12 ᠰᠠᠷ᠎ᠠ ᠵᠢᠨ 29᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ 《ᠡᠪᠦᠯ ᠬᠠᠪᠤᠷ ᠪᠠ 〈ᠬᠣᠶᠠᠷ ᠪᠠᠶᠠᠷ〉᠎ᠤᠨ ᠬᠤᠭᠤᠴᠠᠭ᠋ᠠᠨ᠎ᠳᠤ᠎ᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠶᠤᠯᠬᠦᠢ ᠦᠢ᠍ᠯᠡᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠵᠡᠷᠭᠡ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠰᠢᠨ᠎ᠡ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠡᠯ᠎ᠡ ᠵᠦᠢ᠍ᠯ᠎ᠤᠨ ᠠᠵᠢᠯ ᠪᠣᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠪᠠᠶ᠋ᠢᠩᠭᠤ ᠵᠢᠨ ᠴᠢᠨᠠᠷᠲᠠᠢ ᠰᠡᠷᠭᠡᠶ᠋ᠢᠯᠡᠨ ᠡᠵᠡᠮᠳᠡᠬᠦ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ (ᠲᠠᠯᠠᠪᠤᠷ ᠭᠠᠵᠠᠷ) ᠵᠢᠨ ᠠᠮᠤᠷ ᠲᠦᠪᠰᠢᠨ᠂ ᠥᠷᠭᠡᠨ ᠤᠯᠠᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠲᠡᠭᠡᠳ᠎ᠤᠨ ᠪᠠᠶᠠᠷ ᠪᠠᠶᠠᠰᠬᠤᠯᠠᠩ᠎ᠲᠠᠢ ᠥᠯᠵᠡᠢ ᠪᠡᠯᠭᠡ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠮᠡᠳᠡᠭᠳᠡᠯ᠎ᠳᠤ ᠱᠠᠭ᠋ᠠᠷᠳᠠᠭᠰᠠᠨ᠎ᠨᠢ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠪᠠᠶ᠋ᠢᠭᠤᠯᠤᠮᠵᠢ (ᠲᠠᠯᠠᠪᠤᠷ ᠭᠠᠵᠠᠷ) ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠴᠦᠬᠡᠨ ᠴᠦ᠍ ᠰᠤᠯᠠᠷᠠᠭᠤᠯᠤᠯ ᠥᠬᠡᠶ᠎ᠪᠠᠷ ᠰᠠᠶ᠋ᠢᠲᠤᠷ ᠬᠢᠵᠦ᠂ 《ᠲᠦᠷᠪᠡ ᠵᠢ ᠡᠷᠳᠡ ᠬᠢᠬᠦ》 ᠪᠠ 《ᠲᠠᠪᠤ ᠵᠢ ᠪᠦᠷᠢᠳᠦᠭᠦᠯᠵᠦ ᠭᠤᠷᠪᠠ ᠵᠢ ᠴᠢᠩᠭ᠋ᠠᠳᠬᠠᠬᠤ》 ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ ᠨᠠᠰᠤᠵᠢᠯ᠎ᠤᠨ ᠦᠢ᠍ᠯᠡᠴᠢᠯᠡᠬᠡ᠂ ᠨᠡᠶ᠋ᠢᠭᠡᠮ᠎ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠂ ᠬᠡᠤᠬᠡᠳ᠎ᠤᠨ ᠠᠰᠠᠷᠠᠮᠵᠢ ᠵᠡᠷᠭᠡ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠪᠠᠶ᠋ᠢᠭᠤᠯᠤᠮᠵᠢ ᠵᠢᠨ ᠬᠣᠯᠪᠣᠭᠳᠠᠯ ᠪᠥᠬᠥᠶ ᠰᠡᠷᠭᠡᠶ᠋ᠢᠯᠡᠨ ᠡᠵᠡᠮᠳᠡᠬᠦ ᠵᠦᠭᠯᠡᠭᠦᠷ᠎ᠢ ᠴᠢᠩᠭ᠎ᠠ ᠬᠡᠷᠡᠭᠵᠢᠭᠦᠯᠬᠦ ᠵᠢ ᠰᠢᠪᠠᠳᠠᠨ ᠵᠢᠯᠣᠭᠣᠳᠴᠤ᠂ ᠺᠣᠳ᠋ ᠰᠢᠷᠪᠢᠬᠦ᠂ ᠳᠤᠯᠠᠭ᠋ᠠᠨ᠎ᠢ ᠬᠡᠮᠵᠢᠬᠦ᠂ ᠠᠷᠢᠭᠤᠳᠬᠠᠬᠤ᠂ ᠲᠤᠰᠠᠭ᠋ᠠᠷᠯᠠᠬᠤ᠂ ᠨᠢᠭᠡ ᠮᠧᠲᠷ᠎ᠤᠨ ᠱᠤᠭᠤᠮ ᠵᠡᠷᠭᠡ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃ ᠬᠦᠢ᠍ᠳᠡᠨ ᠢᠳᠡᠭᠡᠨ ᠤᠮᠳᠠᠭ᠋ᠠᠨ᠂ ᠲᠦᠷᠭᠡᠨ ᠬᠦᠷᠭᠡᠯᠲᠡ ᠵᠡᠷᠭᠡ ᠡᠳ᠋ ᠪᠣᠳᠠᠰ᠎ᠢ ᠪᠠᠶ᠋ᠢᠴᠠᠭ᠋ᠠᠨ ᠰᠢᠯᠭ᠋ᠠᠵᠤ ᠠᠷᠢᠭᠤᠳᠬᠠᠬᠤ ᠵᠢ ᠴᠢᠩᠳᠠᠯᠠᠵᠤ᠂ ᠬᠥᠮᠦᠨ᠂ ᠪᠣᠳᠠᠰ᠎ᠢ ᠬᠠᠮᠲᠤᠳᠤᠨᠢ ᠰᠡᠷᠭᠡᠶ᠋ᠢᠯᠡᠬᠦ ᠵᠢ ᠡᠷᠡᠰ ᠪᠡᠶᠡᠯᠡᠭᠦᠯᠵᠦ᠂ ᠭᠠᠳᠠᠨ᠎ᠠ᠎ᠠᠴᠠ ᠣᠷᠣᠭᠤᠯᠬᠤ ᠠᠷᠭ᠎ᠠ ᠵᠠᠮ᠎ᠢ ᠲᠠᠰᠤᠯᠬᠤ ᠬᠡᠷᠡᠭᠲᠡᠶ᠃
ᠮᠡᠳᠡᠭᠳᠡᠯ᠎ᠳᠤ᠂ ᠠᠷᠠᠳ᠎ᠤᠨ ᠶᠠᠪᠤᠳᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠯᠠᠪᠳᠠᠭᠤᠨ ᠪᠠᠲᠤᠲᠠᠢ ᠨᠠᠷᠢᠨ ᠨᠢᠮᠪᠠᠢ ᠰᠠᠶ᠋ᠢᠲᠤᠷ ᠬᠢᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠥᠮᠦᠨ ᠵᠶ᠋ᠠᠷ ᠰᠡᠷᠭᠡᠶ᠋ᠢᠯᠡᠬᠦ᠂ ᠪᠣᠳᠠᠰ ᠵᠶ᠋ᠠᠷ ᠰᠡᠷᠭᠡᠶ᠋ᠢᠯᠡᠬᠦ᠂ ᠮᠡᠷᠭᠡᠵᠢᠯ ᠵᠶ᠋ᠠᠷ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠭᠠᠯ ᠬᠡᠷᠡᠭᠯᠡᠬᠦ᠂ ᠴᠠᠬᠢᠯᠭ᠋ᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ᠃ ᠡᠪᠦᠯ᠎ᠤᠨ ᠤᠯᠠᠷᠢᠯ᠎ᠤᠨ ᠳᠤᠯᠠᠭ᠋ᠠᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠬᠥᠯᠳᠡᠵᠦ ᠰᠢᠷᠬᠠᠲᠤᠬᠤ᠂ ᠬᠥᠯᠳᠡᠵᠦ ᠦᠬᠦᠬᠦ ᠡᠨᠳᠡᠯ ᠭᠠᠷᠬᠤ ᠵᠢ ᠰᠡᠷᠭᠡᠶ᠋ᠢᠯᠡᠵᠦ᠂ ᠦᠢ᠍ᠯᠡᠴᠢᠯᠡᠬᠡ ᠬᠦᠷᠳᠡᠭᠰᠡᠳ᠎ᠤᠨ ᠳᠤᠯᠠᠭ᠋ᠠᠨ ᠪᠦᠯᠢᠶᠡᠨ ᠡᠪᠦᠯᠵᠢᠬᠦ ᠵᠢ ᠪᠠᠲᠤᠯᠠᠬᠤ ᠬᠡᠷᠡᠭᠲᠡᠢ᠃
ᠮᠡᠳᠡᠭᠳᠡᠯ᠎ᠳᠤ᠂ ᠵᠠᠬᠢᠳᠠᠯ ᠰᠤᠷᠪᠤᠯᠵᠢᠯᠠᠭ᠎ᠠ ᠵᠢᠨ ᠲᠣᠭᠲᠠᠭᠤᠨ᠎ᠢ ᠬᠠᠮᠠᠭ᠋ᠠᠯᠠᠬᠤ ᠠᠵᠢᠯ᠎ᠢ ᠭᠦᠨᠵᠡᠭᠡᠢ ᠨᠠᠷᠢᠨ ᠨᠢᠮᠪᠠᠢ ᠰᠠᠶ᠋ᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠵᠢᠨ ᠵᠥᠷᠢᠴᠡᠯ᠎ᠤᠨ ᠭᠡᠮ ᠰᠣᠭᠣᠭ᠎ᠢ ᠳᠠᠷᠠᠭ᠋ᠠᠯᠠᠨ ᠪᠠᠶ᠋ᠢᠴᠠᠭ᠋ᠠᠬᠤ ᠠᠵᠢᠯ᠎ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠠᠷᠠᠭ᠋ᠠᠯᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠵᠢᠨ ᠵᠥᠷᠢᠴᠡᠯ᠎ᠤᠨ ᠭᠡᠮ ᠰᠣᠭᠣᠭ᠎ᠲᠤ ᠡᠬᠡ ᠳᠠᠩᠰᠠ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠪᠠᠶ᠋ᠢᠳᠠᠯ᠎ᠢ ᠴᠠᠭ ᠲᠤᠬᠠᠢᠳᠤᠨᠢ ᠡᠵᠡᠮᠰᠢᠵᠦ᠂ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠬᠠᠷᠢᠭᠤ ᠥᠭᠴᠦ᠂ ᠠᠰᠠᠭᠤᠳᠠᠯ᠎ᠢ ᠦᠨᠡᠨ ᠬᠦ᠌ ᠦᠨᠳᠦᠰᠦᠨ ᠱᠠᠲᠤᠨ᠎ᠳᠤ ᠰᠢᠢ᠍ᠳᠪᠦᠷᠢᠯᠡᠵᠦ᠂ ᠭᠡᠮ ᠰᠣᠭᠣᠭ᠎ᠢ ᠴᠤᠬᠤᠶ᠋ᠢᠵᠤ ᠪᠠᠶ᠋ᠢᠭ᠎ᠠ ᠦᠶ᠎ᠡ᠎ᠳᠤ᠎ᠨᠢ ᠠᠷᠢᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠷᠠᠳ᠎ᠤᠨ ᠶᠠᠪᠤᠳᠠᠯ᠎ᠤᠨ ᠠᠵᠢᠯ᠎ᠳᠤ ᠬᠣᠯᠪᠣᠭᠳᠠᠭᠰᠠᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠤᠨ ᠮᠡᠳᠡᠭᠡ ᠵᠠᠩᠭᠢ ᠵᠢᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠰᠢᠢ᠍ᠳᠪᠤᠷᠢᠯᠡᠬᠦ ᠪᠡᠯᠡᠳᠬᠡᠯ ᠲᠥᠰᠦᠯ᠎ᠢ ᠲᠡᠭᠦᠯᠳᠡᠷᠵᠢᠭᠦᠯᠦᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠴᠢᠩᠭ᠋ᠠᠳᠬᠠᠵᠤ᠂ ᠰᠢᠢ᠍ᠳᠪᠤᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃
ᠮᠡᠳᠡᠭᠳᠡᠯ᠎ᠳᠤ ᠱᠠᠭ᠋ᠠᠷᠳᠠᠭᠰᠠᠨ᠎ᠨᠢ᠂ ᠬᠦᠴᠢᠷᠳᠡᠯᠲᠡᠶ ᠣᠯᠠᠨ ᠲᠦᠮᠡᠨ᠎ᠢ ᠲᠤᠰᠠᠯᠠᠬᠤ ᠠᠵᠢᠯ᠎ᠢ ᠰᠡᠳᠬᠢᠯ ᠲᠠᠯᠪᠢᠨ ᠰᠠᠶ᠋ᠢᠲᠤᠷ ᠬᠢᠵᠦ᠂ ᠣᠯᠠᠨ ᠲᠦᠮᠡᠨ᠎ᠤ ᠠᠮᠤᠷ ᠲᠦᠪᠰᠢᠨ ᠪᠠ ᠬᠠᠯᠠᠭᠤᠨ ᠳᠤᠯᠠᠭ᠋ᠠᠨ᠎ᠢ ᠢᠮᠠᠭᠲᠠ ᠰᠡᠳᠬᠢᠯ᠎ᠳᠤ᠎ᠪᠠᠨ ᠪᠤᠳᠤᠵᠤ᠂ ᠬᠦᠴᠢᠷᠳᠡᠯᠲᠡᠶ ᠣᠯᠠᠨ ᠲᠦᠮᠡᠨ᠂ ᠭᠠᠮᠰᠢᠭᠳᠠᠭᠰᠠᠨ ᠣᠯᠠᠨ ᠲᠦᠮᠡᠨ᠎ᠢ ᠲᠤᠰᠠᠯᠠᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ ᠵᠡᠷᠭᠡ ᠲᠤᠰᠠᠯᠠᠮᠵᠢ ᠵᠢᠨ ᠪᠠᠯᠠ ᠮᠥᠩᠭᠥ ᠵᠢ ᠴᠠᠭ ᠲᠤᠬᠠᠶ᠎ᠳᠤᠨᠢ ᠲᠣᠭ᠎ᠠ ᠶᠣᠰᠣᠭ᠋ᠠᠷ ᠲᠦᠭᠡᠭᠡᠵᠦ᠂ ᠨᠡᠶ᠋ᠢᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠠᠷᠠᠳ᠎ᠤᠨ ᠶᠠᠪᠤᠳᠠᠯ᠎ᠤᠨ ᠨᠠᠭ᠋ᠠᠳᠤ ᠵᠠᠬ᠎ᠠ ᠵᠢᠨ ᠪᠠᠷᠢᠮᠵᠢᠶ᠎ᠠ ᠵᠢ ᠪᠠᠲᠤ ᠰᠠᠬᠢᠬᠤ ᠬᠡᠷᠡᠭᠲᠡᠶ᠃ 《ᠬᠠᠬᠢᠷ ᠡᠪᠦᠯ᠎ᠤᠨ ᠬᠦᠢ᠍ᠳᠡᠨ᠎ᠳᠤ᠎ᠳᠤ ᠬᠠᠶ᠋ᠢᠷ᠎ᠠ ᠬᠠᠯᠠᠮᠵᠢ ᠬᠦᠷᠭᠡᠬᠦ》 ᠲᠤᠰᠬᠠᠶ ᠲᠤᠰᠠᠯᠠᠮᠵᠢ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠲᠣᠭᠣᠷᠢᠨ ᠪᠠᠶ᠋ᠢᠴᠠᠭ᠋ᠠᠬᠤ ᠤᠳᠠᠭ᠎ᠠ᠎ᠪᠠᠨ ᠨᠡᠮᠡᠭᠳᠡᠭᠦᠯᠦᠨ᠂ ᠲᠣᠭᠣᠷᠢᠨ ᠪᠠᠶ᠋ᠢᠴᠠᠭ᠋ᠠᠬᠤ ᠬᠦᠷᠢᠶ᠎ᠡ ᠬᠡᠪᠴᠢᠶ᠎ᠡ᠎ᠪᠠᠨ ᠥᠷᠭᠡᠳᠬᠡᠵᠦ᠂ ᠠᠮᠢᠳᠤᠷᠠᠯ᠎ᠳᠤ᠎ᠪᠠᠨ ᠵᠥᠪ ᠥᠬᠡᠶ ᠲᠡᠨᠦᠭᠦᠴᠢᠯᠡᠨ ᠭᠤᠶ᠋ᠢᠷᠠᠨᠴᠢᠯᠠᠵᠤ ᠪᠠᠶ᠋ᠢᠭ᠎ᠠ ᠬᠥᠮᠦᠰ᠎ᠲᠤ ᠴᠠᠭ ᠲᠤᠬᠠᠶ᠎ᠳᠤᠨᠢ ᠪᠦᠲᠦᠮᠵᠢᠲᠡᠶ ᠲᠤᠰᠠᠯᠠᠮᠵᠢ ᠦᠵᠡᠬᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
ᠮᠡᠳᠡᠭᠳᠡᠯ᠎ᠳᠤ᠂ ᠵᠢᠵᠢᠭᠦᠷᠯᠡᠨ ᠰᠠᠬᠢᠬᠤ ᠠᠵᠢᠯ᠎ᠢ ᠨᠠᠷᠢᠨ ᠬᠢᠨᠠᠮᠠᠭ᠋ᠠᠶ ᠵᠢᠷᠤᠮᠵᠢᠭᠤᠯᠤᠨ ᠰᠠᠶ᠋ᠢᠲᠤᠷ ᠬᠢᠵᠦ᠂ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ 24 ᠴᠠᠭ ᠵᠶ᠋ᠠᠷ ᠲᠤᠰᠬᠠᠶ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ᠎ᠤᠨ ᠪᠠᠶ᠋ᠢᠷᠢ᠎ᠳᠤ᠎ᠪᠠᠨ ᠵᠢᠵᠢᠭᠦᠷᠯᠡᠬᠦ ᠲᠦᠷᠢᠮ᠎ᠢ ᠴᠢᠩᠭ᠎ᠠ ᠬᠡᠷᠡᠭᠵᠢᠭᠦᠯᠵᠦ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠡᠯ᠎ᠡ ᠵᠦᠢ᠍ᠯ᠎ᠤᠨ ᠠᠵᠢᠯ ᠬᠡᠪ᠎ᠤᠨ ᠡᠮᠬᠢ ᠵᠢᠷᠤᠮ ᠵᠶ᠋ᠡᠷ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠮᠡᠳᠡᠭᠳᠡᠯ᠎ᠳᠤ᠂ ᠲᠥᠪ᠎ᠤᠨ ᠨᠠᠢ᠍ᠮᠠᠨ ᠲᠣᠭᠲᠠᠭ᠋ᠠᠯ ᠪᠤᠯᠤᠨ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ 《ᠲᠦᠷᠪᠡᠨ ᠰᠤᠷᠲᠠᠯ》᠎ᠢ ᠡᠷᠡᠰ ᠵᠠᠯᠠᠷᠠᠭᠤᠯᠬᠤ ᠬᠡᠷᠡᠭᠲᠡᠢ᠃ ᠰᠢ ᠵᠢᠨ ᠫᠢᠩ ᠶᠡᠷᠦᠩᠬᠡᠶ ᠱᠦᠵᠢ ᠵᠢᠨ ᠠᠷᠪᠢᠯᠠᠨ ᠭᠠᠮᠨᠠᠬᠤ᠂ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠵᠢᠨ ᠢᠷᠠᠭᠤ ᠠᠯᠳᠠᠷᠲᠠᠢ ᠭᠦᠨ ᠵᠤᠵᠠᠭ᠋ᠠᠨ ᠠᠭᠤᠷ ᠠᠮᠢᠰᠬᠤᠯ᠎ᠢ ᠢᠳᠡᠪᠬᠢᠲᠡᠶ᠎ᠪᠠᠷ ᠪᠤᠢ ᠪᠣᠯᠭ᠋ᠠᠬᠤ ᠬᠡᠷᠡᠭᠲᠡᠶ᠃