ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠠᠷᠠᠤᠨ ᠎ᠤᠨ ᠶᠠᠪᠤᠳᠠᠯ ᠎ᠤᠨ ᠶᠠᠮᠤᠨ《ᠪᠦᠬᠦ ᠤᠯᠤᠰ ᠎ᠤᠨ ᠴᠢᠨᠠᠷᠳᠠᠢ ᠨᠠᠢ᠌ᠭᠡᠮ ᠎ᠤᠨ ᠵᠤᠭᠢᠶᠠᠨ ᠪᠠᠢ᠌ᠭᠤᠯᠤᠯᠳᠠ ᠵᠢᠨ ᠦᠨᠡᠯᠡᠯᠳᠠ ᠵᠢᠨ ᠬᠠᠮᠢᠶᠠᠷᠤᠯᠳᠠ ᠵᠢᠨ ᠲᠦᠷᠢᠮ》 ᠎ᠢ ᠲᠤᠭᠳᠠᠭ᠋ᠠᠪᠠ
ᠨᠡᠶᠢᠲᠡᠯᠡᠭᠰᠡᠨ ᠴᠠᠭ᠄ 2021-12-20

              
        ᠪᠦᠬᠦ ᠤᠯᠤᠰ ᠎ᠤᠨ ᠴᠢᠨᠠᠷᠳᠠᠢ ᠨᠠᠢ᠌ᠭᠡᠮ ᠎ᠤᠨ ᠵᠤᠭᠢᠶᠠᠨ ᠪᠠᠢ᠌ᠭᠤᠯᠤᠯᠳᠠ ᠵᠢᠨ ᠦᠨᠠᠯᠠᠯᠳᠠ ᠵᠢᠨ ᠠᠵᠢᠯ ᠎ᠢ ᠴᠠᠭ᠋ᠠᠰᠢᠳᠠ ᠲᠦᠷᠢᠮᠵᠢᠬᠦᠯᠵᠤ᠂ ᠨᠠᠢ᠌ᠭᠡᠮ᠎ᠤᠨ ᠵᠤᠭᠢᠶᠠᠨ ᠪᠠᠢ᠌ᠭᠤᠯᠤᠯᠳᠠ ᠵᠢᠨ ᠴᠢᠨᠠᠷᠵᠢᠭᠤᠨ  ᠬᠦᠭᠵᠢᠯᠳᠠ ᠵᠢ ᠠᠭᠢᠭᠤᠯᠬᠤ ᠵᠢᠨ ᠲᠦᠯᠤᠭᠡ ᠠᠷᠠᠤᠨ ᠎ᠤᠨ ᠶᠠᠪᠤᠳᠠᠯ᠎ᠤᠨ ᠶᠠᠮᠤᠨ ᠎ᠨᠢ ᠤᠢ᠌ᠷ᠎ᠠ ᠎ᠳᠤ 《ᠪᠦᠬᠦ ᠤᠯᠤᠰ᠎ᠤᠨ ᠴᠢᠨᠠᠷᠳᠠᠢ ᠨᠠᠢ᠌ᠭᠡᠮ᠎ᠤᠨ ᠵᠤᠭᠢᠶᠠᠨ ᠪᠠᠢ᠌ᠭᠤᠯᠤᠯᠳᠠ ᠵᠢᠨ ᠦᠨᠠᠯᠠᠯᠳᠠ ᠵᠢᠨ ᠬᠠᠮᠢᠶᠠᠷᠤᠯᠳᠠ ᠵᠢᠨ ᠲᠦᠷᠢᠮ》 ᠎ᠢ ᠲᠤᠭᠳᠠᠭ᠋ᠠᠪᠠ᠃  (《ᠲᠦᠷᠢᠮ》  ᠭᠡᠵᠤ ᠲᠦᠬᠦᠮᠴᠢᠯᠡᠶ᠎ᠡ)
      《ᠲᠦᠷᠢᠮ》᠎ᠨᠢ ᠵᠢᠷᠭᠤᠭ᠋ᠠᠨ ᠪᠦᠯᠦᠭ ᠭᠤᠴᠢᠨ ᠲᠠᠪᠤᠨ ᠵᠤᠷᠪᠤᠰ ᠪᠠᠢ᠌ᠵᠤ᠂ ᠬᠠᠮᠢᠶᠠᠷᠤᠯᠳᠠ᠂ ᠪᠠᠢ᠌ᠭᠤᠯᠤᠮᠵᠢ᠂ ᠦᠨᠡᠯᠡᠬᠦ ᠡᠳᠡᠭᠡᠤᠨ ᠪᠠ ᠠᠭᠤᠯᠭ᠎ᠠ᠂ ᠦᠨᠠᠯᠠᠯᠳᠠ  ᠭᠢᠬᠦ  ᠲᠤᠰᠬᠠᠢ ᠮᠡᠷᠭᠡᠵᠢᠯᠳᠠᠨ᠎ᠤ ᠬᠠᠮᠢᠶᠠᠷᠤᠯᠳᠠ᠂ ᠭᠢᠨᠠᠯᠳᠠ ᠲᠠᠯᠪᠢᠵᠤ ᠬᠠᠮᠢᠶᠠᠷᠬᠤ ᠵᠡᠷᠭᠡ ᠲᠠᠯ᠎ᠠ᠎ᠪᠠᠷ ᠪᠦᠬᠦ ᠤᠯᠤᠰ᠎ᠤᠨ ᠴᠢᠨᠠᠷᠳᠠᠢ ᠨᠠᠢ᠌ᠭᠡᠮ᠎ᠤᠨ ᠵᠤᠭᠢᠶᠠᠨ ᠪᠠᠢ᠌ᠭᠤᠯᠤᠯᠳᠠ ᠵᠢᠨ ᠦᠨᠡᠯᠡᠯᠳᠠ ᠵᠢᠨ ᠠᠵᠢᠯ ᠎ᠤᠨ ᠲᠤᠬᠠᠢ ᠲᠤᠳᠤᠷᠬᠠᠢ ᠲᠤᠭᠳᠠᠭ᠋ᠠᠯ ᠭᠠᠷᠭ᠋ᠠᠪᠠ᠃
       《ᠲᠦᠷᠢᠮ》 ᠎ᠳᠤ ᠦᠨᠡᠯᠡᠯᠳᠠ  ᠭᠢᠬᠦ ᠭᠤᠤᠯ ᠴᠤᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠪᠦᠬᠦ ᠤᠯᠤᠰ ᠎ᠤᠨ ᠴᠢᠨᠡᠷᠳᠠᠢ ᠨᠠᠢ᠌ᠭᠡᠮ ᠎ᠤᠨ ᠵᠤᠭᠢᠶᠠᠨ ᠪᠠᠢ᠌ᠭᠤᠯᠤᠯᠳᠠ ᠵᠢᠨ ᠦᠨᠡᠯᠡᠯᠳᠠ ᠵᠢᠨ ᠠᠵᠢᠯ᠎ᠢ ᠠᠷᠠᠤᠨ᠎ᠤᠨ ᠶᠠᠪᠤᠳᠠᠯ᠎ᠤᠨ ᠶᠠᠮᠤᠨ ᠬᠠᠷᠢᠭᠤᠴᠠᠬᠤ  ᠵᠢ ᠲᠤᠳᠤᠷᠬᠠᠢ᠌ᠯᠠᠵᠤ᠂ ᠦᠨᠡᠯᠡᠯᠳᠠ ᠵᠢᠨ ᠵᠦᠪᠯᠡᠯ ᠪᠠᠢ᠌ᠭᠤᠯᠵᠤ᠂ ᠪᠦᠬᠦ ᠤᠯᠤᠰ᠎ᠤᠨ ᠴᠢᠨᠡᠷᠳᠠᠢ ᠨᠠᠢ᠌ᠭᠡᠮ᠎ᠤᠨ ᠵᠤᠭᠢᠶᠠᠨ ᠪᠠᠢ᠌ᠭᠤᠯᠤᠯᠳᠠ ᠵᠢᠨ ᠦᠨᠡᠯᠡᠯᠳᠠ ᠵᠢᠨ ᠠᠵᠢᠯ᠎ᠢ ᠡᠬᠦᠷᠭᠡᠯᠡᠵᠤ᠂ ᠦᠨᠡᠯᠡᠯᠳᠠ ᠵᠢᠨ ᠵᠦᠪᠯᠡᠯ᠎ᠤᠨ ᠲᠤᠤᠷ᠎ᠠ᠎ᠨᠢ ᠠᠯᠪᠠᠨ ᠭᠡᠷ   ᠪᠠᠢ᠌ᠭᠤᠯᠵᠤ ᠦᠨᠡᠯᠠᠯᠳᠠ ᠵᠢᠨ ᠡᠳᠤᠷ ᠲᠤᠳᠤᠮ ᠎ᠤᠨ ᠠᠵᠢᠯ᠎ᠢ  ᠬᠠᠷᠢᠭᠤᠴᠠᠵᠤ᠂ ᠪᠦᠬᠦ ᠤᠯᠤᠰ᠎ᠤᠨ ᠴᠢᠨᠡᠷᠳᠠᠢ ᠨᠠᠢ᠌ᠭᠡᠮ᠎ᠤᠨ ᠵᠤᠭᠢᠶᠠᠨ ᠪᠠᠢ᠌ᠭᠤᠯᠤᠯᠳᠠ ᠵᠢᠨ ᠦᠨᠡᠯᠡᠯᠳᠠ ᠵᠢᠨ ᠵᠠᠷᠤᠳᠠᠯ ᠎ᠢ ᠡᠳ᠋ ᠎ᠤᠨ ᠵᠠᠰᠠᠭ᠎ᠤᠨ ᠲᠦᠰᠤᠪ ᠎ᠲᠤ ᠤᠷᠤᠭᠤᠯᠬᠤ ᠪᠤᠯᠤᠨ᠎ᠠ᠃
       ᠦᠨᠡᠯᠡᠯᠳᠠ ᠵᠢᠨ ᠠᠵᠢᠯ ᠎ᠤᠨ ᠡᠮᠭᠢ ᠲᠠᠷᠠᠭ᠋ᠠᠯᠠᠯ᠎ᠢ ᠨᠠᠷᠢᠯᠢᠭᠵᠢᠭᠤᠯᠬᠤ ᠲᠠᠯ᠎ᠠ᠎ᠪᠠᠷ《ᠲᠦᠷᠢᠮ》᠎ᠳᠤ ᠦᠨᠡᠯᠡᠯᠳᠠ ᠵᠢᠨ ᠠᠵᠢᠯ ᠎ᠤᠨ ᠮᠡᠳᠡᠭᠳᠡᠯ ᠪᠤᠶᠤ ᠵᠠᠷ ᠲᠠᠷᠬᠠᠭ᠋ᠠᠬᠤ᠂ ᠭᠢᠷᠢ ᠭᠡᠮ᠎ᠢ᠎ᠨᠢ ᠭᠢᠨᠠᠨ ᠪᠠᠢ᠌ᠴᠠᠭ᠋ᠠᠬᠤ᠂  ᠲᠤᠰᠬᠠᠢ ᠮᠡᠷᠭᠡᠵᠢᠯᠳᠠᠨ᠎ᠤ ᠲᠤᠭᠤᠢ᠌ᠯᠠᠩ ᠵᠤᠭᠢᠶᠠᠨ ᠪᠠᠢ᠌ᠭᠤᠯᠬᠤ᠂  ᠲᠤᠬᠠᠢ ᠵᠢᠨ ᠭᠠᠵᠠᠷ᠎ᠨᠢ ᠦᠨᠡᠯᠡᠯᠳᠠ ᠭᠢᠬᠦ᠂  ᠨᠠᠢ᠌ᠭᠡᠮ᠎ᠤᠨ ᠦᠨᠡᠯᠡᠯᠳᠠ  ᠭᠢᠬᠦ᠂ ᠰᠠᠨᠠᠯ᠎ᠢ ᠪᠤᠴᠠᠭ᠋ᠠᠨ ᠬᠠᠷᠢᠭᠤᠯᠬᠤ᠂ ᠲᠡᠰ ᠱᠠᠳᠤ᠎ᠪᠠᠷ ᠲᠤᠷᠠᠳᠤᠯᠭ᠎ᠠ ᠭᠠᠷᠭ᠋ᠠᠬᠤ᠂ ᠭᠡᠰᠢᠬᠦᠨ᠎ᠤ ᠬᠤᠷᠠᠯ ᠭᠢᠬᠦ᠂ ᠲᠡᠭᠢᠨ ᠭᠢᠨᠠᠭᠤᠯᠬᠤ᠎ᠪᠠᠷ  ᠡᠷᠡᠮᠡᠯᠵᠡᠯᠡᠬᠦ᠂ ᠦᠨᠡᠯᠡᠯᠳᠠ  ᠵᠢ  ᠲᠠᠭᠢᠨ ᠭᠢᠨᠠᠬᠤ᠂ ᠵᠠᠷ ᠨᠠᠢ᠌ᠳᠠᠯᠡᠬᠦ ᠵᠡᠷᠭᠡ ᠠᠵᠢᠯ ᠎ᠤᠨ ᠠᠭᠤᠯᠭ᠎ᠠ᠂ ᠱᠠᠭ᠋ᠠᠷᠳᠠᠯᠭ᠎ᠠ ᠪᠠ ᠴᠠᠭ ᠬᠤᠭᠤᠴᠠᠭ᠎ᠠ ᠵᠢ ᠲᠤᠳᠤᠷᠬᠠᠢ᠌ᠯᠠᠭᠰᠠᠨ ᠪᠠᠢ᠌ᠨ᠎ᠠ᠃
      《ᠲᠦᠷᠢᠮ》᠎ᠳᠤ ᠦᠨᠡᠯᠡᠯᠳᠠ ᠵᠢᠨ ᠲᠤᠰᠬᠠᠢ ᠮᠡᠷᠭᠡᠵᠢᠯᠳᠠᠨ᠎ᠤ ᠬᠦᠮᠤᠷᠭᠡ ᠵᠢᠨ ᠪᠠᠢ᠌ᠭᠤᠯᠤᠯᠳᠠ ᠪᠤᠯᠤᠨ ᠲᠤᠰᠬᠠᠢ ᠮᠡᠷᠭᠡᠵᠢᠯᠳᠠᠨ ᠵᠶ᠋ᠠᠷ ᠲᠤᠮᠢᠯᠠᠭᠳᠠᠬᠤ ᠭᠢᠷᠢ ᠭᠡᠮ᠂ ᠬᠠᠷᠢᠭᠤᠴᠠᠯᠭ᠎ᠠ᠂ ᠤᠷᠢᠵᠤ ᠲᠤᠮᠢᠯᠠᠬᠤ᠂ ᠪᠤᠯᠪᠠᠰᠤᠷᠠᠭᠤᠯᠬᠤ᠂ ᠭᠢᠨᠠᠨ ᠰᠢᠯᠭ᠋ᠠᠬᠤ  ᠪᠤᠯᠤᠨ ᠨᠢᠭᠤᠴᠠ ᠵᠢ ᠬᠠᠮᠠᠭ᠋ᠠᠯᠠᠬᠤ᠂ ᠵᠠᠢ᠌ᠯᠠᠬᠤ᠂ ᠭᠢᠷᠢ ᠭᠡᠮ᠎ᠢ᠎ᠨᠢ ᠬᠦᠴᠤᠨ ᠦᠭᠡᠢ ᠪᠤᠯᠭ᠋ᠠᠬᠤ ᠵᠡᠷᠭᠡ ᠶᠠᠪᠤᠳᠠᠯ᠎ᠢ ᠲᠤᠰᠬᠠᠢ ᠪᠦᠯᠦᠭ᠎ᠲᠤ  ᠲᠤᠳᠤᠷᠬᠠᠢ᠌ᠯᠠᠪᠠ᠃
      《ᠲᠦᠷᠢᠮ》᠎ᠳᠤ ᠦᠨᠡᠯᠡᠯᠳᠠ ᠵᠢᠨ ᠠᠯᠪᠠᠨ ᠭᠡᠷ ᠦᠨᠡᠯᠡᠯᠳᠠ ᠵᠢᠨ ᠲᠡᠰ᠎ᠨᠢ ᠬᠦᠴᠤᠨ᠎ᠲᠠᠢ ᠬᠤᠭᠤᠴᠠᠭ᠋ᠠᠨ ᠎ᠳᠤ ᠪᠠᠢ᠌ᠬᠤ ᠪᠦᠬᠦ ᠤᠯᠤᠰ᠎ᠤᠨ ᠴᠢᠨᠡᠷᠳᠠᠢ ᠨᠠᠢ᠌ᠭᠡᠮ᠎ᠤᠨ ᠵᠤᠭᠢᠶᠠᠨ ᠪᠠᠢ᠌ᠭᠤᠯᠤᠯᠳᠠ ᠵᠢ ᠵᠢᠯ ᠪᠦᠷᠢ ᠰᠢᠪᠠᠭ᠎ᠠ ᠰᠤᠭᠤᠯᠬᠤ  ᠭᠡᠯᠪᠡᠷᠢ᠎ᠪᠠᠷ ᠰᠤᠩᠭᠤᠵᠤ ᠮᠦᠷᠳᠡᠨ ᠦᠨᠡᠯᠡᠯᠳᠠ ᠭᠢᠵᠤ᠂ ᠠᠷᠠᠤᠨ᠎ᠤᠨ ᠶᠠᠪᠤᠳᠠᠯ᠎ᠤᠨ ᠶᠠᠮᠤᠨ ᠮᠦᠷᠳᠡᠨ ᠦᠨᠡᠯᠡᠯᠳᠠ ᠭᠢᠭᠰᠡᠨ ᠪᠠᠢ᠌ᠳᠠᠯ᠎ᠢ ᠦᠨᠳᠤᠰᠤᠯᠠᠨ ᠬᠠᠮᠢᠶ᠎ᠠ ᠪᠦᠬᠦᠢ ᠨᠠᠢ᠌ᠭᠡᠮ ᠎ᠤᠨ ᠵᠤᠭᠢᠶᠠᠨ ᠪᠠᠢ᠌ᠭᠤᠯᠤᠯᠳᠠ ᠵᠢᠨ ᠦᠨᠠᠯᠠᠯᠳᠠ ᠵᠢᠨ ᠲᠡᠰ᠎ᠲᠤ ᠲᠤᠭᠢᠷᠠᠭᠤᠯᠤᠯᠳᠠ ᠭᠢᠬᠦ ᠪᠤᠶᠤ ᠲᠤᠳᠤᠯᠠᠵᠤ᠂《ᠦᠨᠡᠯᠡᠯᠳᠠ ᠭᠢᠭᠰᠡᠭᠡᠷ ᠯᠡ ᠪᠠᠷᠠᠴᠢᠬᠠᠳᠠᠭ》  ᠶᠠᠪᠤᠳᠠᠯ᠎ᠢ ᠰᠡᠷᠭᠡᠢ᠌ᠯᠡᠨ᠎ᠡ᠃  ᠡᠬᠦᠨ᠎ᠤ ᠬᠠᠮᠳᠤ ᠦᠨᠡᠯᠡᠯᠳᠠ ᠵᠢᠨ ᠲᠡᠰ᠎ᠨᠢ ᠬᠦᠴᠤᠨ᠎ᠲᠠᠢ ᠬᠤᠭᠤᠴᠠᠭ᠋ᠠᠨ ᠎ᠳᠤ ᠪᠠᠢ᠌ᠭ᠎ᠠ ᠨᠠᠢ᠌ᠭᠡᠮ᠎ᠤᠨ ᠵᠤᠭᠢᠶᠠᠨ ᠪᠠᠢ᠌ᠭᠤᠯᠤᠯᠳᠠ᠎ᠨᠢ ᠵᠠᠰᠠᠭ ᠵᠠᠬᠢᠷᠭ᠋ᠠᠨ᠎ᠤ ᠰᠢᠢ᠍ᠳᠭᠡᠯ ᠤᠯᠤᠭᠰᠠᠨ᠂ ᠵᠠᠭ᠋ᠠᠯᠳᠤᠭᠳᠠᠭᠰᠠᠨ᠂ ᠨᠠᠢ᠌ᠭᠡᠮ᠎ᠤᠨ ᠵᠤᠭᠢᠶᠠᠨ ᠪᠠᠢ᠌ᠭᠤᠯᠤᠯᠳᠠ ᠵᠢᠨ ᠬᠡᠪ᠎ᠤᠨ ᠪᠤᠰᠤ ᠠᠵᠢᠯᠯᠠᠭ᠎ᠠ ᠵᠢᠨ ᠨᠡᠷ᠎ᠡ᠎ᠳᠤ ᠲᠡᠮᠳᠡᠭᠯᠡᠭᠳᠡᠭᠰᠡᠨ ᠪᠤᠶᠤ ᠬᠠᠤᠯᠢ ᠴᠠᠭ᠋ᠠᠵᠠ ᠵᠢ ᠨᠤᠴᠢᠳᠠᠢ ᠵᠦᠷᠢᠴᠡᠵᠤ ᠢᠳᠡᠭᠡᠯ ᠠᠯᠳᠠᠭᠰᠠᠨ ᠨᠡᠷ᠎ᠡ᠎ᠳᠤ ᠤᠷᠤᠭᠰᠠᠨ ᠵᠡᠷᠭᠡ ᠪᠠᠢ᠌ᠳᠠᠯ᠎ᠳᠤ ᠴᠢᠭᠯᠡᠬᠦᠯᠵᠤ ᠭᠢᠨᠠᠨ ᠪᠠᠢ᠌ᠴᠠᠭ᠋ᠠᠭᠰᠠᠨ ᠦᠨᠡᠯᠡᠯᠳᠠ ᠭᠢᠬᠦ ᠵᠢᠨ ᠬᠠᠮᠳᠤ ᠲᠡᠰ᠎ᠢ᠎ᠨᠢ ᠵᠤᠬᠢᠬᠤ ᠬᠡᠮᠵᠢᠶ᠎ᠡ᠎ᠪᠠᠷ ᠲᠤᠬᠢᠷᠠᠭᠤᠯᠤᠨ᠎ᠠ᠃
       

ᠢᠷᠡᠯᠲᠡ᠄ 《ᠲᠤᠮᠳᠠᠳᠤ ᠤᠯᠤᠰ᠎ᠤᠨ ᠨᠡᠢ᠌ᠬᠡᠮ ᠰᠤᠨᠢᠨ》
          
ᠬᠠᠮᠢᠶ᠎ᠡ ᠪᠦᠬᠦᠢ ᠰᠣᠨᠢᠨ
《ᠬᠣᠶᠠᠷ ᠪᠠᠶᠠᠷ》᠎ᠤᠨ ᠬᠤᠭᠤᠴᠠᠭ᠋ᠠᠨ᠎ᠳᠤ᠎ᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠶᠤᠯᠭᠦᠶ ᠦᠢ᠍ᠯᠡᠳᠪᠤᠷᠢᠯᠡᠯ ᠵᠡᠷᠭᠡ ᠬᠣᠯᠪᠣᠭᠳᠠᠯ ᠪᠥᠬᠥᠶ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ
2022 ᠣᠨ᠎ᠤ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠤ ᠱᠠᠭ᠋ᠠᠷᠳᠠᠪᠠ
《ᠬᠣᠶᠠᠷ ᠪᠠᠶᠠᠷ》᠎ᠤᠨ ᠬᠤᠭᠤᠴᠠᠭ᠋ᠠᠨ᠎ᠳᠤ᠎ᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠶᠤᠯᠭᠦᠶ ᠦᠢ᠍ᠯᠡᠳᠪᠤᠷᠢᠯᠡᠯ ᠵᠡᠷᠭᠡ ᠬᠣᠯᠪᠣᠭᠳᠠᠯ ᠪᠥᠬᠥᠶ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠠᠯᠪᠠᠨ ᠵᠠᠷᠯᠠᠯ
2022 ᠣᠨ᠎ᠤ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ 《ᠳᠥᠷᠪᠡᠨ ᠰᠤᠷᠲᠠᠯ》᠎ᠢ ᠵᠠᠯᠠᠷᠠᠭᠤᠯᠵᠤ ᠰᠢᠨ᠎ᠡ ᠰᠤᠷᠲᠠᠯ᠎ᠢ ᠪᠣᠶ ᠪᠣᠯᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠮᠡᠳᠡᠭᠳᠡᠯ
 
            