ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄ 2020-07-22

          ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ

                      ᠴᠧᠨ ᠵᠢᠶᠧ

                     (2020 ᠣᠨ᠎ᠤ 4 ᠰᠠᠷ᠎ᠠ ᠵᠢᠨ 10᠎ᠤ ᠠ᠋ᠳᠦᠷ)

      ᠪᠢ ᠭᠤᠷᠪᠠᠨ ᠰᠠᠨᠠᠯ ᠶᠠᠷᠢᠶ᠎ᠠ᠃
      ᠨᠢᠭᠡ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠤ᠂ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠤᠯᠤᠰ ᠲᠦᠷᠤ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠠ ᠠᠵᠢᠯᠯᠠᠭ᠋ᠠᠨ᠎ᠤ ᠤᠬᠠᠮᠰᠠᠷ ᠵᠶ᠋ᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠠᠢ
      ᠶᠡᠷᠦᠩᠬᠡᠶ ᠱᠦᠵᠢ ᠰᠢ ᠵᠢᠨ ᠫᠢᠩ᠎ᠠᠴᠠ 《2020 ᠣᠨ ᠪᠣᠯᠬᠤ᠎ᠳᠤ ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠣᠨ᠎ᠤ ᠶᠠᠳᠠᠭᠤ ᠬᠦᠴᠢᠷᠳᠡᠯᠲᠡᠢ ᠬᠦᠮᠤᠰ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ ᠪᠣᠯ ᠨᠠᠮ᠎ᠤᠨ ᠲᠥᠪ ᠬᠣᠷᠢᠶ᠎ᠠ᠎ᠠᠴᠠ ᠪᠦᠬᠦ ᠤᠯᠤᠰ᠎ᠤᠨ ᠠᠷᠠᠳ ᠲᠦᠮᠡᠨ᠎ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠠ᠋ᠷᠬᠡᠪᠰᠢ ᠲᠣᠭᠲᠠᠭᠰᠠᠨ ᠬᠤᠭᠤᠴᠠᠭ᠋ᠠᠨ᠎ᠳᠠᠭᠠᠨ ᠪᠡᠶᠡᠯᠡᠭᠦᠯᠬᠦ ᠬᠡᠷᠡᠭᠲᠡᠶ᠃ ᠠ᠋ᠨᠡ ᠪᠣᠯ ᠬᠠᠲᠠᠭᠤ ᠪᠠᠶ᠋ᠢᠯᠳᠤᠭ᠋ᠠᠨ ᠮᠥᠨ᠃ ᠠ᠋ᠨᠡ ᠬᠦ᠌ ᠬᠥᠪᠴᠢ ᠵᠢ ᠡᠴᠤᠰ᠎ᠤᠨ ᠡᠴᠤᠰ ᠪᠣᠯᠲᠠᠯ᠎ᠠ ᠴᠢᠩᠭ᠋ᠠᠯᠠᠬᠤ ᠬᠡᠷᠡᠭᠲᠡᠶ᠂ ᠵᠣᠭᠰᠣᠵᠤ ᠪᠣᠯᠬᠤ ᠥᠬᠡᠶ᠂ ᠬᠠᠭᠤᠮᠠᠭ᠋ᠠᠢ ᠪᠠᠶ᠋ᠢᠵᠤ ᠪᠣᠯᠬᠤ ᠥᠬᠡᠶ᠂ ᠰᠤᠯᠠᠷᠠᠭᠤᠯᠵᠤ ᠪᠣᠯᠬᠤ ᠥᠬᠡᠶ᠃》 ᠭᠡᠵᠤ ᠣᠯᠠᠨᠲᠠ ᠵᠢᠭ᠋ᠠᠪᠤᠷᠢᠯᠠᠭᠰᠠᠨ ᠶᠤᠮ᠃
      ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠶᠠᠪᠤᠳᠠᠯ᠎ᠤᠨ ᠬᠦᠷᠢᠶ᠎ᠡ ᠬᠡᠪᠴᠢᠶᠡᠨ᠎ᠳᠠᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠲᠤᠬᠠᠢ ᠪᠣᠳᠠᠲᠠᠢ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭ᠋ᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠠᠵᠢᠯ᠎ᠢ ᠠᠬᠢᠭᠤᠯᠬᠤ ᠠᠵᠢᠯᠯᠠᠭ᠋ᠠᠨ᠎ᠤ᠎ᠪᠠᠨ ᠵᠦᠭᠯᠡᠭᠦᠷ ᠪᠠ ᠦᠨᠳᠦᠰᠦᠨ ᠵᠢᠷᠤᠮᠯᠠᠯ ᠪᠣᠯᠭ᠋ᠠᠵᠤ᠂ ᠤᠬᠠᠮᠰᠠᠷ᠎ᠠᠴᠠ᠎ᠪᠠᠨ 《ᠳᠥᠷᠪᠡᠨ ᠤᠬᠠᠮᠰᠠᠷ》᠎ᠢ ᠦᠢ᠍ᠯᠡᠳᠦᠯᠭᠡᠵᠢᠭᠦᠯᠬᠦ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠤᠯᠤᠰ ᠲᠥᠷᠥ ᠵᠢᠨ ᠦᠨᠳᠤᠷᠴᠡ᠎ᠠᠴᠠ ᠣᠶ᠋ᠢᠯᠠᠭ᠋ᠠᠨ ᠡᠵᠡᠮᠰᠢᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠠᠢ᠃
      ᠬᠣᠶᠠᠷ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠭᠣᠣᠯᠳᠠᠯᠭ᠎ᠠ᠎ᠲᠠᠢ ᠠ᠋ᠭᠦᠷᠭᠡ ᠵᠢ ᠣᠨᠣᠪᠴᠢᠲᠠᠶ ᠡᠵᠡᠮᠳᠡᠵᠦ᠂ ᠬᠦᠴᠦᠨ ᠵᠶ᠋ᠠᠨ ᠲᠥᠪᠯᠡᠷᠡᠭᠦᠯᠦᠨ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠠᠢ
     (ᠨᠢᠭᠡ) ᠨᠡᠶ᠋ᠢᠭᠡᠮ᠎ᠤᠨ ᠳᠤᠰᠠᠯᠠᠮᠵᠢ ᠵᠢᠨ ᠦᠨᠳᠦᠰᠦᠨ ᠵᠦᠢ᠍ᠯ᠎ᠤᠨ ᠪᠠᠲᠤᠯᠠᠭ᠎ᠠ ᠵᠢ ᠤᠯᠠᠮ ᠨᠢᠭᠡ ᠠᠯᠬᠤᠮ ᠰᠠᠶ᠋ᠢᠲᠤᠷ ᠬᠢᠬᠦ ᠬᠡᠷᠡᠭᠲᠡᠶ᠃
     3 ᠳ᠋ᠤᠭ᠋ᠠᠷ ᠰᠠᠷ᠎ᠠ ᠵᠢᠨ 27᠎ᠤ ᠠ᠋ᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠶᠠᠳᠠᠭᠤ ᠵᠢ ᠲᠡᠳᠬᠦᠬᠦ ᠠᠯᠪᠠᠨ ᠭᠡᠷ᠎ᠠᠴᠠ 《᠎ᠨᠡᠶᠢᠬᠡᠨ᠎ᠤᠨ ᠳᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠠᠯᠢ ᠣᠯᠠᠨ ᠠᠵᠢᠯ᠎ᠤᠨ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠂ ᠨᠥᠬᠥᠴᠡᠯ᠎ᠳᠤ ᠨᠡᠶ᠋ᠢᠴᠡᠬᠦ ᠶᠠᠳᠠᠭᠤ ᠬᠦᠴᠢᠷᠳᠡᠯᠲᠡᠶ ᠬᠦᠮᠤᠰ᠎ᠢ ᠪᠦᠬᠦᠨ᠎ᠢ ᠪᠠᠲᠤᠯᠠᠭ᠎ᠠ ᠵᠢᠨ ᠬᠡᠪᠴᠢᠶᠡᠨ᠎ᠳᠤ ᠦᠨᠡᠨᠬᠦ ᠣᠷᠣᠭᠤᠯᠤᠨ ᠪᠠᠲᠤᠯᠠᠵᠤ᠂ ᠡᠯ᠎ᠡ ᠵᠦᠢ᠍ᠯ᠎ᠤᠨ ᠳᠤᠰᠠᠯᠠᠮᠵᠢ ᠵᠢᠨ ᠲᠥᠷᠥ ᠵᠢᠨ ᠪᠣᠳᠣᠯᠭ᠎ᠠ ᠪᠠ ᠳᠤᠰᠠᠯᠠᠨ ᠲᠡᠳᠬᠦᠬᠦ ᠠᠷᠭ᠎ᠠ ᠬᠡᠮᠵᠢᠶ᠎ᠡ ᠵᠢ ᠣᠨᠣᠴᠠᠲᠠᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠠᠢ᠃
     1᠂ ᠭᠣᠤᠯᠳᠠᠯᠭ᠎ᠠ᠎ᠲᠠᠢ ᠠ᠋ᠲᠡᠭᠡᠳ᠎ᠤᠨ ᠪᠠᠶ᠋ᠢᠳᠠᠯ᠎ᠢ ᠪᠠᠶ᠋ᠢᠴᠠᠭ᠋ᠠᠨ ᠣᠶ᠋ᠢᠯᠠᠭ᠋ᠠᠬᠤ ᠠᠵᠢᠯ᠎ᠢ ᠪᠥᠬᠥ ᠲᠠᠯ᠎ᠠ᠎ᠪᠠᠷ ᠦᠷᠨᠢᠭᠦᠯᠤᠨ᠎ᠡ᠃ ᠶᠠᠳᠠᠭᠤ᠎ᠠᠴᠠ ᠠᠩᠭᠢᠵᠢᠷᠠᠭ᠋ᠠᠳᠤᠶ ᠶᠠᠳᠠᠭᠤ ᠬᠦᠴᠢᠷᠳᠡᠯᠲᠡᠶ ᠬᠦᠮᠤᠰ ᠪᠣᠯᠤᠨ ᠨᠢᠭᠡᠨᠲᠡ ᠶᠠᠳᠠᠭᠤ᠎ᠠᠴᠠ ᠠᠩᠬᠢᠵᠢᠷᠠᠭᠰᠠᠨ ᠪᠣᠯᠪᠠᠴᠤ ᠳᠠᠬᠢᠨ ᠶᠠᠳᠠᠭᠤᠷᠠᠬᠤ ᠠᠶᠤᠯ᠎ᠲᠠᠢ ᠶᠠᠳᠠᠭᠤ ᠬᠦᠴᠢᠷᠳᠡᠯᠲᠡᠶ ᠬᠦᠮᠤᠰ᠂ ᠵᠠᠬ᠎ᠠ ᠬᠠᠪᠢ ᠵᠢᠨ ᠶᠠᠳᠠᠭᠤᠷᠠᠬᠤ ᠠᠶᠤᠯ᠎ᠲᠠᠢ ᠬᠦᠮᠤᠰ᠂ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠦᠮᠤᠰ᠂ ᠭᠠᠢ ᠭᠠᠮᠰᠢᠭ ᠡᠪᠡᠳᠴᠢᠨ ᠬᠢᠵᠢᠭ᠎ᠠᠴᠠ ᠪᠣᠯᠵᠤ ᠣᠷᠣᠯᠭ᠎ᠠ᠎ᠨᠢ ᠭᠡᠨᠡᠳᠲᠡ ᠬᠠᠰᠤᠭᠳᠠᠭᠰᠠᠨ ᠪᠤᠶᠤ ᠵᠠᠷᠤᠯᠭ᠎ᠠ᠎ᠨᠢ ᠭᠡᠨᠡᠳᠲᠡ ᠨᠡᠮᠡᠭᠳᠡᠭᠰᠡᠨ ᠠ᠋ᠷᠦᠬᠡ ᠵᠡᠷᠭᠡ ᠲᠠᠪᠤᠨ ᠲᠥᠷᠥᠯ᠎ᠤᠨ ᠭᠣᠤᠯᠳᠠᠯᠭ᠎ᠠ᠎ᠲᠠᠢ ᠠ᠋ᠲᠡᠭᠡᠳ᠎ᠤᠨ ᠪᠠᠶ᠋ᠢᠳᠠᠯ᠎ᠢ ᠪᠠᠶ᠋ᠢᠴᠠᠭᠠ ᠣᠶ᠋ᠢᠯᠠᠭ᠋ᠠᠬᠤ ᠠᠵᠢᠯ᠎ᠢ ᠭᠣᠤᠯᠳᠠᠯᠭ᠎ᠠ᠎ᠲᠠᠢ ᠦᠷᠨᠢᠭᠦᠯᠤᠨ᠎ᠡ᠃ ᠡᠯ᠎ᠡ ᠭᠠᠵᠠᠷ᠎ᠤᠨ᠎ᠬᠢᠨ ᠪᠠᠶ᠋ᠢᠴᠠᠭ᠋ᠠᠨ ᠦᠢ᠍ᠯᠠᠭ᠋ᠠᠬᠤ ᠵᠢᠨ ᠳᠠᠭ᠋ᠠᠤ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠶᠣᠰᠤᠭ᠋ᠠᠷ ᠭᠣᠤᠯᠳᠠᠯᠭ᠎ᠠ᠎ᠲᠠᠢ ᠠ᠋ᠲᠡᠭᠡᠳ᠎ᠢ ᠠ᠋ᠷᠦᠬᠡ ᠳᠠᠷᠠᠭ᠋ᠠᠯᠠᠨ ᠪᠦᠬᠦ ᠲᠠᠯ᠎ᠠ᠎ᠪᠠᠷ ᠪᠠᠶ᠋ᠢᠴᠠᠭ᠋ᠠᠵᠤ᠂ 5 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠠ᠋ᠮᠦᠨ᠎ᠡ ᠳᠠᠭᠤᠰᠬᠠᠬᠤ ᠬᠡᠷᠡᠭᠲᠡᠶ᠃ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠠ᠋ᠮᠦᠨ᠎ᠡ ᠣᠷᠬᠢᠭᠳᠠᠭᠰᠠᠨ᠎ᠢ᠎ᠨᠢ ᠪᠠᠶ᠋ᠢᠴᠠᠭ᠋ᠠᠨ ᠨᠥᠬᠥᠪᠥᠷᠢᠯᠡᠵᠦ ᠪᠡᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ 7 ᠳ᠋ᠤᠭ᠋ᠠᠷ ᠰᠠᠷ᠎ᠠ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠪᠲᠤᠯᠤᠯᠲᠠ ᠵᠢᠨ ᠠ᠋ᠭᠦᠷᠭᠡ᠎ᠲᠠᠢ ᠮᠣᠵᠢ (ᠬᠣᠲᠠ᠂ ᠥᠪᠡᠷᠲᠡᠭᠡᠨ ᠵᠠᠰᠠᠬᠤ ᠣᠷᠣᠨ)᠎ᠳᠤ ᠨᠡᠢ᠌ᠲᠡᠮ ᠪᠠᠢ᠌ᠴᠠᠭ᠋ᠠᠯᠲᠠ ᠬᠢᠬᠦ ᠪᠣᠯᠤᠨ᠎ᠠ᠃
     2᠂ ᠣᠳᠣ ᠵᠢᠨ ᠪᠠᠢ᠌ᠭ᠎ᠠ ᠨᠡᠶ᠋ᠢᠭᠡᠮ᠎ᠤᠨ ᠳᠤᠰᠠᠯᠠᠮᠵᠢ ᠵᠢᠨ ᠪᠠᠲᠤᠯᠠᠭ᠋ᠠᠨ᠎ᠤ ᠲᠥᠷᠥ ᠵᠢᠨ ᠪᠣᠳᠣᠯᠭ᠎ᠠ ᠵᠢ ᠨᠠᠷᠢᠯᠢᠭᠵᠢᠭᠤᠯᠤᠨ ᠨᠠᠶ᠋ᠢᠳᠠᠪᠤᠷᠢᠵᠢᠭᠤᠯᠤᠨ᠎ᠠ᠃ ᠭᠡᠷ ᠪᠦᠯᠢ ᠵᠢᠨ ᠬᠥᠮᠦᠨ ᠪᠦᠷᠢ ᠵᠢᠨ ᠳᠤᠮᠳᠠᠴᠢ ᠣᠷᠣᠯᠭ᠎ᠠ᠎ᠨᠢ ᠲᠤᠬᠠᠶ ᠵᠢᠨ ᠭᠠᠵᠠᠷ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠎ᠠᠴᠠ ᠬᠡᠲᠦᠷᠡᠭᠰᠡᠨ ᠶᠠᠳᠠᠭᠤ ᠬᠦᠴᠢᠷᠳᠡᠯᠲᠡᠶ ᠠ᠋ᠷᠦᠬᠡ᠎ᠳᠤ ᠠᠯᠬᠤᠮ ᠠᠯᠬᠤᠮ ᠵᠶ᠋ᠠᠷ ᠤᠬᠤᠷᠢᠵᠤ ᠭᠠᠷᠬᠤ ᠬᠤᠭᠤᠴᠠᠭ᠋ᠠᠨ᠎ᠤ ᠠᠷᠭ᠎ᠠ ᠠᠪᠴᠠᠯ᠎ᠢ ᠴᠢᠩᠭ᠎ᠠ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠤᠭᠤᠴᠠᠭ᠋ᠠᠨ᠎ᠳᠤ ᠵᠠᠷᠴᠢᠮ ᠳᠡᠭᠡᠷ᠎ᠡ᠎ᠪᠠᠨ ᠬᠥᠳᠡᠯᠦᠩᠭᠦᠶ᠎ᠪᠠᠷ ᠤᠬᠤᠷᠢᠨ ᠭᠠᠷᠬᠤ ᠲᠣᠬᠢᠷᠠᠭᠤᠯᠤᠯᠲᠠ ᠬᠢᠬᠦ ᠦᠭᠡᠶ᠃ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ ᠬᠣᠰᠢᠭᠤ ᠰᠢᠶᠠᠨ᠎ᠤ ᠶᠠᠳᠠᠭᠤ ᠵᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ ᠵᠶ᠋ᠠᠷ ᠨᠣᠲᠠᠯᠠᠭᠤᠯᠤᠭ᠋ᠠᠳ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠬᠡᠪᠴᠢᠶᠡᠨ᠎ᠠᠴᠠ ᠭᠠᠷᠭ᠋ᠠᠵᠤ ᠪᠣᠯᠤᠨ᠎ᠠ᠃ ᠶᠠᠳᠠᠭᠤ ᠵᠢ ᠲᠡᠳᠬᠦᠬᠦ ᠠᠯᠪᠠᠨ ᠭᠡᠷ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠬᠡᠷᠡᠭᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠨᠡᠢ᠌ᠬᠡᠮ᠎ᠤᠨ ᠳᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠪᠦᠷᠢᠨᠰᠢᠭᠦᠯᠦᠨ ᠰᠢᠯᠢᠳᠡᠭᠵᠢᠭᠦᠯᠵᠦ᠂ ᠴᠠᠭ ᠲᠤᠬᠠᠶ᠎ᠳᠤᠨᠢ ᠰᠡᠷᠡᠮᠵᠢᠯᠡᠭᠦᠯᠵᠤ᠂ ᠴᠠᠭ ᠲᠤᠬᠠᠶ᠎ᠳᠤᠨᠢ ᠪᠠᠶ᠋ᠢᠴᠠᠭ᠋ᠠᠨ ᠬᠢᠨᠠᠨ ᠬᠠᠷᠭᠤᠭᠤᠯᠵᠤ᠂ ᠴᠠᠭ ᠲᠤᠬᠠᠶ᠎ᠳᠤᠨᠢ ᠳᠤᠰᠠᠯᠠᠮᠵᠢ ᠦᠵᠡᠭᠦᠯᠬᠦ ᠬᠡᠷᠡᠭᠲᠠᠢ᠃
     3᠂ ᠳᠤᠰᠠᠯᠠᠮᠵᠢ ᠵᠢᠨ ᠪᠠᠲᠤᠯᠠᠭ᠋ᠠᠨ᠎ᠤ ᠪᠡᠯᠡ ᠮᠦᠩᠬᠦ ᠵᠢ ᠴᠠᠭ ᠳᠤᠬᠠᠢ᠎ᠳᠤ᠎ᠨᠢ ᠲᠣᠭ᠎ᠠ ᠶᠤᠰᠤᠭ᠋ᠠᠷ ᠣᠯᠭᠤᠨ᠎ᠠ᠃ ᠡᠯ᠎ᠡ ᠭᠠᠵᠠᠷ᠎ᠤᠨ᠎ᠬᠢᠨ ᠠ᠋ᠷᠬᠡᠪᠰᠢ ᠠᠷᠠᠳ᠎ᠤᠨ ᠶᠠᠪᠤᠳᠠᠯ᠎ᠤᠨ ᠲᠢᠩᠬᠢᠮ᠂ ᠠ᠋ᠳ᠋᠎ᠤᠨ ᠵᠠᠰᠠᠭ᠎ᠤᠨ ᠲᠢᠩᠬᠢᠮ᠂ ᠪᠠᠩᠬᠢ ᠪᠠ ᠳᠠᠭ᠋ᠠᠳᠬᠠᠯ᠎ᠤᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠨᠡᠢ᠌ᠬᠡᠮ᠎ᠤᠨ ᠳᠤᠰᠠᠯᠠᠮᠵᠢ ᠵᠢᠨ ᠪᠡᠯᠡ ᠮᠦᠩᠭᠦ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠵᠢᠯ᠎ᠤᠨ ᠳᠤᠬᠠᠢ ᠰᠠᠨᠠᠯ》᠎ᠢ ᠴᠢᠩᠭ᠎ᠠ ᠨᠠᠢ᠌ᠲᠠᠪᠤᠷᠢᠵᠢᠭᠤᠯᠬᠤ ᠬᠡᠷᠡᠭᠲᠠᠢ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠳᠡᠭᠡᠷ᠎ᠡ ᠰᠠᠷ᠎ᠠ ᠵᠢᠨ ᠰᠡᠭᠦᠯᠴᠢ᠎ᠠᠴᠠ ᠠ᠋ᠮᠦᠨ᠎ᠡ ᠲᠤᠰ ᠰᠠᠷ᠎ᠠ ᠵᠢᠨ ᠳᠤᠰᠠᠯᠠᠮᠵᠢ ᠵᠢᠨ ᠪᠠᠲᠤᠯᠠᠭ᠋ᠠᠨ᠎ᠤ ᠠ᠋ᠲᠡᠭᠡᠳ ᠪᠠ ᠪᠡᠯᠡ ᠮᠥᠩᠭᠥ ᠵᠢᠨ ᠨᠠᠷᠢᠨ ᠳᠠᠩᠰᠠ ᠵᠢ ᠬᠣᠰᠢᠭᠤ ᠰᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠨᠢ ᠠ᠋ᠨᠡ ᠰᠠᠷ᠎ᠠ ᠵᠢᠨ 10᠎ᠠᠴᠠ ᠠ᠋ᠮᠦᠨ᠎ᠡ ᠪᠡᠯᠡ ᠮᠥᠩᠭᠥ ᠵᠢ ᠳᠤᠰᠠᠯᠠᠮᠵᠢ ᠵᠢᠨ ᠠ᠋ᠲᠡᠭᠡᠳ᠎ᠤᠨ ᠪᠠᠩᠬᠢ ᠵᠢᠨ ᠳᠠᠩᠰᠠᠨ᠎ᠳᠤ ᠣᠷᠣᠭᠤᠯᠬᠤ ᠬᠡᠷᠡᠭᠲᠡᠶ᠃ ᠴᠠᠭ ᠲᠤᠬᠠᠶ᠎ᠳᠤᠨᠢ ᠣᠯᠭᠣᠭᠰᠠᠨ ᠦᠭᠡᠢ ᠭᠠᠵᠠᠷ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠳᠤ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃ 4 ᠳ᠋ᠤᠭᠡᠷ ᠰᠠᠷ᠎ᠠ ᠵᠢᠨ 9᠎ᠤ ᠠ᠋ᠳᠦᠷ ᠪᠣᠯᠲᠠᠯ᠎ᠠ᠂ ᠪᠦᠬᠦ ᠣᠷᠣᠨ᠎ᠤ 26 ᠬᠣᠰᠢᠭᠤ ᠰᠢᠶᠠᠨ 4 ᠳ᠋ᠤᠭᠡᠷ ᠰᠠᠷ᠎ᠠ ᠵᠢᠨ ᠪᠠᠲᠤᠯᠠᠭ᠋ᠠᠨ᠎ᠤ ᠪᠡᠯᠡ ᠮᠥᠩᠭᠥ᠎ᠪᠠᠨ ᠪᠠᠰᠠ ᠬᠠᠷᠠᠬᠠᠨ ᠥᠭᠭᠦᠭᠡᠳᠦᠶ ᠪᠣᠯᠬᠣᠷ ᠠ᠋ᠳᠡᠭᠡᠷ ᠭᠠᠵᠠᠷ᠎ᠤᠨ᠎ᠬᠢᠨ ᠢᠳᠡᠪᠬᠢᠲᠠᠢ ᠵᠣᠬᠢᠴᠠᠭᠤᠯᠵᠤ ᠪᠠᠢ᠌ᠭ᠋ᠠᠳ ᠪᠡᠯᠡ ᠮᠥᠩᠭᠥ᠎ᠪᠠᠨ ᠲᠦᠷᠭᠡᠬᠡᠨ ᠣᠯᠭᠣᠬᠤ ᠬᠡᠷᠡᠭᠲᠡᠶ᠃
     4. ᠨᠡᠶ᠋ᠢᠭᠡᠮ᠎ᠤᠨ ᠳᠤᠰᠠᠯᠠᠮᠵᠢ ᠵᠢᠨ ᠪᠠᠲᠤᠯᠠᠭ᠋ᠠᠨ᠎ᠤ ᠪᠠᠷᠢᠮᠵᠢᠶ᠎ᠠ ᠵᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃ ᠡᠯ᠎ᠡ ᠭᠠᠵᠠᠷ᠎ᠤᠨ᠎ᠬᠢᠨ ᠲᠥᠪ᠎ᠤᠨ ᠬᠠᠮᠤᠭ᠎ᠤᠨ ᠰᠢᠨ᠎ᠡ ᠱᠠᠭ᠋ᠠᠷᠳᠠᠯᠭ᠎ᠠ ᠵᠢ ᠴᠢᠩᠭ᠎ᠠ ᠨᠠᠢ᠌ᠲᠠᠪᠤᠷᠢᠵᠢᠭᠤᠯᠵᠤ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠳᠣᠭᠲᠠᠭ᠋ᠠᠨ ᠮᠡᠳᠡᠭᠦᠯᠬᠦ ᠪᠠ ᠰᠡᠭᠦᠯᠡᠷ᠎ᠨᠢ ᠨᠥᠬᠥᠵᠦ ᠣᠯᠭᠣᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠣᠳᠣᠬᠠᠨ᠎ᠳᠤ ᠦᠬᠠᠶ ᠬᠣᠲᠠ᠂ ᠮᠠᠨᠵᠤᠤᠷ ᠬᠣᠲᠠ᠂ ᠠ᠋ᠷᠢᠶᠡᠨ ᠬᠣᠲᠠ 2020 ᠣᠨ᠎ᠤ ᠪᠠᠲᠤᠯᠠᠭ᠎ᠠ ᠵᠢᠨ ᠪᠠᠷᠢᠮᠵᠢᠶ᠎ᠠ᠎ᠪᠠᠨ ᠮᠡᠳᠡᠭᠦᠯᠤᠭᠡᠳᠤᠢ ᠪᠠᠢ᠌ᠭᠰᠠᠭ᠋ᠠᠷ ᠲᠤᠯᠠ ᠳᠠᠷᠤᠶ᠋ᠢᠬᠠᠨ ᠵᠣᠬᠢᠴᠠᠭᠤᠯᠵᠤ ᠳᠡᠭᠡᠭᠰᠢ ᠮᠡᠳᠡᠭᠦᠯᠬᠦ ᠠᠵᠢᠯ ᠵᠶ᠋ᠠᠨ ᠭᠦᠢ᠍ᠴᠡᠳᠬᠡᠬᠦ ᠵᠦᠢ᠍ᠲᠠᠢ᠃ 3 ᠳ᠋ᠤᠭ᠋ᠠᠷ ᠰᠠᠷ᠎ᠠ ᠵᠢᠨ 31᠎ᠤ ᠠ᠋ᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠠᠴᠠ ᠦᠨ᠎ᠡ ᠬᠠᠩᠰᠢ ᠵᠢᠨ ᠲᠦᠷ ᠴᠠᠭ᠎ᠤᠨ ᠨᠥᠬᠥᠪᠥᠷᠢ ᠵᠢ ᠣᠯᠭᠣᠬᠤ ᠱᠠᠲᠤᠴᠢ ᠴᠢᠨᠠᠷᠲᠠᠶ ᠠᠵᠢᠯ ᠵᠶ᠋ᠠᠨ ᠰᠠᠶ᠋ᠢᠲᠤᠷ ᠬᠢᠬᠦ ᠵᠢ ᠱᠠᠭ᠋ᠠᠷᠳᠠᠵᠠᠶ᠃ ᠰᠠᠷ᠎ᠠ ᠪᠦᠷᠢ ᠵᠢᠨ ᠦᠨ᠎ᠡ ᠬᠠᠩᠰᠢ ᠵᠢᠨ ᠲᠦᠷ ᠴᠠᠭ᠎ᠤᠨ ᠨᠥᠬᠥᠪᠥᠷᠢ ᠵᠢᠨ ᠪᠠᠷᠢᠮᠵᠢᠶ᠎ᠠ ᠵᠢ 1 ᠳᠠᠬᠢᠨ ᠵᠶ᠋ᠠᠷ ᠨᠡᠮᠡᠭᠳᠡᠭᠦᠯᠬᠦ ᠵᠢᠨ ᠬᠠᠮᠲᠤ ᠥᠨᠥᠴᠢᠨ ᠬᠡᠤᠬᠡᠳ᠂ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠢ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠣᠷᠣᠭᠤᠯᠤᠨ᠎ᠠ᠃ ᠡᠯ᠎ᠡ ᠭᠠᠵᠠᠷ᠎ᠤᠨ᠎ᠬᠢᠨ ᠴᠠᠭ ᠲᠤᠬᠠᠶ᠎ᠳᠤᠨᠢ ᠵᠠᠰᠠᠭ ᠣᠷᠳᠣᠨ᠎ᠳᠤ᠎ᠪᠠᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠬᠠᠮᠢᠶ᠎ᠠ ᠪᠦᠬᠦᠢ ᠪᠡᠯᠡ ᠮᠥᠩᠭᠥ ᠣᠯᠭᠣᠬᠤ ᠪᠡᠯᠡᠳᠬᠡᠯ ᠠᠵᠢᠯ ᠵᠶ᠋ᠠᠨ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠶ᠃
     5᠂ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠡᠶ ᠬᠦᠮᠤᠰ᠎ᠤᠨ ᠦᠨᠳᠦᠰᠦᠨ ᠠᠮᠢᠳᠤᠷᠠᠯ᠎ᠤᠨ ᠪᠦᠬᠦᠨ᠎ᠢ ᠪᠠᠲᠤᠯᠠᠬᠤ ᠪᠠᠲᠤᠯᠠᠭ᠎ᠠ᠎ᠳᠤ ᠬᠢᠨᠠᠯᠲᠠ ᠲᠠᠯᠪᠢᠨ᠎ᠠ᠃ ᠡᠯ᠎ᠡ ᠭᠠᠵᠠᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠪᠠᠶ᠋ᠢᠷᠢᠯᠠᠭᠤᠯᠤᠯᠲᠠ ᠪᠠ ᠠᠷᠠᠳ᠎ᠤᠨ ᠶᠠᠪᠤᠳᠠᠯ᠎ᠤᠨ ᠲᠢᠩᠬᠢᠮ᠎ᠤᠨ 《ᠪᠥᠬᠥ ᠣᠷᠣᠨ᠎ᠤ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠲᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠤᠰ᠎ᠤᠨ ᠦᠨᠳᠦᠰᠦᠨ ᠠᠮᠢᠳᠤᠷᠠᠯ᠎ᠤᠨ ᠪᠦᠬᠦᠨ᠎ᠢ ᠪᠠᠲᠤᠯᠠᠬᠤ ᠠᠵᠢᠯ᠎ᠳᠤ ᠬᠢᠨᠠᠯᠲᠠ ᠲᠠᠯᠪᠢᠨ ᠰᠢᠪᠠᠳᠠᠨ ᠬᠡᠷᠡᠭᠵᠢᠭᠦᠯᠬᠦ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠦᠮᠤᠰ᠎ᠢ ᠴᠢᠩᠭ᠎ᠠ ᠠᠩᠬᠠᠷᠴᠤ᠂ ᠬᠠᠷᠢᠭᠤᠴᠠᠯᠭ᠎ᠠ᠂ ᠲᠥᠷᠥ ᠵᠢᠨ ᠪᠣᠳᠣᠯᠭ᠎ᠠ᠂ ᠠᠵᠢᠯ 《ᠭᠤᠷᠪᠠ ᠵᠢ ᠨᠠᠶ᠋ᠢᠳᠠᠪᠤᠷᠢᠵᠢᠭᠤᠯᠤᠭᠰᠠᠨ》 ᠪᠠᠶ᠋ᠢᠳᠠᠯ᠎ᠢ ᠭᠣᠤᠯᠳᠠᠯᠭ᠎ᠠ᠎ᠲᠠᠢ ᠬᠢᠨᠠᠨ᠎ᠠ᠃ ᠲᠣᠰ ᠰᠠᠷ᠎ᠠ᠎ᠠᠴᠠ ᠠ᠋ᠬᠢᠯᠡᠨ ᠠᠷᠠᠳ᠎ᠤᠨ ᠶᠠᠪᠤᠳᠠᠯ᠎ᠤᠨ ᠲᠢᠩᠬᠢᠮ ᠡᠯ᠎ᠡ ᠭᠠᠵᠠᠷ᠎ᠤᠨ ᠠᠵᠢᠯ᠎ᠤᠨ ᠪᠠᠶ᠋ᠢᠳᠠᠯ᠎ᠢ ᠦᠨᠳᠦᠰᠦᠯᠡᠨ ᠴᠢᠭ ᠲᠣᠭᠲᠠᠭ᠋ᠠᠨ ᠬᠢᠨᠠᠨ ᠪᠠᠶ᠋ᠢᠴᠠᠭ᠋ᠠᠬᠤ ᠪᠣᠯᠤᠨ᠎ᠠ᠃
     (ᠬᠣᠶᠠᠷ) ᠣᠨᠴᠠ ᠬᠦᠴᠢᠷᠳᠡᠯᠲᠡᠶ ᠣᠯᠠᠨ ᠲᠦᠮᠡᠨ᠎ᠢ ᠬᠠᠯᠠᠮᠵᠢᠯᠠᠨ ᠬᠠᠶ᠋ᠢᠷᠠᠯᠠᠵᠤ ᠬᠠᠪᠰᠤᠷᠤᠨ ᠲᠡᠳᠬᠦᠬᠦ ᠵᠢ ᠴᠢᠩᠭ᠋ᠠᠳᠬᠠᠬᠤ ᠬᠡᠷᠡᠭᠲᠡᠶ᠃
    ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ᠂ ᠬᠦᠴᠢᠷᠳᠡᠯ᠎ᠲᠠᠢ ᠬᠡᠤᠬᠡᠳ ᠪᠣᠯᠤᠨ ᠮᠠᠯᠵᠢᠬᠤ ᠲᠠᠷᠢᠶᠠᠯᠠᠬᠤ ᠣᠷᠣᠨ᠎ᠤ 《ᠭᠤᠷᠪᠠᠨ ᠵᠦᠢ᠍ᠯ᠎ᠤᠨ ᠭᠡᠷ᠎ᠲᠤ᠎ᠪᠠᠨ ᠬᠣᠴᠣᠷᠤᠭᠰᠠᠨ》 ᠬᠥᠮᠦᠰ ᠵᠡᠷᠭᠡ ᠪᠣᠯ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠮᠳᠠᠬᠢ ᠣᠨᠴᠠ ᠬᠦᠴᠢᠷᠳᠡᠯᠲᠡᠶ ᠬᠥᠮᠦᠰ ᠪᠣᠯᠤᠨ᠎ᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠠ᠋ᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ᠎ᠪᠠᠨ ᠲᠡᠳᠡᠨ᠎ᠢ ᠳᠡᠳᠬᠦᠨ ᠳᠤᠰᠠᠯᠠᠵᠤ ᠬᠠᠪᠰᠤᠷᠤᠨ ᠬᠠᠷᠠᠭ᠋ᠠᠯᠵᠠᠬᠤ᠎ᠪᠠᠨ ᠴᠢᠩᠭ᠋ᠠᠳᠬᠠᠬᠤ ᠬᠡᠷᠡᠭᠲᠡᠶ᠃ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠭᠦᠭᠡᠷᠤᠮᠵᠢ (ᠨᠠᠰᠤᠲᠠᠢ᠌ᠴᠤᠳ᠎ᠤᠨ ᠬᠦᠷᠢᠶᠡᠯᠡᠩ) ᠵᠢ ᠥᠭᠡᠷᠡᠴᠢᠯᠡᠨ ᠰᠢᠨᠡᠳᠬᠡᠬᠦ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠵᠦ᠂ ᠬᠠᠮᠢᠶᠠᠷᠤᠯᠲᠠ ᠦᠢ᠍ᠯᠡᠴᠢᠯᠡᠭᠡᠨ᠎ᠤ ᠠ᠋ᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠠᠢ᠃ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠡᠭᠡᠨ ᠬᠣᠴᠣᠷᠤᠭᠰᠠᠨ ᠬᠡᠦᠬᠡᠳ᠂ ᠠ᠋ᠮᠡᠭᠲᠡᠢ᠌ᠴᠤᠳ᠂ ᠨᠠᠰᠤᠲᠠᠢ᠌ᠴᠤᠳ᠎ᠢ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠂ ᠬᠠᠷᠠᠭ᠋ᠠᠯᠵᠠᠨ ᠬᠠᠮᠠᠭ᠋ᠠᠯᠠᠵᠤ ᠬᠠᠯᠠᠮᠵᠢᠯᠠᠨ ᠬᠠᠶ᠋ᠢᠷᠠᠯᠠᠬᠤ ᠪᠠᠲᠤᠯᠠᠭ᠎ᠠ ᠵᠢ ᠴᠢᠩᠭ᠋ᠠᠳᠬᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠣᠨᠴᠠ ᠬᠦᠴᠢᠷᠳᠡᠯᠲᠡᠶ ᠬᠦᠮᠤᠰ᠎ᠢ ᠬᠠᠷᠠᠭ᠋ᠠᠯᠵᠠᠨ ᠳᠡᠳᠬᠦᠬᠦ ᠬᠡᠷᠡᠭᠲᠠᠢ᠃
     (ᠭᠤᠷᠪᠠ) ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠢᠨ ᠬᠠᠮᠢᠶ᠎ᠠ ᠪᠥᠬᠥᠶ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠬᠦ ᠬᠡᠷᠡᠭᠲᠡᠶ᠃
      ᠡᠯ᠎ᠡ ᠭᠠᠵᠠᠷ᠎ᠤᠨ᠎ᠬᠢᠨ ᠨᠡᠶ᠋ᠢᠭᠡᠮ᠎ᠤᠨ ᠬᠦᠴᠦᠨ ᠪᠠ ᠨᠢᠭᠦᠯᠡᠰᠤᠩᠭᠦᠢ ᠵᠢᠨ ᠵᠣᠬᠢᠶᠠᠨ ᠪᠠᠢ᠌ᠭᠤᠯᠤᠯᠲᠠ ᠵᠢ ᠳᠠᠶ᠋ᠢᠴᠢᠯᠠᠨ ᠳᠠᠭ᠋ᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠢᠳᠡᠪᠬᠢᠲᠠᠢ ᠣᠷᠣᠯᠴᠠᠭᠤᠯᠬᠤ ᠬᠡᠷᠡᠭᠲᠠᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠴᠢᠭ ᠲᠣᠭᠲᠠᠭ᠋ᠠᠨ ᠶᠠᠳᠠᠭᠤ ᠵᠢ ᠲᠡᠳᠬᠦᠬᠦ ᠠᠵᠢᠯ᠎ᠢ ᠦᠷᠭᠦᠯᠵᠢᠯᠡᠨ ᠥᠷᠨᠢᠭᠦᠯᠵᠦ᠂ 《ᠳᠥᠷᠪᠡ ᠵᠢ ᠦᠯᠦ ᠰᠠᠯᠭ᠋ᠠᠬᠤ》 ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠍ᠳᠠᠪᠤᠷᠢᠵᠢᠭᠤᠯᠤᠨ᠂ ᠡᠯ᠎ᠡ ᠲᠠᠯ᠎ᠠ ᠵᠢᠨ ᠠ᠋ᠬᠢ ᠪᠠᠶᠠᠯᠢᠭ᠎ᠢ ᠭᠦᠢ᠍ᠴᠡᠳ ᠳᠠᠶ᠋ᠢᠴᠢᠯᠠᠨ᠂ ᠴᠢᠭ ᠵᠶ᠋ᠠᠷ ᠳᠣᠭᠲᠠᠭ᠋ᠠᠭᠰᠠᠨ ᠬᠠᠪᠰᠤᠷᠤᠨ ᠲᠡᠳᠬᠦᠬᠦ ᠭᠠᠵᠠᠷ ᠣᠷᠣᠨ᠎ᠤ ᠴᠢᠬᠤᠯᠠ ᠬᠡᠷᠡᠭᠴᠡᠭᠡ ᠱᠠᠭ᠋ᠠᠷᠳᠠᠯᠭ᠎ᠠ ᠵᠢᠨ ᠲᠦᠷᠣᠯ ᠵᠦᠢ᠍ᠯ᠎ᠢ ᠬᠠᠪᠰᠤᠷᠤᠨ ᠲᠡᠳᠬᠦᠵᠤ᠂ ᠴᠢᠭ ᠲᠣᠭᠲᠠᠭ᠋ᠠᠨ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠵᠶ᠋ᠠᠨ ᠰᠠᠶ᠋ᠢᠲᠤᠷ ᠪᠡᠬᠢᠵᠢᠭᠦᠯᠬᠦ ᠬᠡᠷᠡᠭᠲᠠᠢ᠃
      ᠭᠤᠷᠪᠠ᠂ 《ᠴᠢᠩᠭ᠎ᠠ ᠪᠣᠳᠠᠲᠠᠶ ᠨᠠᠷᠢᠯᠢᠭ》 ᠪᠠᠶ᠋ᠢᠬᠤ ᠰᠤᠷᠲᠠᠯ ᠵᠶ᠋ᠠᠷ ᠠᠵᠢᠯ᠎ᠤᠨ ᠨᠠᠶ᠋ᠢᠳᠠᠪᠤᠷᠢᠵᠢᠭᠤᠯᠤᠯᠲᠠ᠎ᠪᠠᠨ ᠰᠠᠢ᠌ᠲᠤᠷ ᠠᠳᠬᠤᠬᠤ ᠬᠡᠷᠡᠭᠲᠡᠶ
      ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠤ ᠭᠣᠣᠯ ᠬᠠᠷᠢᠭᠤᠴᠠᠯᠭ᠋ᠠᠲᠠᠨ ᠤᠳᠤᠷᠢᠳᠬᠤ ᠬᠠᠷᠢᠭᠤᠴᠠᠯᠭ᠎ᠠ᠎ᠪᠠᠨ ᠦᠨᠡᠨᠬᠦ ᠠ᠋ᠭᠦᠷᠭᠡᠯᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠣᠨ᠎ᠤ 《ᠴᠢᠬᠤᠯᠠ᠎ᠠᠴᠠ ᠴᠢᠬᠤᠯᠠ》 ᠠᠵᠢᠯ ᠪᠣᠯᠭ᠋ᠠᠵᠤ᠂ ᠲᠥᠯᠥᠪᠵᠢᠭᠦᠯᠦᠨ ᠪᠠᠶ᠋ᠢᠷᠢᠯᠠᠭᠤᠯᠬᠤ᠂ ᠠᠵᠢᠯ᠎ᠢ ᠠᠬᠢᠭᠤᠯᠬᠤ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠡᠷᠭᠡ ᠡᠯ᠎ᠡ ᠵᠦᠢ᠍ᠯ᠎ᠤᠨ ᠠᠵᠢᠯ᠎ᠢ ᠲᠦᠷᠦᠭᠦᠯᠡᠨ ᠰᠠᠶ᠋ᠢᠲᠤᠷ ᠬᠢᠬᠦ ᠬᠡᠷᠡᠭᠲᠠᠢ᠃
      ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠬᠤ ᠬᠡᠷᠡᠭᠲᠡᠶ᠃ ᠡᠯ᠎ᠡ ᠱᠠᠲᠤᠨ᠎ᠤ ᠶᠠᠳᠠᠭᠤ ᠵᠢ ᠲᠡᠳᠬᠦᠬᠦ ᠠᠵᠢᠯ᠎ᠤᠨ ᠤᠳᠤᠷᠢᠳᠬᠤ ᠳᠤᠭᠤᠶ᠋ᠢᠯᠠᠩ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠵᠣᠬᠢᠴᠠᠭᠤᠯᠬᠤ ᠲᠣᠭᠲᠠᠴᠠ ᠵᠢᠨ ᠦᠢ᠍ᠯᠡᠳᠤᠯ᠎ᠢ ᠭᠦᠢ᠍ᠴᠡᠳ ᠪᠠᠳᠠᠷᠠᠭᠤᠯᠵᠤ᠂ ᠴᠠᠭ ᠲᠤᠬᠠᠶ᠎ᠳᠤᠨᠢ ᠵᠠᠳᠠᠯᠤᠨ ᠰᠤᠳᠤᠯᠵᠤ᠂ ᠮᠡᠳᠡᠭᠡ ᠵᠠᠩᠭᠢ᠎ᠪᠠᠨ ᠲᠣᠭᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠨ᠂ ᠠᠵᠢᠯ ᠵᠶ᠋ᠠᠨ ᠲᠦᠯᠬᠢᠨ ᠠᠬᠢᠭᠤᠯᠬᠤ ᠳᠠᠢ᠌ᠴᠢᠨ ᠬᠦᠴᠦᠨ᠎ᠢ ᠪᠤᠢ ᠪᠣᠯᠭ᠋ᠠᠬᠤ ᠬᠡᠷᠡᠭᠲᠠᠢ᠃ ᠦᠨᠳᠦᠰᠦᠨ ᠱᠠᠲᠤᠨ᠎ᠤ ᠭᠠᠷᠳᠠᠨ ᠭᠦᠢ᠍ᠴᠡᠳᠬᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠳᠤ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠲᠠᠢ᠂ ᠠᠵᠢᠯᠲᠠᠨ᠎ᠲᠠᠢ᠂ ᠨᠦᠬᠦᠴᠡᠯ᠂ ᠵᠠᠷᠤᠳᠠᠯ᠎ᠲᠠᠢ ᠪᠠᠶ᠋ᠢᠬᠤ ᠵᠢ ᠦᠨᠡᠨᠬᠦ ᠪᠠᠲᠤᠯᠠᠨ᠂ ᠲᠥᠷᠥ ᠵᠢᠨ ᠪᠣᠳᠣᠯᠭ᠎ᠠ ᠵᠢ ᠨᠠᠢ᠌ᠲᠠᠪᠤᠷᠢᠵᠢᠭᠤᠯᠤᠯᠲᠠ ᠵᠢ ᠢᠯᠭᠤᠮ ᠰᠢᠯᠤᠭᠤᠨ ᠪᠣᠯᠭ᠋ᠠᠬᠤ ᠬᠡᠷᠡᠭᠲᠠᠢ᠃
      ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠬᠦᠴᠦᠲᠡᠶ ᠠᠳᠬᠤᠬᠤ ᠬᠡᠷᠡᠭᠲᠡᠶ᠃ ᠴᠠᠭ ᠱᠤᠭᠤᠮ᠎ᠢ ᠳᠣᠭᠲᠠᠭ᠋ᠠᠨ᠂ ᠨᠢᠭᠡ ᠨᠢᠭᠡ ᠵᠦᠢ᠍ᠯ ᠵᠶ᠋ᠠᠷ ᠲᠦᠯᠬᠢᠨ ᠠᠬᠢᠭᠤᠯᠵᠤ᠂ ᠨᠢᠭᠡ ᠨᠢᠭᠡ ᠠᠰᠠᠭᠤᠳᠠᠯ ᠵᠶ᠋ᠠᠷ ᠰᠢᠢ᠍ᠳᠪᠤᠷᠢᠯᠡᠨ᠂ ᠳᠣᠭᠲᠠᠭᠰᠠᠨ ᠴᠠᠭ ᠬᠤᠭᠤᠴᠠᠭ᠋ᠠᠨ᠎ᠳᠤ᠎ᠪᠠᠨ ᠠᠵᠢᠯ ᠵᠶ᠋ᠠᠨ ᠠ᠋ᠮᠬᠢ ᠳᠠᠷᠠᠭ᠎ᠠ᠎ᠲᠠᠢ ᠨᠠᠢ᠌ᠲᠠᠪᠤᠷᠢᠵᠢᠭᠤᠯᠬᠤ ᠬᠡᠷᠡᠭᠲᠠᠢ᠃
      ᠲᠡᠷᠢᠭᠦᠨ᠎ᠢ ᠲᠡᠮᠡᠴᠡᠨ ᠰᠢᠯᠢᠳᠡᠭ᠎ᠢ ᠠ᠋ᠭᠦᠳᠬᠦ ᠤᠬᠠᠮᠰᠠᠷ᠎ᠢ ᠪᠤᠢ ᠪᠣᠯᠭ᠋ᠠᠬᠤ ᠬᠡᠷᠡᠭᠲᠡᠶ᠃ ᠰᠢᠨ᠎ᠡ ᠴᠠᠭ ᠦᠶ᠎ᠡ᠎ᠳᠤ ᠰᠢᠨ᠎ᠡ ᠳᠦᠷᠰᠦ ᠪᠠᠶ᠋ᠢᠳᠠᠯ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠴᠥᠮ ᠬᠠᠮᠲᠤ ᠵᠢᠨ ᠢᠷᠠᠭᠤ ᠠᠯᠳᠠᠷᠲᠤ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠠᠢ᠃ ᠠᠮᠵᠢᠯᠲᠠ ᠪᠦᠲᠦᠮᠵᠢ ᠵᠢᠨ ᠦᠨᠡᠯᠡᠯᠲᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠯᠢᠳᠡᠭ᠎ᠢ᠎ᠨᠢ ᠱᠠᠩᠨᠠᠵᠤ ᠳᠣᠷᠣᠢ ᠵᠢ᠎ᠨᠢ ᠲᠣᠷᠭ᠋ᠠᠠᠬᠤ ᠠᠵᠢᠯ᠎ᠤᠨ ᠤᠳᠤᠷᠢᠳᠤᠮᠵᠢ ᠵᠢ ᠪᠤᠢ ᠪᠣᠯᠭ᠋ᠠᠬᠤ ᠵᠦᠢ᠍ᠲᠠᠢ᠃ ᠬᠣᠶ᠋ᠢᠰᠢᠳᠠ ᠠᠷᠠᠳ᠎ᠤᠨ ᠶᠠᠪᠤᠳᠠᠯ᠎ᠤᠨ ᠲᠢᠩᠬᠢᠮ ᠨᠥᠬᠥᠪᠥᠷᠢ ᠪᠡᠯᠡ ᠮᠥᠩᠭᠥ ᠪᠣᠯᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠬᠤᠪᠢᠶᠠᠷᠢᠯᠠᠬᠤ᠎ᠳᠠᠭᠠᠨ ᠱᠠᠩᠨᠠᠯ ᠨᠥᠬᠥᠪᠥᠷᠢ ᠵᠢᠨ ᠪᠡᠯᠡ ᠮᠥᠩᠭᠥ ᠵᠢ ᠲᠤᠰᠬᠠᠶ ᠭᠠᠷᠭ᠋ᠠᠵᠤ᠂ ᠠᠮᠵᠢᠯᠲᠠ ᠪᠦᠲᠦᠮᠵᠢ ᠵᠢᠨ ᠦᠨᠡᠯᠡᠭᠰᠡᠨ ᠪᠠᠶ᠋ᠢᠳᠠᠯ᠎ᠢ ᠦᠨᠳᠦᠰᠦᠯᠡᠨ ᠱᠠᠩᠨᠠᠯ ᠬᠥᠬᠢᠭᠦᠯᠤᠯ ᠣᠯᠭᠣᠬᠤ ᠬᠡᠷᠡᠭᠲᠠᠢ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠬᠢᠮ
          
ᠬᠠᠮᠢᠶ᠎ᠡ ᠪᠦᠬᠦᠢ ᠰᠣᠨᠢᠨ
ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ ᠬᠦᠴᠢᠷᠳᠡᠯ᠎ᠢ ᠮᠠᠨ᠎ᠤ ᠤᠷᠤᠨ ᠨᠠᠢ᠍ᠮᠨᠨ ᠠᠷᠭ᠎ᠠ᠎ᠪᠠᠷ ᠰᠢᠢ᠍ᠳᠪᠤᠷᠢᠯᠡᠵᠤ ᠪᠠᠢ᠌ᠨ᠎ᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ 《ᠪᠢ ᠤᠯᠠᠨ ᠲᠦᠮᠡᠨ᠎ᠳᠤ ᠪᠤᠳᠠᠳᠠᠢ ᠶᠠᠪᠤᠳᠠᠯ ᠬᠢᠵᠤ ᠦᠭᠭᠦᠨ᠎ᠡ》 ᠦᠢ᠍ᠯᠡᠳᠤᠯᠬᠡ ᠵᠢᠨ ᠠᠵᠢᠯᠯᠠᠭ᠎ᠠ ᠵᠢᠨ ᠰᠠᠨᠠᠯ ᠰᠠᠨᠠᠭᠤᠯᠭ᠎ᠠ ᠬᠦᠰᠡᠬᠦ ᠠᠯᠪᠠᠨ ᠵᠠᠷ
ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠠᠩᠬᠢᠮ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢᠨ ᠠᠵᠢᠯ᠎ᠤᠨ ᠵᠢᠯᠤᠭᠤᠳᠤᠮᠵᠢ》 ᠨᠡᠢ᠌ᠲᠡᠯᠡᠵᠦ᠂ ᠬᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠬᠦᠭᠵᠢᠭᠦᠯᠬᠦ᠎ᠪᠠᠷ ᠲᠤᠭᠲᠠᠪᠠ
ᠡᠯ᠎ᠡ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠲᠢᠡᠭᠭᠢᠮ (ᠲᠤᠪᠴᠢᠶ᠎ᠠ)᠂ ᠠᠰᠳᠠᠭ᠋ᠠᠨ ᠲᠦᠯᠦᠪᠯᠡᠬᠡ ᠬᠢᠬᠦ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠰᠢᠨᠵᠢᠶᠠᠡᠭ᠎ᠤᠨ ᠦᠢ᠍ᠯᠡᠳᠪᠤᠷᠢᠯᠡᠯ᠎ᠤᠨ ᠪᠦᠳᠦᠬᠡᠨ ᠪᠠᠢ᠌ᠭᠤᠯᠤᠯᠳᠠ ᠵᠢᠨ ᠪᠢᠡᠭᠲ᠋ᠤᠸᠠᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ᠎ᠳᠤ᠄
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠡᠭᠬᠢᠮ᠎ᠤᠨ ᠦᠨᠳᠤᠰᠤᠨ ᠱᠠᠳᠤᠨ᠎ᠤ ᠵᠠᠰᠠᠯᠳᠠ ᠵᠢᠨ ᠰᠢᠨ᠎ᠡ ᠵᠢ ᠡᠬᠦᠳᠦᠭᠰᠡᠨ ᠨᠡᠢ᠌ᠳᠡᠯᠢᠭ ᠵᠢᠱ᠌ᠢᠶ᠎ᠡ ᠵᠢ ᠡᠯᠰᠡᠬᠦ ᠮᠡᠳᠡᠭᠳᠡᠯ
 
            