠣᠯ᠂ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠂ ᠰᠣᠨᠢᠨ ᠮᠡᠳᠡᠭᠡ ᠤᠬᠠᠭᠤᠯᠭ᠎ᠠ᠂ ᠵᠠᠬᠢᠳᠠᠯ ᠰᠤᠷᠪᠤᠯᠵᠢᠯᠠᠭ᠎ᠠ᠂ ᠨᠢᠭᠤᠴᠠ ᠵᠢ ᠬᠠᠮᠠᠭ᠋ᠠᠯᠠᠬᠤ ᠪᠠ ᠠᠶᠤᠯᠭᠦᠶ ᠦᠢ᠍ᠯᠡᠳᠪᠤᠷᠢᠯᠡᠯ᠎ᠤᠨ ᠠᠵᠢᠯ ᠎ᠢ ᠨᠢᠭᠡᠳᠤᠯᠲᠠᠢ ᠲᠦᠯᠣᠪᠯᠡᠨ ᠰᠠᠢ᠌ᠲᠤᠷ ᠠᠳᠬᠤᠨ᠎ᠠ᠃
      ᠭᠤᠷᠪᠠ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢ ᠴᠥᠬᠥᠷᠡᠰᠢ ᠥᠬᠡᠶ ᠠᠳᠬᠤᠵᠤ  ᠂ ᠠᠷᠠᠳ᠎ᠤᠨ ᠶᠠᠪᠤᠳᠠᠯ᠎ᠤᠨ ᠦᠢ᠍ᠯᠡᠰ  ᠎ᠤᠨ ᠬᠥᠭᠵᠢᠯᠲᠡ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠨ᠎ᠠ
      ᠨᠢᠭᠡ᠎ᠳᠤ᠂ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠠᠢ  ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ  ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠵᠤ᠂ ᠲᠡᠭᠦᠨ ᠵᠶ᠋ᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠣᠭᠣᠳᠤᠭᠤᠯᠵᠤ᠂ ᠠᠵᠢᠯ ᠵᠶ᠋ᠠᠨ ᠠᠬᠢᠭᠤᠯᠬᠤ ᠬᠡᠷᠡᠭᠲᠡᠢ᠃ ᠬᠣᠶᠠᠷ᠎ᠲᠤ᠂ ᠤᠯᠤᠰ ᠲᠦᠷᠦ ᠵᠢᠨ ᠪᠠᠶ᠋ᠢᠭᠤᠯᠤᠯᠲᠠ᠎ᠪᠠᠷ   ᠶᠡᠷᠤᠩᠬᠡᠢ ᠵᠢᠯᠣᠭᠣᠳᠣᠭᠤᠯᠭ᠎ᠠ ᠪᠣᠯᠭ᠋ᠠᠨ ᠂ ᠨᠠᠮ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ ᠬᠡᠷᠡᠭᠲᠡᠶ᠃ ᠤᠯᠤᠰ ᠲᠥᠷᠥ ᠵᠢᠨ ᠵᠣᠭᠰᠣᠴᠠ᠎ᠪᠠᠨ   ᠳᠡᠭᠡᠭᠰᠢᠯᠡᠭᠦᠯᠬᠦ᠂ ᠤᠯᠤᠰ ᠲᠥᠷᠥ ᠵᠢᠨ ᠴᠢᠭᠯᠡᠯ ᠵᠶ᠋ᠠᠨ ᠵᠥᠪ ᠡᠵᠡᠮᠳᠡᠬᠦ᠂ ᠤᠯᠤᠰ ᠲᠥᠷᠥ ᠵᠢᠨ ᠵᠣᠭᠰᠣᠯᠲᠠ᠎ᠪᠠᠨ ᠪᠠᠲᠤᠳᠬᠠᠬᠤ᠂ ᠤᠯᠤᠰ ᠲᠥᠷᠥ ᠵᠢᠨ ᠣᠪᠣᠷ ᠵᠶ᠋ᠠᠨ ᠲᠣᠳᠤ ᠪᠣᠯᠭ᠋ᠠᠬᠤ᠂ ᠤᠯᠤᠰ ᠲᠥᠷᠥ ᠵᠢᠨ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠵᠡᠷᠭᠡ ᠱᠠᠭ᠋ᠠᠷᠳᠠᠯᠭ᠎ᠠ ᠵᠢ ᠢᠮᠠᠭᠲᠠ ᠬᠡᠷᠡᠭᠵᠢᠭᠦᠯᠤᠨ᠎ᠡ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷᠴᠤᠳ᠎ᠤᠨ ᠦᠵᠡᠯ ᠰᠠᠨᠠᠭ᠎ᠠ᠂ ᠵᠣᠬᠢᠶᠠᠨ ᠪᠠᠶ᠋ᠢᠭᠤᠯᠤᠯᠲᠠ᠂ ᠣᠪᠣᠷ ᠰᠤᠷᠲᠠᠯ᠂ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠨᠢᠭᠲᠠᠷᠠᠯ᠎ᠤᠨ ᠬᠦᠴᠦᠨ᠂ ᠪᠦᠲᠦᠭᠡᠯᠴᠢ ᠬᠦᠴᠦᠨ᠂ ᠳᠠᠢ᠌ᠴᠢᠨ ᠬᠦᠴᠦᠨ ᠵᠶ᠋ᠠᠨ ᠳᠡᠭᠡᠭᠰᠢᠯᠡᠭᠦᠯᠦᠨ᠎ᠡ᠃   ᠭᠤᠷᠪᠠ᠎ᠳᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠲᠠᠪᠤᠷᠢᠵᠢᠭᠤᠯᠵᠤ᠂ 《ᠲᠦᠷᠪᠡᠨ ᠤᠬᠠᠮᠰᠠᠷ》 ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠵᠤ  ᠂ 《ᠲᠦᠷᠪᠡᠨ ᠢᠲᠡᠭᠡᠯ》 ᠵᠶ᠋ᠠᠨ ᠪᠠᠲᠤᠳᠬᠠᠨ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠎ᠡ᠃ ᠳᠥᠷᠪᠡ᠎ᠳᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ   ᠪᠠᠢ᠌ᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠢ ᠭᠦᠨᠵᠡᠭᠡᠶ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠰᠡᠷᠭᠡᠶ᠋ᠢᠯᠡᠨ ᠲᠡᠪᠴᠢᠵᠦ᠂ ᠣᠯᠠᠨ ᠲᠦᠮᠡᠨ᠎ᠤ ᠳᠡᠷᠭᠡᠳᠡᠬᠢ ᠢᠯᠵᠠᠷᠠᠯ ᠪᠣᠯᠤᠨ ᠣᠪᠣᠷ ᠰᠤᠷᠲᠠᠯ᠎ᠤᠨ ᠠᠰᠠᠭᠤᠳᠠᠯ᠂ ᠶᠠᠳᠠᠭᠤ ᠵᠢ ᠲᠡᠳᠬᠦᠬᠦ ᠬᠦᠷᠢᠶᠡᠨ᠎ᠳᠠᠬᠢ ᠢᠯᠵᠠᠷᠠᠯ ᠪᠣᠯᠤᠨ ᠰᠤᠷᠲᠠᠯ᠎ᠤᠨ ᠠᠰᠠᠭᠤᠳᠠᠯ᠎ᠢ ᠴᠢᠩᠭ᠎ᠠ ᠴᠡᠭᠴᠡᠯᠡᠨ ᠵᠠᠰᠠᠨ᠎ᠠ  ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ
ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ ᠬᠦᠴᠢᠷᠳᠡᠯ᠎ᠢ ᠮᠠᠨ᠎ᠤ ᠤᠷᠤᠨ ᠨᠠᠢ᠍ᠮᠨᠨ ᠠᠷᠭ᠎ᠠ᠎ᠪᠠᠷ ᠰᠢᠢ᠍ᠳᠪᠤᠷᠢᠯᠡᠵᠤ ᠪᠠᠢ᠌ᠨ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ 《ᠪᠢ ᠤᠯᠠᠨ ᠲᠦᠮᠡᠨ᠎ᠳᠤ ᠪᠤᠳᠠᠳᠠᠢ ᠶᠠᠪᠤᠳᠠᠯ ᠬᠢᠵᠤ ᠦᠭᠭᠦᠨ᠎ᠡ》 ᠦᠢ᠍ᠯᠡᠳᠤᠯᠬᠡ ᠵᠢᠨ ᠠᠵᠢᠯᠯᠠᠭ᠎ᠠ ᠵᠢᠨ ᠰᠠᠨᠠᠯ ᠰᠠᠨᠠᠭᠤᠯᠭ᠎ᠠ ᠬᠦᠰᠡᠬᠦ ᠠᠯᠪᠠᠨ ᠵᠠᠷ
ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠠᠩᠬᠢᠮ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢᠨ ᠠᠵᠢᠯ᠎ᠤᠨ ᠵᠢᠯᠤᠭᠤᠳᠤᠮᠵᠢ》 ᠨᠡᠢ᠌ᠲᠡᠯᠡᠵᠦ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠬᠦᠭᠵᠢᠭᠦᠯᠬᠦ᠎ᠪᠠᠷ ᠲᠤᠭᠲᠠᠪᠠ
ᠡᠯ᠎ᠡ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠲᠢᠡᠭᠭᠢᠮ (ᠲᠤᠪᠴᠢᠶ᠎ᠠ)᠂ ᠠᠰᠳᠠᠭ᠋ᠠᠨ ᠲᠦᠯᠦᠪᠯᠡᠬᠡ ᠬᠢᠬᠦ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠰᠢᠨᠵᠢᠶᠠᠡᠭ᠎ᠤᠨ ᠦᠢ᠍ᠯᠡᠳᠪᠤᠷᠢᠯᠡᠯ᠎ᠤᠨ ᠪᠦᠳᠦᠬᠡᠨ ᠪᠠᠢ᠌ᠭᠤᠯᠤᠯᠳᠠ ᠵᠢᠨ ᠪᠢᠡᠭᠲ᠋ᠤᠸᠠᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ᠎ᠳᠤ᠄
 
            